ᠰᠢ ᠶᠢᠨ ᠫᠢᠩ᠄ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠳᠠᠪᠤᠳᠤᠭᠠᠷ ᠪᠦᠬᠦᠳᠠ | ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ ᠦᠭᠡᠷᠡᠴᠢᠯᠡᠯᠳᠠ ᠪᠠ ᠬᠦᠭᠵᠢᠯᠳᠠ ᠬᠦᠨᠵᠡᠭᠡᠢ | ᠠᠭᠤᠰᠤᠯᠴᠠᠨ ᠦᠨᠳᠦᠷ ᠪᠦᠳᠦᠮᠵᠢᠳᠠᠢ ᠬᠤᠷᠰᠢᠯᠴᠠᠬᠤ ᠶᠢ ᠠᠬᠢᠭᠤᠯᠬᠤ ᠭᠡᠷᠡᠭᠲᠡᠢ | | | ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠬᠦᠯᠡᠭᠴᠢ᠂ ᠲᠦᠪ ᠤᠨ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ | ᠬᠤᠷᠢᠶᠠᠨ ᠤ ᠡᠷᠬᠢᠯᠡᠭᠴᠢ ᠰᠢ ᠶᠢᠨ ᠫᠢᠩ 11 ᠰᠠᠷ᠎ᠠ ᠶᠢᠨ 2 ᠤᠨ ᠦᠳᠡ ᠶᠢᠨ ᠬᠤᠶᠢᠨ᠎ᠠ ᠲᠦᠪ ᠤᠨ | ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠬᠤᠷᠢᠶᠠᠨ ᠤ ᠠᠷᠪᠡᠨ ᠵᠢᠷᠭᠤᠳᠤᠭᠠᠷ ᠤᠳᠠᠭ᠎ᠠ ᠶᠢᠨ | ᠬᠤᠷᠠᠯ ᠢ ᠡᠷᠬᠢᠯᠡᠨ ᠬᠤᠷᠠᠯᠳᠤᠭᠤᠯᠬᠤ ᠶᠢᠨ ᠬᠠᠮᠳᠦ ᠴᠢᠬᠤᠯᠠ ᠶᠠᠷᠢᠶ᠎ᠠ ᠲᠠᠯᠪᠢᠪᠠ᠃ ᠲᠡᠷᠡ᠂ ︽ᠠᠷᠪᠡᠨ | ᠭᠤᠷᠪᠠᠳᠤᠭᠠᠷ ᠲᠠᠪᠤᠨ ᠵᠢᠯ︾ ᠠᠴᠠ ᠨᠠᠭᠠᠰᠢ᠂ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠠᠵᠢᠯ | ᠴᠢᠬᠤᠯᠠ ᠶᠡᠭᠡ ᠰᠢᠪᠳᠤᠯᠤᠯᠳᠠ ᠲᠠᠢ ᠪᠤᠯᠵᠠᠢ᠃ ︽ᠠᠷᠪᠡᠨ ᠲᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ | ᠮᠠᠨ ᠤ ᠤᠯᠤᠰ ᠰᠢᠨ᠎ᠠ ᠬᠦᠭᠵᠢᠯᠳᠠ ᠶᠢᠨ ᠱᠠᠳᠤᠨ ᠳᠤ ᠤᠷᠤᠵᠦ᠂ ᠦᠭᠡᠷᠡᠴᠢᠯᠡᠯᠳᠠ ᠲᠠᠬᠢᠨᠳᠠ ᠰᠢᠨ᠎ᠠ | ᠵᠠᠩᠬᠢᠯᠠᠭ᠎ᠠ ᠶᠢᠨ ᠬᠤᠭᠤᠴᠠᠭᠠᠨ ᠳᠤ ᠤᠷᠤᠬᠤ ᠪᠤᠯᠤᠨ᠎ᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ | ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠬᠤ ᠳᠤ᠂ ᠦᠭᠡᠷᠡᠴᠢᠯᠡᠯᠳᠠ ᠪᠠ | ᠬᠦᠭᠵᠢᠯᠳᠠ ᠶᠢᠨ ᠳᠤᠳᠤᠭᠠᠳᠦ ᠬᠠᠷᠢᠴᠠᠭ᠎ᠠ ᠶᠢ ᠦᠷᠬᠦᠯᠵᠢᠯᠡᠨ ᠰᠠᠶᠢᠳᠤᠷ ᠡᠵᠡᠮᠳᠡᠵᠦ᠂ ᠮᠠᠨ ᠤ ᠤᠯᠤᠰ ᠤᠨ | ᠨᠡᠶᠢᠭᠡᠮ ᠤᠨ ᠭᠤᠤᠯ ᠵᠦᠷᠢᠴᠡᠯ ᠤᠨ ᠬᠤᠪᠢᠷᠠᠯᠳᠠ ᠠᠴᠠ ᠪᠤᠯᠤᠭᠰᠠᠨ ᠰᠢᠨ᠎ᠠ ᠤᠨᠴᠠᠯᠢᠭ ᠰᠢᠨ᠎ᠠ ᠱᠠᠭᠠᠷᠳᠠᠯᠭ᠎ᠠ ᠶᠢ | ᠬᠦᠨᠵᠡᠭᠡᠢ ᠲᠠᠨᠢᠨ᠂ ᠨᠠᠷᠢᠨ ᠪᠤᠳᠤᠯᠢᠶᠠᠨᠳᠠᠢ ᠤᠯᠠᠨ ᠤᠯᠤᠰ ᠤᠨ ᠤᠷᠴᠢᠨ ᠠᠬᠤᠢ ᠠᠴᠠ ᠪᠤᠯᠤᠬᠰᠠᠨ ᠰᠢᠨ᠎ᠠ | ᠵᠦᠷᠢᠴᠡᠯ ᠰᠢᠨ᠎ᠠ ᠦᠷᠢᠰᠦᠯᠳᠦᠭᠡᠨ ᠢ ᠬᠦᠨᠵᠡᠭᠡᠢ ᠲᠠᠨᠢᠵᠦ᠂ ᠦᠭᠡᠷᠡᠴᠢᠯᠡᠯᠳᠠ ᠶᠢ ᠪᠦᠬᠦ ᠲᠠᠯ᠎ᠠ ᠪᠠᠷ | ᠬᠦᠨᠵᠡᠭᠡᠶᠢᠷᠡᠬᠦᠯᠬᠦ ᠶᠢᠨ ᠱᠠᠳᠤᠴᠢ ᠴᠢᠨᠠᠷᠳᠠᠢ ᠰᠢᠨ᠎ᠠ ᠤᠨᠴᠠᠯᠢᠭ ᠰᠢᠨ᠎ᠠ ᠡᠬᠦᠷᠭᠡ ᠶᠢ ᠬᠦᠨᠵᠡᠭᠡᠢ ᠲᠠᠨᠢᠨ᠂ ᠰᠢᠨ᠎ᠠ | ᠬᠦᠭᠵᠢᠯᠳᠠ ᠶᠢᠨ ᠤᠢᠢᠯᠠᠭᠠᠭᠳᠠᠬᠤᠨ ᠢ ᠲᠤᠭᠤᠰᠢᠯᠠᠭᠤᠯᠬᠤ᠂ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ᠂ ᠰᠢᠨ᠎ᠠ | ᠬᠦᠭᠵᠢᠯᠳᠠ ᠶᠢᠨ ᠪᠠᠶᠢᠷᠢᠰᠢᠯ ᠢ ᠪᠠᠶᠢᠭᠤᠯᠬᠤ ᠪᠠᠷ ᠴᠢᠩᠭ᠎ᠠ ᠭᠤᠤᠯᠳᠠᠭᠤᠯᠵᠦ᠂ ᠲᠤᠪᠤᠶᠢᠮ᠎ᠠ ᠠᠰᠠᠭᠤᠳᠠᠯ ᠢ ᠴᠢᠩᠭ᠎ᠠ | ᠠᠩᠬᠠᠷᠤᠨ ᠰᠢᠢᠳᠪᠤᠷᠢᠯᠡᠵᠦ᠂ ᠦᠭᠡᠷᠡᠴᠢᠯᠡᠯᠳᠠ ᠶᠢᠨ ᠪᠠᠶᠢᠯᠳᠤᠬᠤ ᠪᠤᠳᠤᠯᠭᠠᠳᠦ ᠴᠢᠨᠠᠷ᠂ ᠤᠷᠢᠳᠠᠴᠢ ᠴᠢᠨᠠᠷ᠂ | ᠴᠢᠭᠯᠡᠬᠦᠯᠦᠯᠳᠦ ᠴᠢᠨᠠᠷ ᠢ ᠳᠡᠭᠡᠭᠰᠢᠯᠡᠬᠦᠯᠦᠨ᠂ ᠦᠭᠡᠷᠡᠴᠢᠯᠡᠯᠳᠠ ᠶᠢ ᠬᠦᠭᠵᠢᠯᠳᠠ ᠶᠢᠨ ᠭᠡᠷᠡᠭᠴᠡᠭᠡ᠂ ᠦᠨᠳᠦᠰᠦᠨ | ᠱᠠᠳᠤᠨ ᠤ ᠬᠦᠰᠡᠯ᠂ ᠠᠷᠠᠳ ᠤᠨ ᠰᠡᠳᠬᠢᠯ ᠤᠨ ᠬᠠᠨᠳᠤᠰᠢ ᠲᠠᠢ ᠨᠡᠩ ᠰᠠᠶᠢᠳᠤᠷ ᠵᠤᠯᠭᠠᠭᠤᠯᠵᠦ᠂ ᠦᠭᠡᠷᠡᠴᠢᠯᠡᠯᠳᠠ | ᠪᠠ ᠬᠦᠭᠵᠢᠯᠳᠠ ᠬᠦᠨᠵᠡᠭᠡᠢ ᠠᠭᠤᠰᠤᠯᠴᠠᠨ᠂ ᠦᠨᠳᠦᠷ ᠪᠦᠳᠦᠮᠵᠢᠳᠠᠢ ᠬᠤᠷᠰᠢᠯᠴᠠᠬᠤ ᠶᠢ ᠠᠬᠢᠭᠤᠯᠬᠤ ᠭᠡᠷᠡᠭᠲᠡᠢ | ᠭᠡᠵᠦ ᠴᠢᠬᠤᠯᠠᠴᠢᠯᠠᠪᠠ᠃ | ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠬᠦᠨ᠂ ᠲᠦᠪ ᠤᠨ | ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠬᠤᠷᠢᠶᠠᠨ ᠤ ᠳᠡᠳ᠋ ᠡᠷᠬᠢᠯᠡᠭᠴᠢ ᠯᠢ ᠺᠧ ᠴᠢᠶᠠᠩ᠂ ᠸᠠᠩ | ᠬᠤ᠋ ᠨᠢᠩ᠂ ᠬᠠᠨ ᠵᠧᠩ ᠬᠤᠷᠠᠯ ᠳᠤ ᠤᠷᠤᠯᠴᠠᠵᠠᠢ᠃ | ᠬᠤᠷᠠᠯ ᠠᠴᠠ ︽ᠰᠢᠨ᠎ᠠ ᠴᠠᠭ ᠦᠶ᠎ᠠ ᠳᠤ ᠤᠯᠤᠰ ᠤᠨ ᠦᠮᠴᠢᠯᠡᠯ ᠤᠨ ᠠᠵᠤ ᠠᠬᠤᠢ ᠶᠢᠨ | ᠪᠠᠶᠢᠷᠢᠰᠢᠭᠤᠯᠤᠯᠳᠠ ᠶᠢ ᠰᠢᠯᠢᠳᠡᠭᠵᠢᠬᠦᠯᠬᠦ ᠪᠠ ᠪᠦᠳᠦᠴᠡ ᠶᠢ ᠲᠤᠬᠢᠷᠠᠭᠤᠯᠤᠯᠲᠠ ᠶᠢ ᠠᠬᠢᠭᠤᠯᠬᠤ ᠲᠤᠬᠠᠢ ᠰᠠᠨᠠᠯ︾᠂ | ︽ᠦᠨᠳᠦᠷ ᠪᠠᠷᠢᠮᠵᠢᠶᠡᠳᠦ ᠵᠠᠬ᠎ᠠ ᠳᠡᠯᠭᠡᠬᠦᠷ ᠤᠨ ᠰᠢᠰᠲ᠋ᠧᠮ ᠢ ᠪᠠᠶᠢᠭᠤᠯᠬᠤ ᠠᠵᠢᠯᠯᠠᠭᠠᠨ ᠤ ᠲᠦᠰᠦᠯ︾᠂ | ︽ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠳᠠ ᠶᠢᠨ ᠪᠠᠶᠢᠳᠠᠯ ᠳᠤ ᠬᠢᠨᠠᠯᠳᠠ ᠲᠠᠯᠪᠢᠬᠤ ᠶᠢ | ᠴᠢᠩᠭᠠᠳᠬᠠᠬᠤ ᠲᠤᠬᠠᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠲᠤᠭᠳᠠᠭᠠᠯ︾᠂ ︽ᠨᠠᠰᠤᠳᠠᠳ ᠢ ᠠᠰᠠᠷᠠᠵᠦ ᠨᠢᠯᠬᠠᠰ ᠢ ᠨᠠᠶᠢᠳᠠᠨ ᠬᠦᠮᠦᠵᠢᠬᠦᠯᠬᠦ ᠦᠢᠯᠡᠴᠢᠯᠡᠭᠡᠨ ᠤ | ᠡᠷᠡᠬᠦᠯ ᠬᠦᠭᠵᠢᠯᠳᠠ ᠶᠢ ᠠᠬᠢᠭᠤᠯᠬᠤ ᠲᠤᠬᠠᠢ ᠰᠠᠨᠠᠯ︾᠂ ︽ᠤᠢ ᠰᠢᠭᠤᠢ ᠶᠢᠨ ᠳᠠᠷᠤᠭ᠎ᠠ ᠶᠢᠨ ᠲᠦᠷᠢᠮ ᠢ ᠪᠦᠬᠦ | ᠲᠠᠯ᠎ᠠ ᠪᠠᠷ ᠳᠡᠯᠭᠡᠷᠡᠬᠦᠯᠬᠦ ᠲᠤᠬᠠᠢ ᠰᠠᠨᠠᠯ︾᠂ ︽ᠰᠤᠶᠤᠯ ᠤᠨ ᠠᠵᠤ ᠠᠬᠤᠢᠢᠯᠠᠯ ᠤᠨ ᠵᠦᠪ ᠤᠳᠤᠷᠢᠳᠤᠮᠵᠢ ᠶᠢ | ᠪᠠᠷᠢᠮᠳᠠᠯᠠᠵᠦ ᠨᠡᠶᠢᠭᠡᠮ ᠤᠨ ᠬᠠᠷᠢᠭᠤᠴᠠᠯᠭ᠎ᠠ ᠪᠠᠨ ᠬᠦᠢᠴᠡᠳᠭᠡᠬᠦ ᠲᠤᠬᠠᠢ ᠵᠢᠯᠤᠭᠤᠳᠬᠤ ᠰᠠᠨᠠᠯ︾᠂ ︽ᠰᠲ᠋ᠤᠺ ᠤᠨ | ᠵᠠᠬ᠎ᠠ ᠳᠡᠯᠭᠡᠬᠦᠷ ᠲᠤ ᠭᠠᠷᠤᠭᠰᠠᠨ ᠺᠤᠮᠫᠠᠨᠢ ᠶᠢᠨ ᠵᠠᠬ᠎ᠠ ᠳᠡᠯᠭᠡᠬᠦᠷ ᠠᠴᠠ ᠭᠠᠷᠬᠤ ᠲᠤᠭᠳᠠᠴᠠ ᠶᠢ ᠪᠦᠷᠢᠨᠰᠢᠬᠦᠯᠬᠦ ᠶᠢ | ᠭᠡᠷᠡᠭᠵᠢᠬᠦᠯᠬᠦ ᠲᠦᠰᠦᠯ︾᠂ ︽ᠦᠨᠡᠳᠦ ᠳᠡᠮᠳᠡᠭᠳᠦ ᠶᠢᠨ ᠬᠠᠤᠯᠢ ᠶᠢ ᠵᠦᠷᠢᠴᠡᠭᠰᠡᠨ ᠠᠵᠢᠯᠯᠠᠭ᠎ᠠ ᠳᠤ ᠬᠠᠤᠯᠢ | ᠶᠤᠰᠤᠭᠠᠷ ᠴᠢᠩᠭ᠎ᠠ ᠴᠤᠬᠢᠯᠳᠠ ᠦᠭᠬᠦ ᠲᠤᠬᠠᠢ ᠰᠠᠨᠠᠯ ᠤᠳ︾ ᠢ ᠬᠢᠨᠡᠨ ᠵᠦᠪᠯᠡᠵᠦ ᠪᠠᠳᠤᠯᠠᠪᠠ᠃ ᠬᠤᠷᠠᠯ ᠠᠴᠠ | ᠪᠠᠰᠠ ᠨᠠᠮ ᠤᠨ ᠠᠷᠪᠡᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠠ ᠠᠴᠠ | ᠨᠠᠭᠠᠰᠢᠬᠢ ᠰᠤᠷᠭᠠᠨ ᠬᠦᠮᠦᠵᠢᠯ ᠤᠨ ᠬᠦᠷᠢᠶᠡᠨ ᠤ ᠶᠡᠷᠦᠩᠭᠡᠶᠢᠯᠡᠭᠰᠡᠨ ᠦᠭᠡᠷᠡᠴᠢᠯᠡᠯᠳᠠ ᠶᠢᠨ ᠠᠬᠢᠴᠠ ᠶᠢᠨ | ᠪᠠᠶᠢᠳᠠᠯ ᠤᠨ ᠮᠡᠳᠡᠬᠦᠯᠦᠯᠳᠠ ᠶᠢ ᠰᠤᠨᠤᠰᠴᠠᠢ᠃ | ᠬᠤᠷᠠᠯ ᠠᠴᠠ᠂ ᠤᠯᠤᠰ ᠤᠨ ᠦᠮᠴᠢᠯᠡᠯ ᠤᠨ ᠠᠵᠤ ᠠᠬᠤᠢ ᠶᠢᠨ ᠪᠠᠶᠢᠷᠢᠰᠢᠭᠤᠯᠤᠯᠳᠠ ᠶᠢ ᠰᠢᠯᠢᠳᠡᠭᠵᠢᠬᠦᠯᠬᠦ | ᠪᠠ ᠪᠦᠳᠦᠴᠡ ᠶᠢ ᠲᠤᠬᠢᠷᠠᠭᠤᠯᠬᠤ ᠶᠢ ᠠᠬᠢᠭᠤᠯᠬᠤ ᠨᠢ ᠤᠯᠤᠰ ᠤᠨ ᠪᠠᠶᠢᠯᠳᠤᠬᠤ ᠪᠤᠳᠤᠯᠭ᠎ᠠ ᠶᠢᠨ ᠬᠠᠷᠠᠯᠳᠠ ᠳᠤ ᠨᠡᠩ | ᠰᠠᠶᠢᠳᠤᠷ ᠦᠢᠯᠡᠴᠢᠯᠡᠬᠦ᠂ ᠴᠢᠨᠠᠷ ᠰᠠᠶᠢᠳᠠᠢ ᠬᠦᠭᠵᠢᠯᠳᠠ ᠳᠤ ᠨᠡᠩ ᠰᠠᠶᠢᠳᠤᠷ ᠵᠤᠬᠢᠴᠠᠬᠤ᠂ ᠰᠢᠨ᠎ᠠ ᠬᠦᠭᠵᠢᠯᠳᠠ ᠶᠢᠨ | ᠪᠠᠶᠢᠷᠢᠰᠢᠯ ᠢ ᠪᠠᠶᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃ ᠠᠰᠠᠭᠤᠳᠠᠯ ᠢᠶᠠᠷ ᠤᠳᠤᠷᠢᠳᠤᠮᠵᠢ | ᠪᠤᠯᠭᠠᠬᠤ ᠶᠢ ᠪᠠᠷᠢᠮᠳᠠᠯᠠᠵᠦ᠂ ᠤᠳᠤᠬᠠᠨ ᠤ ᠤᠯᠤᠰ ᠤᠨ ᠦᠮᠴᠢᠯᠡᠯ ᠤᠨ ᠠᠵᠤ ᠠᠬᠤᠢ ᠶᠢᠨ ᠪᠠᠶᠢᠷᠢᠰᠢᠭᠤᠯᠤᠯᠳᠠ | ᠪᠦᠳᠦᠴᠡ ᠳᠤ ᠤᠷᠤᠰᠢᠵᠦ ᠪᠠᠶᠢᠭ᠎ᠠ ᠠᠰᠠᠭᠤᠳᠠᠯ ᠳᠤ ᠴᠢᠭᠯᠡᠬᠦᠯᠦᠨ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ | ᠴᠢᠨᠠᠷᠳᠠᠢ ᠦᠭᠡᠷᠡᠴᠢᠯᠡᠯᠳᠠ ᠶᠢ ᠬᠦᠨᠵᠡᠭᠡᠶᠢᠷᠡᠬᠦᠯᠬᠦ ᠪᠠᠷ ᠭᠤᠤᠯ ᠰᠢᠵᠢᠮ ᠪᠤᠯᠭᠠᠵᠦ᠂ ᠬᠢᠬᠦ ᠵᠤᠬᠢᠰᠳᠠᠢ ᠶᠢ ᠨᠢ ᠬᠢᠵᠦ | ᠬᠢᠬᠦ ᠵᠤᠬᠢᠰ ᠦᠭᠡᠢ ᠶᠢ ᠨᠢ ᠦᠯᠦ ᠬᠢᠬᠦ ᠶᠢ ᠪᠠᠷᠢᠮᠳᠠᠯᠠᠨ᠂ ᠪᠠᠶᠢᠯᠳᠤᠬᠤ ᠪᠤᠳᠤᠯᠭ᠎ᠠ ᠶᠢᠨ ᠠᠮᠤᠷ ᠲᠦᠪᠰᠢᠨ᠂ ᠠᠵᠤ | ᠦᠢᠯᠡᠰ ᠢᠶᠠᠷ ᠬᠦᠳᠦᠯᠦᠨ ᠳᠠᠭᠠᠭᠤᠯᠬᠤ᠂ ᠤᠯᠤᠰ ᠤᠨ ᠪᠤᠳᠤᠯᠭ᠎ᠠ ᠠᠷᠠᠳ ᠤᠨ ᠠᠮᠢᠳᠤᠷᠠᠯ᠂ ᠤᠯᠠᠨ ᠨᠡᠶᠢᠳᠡ ᠶᠢᠨ | ᠦᠢᠯᠡᠴᠢᠯᠡᠭᠡ ᠵᠡᠷᠭᠡ ᠴᠢᠳᠠᠮᠵᠢ ᠳᠤ ᠠᠩᠬᠠᠷᠤᠯ ᠢᠶᠠᠨ ᠲᠦᠪᠯᠡᠷᠡᠬᠦᠯᠦᠨ᠂ ᠬᠠᠳᠠᠭᠠᠯᠠᠯᠳᠠ ᠶᠢᠨ ᠪᠦᠳᠦᠴᠡ ᠶᠢ | ᠲᠤᠬᠢᠷᠠᠭᠤᠯᠤᠨ᠂ ᠨᠡᠮᠡᠭᠳᠡᠯ ᠤᠨ ᠭᠡᠮᠵᠢᠶᠠᠨ ᠤ ᠤᠷᠤᠭᠤᠯᠤᠯᠳᠠ ᠶᠢᠨ ᠴᠢᠭᠯᠡᠯ ᠢ ᠰᠢᠯᠢᠳᠡᠭᠵᠢᠬᠦᠯᠵᠦ᠂ ᠤᠯᠤᠰ ᠤᠨ | ᠦᠮᠴᠢᠯᠡᠯ ᠤᠨ ᠠᠵᠤ ᠠᠬᠤᠢᠢᠯᠠᠯ ᠢ ᠨᠠᠩ ᠰᠠᠶᠢᠳᠤᠷ ᠬᠦᠴᠦᠷᠭᠡᠭᠵᠢᠬᠦᠯᠦᠨ ᠰᠢᠯᠢᠳᠡᠭᠵᠢᠬᠦᠯᠵᠦ ᠪᠤᠵᠠᠭᠠᠢᠢᠷᠠᠭᠤᠯᠤᠨ᠂ | ᠤᠯᠤᠰ ᠤᠨ ᠦᠮᠴᠢᠯᠡᠯ ᠤᠨ ᠡᠳ᠋ ᠬᠦᠷᠦᠩᠭᠡ ᠬᠤᠬᠢᠷᠠᠵᠦ ᠰᠦᠢᠳᠬᠦ ᠶᠢ ᠡᠷᠡᠰ ᠬᠤᠷᠢᠬᠯᠠᠵᠦ᠂ ᠤᠯᠤᠰ ᠤᠨ | ᠦᠮᠴᠢᠯᠡᠯ ᠤᠨ ᠠᠵᠤ ᠠᠬᠤᠢ ᠶᠢᠨ ᠦᠷᠢᠰᠦᠯᠳᠦᠬᠦ ᠬᠦᠴᠦ᠂ ᠰᠢᠨ᠎ᠠ ᠶᠢ ᠡᠬᠦᠳᠬᠦ ᠬᠦᠴᠦ᠂ ᠡᠵᠡᠮᠳᠡᠬᠦ ᠬᠦᠴᠦ᠂ | ᠨᠦᠯᠦᠭᠡᠯᠡᠬᠦ ᠬᠦᠴᠦ᠂ ᠠᠶᠦᠯ ᠲᠦᠭᠰᠢᠬᠦᠷᠢ ᠶᠢ ᠳᠠᠭᠠᠭᠠᠬᠤ ᠬᠦᠴᠦ ᠶᠢ ᠳᠠᠰᠤᠷᠠᠯᠳᠠ ᠦᠭᠡᠢ ᠴᠢᠩᠭᠠᠳᠬᠠᠬᠤ | ᠭᠡᠷᠡᠭᠲᠡᠢ ᠭᠡᠵᠦ ᠵᠢᠭᠠᠵᠦ ᠭᠠᠷᠭᠠᠪᠠ᠃ | ᠬᠤᠷᠠᠯ ᠠᠴᠠ᠂ ᠦᠨᠳᠦᠷ ᠪᠠᠷᠢᠮᠵᠢᠶᠠᠳᠦ ᠵᠠᠬ᠎ᠠ ᠳᠡᠯᠭᠡᠬᠦᠷ ᠤᠨ ᠰᠢᠰᠲ᠋ᠧᠮ ᠢ ᠪᠠᠶᠢᠭᠤᠯᠬᠤ ᠳᠤ᠂ ᠰᠢᠨ᠎ᠠ | ᠬᠦᠭᠵᠢᠯᠳᠠ ᠶᠢᠨ ᠤᠢᠢᠯᠠᠭᠠᠭᠳᠠᠬᠤᠨ ᠢ ᠲᠤᠭᠤᠰᠢᠯᠠᠭᠤᠯᠵᠦ᠂ ᠨᠡᠶᠢᠭᠡᠮ ᠵᠢᠷᠤᠮ ᠤᠨ ᠵᠠᠬ᠎ᠠ ᠳᠡᠯᠭᠡᠬᠦᠷ ᠤᠨ ᠠᠵᠤ | ᠠᠬᠤᠢ ᠶᠢᠨ ᠦᠭᠡᠷᠡᠴᠢᠯᠡᠯᠳᠠ ᠶᠢᠨ ᠴᠢᠭᠯᠡᠯ ᠢ ᠪᠠᠷᠢᠮᠳᠠᠯᠠᠨ᠂ ᠰᠢᠨ᠎ᠠ ᠬᠦᠭᠵᠢᠯᠳᠠ ᠶᠢᠨ ᠪᠠᠶᠢᠷᠢᠰᠢᠯ ᠢ ᠪᠠᠶᠢᠭᠤᠯᠬᠤ ᠪᠠᠷ | ᠴᠢᠩᠭ᠎ᠠ ᠭᠤᠤᠯᠳᠠᠭᠤᠯᠵᠦ᠂ ᠳᠤᠳᠤᠭᠠᠳᠦ ᠭᠡᠷᠡᠭᠴᠡᠭᠡ ᠶᠢ ᠦᠷᠭᠡᠳᠭᠡᠬᠦ ᠡᠨᠡ ᠬᠦ ᠪᠠᠶᠢᠯᠳᠤᠬᠤ ᠪᠤᠳᠤᠯᠭ᠎ᠠ ᠶᠢᠨ | ᠲᠤᠯᠭᠠᠭᠤᠷᠢᠯᠠᠯ ᠢ ᠴᠢᠩᠭ᠎ᠠ ᠡᠵᠡᠮᠳᠡᠨ᠂ ᠵᠠᠬ᠎ᠠ ᠳᠡᠯᠭᠡᠬᠦᠷ ᠤᠨ ᠰᠢᠰᠲ᠋ᠧᠮ ᠤᠨ ᠰᠠᠭᠤᠷᠢ ᠴᠢᠨᠠᠷᠳᠠᠢ ᠲᠦᠷᠢᠮ ᠢ | ᠪᠠᠬᠢᠵᠢᠬᠦᠯᠬᠦ᠂ ᠡᠯᠧᠮᠧᠨ᠋ᠲ ᠤᠨ ᠡᠬᠢ ᠪᠠᠶᠠᠯᠢᠭ ᠤᠨ ᠦᠨᠳᠦᠷ ᠪᠦᠳᠦᠮᠵᠢᠳᠠᠢ ᠲᠤᠬᠢᠷᠠᠭᠤᠯᠤᠯᠳᠠ ᠶᠢ ᠠᠬᠢᠭᠤᠯᠬᠤ᠂ | ᠵᠠᠬ᠎ᠠ ᠳᠡᠯᠭᠡᠬᠦᠷ ᠤᠨ ᠤᠷᠴᠢᠨ ᠨᠦᠬᠦᠴᠡᠯ ᠪᠠ ᠶᠠᠰᠤ ᠴᠢᠨᠠᠷ ᠢ ᠰᠠᠶᠢᠵᠢᠷᠠᠭᠤᠯᠤᠨ ᠳᠡᠭᠡᠭᠰᠢᠯᠡᠬᠦᠯᠬᠦ᠂ ᠦᠨᠳᠦᠷ | ᠲᠦᠪᠰᠢᠨ ᠲᠠᠢ ᠵᠠᠬ᠎ᠠ ᠳᠡᠯᠭᠡᠬᠦᠷ ᠤᠨ ᠨᠡᠭᠡᠭᠡᠯᠳᠠ ᠶᠢ ᠭᠡᠷᠡᠭᠵᠢᠬᠦᠯᠬᠦ᠂ ᠤᠳᠤᠬᠢᠴᠢᠯᠠᠬᠰᠠᠨ ᠵᠠᠬ᠎ᠠ ᠳᠡᠯᠭᠡᠬᠦᠷ ᠤᠨ | ᠬᠢᠨᠠᠯᠳᠠ ᠬᠠᠮᠢᠶᠠᠷᠤᠯᠳᠠ ᠶᠢᠨ ᠲᠤᠭᠳᠠᠴᠠ ᠶᠢ ᠳᠡᠬᠦᠯᠳᠡᠷᠵᠢᠬᠦᠯᠬᠦ ᠵᠡᠷᠭᠡ ᠭᠤᠤᠯᠳᠠᠯᠭ᠎ᠠ ᠲᠠᠢ ᠡᠬᠦᠷᠭᠡ ᠶᠢᠨ | ᠲᠤᠭᠤᠷᠢᠨ ᠳᠤ᠂ ᠵᠠᠬ᠎ᠠ ᠳᠡᠯᠭᠡᠬᠦᠷ ᠤᠨ ᠤᠷᠴᠢᠯ ᠢ ᠰᠢᠯᠤᠭᠤᠳᠬᠠᠨ᠂ ᠲᠦᠭᠵᠢᠷᠡᠯ ᠢ ᠨᠡᠪᠳᠡᠷᠡᠬᠦᠯᠵᠦ᠂ ᠵᠠᠬ᠎ᠠ | ᠳᠡᠯᠭᠡᠬᠦᠷ ᠲᠤ ᠤᠷᠤᠬᠤ ᠶᠢ ᠰᠢᠯᠤᠭᠤᠳᠬᠠᠬᠤ᠂ ᠡᠮᠬᠢ ᠲᠢᠭᠯᠢᠮ ᠲᠠᠢ ᠨᠡᠭᠡᠭᠡᠯᠳᠠ ᠬᠢᠬᠦ᠂ ᠬᠦᠢᠴᠡᠳ ᠦᠷᠢᠰᠦᠯᠳᠦᠬᠦ᠂ | ᠡᠮᠬᠢ ᠲᠢᠭᠯᠢᠮ ᠵᠢᠷᠤᠮᠵᠢᠯ ᠲᠠᠢ ᠪᠠᠶᠢᠬᠤ ᠶᠢ ᠬᠦᠴᠦᠯᠡᠨ ᠪᠡᠶᠡᠯᠡᠬᠦᠯᠵᠦ᠂ ᠰᠢᠨ᠎ᠠ ᠬᠦᠭᠵᠢᠯᠳᠠ ᠶᠢᠨ ᠪᠠᠶᠢᠷᠢᠰᠢᠯ ᠢ | ᠪᠠᠶᠢᠭᠤᠯᠬᠤ ᠳᠤ ᠬᠦᠴᠦᠳᠠᠢ ᠲᠦᠷᠢᠮ ᠤᠨ ᠲᠤᠯᠭᠠᠭᠤᠷᠢᠯᠠᠯ ᠬᠠᠩᠭᠠᠬᠤ ᠭᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠤᠯᠤᠰ ᠤᠨ ᠦᠮᠴᠢᠯᠡᠯ ᠤᠨ ᠡᠳ᠋ ᠬᠦᠷᠤᠩᠭᠡ ᠪᠤᠯ ᠪᠦᠬᠦ ᠠᠷᠠᠳ ᠲᠦᠮᠡᠨ ᠤ ᠬᠠᠮᠳᠤ ᠶᠢᠨ | ᠡᠷᠬᠢᠮ ᠨᠠᠨᠳᠢᠨ ᠦᠪ ᠬᠦᠷᠤᠩᠭᠡ ᠮᠦᠨ᠂ ᠨᠠᠮ ᠪᠤᠯᠤᠨ ᠤᠯᠤᠰ ᠤᠨ ᠠᠵᠢᠯ ᠦᠢᠯᠡᠰ ᠤᠨ ᠬᠦᠭᠵᠢᠯᠳᠠ ᠶᠢ | ᠪᠠᠳᠤᠯᠠᠬᠤ᠂ ᠠᠷᠠᠳ ᠲᠦᠮᠡᠨ ᠤ ᠠᠰᠢᠭ ᠲᠤᠰᠠ ᠶᠢ ᠪᠠᠳᠤᠯᠠᠬᠤ ᠴᠢᠬᠤᠯᠠ ᠪᠤᠳᠠᠰ ᠤᠨ ᠰᠠᠭᠤᠷᠢ ᠪᠤᠯᠬᠤ ᠲᠤᠯᠠ | ᠡᠷᠬᠡᠪᠰᠢ ᠰᠠᠢᠳᠤᠷ ᠬᠠᠮᠢᠶᠡᠷᠤᠨ ᠰᠠᠶᠢᠳᠤᠷ ᠭᠡᠷᠡᠭᠯᠡᠬᠦ ᠭᠡᠷᠡᠭᠳᠠᠢ᠃ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠠᠴᠠ ᠤᠯᠤᠰ ᠤᠨ ᠦᠮᠴᠢᠯᠡᠯ ᠤᠨ ᠡᠳ᠋ ᠬᠦᠷᠤᠩᠭᠡ ᠳᠤ ᠬᠢᠨᠡᠯᠳᠠ ᠲᠠᠯᠪᠢᠬᠤ ᠶᠢ ᠴᠢᠩᠭᠠᠳᠬᠠᠵᠤ᠂ | ᠤᠯᠤᠰ ᠤᠨ ᠦᠮᠴᠢᠯᠡᠯ ᠤᠨ ᠡᠳ᠋ ᠬᠦᠷᠤᠩᠭᠡ ᠶᠢᠨ ᠬᠠᠮᠢᠶᠡᠷᠤᠯᠳᠠ ᠶᠢᠨ ᠲᠤᠬᠠᠢ ᠨᠠᠮ ᠤᠨ ᠲᠦᠪ ᠬᠤᠷᠢᠶᠠᠨ ᠤ | ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢᠨ ᠲᠤᠭᠤᠷᠢᠨ ᠳᠤ᠂ ᠵᠠᠰᠠᠭ ᠤᠨ ᠤᠷᠳᠤᠨ ᠤ ᠤᠯᠤᠰ ᠤᠨ | ᠦᠮᠴᠢᠯᠡᠯ ᠤᠨ ᠡᠳ᠋ ᠬᠦᠷᠤᠩᠭᠡ ᠶᠢ ᠬᠠᠮᠢᠶᠠᠷᠴᠤ ᠪᠠᠶᠢᠭ᠎ᠠ ᠪᠠᠶᠢᠳᠠᠯ ᠳᠤ ᠠᠩᠬᠠᠷᠤᠯ ᠢᠶᠠᠨ ᠲᠦᠪᠯᠡᠷᠡᠬᠦᠯᠤᠨ ᠬᠢᠨᠠᠯᠳᠠ | ᠲᠠᠯᠪᠢᠵᠤ᠂ ᠬᠠᠤᠯᠢ ᠶᠤᠰᠤᠭᠠᠷ ᠬᠢᠨᠡᠯᠳᠠ ᠲᠠᠯᠪᠢᠬᠤ᠂ ᠤᠨᠤᠪᠴᠢᠳᠠᠢ ᠬᠢᠨᠠᠯᠳᠠ ᠲᠠᠯᠪᠢᠬᠤ ᠶᠢ ᠪᠠᠷᠢᠮᠳᠠᠯᠠᠨ᠂ ᠪᠦᠬᠦ | ᠰᠢᠰᠲ᠋ᠧᠮ ᠤᠨ᠂ ᠪᠦᠬᠦᠨ ᠢ ᠬᠠᠮᠤᠷᠤᠭᠤᠯᠬᠤ ᠶᠢ ᠪᠠᠷᠢᠮᠳᠠᠯᠠᠵᠤ᠂ ᠤᠯᠤᠰ ᠤᠨ ᠦᠮᠴᠢᠯᠡᠯ ᠤᠨ ᠡᠳ᠋ ᠬᠦᠷᠤᠩᠭᠡ ᠶᠢᠨ | ᠬᠠᠮᠢᠶᠠᠷᠤᠯᠳᠠ ᠶᠢᠨ ᠪᠠᠶᠢᠳᠠᠯ ᠢ ᠬᠠᠷᠢᠭᠤ ᠮᠡᠳᠡᠬᠦᠯᠬᠦ ᠠᠵᠢᠯ ᠤᠨ ᠲᠤᠬᠳᠠᠴᠠ ᠶᠢ ᠪᠦᠷᠢᠨᠰᠢᠬᠦᠯᠤᠨ᠂ ᠬᠢᠨᠡᠯᠳᠠ | ᠲᠠᠯᠪᠢᠬᠤ ᠲᠤᠬᠳᠠᠴᠠ ᠶᠢ ᠲᠡᠬᠦᠯᠳᠡᠷᠵᠢᠬᠦᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠲᠤᠯᠭᠠᠬᠤ ᠶᠢ | ᠴᠢᠩᠭᠠᠳᠬᠠᠨ᠂ ᠤᠯᠤᠰ ᠤᠨ ᠦᠮᠴᠢᠯᠡᠯ ᠤᠨ ᠡᠳ᠋ ᠬᠦᠷᠤᠩᠭᠡ ᠶᠢᠨ ᠬᠢᠨᠡᠯᠳᠠ ᠲᠠᠯᠪᠢᠬᠤ ᠲᠤᠰᠢᠶᠠᠯ | ᠬᠠᠷᠢᠭᠤᠴᠠᠯᠭ᠎ᠠ ᠪᠠᠨ ᠬᠠᠤᠯᠢ ᠶᠤᠰᠤᠭᠠᠷ ᠬᠦᠢᠴᠡᠳᠭᠡᠬᠦ ᠭᠡᠷᠡᠭᠳᠠᠢ ᠭᠡᠵᠤ ᠵᠢᠭᠠᠵᠤ ᠭᠠᠷᠭᠠᠪᠠ᠃ | ᠬᠤᠷᠠᠯ ᠠᠴᠠ᠂ ᠨᠠᠰᠤᠳᠠᠳ ᠢ ᠠᠰᠠᠷᠠᠵᠤ ᠨᠢᠯᠬᠠᠰ ᠢ ᠨᠡᠶᠢᠳᠠᠨ ᠬᠦᠮᠦᠵᠢᠬᠦᠯᠬᠦ ᠦᠢᠯᠡᠴᠢᠯᠡᠭᠡ ᠶᠢᠨ ᠡᠷᠡᠬᠦᠯ | ᠬᠦᠭᠵᠢᠯᠳᠠ ᠶᠢ ᠠᠬᠢᠭᠤᠯᠵᠤ᠂ ︽ᠨᠠᠰᠤᠳᠠᠨ ᠪᠠ ᠨᠢᠯᠬ᠎ᠠ︾ ᠶᠢᠨ ᠠᠰᠠᠭᠤᠳᠠᠯ ᠢ ᠰᠠᠶᠢᠳᠤᠷ ᠰᠢᠢᠳᠪᠤᠷᠢᠯᠡᠬᠦ ᠨᠢ | ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ᠂ ᠬᠦᠮᠦᠨ ᠠᠮᠠ ᠶᠢᠨ ᠤᠷᠳᠤ ᠬᠤᠭᠤᠴᠠᠭᠠᠨ ᠤ | ᠲᠠᠩᠴᠡᠬᠦᠷᠢᠳᠠᠢ ᠬᠦᠭᠵᠢᠯᠳᠠ ᠶᠢ ᠠᠬᠢᠭᠤᠯᠬᠤ ᠳᠤ ᠴᠢᠬᠤᠯᠠ ᠠᠴᠢ ᠬᠤᠯᠪᠤᠬᠳᠠᠯ ᠲᠠᠢ ᠶᠤᠮ᠃ ᠠᠷᠠᠳ ᠲᠦᠮᠡᠨ ᠢᠶᠠᠷ | ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠲᠤᠮᠳᠠᠳᠤ ᠶᠢᠨ ᠦᠨᠳᠤᠰᠤᠳᠡᠨ ᠤ | ᠨᠠᠰᠤᠳᠠᠨ ᠢᠶᠠᠨ ᠬᠦᠨᠳᠤᠯᠡᠵᠤ ᠨᠢᠯᠬᠠᠰ ᠢᠶᠠᠨ ᠬᠠᠶᠢᠷᠠᠯᠠᠬᠤ ᠤᠯᠠᠮᠵᠢᠯᠠᠯᠳᠤ ᠰᠠᠶᠢᠬᠠᠨ ᠰᠤᠷᠳᠠᠯ ᠢ ᠪᠠᠳᠠᠷᠠᠭᠤᠯᠵᠤ᠂ | ᠤᠳᠤᠬᠠᠨ ᠳᠤ ᠰᠠᠭᠤᠷᠢᠯᠠᠨ᠂ ᠠᠯᠤᠰ ᠢ ᠪᠠᠷᠠᠯᠠᠵᠤ᠂ ᠬᠦᠮᠦᠨ ᠠᠮᠠ ᠶᠢᠨ ᠲᠠᠷᠬᠠᠯᠳᠠ ᠪᠠ ᠪᠦᠳᠦᠴᠠ ᠶᠢᠨ | ᠬᠤᠪᠢᠷᠠᠯᠳᠠ ᠶᠢ ᠦᠨᠳᠤᠰᠤᠯᠡᠨ᠂ ᠭᠡᠷ ᠪᠦᠯᠢ ᠶᠢᠨ ᠨᠠᠰᠤᠳᠠᠳ ᠢ ᠠᠰᠠᠷᠠᠵᠤ ᠨᠢᠯᠬᠠᠰ ᠢ ᠨᠡᠶᠢᠳᠡᠨ ᠬᠦᠮᠦᠵᠢᠬᠦᠯᠬᠦ | ᠦᠨᠳᠤᠰᠤᠨ ᠪᠠᠶᠢᠷᠢ ᠰᠠᠭᠤᠷᠢ ᠶᠢ ᠪᠠᠬᠢᠵᠢᠬᠦᠯᠵᠤ᠂ ᠵᠠᠰᠠᠭ ᠤᠨ ᠤᠷᠳᠤᠨ ᠤ ᠦᠨᠳᠤᠰᠤᠨ ᠵᠦᠢᠯ ᠢ ᠪᠠᠳᠤᠯᠠᠵᠤ | ᠬᠤᠷᠢᠭ᠎ᠠ ᠱᠤᠭᠤᠮ ᠢ ᠪᠠᠳᠤᠯᠠᠬᠤ ᠡᠬᠦᠷᠭᠡ ᠴᠢᠳᠠᠪᠬᠢ ᠶᠢ ᠴᠢᠩᠭᠠᠳᠬᠠᠨ᠂ ᠦᠳᠡᠯᠪᠡᠯ ᠬᠦᠷᠳᠡᠬᠦ ᠠᠰᠠᠷᠠᠮᠵᠢ ᠲᠠᠢ | ᠪᠠᠯᠴᠢᠷ ᠲᠤᠨᠢ ᠪᠤᠶᠢᠵᠢᠭᠤᠯᠬᠤ ᠭᠠᠵᠠᠷ ᠲᠠᠢ ᠪᠠᠶᠢᠬᠤ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠪᠦᠷᠢᠨᠰᠢᠬᠦᠯᠵᠤ᠂ | ᠤᠯᠠᠨ ᠡᠰᠢᠵᠢᠭᠰᠡᠨ ᠭᠤᠤᠯ ᠴᠤᠬᠴᠠ ᠶᠢᠨ ᠤᠯᠠᠨ ᠵᠦᠢᠯ ᠤᠨ ᠬᠡᠯᠪᠡᠷᠢ ᠶᠢᠨ ᠦᠢᠯᠡᠴᠢᠯᠡᠭᠡᠨ ᠤ ᠬᠠᠨᠭ᠍ᠭᠠᠯᠭ᠎ᠠ ᠶᠢ | ᠦᠷᠭᠡᠳᠭᠡᠨ᠂ ᠦᠢᠯᠡᠴᠢᠯᠡᠭᠡᠨ ᠤ ᠴᠢᠳᠠᠪᠤᠷᠢ ᠶᠢ ᠲᠡᠭᠡᠭᠰᠢᠯᠡᠬᠦᠯᠬᠦ ᠪᠠ ᠬᠤᠳᠠ ᠬᠦᠳᠡᠭᠡ ᠶᠢᠨ ᠤᠷᠤᠨ ᠪᠦᠰᠡ ᠶᠢᠨ | ᠲᠠᠩᠴᠡᠬᠦᠷᠢᠳᠠᠢ ᠬᠦᠭᠵᠢᠯᠳᠠ ᠲᠠᠰᠤᠷᠠᠯᠳᠠ ᠦᠭᠡᠢ ᠰᠢᠨ᠎ᠡ ᠠᠬᠢᠴᠠ ᠲᠠᠢ ᠪᠤᠯᠬᠤ ᠶᠢ ᠠᠬᠢᠭᠤᠯᠬᠤ ᠭᠡᠷᠡᠭᠳᠠᠢ ᠭᠡᠵᠤ | ᠴᠢᠬᠤᠯᠠᠴᠢᠯᠠᠪᠠ᠃ | ᠬᠤᠷᠠᠯ ᠠᠴᠠ᠂ ᠤᠢ ᠰᠢᠭᠤᠢ ᠪᠠ ᠨᠤᠳᠤᠭ ᠪᠠᠯᠴᠢᠭᠡᠷ ᠪᠤᠯ ᠴᠢᠬᠤᠯᠠ ᠪᠠᠶᠢᠭᠠᠯᠢ ᠶᠢᠨ ᠠᠮᠢ ᠠᠬᠤᠢ ᠶᠢᠨ | ᠰᠢᠰᠲ᠋ᠧᠮ ᠮᠦᠨ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠵᠤ᠂ ᠠᠮᠢ ᠠᠬᠤᠢ ᠶᠢᠨ | ᠪᠤᠯᠪᠠᠰᠤᠨ ᠤ ᠪᠠᠶᠢᠭᠤᠯᠤᠯᠳᠠ ᠶᠢ ᠠᠬᠢᠭᠤᠯᠬᠤ ᠳᠤ ᠰᠠᠭᠤᠷᠢ ᠴᠢᠨᠠᠷᠳᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ | ᠦᠢᠯᠡᠳᠤᠯ ᠦᠵᠡᠬᠦᠯᠵᠦ ᠪᠠᠶᠢᠭ᠎ᠠ ᠶᠤᠮ᠃ ᠤᠢ ᠰᠢᠭᠤᠢ ᠶᠢᠨ ᠲᠠᠷᠤᠭ᠎ᠠ ᠶᠢᠨ ᠲᠦᠷᠢᠮ ᠢ ᠪᠦᠬᠦ ᠲᠠᠯ᠎ᠡ ᠪᠠᠷ | ᠳᠡᠯᠭᠡᠷᠡᠬᠦᠯᠬᠦ ᠳᠤ᠂ ᠠᠭᠤᠯᠠ ᠤᠰᠤ ᠤᠢ ᠮᠤᠳᠤ ᠭᠠᠵᠠᠷ ᠲᠠᠷᠢᠶ᠎ᠡ ᠨᠠᠭᠤᠷ ᠪᠦᠷᠢᠳᠦ ᠨᠤᠳᠤᠭ ᠪᠡᠯᠴᠢᠭᠡᠷ ᠢ | ᠰᠢᠰᠲ᠋ᠧᠮ ᠲᠠᠢ ᠵᠠᠰᠠᠬᠤ ᠱᠠᠭᠠᠷᠳᠠᠯᠭ᠎ᠠ ᠶᠤᠰᠤᠭᠠᠷ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ | ᠬᠠᠮᠠᠭᠠᠯᠠᠬᠤ ᠪᠠᠷ ᠭᠤᠤᠯ ᠪᠤᠯᠭᠠᠬᠤ ᠶᠢ ᠪᠠᠷᠢᠮᠳᠠᠯᠠᠨ᠂ ᠪᠤᠬᠢᠷᠳᠤᠯ ᠦᠭᠡᠢ ᠪᠠᠷ ᠬᠦᠭᠵᠢᠭᠦᠯᠬᠦ᠂ ᠠᠮᠢ ᠠᠬᠤᠢ ᠪᠠᠷ | ᠠᠷᠠᠳ ᠲᠦᠮᠡᠨ ᠳᠤ ᠠᠰᠢᠭ ᠬᠦᠷᠳᠡᠭᠡᠬᠦ ᠶᠢ ᠪᠠᠷᠢᠮᠳᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠭᠠᠵᠠᠷ | ᠤᠷᠤᠨ ᠤ ᠪᠠᠶᠢᠳᠠᠯ ᠳᠤᠨᠢ ᠲᠤᠬᠢᠷᠠᠭᠤᠯᠬᠤ ᠶᠢ ᠪᠠᠷᠢᠮᠳᠠᠯᠠᠵᠤ᠂ ᠨᠠᠮ ᠵᠠᠰᠠᠭ ᠤᠨ ᠤᠳᠤᠷᠢᠳᠤᠯᠭ᠎ᠠ ᠶᠢᠨ | ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠤ᠂ ᠡᠯ᠎ᠡ ᠱᠠᠳᠤᠨ ᠤ ᠤᠢ ᠰᠢᠭᠤᠢ ᠶᠢᠨ | ᠲᠠᠷᠤᠭ᠎ᠠ ᠶᠢᠨ ᠤᠢ ᠰᠢᠭᠤᠢ ᠨᠤᠳᠤᠭ ᠪᠡᠯᠴᠢᠭᠡᠷ ᠢ ᠬᠠᠮᠠᠭᠠᠯᠠᠨ ᠬᠦᠭᠵᠢᠬᠦᠯᠬᠦ ᠬᠠᠷᠢᠭᠤᠴᠠᠯᠭ᠎ᠠ ᠶᠢ ᠲᠤᠳᠤᠷᠬᠠᠢᠢᠯᠠᠬᠤ | ᠭᠡᠷᠡᠭᠳᠠᠢ ᠭᠡᠵᠤ ᠵᠢᠭᠠᠵᠤ ᠭᠠᠷᠭᠠᠪᠠ᠃ | ᠬᠤᠷᠠᠯ ᠠᠴᠠ᠂ ᠰᠤᠶᠤᠯ ᠤᠨ ᠠᠵᠤ ᠠᠬᠤᠢᠢᠯᠠᠯ ᠤᠨᠴᠠᠭᠠᠢ ᠨᠡᠶᠢᠭᠡᠮ ᠤᠨ ᠬᠠᠷᠢᠭᠤᠴᠠᠯᠭ᠎ᠠ ᠶᠢ ᠡᠬᠦᠷᠭᠡᠯᠡᠵᠤ | ᠪᠠᠶᠢᠨ᠎ᠠ᠂ ᠡᠶᠢᠮᠦ ᠠᠴᠠ ᠡᠯ᠎ᠡ ᠲᠦᠷᠦᠯ ᠤᠨ ᠰᠤᠶᠤᠯ ᠤᠨ ᠠᠵᠤ ᠠᠬᠤᠢᠢᠯᠠᠯ ᠤᠨ ᠵᠦᠪ ᠤᠳᠤᠷᠢᠳᠤᠮᠵᠢ ᠶᠢ ᠪᠠᠳᠤ | ᠡᠵᠡᠮᠳᠡᠬᠦ ᠶᠢ ᠵᠢᠯᠤᠭᠤᠳᠤᠨ ᠠᠬᠢᠭᠤᠯᠵᠤ᠂ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠠ ᠶᠢ | ᠤᠬᠠᠮᠰᠠᠷ ᠠᠴᠠ ᠪᠠᠨ ᠪᠠᠳᠠᠷᠠᠭᠤᠯᠤᠨ ᠦᠢᠯᠡᠳᠦᠯᠭᠡᠵᠢᠬᠦᠯᠵᠤ᠂ ᠵᠦᠪ ᠲᠡᠤᠭᠡᠨ ᠦᠵᠡᠯᠳᠠ᠂ ᠦᠨᠳᠤᠰᠤᠳᠡᠡ ᠤ | ᠦᠵᠡᠯᠳᠠ᠂ ᠤᠯᠤᠰ ᠤᠨ ᠦᠵᠡᠯᠳᠠ᠂ ᠰᠤᠶᠤᠯ ᠤᠨ ᠦᠵᠡᠯᠳᠠ ᠶᠢ ᠪᠤᠢ ᠪᠤᠯᠭᠠᠵᠤ᠂ ᠲᠤᠮᠳᠠᠳᠤ ᠶᠢᠨ ᠰᠤᠶᠤᠯ ᠤᠨ | ᠵᠤᠬᠰᠤᠯᠳᠠ ᠶᠢ ᠪᠠᠳᠤ ᠰᠠᠬᠢᠵᠤ᠂ ᠲᠤᠮᠳᠠᠳᠤ ᠤᠯᠤᠰ ᠤᠨ ᠠᠷᠠᠳ ᠲᠦᠮᠡᠨ ᠤ ᠭᠤᠸ᠎ᠠ ᠰᠠᠶᠢᠬᠠᠨ ᠤ | ᠬᠦᠭᠡᠭᠡᠴᠡᠯᠳᠦᠯ ᠢ ᠲᠤᠰᠬᠠᠨ᠂ ᠤᠯᠤᠰ ᠤᠨ ᠰᠤᠶᠤᠯ ᠤᠨ ᠠᠮᠤᠷ ᠲᠦᠪᠰᠢᠨ ᠪᠤᠯᠤᠨ ᠨᠡᠶᠢᠭᠡᠮ ᠤᠨ ᠤᠯᠠᠨ | ᠨᠠᠶᠢᠳᠠ ᠶᠢᠨ ᠠᠰᠢᠭ ᠲᠤᠰᠠ ᠶᠢ ᠬᠠᠮᠠᠭᠠᠯᠠᠵᠤ᠂ ᠨᠡᠶᠢᠭᠡᠮ ᠨᠡᠶᠢᠳᠠ ᠶᠢᠨ ᠡᠮᠬᠢ ᠵᠢᠷᠤᠮ ᠢ ᠬᠠᠮᠠᠭᠠᠯᠠᠨ᠂ ᠨᠡᠶᠢᠭᠡᠮ ᠤᠨ | ᠬᠠᠷᠢᠭᠤᠴᠠᠯᠭ᠎ᠠ ᠪᠠ ᠶᠤᠰᠤ ᠰᠤᠷᠳᠠᠬᠤᠨ ᠤ ᠬᠠᠷᠢᠭᠤᠴᠠᠯᠭ᠎ᠠ ᠶᠢ ᠢᠳᠡᠪᠬᠢᠳᠠᠢ ᠬᠦᠢᠴᠡᠳᠭᠡᠵᠤ᠂ ᠨᠡᠩ ᠤᠯᠠᠨ ᠡᠷᠡᠬᠦᠯ | ᠦᠭᠡᠳᠡᠷᠭᠡᠭ᠂ ᠴᠢᠨᠠᠷ ᠴᠢᠨᠰᠠᠭ᠎ᠠ ᠰᠢᠯᠢᠳᠡᠭ ᠰᠠᠶᠢᠨ ᠰᠤᠶᠤᠯ ᠤᠨ ᠦᠢᠯᠡᠳᠬᠦᠨ ᠢ ᠵᠤᠬᠢᠶᠠᠨ ᠪᠦᠳᠦᠭᠡᠵᠤ | ᠦᠢᠯᠡᠳᠪᠤᠷᠢᠯᠡᠬᠦ ᠭᠡᠷᠡᠭᠳᠠᠢ ᠭᠡᠵᠤ ᠴᠢᠬᠤᠯᠠᠴᠢᠯᠠᠪᠠ᠃ | ᠬᠤᠷᠠᠯ ᠠᠴᠠ᠂ ᠰᠲ᠋ᠤᠺ ᠤᠨ ᠵᠠᠬ᠎ᠠ ᠲᠡᠯᠭᠡᠬᠦᠷ ᠲᠤ ᠭᠠᠷᠤᠬᠰᠡᠨ ᠺᠤᠮᠫᠠᠨᠢ ᠶᠢᠨ ᠵᠠᠬ᠎ᠠ ᠲᠡᠯᠭᠡᠬᠦᠷ ᠠᠴᠠ ᠭᠠᠷᠬᠤ | ᠲᠤᠬᠳᠠᠴᠠ ᠶᠢ ᠪᠦᠷᠢᠨᠰᠢᠬᠦᠯᠵᠤ᠂ ᠦᠨᠡᠳᠦ ᠲᠡᠮᠳᠡᠭᠳᠤ ᠶᠢᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠬᠠᠤᠯᠢ | ᠶᠤᠰᠤᠭᠠᠷ ᠴᠢᠩᠭ᠎ᠠ ᠴᠤᠬᠢᠯᠳᠠ ᠦᠭᠬᠦ ᠪᠤᠯ ᠬᠦᠷᠤᠩᠭᠡ ᠶᠢᠨ ᠵᠠᠬ᠎ᠠ ᠲᠡᠯᠭᠡᠬᠦᠷ ᠤᠨ ᠦᠭᠡᠷᠡᠴᠢᠯᠡᠯᠳᠠ ᠶᠢ ᠪᠦᠬᠦ | ᠲᠠᠯ᠎ᠡ ᠪᠠᠷ ᠬᠦᠨᠵᠡᠭᠡᠶᠢᠷᠠᠬᠦᠯᠬᠦ ᠴᠢᠬᠤᠯᠠ ᠲᠦᠷᠢᠮ ᠤᠨ ᠲᠤᠬᠢᠷᠠᠭᠤᠯᠤᠯᠳᠠ ᠮᠦᠨ᠃ ᠵᠠᠬ᠎ᠠ ᠲᠡᠯᠭᠡᠬᠦᠷᠴᠢᠯᠠᠯᠳᠠ᠂ | ᠬᠠᠤᠯᠢᠵᠢᠯᠳᠠ ᠶᠢᠨ ᠴᠢᠭᠯᠡᠯ ᠢ ᠪᠠᠷᠢᠮᠳᠠᠯᠠᠵᠤ᠂ ᠵᠠᠬ᠎ᠠ ᠲᠡᠯᠭᠡᠬᠦᠷ ᠠᠴᠠ ᠭᠠᠷᠬᠤ ᠪᠠᠷᠢᠮᠵᠢᠶ᠎ᠡ ᠶᠢ ᠲᠡᠬᠦᠯᠳᠡᠷᠵᠢᠬᠦᠯᠤᠨ᠂ | ᠵᠠᠬ᠎ᠠ ᠲᠡᠯᠭᠡᠬᠦᠷ ᠠᠴᠠ ᠭᠠᠷᠬᠤ ᠶᠠᠪᠤᠴᠠ ᠶᠢ ᠲᠦᠬᠦᠮᠴᠢᠯᠡᠵᠤ᠂ ᠤᠯᠠᠨ ᠡᠰᠢᠵᠢᠭᠰᠡᠨ ᠭᠠᠷᠬᠤ ᠠᠷᠭ᠎ᠠ ᠵᠠᠮ ᠢ | ᠦᠷᠭᠡᠳᠭᠡᠨ᠂ ᠵᠠᠬ᠎ᠠ ᠲᠡᠯᠭᠡᠬᠦᠷ ᠠᠴᠠ ᠭᠠᠷᠬᠤ ᠬᠢᠨᠡᠯᠳᠠ ᠶᠢ ᠴᠢᠩᠭᠠᠳᠬᠠᠵᠤ᠂ ᠪᠠᠶᠢᠡᠭᠭᠤᠵᠢᠬᠰᠡᠨ ᠭᠠᠷᠬᠤ | ᠲᠤᠬᠳᠠᠴᠠ ᠶᠢ ᠲᠡᠬᠦᠯᠳᠡᠷᠵᠢᠬᠦᠯᠬᠦ ᠭᠡᠷᠡᠭᠳᠠᠢ᠃ ᠦᠨᠡᠳᠦ ᠲᠡᠮᠳᠡᠭᠳᠤ ᠶᠢᠨ ᠬᠠᠤᠯᠢ ᠭᠡᠷᠡᠭᠵᠢᠬᠦᠯᠬᠦ ᠬᠠᠤᠯᠢ ᠪᠠᠷᠢᠬᠤ | ᠪᠠᠶᠢᠭᠤᠯᠤᠮᠵᠢ ᠲᠤᠬᠳᠠᠴᠠ ᠶᠢ ᠱᠠᠯᠠᠪᠳᠠᠭᠤᠯᠤᠨ ᠪᠦᠷᠢᠨᠰᠢᠬᠦᠯᠵᠤ᠂ ᠬᠦᠨᠳᠤ ᠶᠡᠭᠡ ᠬᠠᠤᠯᠢ ᠠᠴᠠ ᠵᠦᠷᠢᠴᠡᠭᠰᠡᠨ | ᠭᠡᠷᠡᠭ ᠢ ᠪᠠᠶᠢᠴᠠᠭᠠᠨ ᠰᠢᠢᠳᠪᠤᠷᠢᠯᠡᠵᠤ ᠵᠠᠯᠬᠠᠭᠠᠨ ᠰᠢᠢᠳᠭᠡᠬᠦ ᠡᠷᠴᠢᠮ ᠢᠶᠠᠨ ᠴᠢᠩᠭᠠᠷᠠᠭᠤᠯᠵᠤ᠂ ᠬᠦᠷᠤᠩᠭᠡ ᠶᠢᠨ | ᠵᠠᠬ᠎ᠠ ᠲᠡᠯᠭᠡᠬᠦᠷ ᠤᠨ ᠬᠠᠤᠯᠢᠵᠢᠯ ᠪᠠ ᠦᠨᠡᠨᠴᠢ ᠢᠳᠡᠭᠡᠮᠵᠢ ᠶᠢᠨ ᠰᠠᠭᠤᠷᠢ ᠶᠢ ᠪᠠᠬᠢᠵᠢᠬᠦᠯᠤᠨ᠂ ᠬᠢᠯᠢ ᠠᠯᠤᠰᠯᠠᠬᠰᠡᠨ | ᠬᠢᠨᠡᠯᠳᠠ ᠬᠠᠮᠢᠶᠠᠷᠤᠯᠳᠠ ᠬᠠᠤᠯᠢ ᠭᠡᠷᠡᠭᠵᠢᠬᠦᠯᠬᠦ ᠬᠠᠮᠵᠢᠯᠴᠠᠭ᠎ᠠ ᠶᠢ ᠴᠢᠩᠭᠠᠳᠬᠠᠵᠤ᠂ ᠰᠠᠶᠢᠨ ᠰᠠᠶᠢᠬᠠᠨ ᠵᠠᠬ᠎ᠠ | ᠲᠡᠯᠭᠡᠬᠦᠷ ᠤᠨ ᠡᠮᠬᠢ ᠲᠢᠭᠯᠢᠮ ᠢ ᠪᠠᠶᠢᠭᠤᠯᠬᠤ ᠶᠢ ᠠᠬᠢᠭᠤᠯᠬᠤ ᠭᠡᠷᠡᠭᠳᠠᠢ ᠭᠡᠵᠤ ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ | ᠪᠦᠬᠦᠳᠠ ᠬᠤᠷᠠᠯ ᠠᠴᠠ ᠨᠠᠭᠠᠰᠢ᠂ ᠪᠢᠳᠠ ᠨᠠᠮ ᠤᠨ ᠰᠤᠷᠭᠠᠨ ᠬᠦᠮᠤᠵᠢᠯ ᠤᠨ ᠠᠵᠢᠯ ᠳᠠᠬᠢ ᠪᠦᠬᠦ ᠲᠠᠯ᠎ᠠ ᠶᠢᠨ | ᠤᠳᠤᠷᠢᠳᠤᠯᠭ᠎ᠠ ᠶᠢ ᠴᠢᠩᠭᠠᠳᠬᠠᠵᠤ᠂ ᠰᠤᠷᠭᠠᠨ ᠬᠦᠮᠤᠵᠢᠯ ᠤᠨ ᠬᠦᠷᠢᠶᠠᠨ ᠤ ᠶᠠᠷᠤᠩᠬᠡᠶᠢᠯᠡᠭᠰᠠᠡᠨ ᠦᠬᠡᠷᠡᠴᠢᠯᠠᠯᠳᠠ ᠶᠢ | ᠪᠠᠶᠢᠷᠢᠯᠠᠭᠤᠯᠤᠨ ᠠᠬᠢᠭᠤᠯᠵᠦ᠂ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠰᠤᠷᠭᠠᠨ | ᠬᠦᠮᠤᠵᠢᠯ ᠤᠨ ᠲᠦᠷᠢᠮ ᠤᠨ ᠰᠢᠰᠲ᠋ᠧᠮ ᠤᠨ ᠭᠤᠤᠯ ᠴᠤᠬᠴᠠ ᠶᠢᠨ ᠪᠤᠷᠤ ᠲᠦᠯᠤᠪ ᠢ ᠦᠨᠳᠤᠰᠤᠨ ᠳᠡᠭᠡᠨ | ᠲᠤᠭᠳᠠᠭᠠᠵᠤ᠂ ᠵᠠᠷᠢᠮ ᠰᠤᠷᠭᠠᠨ ᠬᠦᠮᠤᠵᠢᠯ ᠤᠨ ᠤᠢᠢᠯᠡᠰ ᠤᠨ ᠬᠦᠭᠵᠢᠯᠳᠠ ᠶᠢ ᠤᠷᠳᠤ ᠬᠤᠭᠤᠴᠠᠭ᠎ᠠ ᠪᠠᠷ | ᠬᠢᠵᠠᠭᠠᠷᠯᠠᠵᠤ ᠪᠠᠶᠢᠬᠰᠠᠨ ᠪᠠᠶᠢᠭᠤᠯᠤᠮᠵᠢ ᠲᠤᠭᠳᠠᠴᠠ ᠶᠢᠨ ᠬᠠᠷᠰᠢ ᠰᠠᠭᠠᠳ ᠢ ᠠᠷᠢᠯᠭᠠᠵᠤ᠂ ᠨᠢᠭᠡ ᠪᠦᠯᠦᠭ | ᠦᠭᠡᠷᠡᠴᠢᠯᠡᠯᠳᠠ ᠬᠢᠵᠦ ᠰᠢᠨ᠎ᠠ ᠶᠢ ᠡᠬᠦᠳᠦᠭᠰᠡᠨ ᠲᠤᠷᠰᠢᠯᠭ᠎ᠠ ᠠᠷᠭ᠎ᠠ ᠬᠢᠳᠡᠯ ᠲᠠᠰᠤᠷᠠᠯᠳᠠ ᠦᠬᠡᠢ ᠴᠤᠯᠭᠤᠷᠠᠨ | ᠭᠠᠷᠴᠤ᠂ ᠰᠤᠷᠭᠠᠨ ᠬᠦᠮᠤᠵᠢᠯ ᠤᠨ ᠲᠦᠷᠢ ᠲᠦᠷᠬᠦ ᠳᠤ ᠪᠠᠶᠢᠷᠢᠰᠢᠯ ᠤᠨ ᠴᠢᠨᠠᠷᠳᠠᠢ ᠬᠤᠪᠢᠰᠤᠯᠳᠠ ᠭᠠᠷᠴᠤ ᠪᠠᠶᠢᠨ᠎ᠠ᠃ | ︽ᠠᠷᠪᠠᠨ ᠲᠦᠷᠪᠡᠳᠤᠭᠡᠷ ᠲᠠᠪᠤᠨ ᠵᠢᠯ︾ ᠤᠨ ᠬᠤᠭᠤᠴᠠᠭᠠᠨ ᠳᠤ᠂ ᠰᠤᠷᠭᠠᠨ ᠬᠦᠮᠤᠵᠢᠯ ᠤᠨ ᠬᠦᠷᠢᠶᠠᠨ ᠤ | ᠶᠠᠷᠤᠩᠬᠡᠶᠢᠯᠡᠭᠰᠡᠨ ᠦᠬᠡᠷᠡᠴᠢᠯᠠᠯᠳᠠ ᠶᠢ ᠦᠷᠬᠦᠯᠵᠢᠯᠠᠨ ᠬᠦᠨᠵᠡᠬᠡᠶᠢᠷᠡᠬᠦᠯᠵᠤ᠂ ᠨᠠᠮ ᠤᠨ ᠰᠤᠷᠭᠠᠨ ᠬᠦᠮᠤᠵᠢᠯ ᠤᠨ | ᠴᠢᠭᠯᠡᠯᠳᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠤᠰᠤ ᠰᠤᠷᠳᠠᠬᠤᠨ ᠢᠶᠠᠷ ᠬᠦᠮᠤᠨ ᠢ ᠬᠦᠮᠤᠵᠢᠬᠦᠯᠬᠦ | ᠦᠨᠳᠤᠰᠤᠨ ᠡᠬᠦᠷᠬᠡ ᠪᠠᠷ ᠴᠢᠩᠭ᠎ᠠ ᠭᠤᠤᠯᠳᠠᠭᠤᠯᠤᠨ ᠰᠤᠷᠭᠠᠨ ᠬᠦᠮᠤᠵᠢᠯ ᠤᠨ ᠦᠬᠡᠷᠡᠴᠢᠯᠠᠯᠳᠠ ᠶᠢ | ᠬᠦᠨᠵᠡᠬᠡᠶᠢᠷᠡᠬᠦᠯᠵᠦ᠂ ᠶᠤᠰᠤ ᠰᠤᠷᠳᠠᠬᠤᠨ ᠤᠶᠤᠨ ᠤᠬᠠᠭᠠᠨ ᠪᠠᠶ᠎ᠠ ᠮᠠᠬᠠᠪᠤᠳ ᠭᠤᠸ᠎ᠠ ᠰᠠᠶᠢᠬᠠᠨ ᠬᠦᠳᠡᠯᠮᠤᠷᠢ ᠶᠢ | ᠪᠦᠬᠦ ᠲᠠᠯ᠎ᠠ ᠪᠠᠷ ᠬᠦᠮᠤᠵᠢᠬᠦᠯᠬᠦ ᠰᠤᠷᠭᠠᠨ ᠬᠦᠮᠤᠵᠢᠯ ᠤᠨ ᠰᠢᠰᠲ᠋ᠧᠮ ᠢ ᠴᠢᠷᠮᠠᠶᠢᠨ ᠪᠠᠶᠢᠭᠤᠯᠬᠤ ᠭᠡᠷᠡᠭᠳᠠᠢ᠃ ᠰᠢᠨ᠎ᠠ | ᠬᠦᠭᠵᠢᠯᠳᠠ ᠶᠢᠨ ᠪᠠᠶᠢᠷᠢᠰᠢᠯ ᠲᠠᠢ ᠵᠤᠬᠢᠴᠠᠬᠤ ᠰᠤᠷᠭᠠᠨ ᠬᠦᠮᠤᠵᠢᠯ ᠤᠨ ᠪᠦᠳᠤᠴᠠ᠂ ᠬᠢᠴᠢᠶᠠᠯ ᠲᠦᠷᠦᠯ ᠲᠤᠰᠬᠠᠢ | ᠮᠡᠷᠬᠡᠵᠢᠯ ᠤᠨ ᠪᠦᠳᠤᠴᠠ᠂ ᠴᠢᠳᠠᠪᠤᠷᠢᠳᠠᠨ ᠢ ᠬᠦᠮᠤᠵᠢᠬᠦᠯᠬᠦ ᠪᠦᠳᠤᠴᠠ ᠶᠢ ᠰᠢᠯᠢᠳᠡᠭᠵᠢᠬᠦᠯᠵᠤ᠂ ᠬᠦᠮᠤᠨ ᠢ | ᠬᠦᠮᠤᠵᠢᠬᠦᠯᠬᠦ ᠠᠷᠭ᠎ᠠ ᠮᠠᠶ᠋ᠢᠬ᠂ ᠰᠤᠷᠭᠠᠭᠤᠯᠢ ᠡᠷᠬᠢᠯᠡᠬᠦ ᠵᠠᠬᠪᠤᠷ᠂ ᠬᠠᠮᠢᠶᠠᠷᠤᠯᠳᠠ ᠶᠢᠨ ᠪᠠᠶᠢᠭᠤᠯᠤᠮᠵᠢ᠂ | ᠪᠠᠳᠤᠯᠠᠭᠠᠨ ᠤ ᠲᠤᠭᠳᠠᠴᠠ ᠶᠢᠨ ᠦᠬᠡᠷᠡᠴᠢᠯᠠᠯᠳᠠ ᠶᠢ ᠨᠢᠬᠡᠳᠤᠯᠳᠠᠢ ᠲᠦᠯᠤᠪᠵᠢᠬᠦᠯᠤᠨ ᠠᠬᠢᠭᠤᠯᠬᠤ ᠭᠡᠷᠡᠭᠳᠠᠢ᠃ | ᠤᠯᠤᠰ ᠤᠨ ᠪᠠᠶᠢᠯᠳᠤᠬᠤ ᠪᠤᠳᠤᠯᠭ᠎ᠠ ᠶᠢᠨ ᠭᠡᠷᠡᠭᠴᠡᠭᠡ ᠳᠤ ᠤᠢᠢᠯᠡᠴᠢᠯᠡᠬᠦ ᠶᠢᠨ ᠲᠤᠭᠤᠷᠢᠨ ᠳᠤ᠂ ᠠᠷᠠᠳ ᠤᠯᠠᠨ ᠤ | ᠲᠤᠯᠭᠠᠮ ᠱᠠᠭᠠᠷᠳᠠᠵᠦ ᠪᠠᠶᠢᠬᠤ ᠭᠡᠷᠡᠭᠰᠡᠵᠦ ᠪᠠᠶᠢᠬᠤ ᠬᠦᠰᠡᠵᠦ ᠪᠠᠶᠢᠬᠤ ᠵᠦᠢᠯ ᠳᠤ ᠠᠩᠬᠠᠷᠤᠯ ᠢᠶᠠᠨ ᠲᠦᠪᠯᠡᠷᠡᠬᠦᠯᠵᠤ᠂ | ᠰᠢᠯᠢᠳᠡᠭ ᠲᠡᠩᠴᠡᠬᠦᠷᠢᠳᠠᠢ ᠦᠨᠳᠤᠰᠤᠨ ᠤᠯᠠᠨ ᠨᠠᠶᠢᠳᠠ ᠶᠢᠨ ᠰᠤᠷᠭᠠᠨ ᠬᠦᠮᠤᠵᠢᠯ ᠤᠨ ᠤᠢᠢᠯᠡᠴᠢᠯᠡᠬᠡᠨ ᠤ | ᠰᠢᠰᠲ᠋ᠧᠮ ᠢ ᠬᠦᠴᠤᠯᠠᠨ ᠪᠠᠶᠢᠭᠤᠯᠵᠤ᠂ ᠤᠷᠤᠨ ᠪᠦᠰᠠ᠂ ᠬᠤᠳᠠ ᠬᠦᠳᠡᠭᠡ ᠶᠢᠨ ᠵᠦᠷᠢᠶ᠎ᠠ ᠶᠢ ᠲᠦᠷᠬᠡᠨ ᠪᠠᠭᠠᠰᠬᠠᠬᠤ | ᠭᠡᠷᠡᠭᠳᠠᠢ ᠬᠡᠵᠤ ᠴᠢᠬᠤᠯᠠᠴᠢᠯᠠᠨᠪᠠ᠃ | ᠬᠤᠷᠠᠯ ᠠᠴᠠ᠂ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠠ | ᠬᠤᠷᠠᠯ ᠠᠴᠠ ᠠᠯᠢ ᠤᠯᠠᠨ ᠦᠬᠡᠷᠡᠴᠢᠯᠠᠯᠳᠠ ᠶᠢᠨ ᠡᠬᠦᠷᠬᠡ ᠪᠤᠯᠤᠨ ᠠᠷᠭ᠎ᠠ ᠬᠡᠮᠵᠢᠶ᠎ᠠ ᠶᠢ ᠲᠤᠷᠠᠳᠤᠨ ᠭᠠᠷᠭᠠᠪᠠ᠂ | ᠰᠢᠨᠵᠢᠯᠡᠬᠦ ᠤᠬᠠᠭᠠᠨᠴᠢ ᠪᠠᠷ ᠨᠢᠬᠡᠳᠤᠯᠳᠠᠢ ᠲᠦᠯᠤᠪᠵᠢᠬᠦᠯᠵᠤ᠂ ᠲᠦᠷᠤᠯ ᠬᠤᠪᠢᠶᠠᠨ ᠠᠬᠢᠭᠤᠯᠬᠤ ᠭᠡᠷᠡᠭᠳᠠᠢ᠃ | ᠨᠠᠮ ᠤᠨ ᠲᠦᠪ ᠬᠤᠷᠢᠶ᠎ᠠ ᠠᠴᠠ ᠪᠠᠶᠢᠷᠢᠯᠠᠭᠤᠯᠵᠤ ᠲᠤᠭᠳᠠᠭᠠᠬᠰᠠᠨ ᠦᠬᠡᠷᠡᠴᠢᠯᠠᠯᠳᠠ ᠶᠢᠨ ᠲᠦᠰᠤᠯ ᠤᠨ ᠠᠷᠭ᠎ᠠ | ᠬᠡᠮᠵᠢᠶ᠎ᠠ ᠶᠢ ᠪᠤᠳᠠᠳᠠᠢ ᠲᠠᠢ ᠪᠠᠨ ᠤᠶᠠᠯᠳᠤᠭᠤᠯᠵᠤ ᠨᠠᠶᠢᠳᠠᠪᠤᠷᠢᠵᠢᠭᠤᠯᠤᠯᠳᠠ ᠶᠢ ᠬᠦᠨᠵᠡᠬᠡᠢ ᠠᠳᠬᠤᠬᠤ ᠬᠡᠷᠡᠭᠳᠠᠢ᠂ | ᠬᠡᠯᠪᠡᠷᠢᠴᠢ ᠦᠵᠡᠯ ᠢ ᠶᠠᠪᠤᠭᠤᠯᠵᠤ ᠪᠤᠯᠬᠤ ᠦᠬᠡᠢ︔ ᠰᠢᠨ᠎ᠠ ᠪᠠᠷ ᠲᠤᠷᠠᠳᠤᠬᠰᠠᠨ ᠦᠬᠡᠷᠡᠴᠢᠯᠠᠯᠳᠠ ᠶᠢ ᠤᠷᠢᠳᠴᠢᠯᠠᠨ | ᠪᠠᠶᠢᠷᠢᠯᠠᠭᠤᠯᠵᠤ᠂ ᠰᠠᠨᠠᠭᠠᠴᠢᠯᠠᠭ᠎ᠠ ᠠᠴᠠ ᠪᠠᠨ ᠬᠢᠬᠦ ᠭᠡᠷᠡᠭᠳᠠᠢ ᠬᠡᠵᠤ ᠵᠢᠭᠠᠵᠤ ᠭᠠᠷᠭᠠᠪᠠ᠃ | ᠬᠤᠷᠠᠯ ᠠᠴᠠ᠂ ᠦᠬᠡᠷᠡᠴᠢᠯᠠᠯᠳᠠ ᠶᠢ ᠠᠬᠢᠭᠤᠯᠤᠭᠠᠳ ᠡᠳᠦᠭᠡ ᠪᠤᠯᠳᠠᠯ᠎ᠠ᠂ ᠦᠬᠡᠷᠡᠴᠢᠯᠠᠯᠳᠠ ᠶᠢᠨ ᠦᠵᠤ | ᠲᠦᠯᠤᠪᠯᠡᠭᠡ ᠶᠢᠨ ᠲᠠᠯ᠎ᠠ ᠪᠠᠷ᠂ ᠪᠢᠳᠠ ᠨᠡᠯᠢᠶᠠᠳ ᠳᠤᠳᠤᠷᠬᠠᠢ ᠪᠤᠷᠤ ᠲᠦᠯᠦᠪ ᠲᠠᠢ ᠪᠤᠯᠵᠠᠢ᠃ ᠬᠤᠶᠢᠰᠢᠳᠠ ᠶᠢᠨ | ᠭᠡᠰᠡᠭ ᠬᠤᠭᠤᠴᠠᠭᠠᠨ ᠳᠤ᠂ ᠭᠤᠤᠯ ᠬᠦᠴᠤᠨ ᠢᠶᠠᠨ ᠪᠦᠬᠦᠯᠢ ᠴᠤᠬᠴᠠ ᠪᠠᠷ ᠠᠬᠢᠭᠤᠯᠬᠤ᠂ ᠱᠠᠯᠠᠪᠳᠠᠭᠤᠯᠤᠨ | ᠨᠠᠶᠢᠳᠠᠪᠤᠷᠢᠵᠢᠭᠤᠯᠬᠤ ᠲᠡᠭᠡᠷ᠎ᠠ ᠲᠠᠯᠪᠢᠵᠤ᠂ ︽ᠠᠷᠪᠠᠨ ᠲᠦᠷᠪᠡᠳᠤᠭᠡᠷ ᠲᠠᠪᠤᠨ ᠵᠢᠯ︾ ᠤᠨ ᠬᠤᠭᠤᠴᠠᠭᠠᠨ ᠤ | ᠴᠢᠬᠤᠯᠠ ᠶᠡᠭᠡ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢᠨ ᠡᠬᠦᠷᠬᠡ ᠶᠢ ᠨᠠᠶᠢᠳᠠᠪᠤᠷᠢᠵᠢᠭᠤᠯᠬᠤ ᠪᠠᠷ | ᠵᠢᠯᠤᠭᠤᠳᠤᠮᠵᠢ ᠪᠤᠯᠭᠠᠵᠤ᠂ ᠪᠠᠶᠢᠯᠳᠤᠬᠤ ᠪᠤᠳᠤᠯᠭ᠎ᠠ ᠲᠠᠶᠢᠯᠠᠯᠳᠤᠭᠠᠨ ᠤ ᠴᠢᠨᠠᠷᠳᠠᠢ ᠦᠬᠡᠷᠡᠴᠢᠯᠠᠯᠳᠠ ᠶᠢ ᠢᠯᠡᠬᠦᠬᠡᠨ | ᠲᠦᠰᠦᠪᠯᠡᠵᠦ᠂ ᠬᠦᠳᠤᠯᠪᠤᠷᠢ ᠶᠢ ᠠᠳᠬᠤᠵᠦ ᠠᠯᠢᠪᠠ ᠪᠦᠬᠦᠨ ᠢ ᠲᠠᠶᠢᠴᠢᠯᠠᠬᠤ ᠭᠡᠷᠡᠭᠳᠠᠢ᠃ ᠨᠠᠮ ᠤᠨ ᠠᠷᠪᠠ | ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠠᠴᠠ ᠪᠠᠶᠢᠷᠢᠯᠠᠭᠤᠯᠤᠬᠰᠠᠨ | ᠰᠢᠨ᠎ᠠ ᠬᠦᠭᠵᠢᠯᠳᠠ ᠶᠢᠨ ᠪᠠᠶᠢᠷᠢᠰᠢᠯ ᠢ ᠪᠠᠶᠢᠭᠤᠯᠬᠤ᠂ ᠴᠢᠬᠤᠯᠠ ᠡᠯᠧᠮᠧᠨ᠋ᠲ ᠤᠨ ᠵᠠᠬ᠎ᠠ ᠲᠡᠯᠬᠡᠬᠦᠷᠴᠢᠯᠡᠭᠰᠡᠨ | ᠬᠤᠪᠢᠶᠠᠷᠢᠯᠠᠯᠳᠠ ᠶᠢ ᠲᠡᠬᠦᠯᠳᠡᠷᠵᠢᠬᠦᠯᠬᠦ᠂ ᠡᠷᠬᠡ ᠲᠡᠭᠰᠢ ᠦᠷᠢᠰᠤᠯᠳᠤᠬᠦ ᠲᠤᠬᠳᠠᠴᠠ ᠶᠢ ᠲᠡᠬᠦᠯᠳᠡᠷᠵᠢᠬᠦᠯᠬᠦ᠂ | ᠰᠢᠨ᠎ᠠ ᠶᠢ ᠡᠬᠦᠳᠬᠦ ᠬᠡᠯᠬᠢᠶ᠎ᠠ ᠠᠵᠤ ᠤᠢᠢᠯᠡᠰ ᠤᠨ ᠬᠡᠯᠬᠢᠶ᠎ᠠ ᠶᠢ ᠠᠭᠤᠰᠤᠯᠴᠠᠭᠤᠯᠤᠨ ᠬᠦᠭᠵᠢᠬᠦᠯᠬᠦ᠂ ᠵᠠᠬ᠎ᠠ | ᠲᠡᠯᠬᠡᠬᠦᠷ ᠤᠨ ᠭᠤᠤᠯ ᠴᠤᠬᠴᠠ ᠶᠢᠨ ᠠᠮᠢᠵᠢᠷᠠᠯ ᠤᠨ ᠬᠦᠴᠤᠨ ᠢ ᠬᠦᠭᠵᠢᠬᠡᠬᠦ᠂ ᠠᠵᠢᠯ ᠤᠯᠭᠤᠯᠳᠠ ᠶᠢ | ᠲᠤᠬᠳᠠᠪᠤᠷᠢᠵᠢᠭᠤᠯᠤᠨ ᠪᠠᠳᠤᠯᠠᠬᠤ᠂ ᠤᠷᠤᠯᠭ᠎ᠠ ᠶᠢᠨ ᠬᠤᠪᠢᠶᠠᠷᠢᠯᠠᠯᠳᠠ ᠶᠢᠨ ᠲᠦᠷᠢᠮ ᠢ ᠲᠡᠬᠦᠯᠳᠡᠷᠵᠢᠬᠦᠯᠬᠦ᠂ ᠠᠵᠤ | ᠠᠬᠤᠢ ᠨᠡᠶᠢᠬᠡᠮ ᠤᠨ ᠬᠦᠭᠵᠢᠯᠳᠠ ᠶᠢᠨ ᠪᠦᠬᠦ ᠲᠠᠯ᠎ᠠ ᠪᠠᠷ ᠪᠤᠬᠢᠷᠳᠤᠯ ᠦᠬᠡᠢ ᠪᠠᠷ ᠭᠡᠯᠪᠡᠷᠢ ᠪᠠᠨ ᠬᠤᠪᠢᠷᠠᠭᠤᠯᠬᠤ ᠶᠢ | ᠠᠬᠢᠭᠤᠯᠬᠤ᠂ ᠨᠡᠬᠡᠬᠡᠯᠳᠡᠳᠤ ᠮᠠᠶ᠋ᠢᠬ ᠤᠨ ᠠᠵᠤ ᠠᠬᠤᠢ ᠶᠢᠨ ᠰᠢᠨ᠎ᠠ ᠪᠠᠶᠢᠭᠤᠯᠤᠮᠵᠢ ᠶᠢ ᠪᠠᠶᠢᠭᠤᠯᠬᠤ ᠵᠡᠷᠬᠡ ᠶᠢ ᠴᠦᠮ | ᠴᠢᠩᠭ᠎ᠠ ᠠᠳᠬᠤᠵᠤ᠂ ᠠᠮᠵᠢᠯᠳᠠ ᠪᠦᠳᠤᠮᠵᠢ ᠭᠠᠷᠭᠠᠬᠤ ᠭᠡᠷᠡᠭᠳᠠᠢ᠃ ᠡᠯ᠎ᠠ ᠭᠠᠵᠠᠷ ᠤᠷᠤᠨ ᠡᠯ᠎ᠠ ᠰᠠᠯᠠᠭ᠎ᠠ | ᠮᠦᠴᠢᠷ ᠤᠨ ᠬᠢᠨ ᠦᠬᠡᠷᠡᠴᠢᠯᠠᠯᠳᠠ ᠬᠢᠵᠤ ᠰᠢᠨ᠎ᠠ ᠶᠢ ᠡᠬᠦᠳᠬᠦ ᠤᠯᠤᠰ ᠲᠦᠷᠤ ᠶᠢᠨ ᠤᠬᠠᠮᠰᠠᠷ ᠪᠤᠯᠤᠨ | ᠠᠵᠢᠯᠯᠠᠭ᠎ᠠ ᠶᠢᠨ ᠤᠬᠠᠮᠰᠠᠷ ᠢᠶᠠᠨ ᠲᠡᠭᠡᠭᠰᠢᠯᠡᠬᠦᠯᠵᠤ᠂ ᠭᠤᠤᠯ ᠴᠤᠬᠴᠠ ᠶᠢᠨ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠬᠤ ᠭᠡᠷᠡᠭᠳᠠᠢ ᠬᠡᠵᠤ ᠴᠢᠬᠤᠯᠠᠴᠢᠯᠠᠪᠠ᠃ | ᠬᠤᠷᠠᠯ ᠠᠴᠠ᠂ ᠦᠨᠳᠤᠰᠤᠨ ᠱᠠᠳᠤ ᠪᠤᠯ ᠦᠬᠡᠷᠡᠴᠢᠯᠠᠯᠳᠠ ᠬᠢᠵᠤ ᠰᠢᠨ᠎ᠠ ᠶᠢ ᠡᠬᠦᠳᠬᠦ ᠶᠢᠨ ᠡᠬᠢ ᠡᠬᠦᠰᠤᠯ | ᠮᠦᠨ᠂ ᠦᠨᠳᠤᠰᠤᠨ ᠱᠠᠳᠤᠨ ᠤ ᠦᠬᠡᠷᠡᠴᠢᠯᠠᠯᠳᠠ ᠬᠢᠵᠤ ᠰᠢᠨ᠎ᠠ ᠶᠢ ᠡᠬᠦᠳᠬᠦ ᠠᠮᠢᠵᠢᠷᠠᠯ ᠤᠨ ᠬᠦᠴᠤᠨ ᠢ | ᠬᠦᠭᠵᠢᠬᠡᠬᠦ ᠶᠢ ᠴᠢᠬᠤᠯᠠᠴᠢᠯᠠᠵᠤ᠂ ᠵᠦᠷᠢᠶᠠᠴᠢᠯᠡᠭᠰᠡᠨ ᠰᠢᠨ᠎ᠠ ᠶᠢ ᠡᠬᠦᠳᠬᠦ ᠠᠵᠢᠯ ᠦᠷᠨᠢᠬᠦᠯᠬᠦ ᠶᠢ ᠲᠡᠮᠵᠢᠬᠦ ᠭᠡᠷᠡᠭᠳᠠᠢ᠃ | ᠤᠷᠤᠨ ᠨᠤᠳᠤᠬ ᠤᠨ ᠬᠢᠨ ᠨᠠᠶᠢᠳᠠᠪᠤᠷᠢᠵᠢᠭᠤᠯᠤᠯᠳᠠ ᠶᠢ ᠠᠳᠬᠤᠬᠤ ᠳᠤ ᠨᠠᠮ ᠤᠨ ᠲᠦᠪ ᠬᠤᠷᠢᠶᠠᠨ ᠤ ᠪᠠᠶᠢᠯᠳᠤᠬᠤ | ᠪᠤᠳᠤᠯᠭ᠎ᠠ ᠶᠢᠨ ᠵᠤᠷᠢᠯᠳᠠ ᠶᠢ ᠬᠦᠨᠵᠡᠬᠡᠢ ᠤᠢᠢᠯᠠᠭᠠᠵᠤ᠂ ᠤᠷᠤᠨ ᠪᠠᠶᠢᠷᠢ ᠪᠠᠨ ᠤᠨᠤᠴᠠᠳᠠᠢ ᠤᠯᠬᠤ ᠪᠠᠷ ᠪᠠᠷᠠᠬᠤ | ᠦᠬᠡᠢ᠂ ᠤᠨᠴᠠᠯᠢᠬ ᠢ ᠲᠤᠪᠤᠶᠢᠯᠭᠠᠬᠤ ᠭᠡᠷᠡᠭᠳᠠᠢ᠂ ᠨᠦᠬᠦᠴᠠᠯ ᠲᠠᠢ ᠭᠠᠵᠠᠷ ᠤᠷᠤᠨ ᠤ ᠬᠢᠨ ᠡᠮᠤᠨ᠎ᠠ ᠡᠩᠨᠡᠭᠡᠨ ᠳᠤ | ᠶᠠᠪᠤᠬᠤ ᠪᠠᠷ ᠬᠦᠴᠤᠯᠠᠨ ᠴᠢᠷᠮᠠᠶᠢᠬᠤ ᠭᠡᠷᠡᠭᠳᠠᠢ ᠬᠡᠵᠤ ᠵᠢᠭᠠᠵᠤ ᠭᠠᠷᠭᠠᠪᠠ᠃ | ᠨᠠᠮ ᠤᠨ ᠲᠦᠪ ᠬᠤᠷᠢᠶᠠᠨ ᠤ ᠦᠬᠡᠷᠡᠴᠢᠯᠠᠯᠳᠠ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠬᠤᠷᠢᠶᠠᠨ ᠤ | ᠬᠡᠰᠢᠬᠦᠳ ᠬᠤᠷᠠᠯ ᠳᠤ ᠤᠷᠤᠯᠴᠠᠵᠤ᠂ ᠲᠦᠪ ᠤᠨ ᠪᠠ ᠲᠦᠷᠤ ᠶᠢᠨ ᠪᠠᠶᠢᠭᠤᠯᠭ᠎ᠠ ᠶᠢᠨ ᠬᠤᠯᠪᠤᠬᠳᠠᠯ ᠪᠦᠬᠦᠢ ᠰᠠᠯᠠᠭ᠎ᠠ | ᠮᠦᠴᠢᠷ ᠤᠨ ᠬᠠᠷᠢᠭᠤᠴᠠᠯᠭᠠᠳᠠᠨ ᠨᠦᠬᠦᠳ ᠬᠤᠷᠠᠯ ᠳᠤ ᠰᠤᠯᠠ ᠤᠷᠤᠯᠴᠠᠪᠠ᠃ |