ᠦᠪᠦᠷ ᠵᠠᠰᠠᠭ ᠠᠯᠪᠠᠨ ᠲᠠᠷᠬᠠᠭᠠᠭᠰᠠᠨ ﹇2020﹈ 29 ᠳ᠋ᠦ᠋ᠭᠡᠷ ᠲᠣᠭᠠᠲᠤ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠬᠡᠷᠡᠭᠵᠢᠭᠦᠯᠬᠦ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ | ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | | | 2020 ᠣᠨ ᠤ 9 ᠳ᠋ᠤᠬᠡᠷ ᠰᠠᠷ᠎ᠠ ᠶᠢᠨ 16 ᠤ ᠡᠳᠦᠷ | | | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ | ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠬᠡᠷᠡᠭᠵᠢᠭᠦᠯᠬᠦ ᠠᠷᠭ᠎ᠠ | | | ᠨᠢᠭᠡᠳᠦᠭᠡᠷ ᠪᠦᠯᠦᠭ ᠶᠡᠷᠦᠩᠬᠡᠶ ᠲᠦᠷᠢᠮ | | | ᠨᠢᠭᠡᠳᠦᠭᠡᠷ ᠵᠦᠢᠯ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠤᠯᠠᠮ ᠨᠢᠭᠡ | ᠠᠯᠬᠤᠮ ᠲᠣᠳᠣᠷᠬᠠᠶᠢᠯᠠᠵᠤ ᠨᠠᠶᠢᠳᠠᠪᠤᠷᠢᠵᠢᠭᠤᠯᠤᠨ᠂ ᠭᠠᠯ ᠤᠨ ᠠᠶᠤᠯ ᠢ ᠰᠡᠷᠭᠡᠶᠢᠯᠡᠬᠦ ᠪᠠ ᠭᠠᠯ ᠤᠨ ᠠᠶᠤᠯ | ᠬᠥᠨᠥᠭᠡᠯ ᠢ ᠪᠠᠭᠠᠰᠬᠠᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠬᠠᠤᠯᠢ︾ | ︽ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠬᠡᠷᠡᠭᠵᠢᠭᠦᠯᠬᠦ ᠠᠷᠭ᠎ᠠ︾ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠳᠦᠷᠢᠮ︾ ᠵᠡᠷᠭᠡ ᠬᠠᠤᠯᠢ | ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠤ ᠭᠠᠯ ᠰᠡᠷᠭᠡᠶᠢᠯᠡᠵᠦ | ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠬᠢᠨᠠᠯᠲᠠ ᠲᠠᠯ᠊ᠪᠢᠵᠤ | ᠬᠠᠮᠢᠶᠠᠷᠬᠤ ᠳᠤ | ᠲᠤᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃ | ᠭᠤᠷᠪᠠᠳᠤᠭᠠᠷ ᠵᠦᠢᠯ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠲᠥᠷᠢᠮ ᠢ ᠨᠠᠶᠢᠳᠠᠪᠤᠷᠢᠵᠢᠭᠤᠯᠬᠤ ᠳᠤ ᠵᠠᠰᠠᠭ ᠤᠨ ᠣᠷᠳᠣᠨ ᠠᠴᠠ ᠨᠢᠭᠡᠳᠦᠯᠲᠡᠢ ᠤᠳᠤᠷᠢᠳᠬᠤ᠂ ᠰᠠᠯᠠᠭ᠎ᠠ | ᠮᠥᠴᠢᠷ ᠤᠨ ᠬᠢᠨ ᠬᠠᠤᠯᠢ ᠶᠣᠰᠣᠭᠠᠷ ᠬᠢᠨᠠᠨ ᠬᠠᠮᠢᠶᠠᠷᠬᠤ᠂ ᠨᠢᠭᠡᠴᠢ ᠨᠦᠭᠦᠳ ᠪᠥᠬᠦ ᠲᠠᠯ᠎ᠠ ᠪᠠᠷ ᠬᠠᠷᠢᠭᠤᠴᠠᠬᠤ᠂ | ᠠᠷᠠᠳ ᠢᠷᠭᠡᠳ ᠢᠳᠡᠪᠬᠢᠲᠡᠢ ᠣᠷᠣᠯᠴᠠᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃ | ᠳᠥᠷᠪᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ | ᠣᠷᠣᠨ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠬᠠᠷᠢᠭᠤᠴᠠᠬᠤ ᠬᠡᠷᠡᠭᠲᠡᠢ᠃ ᠵᠠᠰᠠᠭ ᠤᠨ ᠣᠷᠳᠣᠨ ᠤ | ᠭᠤᠤᠯ ᠬᠠᠷᠢᠭᠤᠴᠠᠯᠭᠠᠲᠠᠨ ᠨᠢ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ᠂ ᠬᠤᠪᠢᠳᠠᠨ ᠬᠠᠮᠢᠶᠠᠷᠴᠤ ᠪᠦᠬᠦᠢ | ᠬᠠᠷᠢᠭᠤᠴᠠᠯᠭᠠᠲᠠᠨ ᠨᠢ ᠭᠤᠤᠯ ᠬᠠᠷᠢᠭᠤᠴᠠᠯᠭ᠎ᠠ ᠡᠭᠦᠷᠭᠡᠯᠡᠭᠴᠢ ᠪᠠᠶᠢᠵᠤ᠂ ᠤᠳᠤᠷᠢᠳᠬᠤ ᠪᠠᠭ ᠤᠨ ᠪᠤᠰᠤᠳ | ᠪᠦᠷᠢᠯᠳᠦᠬᠦᠨ ᠨᠠᠷ ᠨᠢ ᠬᠤᠪᠢᠳᠠᠨ ᠬᠠᠮᠢᠶᠠᠷᠴᠤ ᠪᠦᠬᠦᠢ ᠬᠡᠪᠴᠢᠶᠡᠨ ᠳᠠᠬᠢ ᠭᠠᠯ ᠰᠡᠷᠭᠡᠶᠢᠯᠡᠵᠦ ᠤᠨᠲᠠᠷᠠᠭᠠᠬᠤ | ᠠᠵᠢᠯ ᠳᠤ ᠤᠳᠤᠷᠢᠳᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ | ᠣᠷᠣᠨ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠬᠦ ᠶᠢᠨ | ᠬᠠᠮᠲᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ | ᠲᠤᠰᠠᠯᠠᠬᠤ ᠪᠠᠶᠢᠭᠤᠯᠤᠮᠵᠢ ᠠᠴᠠ ᠬᠠᠷᠢᠭᠤᠴᠠᠨ ᠬᠡᠷᠡᠭᠵᠢᠭᠦᠯᠬᠦ ᠬᠡᠷᠡᠭᠲᠡᠢ᠃ | ᠴᠡᠷᠢᠭ ᠤᠨ ᠪᠡᠯᠡᠳᠬᠡᠮᠵᠢ ᠶᠢᠨ ᠭᠠᠯ ᠰᠡᠷᠬᠡᠶᠢᠯᠡᠵᠦ ᠤᠨᠲᠠᠷᠠᠭᠠᠬᠤ ᠠᠵᠢᠯ ᠢ ᠲᠡᠭᠦᠨ ᠤ ᠭᠤᠤᠯᠴᠢᠯᠠᠨ | ᠬᠠᠮᠢᠶᠠᠷᠬᠤ ᠨᠢᠭᠡᠴᠢ ᠠᠴᠠ ᠬᠢᠨᠠᠯᠳᠠ ᠲᠠᠯᠪᠢᠵᠦ ᠬᠠᠮᠢᠶᠠᠷᠴᠤ᠂ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ | ᠪᠠᠶᠢᠭᠤᠯᠤᠮᠵᠢ ᠨᠢ ᠬᠠᠮᠵᠢᠯᠴᠠᠬᠤ ᠬᠡᠷᠡᠭᠲᠡᠢ︔ ᠨᠡᠭᠦᠷᠡᠰᠦᠨ ᠠᠭᠤᠷᠬᠠᠶ ᠶᠢᠨ ᠬᠤᠳᠳᠤᠭ ᠤᠨ ᠳᠣᠲᠣᠷᠠᠬᠢ ᠬᠡᠰᠡᠭ ᠤᠨ | ᠭᠠᠯ ᠰᠡᠷᠭᠡᠶᠢᠯᠡᠵᠦ ᠤᠨᠳᠠᠷᠠᠭᠠᠬᠤ ᠠᠵᠢᠯ ᠢ ᠲᠡᠭᠦᠨ ᠤ ᠭᠤᠤᠯᠴᠢᠯᠠᠨ ᠬᠠᠮᠢᠶᠠᠷᠬᠤ ᠨᠢᠭᠡᠴᠢ ᠠᠴᠠ ᠬᠢᠨᠠᠯᠲᠠ ᠲᠠᠯᠪᠢᠵᠤ | ᠬᠠᠮᠢᠶᠠᠷᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠤᠰᠤᠳ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ | ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ | ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠱᠠᠭᠠᠷᠳᠠᠯᠭ᠎ᠠ ᠶᠣᠰᠣᠭᠠᠷ᠂ ᠲᠣᠰ | ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠲᠣᠰ ᠠᠵᠢᠯ ᠲᠥᠷᠥᠯ᠂ ᠲᠣᠰ ᠰᠢᠰᠲ᠋ᠧᠮ ᠤᠨ | ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯ ᠢ ᠬᠠᠤᠯᠢ ᠪᠠ ᠲᠣᠭᠲᠠᠭᠠᠯ ᠶᠣᠰᠣᠭᠠᠷ ᠰᠠᠶᠢᠲᠤᠷ ᠬᠢᠬᠦ | ᠬᠡᠷᠡᠭᠲᠡᠶ᠃ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠤᠢ ᠰᠢᠭᠤᠶ᠂ ᠨᠤᠲᠤᠭ ᠪᠡᠯᠴᠢᠭᠡᠷ ᠤᠨ | ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠲᠠᠯ᠎ᠠ ᠪᠠᠷ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠬᠦ | ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ᠃ | ᠵᠢᠷᠭᠤᠳᠤᠭᠠᠷ ᠵᠦᠢᠯ ᠠᠮᠤᠷ ᠲᠦᠪᠰᠢᠨ ᠢ ᠥᠪᠡᠰᠦᠪᠡᠨ ᠪᠠᠶᠢᠴᠠᠭᠠᠬᠤ᠂ ᠳᠠᠯᠳᠠ ᠬᠡᠮ ᠢ ᠥᠪᠡᠰᠦᠪᠡᠨ | ᠠᠷᠢᠯᠭᠠᠬᠤ᠂ ᠬᠠᠷᠢᠭᠤᠴᠠᠯᠭ᠎ᠠ ᠶᠢ ᠥᠪᠡᠰᠦᠪᠡᠨ ᠡᠭᠦᠷᠭᠡᠯᠡᠬᠦ ᠶᠢ ᠪᠠᠷᠢᠮᠲᠠᠯᠠᠬᠤ ᠬᠡᠷᠡᠭᠲᠡᠢ᠃ ᠪᠠᠶᠢᠭᠤᠯᠭ᠎ᠠ᠂ ᠪᠦᠯᠬᠦᠮ᠂ | ᠠᠵᠤ ᠠᠬᠤᠶᠢᠯᠠᠯ ᠠᠵᠢᠯ ᠦᠢᠯᠡᠰ ᠵᠡᠷᠭᠡ ᠨᠢᠭᠡᠴᠢ ᠪᠣᠯ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠭᠤᠣᠯ ᠴᠣᠭᠴᠠ ᠮᠥᠨ᠂ ᠲᠡᠳᠡᠭᠡᠷ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ | ᠭᠤᠤᠯ ᠬᠠᠷᠢᠭᠤᠴᠠᠯᠭᠠᠲᠠᠨ ᠪᠤᠶᠤ ᠪᠣᠳᠠᠲᠠᠶ ᠡᠵᠡᠮᠰᠢᠭᠴᠢ ᠨᠢ ᠲᠣᠰ ᠨᠢᠭᠡᠴᠢ᠂ ᠲᠣᠰ ᠲᠠᠯᠠᠪᠤᠷ ᠭᠠᠵᠠᠷ ᠤᠨ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠤᠤᠯ ᠬᠠᠷᠢᠭᠤᠴᠠᠯᠭ᠎ᠠ ᠡᠭᠦᠷᠭᠡᠯᠡᠭᠴᠢ ᠪᠠᠶᠢᠵᠤ᠂ ᠲᠣᠰ ᠨᠢᠭᠡᠴᠢ᠂ | ᠲᠣᠰ ᠲᠠᠯᠠᠪᠤᠷ ᠭᠠᠵᠠᠷ ᠤᠨ ᠢᠶᠠᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ ᠪᠦᠬᠦ ᠲᠠᠯ᠎ᠠ ᠪᠠᠷ | ᠬᠠᠷᠢᠭᠤᠴᠠᠬᠤ ᠬᠡᠷᠡᠭᠲᠡᠢ᠃ | ᠳᠣᠯᠣᠳᠤᠭᠠᠷ ᠵᠦᠢᠯ ᠡᠷᠬᠡ ᠬᠠᠷᠢᠭᠤᠴᠠᠯᠭ᠎ᠠ ᠶᠢ ᠨᠢᠭᠡᠳᠦᠯᠲᠡᠶ ᠪᠠᠶᠢᠯᠭᠠᠬᠤ᠂ ᠬᠠᠤᠯᠢ ᠶᠣᠰᠣᠭᠠᠷ ᠡᠭᠦᠷᠭᠡ | ᠲᠤᠰᠢᠶᠠᠯ ᠢᠶᠠᠨ ᠭᠦᠢᠴᠡᠳᠬᠡᠬᠦ᠂ ᠬᠠᠷᠢᠭᠤᠴᠠᠯᠭ᠎ᠠ ᠪᠠᠨ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ ᠶᠢ ᠪᠠᠷᠢᠮᠲᠠᠯᠠᠬᠤ | ᠬᠡᠷᠡᠭᠲᠡᠢ᠃ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠭᠰᠡᠨ | ᠦᠭᠡᠢ ᠪᠤᠶᠤ ᠲᠣᠭᠲᠠᠭᠠᠯ ᠶᠣᠰᠣᠭᠠᠷ ᠭᠦᠢᠴᠡᠳᠬᠡᠭᠰᠡᠨ ᠦᠭᠡᠢ ᠨᠢᠭᠡᠴᠢ ᠪᠠ ᠬᠤᠪᠢ ᠬᠥᠮᠦᠨ ᠠᠴᠠ ᠬᠠᠤᠯᠢ ᠪᠠ | ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | | | ᠬᠤᠶᠠᠳᠤᠭᠠᠷ ᠪᠦᠯᠦᠭ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠯ ᠰᠡᠷᠭᠡᠶᠢᠯᠡᠵᠦ | ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ | | | ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄ | ︵ᠨᠢᠭᠡ︶ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠴᠢᠭᠯᠡᠯᠲᠡ | ᠲᠥᠷᠥ ᠶᠢᠨ ᠪᠣᠳᠣᠯᠭ᠎ᠠ ᠵᠢᠴᠢ ᠳᠡᠭᠡᠳᠦ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠭᠠᠯ | ᠰᠡᠷᠭᠡᠶᠢᠯᠡᠵᠦ ᠤᠨᠲᠠᠷᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ | ᠬᠡᠷᠡᠭᠵᠢᠭᠦᠯᠵᠦ᠂ ᠲᠤᠰ ᠵᠠᠰᠠᠭ ᠵᠠᠬᠢᠷᠭᠠᠨ ᠤ ᠣᠷᠣᠨ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠪᠦᠬᠦ | ᠲᠠᠯ᠎ᠠ ᠪᠠᠷ ᠬᠠᠷᠢᠭᠤᠴᠠᠬᠤ ᠬᠡᠷᠡᠭᠲᠡᠶ᠃ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠪᠤᠶᠤ ᠬᠤᠪᠢᠳᠠᠨ | ᠬᠠᠮᠢᠶᠠᠷᠴᠤ ᠪᠦᠬᠦᠢ ᠬᠠᠷᠢᠭᠤᠴᠠᠯᠭᠠᠲᠠᠨ ᠢᠶᠠᠷ ᠲᠦᠷᠦᠭᠦᠯᠡᠭᠦᠯᠦᠭᠰᠡᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ | ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠵᠦ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠴᠢᠬᠤᠯᠠ ᠶᠡᠭᠡ | ᠵᠦᠢᠯᠡᠰ ᠢ ᠲᠣᠭᠲᠠᠮᠠᠯ ᠬᠤᠭᠤᠴᠠᠭ᠎ᠠ ᠲᠠᠢ ᠪᠠᠷ ᠰᠣᠳᠤᠯᠵᠤ ᠪᠠᠶᠢᠷᠢᠯᠠᠭᠤᠯᠬᠤ ᠬᠡᠷᠡᠭᠲᠡᠢ᠃ ᠵᠢᠯ ᠪᠦᠷᠢ ᠭᠠᠯ | ᠰᠡᠷᠭᠡᠶᠢᠯᠡᠵᠦ ᠤᠨᠲᠠᠷᠠᠭᠠᠭᠰᠠᠨ ᠠᠵᠢᠯ ᠤᠨ ᠪᠠᠶᠢᠳᠠᠯ ᠢᠶᠠᠨ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠳᠤ | ᠲᠤᠰᠬᠠᠢ ᠰᠡᠳᠦᠪ ᠢᠶᠠᠷ ᠮᠡᠳᠡᠭᠦᠯᠬᠦ ᠬᠡᠷᠡᠭᠲᠡᠶ᠃ | ︵ᠬᠤᠶᠠᠷ︶ ᠬᠠᠤᠯᠢ ᠲᠣᠭᠲᠠᠭᠠᠬᠤ ᠡᠷᠬᠡ ᠶᠢᠨ ᠬᠢᠵᠠᠭᠠᠷ ᠶᠣᠰᠣᠭᠠᠷ᠂ ᠲᠤᠰ ᠵᠠᠰᠠᠭ ᠵᠠᠬᠢᠷᠭᠠᠨ ᠤ ᠣᠷᠣᠨ | ᠪᠦᠰᠡ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠣᠨᠴᠠᠯᠢᠭ ᠪᠠ ᠪᠣᠳᠠᠲᠠᠶ ᠪᠠᠶᠢᠳᠠᠯ ᠳᠤ | ᠴᠢᠭᠯᠡᠭᠦᠯᠦᠨ᠂ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠩᠭᠤ ᠶᠢᠨ ᠬᠤᠷᠢᠶ᠎ᠠ ᠳᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠲᠣᠭᠲᠠᠭᠠᠯᠭᠠᠬᠤ ᠪᠠ ᠵᠠᠰᠠᠪᠤᠷᠢ | ᠣᠷᠤᠭᠤᠯᠤᠭᠤᠯᠬᠤ ᠪᠠᠷ ᠴᠠᠭ ᠲᠤᠬᠠᠶ ᠳᠤ ᠨᠢ ᠳᠡᠪᠰᠢᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ | ᠲᠣᠭᠲᠠᠭᠠᠯ ᠳᠦᠷᠢᠮ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠵᠤ ᠲᠣᠭᠲᠠᠭᠠᠬᠤ ᠪᠠ | ᠵᠠᠰᠠᠪᠤᠷᠢ ᠣᠷᠣᠭᠤᠯᠬᠤ ᠬᠡᠷᠡᠭᠲᠡᠶ᠃ | ︵ᠭᠤᠷᠪᠠ︶ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠲᠦᠯᠦᠪᠵᠢᠬᠦᠯᠬᠡ ᠳᠤ ᠣᠷᠣᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠤ ᠪᠠᠶᠢᠷᠢᠰᠢᠭᠤᠯᠤᠯᠲᠠ᠂ ᠭᠠᠯ ᠤᠨᠲᠠᠷᠠᠭᠠᠬᠤ ᠥᠷᠲᠡᠭᠡ᠂ ᠭᠠᠯ ᠤᠨᠲᠠᠷᠠᠭᠠᠬᠤ ᠤᠰᠤᠨ ᠤ ᠬᠠᠩᠭᠠᠯᠭ᠎ᠠ᠂ | ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠴᠢᠮᠡᠭᠡ ᠬᠤᠯᠪᠣᠭ᠎ᠠ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ᠂ | ᠭᠠᠯ ᠤᠨᠲᠠᠷᠠᠭᠠᠬᠤ ᠲᠣᠨᠤᠭ ᠲᠥᠬᠦᠭᠡᠷᠦᠮᠵᠢ ᠵᠡᠷᠭᠡ ᠠᠭᠤᠯᠭ᠎ᠠ ᠶᠢ ᠪᠠᠭᠲᠠᠭᠠᠭᠰᠠᠨ ᠭᠠᠯ ᠰᠡᠷᠭᠡᠶᠢᠯᠡᠵᠦ ᠤᠨᠲᠠᠷᠠᠭᠠᠬᠤ | ᠲᠥᠯᠥᠪᠵᠢᠭᠦᠯᠭᠡ ᠶᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠳᠤ | ᠣᠷᠣᠭᠤᠯᠬᠤ ᠶᠢᠨ ᠬᠠᠮᠲᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ | ︵ᠲᠦᠷᠪᠡ︶ ᠭᠠᠯ ᠰᠡᠷᠭᠡᠶᠢᠯᠡᠵᠦ ᠤᠨᠲᠠᠷᠠᠭᠠᠬᠤ ᠲᠠᠯ᠎ᠠ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠭᠠᠯ | ᠰᠡᠷᠭᠡᠶᠢᠯᠡᠵᠦ ᠤᠨᠲᠠᠷᠠᠭᠠᠬᠤ ᠦᠢᠯᠡᠰ ᠤᠨ ᠬᠥᠭᠵᠢᠯᠲᠡ ᠳᠤ ᠬᠡᠷᠡᠭᠰᠡᠬᠦ ᠵᠠᠷᠤᠳᠠᠯ ᠢ ᠪᠠᠲᠤᠯᠠᠬᠤ ᠬᠡᠷᠡᠭᠲᠡᠶ᠃ | ︵ᠲᠠᠪᠤ︶ ᠭᠠᠯ ᠤᠨ ᠠᠶᠤᠯ ᠤᠨ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠠᠯ᠎ᠠ ᠶᠢᠨ | ᠪᠠᠶᠢᠩᠭᠤᠵᠢᠭᠰᠠᠨ ᠲᠣᠭᠲᠠᠴᠠ ᠶᠢ ᠪᠠᠶᠢᠭᠤᠯᠵᠤ᠂ ᠬᠦᠨᠳᠦ ᠶᠡᠭᠡ ᠭᠠᠯ ᠤᠨ ᠠᠶᠤᠯ ᠤᠨ ᠲᠠᠯᠳᠠ ᠭᠡᠮ ᠪᠠ ᠣᠷᠣᠨ | ᠪᠦᠰᠡ ᠶᠢᠨ ᠴᠢᠨᠠᠷᠲᠠᠢ ᠭᠠᠯ ᠤᠨ ᠠᠶᠤᠯ ᠤᠨ ᠲᠠᠯᠳᠠ ᠭᠡᠮ ᠢ ᠴᠡᠭᠴᠡᠯᠡᠨ ᠵᠠᠰᠠᠬᠤ ᠠᠵᠢᠯ ᠢᠶᠠᠨ ᠵᠣᠬᠢᠶᠠᠨ ᠪᠠᠶᠢᠭᠤᠯᠵᠤ | ᠬᠡᠷᠡᠭᠵᠢᠬᠦᠯᠬᠦ ᠬᠡᠷᠡᠭᠲᠡᠢ᠃ ᠬᠦᠨᠳᠦ ᠶᠡᠭᠡ ᠭᠠᠯ ᠤᠨ ᠠᠶᠤᠯ ᠤᠨ ᠳᠠᠯᠳᠠ ᠭᠡᠮ ᠳᠤ ᠨᠡᠷ᠎ᠡ ᠵᠢᠭᠠᠵᠤ ᠰᠢᠮᠳᠠᠭᠤᠯᠤᠨ | ᠰᠢᠢᠳᠪᠦᠷᠢᠯᠡᠭᠦᠯᠬᠦ ᠳᠦᠷᠢᠮ ᠢ ᠬᠡᠷᠡᠭᠵᠢᠭᠦᠯᠬᠦ ᠬᠡᠷᠡᠭᠲᠡᠶ᠃ | ︵ᠵᠢᠷᠭᠤᠭ᠎ᠠ︶ ᠭᠠᠯ ᠤᠨᠲᠠᠷᠠᠭᠠᠵᠤ ᠠᠪᠤᠷᠠᠨ ᠲᠤᠰᠠᠯᠠᠬᠤ ᠨᠡᠶᠢᠭᠡᠮ ᠤᠨ ᠬᠤᠯᠪᠣᠭᠠᠯᠠᠨ ᠬᠥᠳᠡᠯᠦᠯᠴᠡᠬᠦ ᠪᠠ | ᠪᠠᠴᠢᠮ ᠪᠠᠶᠢᠳᠠᠯ ᠢ ᠠᠷᠭᠠᠴᠠᠭᠠᠬᠤ ᠳᠤ ᠬᠦᠳᠡᠯᠦᠯᠴᠡᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠭᠠᠯ | ᠤᠨᠲᠠᠷᠠᠭᠠᠵᠤ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠵᠤ | ᠲᠣᠭᠲᠠᠭᠠᠨ᠂ ᠠᠵᠢᠯᠲᠠᠨ᠂ ᠲᠣᠨᠤᠭ ᠲᠥᠬᠦᠭᠡᠷᠦᠮᠵᠢ᠂ ᠵᠠᠷᠤᠳᠠᠯ ᠪᠠ ᠭᠠᠯ ᠤᠨᠲᠠᠷᠠᠭᠠᠬᠤ ᠡᠮ ᠨᠤᠨᠳᠠᠭ ᠵᠡᠷᠭᠡ ᠶᠢᠨ | ᠪᠠᠲᠤᠯᠠᠭ᠎ᠠ ᠶᠢ ᠨᠠᠶᠢᠳᠠᠪᠤᠷᠢᠵᠢᠭᠤᠯᠵᠤ᠂ ᠬᠡᠷᠡᠭᠴᠡᠭᠡ ᠪᠠᠨ ᠦᠨᠳᠦᠰᠦᠯᠡᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠳᠤ | ᠬᠡᠷᠡᠭᠰᠡᠬᠦ ᠠᠵᠢᠯ ᠤᠨ ᠮᠠᠰᠢᠨ ᠮᠧᠬᠠᠨᠢᠭ ᠪᠠ ᠣᠨᠴᠠᠭᠠᠢ ᠲᠣᠨᠤᠭ ᠲᠥᠬᠦᠭᠡᠷᠦᠮᠵᠢ ᠶᠢ ᠰᠢᠯᠵᠢᠭᠦᠯᠦᠨ ᠲᠤᠬᠢᠷᠠᠭᠤᠯᠬᠤ | ᠬᠡᠷᠡᠭᠲᠡᠶ᠃ | ︵ᠳᠣᠯᠤᠭ᠎ᠠ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠤᠯᠤᠰ ᠤᠨ ᠶᠡᠷᠦᠩᠬᠡᠶᠢᠯᠡᠭᠰᠡᠨ ᠴᠢᠨᠠᠷᠲᠠᠶ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠠᠩᠭᠢ᠂ ᠵᠠᠰᠠᠭ ᠤᠨ | ᠣᠷᠳᠣᠨ ᠤ ᠲᠤᠰᠬᠠᠶ ᠭᠠᠯ ᠤᠨᠲᠠᠷᠠᠭᠠᠬᠤ ᠠᠩᠭᠢ᠂ ᠭᠠᠯ ᠤᠨᠲᠠᠷᠠᠭᠠᠬᠤ ᠰᠠᠶᠢᠨ ᠳᠤᠷᠠᠴᠤᠳ ᠤᠨ ᠡᠩᠨᠡᠭᠡ ᠶᠢ | ᠪᠠᠶᠢᠭᠤᠯᠬᠤ ᠶᠢᠨ ᠬᠠᠮᠲᠤ᠂ ᠴᠢᠬᠤᠯᠠ ᠪᠦᠬᠦᠢ ᠪᠠᠲᠤᠯᠠᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠵᠠᠰᠠᠭ ᠤᠨ | ᠣᠷᠳᠣᠨ ᠤ ᠲᠤᠰᠬᠠᠶ ᠭᠠᠯ ᠤᠨᠲᠠᠷᠠᠭᠠᠬᠤ ᠠᠩᠭᠢ ᠶᠢᠨ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠲᠣᠳᠤᠷᠬᠠᠢ | ᠲᠣᠭᠲᠠᠭᠠᠨ᠂ ᠤᠷᠢᠵᠤ ᠡᠯᠰᠡᠬᠦ᠂ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠵᠠᠰᠠᠭ ᠤᠨ | ᠣᠷᠳᠣᠨ ᠤ ᠲᠤᠰᠬᠠᠶ ᠭᠠᠯ ᠤᠨᠲᠠᠷᠠᠭᠠᠬᠤ ᠠᠩᠭᠢ ᠶᠢᠨ ᠭᠡᠰᠢᠭᠦᠨ ᠢ ᠡᠯᠰᠡᠵᠦ᠂ ᠠᠵᠢᠯ ᠤᠨ ᠬᠡᠷ ᠪᠠᠶᠢᠰᠢᠩ | ᠪᠠᠶᠢᠭᠤᠯᠵᠤ᠂ ᠲᠣᠨᠤᠭ ᠲᠥᠬᠦᠭᠡᠷᠦᠮᠵᠢ ᠶᠢ ᠨᠢ ᠪᠦᠷᠢᠨ ᠲᠣᠬᠢᠷᠠᠭᠤᠯᠬᠤ ᠬᠡᠷᠡᠭᠲᠡᠢ︔ ᠴᠠᠯᠢᠩ᠂ ᠳᠠᠭᠠᠳᠬᠠᠯ ᠪᠠ | ᠬᠠᠮᠢᠶ᠎ᠠ ᠪᠦᠬᠦᠢ ᠠᠰᠠᠷᠠᠮᠵᠢ ᠣᠯᠭᠤᠮᠵᠢ ᠶᠢ ᠨᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠬᠤ ᠬᠡᠷᠡᠭᠲᠡᠶ᠃ | ︵ᠨᠠᠢᠮᠠ︶ ᠭᠠᠯ ᠰᠡᠷᠭᠡᠶᠢᠯᠡᠵᠦ ᠤᠨᠲᠠᠷᠠᠭᠠᠬᠤ ᠲᠠᠯ᠎ᠠ ᠪᠠᠷ ᠬᠢ ᠰᠢᠨᠵᠢᠯᠡᠬᠦ ᠤᠬᠠᠭᠠᠨ ᠤ ᠰᠤᠳᠤᠯᠤᠯ ᠪᠠ | ᠮᠡᠷᠭᠡᠵᠢᠯ ᠤᠨ ᠰᠢᠨ᠎ᠡ ᠡᠭᠦᠳᠦᠯᠲᠡ ᠶᠢ ᠠᠬᠢᠭᠤᠯᠵᠤ᠂ ᠲᠡᠷᠢᠭᠦᠨ ᠤ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠮᠡᠷᠭᠡᠵᠢᠯ᠂ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠬᠡᠷᠡᠭᠲᠡᠶ᠃ | ︵ᠶᠢᠰᠦ︶ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠶᠢᠨ ᠠᠵᠢᠯ ᠢ ᠪᠠᠶᠢᠩᠭᠤ ᠶᠢᠨ ᠴᠢᠨᠠᠷᠲᠠᠶ | ᠵᠣᠬᠢᠶᠠᠨ ᠪᠠᠶᠢᠭᠤᠯᠵᠦ ᠥᠷᠨᠢᠭᠦᠯᠦᠨ᠂ ᠭᠠᠯ ᠰᠡᠷᠭᠡᠶᠢᠯᠡᠵᠦ ᠤᠨᠲᠠᠷᠠᠭᠠᠬᠤ ᠨᠡᠶᠢᠲᠡ ᠶᠢᠨ ᠠᠰᠠᠷᠠᠮᠵᠢ ᠶᠢᠨ ᠦᠢᠯᠡᠰ ᠢ | ᠬᠥᠭᠵᠢᠭᠦᠯᠬᠦ ᠬᠡᠷᠡᠭᠲᠡᠶ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ᠂ ᠨᠡᠶᠢᠭᠡᠮ ᠤᠨ ᠬᠢᠨ ᠤ ᠪᠡᠯᠡ | ᠮᠥᠩᠭᠦ ᠶᠢ ᠬᠠᠮᠲᠤ ᠳᠤ ᠨᠢ ᠣᠷᠣᠯᠴᠠᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠭᠠᠯ ᠰᠡᠷᠭᠡᠶᠢᠯᠡᠵᠦ ᠤᠨᠲᠠᠷᠠᠭᠠᠬᠤ | ᠬᠥᠮᠦᠵᠢᠯ ᠪᠣᠯᠪᠠᠰᠤᠷᠠᠭᠤᠯᠤᠯ᠂ ᠮᠡᠷᠭᠡᠵᠢᠯ ᠤᠨ ᠦᠢᠯᠡᠴᠢᠯᠡᠭᠡ ᠪᠠ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠤ ᠰᠡᠷᠭᠡᠶᠢᠯᠡᠯᠲᠡ ᠵᠡᠷᠭᠡ ᠠᠵᠢᠯ ᠢ ᠠᠬᠢᠭᠤᠯᠬᠤ ᠬᠡᠷᠡᠭᠲᠡᠢ᠃ | ︵ᠠᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠳᠤ ᠲᠣᠭᠲᠠᠭᠠᠭᠰᠠᠨ ᠭᠠᠯ | ᠰᠡᠷᠭᠡᠶᠢᠯᠡᠵᠦ ᠤᠨᠲᠠᠷᠠᠭᠠᠬᠤ ᠠᠵᠢᠯ ᠤᠨ ᠪᠤᠰᠤᠳ ᠡᠭᠦᠷᠭᠡ ᠬᠠᠷᠢᠭᠤᠴᠠᠯᠭ᠎ᠠ᠃ | ᠶᠢᠰᠦᠳᠦᠭᠡᠷ ᠵᠦᠢᠯ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ | ᠨᠢ ᠨᠠᠢᠮᠠᠳᠤᠭᠠᠷ ᠵᠦᠢᠯ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠴᠠ ᠭᠠᠳᠠᠨ᠎ᠠ᠂ ᠪᠠᠰᠠ | ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ ᠬᠡᠷᠡᠭᠲᠡᠶ᠄ | ︵ᠨᠢᠭᠡ︶ ᠬᠤᠲᠠ ᠬᠥᠳᠡᠭᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠲᠥᠯᠥᠪᠵᠢᠭᠦᠯᠭᠡ ᠶᠢ ᠰᠢᠨᠵᠢᠯᠡᠬᠦ | ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠪᠠ ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠠᠩᠭᠢ ᠪᠠ | ᠥᠷᠲᠡᠭᠡ᠂ ᠪᠣᠯᠪᠠᠰᠤᠷᠠᠯ ᠤᠨ ᠪᠡᠯᠡᠳᠬᠡᠮᠵᠢ ᠵᠡᠷᠭᠡ ᠪᠦᠲᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠢ ᠤᠷᠢᠳᠴᠢᠯᠠᠨ | ᠦᠯᠡᠳᠡᠭᠡᠬᠦ ᠬᠡᠷᠡᠭᠲᠡᠢ᠃ ᠭᠠᠯ ᠤᠨᠲᠠᠷᠠᠭᠠᠬᠤ ᠤᠰᠤᠨ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠲᠣᠭᠲᠠᠭᠠᠯ ᠶᠣᠰᠣᠭᠠᠷ ᠬᠤᠲᠠ ᠶᠢᠨ ᠶᠠᠪᠤᠳᠠᠯ ᠤᠨ ᠭᠠᠯ ᠤᠨᠲᠠᠷᠠᠭᠠᠬᠤ ᠤᠰᠤᠨ ᠤ | ᠬᠠᠩᠭᠠᠯᠭ᠎ᠠ ᠶᠢᠨ ᠪᠡᠯᠡᠳᠬᠡᠮᠵᠢ ᠶᠢ ᠪᠠᠶᠢᠭᠤᠯᠵᠤ᠂ ᠬᠤᠲᠠ ᠶᠢᠨ ᠶᠠᠪᠤᠳᠠᠯ ᠤᠨ ᠭᠠᠯ ᠤᠨᠲᠠᠷᠠᠭᠠᠬᠤ ᠤᠰᠤᠨ ᠤ | ᠰᠤᠷᠪᠤᠯᠵᠢ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠪᠦᠲᠦᠭᠡᠨ ᠪᠠᠶᠢᠭᠤᠯᠬᠤ᠂ ᠬᠠᠮᠢᠶᠠᠷᠤᠨ ᠬᠠᠮᠠᠭᠠᠯᠠᠬᠤ | ᠰᠠᠯᠠᠭ᠎ᠠ ᠮᠥᠴᠢᠷ ᠪᠠ ᠨᠢᠭᠡᠴᠢ ᠶᠢ ᠲᠣᠳᠣᠷᠬᠠᠢ ᠲᠣᠭᠲᠠᠭᠠᠬᠤ ᠬᠡᠷᠡᠭᠲᠡᠶ᠃ | ︵ᠬᠤᠶᠠᠷ︶ ᠭᠠᠯ ᠰᠡᠷᠭᠡᠶᠢᠯᠡᠵᠦ ᠤᠨᠲᠠᠷᠠᠭᠠᠬᠤ ᠤᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ | ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠢᠨᠵᠧᠨᠧᠷᠢᠩ ᠪᠤᠶᠤ ᠠᠷᠠᠳ ᠲᠤ ᠪᠣᠳᠠᠲᠤ ᠶᠠᠪᠤᠳᠠᠯ ᠬᠢᠬᠦ | ᠢᠨᠵᠧᠨᠧᠷᠢᠩ ᠳᠤ ᠣᠷᠣᠭᠤᠯᠬᠤ ᠬᠡᠷᠡᠭᠲᠡᠢ︔ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ᠂ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ᠂ ᠬᠡᠤᠬᠡᠳ ᠤᠨ ᠴᠡᠴᠡᠷᠯᠢᠭ᠂ ᠬᠡᠤᠬᠡᠳ ᠰᠠᠭᠠᠲᠠᠭᠤᠯᠬᠤ ᠭᠠᠵᠠᠷ᠂ ᠰᠠᠭᠤᠭᠠᠯᠢ | ᠠᠷᠠᠳ ᠤᠨ ᠬᠡᠷ ᠪᠦᠯᠢ᠂ ᠵᠢᠵᠢᠭ ᠪᠠᠭᠤᠳᠠᠯ᠂ ᠪᠦᠯᠦᠭᠯᠡᠨ ᠲᠦᠷᠢᠶᠡᠰᠦᠯᠡᠬᠦ ᠬᠡᠷ ᠵᠢᠴᠢ ᠬᠤᠨᠣᠵᠤ ᠰᠠᠭᠤᠬᠤ ᠬᠢᠭᠡᠳ | ᠦᠢᠯᠡᠳᠪᠦᠷᠢᠯᠡᠬᠦ᠂ ᠬᠠᠳᠠᠭᠠᠯᠠᠬᠤ᠂ ᠡᠵᠡᠩᠨᠡᠬᠦ ᠳᠤ ᠬᠠᠮᠲᠤᠷᠠᠨ ᠬᠡᠷᠡᠭᠯᠡᠬᠦ ᠲᠠᠯᠠᠪᠤᠷ ᠭᠠᠵᠠᠷ ᠲᠤ ᠰᠦᠷᠴᠢᠭᠦᠷ ᠤᠨ | ᠲᠥᠬᠦᠮ ᠲᠣᠨᠣᠭᠯᠠᠯ᠂ ᠤᠲᠤᠭ᠎ᠠ ᠪᠠᠷ ᠭᠠᠯ ᠤᠨ ᠠᠶᠤᠯ ᠢ ᠰᠡᠷᠡᠵᠦ ᠰᠢᠨᠵᠢᠬᠦ ᠲᠤᠰᠠᠭᠠᠷ ᠰᠡᠷᠡᠮᠵᠢᠯᠡᠭᠦᠯᠬᠦ ᠪᠠᠭᠠᠵᠢ | ᠤᠭᠰᠠᠷᠠᠬᠤ ᠶᠢ ᠳᠡᠯᠭᠡᠷᠡᠭᠦᠯᠬᠦ ᠬᠡᠷᠡᠭᠲᠡᠢ᠃ | ︵ᠭᠤᠷᠪᠠ︶ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠨ᠂ | ᠭᠠᠯ ᠰᠡᠷᠭᠡᠶᠢᠯᠡᠵᠦ ᠤᠨᠲᠠᠷᠠᠭᠠᠬᠤ ᠲᠠᠯ᠎ᠠ ᠪᠠᠷ ᠬᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠬᠦᠮᠦᠵᠢᠯ ᠤᠨ ᠰᠠᠭᠤᠷᠢᠨ ᠭᠠᠵᠠᠷ ᠢ ᠲᠥᠯᠥᠪᠯᠡᠭᠡ ᠲᠠᠢ ᠪᠠᠷ ᠪᠦᠲᠦᠭᠡᠨ ᠪᠠᠶᠢᠭᠤᠯᠵᠤ᠂ | ᠭᠠᠯ ᠰᠡᠷᠭᠡᠶᠢᠯᠡᠵᠦ ᠤᠨᠲᠠᠷᠠᠭᠠᠬᠤ ᠲᠠᠯ᠎ᠠ ᠪᠠᠷ ᠬᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ | ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃ | ᠠᠷᠪᠠᠳᠤᠭᠠᠷ ᠵᠦᠢᠯ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠳᠣᠤᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄ | ︵ᠨᠢᠭᠡ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠭᠤᠯᠭ᠎ᠠ ᠶᠢ ᠰᠤᠮᠤ ᠰᠢᠶᠠᠩ | ᠪᠠᠯᠭᠠᠰᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠳᠤ ᠣᠷᠣᠭᠤᠯᠬᠤ ᠶᠢᠨ | ᠬᠠᠮᠲᠤ᠂ ᠴᠢᠩᠭ᠎ᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠶ᠃ | ︵ᠬᠤᠶᠠᠷ︶ ᠴᠢᠬᠤᠯᠠ ᠪᠦᠬᠦᠢ ᠪᠡᠯᠡ ᠮᠥᠩᠭᠦ ᠲᠣᠬᠢᠷᠠᠭᠤᠯᠵᠤ᠂ ᠣᠯᠠᠨ ᠨᠡᠶᠢᠲᠡ ᠶᠢᠨ ᠭᠠᠯ ᠰᠡᠷᠭᠡᠶᠢᠯᠡᠵᠦ | ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠤᠨ ᠵᠠᠷᠤᠳᠠᠯ ᠤᠨ | ᠵᠠᠷᠤᠯᠭ᠎ᠠ ᠳᠤ ᠬᠡᠷᠡᠭᠯᠡᠬᠦ ᠬᠡᠷᠡᠭᠲᠡᠢ᠃ | ︵ᠭᠤᠷᠪᠠ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠴᠡᠭᠴᠡᠯᠡᠨ ᠵᠠᠰᠠᠬᠤ ᠶᠢ ᠪᠠᠶᠢᠷᠢᠯᠠᠭᠤᠯᠵᠤ᠂ | ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠦᠨ᠂ | ᠭᠠᠯ ᠤᠨ ᠠᠶᠤᠯ ᠤᠨ ᠳᠠᠯᠳᠠ ᠭᠡᠮ ᠢ ᠰᠢᠮᠳᠠᠭᠤᠯᠤᠨ ᠴᠡᠭᠴᠡᠯᠡᠵᠦ ᠰᠠᠶᠢᠵᠢᠷᠠᠭᠤᠯᠬᠤ ᠬᠡᠷᠡᠭᠲᠡᠶ᠃ | ︵ᠳᠥᠷᠪᠡ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠵᠣᠬᠢᠶᠠᠨ ᠪᠠᠶᠢᠭᠤᠯᠤᠯᠲᠠ ᠶᠢ | ᠪᠠᠶᠢᠭᠤᠯᠵᠤ᠂ ᠲᠤᠰᠬᠠᠶ ᠬᠥᠮᠦᠨ ᠲᠣᠭᠲᠠᠭᠠᠵᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠬᠠᠷᠢᠴᠠᠭᠤᠯᠤᠨ᠂ | ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ︽ ᠲᠤᠤᠷᠵᠢᠯᠬᠠᠰᠠᠨ︾ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠ | ᠱᠠᠭᠠᠷᠳᠠᠯᠭ᠎ᠠ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠲᠤᠬᠢᠷᠠᠭᠤᠯᠤᠨ ᠨᠠᠶᠢᠳᠠᠪᠤᠷᠢᠵᠢᠭᠤᠯᠬᠤ | ᠬᠡᠷᠡᠭᠲᠡᠶ᠃ | ︵ᠲᠠᠪᠤ︶ ᠲᠤᠬᠠᠶ ᠶᠢᠨ ᠭᠠᠵᠠᠷ ᠤᠨ ᠠᠵᠤ ᠠᠬᠤᠢ ᠶᠢᠨ ᠬᠥᠭᠵᠢᠯᠲᠡ ᠪᠠ ᠭᠠᠯ ᠰᠡᠷᠭᠡᠶᠢᠯᠡᠵᠦ ᠤᠨᠲᠠᠷᠠᠭᠠᠬᠤ | ᠠᠵᠢᠯ ᠤᠨ ᠬᠡᠷᠡᠭᠴᠡᠭᠡ ᠪᠠᠨ ᠦᠨᠳᠦᠰᠦᠯᠡᠨ ᠭᠠᠯ ᠤᠨᠲᠠᠷᠠᠭᠠᠬᠤ ᠲᠤᠰᠬᠠᠶ ᠠᠩᠭᠢ᠂ ᠰᠠᠶᠢᠨ ᠳᠤᠷᠠᠴᠤᠳ ᠤᠨ ᠭᠠᠯ | ᠤᠨᠲᠠᠷᠠᠭᠠᠬᠤ ᠠᠩᠭᠢ ᠶᠢ ᠪᠠᠶᠢᠭᠤᠯᠵᠤ᠂ ᠭᠠᠯ ᠤᠨᠲᠠᠷᠠᠭᠠᠵᠤ ᠠᠶᠤᠯ ᠠᠴᠠ ᠠᠪᠤᠷᠠᠬᠤ᠂ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠵᠡᠷᠭᠡ ᠡᠭᠦᠷᠭᠡ ᠴᠢᠳᠠᠪᠤᠷᠢ ᠶᠢ ᠡᠭᠦᠷᠭᠡᠯᠡᠭᠦᠯᠬᠦ ᠶᠢᠨ ᠬᠠᠮᠲᠤ᠂ ᠭᠠᠯ ᠰᠡᠷᠭᠡᠶᠢᠯᠡᠵᠦ | ᠤᠨᠲᠠᠷᠠᠭᠠᠬᠤ ᠲᠠᠯ᠎ᠠ ᠪᠠᠷ ᠬᠢ ᠤᠬᠠᠭᠤᠯᠭ᠎ᠠ᠂ ᠲᠠᠷᠬᠠᠭᠠᠵᠤ ᠵᠠᠶᠢᠯᠠᠭᠤᠯᠬᠤ ᠰᠣᠷᠢᠯᠲᠠ᠂ ᠭᠠᠯ ᠰᠡᠷᠭᠡᠶᠢᠯᠡᠬᠦ ᠴᠠᠭᠳᠠᠨ | ᠪᠠᠶᠢᠴᠠᠭᠠᠯᠲᠠ᠂ ᠳᠠᠯᠳᠠ ᠭᠡᠮ ᠢ ᠪᠠᠶᠢᠴᠠᠭᠠᠵᠤ ᠠᠷᠢᠯᠭᠠᠬᠤ ᠠᠵᠢᠯ ᠢ ᠥᠷᠨᠢᠭᠦᠯᠬᠦ ᠬᠡᠷᠡᠭᠲᠡᠢ᠃ | ︵ᠵᠢᠷᠭᠤᠭ᠎ᠠ︶ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ | ︵ᠨᠡᠶᠢᠭᠡᠮ ᠲᠣᠭᠤᠷᠢᠭ︶ ᠢ ᠵᠢᠭᠠᠨ ᠵᠢᠯᠣᠭᠤᠳᠴᠤ ᠪᠠᠶᠢᠭᠠᠳ ᠭᠠᠯ ᠰᠡᠷᠭᠡᠶᠢᠯᠡᠵᠦ ᠤᠨᠲᠠᠷᠠᠭᠠᠬᠤ ᠣᠯᠠᠨ ᠲᠦᠮᠡᠨᠴᠢ | ᠴᠢᠨᠠᠷᠲᠠᠶ ᠠᠵᠢᠯ ᠢ ᠥᠷᠨᠢᠭᠦᠯᠵᠦ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠭᠴᠢ ᠶᠢ | ᠲᠤᠳᠤᠷᠬᠠᠢ ᠲᠣᠭᠲᠠᠭᠠᠨ᠂ ᠭᠠᠯ ᠰᠡᠷᠭᠡᠶᠢᠯᠡᠬᠦ ᠠᠮᠤᠷ ᠲᠦᠪᠰᠢᠨ ᠤ ᠨᠡᠶᠢᠲᠡ ᠶᠢᠨ ᠭᠡᠷ᠎ᠡ ᠶᠢ ᠲᠣᠭᠲᠠᠭᠠᠵᠤ᠂ | ᠬᠡᠷᠡᠭᠴᠡᠭᠡ ᠪᠠᠨ ᠦᠨᠳᠦᠰᠦᠯᠡᠨ ᠰᠠᠶᠢᠨ ᠳᠤᠷᠠᠴᠤᠳ ᠤᠨ ᠭᠠᠯ ᠤᠨᠲᠠᠷᠠᠭᠠᠬᠤ ᠠᠩᠭᠢ ᠪᠤᠶᠤ ᠭᠠᠯ ᠤᠨᠲᠠᠷᠠᠭᠠᠬᠤ | ᠪᠢᠴᠢᠯ ᠥᠷᠲᠡᠭᠡ ᠶᠢ ᠪᠠᠶᠢᠭᠤᠯᠤᠨ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ᠂ | ᠤᠬᠠᠭᠤᠯᠭ᠎ᠠ ᠬᠥᠮᠥᠵᠢᠯ᠂ ᠪᠠᠴᠢᠮ ᠪᠠᠶᠢᠳᠠᠯ ᠢ ᠠᠷᠭᠠᠴᠠᠭᠠᠨ ᠲᠠᠷᠬᠠᠭᠠᠵᠤ ᠵᠠᠶᠢᠯᠠᠭᠤᠯᠬᠤ ᠰᠣᠷᠢᠯᠲᠠ ᠵᠡᠷᠭᠡ ᠶᠢᠨ | ᠠᠵᠢᠯ ᠢ ᠥᠷᠨᠢᠭᠦᠯᠬᠦ ᠬᠡᠷᠡᠭᠲᠡᠶ᠃ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠡᠮᠦᠨᠡᠬᠢ ︵ᠭᠤᠷᠪᠠ︶ ︵ᠳᠥᠷᠪᠡ︶ ︵ᠲᠠᠪᠤ︶ ︵ | ᠵᠢᠷᠭᠤᠭ᠎ᠠ︶ ᠳ᠋ᠤᠭᠠᠷ ᠵᠤᠷᠪᠤᠰ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠶᠢᠨ ᠬᠠᠮᠲᠤ᠂ ᠭᠠᠯ ᠰᠡᠷᠭᠡᠶᠢᠯᠡᠵᠦ | ᠤᠨᠲᠠᠷᠠᠭᠠᠬᠤ ᠠᠵᠢᠯ ᠤᠨ ᠵᠠᠷᠤᠳᠠᠯ ᠢ ᠪᠠᠲᠤᠯᠠᠬᠤ ᠬᠡᠷᠡᠭᠲᠡᠶ᠃ | ᠠᠷᠪᠠᠨ ᠨᠢᠭᠡᠳᠦᠭᠡᠷ ᠵᠦᠢᠯ ᠨᠡᠭᠡᠭᠡᠯᠳᠡ ᠬᠢᠬᠦ ᠣᠷᠣᠨ ᠤ ᠬᠠᠮᠢᠶᠠᠷᠤᠯᠲᠠ ᠶᠢᠨ ᠪᠠᠶᠢᠭᠤᠯᠤᠮᠵᠢ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠵᠡᠷᠭᠡ ᠵᠠᠰᠠᠭ ᠤᠨ ᠣᠷᠳᠣᠨ ᠤ | ᠲᠣᠮᠢᠯᠠᠭᠰᠠᠨ ᠪᠠᠶᠢᠭᠤᠯᠭ᠎ᠠ ᠨᠢ ᠣᠷᠣᠨ ᠪᠦᠰᠡ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠬᠠᠷᠢᠭᠤᠴᠠᠨ | ᠬᠠᠮᠢᠶᠠᠷᠴᠤ᠂ ᠲᠤᠰ ᠠᠷᠭ᠎ᠠ ᠶᠢᠨ ᠶᠣᠰᠣᠭᠠᠷ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠯ | ᠰᠡᠷᠭᠡᠶᠢᠯᠡᠵᠦ ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠃ | | | ᠭᠤᠷᠪᠠᠳᠤᠭᠠᠷ ᠪᠦᠯᠦᠭ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠠᠵᠢᠯ ᠤᠨ ᠰᠠᠯᠠᠭ᠎ᠠ ᠮᠥᠴᠢᠷ ᠵᠢᠴᠢ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠬᠤᠯᠪᠣᠭᠳᠠᠯ ᠪᠦᠬᠦᠢ | ᠨᠢᠭᠡᠴᠢ ᠪᠠ ᠪᠠᠶᠢᠭᠤᠯᠤᠮᠵᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ | | | ᠠᠷᠪᠠᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠠᠵᠢᠯ ᠤᠨ ᠰᠠᠯᠠᠭ᠎ᠠ ᠮᠥᠴᠢᠷ ᠵᠢᠴᠢ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠬᠤᠯᠪᠣᠭᠳᠠᠯ ᠪᠥᠬᠦᠶ | ᠨᠢᠭᠡᠴᠢ ᠪᠠ ᠪᠠᠶᠢᠭᠤᠯᠤᠮᠵᠢ ᠶᠢᠨ ᠬᠠᠮᠲᠤ ᠶᠢᠨ ᠡᠭᠦᠷᠭᠡ ᠬᠠᠷᠢᠭᠤᠴᠠᠯᠭ᠎ᠠ᠄ | ︵ᠨᠢᠭᠡ︶ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠤᠳᠤᠷᠢᠳᠴᠤ ᠵᠣᠬᠢᠶᠠᠨ ᠪᠠᠶᠢᠭᠤᠯᠬᠤ | ᠪᠠᠶᠢᠭᠤᠯᠤᠮᠵᠢ ᠪᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠢ ᠨᠢ ᠲᠣᠳᠣᠷᠬᠠᠢ ᠲᠣᠭᠲᠠᠭᠠᠨ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠡᠯ᠎ᠡ | ᠵᠦᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ | ︵ᠬᠤᠶᠠᠷ︶ ᠲᠣᠰ ᠠᠵᠢᠯ ᠲᠥᠷᠥᠯ᠂ ᠲᠣᠰ ᠰᠢᠰᠲ᠋ᠧᠮ ᠤᠨ ᠲᠤᠬᠠᠶᠢᠯᠠᠭᠰᠠᠨ ᠠᠵᠢᠯ ᠤᠨ ᠣᠨᠴᠠᠯᠢᠭ ᠢᠶᠠᠨ | ᠦᠨᠳᠦᠰᠦᠯᠡᠨ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠭᠤᠯᠭ᠎ᠠ ᠶᠢ ᠠᠵᠢᠯ ᠲᠥᠷᠥᠯ ᠤᠨ ᠠᠶᠤᠯ | ᠦᠭᠡᠢ ᠦᠢᠯᠡᠳᠪᠦᠷᠢᠯᠡᠯ ᠤᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ᠂ ᠲᠥᠯᠥᠪᠵᠢᠭᠦᠯᠪᠡ ᠲᠥᠯᠥᠪᠯᠡᠭᠡ ᠪᠠ | ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠳᠤ ᠪᠠᠨ ᠣᠷᠣᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ | ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ᠃ | ︵ᠭᠤᠷᠪᠠ︶ ᠲᠣᠰ ᠠᠵᠢᠯ ᠲᠥᠷᠥᠯ᠂ ᠲᠣᠰ ᠰᠢᠰᠲ᠋ᠧᠮ ᠤᠨ ᠬᠠᠮᠢᠶ᠎ᠠ ᠪᠦᠬᠦᠢ ᠨᠢᠭᠡᠴᠢ ᠪᠠᠨ ᠬᠠᠤᠯᠢ | ᠶᠣᠰᠣᠭᠠᠷ ᠰᠢᠮᠳᠠᠭᠤᠯᠵᠤ ᠪᠠᠶᠢᠭᠠᠳ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠦᠷᠢᠮ ᠢ ᠨᠠᠶᠢᠳᠠᠪᠤᠷᠢᠵᠢᠭᠤᠯᠤᠨ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ | ᠳᠦᠷᠢᠮ ᠢ ᠪᠠᠶᠢᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠲᠤᠰᠬᠠᠶ ︵ᠬᠠᠪᠰᠤᠷᠭᠠᠭᠰᠠᠨ︶ | ᠲᠤᠰᠢᠶᠠᠯᠲᠤ ᠬᠠᠮᠢᠶᠠᠷᠬᠤ ᠠᠵᠢᠯᠲᠠᠨ ᠢ ᠲᠣᠭᠲᠠᠭᠠᠨ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠵᠠᠷᠤᠳᠠᠯ ᠢ | ᠨᠠᠶᠢᠳᠠᠪᠤᠷᠢᠵᠢᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠠᠷᠢᠮᠵᠢᠶᠠᠵᠢᠭᠰᠠᠨ ᠬᠠᠮᠢᠶᠠᠷᠤᠯᠲᠠ ᠶᠢ | ᠬᠡᠷᠡᠭᠵᠢᠭᠦᠯᠬᠦ ᠬᠡᠷᠡᠭᠲᠡᠶ᠃ | ︵ᠳᠥᠷᠪᠡ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠲᠠᠯ᠎ᠠ ᠪᠠᠷ ᠬᠢ ᠴᠢᠭᠯᠡᠭᠦᠯᠬᠦ ᠴᠢᠨᠠᠷᠲᠠᠶ | ᠪᠠᠶᠢᠴᠠᠭᠠᠨ ᠵᠠᠰᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠂ ᠭᠠᠯ ᠤᠨ ᠠᠶᠤᠯ ᠤᠨ ᠳᠠᠯᠳᠠ ᠬᠡᠮ ᠢ | ᠠᠷᠢᠯᠭᠠᠬᠤ ᠬᠡᠷᠡᠭᠲᠡᠢ︔ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ ᠢ | ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠵᠣᠬᠢᠶᠠᠨ ᠪᠠᠶᠢᠭᠤᠯᠵᠤ᠂ ᠠᠵᠢᠯ ᠲᠥᠷᠥᠯ ᠤᠨ | ᠠᠵᠢᠯ ᠡᠷᠬᠢᠯᠡᠭᠰᠡᠳ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ | ᠳᠡᠭᠡᠭᠰᠢᠯᠡᠭᠦᠯᠬᠦ ᠬᠡᠷᠡᠭᠲᠡᠶ᠃ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠳᠤ ᠲᠣᠭᠲᠠᠭᠠᠭᠰᠠᠨ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠤᠰᠤᠳ ᠡᠭᠦᠷᠭᠡ ᠬᠠᠷᠢᠭᠤᠴᠠᠯᠭ᠎ᠠ᠃ | ᠠᠷᠪᠠᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠠᠵᠢᠯ ᠤᠨ ᠰᠠᠯᠠᠭ᠎ᠠ ᠮᠥᠴᠢᠷ ᠵᠢᠴᠢ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠨᠢᠭᠡᠴᠢ ᠪᠠ | ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠄ | ︵ᠨᠢᠭᠡ︶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠨᠢ ᠭᠠᠯ | ᠰᠡᠷᠭᠡᠶᠢᠯᠡᠵᠦ ᠤᠨᠲᠠᠷᠠᠭᠠᠬᠤ ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠲᠤᠰ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠭᠠᠯ ᠰᠡᠷᠬᠡᠶᠢᠯᠡᠨ ᠤᠨᠲᠠᠷᠠᠭᠠᠵᠤ | ᠠᠪᠤᠷᠠᠨ ᠲᠤᠰᠠᠯᠠᠬᠤ ᠪᠠᠶᠢᠭᠤᠯᠤᠮᠵᠢ ᠪᠠ ᠳᠣᠣᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠯ | ᠰᠡᠷᠭᠡᠶᠢᠯᠡᠵᠦ ᠤᠨᠲᠠᠷᠠᠭᠠᠬᠤ ᠠᠵᠢᠯ ᠢ ᠵᠢᠭᠠᠨ ᠵᠢᠯᠣᠭᠤᠳᠴᠤ ᠵᠣᠬᠢᠴᠠᠭᠤᠯᠤᠨ᠂ ᠬᠢᠨᠠᠯᠲᠠ ᠲᠠᠯᠪᠢᠨ ᠪᠠᠶᠢᠴᠠᠭᠠᠵᠤ᠂ | ᠴᠠᠭᠳᠠᠨ ᠪᠠᠶᠢᠴᠠᠭᠠᠵᠤ ᠰᠢᠯᠭᠠᠨ ᠬᠢᠨᠠᠬᠤ ᠬᠡᠷᠡᠭᠲᠡᠢ᠃ ᠭᠠᠯ ᠰᠡᠷᠬᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ | ᠪᠠᠶᠢᠭᠤᠯᠤᠮᠵᠢ ᠶᠢᠨ ᠲᠣᠭᠲᠠᠭᠠᠭᠰᠠᠨ ᠲᠣᠰ ᠵᠠᠰᠠᠭ ᠵᠠᠬᠢᠷᠭᠠᠨ ᠤ ᠣᠷᠣᠨ ᠳᠠᠬᠢ ᠭᠠᠯ ᠰᠡᠷᠭᠡᠶᠢᠯᠡᠵᠦ ᠤᠨᠲᠠᠷᠠᠭᠠᠬᠤ | ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠢ ᠶᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠬᠡᠷᠡᠭᠲᠡᠶ᠃ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ | ᠪᠠᠶᠢᠭᠤᠯᠤᠮᠵᠢ ᠨᠤᠭᠤᠳ ᠨᠢ ᠭᠠᠯ ᠰᠡᠷᠭᠡᠶᠢᠯᠡᠵᠦ ᠤᠨᠲᠠᠷᠠᠭᠠᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠳᠤ ᠪᠠᠨ | ᠣᠯᠵᠤ ᠮᠡᠳᠡᠭᠰᠡᠨ ᠬᠤᠲᠠ ᠬᠥᠳᠡᠭᠡ ᠶᠢᠨ ᠭᠠᠯ ᠲᠦᠢᠮᠡᠷ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠪᠠᠶᠢᠷᠢᠯᠠᠭᠤᠯᠤᠯᠲᠠ᠂ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠨᠢ ᠭᠠᠯ ᠰᠡᠷᠭᠡᠶᠢᠯᠡᠵᠦ | ᠤᠨᠲᠠᠷᠠᠭᠠᠬᠤ ᠠᠮᠤᠷ ᠲᠦᠪᠰᠢᠨ ᠤ ᠱᠠᠭᠠᠷᠳᠠᠯᠭ᠎ᠠ ᠳᠤ ᠨᠡᠶᠢᠴᠡᠬᠦ ᠦᠭᠡᠢ ᠪᠤᠶᠤ ᠲᠣᠰ ᠭᠠᠵᠠᠷ ᠣᠷᠣᠨ ᠳᠠᠬᠢ ᠣᠯᠠᠨ | ᠨᠡᠶᠢᠲᠡ ᠶᠢᠨ ᠠᠮᠤᠷ ᠲᠦᠪᠰᠢᠨ ᠢ ᠨᠥᠯᠥᠭᠡᠯᠡᠬᠦ ᠬᠦᠨᠳᠦ ᠶᠡᠭᠡ ᠭᠠᠯ ᠲᠦᠢᠮᠡᠷ ᠤᠨ ᠠᠶᠤᠯ ᠭᠠᠮᠰᠢᠭ ᠤᠨ ᠳᠠᠯᠳᠠ ᠭᠡᠮ | ᠣᠷᠣᠰᠢᠵᠤ ᠪᠠᠶᠢᠭ᠎ᠠ ᠪᠠᠶᠢᠳᠠᠯ ᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠪᠢᠴᠢᠭ ᠢᠶᠠᠷ ᠮᠡᠳᠡᠭᠦᠯᠬᠦ | ᠬᠡᠷᠡᠭᠲᠡᠢ᠃ | ︵ᠬᠤᠶᠠᠷ︶ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠨᠢ ᠭᠠᠯ ᠰᠡᠷᠭᠡᠶᠢᠯᠡᠵᠦ ᠤᠨᠲᠠᠷᠠᠭᠠᠬᠤ | ᠠᠮᠤᠷ ᠲᠦᠪᠰᠢᠨ ᠤ ᠠᠵᠢᠯ ᠤᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠪᠠᠨ ᠤᠯᠤᠰ ᠤᠨ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠳᠤ | ᠬᠤᠯᠪᠣᠭᠳᠠᠭᠰᠠᠨ ᠠᠮᠤᠷ ᠲᠦᠪᠰᠢᠨ ᠤ ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ | ᠪᠠᠶᠢᠴᠠᠭᠠᠨ ᠰᠢᠢᠳᠪᠦᠷᠢᠯᠡᠵᠦ᠂ ᠭᠠᠯ ᠠᠯᠳᠠᠭᠰᠠᠨ ᠶᠠᠯ᠎ᠠ ᠪᠠ ᠭᠠᠯ ᠰᠡᠷᠭᠡᠶᠢᠯᠡᠵᠦ ᠤᠨᠲᠠᠷᠠᠭᠠᠬᠤ ᠬᠠᠷᠢᠭᠤᠴᠠᠯᠭ᠎ᠠ ᠶᠢᠨ | ᠠᠳᠡᠯ ᠤᠨ ᠶᠠᠯ᠎ᠠ ᠵᠡᠷᠭᠡ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠦᠢᠯᠡᠳᠪᠦᠷᠢᠯᠡᠯ ᠤᠨ ᠶᠠᠯ᠎ᠠ | ᠬᠢᠭᠰᠡᠨ ᠢᠶᠠᠷ ᠰᠡᠵᠢᠭᠯᠡᠭᠳᠡᠭᠰᠡᠨ ᠡᠷᠡᠭᠦᠤ ᠶᠢᠨ ᠬᠡᠷᠡᠭ ᠢ ᠰᠢᠢᠳᠪᠦᠷᠢᠯᠡᠬᠦ ᠬᠡᠷᠡᠭᠲᠡᠢ᠃ ᠭᠠᠯ ᠤᠨᠲᠠᠷᠠᠭᠠᠵᠤ ᠠᠪᠤᠷᠠᠨ | ᠲᠤᠰᠠᠯᠠᠬᠤ ᠠᠬᠤᠢ ᠲᠠᠯᠠᠪᠠᠢ ᠵᠢᠴᠢ ᠡᠷᠭᠢᠨ ᠲᠣᠭᠤᠷᠢᠨ ᠳᠠᠬᠢ ᠵᠠᠮ ᠢ ᠵᠠᠯᠠᠵᠤ ᠵᠢᠯᠣᠭᠤᠳᠤᠨ ᠰᠢᠯᠤᠭᠤᠳᠬᠠᠵᠤ᠂ | ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯᠯᠠᠭᠠᠨ ᠳᠤ ᠭᠠᠯ ᠤᠨᠲᠠᠷᠠᠭᠠᠬᠤ ᠲᠡᠷᠭᠡ ᠬᠥᠰᠬᠡ ᠶᠢᠨ ᠰᠠᠭᠠᠳ ᠦᠭᠡᠢ | ᠨᠡᠪᠲᠡᠷᠡᠬᠦ ᠶᠢ ᠪᠠᠲᠤᠯᠠᠵᠤ᠂ ᠴᠢᠬᠤᠯᠠ ᠲᠠᠢ ᠣᠢᠶ᠎ᠠ ᠳᠤ ᠨᠢ ᠵᠠᠮ ᠬᠠᠷᠢᠯᠴᠠᠭᠠᠨ ᠳᠤ ᠵᠠᠬᠢᠷᠤᠨ ᠬᠠᠮᠢᠶᠠᠷᠤᠯᠲᠠ ᠬᠢᠬᠦ | ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠶᠢᠨ ᠲᠣᠮᠢᠯᠠᠭᠰᠠᠨ ᠰᠠᠯᠪᠤᠷᠢ ᠨᠤᠭᠤᠳ ᠨᠢ ᠭᠠᠯ ᠰᠡᠷᠭᠡᠶᠢᠯᠡᠵᠦ | ᠤᠨᠲᠠᠷᠠᠭᠠᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠪᠠ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ | ᠬᠥᠮᠦᠵᠢᠯ ᠢ ᠬᠠᠤᠯᠢ ᠶᠣᠰᠣᠭᠠᠷ ᠬᠢᠵᠦ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ | ᠵᠥᠪᠯᠡᠯ ︵ᠨᠡᠶᠢᠭᠡᠮ ᠲᠣᠭᠤᠷᠢᠭ︶᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠵᠡᠷᠭᠡ ᠨᠢᠭᠡᠴᠢ ᠶᠢ | ᠰᠢᠮᠳᠠᠭᠤᠯᠬᠤ ᠪᠠ ᠵᠢᠭᠠᠨ ᠵᠢᠯᠤᠭᠤᠳᠴᠤ ᠪᠠᠶᠢᠭᠠᠳ ᠭᠠᠯ ᠰᠡᠷᠭᠡᠶᠢᠯᠡᠵᠦ ᠤᠨᠲᠠᠷᠠᠭᠠᠬᠤ ᠠᠮᠦᠷ ᠲᠥᠪᠰᠢᠨ ᠤ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ | ︵ᠭᠤᠷᠪᠠ︶ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠨᠢ ᠡᠯ᠎ᠡ ᠱᠠᠲᠤᠨ ᠤ ᠡᠯ᠎ᠡ ᠲᠥᠷᠥᠯ ᠤᠨ | ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠬᠠᠮᠢᠶᠠᠷᠤᠯᠲᠠ ᠶᠢᠨ ᠨᠢᠭᠡᠳᠦᠯᠲᠡᠶ ᠲᠥᠯᠥᠪᠯᠡᠬᠦ ᠶᠢ ᠬᠠᠷᠢᠭᠤᠴᠠᠬᠤ ᠬᠡᠷᠡᠭᠲᠡᠢ᠃ ᠰᠤᠷᠭᠠᠭᠤᠯᠢ ᠨᠤᠭᠤᠳ ᠤᠨ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠥᠮᠦᠵᠢᠯ ᠤᠬᠠᠭᠤᠯᠭ᠎ᠠ ᠪᠠ ᠪᠠᠴᠢᠮ ᠪᠠᠶᠢᠳᠠᠯ ᠢ ᠠᠷᠭᠠᠴᠠᠭᠠᠬᠤ | ᠰᠣᠷᠢᠯᠲᠠ ᠶᠢ ᠵᠢᠭᠠᠨ ᠵᠢᠯᠣᠭᠤᠳᠴᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ | ᠰᠤᠷᠭᠠᠭᠤᠯᠢ ᠨᠤᠭᠤᠳ ᠤᠨ ᠠᠮᠤᠷ ᠲᠦᠪᠰᠢᠨ ᠤ ᠬᠥᠮᠥᠵᠢᠯ ᠤᠨ ᠠᠵᠢᠯᠯᠠᠭ᠎ᠠ ᠪᠠ ᠰᠤᠷᠤᠭᠴᠢᠳ ᠤᠨ ᠴᠡᠷᠢᠭ ᠤᠨ | ᠪᠣᠯᠪᠠᠰᠤᠷᠠᠯ ᠤᠨ ᠠᠭᠤᠯᠭ᠎ᠠ ᠳᠤ ᠣᠷᠣᠭᠤᠯᠬᠤ ᠬᠡᠷᠡᠭᠲᠡᠢ᠃ ᠬᠠᠷᠢᠶ᠎ᠠ ᠭᠠᠵᠠᠷ ᠲᠠᠬᠢ ᠰᠤᠷᠭᠠᠭᠤᠯᠢ᠂ ᠬᠡᠤᠬᠡᠳ ᠤᠨ | ᠴᠡᠴᠡᠷᠯᠢᠭ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠨᠤᠭᠤᠳ ᠢ ᠰᠢᠮᠳᠠᠭᠤᠯᠵᠤ | ᠪᠠᠶᠢᠭᠠᠳ ᠭᠠᠯ ᠰᠡᠷᠭᠡᠶᠢᠯᠡᠵᠦ ᠤᠨᠲᠠᠷᠠᠭᠠᠵᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠢ | ᠨᠠᠶᠢᠳᠠᠪᠤᠷᠢᠵᠢᠭᠤᠯᠤᠨ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠲᠠᠯ᠎ᠠ ᠪᠠᠷ ᠬᠢ ᠳᠠᠯᠳᠠ ᠭᠡᠮ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ᠃ | ︵ᠳᠥᠷᠪᠡ︶ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠨᠢ ᠨᠠᠰᠤᠵᠢᠯ ᠤᠨ ᠦᠢᠯᠡᠴᠢᠯᠡᠭᠡᠨ᠂ | ᠬᠡᠤᠬᠡᠳ ᠤᠨ ᠠᠰᠠᠷᠠᠮᠵᠢ᠂ ᠤᠷᠤᠭ ᠤᠨ ᠳᠠᠩᠰᠠᠯᠠᠯᠲᠠ᠂ ᠠᠪᠤᠷᠠᠨ ᠲᠤᠰᠠᠯᠠᠬᠤ ᠬᠠᠮᠢᠶᠠᠷᠤᠯᠲᠠ᠂ | ᠣᠷᠣᠰᠢᠭᠤᠯᠭ᠎ᠠ ᠶᠢᠨ ᠦᠢᠯᠡᠴᠢᠯᠡᠭᠡ᠂ ᠣᠶᠤᠨ ᠮᠡᠳᠡᠷᠡᠯ ᠡᠷᠡᠭᠦᠯ ᠬᠠᠮᠠᠭᠠᠯᠠᠯ ᠤᠨ ᠠᠰᠠᠷᠠᠮᠵᠢ ᠵᠡᠷᠭᠡ ᠠᠷᠠᠳ ᠤᠨ | ᠶᠠᠪᠤᠳᠠᠯ ᠤᠨ ᠪᠠᠶᠢᠭᠤᠯᠤᠮᠵᠢ ᠨᠤᠭᠤᠳ ᠤᠨ ᠬᠠᠮᠢᠶᠠᠷᠴᠤ ᠪᠠᠶᠢᠭ᠎ᠠ ᠠᠵᠢᠯ ᠲᠥᠷᠥᠯ ᠤᠨ ᠭᠠᠯ ᠰᠡᠷᠭᠡᠶᠢᠯᠡᠵᠦ | ᠤᠨᠲᠠᠷᠠᠭᠠᠬᠤ ᠠᠮᠤᠷ ᠲᠦᠪᠰᠢᠨ ᠢ ᠬᠠᠷᠢᠭᠤᠴᠠᠬᠤ ᠬᠡᠷᠡᠭᠲᠡᠢ᠃ | ︵ᠲᠠᠪᠤ︶ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ | ᠨᠢ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ᠂ ᠮᠡᠷᠭᠡᠵᠢᠯ ᠤᠨ ᠠᠵᠢᠯᠴᠢᠨ ᠤ ᠳᠡᠭᠡᠳᠦ | ᠰᠤᠷᠭᠠᠭᠤᠯᠢ ᠶᠢᠨ ᠵᠥᠪᠰᠢᠶᠡᠷᠡᠯ ᠪᠤᠶᠤ ᠬᠠᠮᠢᠶᠠᠷᠤᠯᠲᠠ ᠳᠠᠬᠢ ᠠᠵᠢᠯ ᠲᠥᠷᠥᠯ ᠤᠨ ᠭᠠᠯ ᠰᠡᠷᠭᠡᠶᠢᠯᠡᠵᠦ ᠤᠨᠲᠠᠷᠠᠭᠠᠬᠤ | ᠠᠮᠤᠷ ᠲᠦᠪᠰᠢᠨ ᠢ ᠬᠠᠷᠢᠭᠤᠴᠠᠬᠤ ᠬᠡᠷᠡᠭᠲᠡᠢ᠃ ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠭᠠᠯ ᠤᠨᠲᠠᠷᠠᠭᠠᠬᠤ | ᠠᠩᠭᠢ ᠶᠢᠨ ᠭᠡᠰᠢᠭᠦᠨ᠂ ᠠᠵᠤ ᠠᠬᠤᠶᠢᠯᠠᠯ ᠤᠨ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠭᠢ ᠶᠢᠨ | ᠭᠡᠰᠢᠭᠦᠳ ᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠬᠠᠤᠯᠢ ᠶᠣᠰᠣᠭᠠᠷ ᠣᠷᠣᠯᠴᠠᠭᠤᠯᠬᠤ ᠠᠵᠢᠯ ᠢ | ᠰᠠᠶᠢᠲᠤᠷ ᠬᠢᠬᠦ ᠬᠡᠷᠡᠭᠲᠡᠢ᠃ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠭᠠᠯ | ᠰᠡᠷᠭᠡᠶᠢᠯᠡᠵᠦ ᠤᠨᠲᠠᠷᠠᠭᠠᠬᠤ ᠮᠡᠳᠡᠯᠭᠡ ᠶᠢ ᠠᠵᠢᠯ ᠮᠡᠷᠭᠡᠵᠢᠯ ᠤᠨ ᠪᠣᠯᠪᠠᠰᠤᠷᠠᠭᠤᠯᠬᠤ ᠠᠭᠤᠯᠭ᠎ᠠ ᠳᠤ ᠣᠷᠣᠭᠤᠯᠬᠤ | ᠬᠡᠷᠡᠭᠲᠡᠶ᠃ | ︵ᠵᠢᠷᠭᠤᠭ᠎ᠠ︶ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠨᠢ ᠤᠯᠤᠰ ᠤᠨ ᠲᠣᠭᠲᠠᠭᠠᠯ ᠢ | ᠦᠨᠳᠦᠰᠦᠯᠡᠨ᠂ ᠭᠠᠯ ᠰᠡᠷᠭᠡᠶᠢᠯᠡᠵᠦ ᠤᠨᠲᠠᠷᠠᠭᠠᠬᠤ ᠲᠥᠯᠥᠪᠵᠢᠭᠦᠯᠭᠡ ᠶᠢ ᠵᠣᠬᠢᠬᠤ ᠱᠠᠲᠤ ᠳᠡᠰ ᠲᠠᠬᠢ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠪᠡ᠂ ᠭᠠᠴᠠᠭ᠎ᠠ ᠲᠣᠰᠬᠤᠨ ᠤ ᠲᠥᠯᠥᠪᠵᠢᠭᠦᠯᠭᠡ ᠳᠤ | ᠣᠷᠣᠭᠤᠯᠵᠤ᠂ ᠭᠠᠯ ᠤᠨᠲᠠᠷᠠᠭᠠᠬᠤ ᠳᠤ ᠤᠰᠤ ᠬᠠᠩᠭᠠᠬᠤ᠂ ᠭᠠᠯ ᠤᠨᠲᠠᠷᠠᠭᠠᠬᠤ ᠠᠩᠭᠢ ᠪᠠ ᠥᠷᠲᠡᠭᠡ ᠵᠡᠷᠭᠡ | ᠣᠯᠠᠨ ᠨᠡᠶᠢᠲᠡ ᠶᠢᠨ ᠭᠠᠯ ᠤᠨᠲᠠᠷᠠᠭᠠᠬᠤ ᠰᠠᠭᠤᠷᠢ ᠪᠡᠯᠡᠳᠬᠡᠮᠵᠢ ᠪᠠ ᠦᠢᠯᠡᠴᠢᠯᠡᠬᠦ ᠪᠡᠯᠡᠳᠬᠡᠮᠵᠢ ᠶᠢ ᠵᠣᠬᠢᠰᠲᠠᠶ | ᠪᠠᠶᠢᠷᠢᠯᠠᠭᠤᠯᠬᠤ ᠬᠡᠷᠡᠭᠲᠡᠶ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠣᠰᠣᠭᠠᠷ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠭᠠᠯ ᠤᠨᠲᠠᠷᠠᠭᠠᠬᠤ ᠪᠡᠯᠡᠳᠬᠡᠮᠵᠢ ᠪᠠᠶᠢᠷᠢᠯᠠᠭᠤᠯᠬᠤ | ᠲᠤᠰᠬᠠᠶ ᠲᠥᠯᠥᠪᠵᠢᠭᠦᠯᠭᠡ ᠶᠢ ᠲᠣᠭᠲᠠᠭᠠᠵᠤ᠂ ᠲᠥᠯᠥᠪᠵᠢᠭᠦᠯᠪᠡ ᠶᠣᠰᠣᠭᠠᠷ ᠭᠠᠯ ᠤᠨᠲᠠᠷᠠᠭᠠᠬᠤ ᠥᠷᠲᠡᠭᠡ ᠳᠤ | ᠲᠥᠯᠥᠪᠵᠢᠭᠦᠯᠦᠨ ᠬᠡᠷᠡᠭᠯᠡᠬᠦ ᠭᠠᠵᠠᠷ ᠢ ᠦᠯᠡᠳᠡᠭᠡᠵᠦ ᠥᠭᠬᠦ ᠶᠢᠨ ᠬᠠᠮᠲᠤ᠂ ᠬᠢᠨᠠᠯᠲᠠ ᠲᠠᠯᠪᠢᠵᠤ ᠬᠡᠷᠡᠭᠵᠢᠭᠦᠯᠬᠦ ᠶᠢ | ᠬᠠᠷᠢᠭᠤᠴᠠᠬᠤ ᠬᠡᠷᠡᠭᠲᠡᠶ᠃ | ︵ᠳᠣᠯᠤᠭ᠎ᠠ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠤᠳ ᠨᠢ ᠪᠦᠲᠦᠭᠡᠨ ᠪᠠᠶᠢᠭᠤᠯᠬᠤ ᠪᠠᠷᠢᠯᠭ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠶᠢᠨ ᠵᠢᠷᠤᠭ | ᠲᠥᠯᠥᠪᠯᠡᠭᠡ ᠶᠢ ᠬᠢᠨᠠᠨ ᠪᠠᠶᠢᠴᠠᠭᠠᠬᠤ᠂ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢ ᠰᠢᠯᠭᠠᠨ ᠬᠤᠷᠢᠶᠠᠵᠦ | ᠠᠪᠬᠤ᠂ ᠪᠦᠷᠢᠳᠬᠡᠨ ᠳᠠᠩᠰᠠᠯᠠᠵᠤ ᠰᠤᠭᠤᠴᠢᠨ ᠪᠠᠶᠢᠴᠠᠭᠠᠬᠤ ᠶᠢ ᠬᠠᠤᠯᠢ ᠶᠣᠰᠣᠭᠠᠷ ᠬᠠᠷᠢᠭᠤᠴᠠᠨ ᠬᠡᠷᠡᠭᠵᠢᠭᠦᠯᠵᠦ᠂ | ᠡᠷᠬᠡ ᠲᠤᠰᠢᠶᠠᠯ ᠤᠨ ᠡᠭᠦᠷᠭᠡ ᠬᠠᠷᠢᠭᠤᠴᠠᠯᠭ᠎ᠠ ᠪᠠᠷ ᠦᠨᠳᠦᠰᠦᠯᠡᠯ ᠪᠣᠯᠭᠠᠵᠤ ᠵᠠᠰᠠᠭ ᠵᠠᠬᠢᠷᠭᠠᠨ ᠤ ᠰᠢᠢᠳᠬᠡᠨ | ᠲᠣᠷᠭᠠᠬᠤ ᠠᠵᠢᠯ ᠢ ᠬᠠᠤᠯᠢ ᠶᠣᠰᠣᠭᠠᠷ ᠬᠢᠬᠦ ᠬᠡᠷᠡᠭᠲᠡᠢ᠃ ᠪᠦᠲᠦᠭᠡᠨ ᠪᠠᠶᠢᠭᠤᠯᠬᠤ ᠪᠠᠷᠢᠯᠭ᠎ᠠ ᠶᠢᠨ ᠬᠠᠷᠢᠭᠤᠴᠠᠯᠭᠠᠲᠤ | ᠨᠢᠭᠡᠴᠢ ᠶᠢ ᠬᠠᠤᠯᠢ ᠶᠣᠰᠣᠭᠠᠷ ᠰᠢᠮᠳᠠᠭᠤᠯᠵᠤ ᠪᠠᠶᠢᠭᠠᠳ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ | ᠶᠠᠪᠤᠳᠠᠯ ᠤᠨ ᠰᠠᠭᠤᠷᠢ ᠪᠡᠯᠡᠳᠬᠡᠮᠵᠢ ᠪᠣᠯᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠠᠮᠤᠷ ᠲᠦᠪᠰᠢᠨ ᠤ | ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠡᠷᠬᠡ ᠲᠤᠰᠢᠶᠠᠯ ᠤᠨ ᠡᠭᠦᠷᠭᠡ ᠬᠠᠷᠢᠭᠤᠴᠠᠯᠭ᠎ᠠ ᠪᠠᠷ ᠢᠶᠠᠨ | ᠦᠨᠳᠦᠰᠦᠯᠡᠯ ᠪᠣᠯᠭᠠᠵᠤ ᠪᠦᠲᠦᠭᠡᠨ ᠪᠠᠶᠢᠭᠤᠯᠬᠤ ᠪᠠᠷᠢᠯᠭ᠎ᠠ ᠶᠢᠨ ᠬᠦᠷᠢᠶᠡᠨ ᠳᠠᠬᠢ ᠭᠠᠯ ᠤᠨ ᠠᠶᠤᠯ ᠠᠳᠡᠯ ᠢ | ᠪᠠᠶᠢᠴᠠᠭᠠᠨ ᠰᠢᠢᠳᠪᠦᠷᠢᠯᠡᠬᠦ ᠠᠵᠢᠯ ᠳᠤ ᠣᠷᠣᠯᠴᠠᠬᠤ ᠬᠡᠷᠡᠭᠲᠡᠶ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠵᠢᠷᠤᠮᠵᠢᠯ ᠢ ᠵᠣᠬᠢᠶᠠᠨ ᠪᠠᠶᠢᠭᠤᠯᠵᠤ ᠲᠣᠭᠲᠠᠭᠠᠬᠤ ᠵᠢᠴᠢ ᠰᠢᠨ᠎ᠡ ᠮᠡᠷᠭᠡᠵᠢᠯ᠂ ᠰᠢᠨ᠎ᠡ ᠮᠠᠲ᠋ᠧᠷᠢᠶᠠᠯ᠂ ᠰᠢᠨ᠎ᠡ ᠤᠷᠠᠯᠠᠯ ᠢ | ᠳᠡᠯᠭᠡᠷᠡᠭᠦᠯᠬᠦ ᠳᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠦᠴᠦᠨ ᠵᠦᠢᠯ ᠢ ᠭᠦᠢᠴᠡᠳ | ᠪᠣᠳᠣᠯᠬᠢᠯᠠᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠤᠯᠪᠣᠭᠳᠠᠯ ᠪᠦᠬᠦᠢ ᠴᠢᠳᠠᠮᠵᠢ ᠵᠢᠴᠢ | ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠵᠢᠯᠯᠠᠭᠰᠠᠳ ᠲᠤ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠤᠨ ᠠᠵᠢᠯ ᠬᠢᠬᠦ ᠶᠢ ᠵᠢᠭᠠᠨ | ᠵᠢᠯᠣᠭᠤᠳᠬᠤ ᠬᠡᠷᠡᠭᠲᠡᠶ᠃ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠵᠢᠭᠠᠨ ᠵᠢᠯᠣᠭᠤᠳᠴᠤ | ᠬᠢᠨᠠᠯᠲᠠ ᠲᠠᠯᠪᠢᠵᠤ ᠪᠠᠶᠢᠭᠠᠳ ᠣᠷᠣᠨ ᠰᠠᠭᠤᠴᠠ ᠶᠢᠨ ᠲᠣᠭᠤᠷᠢᠭ ᠤᠨ ᠬᠠᠮᠲᠤ ᠪᠠᠷ ᠬᠡᠷᠡᠭᠯᠡᠬᠦ ᠭᠠᠯ ᠰᠡᠷᠭᠡᠶᠢᠯᠡᠵᠦ | ᠤᠨᠲᠠᠷᠠᠭᠠᠬᠤ ᠪᠡᠯᠡᠳᠬᠡᠮᠵᠢ ᠶᠢ ᠠᠷᠠᠴᠢᠯᠠᠨ ᠬᠠᠮᠠᠭᠠᠯᠠᠵᠤ ᠬᠠᠮᠢᠶᠠᠷᠬᠤ ᠠᠵᠢᠯ ᠢ ᠰᠠᠶᠢᠲᠤᠷ ᠬᠢᠬᠦ ᠬᠡᠷᠡᠭᠲᠡᠶ᠃ | ︵ᠨᠠᠢᠮᠠ︶ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠨᠢ ᠵᠠᠰᠠᠮᠠᠯ ᠵᠠᠮ ᠤᠰᠤᠨ ᠵᠠᠮ ᠤᠨ | ᠠᠵᠢᠯ ᠲᠥᠷᠥᠯ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠳᠤ ᠵᠢᠭᠠᠨ | ᠵᠢᠯᠤᠭᠤᠳᠤᠯᠭ᠎ᠠ ᠬᠢᠬᠦ ᠶᠢ ᠬᠠᠷᠢᠭᠤᠴᠠᠬᠤ ᠬᠡᠷᠡᠭᠲᠡᠢ᠃ ᠬᠠᠭᠤᠷᠠᠢ ᠵᠠᠮ ᠤᠰᠤᠨ ᠵᠠᠮ ᠤᠨ ᠠᠶᠠᠨᠴᠢᠳ ᠤᠨ ᠵᠥᠭᠡᠭᠡᠪᠦᠷᠢ᠂ | ᠪᠠᠷᠠᠭᠠᠨ ᠤ ᠲᠡᠭᠡᠭᠡᠪᠦᠷᠢ᠂ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠲᠠᠯᠠᠪᠤᠷ ᠥᠷᠲᠡᠭᠡᠨ ᠤ ᠡᠵᠡᠩᠨᠡᠯᠲᠡ᠂ | ᠮᠠᠰᠢᠨᠲᠤ ᠲᠡᠷᠭᠡ ᠰᠡᠯᠪᠢᠨ ᠵᠠᠰᠠᠬᠤ᠂ ᠲᠡᠭᠡᠭᠡᠪᠦᠷᠢ ᠡᠵᠡᠩᠨᠡᠬᠦ ᠲᠡᠷᠭᠡ ᠬᠥᠰᠬᠡ ᠶᠢᠨ ᠶᠡᠷᠦᠩᠬᠡᠶᠢᠯᠡᠭᠰᠡᠨ ᠴᠢᠳᠠᠮᠵᠢ ᠶᠢ | ᠪᠠᠶᠢᠴᠠᠭᠠᠨ ᠰᠢᠯᠭᠠᠬᠤ᠂ ᠮᠠᠰᠢᠨᠲᠤ ᠲᠡᠷᠭᠡᠨ ᠤ ᠵᠢᠯᠣᠭᠤᠴᠢ ᠶᠢ ᠪᠣᠯᠪᠠᠰᠤᠷᠠᠭᠤᠯᠬᠤ᠂ ᠠᠵᠢᠯᠯᠠᠭᠰᠠᠳ ᠤᠨ | ᠬᠠᠮᠢᠶᠠᠷᠤᠯᠲᠠ ᠵᠢᠴᠢ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠮᠠᠰᠢᠨ ᠲᠡᠷᠭᠡ | ᠲᠦᠷᠢᠶᠡᠰᠦᠯᠡᠬᠦ᠂ ᠰᠦᠯᠵᠢᠶ᠎ᠡ ᠪᠠᠷ ᠪᠤᠯᠵᠤᠬᠤ ᠲᠡᠷᠭᠡ ᠵᠡᠷᠭᠡ ᠬᠤᠲᠠ ᠶᠢᠨ ᠠᠶᠠᠨᠴᠢᠳ ᠵᠥᠭᠡᠭᠡᠪᠦᠷᠢᠯᠡᠬᠦ ᠠᠵᠢᠯ | ᠲᠥᠷᠥᠯ ᠬᠢᠭᠡᠳ ᠤᠰᠤᠨ ᠳᠡᠭᠡᠷᠡᠬᠢ ᠠᠶᠠᠯᠠᠬᠤ ᠱᠤᠭᠤᠮ᠂ ᠭᠠᠷᠠᠮ ᠤᠨ ᠠᠷᠠᠴᠢᠯᠠᠨ ᠬᠠᠮᠠᠭᠠᠯᠠᠬᠤ ᠵᠡᠷᠭᠡ | ᠨᠢᠭᠡᠴᠢ ᠨᠦᠭᠦᠳ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠵᠢᠭᠠᠨ ᠵᠢᠯᠣᠭᠤᠳᠴᠤ ᠰᠢᠮᠳᠠᠭᠤᠯᠬᠤ ᠬᠡᠷᠡᠭᠲᠡᠶ᠃ | ︵ᠶᠢᠰᠦ︶ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠤᠳ ᠨᠢ ᠰᠣᠶᠣᠯ ᠪᠠ ᠵᠢᠭᠤᠯᠴᠢᠯᠠᠯ ᠤᠨ | ᠰᠢᠰᠲ᠋ᠧᠮ ᠤᠨ ᠠᠵᠢᠯ ᠲᠥᠷᠥᠯ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ ᠬᠠᠷᠢᠭᠤᠴᠠᠬᠤ ᠬᠡᠷᠡᠭᠲᠡᠢ᠃ | ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠢ᠂ ᠳᠡᠯᠡᠬᠡᠶ ᠶᠢᠨ ᠰᠣᠶᠣᠯ ᠤᠨ ᠥᠪ ᠪᠠ ᠮᠥᠽᠸᠢ ᠶᠢᠨ | ᠠᠵᠢᠯ ᠲᠥᠷᠥᠯ ᠤᠨ ᠬᠢᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠴᠤ | ᠬᠠᠷᠢᠭᠤᠴᠠᠬᠤ ᠬᠡᠷᠡᠭᠲᠡᠢ᠃ ᠣᠯᠠᠨ ᠨᠡᠶᠢᠲᠡ ᠶᠢᠨ ᠨᠣᠮ ᠤᠨ ᠰᠠᠩ᠂ ᠦᠵᠡᠰᠬᠦᠯᠡᠩ ᠤᠨ ᠣᠷᠳᠣᠨ᠂ ᠵᠦᠴᠦᠭᠡ ᠶᠢᠨ | ᠬᠦᠷᠢᠶᠡᠯᠡᠩ᠂ ᠰᠣᠶᠣᠯ ᠤᠨ ᠣᠷᠳᠣᠨ ︵ᠥᠷᠲᠡᠭᠡ︶ ᠵᠡᠷᠭᠡ ᠰᠢᠭᠤᠳ ᠬᠠᠷᠢᠶ᠎ᠠ ᠨᠢᠭᠡᠴᠢ ᠨᠦᠭᠦᠳ ᠤᠨ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠵᠢᠭᠠᠨ | ᠵᠢᠯᠣᠭᠤᠳᠴᠤ ᠬᠢᠨᠠᠯᠲᠠ ᠲᠠᠯᠪᠢᠬᠤ ᠬᠡᠷᠡᠭᠲᠡᠢ᠃ ᠰᠣᠶᠣᠯ᠂ ᠬᠡᠪᠯᠡᠯ᠂ ᠷᠠᠳᠢᠣ᠋ ᠲᠧᠯᠸᠢᠰ᠂ ᠺᠢᠨᠣ᠋᠂ ᠵᠢᠭᠤᠯᠴᠢᠯᠠᠯ ᠵᠡᠷᠭᠡ | ᠰᠣᠶᠣᠯ ᠤᠨ ᠵᠠᠬ᠎ᠠ ᠳᠡᠯᠭᠡᠭᠦᠷ ᠡᠵᠡᠩᠨᠡᠬᠦ ᠨᠢᠭᠡᠴᠢ ᠶᠢᠨ ᠬᠢᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠴᠤ ᠵᠢᠭᠠᠨ ᠵᠢᠯᠣᠭᠤᠳᠴᠤ ᠬᠢᠨᠠᠯᠲᠠ ᠲᠠᠯᠪᠢᠬᠤ ᠬᠡᠷᠡᠭᠲᠡᠢ᠃ ᠭᠠᠯ | ᠤᠨᠲᠠᠷᠠᠭᠠᠵᠤ ᠠᠪᠤᠷᠠᠨ ᠲᠤᠰᠠᠯᠠᠬᠤ ᠰᠡᠳᠦᠪ ᠲᠠᠢ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠬᠦ ᠪᠠ | ᠲᠣᠭᠯᠠᠬᠤ ᠳᠤ ᠵᠢᠭᠠᠨ ᠵᠢᠯᠣᠭᠤᠳᠴᠤ᠂ ᠭᠠᠯ ᠰᠡᠷᠭᠡᠶᠢᠯᠡᠵᠦ ᠤᠨᠲᠠᠷᠠᠭᠠᠬᠤ ᠲᠠᠯ᠎ᠠ ᠪᠠᠷ ᠬᠢ ᠰᠣᠶᠣᠯ ᠤᠨ | ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃ | ︵ᠠᠷᠪᠠ︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠨᠢ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ᠂ ᠡᠮᠴᠢᠯᠡᠬᠦ ᠦᠢᠯᠡᠴᠢᠯᠡᠭᠡᠨ ᠤ ᠠᠵᠢᠯ ᠲᠥᠷᠥᠯ ᠤᠨ ᠬᠢᠨ ᠤ ᠭᠠᠯ ᠰᠡᠷᠭᠡᠶᠢᠯᠡᠵᠦ | ᠤᠨᠲᠠᠷᠠᠭᠠᠬᠤ ᠠᠮᠤᠷ ᠲᠦᠪᠰᠢᠨ ᠢ ᠬᠠᠷᠢᠭᠤᠴᠠᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ | ᠬᠠᠪᠰᠤᠷᠴᠤ ᠪᠠᠶᠢᠭᠠᠳ ᠭᠠᠯ ᠤᠨ ᠠᠶᠤᠯ ᠠᠳᠡᠯ ᠪᠠ ᠭᠠᠯ ᠤᠨᠲᠠᠷᠠᠭᠠᠵᠤ ᠠᠶᠤᠯ ᠠᠴᠠ ᠠᠪᠤᠷᠠᠨ ᠲᠤᠰᠠᠯᠠᠬᠤ | ᠠᠵᠢᠯ ᠳᠤ ᠰᠢᠷᠬᠠᠲᠤᠭᠰᠠᠳ ᠢ ᠡᠮᠴᠢᠯᠡᠨ ᠵᠠᠰᠠᠵᠤ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ | ︵ᠠᠷᠪᠠᠨ ᠨᠢᠭᠡ︶ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠨᠢ | ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ᠂ ᠴᠡᠷᠢᠭ ᠤᠨ ᠠᠮᠠᠷᠠᠯᠲᠠ ᠪᠠ ᠴᠡᠷᠢᠭ ᠤᠨ ᠬᠠᠩᠭᠠᠯᠭ᠎ᠠ᠂ ᠠᠰᠠᠷᠠᠨ | ᠬᠠᠷᠠᠭᠠᠯᠵᠠᠬᠤ ᠡᠮᠨᠡᠯᠭᠡ ᠶᠢᠨ ᠬᠤᠷᠢᠶ᠎ᠠ᠂ ᠢᠷᠠᠭᠤ ᠠᠯᠳᠠᠷᠲᠠᠨ ᠤ ᠬᠦᠷᠢᠶᠡᠯᠡᠩ ᠵᠡᠷᠭᠡ ᠴᠡᠷᠢᠭ ᠤᠨ ᠠᠯᠪᠠ ᠠᠴᠠ | ᠬᠠᠯᠠᠭᠳᠠᠭᠰᠠᠳ ᠲᠤ ᠦᠢᠯᠡᠴᠢᠯᠡᠬᠦ ᠪᠠᠶᠢᠭᠤᠯᠤᠮᠵᠢ ᠶᠢᠨ ᠠᠵᠢᠯ ᠲᠥᠷᠥᠯ ᠤᠨ ᠬᠢᠨ ᠤ ᠭᠠᠯ ᠰᠡᠷᠭᠡᠶᠢᠯᠡᠵᠦ | ᠤᠨᠲᠠᠷᠠᠭᠠᠬᠤ ᠠᠮᠤᠷ ᠲᠦᠪᠰᠢᠨ ᠢ ᠬᠠᠷᠢᠭᠤᠴᠠᠬᠤ ᠬᠡᠷᠡᠭᠲᠡᠢ᠃ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ | ᠦᠨᠳᠦᠰᠦᠯᠡᠨ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠳᠤ ᠠᠳᠡᠵᠦ ᠰᠢᠷᠬᠠᠲᠤᠭᠰᠠᠳ ᠢ ᠲᠣᠭᠲᠠᠭᠰᠠᠨ ᠳᠡᠰ | ᠳᠠᠷᠠᠭᠠᠯᠠᠯ ᠶᠣᠰᠣᠭᠠᠷ ᠰᠠᠶᠢᠰᠢᠶᠠᠨ ᠭᠦᠬᠢᠭᠦᠯᠵᠦ ᠠᠰᠠᠷᠠᠮᠵᠢ ᠣᠯᠭᠤᠬᠤ ᠬᠡᠷᠡᠭᠲᠡᠢ᠃ | ︵ᠠᠷᠪᠠᠨ ᠬᠤᠶᠠᠷ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠨᠢ | ᠦᠢᠯᠡᠳᠪᠦᠷᠢᠯᠡᠯ᠂ ᠭᠦᠢᠯᠭᠡᠭᠡᠨ ᠤ ᠬᠦᠷᠢᠶᠡᠨ ᠳᠠᠬᠢ ᠴᠠᠬᠢᠯᠭᠠᠨ᠂ ᠭᠠᠯ ᠰᠡᠷᠭᠡᠶᠢᠯᠡᠵᠦ ᠤᠨᠲᠠᠷᠠᠭᠠᠬᠤ ᠦᠢᠯᠡᠳᠬᠦᠨ᠂ | ᠴᠠᠬᠢᠯᠭᠠᠨ ᠬᠥᠳᠡᠯᠭᠡᠭᠦᠷᠲᠦ ᠳᠤᠭᠤᠶ ᠵᠡᠷᠭᠡ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠬᠠᠮᠢᠶᠠᠷᠬᠤ ᠶᠢ | ᠬᠠᠷᠢᠭᠤᠴᠠᠬᠤ ᠬᠡᠷᠡᠭᠲᠡᠢ᠂ᠴᠠᠬᠢᠯᠭᠠᠨ᠂ ᠭᠠᠯ ᠰᠡᠷᠭᠡᠶᠢᠯᠡᠵᠦ ᠤᠨᠲᠠᠷᠠᠭᠠᠬᠤ ᠦᠢᠯᠡᠳᠬᠦᠨ᠂ ᠴᠠᠬᠢᠯᠭᠠᠨ ᠬᠥᠳᠡᠯᠭᠡᠭᠦᠷᠲᠦ | ᠳᠤᠭᠤᠶ ᠶᠢᠨ ᠶᠠᠰᠤ ᠴᠢᠨᠠᠷ ᠤᠨ ᠲᠠᠯ᠎ᠠ ᠪᠠᠷ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ | ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠨᠴᠠ ᠲᠥᠷᠥᠯ ᠤᠨ ᠲᠣᠨᠤᠭ | ᠲᠥᠬᠦᠭᠡᠷᠦᠮᠵᠢ ᠶᠢ ᠰᠠᠪᠠᠯᠠᠵᠤ ᠤᠭᠰᠠᠷᠠᠬᠤ ᠵᠢᠴᠢ ᠬᠡᠷᠡᠭᠯᠡᠬᠦ ᠪᠠᠷᠢᠮᠵᠢᠶ᠎ᠠ ᠶᠢ ᠵᠣᠬᠢᠶᠠᠨ ᠪᠠᠶᠢᠭᠤᠯᠵᠤ ᠲᠣᠭᠲᠠᠭᠠᠬᠤ ᠳᠤ᠂ | ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠦᠴᠦᠨ ᠵᠦᠢᠯ ᠢ ᠭᠦᠢᠴᠡᠳ ᠪᠣᠳᠣᠯᠬᠢᠯᠠᠨ᠂ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠤᠯᠪᠣᠭᠳᠠᠯ ᠪᠦᠬᠦᠢ ᠴᠢᠳᠠᠮᠵᠢ ᠵᠢᠴᠢ ᠱᠠᠭᠠᠷᠳᠠᠯᠭ᠎ᠠ ᠶᠢ ᠬᠠᠩᠭᠠᠵᠤ᠂ | ᠣᠨᠴᠠ ᠲᠥᠷᠥᠯ ᠤᠨ ᠲᠣᠨᠤᠭ ᠲᠥᠬᠦᠭᠡᠷᠦᠮᠵᠢ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠰᠢᠨ᠎ᠡ ᠮᠡᠷᠭᠡᠵᠢᠯ ᠤᠨ | ᠬᠡᠷᠡᠭᠯᠡᠭᠡᠨ ᠢ ᠢᠳᠡᠪᠬᠢᠲᠡᠢ ᠳᠡᠯᠭᠡᠷᠡᠭᠦᠯᠬᠦ ᠬᠡᠷᠡᠭᠲᠡᠶ᠃ ᠭᠠᠯ ᠰᠡᠷᠭᠡᠶᠢᠯᠡᠵᠦ ᠤᠨᠲᠠᠷᠠᠭᠠᠬᠤ ᠬᠠᠮᠢᠶ᠎ᠠ ᠪᠦᠬᠦᠢ | ᠦᠢᠯᠡᠳᠬᠦᠨ ᠳᠤ ᠠᠯᠪᠠᠳᠠᠯᠭ᠎ᠠ ᠶᠢᠨ ᠴᠢᠨᠠᠷᠲᠠᠶ ᠭᠡᠷᠡᠴᠢᠯᠡᠭᠡ ᠬᠢᠬᠦ ᠠᠵᠢᠯᠯᠠᠭ᠎ᠠ ᠵᠢᠴᠢ ᠶᠠᠰᠤ ᠴᠢᠨᠠᠷ ᠤᠨ ᠭᠡᠷᠡᠴᠢᠯᠡᠭᠡ | ᠬᠢᠬᠦ ᠲᠠᠯ᠎ᠠ ᠪᠠᠷ ᠬᠢ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠬᠡᠷᠡᠭᠲᠡᠢ᠃ | ︵ᠠᠷᠪᠠᠨ ᠭᠤᠷᠪᠠ︶ ᠷᠠᠳᠢᠣ᠋ ᠲᠧᠯᠸᠢᠰ ᠤᠨ ᠰᠠᠯᠠᠭ᠎ᠠ ᠮᠥᠴᠢᠷ ᠤᠳ ᠨᠢ ᠰᠢᠭᠤᠳ ᠬᠠᠷᠢᠶ᠎ᠠ ᠨᠢᠭᠡᠴᠢ ᠵᠢᠴᠢ | ᠬᠠᠷᠢᠶ᠎ᠠ ᠭᠠᠵᠠᠷ ᠤᠨ ᠷᠠᠳᠢᠣ᠋ ᠲᠧᠯᠸᠢᠰ ᠤᠨ ᠪᠠᠶᠢᠭᠤᠯᠤᠮᠵᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠤ ᠡᠭᠦᠷᠭᠡ ᠬᠠᠷᠢᠭᠤᠴᠠᠯᠭ᠎ᠠ ᠭᠦᠢᠴᠡᠳᠬᠡᠬᠦ ᠶᠢ ᠰᠢᠮᠳᠠᠭᠤᠯᠤᠨ ᠪᠠᠶᠢᠴᠠᠭᠠᠵᠤ ᠵᠢᠭᠠᠨ ᠵᠢᠯᠣᠭᠤᠳᠬᠤ ᠶᠢ ᠨᠢ | ᠬᠠᠷᠢᠭᠤᠴᠠᠬᠤ ᠬᠡᠷᠡᠭᠲᠡᠢ᠃ ᠬᠠᠮᠢᠶ᠎ᠠ ᠪᠦᠬᠦᠢ ᠰᠣᠨᠢᠨ ᠮᠡᠳᠡᠭᠡᠨ ᠤ ᠵᠠᠭᠤᠴᠢᠯᠠᠭᠤᠷ ᠤᠳ ᠢ ᠵᠢᠯᠣᠭᠤᠳᠤᠨ | ᠵᠣᠬᠢᠴᠠᠭᠤᠯᠵᠤ ᠪᠠᠶᠢᠭᠠᠳ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠰᠠᠨᠠᠭᠤᠯᠤᠮᠵᠢ ᠨᠡᠶᠢᠲᠡᠯᠡᠵᠦ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠵᠦ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠬᠢᠬᠦ | ᠬᠡᠷᠡᠭᠲᠡᠶ᠃ | ︵ᠠᠷᠪᠠᠨ ᠳᠥᠷᠪᠡ︶ ᠡᠨᠧᠷᠭᠢ ᠶᠢᠨ ᠰᠠᠯᠠᠭ᠎ᠠ ᠮᠥᠴᠢᠷ ᠤᠳ ᠨᠢ ᠨᠡᠭᠦᠷᠡᠰᠦᠨ ᠠᠭᠤᠷᠬᠠᠢ ᠶᠢᠨ | ᠬᠤᠳᠳᠤᠭ ᠤᠨ ᠳᠣᠲᠣᠷᠠᠬᠢ ᠬᠡᠰᠡᠭ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ | ᠠᠵᠢᠯ ᠢ ᠬᠠᠷᠢᠭᠤᠴᠠᠬᠤ ᠬᠡᠷᠡᠭᠲᠡᠢ᠃ ᠭᠠᠯ ᠰᠡᠷᠭᠡᠶᠢᠯᠡᠵᠦ ᠤᠨᠲᠠᠷᠠᠭᠠᠬᠤ ᠰᠠᠯᠠᠭ᠎ᠠ ᠮᠥᠴᠢᠷ ᠯᠦᠭᠡ ᠬᠠᠮᠵᠢᠯᠴᠠᠵᠤ | ᠴᠠᠬᠢᠯᠭᠠᠨ ᠬᠦᠴᠦᠨ ᠪᠠ ᠲᠣᠰᠣ ᠬᠡᠢ ᠶᠢᠨ ᠬᠤᠯᠠ ᠳᠠᠮᠵᠢᠭᠤᠯᠬᠤ ᠬᠤᠭᠤᠯᠠᠶ ᠭᠤᠤᠷᠰᠤ ᠶᠢᠨ ᠠᠵᠤ ᠠᠬᠤᠶᠢᠯᠠᠯ ᠢ | ᠰᠢᠮᠳᠠᠭᠤᠯᠵᠤ ᠪᠠᠶᠢᠭᠠᠳ ᠤᠯᠤᠰ ᠤᠨ ᠭᠠᠯ ᠰᠡᠷᠭᠡᠶᠢᠯᠡᠵᠦ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢ ᠴᠢᠩᠭ᠎ᠠ | ᠰᠠᠬᠢᠭᠤᠯᠤᠨ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠭᠠᠯ ᠤᠨ ᠠᠶᠤᠯ ᠰᠡᠷᠭᠡᠶᠢᠯᠡᠬᠦ ᠲᠡᠷᠢᠭᠦᠨ ᠤ ᠮᠡᠷᠭᠡᠵᠢᠯ ᠤᠨ ᠪᠡᠯᠡᠳᠬᠡᠮᠵᠢ ᠶᠢ ᠳᠡᠯᠭᠡᠷᠡᠭᠦᠯᠦᠨ | ᠬᠡᠷᠡᠭᠯᠡᠭᠦᠯᠬᠦ ᠬᠡᠷᠡᠭᠲᠡᠶ᠃ ᠬᠡᠷᠡᠭᠯᠡᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠴᠠᠬᠢᠯᠭᠠᠨ ᠬᠡᠷᠡᠭᠯᠡᠬᠦ ᠶᠢ ᠨᠢ | ᠵᠢᠷᠤᠮᠵᠢᠭᠤᠯᠬᠤ ᠬᠡᠷᠡᠭᠲᠡᠢ᠃ | ︵ᠠᠷᠪᠠᠨ ᠲᠠᠪᠤ︶ ᠣᠢ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠳ ᠨᠢ ᠣᠢ ᠰᠢᠭᠤᠶ᠂ | ᠨᠤᠲᠤᠭ ᠪᠡᠯᠴᠢᠭᠡᠷ ᠤᠨ ᠰᠢᠰᠲ᠋ᠧᠮ ᠤᠨ ᠠᠵᠢᠯ ᠲᠥᠷᠥᠯ ᠤᠨ ᠬᠢᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠤ ᠠᠵᠢᠯ ᠢ ᠬᠠᠷᠢᠭᠤᠴᠠᠬᠤ ᠬᠡᠷᠡᠭᠲᠡᠢ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠣᠢ ᠰᠢᠭᠤᠶ ᠶᠢᠨ | ᠴᠡᠴᠡᠷᠯᠢᠭ᠂ ᠠᠯᠳᠠᠷᠲᠤ ᠦᠵᠡᠮᠵᠢ ᠶᠢᠨ ᠣᠷᠣᠨ᠂ ᠪᠠᠶᠢᠭᠠᠯᠢ ᠶᠢᠨ ᠥᠪ᠂ ᠭᠠᠵᠠᠷ ᠰᠢᠨᠵᠢᠯᠡᠬᠡᠨ ᠤ ᠴᠡᠴᠡᠷᠯᠢᠭ ᠵᠡᠷᠭᠡ | ᠨᠢᠭᠡᠴᠢ ᠨᠦᠭᠦᠳ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠨᠢ ᠵᠢᠭᠠᠨ ᠵᠢᠯᠣᠭᠤᠳᠴᠤ ᠬᠢᠨᠠᠯᠲᠠ ᠲᠠᠯᠪᠢᠬᠤ ᠬᠡᠷᠡᠭᠲᠡᠶ᠃ | ︵ᠠᠷᠪᠠᠨ ᠵᠢᠷᠭᠤᠭ᠎ᠠ︶ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠨᠢ ᠭᠠᠯ | ᠰᠡᠷᠭᠡᠶᠢᠯᠡᠵᠦ ᠤᠨᠲᠠᠷᠠᠭᠠᠬᠤ ᠠᠵᠢᠯ ᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠵᠢᠭᠦᠯᠭᠡ ᠳᠤ ᠣᠷᠣᠭᠤᠯᠬᠤ ᠶᠢ ᠬᠠᠷᠢᠭᠤᠴᠠᠬᠤ ᠬᠡᠷᠡᠭᠲᠡᠢ᠃ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠣᠯᠠᠨ ᠨᠡᠶᠢᠲᠡ ᠶᠢᠨ ᠭᠠᠯ ᠰᠡᠷᠭᠡᠶᠢᠯᠡᠵᠦ | ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ | ᠲᠥᠯᠥᠪᠯᠡᠭᠡ ᠳᠤ ᠣᠷᠣᠭᠤᠯᠬᠤ ᠬᠡᠷᠡᠭᠲᠡᠶ᠃ | ︵ᠠᠷᠪᠠᠨ ᠳᠣᠯᠤᠭ᠎ᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭ᠎ᠠ ᠮᠥᠴᠢᠷ ᠤᠳ ᠨᠢ ᠭᠠᠯ | ᠰᠡᠷᠭᠡᠶᠢᠯᠡᠵᠦ ᠤᠨᠲᠠᠷᠠᠭᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ | ᠠᠮᠤᠷ ᠲᠦᠪᠰᠢᠨ ᠤ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠪᠲᠤᠯᠤᠯᠲᠠ᠂ ᠰᠠᠭᠤᠷᠢ | ᠰᠤᠳᠤᠯᠤᠯ ᠪᠠ ᠬᠡᠷᠡᠭᠯᠡᠭᠡᠨ ᠤ ᠰᠤᠳᠤᠯᠤᠯ ᠢ ᠵᠣᠬᠢᠶᠠᠨ ᠪᠠᠶᠢᠭᠤᠯᠵᠤ ᠵᠢᠭᠠᠨ ᠵᠢᠯᠣᠭᠤᠳᠴᠤ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠯᠴᠠᠨ ᠭᠠᠯ ᠰᠡᠷᠭᠡᠶᠢᠯᠡᠵᠦ ᠤᠨᠲᠠᠷᠠᠭᠠᠬᠤ ᠰᠢᠨᠵᠢᠯᠡᠬᠦ ᠤᠬᠠᠭᠠᠨ ᠤ ᠰᠤᠳᠤᠯᠤᠯ ᠤᠨ | ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠠᠬᠢᠭᠤᠯᠬᠤ ᠬᠡᠷᠡᠭᠲᠡᠶ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠬᠥᠮᠦᠵᠢᠯ ᠤᠨ ᠠᠭᠤᠯᠭ᠎ᠠ ᠳᠤ ᠭᠠᠯ ᠰᠡᠷᠭᠡᠶᠢᠯᠡᠵᠦ ᠤᠨᠲᠠᠷᠠᠭᠠᠬᠤ ᠮᠡᠳᠡᠯᠭᠡ ᠶᠢ ᠣᠷᠣᠭᠤᠯᠬᠤ ᠬᠡᠷᠡᠭᠲᠡᠢ᠃ | ︵ᠠᠷᠪᠠᠨ ᠨᠠᠢᠮᠠ︶ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠰᠠᠯᠠᠭ᠎ᠠ ᠮᠥᠴᠢᠷ ᠤᠳ ᠨᠢ | ᠠᠶᠤᠯᠲᠠᠶ ᠬᠢᠮᠢ ᠶᠢᠨ ᠪᠣᠳᠠᠰ ᠤᠨ ᠠᠵᠤ ᠠᠬᠤᠶᠢᠯᠠᠯ ᠤᠨ ᠪᠠᠶᠢᠷᠢᠰᠢᠭᠤᠯᠤᠯᠲᠠ ᠪᠠ ᠠᠵᠢᠯ ᠲᠥᠷᠥᠯ ᠤᠨ | ᠲᠥᠯᠥᠪᠵᠢᠭᠦᠯᠭᠡ ᠶᠢ ᠬᠠᠷᠢᠭᠤᠴᠠᠬᠤ ᠬᠡᠷᠡᠭᠲᠡᠢ᠃ ᠠᠷᠠᠳ ᠤᠨ ᠬᠡᠷᠡᠭᠴᠡᠭᠡᠨ ᠤ ᠳᠡᠯᠪᠡᠷᠡᠬᠦ ᠡᠳ᠋ ᠦᠢᠯᠡᠳᠪᠦᠷᠢᠯᠡᠬᠦ ᠪᠠ | ᠪᠣᠷᠣᠯᠠᠭᠤᠯᠬᠤ ᠬᠦᠷᠢᠶᠡᠨ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠵᠢᠭᠠᠨ | ᠵᠢᠯᠣᠭᠤᠳᠬᠤ ᠪᠠ ᠰᠢᠮᠳᠠᠭᠤᠯᠬᠤ ᠬᠡᠷᠡᠭᠲᠡᠢ᠃ | ︵ᠠᠷᠪᠠ ᠶᠢᠰᠦ︶ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠨᠢ ᠭᠢᠨᠳᠠᠨ ᠤ | ᠰᠢᠰᠲ᠋ᠧᠮ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠠᠯᠪᠠᠲᠠᠨ ᠲᠤᠰᠠᠭᠠᠷᠯᠠᠵᠤ ᠬᠤᠤᠷ ᠲᠠᠲᠠᠵᠤ | ᠡᠳ᠋ᠯᠡᠬᠦ ᠶᠢ ᠵᠣᠭᠰᠣᠭᠠᠬᠤ ᠭᠠᠵᠠᠷ ᠲᠠᠯᠠᠪᠤᠷ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠬᠠᠮᠢᠶᠠᠷᠤᠯᠲᠠ ᠶᠢ ᠵᠢᠭᠠᠨ ᠵᠢᠯᠣᠭᠤᠳᠴᠤ ᠬᠢᠨᠠᠯᠲᠠ ᠲᠠᠯᠪᠢᠬᠤ ᠶᠢ ᠬᠠᠷᠢᠭᠤᠴᠠᠬᠤ ᠬᠡᠷᠡᠭᠲᠡᠢ᠃ ᠭᠠᠯ ᠰᠡᠷᠭᠡᠶᠢᠯᠡᠵᠦ | ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠢ ᠬᠠᠤᠯᠢ ᠲᠦᠭᠡᠮᠡᠯᠵᠢᠭᠦᠯᠬᠦ | ᠬᠥᠮᠦᠵᠢᠯ ᠤᠨ ᠠᠭᠤᠯᠭ᠎ᠠ ᠳᠤ ᠣᠷᠣᠭᠤᠯᠬᠤ ᠬᠡᠷᠡᠭᠲᠡᠶ᠃ | ︵ᠬᠤᠷᠢ︶ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠨᠢ ᠭᠠᠯ ᠰᠡᠷᠭᠡᠶᠢᠯᠡᠵᠦ ᠤᠨᠲᠠᠷᠠᠭᠠᠬᠤ ᠪᠡᠯᠡ | ᠮᠦᠩᠭᠦᠨ ᠳᠤ ᠲᠣᠭᠲᠠᠭᠠᠯ ᠶᠣᠰᠣᠭᠠᠷ ᠲᠥᠰᠦᠪ ᠤᠨ ᠬᠠᠮᠢᠶᠠᠷᠤᠯᠲᠠ ᠬᠢᠬᠦ ᠶᠢ ᠬᠠᠷᠢᠭᠤᠴᠠᠬᠤ ᠬᠡᠷᠡᠭᠲᠡᠢ᠃ | ︵ᠬᠤᠷᠢᠨ ᠨᠢᠭᠡ︶ ᠰᠢᠲᠠᠮᠠᠬᠠᠶ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠨᠢ ᠬᠤᠲᠠ | ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ | ᠴᠢᠩᠭᠠᠳᠬᠠᠵᠤ᠂ ᠰᠢᠲᠠᠮᠠᠬᠠᠶ ᠬᠡᠢ ᠡᠵᠡᠩᠨᠡᠭᠴᠢ ᠶᠢ ᠰᠢᠮᠳᠠᠭᠤᠯᠵᠤ ᠪᠠᠶᠢᠭᠠᠳ ᠬᠡᠷᠡᠭᠯᠡᠭᠴᠢ ᠶᠢᠨ ᠠᠮᠤᠷ | ᠲᠦᠪᠰᠢᠨ ᠢᠶᠠᠷ ᠰᠢᠲᠠᠮᠠᠬᠠᠢ ᠬᠡᠢ ᠬᠡᠷᠡᠭᠯᠡᠬᠦ ᠶᠢ ᠵᠢᠯᠣᠭᠤᠳᠬᠤ ᠶᠢᠨ ᠬᠠᠮᠲᠤ ᠰᠢᠲᠠᠮᠠᠬᠠᠶ ᠬᠡᠢ ᠶᠢᠨ ᠪᠡᠯᠡᠳᠬᠡᠮᠵᠢ ᠳᠤ | ᠲᠣᠭᠲᠠᠮᠠᠯ ᠬᠤᠭᠤᠴᠠᠭ᠎ᠠ ᠲᠠᠢ ᠪᠠᠷ ᠠᠮᠤᠷ ᠲᠦᠪᠰᠢᠨ ᠤ ᠪᠠᠶᠢᠴᠠᠭᠠᠯᠲᠠ ᠬᠢᠵᠦ ᠳᠠᠯᠳᠠ ᠭᠡᠮ ᠢ ᠠᠷᠢᠯᠭᠠᠨ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠯᠴᠠᠨ ᠰᠢᠲᠠᠮᠠᠬᠠᠶ ᠬᠡᠢ ᠶᠢᠨ ᠠᠮᠤᠷ ᠲᠦᠪᠰᠢᠨ ᠤ ᠠᠳᠡᠯ ᠤᠨ | ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠲᠣᠭᠲᠠᠭᠠᠵᠤ᠂ ᠰᠢᠲᠠᠮᠠᠬᠠᠶ ᠬᠡᠢ ᠶᠢᠨ ᠲᠠᠯ᠎ᠠ ᠪᠠᠷ ᠬᠢ | ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ︵ᠬᠤᠷᠢᠨ ᠬᠤᠶᠠᠷ︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠠᠯᠠᠭ᠎ᠠ ᠮᠥᠴᠢᠷ ᠤᠳ ᠨᠢ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠬᠠᠮᠠᠭᠠᠯᠠᠵᠤ ᠬᠠᠮᠢᠶᠠᠷᠬᠤ ᠠᠵᠢᠯ ᠳᠤ ᠬᠢᠨᠠᠯᠲᠠ ᠲᠠᠯᠪᠢᠵᠤ | ᠪᠠᠶᠢᠴᠠᠭᠠᠯᠲᠠ ᠬᠢᠬᠦ ᠶᠢ ᠬᠠᠷᠢᠭᠤᠴᠠᠬᠤ ᠬᠡᠷᠡᠭᠲᠡᠢ᠃ | ︵ᠬᠤᠷᠢᠨ ᠭᠤᠷᠪᠠ︶ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠳ ᠨᠢ ᠣᠯᠠᠨ ᠨᠡᠶᠢᠲᠡ ᠶᠢᠨ ᠪᠡᠶ᠎ᠡ ᠶᠢᠨ | ᠲᠠᠮᠢᠷ ᠤᠨ ᠲᠠᠯᠠᠪᠠᠢ ᠣᠷᠳᠣᠨ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠵᠢᠴᠢ ᠲᠣᠮᠣ | ᠬᠡᠪᠴᠢᠶᠡᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠳᠠᠭᠠᠭᠠᠨ ᠡᠷᠬᠢᠯᠡᠬᠦ ᠳᠤ ᠭᠠᠯ ᠰᠡᠷᠭᠡᠶᠢᠯᠡᠵᠦ ᠤᠨᠲᠠᠷᠠᠭᠠᠬᠤ | ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠢ᠃ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠨᠤᠭᠤᠳ ᠢ ᠵᠢᠭᠠᠨ ᠵᠢᠯᠣᠭᠤᠳᠴᠤ ᠪᠠᠶᠢᠭᠠᠳ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠢ ᠨᠠᠶᠢᠳᠠᠪᠤᠷᠢᠵᠢᠭᠤᠯᠬᠤ ᠬᠡᠷᠡᠭᠲᠡᠢ᠃ | ︵ᠬᠤᠷᠢᠨ ᠳᠥᠷᠪᠡ︶ ᠱᠠᠰᠢᠨ ᠰᠤᠷᠲᠠᠬᠤᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠤᠳ ᠨᠢ ᠱᠠᠰᠢᠨ | ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠭᠠᠵᠠᠷ ᠲᠠᠬᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠬᠠᠮᠢᠶᠠᠷᠤᠯᠲᠠ ᠶᠢᠨ ᠠᠵᠢᠯ ᠳᠤ ᠵᠢᠭᠠᠨ ᠵᠢᠯᠣᠭᠤᠳᠬᠤ᠂ ᠬᠢᠨᠠᠯᠲᠠ ᠲᠠᠯᠪᠢᠬᠤ᠂ ᠪᠠᠶᠢᠴᠠᠭᠠᠯᠲᠠ ᠬᠢᠬᠦ ᠶᠢ | ᠬᠠᠷᠢᠭᠤᠴᠠᠬᠤ ᠬᠡᠷᠡᠭᠲᠡᠢ᠃ | ︵ᠬᠤᠷᠢᠨ ᠲᠠᠪᠤ︶ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠰᠠᠯᠠᠭ᠎ᠠ ᠮᠥᠴᠢᠷ ᠤᠳ ᠨᠢ ᠨᠥᠭᠡᠴᠡᠯᠡᠬᠦ | ᠠᠮᠤ ᠪᠤᠳᠠᠭ᠎ᠠ ᠶᠢᠨ ᠨᠥᠭᠡᠴᠡᠯᠡᠨ ᠬᠠᠳᠠᠭᠠᠯᠠᠬᠤ ᠭᠤᠭᠴᠤᠭ᠎ᠠ᠂ ᠭᠠᠮᠰᠢᠭ ᠠᠴᠠ ᠠᠪᠤᠷᠠᠵᠤ ᠲᠤᠰᠠᠯᠠᠬᠤ ᠡᠳ᠋ | ᠪᠠᠷᠠᠭ᠎ᠠ ᠶᠢᠨ ᠨᠥᠭᠡᠴᠡᠯᠡᠬᠦ ᠭᠤᠭᠴᠣᠭᠠᠨ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠬᠠᠮᠢᠶᠠᠷᠤᠯᠲᠠ ᠳᠤ ᠵᠢᠭᠠᠨ ᠵᠢᠯᠣᠭᠤᠳᠬᠤ᠂ ᠬᠢᠨᠠᠯᠲᠠ ᠲᠠᠯᠪᠢᠬᠤ᠂ ᠪᠠᠶᠢᠴᠠᠭᠠᠯᠲᠠ ᠬᠢᠬᠦ ᠶᠢ ᠬᠠᠷᠢᠭᠤᠴᠠᠵᠤ᠂ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠠᠷᠢᠮᠵᠢᠶᠠᠵᠢᠭᠰᠠᠨ ᠬᠠᠮᠢᠶᠠᠷᠤᠯᠲᠠ ᠶᠢ ᠵᠢᠭᠠᠨ ᠵᠢᠯᠣᠭᠤᠳᠴᠤ | ᠥᠷᠨᠢᠭᠦᠯᠬᠦ ᠬᠡᠷᠡᠭᠲᠡᠢ᠃ | ︵ᠬᠤᠷᠢᠨ ᠵᠢᠷᠭᠤᠭ᠎ᠠ︶ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ | ᠰᠠᠯᠠᠭ᠎ᠠ ᠮᠥᠴᠢᠷ ᠤᠳ ᠨᠢ ᠲᠠᠷᠢᠮᠠᠯ ᠤᠨ ᠦᠢᠯᠡᠰ᠂ ᠮᠠᠯ ᠠᠵᠤ ᠠᠬᠤᠶ᠂ ᠵᠢᠭᠠᠰᠤᠨ ᠤ ᠠᠵᠤ ᠠᠬᠤᠶ᠂ | ᠲᠠᠷᠢᠶᠠᠯᠠᠩ ᠤᠨ ᠠᠲᠠᠷ ᠬᠠᠭᠠᠯᠪᠤᠷᠢᠯᠠᠯᠲᠠ᠂ ᠲᠠᠷᠢᠶᠠᠯᠠᠩ ᠮᠠᠯ ᠠᠵᠤ ᠠᠬᠤᠶ ᠶᠢᠨ ᠮᠧᠬᠠᠨᠢᠨᠨᠵᠢᠯᠳᠠ ᠵᠡᠷᠭᠡ ᠲᠠᠷᠢᠶᠠᠯᠠᠩ | ᠮᠠᠯ ᠠᠵᠤ ᠠᠬᠤᠶ ᠶᠢᠨ ᠡᠯ᠎ᠡ ᠠᠵᠤ ᠦᠢᠯᠡᠰ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠬᠠᠮᠢᠶᠠᠷᠤᠯᠲᠠ ᠶᠢ ᠬᠠᠷᠢᠭᠤᠴᠠᠨ ᠵᠢᠭᠠᠵᠤ ᠵᠢᠯᠣᠭᠤᠳᠬᠤ ᠬᠡᠷᠡᠭᠲᠡᠢ᠃ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ | ᠰᠠᠯᠠᠭ᠎ᠠ ᠮᠥᠴᠢᠷ ᠲᠠᠢ ᠬᠠᠮᠲᠤᠷᠠᠯᠴᠠᠨ ᠭᠠᠯ ᠤᠨᠲᠠᠷᠠᠭᠠᠬᠤ ᠤᠰᠤᠨ ᠰᠤᠷᠪᠤᠯᠵᠢ᠂ ᠭᠠᠯ ᠤᠨᠲᠠᠷᠠᠭᠠᠬᠤ ᠲᠡᠷᠭᠡᠨ ᠤ | ᠨᠡᠪᠲᠡᠷᠡᠬᠦ ᠵᠠᠮ ᠵᠡᠷᠭᠡ ᠣᠯᠠᠨ ᠨᠡᠶᠢᠲᠡ ᠶᠢᠨ ᠭᠠᠯ ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ | ᠵᠡᠷᠭᠡ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠳᠤ | ᠣᠷᠣᠭᠤᠯᠤᠨ ᠵᠡᠷᠭᠡ ᠳᠤ ᠨᠢ ᠬᠡᠷᠡᠭᠵᠢᠭᠦᠯᠬᠦ ᠶᠢ ᠬᠠᠷᠢᠭᠤᠴᠠᠵᠤ᠂ ᠮᠠᠯᠵᠢᠬᠤ ᠲᠠᠷᠢᠶᠠᠯᠠᠬᠤ ᠣᠷᠣᠨ ᠤ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠵᠠᠰᠠᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠢ᠃ | ︵ᠬᠤᠷᠢᠨ ᠳᠣᠯᠤᠭ᠎ᠠ︶ ᠬᠤᠲᠠ ᠶᠢᠨ ᠤᠰᠤ ᠬᠠᠩᠭᠠᠬᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠳ ᠨᠢ ᠤᠰᠤ ᠬᠠᠩᠭᠠᠬᠤ ᠨᠢᠭᠡᠴᠢ ᠶᠢ ᠬᠠᠷᠢᠭᠤᠴᠠᠨ ᠰᠢᠮᠳᠠᠭᠤᠯᠵᠤ ᠪᠠᠶᠢᠭᠠᠳ ᠬᠤᠲᠠ ᠶᠢᠨ | ᠶᠠᠪᠤᠳᠠᠯ ᠤᠨ ᠭᠠᠯ ᠤᠨᠳᠠᠷᠠᠭᠠᠭᠤᠷ ᠤᠨ ᠲᠣᠬᠢᠷᠠᠭᠤᠯᠤᠯᠲᠠ ᠶᠢᠨ ᠭᠦᠢᠴᠡᠳ ᠪᠤᠰᠤ᠂ ᠳᠤᠲᠠᠭᠳᠠᠵᠤ ᠭᠡᠭᠡᠭᠳᠡᠭᠰᠡᠨ᠂ | ᠡᠪᠳᠡᠷᠡᠵᠦ ᠰᠦᠢᠲᠦᠭᠰᠡᠨ᠂ ᠬᠦᠷᠢᠶᠡᠯᠡᠵᠦ ᠡᠵᠡᠯᠡᠭᠳᠡᠭᠰᠡᠨ᠂ ᠳᠠᠷᠤᠭᠳᠠᠵᠤ ᠪᠤᠯᠠᠭᠳᠠᠭᠰᠠᠨ ᠵᠡᠷᠭᠡ ᠠᠰᠠᠭᠤᠳᠠᠯ ᠢ | ᠵᠢᠭᠰᠠᠭᠠᠨ ᠪᠠᠶᠢᠴᠠᠭᠠᠬᠤ ᠬᠡᠷᠡᠭᠲᠡᠶ᠃ ᠤᠰᠤ ᠬᠠᠩᠭᠠᠬᠤ ᠨᠢᠭᠡᠴᠢ ᠨᠦᠭᠦᠳ ᠨᠢ ᠬᠤᠲᠠ ᠶᠢᠨ ᠶᠠᠪᠤᠳᠠᠯ ᠤᠨ ᠭᠠᠯ | ᠤᠨᠳᠠᠷᠠᠭᠠᠭᠤᠷ ᠤᠨ ᠪᠦᠲᠦᠭᠡᠨ ᠪᠠᠶᠢᠭᠤᠯᠬᠤ ᠪᠠ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠱᠠᠭᠠᠷᠳᠠᠯᠭ᠎ᠠ ᠶᠢ ᠦᠨᠳᠦᠰᠦᠯᠡᠨ ᠭᠠᠯ ᠤᠨᠲᠠᠷᠠᠭᠠᠵᠤ | ᠠᠪᠤᠷᠠᠨ ᠲᠤᠰᠠᠯᠠᠬᠤ ᠱᠠᠭᠠᠷᠳᠠᠯᠭ᠎ᠠ ᠳᠤ ᠨᠡᠶᠢᠴᠡᠬᠦ ᠦᠭᠡᠶ ᠬᠤᠲᠠ ᠶᠢᠨ ᠭᠠᠯ ᠤᠨᠲᠠᠷᠠᠭᠠᠬᠤ ᠤᠰᠤᠨ ᠤ | ᠬᠠᠩᠭᠠᠯᠭ᠎ᠠ ᠶᠢᠨ ᠪᠡᠯᠡᠳᠬᠡᠮᠵᠢ ᠶᠢ ᠥᠭᠡᠷᠡᠴᠢᠯᠡᠨ ᠰᠢᠨᠡᠳᠬᠡᠬᠦ ᠬᠡᠷᠡᠭᠲᠡᠶ᠃ | ︵ᠬᠤᠷᠢᠨ ᠨᠠᠢᠮᠠ︶ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠨᠤᠭᠤᠳ ᠨᠢ ᠲᠣᠰ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠪᠠ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠳᠣᠤᠷ᠎ᠠ᠂ ᠪᠠᠶᠢᠭᠤᠯᠭ᠎ᠠ᠂ ᠪᠦᠯᠬᠦᠮ᠂ | ᠠᠵᠤ ᠠᠬᠤᠶᠢᠯᠠᠯ ᠠᠵᠢᠯ ᠦᠢᠯᠡᠰ ᠵᠡᠷᠭᠡ ᠨᠢᠭᠡᠴᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ ᠴᠠᠭᠠᠵᠠ᠂ ᠬᠠᠤᠯᠢ | ᠲᠣᠭᠲᠠᠭᠠᠯ ᠢ ᠵᠢᠷᠤᠮᠯᠠᠨ ᠰᠠᠬᠢᠵᠤ ᠪᠠᠶᠢᠭ᠎ᠠ ᠪᠠᠶᠢᠳᠠᠯ ᠳᠤ ᠨᠢ ᠬᠠᠤᠯᠢ ᠶᠣᠰᠣᠭᠠᠷ ᠬᠢᠨᠠᠯᠲᠠ ᠪᠠᠶᠢᠴᠠᠭᠠᠯᠳᠠ ᠬᠢᠵᠦ᠂ | ᠣᠯᠠᠨ ᠨᠡᠶᠢᠲᠡ ᠶᠢᠨ ᠪᠦᠭᠡᠮᠨᠡᠷᠡᠨ ᠴᠤᠭᠯᠠᠷᠠᠬᠤ ᠲᠠᠯᠠᠪᠤᠷ ᠭᠠᠵᠠᠷ ᠢ ᠠᠰᠢᠭᠯᠠᠯᠲᠠ ᠳᠤ ᠣᠷᠣᠭᠤᠯᠤᠨ ᠬᠡᠷᠡᠭᠯᠡᠬᠦ᠂ | ᠡᠵᠡᠩᠨᠡᠬᠦ ᠠᠴᠠ ᠡᠮᠦᠨᠡᠬᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠴᠢᠭᠯᠡᠭᠦᠯᠬᠦ ᠴᠢᠨᠠᠷᠲᠠᠶ ᠲᠤᠰᠬᠠᠶ ᠵᠠᠰᠠᠯᠲᠠ ᠶᠢ ᠵᠣᠬᠢᠶᠠᠨ | ᠪᠠᠶᠢᠭᠤᠯᠵᠤ᠂ ᠡᠷᠬᠡ ᠲᠤᠰᠢᠶᠠᠯ ᠤᠨ ᠡᠭᠦᠷᠭᠡ ᠬᠠᠷᠢᠭᠤᠴᠠᠯᠭ᠎ᠠ ᠶᠣᠰᠣᠭᠠᠷ ᠭᠠᠯ ᠰᠡᠷᠭᠡᠶᠢᠯᠡᠵᠦ ᠤᠨᠲᠠᠷᠠᠭᠠᠬᠤ | ᠲᠠᠯ᠎ᠠ ᠪᠠᠷ ᠬᠢ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢ ᠬᠡᠷᠡᠭᠵᠢᠭᠦᠯᠬᠦ ᠬᠡᠷᠡᠭᠲᠡᠶ᠃ ᠭᠠᠯ ᠭᠠᠷᠤᠭᠰᠠᠨ | ᠲᠤᠬᠠᠶ ᠶᠢᠨ ᠭᠠᠵᠠᠷ ᠲᠠᠬᠢ ᠭᠠᠯ ᠤᠨᠲᠠᠷᠠᠭᠠᠬᠤ ᠶᠢ ᠵᠣᠬᠢᠶᠠᠨ ᠪᠠᠶᠢᠭᠤᠯᠬᠤ ᠪᠠ ᠵᠢᠭᠠᠨ ᠵᠢᠯᠣᠭᠤᠳᠴᠤ᠂ ᠬᠦᠨᠳᠦ ᠶᠡᠭᠡ | ᠭᠠᠯ ᠤᠨ ᠠᠶᠤᠯ ᠭᠠᠮᠰᠢᠭ ᠤᠨ ᠠᠳᠡᠯ ᠪᠠ ᠬᠥᠮᠥᠰ ᠤᠨ ᠠᠮᠢ ᠨᠠᠰᠤ ᠶᠢ ᠠᠪᠤᠷᠠᠬᠤ ᠪᠠᠷ ᠭᠤᠣᠯ ᠪᠣᠯᠭᠠᠭᠰᠠᠨ | ᠪᠤᠰᠤᠳ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠡᠭᠦᠷᠭᠡᠯᠡᠬᠦ ᠪᠤᠶᠤ ᠲᠡᠭᠦᠨ ᠳᠤ | ᠣᠷᠣᠯᠴᠠᠬᠤ ᠬᠡᠷᠡᠭᠲᠡᠢ᠃ ᠭᠠᠯ ᠤᠨᠲᠠᠷᠠᠭᠠᠬᠤ ᠲᠤᠰᠬᠠᠶ ᠠᠩᠭᠢ᠂ ᠰᠠᠶᠢᠨ ᠳᠤᠷᠠᠴᠤᠳ ᠤᠨ ᠭᠠᠯ ᠤᠨᠲᠠᠷᠠᠭᠠᠬᠤ | ᠠᠩᠭᠢ ᠵᠡᠷᠭᠡ ᠭᠠᠯ ᠤᠨᠲᠠᠷᠠᠭᠠᠬᠤ ᠵᠣᠬᠢᠶᠠᠨ ᠪᠠᠶᠢᠭᠤᠯᠤᠯᠲᠠ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠬᠦ | ᠬᠡᠷᠡᠭᠲᠡᠶ᠃ ᠭᠠᠯ ᠤᠨ ᠠᠶᠤᠯ ᠭᠠᠮᠰᠢᠭ ᠤᠨ ᠠᠳᠡᠯ ᠤᠨ ᠰᠢᠯᠲᠠᠭᠠᠨ ᠤ ᠪᠠᠶᠢᠴᠠᠭᠠᠯᠲᠠ ᠶᠢ ᠬᠠᠤᠯᠢ ᠶᠣᠰᠣᠭᠠᠷ | ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠵᠤ᠂ ᠭᠠᠯ ᠲᠦᠢᠮᠡᠷ ᠤᠨ ᠠᠶᠤᠯ ᠭᠠᠮᠰᠢᠭ ᠤᠨ ᠬᠤᠬᠢᠷᠠᠯ ᠢ | ᠪᠦᠷᠢᠳᠬᠡᠨ᠂ ᠭᠠᠯ ᠤᠨ ᠠᠶᠤᠯ ᠭᠠᠮᠰᠢᠭ ᠤᠨ ᠠᠳᠡᠯ ᠢ ᠮᠠᠭᠠᠳᠯᠠᠨ ᠲᠣᠭᠲᠠᠭᠠᠭᠰᠠᠨ ᠪᠢᠴᠢᠭ ᠵᠣᠬᠢᠶᠠᠵᠤ᠂ ᠭᠠᠯ ᠤᠨ | ᠠᠶᠤᠯ ᠭᠠᠮᠰᠢᠭ ᠤᠨ ᠠᠳᠡᠯ ᠢ ᠰᠢᠢᠳᠪᠦᠷᠢᠯᠡᠭᠰᠡᠨ ᠭᠡᠷᠡᠴᠢ ᠪᠠᠷᠢᠮᠲᠠ ᠪᠣᠯᠭᠠᠬᠤ ᠬᠡᠷᠡᠭᠲᠡᠢ᠃ ᠭᠠᠯ ᠰᠡᠷᠭᠡᠶᠢᠯᠡᠵᠦ | ᠤᠨᠲᠠᠷᠠᠭᠠᠬᠤ ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ ᠪᠠ ᠪᠠᠴᠢᠮ ᠪᠠᠶᠢᠳᠠᠯ ᠢ ᠠᠷᠭᠠᠴᠠᠭᠠᠨ ᠲᠠᠷᠬᠠᠭᠠᠵᠤ | ᠵᠠᠶᠢᠯᠠᠭᠤᠯᠬᠤ ᠰᠣᠷᠢᠯᠲᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ᠃ ᠬᠠᠤᠯᠢ ᠴᠠᠭᠠᠵᠠ᠂ ᠬᠠᠤᠯᠢ | ᠲᠣᠭᠲᠠᠭᠠᠯ᠂ ᠲᠣᠭᠲᠠᠭᠠᠯ ᠲᠦᠷᠢᠮ ᠳᠤ ᠲᠣᠭᠲᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ | ᠬᠡᠷᠡᠭᠲᠡᠢ᠃ | ︵ᠬᠤᠷᠢ ᠶᠢᠰᠦ︶ ᠪᠠᠩᠬᠢ᠂ ᠦᠨᠡᠲᠦ ᠲᠡᠮᠳᠡᠭᠲᠦ᠂ ᠳᠠᠭᠠᠳᠬᠠᠯ ᠵᠡᠷᠭᠡ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠪᠠᠶᠢᠭᠤᠯᠤᠮᠵᠢ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠳ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠪᠠᠩᠬᠢ ᠶᠢᠨ ᠦᠢᠯᠡᠰ ᠤᠨ | ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠦᠨᠡᠲᠦ ᠲᠡᠮᠳᠡᠭᠲᠦ ᠶᠢᠨ ᠦᠢᠯᠡᠰ ᠤᠨ ᠪᠠᠶᠢᠭᠤᠯᠤᠮᠵᠢ᠂ ᠳᠠᠭᠠᠳᠬᠠᠯ ᠤᠨ | ᠪᠠᠶᠢᠭᠤᠯᠤᠮᠵᠢ᠂ ᠬᠤᠭᠤᠴᠠᠭᠠᠲᠤ ᠪᠠᠷᠠᠭᠠᠨ ᠤ ᠦᠢᠯᠡᠰ ᠤᠨ ᠪᠠᠶᠢᠭᠤᠯᠤᠮᠵᠢ ᠵᠢᠴᠢ ᠦᠢᠯᠡᠴᠢᠯᠡᠭᠡᠨ ᠤ ᠲᠣᠤᠷ ᠴᠡᠭ᠂ | ᠲᠣᠮᠢᠯᠠᠭᠰᠠᠨ ᠪᠠᠶᠢᠭᠤᠯᠤᠮᠵᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠨᠢ ᠬᠠᠷᠢᠭᠤᠴᠠᠨ ᠰᠢᠮᠳᠠᠭᠤᠯᠬᠤ ᠬᠡᠷᠡᠭᠲᠡᠶ᠃ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠪᠠᠶᠢᠭᠤᠯᠤᠮᠵᠢ ᠨᠤᠭᠤᠳ ᠨᠢ ᠳᠠᠭᠠᠳᠬᠠᠯ ᠤᠨ ᠺᠣᠮᠫᠠᠨᠢ ᠶᠢᠨ ᠭᠠᠯ ᠤᠨ ᠠᠶᠤᠯ ᠭᠠᠮᠰᠢᠭ ᠤᠨ | ᠣᠯᠠᠨ ᠨᠡᠶᠢᠲᠡ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠬᠠᠷᠢᠭᠤᠴᠠᠵᠤ | ᠵᠢᠭᠠᠨ ᠵᠢᠯᠣᠭᠤᠳᠴᠤ᠂ ᠳᠠᠭᠠᠳᠬᠠᠯ ᠤᠨ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠭᠠᠯ ᠤᠨ ᠠᠶᠤᠯ | ᠭᠠᠮᠰᠢᠭ ᠤᠨ ᠲᠦᠭᠰᠢᠭᠦᠷᠢ ᠶᠢ ᠦᠨᠡᠯᠡᠨ ᠵᠢᠱᠢᠵᠦ ᠬᠠᠮᠢᠶᠠᠷᠤᠨ ᠡᠵᠡᠮᠳᠡᠬᠦ ᠪᠠ ᠭᠠᠯ ᠤᠨ ᠠᠶᠤᠯ ᠭᠠᠮᠰᠢᠭ ᠤᠨ | ᠠᠳᠡᠯ ᠢ ᠰᠡᠷᠭᠡᠶᠢᠯᠡᠬᠦ ᠴᠢᠳᠠᠮᠵᠢ ᠶᠢ ᠨᠢ ᠪᠠᠳᠠᠷᠠᠭᠤᠯᠬᠤ ᠬᠡᠷᠡᠭᠲᠡᠢ᠃ | ︵ᠭᠤᠴᠢ︶ ᠢᠨᠲ᠋ᠧᠷ ᠰᠦᠯᠵᠢᠶ᠎ᠡ ᠶᠢᠨ ᠮᠡᠳᠡᠭᠡ ᠵᠠᠩᠭᠢ᠂ ᠴᠢᠮᠡᠭᠡ ᠬᠤᠯᠪᠣᠭ᠎ᠠ ᠶᠢᠨ ᠬᠠᠮᠢᠶᠠᠷᠤᠯᠲᠠ ᠵᠡᠷᠭᠡ | ᠰᠠᠯᠠᠭ᠎ᠠ ᠮᠥᠴᠢᠷ ᠤᠳ ᠨᠢ ᠰᠦᠯᠵᠢᠶᠡᠨ ᠥᠷᠲᠡᠭᠡ᠂ ᠪᠢᠴᠢᠯ ᠪᠦᠷᠭᠡ᠂ ᠸᠢᠴᠠᠲ ᠵᠡᠷᠭᠡ ᠰᠢᠯᠵᠢᠮᠡᠯ ᠢᠨᠲ᠋ᠧᠷ | ᠰᠦᠯᠵᠢᠶᠡᠨ ᠤ ᠵᠠᠭᠤᠴᠢᠯᠠᠭᠤᠷ ᠢ ᠰᠢᠮᠳᠠᠭᠤᠯᠤᠨ ᠵᠢᠯᠣᠭᠤᠳᠴᠤ ᠪᠠᠶᠢᠭᠠᠳ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠤ ᠨᠡᠶᠢᠳᠡ ᠶᠢᠨ ᠠᠰᠠᠷᠠᠮᠵᠢ ᠶᠢᠨ ᠴᠢᠨᠠᠷᠲᠠᠶ ᠤᠬᠠᠭᠤᠯᠭ᠎ᠠ ᠶᠢ ᠥᠷᠨᠢᠭᠦᠯᠬᠦ ᠬᠡᠷᠡᠭᠲᠡᠶ᠃ ᠬᠦᠨᠳᠦ ᠶᠡᠭᠡ | ᠣᠨᠴᠠ ᠰᠦᠷᠡᠬᠡᠢ ᠭᠠᠯ ᠤᠨ ᠠᠶᠤᠯ ᠵᠢᠴᠢ ᠠᠶᠤᠯ ᠠᠳᠡᠯ ᠤᠨ ᠭᠠᠯ ᠤᠨᠲᠠᠷᠠᠭᠠᠵᠤ ᠪᠠᠴᠢᠮ ᠪᠠᠶᠢᠳᠠᠯ ᠢ ᠠᠷᠭᠠᠴᠠᠭᠠᠨ | ᠠᠪᠤᠷᠠᠵᠤ ᠲᠤᠰᠠᠯᠠᠬᠤ ᠪᠠ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠳᠤ ᠴᠢᠮᠡᠭᠡ | ᠬᠤᠯᠪᠣᠭᠠᠨ ᠤ ᠪᠠᠲᠤᠯᠠᠭ᠎ᠠ ᠬᠠᠩᠭᠠᠬᠤ ᠬᠡᠷᠡᠭᠲᠡᠶ᠃ | ︵ᠭᠤᠴᠢᠨ ᠨᠢᠭᠡ︶ ᠰᠢᠤᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠨᠢ ᠰᠢᠤᠳᠠᠨ ᠤ ᠠᠵᠢᠯ | ᠲᠥᠷᠥᠯ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ ᠬᠠᠷᠢᠭᠤᠴᠠᠵᠤ᠂ ᠰᠢᠤᠳᠠᠨ ᠤ ᠠᠵᠤ ᠠᠬᠤᠶᠢᠯᠠᠯ᠂ | ᠲᠦᠷᠭᠡᠨ ᠢᠯᠡᠭᠡᠯᠲᠡ ᠶᠢᠨ ᠠᠵᠤ ᠠᠬᠤᠶᠢᠯᠠᠯ ᠢ ᠵᠢᠭᠠᠨ ᠵᠢᠯᠣᠭᠤᠳᠴᠤ᠂ ᠬᠢᠨᠠᠯᠲᠠ ᠲᠠᠯᠪᠢᠵᠤ᠂ ᠪᠠᠶᠢᠴᠠᠭᠠᠵᠤ | ᠪᠠᠶᠢᠭᠠᠳ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠶᠢ ᠨᠢ ᠭᠦᠢᠴᠡᠳᠬᠡᠯᠭᠡᠬᠦ | ᠬᠡᠷᠡᠭᠲᠡᠢ᠃ | ︵ᠭᠤᠴᠢᠨ ᠬᠤᠶᠠᠷ︶ ᠵᠠᠰᠠᠭ ᠤᠨ ᠣᠷᠳᠣᠨ ᠤ ᠠᠵᠢᠯ ᠤᠨ ᠪᠤᠰᠤᠳ ᠰᠠᠯᠠᠭ᠎ᠠ ᠮᠥᠴᠢᠷ ᠵᠢᠴᠢ ᠥᠪᠡᠷᠲᠡᠭᠡᠨ | ᠵᠠᠰᠠᠬᠤ ᠣᠷᠣᠨ ᠳᠤ ᠰᠠᠭᠤᠭ᠎ᠠ ᠨᠢᠭᠡᠴᠢ ᠪᠠ ᠪᠠᠶᠢᠭᠤᠯᠤᠮᠵᠢ ᠨᠤᠭᠤᠳ ᠨᠢ ᠭᠠᠯ ᠰᠡᠷᠭᠡᠶᠢᠯᠡᠵᠦ ᠤᠨᠲᠠᠷᠠᠭᠠᠬᠤ | ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠬᠠᠤᠯᠢ ᠪᠠ ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠶ᠃ | ᠬᠠᠷᠢᠶᠠᠯᠠᠭᠳᠠᠬᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠲᠠᠢ ᠰᠠᠯᠠᠭ᠎ᠠ ᠮᠥᠴᠢᠷ ᠪᠤᠶᠤ | ᠨᠢᠭᠡᠴᠢ ᠨᠦᠭᠦᠳ ᠨᠢ ᠬᠠᠷᠢᠶᠠᠯᠠᠭᠳᠠᠬᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠢᠶᠠᠨ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯ ᠢ ᠬᠠᠷᠢᠭᠤᠴᠠᠨ ᠪᠠᠶᠢᠴᠠᠭᠠᠵᠤ ᠬᠠᠮᠢᠶᠠᠷᠬᠤ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢᠲᠤ ᠰᠠᠯᠠᠭ᠎ᠠ | ᠮᠥᠴᠢᠷ ᠤᠳ ᠨᠢ ᠬᠢᠨᠠᠨ ᠵᠥᠪᠰᠢᠶᠡᠷᠡᠬᠦ ᠵᠦᠢᠯᠡᠰ ᠲᠠᠬᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠬᠠᠤᠯᠢ ᠪᠠᠷ ᠲᠣᠭᠲᠠᠭᠠᠭᠰᠠᠨ ᠨᠥᠬᠦᠴᠡᠯ ᠢ ᠴᠢᠩᠭ᠎ᠠ ᠪᠠᠷ ᠬᠢᠨᠠᠨ ᠵᠥᠪᠰᠢᠶᠡᠷᠡᠵᠦ᠂ ᠬᠠᠤᠯᠢ ᠪᠠᠷ ᠲᠣᠭᠲᠠᠭᠠᠭᠰᠠᠨ | ᠨᠥᠬᠦᠴᠡᠯ ᠳᠤ ᠨᠡᠶᠢᠴᠡᠬᠦ ᠦᠭᠡᠢ ᠪᠦᠬᠦᠨ ᠳᠤ ᠬᠠᠮᠢᠶ᠎ᠠ ᠪᠦᠬᠦᠢ ᠵᠥᠪᠰᠢᠶᠡᠷᠡᠯ ᠤᠨ ᠦᠨᠡᠮᠯᠡᠯ ᠬᠢᠨᠠᠨ ᠣᠯᠭᠤᠵᠤ ᠪᠣᠯᠬᠤ | ᠦᠭᠡᠢ ᠪᠤᠶᠤ ᠨᠡᠭᠡᠭᠡᠨ ᠡᠷᠬᠢᠯᠡᠬᠦ ᠶᠢ ᠨᠢ ᠵᠥᠪᠰᠢᠶᠡᠷᠡᠵᠦ ᠪᠣᠯᠬᠤ ᠦᠭᠡᠢ᠃ ᠨᠢᠭᠡᠨᠲᠡ ᠬᠠᠤᠯᠢ ᠶᠣᠰᠣᠭᠠᠷ ᠵᠥᠪᠰᠢᠶᠡᠷᠡᠯ | ᠣᠯᠤᠭᠰᠠᠨ ᠨᠢᠭᠡᠴᠢ ᠨᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠨᠥᠬᠦᠴᠡᠯ ᠢ ᠪᠦᠷᠢᠯᠳᠦᠭᠦᠯᠦᠭᠰᠡᠨ | ᠦᠭᠡᠢ ᠪᠣᠯ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠶ᠃ | ᠵᠠᠰᠠᠭ ᠵᠠᠬᠢᠷᠭᠠᠨ ᠤ ᠬᠠᠮᠢᠶᠠᠷᠤᠯᠲᠠ ᠪᠤᠶᠤ ᠣᠯᠠᠨ ᠨᠡᠶᠢᠲᠡ ᠶᠢᠨ ᠦᠢᠯᠡᠴᠢᠯᠡᠭᠡᠨ ᠤ ᠡᠭᠦᠷᠭᠡ ᠴᠢᠳᠠᠪᠤᠷᠢᠲᠤ | ᠰᠠᠯᠠᠭ᠎ᠠ ᠮᠥᠴᠢᠷ ᠤᠳ ᠨᠢ ᠲᠤᠰ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠭᠠᠯ | ᠰᠡᠷᠭᠡᠶᠢᠯᠡᠵᠦ ᠤᠨᠲᠠᠷᠠᠭᠠᠬᠤ ᠠᠵᠢᠯ ᠳᠤ ᠳᠡᠮᠵᠢᠯᠭᠡ ᠪᠠ ᠪᠠᠲᠤᠯᠠᠭ᠎ᠠ ᠬᠠᠩᠭᠠᠬᠤ ᠬᠡᠷᠡᠭᠲᠡᠶ᠃ | | | ᠳᠥᠷᠪᠡᠳᠦᠭᠡᠷ ᠪᠦᠯᠦᠭ ᠦᠨᠳᠦᠰᠦᠨ ᠱᠠᠲᠤᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠪᠠ | ᠨᠡᠶᠢᠭᠡᠮ ᠤᠨ ᠨᠢᠭᠡᠴᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ | | | ᠠᠷᠪᠠᠨ ᠲᠠᠪᠤᠳᠤᠭᠠᠷ ᠵᠦᠢᠯ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ | ᠵᠥᠪᠯᠡᠯ ︵ ᠨᠡᠶᠢᠭᠡᠮ ᠲᠣᠭᠤᠷᠢᠭ︶ ᠨᠢ ᠳᠣᠤᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄ | ︵ᠨᠢᠭᠡ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠭᠴᠢ ᠶᠢ ᠲᠣᠭᠲᠠᠭᠠᠵᠤ᠂ ᠭᠠᠯ | ᠰᠡᠷᠭᠡᠶᠢᠯᠡᠬᠦ ᠠᠮᠤᠷ ᠲᠦᠪᠰᠢᠨ ᠤ ᠨᠡᠶᠢᠲᠡ ᠶᠢᠨ ᠭᠡᠷ᠎ᠡ ᠶᠢ ᠲᠣᠭᠲᠠᠭᠠᠨ᠂ ᠭᠠᠯ ᠰᠡᠷᠭᠡᠶᠢᠯᠡᠵᠦ ᠤᠨᠲᠠᠷᠠᠭᠠᠬᠤ | ᠲᠠᠯ᠎ᠠ ᠶᠢᠨ ᠤᠬᠠᠭᠤᠯᠭ᠎ᠠ ᠬᠥᠮᠦᠵᠢᠯ ᠢ ᠪᠠᠶᠢᠩᠭᠤ ᠶᠢᠨ ᠴᠢᠨᠠᠷᠲᠠᠢ ᠥᠷᠨᠢᠭᠦᠯᠬᠦ ᠬᠡᠷᠡᠭᠲᠡᠶ᠃ | ︵ᠬᠤᠶᠠᠷ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ︽ᠲᠤᠤᠷᠵᠢᠯᠬᠠᠰᠠᠨ︾ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠤᠤᠷᠵᠢᠯᠬᠠᠰᠠᠨ | ᠬᠠᠮᠢᠶᠠᠷᠤᠯᠲᠠ ᠶᠢᠨ ᠠᠵᠢᠯᠲᠠᠨ ᠵᠢᠴᠢ ᠲᠡᠳᠡᠨ ᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠬᠤ | ᠬᠡᠷᠡᠭᠲᠡᠶ᠃ | ︵ᠭᠤᠷᠪᠠ︶ ᠤᠯᠠᠷᠢᠯ ᠤᠨ ᠴᠢᠨᠠᠷᠲᠠᠶ ᠭᠠᠯ ᠲᠦᠢᠮᠡᠷ ᠭᠠᠷᠬᠤ ᠵᠢᠮ᠎ᠡ ᠶᠣᠰᠣ ᠪᠠ ᠣᠨᠴᠠᠯᠢᠭ ᠢ ᠦᠨᠳᠦᠰᠦᠯᠡᠨ᠂ | ᠭᠠᠯ ᠰᠡᠷᠭᠡᠶᠢᠯᠡᠬᠦ ᠲᠠᠯ᠎ᠠ ᠪᠠᠷ ᠬᠢ ᠲᠣᠭᠤᠷᠢᠨ ᠪᠠᠶᠢᠴᠠᠭᠠᠯᠲᠠ ᠶᠢ ᠥᠷᠨᠢᠭᠦᠯᠵᠦ᠂ ᠭᠠᠯ ᠰᠡᠷᠭᠡᠶᠢᠯᠡᠵᠦ ᠤᠨᠲᠠᠷᠠᠭᠠᠬᠤ | ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤ ᠨᠢ ᠠᠷᠢᠯᠭᠠᠬᠤ ᠬᠡᠷᠡᠭᠲᠡᠶ᠃ | ︵ᠳᠥᠷᠪᠡ︶ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠰᠠᠶᠢᠨ | ᠳᠤᠷᠠᠴᠤᠳ ᠤᠨ ᠭᠠᠯ ᠤᠨᠲᠠᠷᠠᠭᠠᠬᠤ ᠠᠩᠭᠢ ᠪᠤᠶᠤ ᠭᠠᠯ ᠤᠨᠲᠠᠷᠠᠭᠠᠬᠤ ᠪᠢᠴᠢᠯ ᠥᠷᠲᠡᠭᠡ ᠶᠢ ᠪᠠᠶᠢᠭᠤᠯᠵᠤ᠂ ᠭᠠᠯ | ᠤᠨᠲᠠᠷᠠᠭᠠᠬᠤ ᠴᠢᠬᠤᠯᠠ ᠪᠦᠬᠦᠢ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠢ ᠲᠣᠬᠢᠷᠠᠭᠤᠯᠤᠨ᠂ ᠪᠠᠴᠢᠮ ᠪᠠᠶᠢᠳᠠᠯ ᠢ | ᠠᠷᠭᠠᠴᠠᠭᠠᠨ ᠲᠠᠷᠬᠠᠭᠠᠵᠤ ᠵᠠᠶᠢᠯᠠᠭᠤᠯᠬᠤ ᠰᠣᠷᠢᠯᠲᠠ ᠪᠠ ᠣᠯᠠᠨ ᠲᠦᠮᠡᠨᠴᠢ ᠴᠢᠨᠠᠷᠲᠠᠢ ᠥᠪᠡᠰᠦᠪᠡᠨ ᠰᠡᠷᠭᠡᠶᠢᠯᠡᠵᠦ | ᠥᠪᠡᠷ ᠢ ᠪᠠᠨ ᠠᠪᠤᠷᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ᠃ | ︵ᠲᠠᠪᠤ︶ ᠭᠠᠯ ᠲᠦᠢᠮᠡᠷ ᠭᠠᠷᠤᠭᠰᠠᠨ ᠦᠶ᠎ᠡ ᠳᠤ᠂ ᠭᠠᠯ ᠲᠦᠢᠮᠡᠷ ᠢ ᠴᠠᠭ ᠲᠤᠬᠠᠢ ᠳᠤ ᠨᠢ ᠮᠡᠳᠡᠭᠦᠯᠵᠦ᠂ | ᠲᠡᠷᠡ ᠬᠦ ᠣᠷᠣᠨ ᠬᠡᠪᠴᠢᠶᠡᠨ ᠳᠠᠬᠢ ᠰᠠᠭᠤᠭᠠᠯᠢ ᠠᠷᠠᠳ ᠢ ᠵᠣᠬᠢᠶᠠᠨ ᠪᠠᠶᠢᠭᠤᠯᠵᠤ ᠲᠠᠷᠬᠠᠭᠠᠨ ᠵᠠᠶᠢᠯᠠᠭᠤᠯᠬᠤ | ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠵᠡᠷᠭᠡ | ᠨᠢᠭᠡᠴᠢ ᠨᠦᠭᠦᠳ ᠨᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄ | ︵ᠨᠢᠭᠡ︶ ᠡᠯ᠎ᠡ ᠱᠠᠲᠤ᠂ ᠡᠯ᠎ᠡ ᠠᠵᠢᠯ ᠤᠨ ᠪᠠᠶᠢᠷᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠤ ᠬᠠᠷᠢᠭᠤᠴᠠᠯᠭᠠᠲᠠᠨ ᠵᠢᠴᠢ ᠲᠡᠳᠡᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠤ᠂ ᠲᠤᠰ | ᠨᠢᠭᠡᠴᠢ ᠶᠢᠨ ᠢᠶᠠᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠳᠦᠷᠢᠮ᠂ ᠭᠠᠯ ᠰᠡᠷᠭᠡᠶᠢᠯᠡᠵᠦ | ᠤᠨᠲᠠᠷᠠᠭᠠᠬᠤ ᠠᠮᠤᠷ ᠲᠦᠪᠰᠢᠨ ᠤ ᠠᠵᠢᠯᠯᠠᠭᠠᠨ ᠤ ᠳᠦᠷᠢᠮ ᠵᠢᠷᠤᠮ᠂ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ | ᠠᠷᠭᠠᠴᠠᠭᠠᠨ ᠲᠠᠷᠬᠠᠭᠠᠵᠤ ᠵᠠᠶᠢᠯᠠᠭᠤᠯᠬᠤ ᠪᠡᠯᠡᠳᠬᠡᠯ ᠲᠥᠰᠦᠯ ᠢ ᠲᠣᠭᠲᠠᠭᠠᠬᠤ ᠬᠡᠷᠡᠭᠲᠡᠶ᠃ ᠭᠠᠯ ᠤᠨᠲᠠᠷᠠᠭᠠᠬᠤ ᠪᠠ | ᠪᠠᠴᠢᠮ ᠪᠠᠶᠢᠳᠠᠯ ᠢ ᠠᠷᠭᠠᠴᠠᠭᠠᠨ ᠲᠠᠷᠬᠠᠭᠠᠵᠤ ᠵᠠᠶᠢᠯᠠᠭᠤᠯᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ | ᠵᠣᠬᠢᠶᠠᠨ ᠪᠠᠶᠢᠭᠤᠯᠵᠤ ᠥᠷᠨᠢᠭᠦᠯᠦᠨ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠳᠤ ᠪᠠᠶᠢᠴᠠᠭᠠᠵᠤ ᠰᠢᠯᠭᠠᠨ ᠬᠢᠨᠠᠯᠲᠠ | ᠬᠢᠵᠦ᠂ ᠡᠯ᠎ᠡ ᠵᠦᠢᠯ ᠤᠨ ᠲᠣᠭᠲᠠᠭᠠᠯ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠶ᠃ | ︵ᠬᠤᠶᠠᠷ︶ ᠭᠠᠯ ᠰᠡᠷᠭᠡᠶᠢᠯᠡᠬᠦ ᠠᠵᠢᠯ ᠤᠨ ᠪᠠᠶᠢᠴᠠᠭᠠᠯᠲᠠ ᠬᠢᠵᠦ ᠲᠣᠭᠤᠷᠢᠨ ᠪᠠᠶᠢᠴᠠᠭᠠᠬᠤ᠂ ᠭᠠᠯ | ᠤᠨᠲᠠᠷᠠᠭᠠᠬᠤ ᠪᠡᠯᠡᠳᠬᠡᠮᠵᠢ ᠪᠠᠭᠠᠵᠢ ᠬᠡᠷᠡᠭᠰᠡᠯ ᠢ ᠠᠷᠠᠴᠢᠯᠠᠨ ᠬᠠᠮᠠᠭᠠᠯᠠᠬᠤ᠂ ᠪᠠᠷᠢᠯᠭ᠎ᠠ ᠶᠢᠨ ᠭᠠᠯ ᠤᠨᠲᠠᠷᠠᠭᠠᠬᠤ | ᠪᠡᠯᠡᠳᠬᠡᠮᠵᠢ ᠶᠢ ᠪᠠᠶᠢᠴᠠᠭᠠᠨ ᠰᠢᠯᠭᠠᠬᠤ᠂ ᠭᠠᠯ ᠤᠨ ᠠᠶᠤᠯ ᠤᠨ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ᠂ | ᠲᠤᠰᠬᠠᠶ ᠪᠤᠶᠤ ᠰᠠᠶᠢᠨ ᠳᠤᠷᠠᠴᠤᠳ ᠤᠨ ᠭᠠᠯ ᠤᠨᠲᠠᠷᠠᠭᠠᠬᠤ ᠠᠩᠭᠢ ᠪᠠ ᠭᠠᠯ ᠤᠨᠲᠠᠷᠠᠭᠠᠬᠤ ᠪᠢᠴᠢᠯ ᠥᠷᠲᠡᠭᠡ ᠶᠢᠨ | ᠪᠦᠲᠦᠭᠡᠨ ᠪᠠᠶᠢᠭᠤᠯᠤᠯᠲᠠ ᠵᠡᠷᠭᠡ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠳᠤ ᠬᠡᠷᠡᠭᠰᠡᠬᠦ ᠪᠡᠯᠡ ᠮᠥᠩᠭᠦᠨ ᠤ | ᠣᠷᠣᠭᠤᠯᠤᠯᠲᠠ ᠶᠢ ᠪᠠᠲᠤᠯᠠᠬᠤ ᠬᠡᠷᠡᠭᠲᠡᠶ᠃ ᠦᠢᠯᠡᠳᠪᠦᠷᠢᠯᠡᠵᠦ ᠡᠵᠡᠩᠨᠡᠬᠦ ᠨᠢᠭᠡᠴᠢ ᠶᠢᠨ ᠠᠮᠤᠷ ᠲᠦᠪᠰᠢᠨ ᠤ | ᠵᠠᠷᠤᠳᠠᠯ ᠢ ᠭᠠᠯ ᠰᠡᠷᠭᠡᠶᠢᠯᠡᠨ ᠤᠨᠲᠠᠷᠠᠭᠠᠬᠤ ᠠᠵᠢᠯ ᠳᠤ ᠵᠣᠬᠢᠬᠤ ᠬᠠᠷᠢᠴᠠᠯ ᠢᠶᠠᠷ ᠬᠡᠷᠡᠭᠯᠡᠬᠦ ᠶᠢ ᠨᠢ ᠪᠠᠲᠤᠯᠠᠬᠤ | ᠬᠡᠷᠡᠭᠲᠡᠶ᠃ | ︵ᠭᠤᠷᠪᠠ︶ ᠬᠠᠮᠢᠶ᠎ᠠ ᠪᠦᠬᠦᠢ ᠪᠠᠷᠢᠮᠵᠢᠶ᠎ᠠ ᠶᠣᠰᠣᠭᠠᠷ ᠭᠠᠯ ᠤᠨᠲᠠᠷᠠᠭᠠᠬᠤ ᠪᠡᠯᠡᠳᠬᠡᠮᠵᠢ ᠪᠠ ᠪᠠᠭᠠᠵᠢ | ᠬᠡᠷᠡᠭᠰᠡᠯ ᠢ ᠲᠣᠬᠢᠷᠠᠭᠤᠯᠤᠨ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠲᠡᠮᠳᠡᠭ ᠬᠠᠳᠠᠬᠤ ᠪᠠ ᠪᠣᠰᠬᠠᠨ | ᠲᠠᠯᠪᠢᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠵᠤ ᠰᠡᠯᠪᠢᠨ ᠵᠠᠰᠠᠵᠤ᠂ ᠪᠠᠷᠢᠯᠭ᠎ᠠ ᠶᠢᠨ ᠭᠠᠯ | ᠤᠨᠲᠠᠷᠠᠭᠠᠬᠤ ᠪᠡᠯᠡᠳᠬᠡᠮᠵᠢ ᠶᠢ ᠵᠢᠯ ᠪᠦᠷᠢ ᠨᠠᠭᠠᠲᠤ ᠵᠠᠬ᠎ᠠ ᠳᠤ ᠪᠠᠨ ᠨᠢᠭᠡ ᠤᠳᠠᠭ᠎ᠠ ᠪᠦᠬᠦ ᠲᠠᠯ᠎ᠠ ᠪᠠᠷ ᠪᠠᠶᠢᠴᠠᠭᠠᠵᠤ | ᠰᠢᠯᠭᠠᠨ᠂ ᠲᠡᠳᠡᠭᠡᠷ ᠤᠨ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠭᠠᠯ ᠰᠡᠷᠭᠡᠶᠢᠯᠡᠵᠦ ᠤᠨᠲᠠᠷᠠᠭᠠᠬᠤ ᠡᠵᠡᠮᠰᠢᠯ ᠤᠨ ᠲᠠᠰᠤᠭ ᠲᠠᠢ ᠪᠠᠶᠢᠪᠠᠯ᠂ 24 ᠴᠠᠭ ᠢᠶᠠᠷ ᠵᠢᠵᠢᠭᠦᠷᠯᠡᠬᠦ ᠳᠦᠷᠢᠮ ᠢ | ᠬᠡᠷᠡᠭᠵᠢᠭᠦᠯᠵᠦ᠂ ᠡᠭᠡᠯᠵᠢ ᠪᠦᠷᠢ ᠳᠤ 2 ᠠᠴᠠ ᠳᠤᠲᠠᠭᠤ ᠦᠭᠡᠢ ᠬᠥᠮᠦᠨ ᠵᠢᠵᠢᠭᠦᠷᠯᠡᠭᠦᠯᠬᠦ ᠪᠥᠭᠡᠳ ᠠᠵᠢᠯ ᠤᠨ | ᠪᠠᠶᠢᠷᠢ ᠶᠢᠨ ᠦᠨᠡᠮᠯᠡᠯ ᠲᠠᠢ ᠬᠥᠮᠥᠰ ᠢᠶᠠᠷ ᠵᠢᠵᠢᠭᠦᠷᠯᠡᠭᠦᠯᠬᠦ ᠬᠡᠷᠡᠭᠲᠡᠢ᠃ | ︵ᠳᠥᠷᠪᠡ︶ ᠲᠠᠷᠬᠠᠭᠠᠵᠤ ᠵᠠᠶᠢᠯᠠᠭᠤᠯᠬᠤ ᠨᠡᠪᠲᠡᠷᠡᠯ ᠵᠠᠮ᠂ ᠠᠮᠤᠷ ᠲᠦᠪᠰᠢᠨ ᠭᠠᠷᠬᠤ ᠡᠭᠦᠳᠡ᠂ ᠭᠠᠯ | ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠤᠨ ᠰᠠᠭᠠᠳ ᠦᠭᠡᠢ ᠪᠠᠶᠢᠬᠤ ᠶᠢ ᠪᠠᠲᠤᠯᠠᠵᠤ᠂ ᠭᠠᠯ ᠪᠠ ᠤᠲᠤᠭ᠎ᠠ | ᠰᠡᠷᠭᠡᠶᠢᠯᠡᠬᠦ ᠬᠤᠪᠢᠶᠠᠷᠢ ᠲᠣᠭᠤᠷᠢᠭ᠂ ᠭᠠᠯ ᠰᠡᠷᠭᠡᠶᠢᠯᠡᠬᠦ ᠵᠠᠶ ᠨᠢ ᠭᠠᠯ ᠰᠡᠷᠭᠡᠶᠢᠯᠡᠵᠦ ᠤᠨᠲᠠᠷᠠᠭᠠᠬᠤ ᠮᠡᠷᠭᠡᠵᠢᠯ ᠤᠨ | ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠶᠢ ᠪᠠᠲᠤᠯᠠᠬᠤ ᠬᠡᠷᠡᠭᠲᠡᠶ᠃ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠤᠨ | ᠡᠭᠦᠳᠡ ᠴᠣᠩᠬᠤᠨ ᠳᠤ ᠭᠠᠯ ᠤᠨ ᠠᠶᠤᠯ ᠠᠴᠠ ᠵᠠᠶᠢᠯᠠᠵᠤ ᠵᠢᠭᠤᠳᠠᠬᠤ ᠪᠠ ᠭᠠᠯ ᠤᠨᠲᠠᠷᠠᠭᠠᠵᠤ ᠠᠪᠤᠷᠠᠨ | ᠲᠤᠰᠠᠯᠠᠬᠤ ᠶᠢ ᠨᠥᠯᠥᠭᠡᠯᠡᠵᠦ ᠮᠡᠳᠡᠬᠦ ᠬᠠᠷᠰᠢ ᠰᠠᠭᠠᠳ ᠲᠠᠢ ᠵᠦᠢᠯᠡᠰ ᠢ ᠪᠠᠶᠢᠯᠭᠠᠵᠤ ᠪᠣᠯᠬᠤ ᠦᠭᠡᠢ᠃ ᠪᠠᠷᠢᠯᠭ᠎ᠠ ᠶᠢᠨ | ᠲᠣᠨᠣᠭᠯᠠᠭᠠᠰᠤ᠂ ᠪᠠᠷᠢᠯᠭ᠎ᠠ ᠶᠢᠨ ᠮᠠᠲ᠋ᠧᠷᠢᠶᠠᠯ ᠪᠠ ᠭᠡᠷ ᠲᠤᠳᠤᠷᠠᠬᠢ ᠵᠠᠰᠠᠯ ᠴᠢᠮᠡᠭᠯᠡᠯ ᠤᠨ ᠮᠠᠲ᠋ᠧᠷᠢᠶᠠᠯ ᠵᠡᠷᠭᠡ ᠨᠢ ᠭᠠᠯ | ᠰᠡᠷᠭᠡᠶᠢᠯᠡᠵᠦ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠬᠦ ᠶᠢ ᠪᠠᠲᠤᠯᠠᠬᠤ ᠬᠡᠷᠡᠭᠲᠡᠶ᠃ | ︵ᠲᠠᠪᠤ︶ ᠭᠠᠯ ᠰᠡᠷᠭᠡᠶᠢᠯᠡᠬᠦ ᠪᠠᠶᠢᠴᠠᠭᠠᠯᠲᠠ᠂ ᠴᠠᠭᠳᠠᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ | ᠥᠷᠨᠢᠭᠦᠯᠵᠦ᠂ ᠭᠠᠯ ᠲᠦᠢᠮᠡᠷ ᠤᠨ ᠳᠠᠯᠳᠠ ᠭᠡᠮ ᠢ ᠴᠠᠭ ᠲᠤᠬᠠᠶ ᠳᠤ ᠨᠢ ᠠᠷᠢᠯᠭᠠᠬᠤ ᠬᠡᠷᠡᠭᠲᠡᠶ᠃ | ︵ᠵᠢᠷᠭᠤᠭ᠎ᠠ︶ ᠬᠡᠷᠡᠭᠴᠡᠭᠡ ᠪᠠᠨ ᠦᠨᠳᠦᠰᠦᠯᠡᠨ ᠲᠤᠰᠬᠠᠶ ᠪᠤᠶᠤ ᠰᠠᠶᠢᠨ ᠳᠤᠷᠠᠴᠤᠳ ᠤᠨ ᠭᠠᠯ | ᠤᠨᠲᠠᠷᠠᠭᠠᠬᠤ ᠠᠩᠭᠢ᠂ ᠭᠠᠯ ᠤᠨᠲᠠᠷᠠᠭᠠᠬᠤ ᠪᠢᠴᠢᠯ ᠥᠷᠲᠡᠭᠡ ᠶᠢ ᠪᠠᠶᠢᠭᠤᠯᠵᠤ᠂ ᠭᠠᠯ ᠤᠨᠲᠠᠷᠠᠭᠠᠬᠤ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠨ᠂ ᠰᠤᠷᠭᠠᠭᠤᠯᠢᠯᠠᠯ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠵᠣᠬᠢᠶᠠᠨ | ᠪᠠᠶᠢᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠪᠠ ᠭᠠᠯ | ᠤᠨᠲᠠᠷᠠᠭᠠᠬᠤ ᠡᠮ ᠨᠤᠨᠲᠠᠭ ᠤᠨ ᠬᠠᠳᠠᠭᠠᠯᠠᠯᠳᠠ ᠶᠢ ᠴᠢᠩᠭᠠᠳᠬᠠᠨ᠂ ᠬᠠᠮᠲᠤᠷᠠᠨ ᠠᠵᠢᠯᠯᠠᠵᠤ ᠬᠤᠯᠪᠣᠭᠠᠯᠠᠨ | ᠬᠦᠳᠡᠯᠦᠯᠴᠡᠬᠦ ᠲᠣᠭᠲᠠᠴᠠ ᠶᠢ ᠪᠠᠶᠢᠭᠤᠯᠵᠤ᠂ ᠠᠩᠬ᠎ᠠ ᠨᠣᠴᠣᠵᠤ ᠡᠬᠢᠯᠡᠭᠰᠡᠨ ᠭᠠᠯ ᠢ ᠤᠨᠲᠠᠷᠠᠭᠠᠬᠤ ᠴᠢᠳᠠᠪᠤᠷᠢ ᠶᠢ | ᠨᠢ ᠳᠡᠭᠡᠭᠰᠢᠯᠡᠭᠦᠯᠬᠦ ᠬᠡᠷᠡᠭᠲᠡᠢ᠃ | ︵ᠳᠣᠯᠤᠭ᠎ᠠ︶ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ | ᠳᠦᠷᠢᠮ ᠵᠢᠴᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠪᠤᠰᠤᠳ ᠡᠭᠦᠷᠭᠡ | ᠬᠠᠷᠢᠭᠤᠴᠠᠯᠭ᠎ᠠ᠃ | ᠠᠷᠪᠠᠨ ᠳᠣᠯᠣᠳᠤᠭᠠᠷ ᠵᠦᠢᠯ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ | ᠨᠢᠭᠡᠴᠢ ᠨᠦᠭᠦᠳ ᠨᠢ ᠠᠷᠪᠠᠨ ᠵᠢᠷᠭᠤᠳᠤᠭᠠᠷ ᠵᠦᠢᠯ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ | ᠠᠴᠠ ᠭᠠᠳᠠᠨ᠎ᠠ᠂ ᠪᠠᠰᠠ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄ | ︵ᠨᠢᠭᠡ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ | ᠪᠠᠶᠢᠭ᠎ᠠ ᠪᠠᠶᠢᠭᠤᠯᠤᠮᠵᠢ ᠪᠠ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠭᠴᠢ ᠶᠢ ᠲᠣᠳᠣᠷᠬᠠᠢ | ᠲᠣᠭᠲᠠᠭᠠᠬᠤ ᠶᠢᠨ ᠬᠠᠮᠲᠤ᠂ ᠲᠤᠬᠠᠶ ᠶᠢᠨ ᠭᠠᠵᠠᠷ ᠤᠨ ᠭᠠᠯ ᠰᠡᠷᠭᠡᠶᠢᠯᠡᠵᠦ ᠤᠨᠲᠠᠷᠠᠭᠠᠬᠤ ᠰᠠᠯᠠᠭ᠎ᠠ ᠮᠥᠴᠢᠷ ᠲᠤ | ᠮᠡᠳᠡᠭᠦᠯᠦᠨ ᠮᠡᠳᠡᠭᠳᠡᠵᠦ᠂ ᠲᠣᠰ ᠨᠢᠭᠡᠴᠢ ᠶᠢᠨ ᠢᠶᠠᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠬᠠᠮᠢᠶᠠᠷᠤᠯᠲᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠶ᠃ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠤ ᠬᠠᠮᠢᠶᠠᠷᠤᠭᠴᠢ ᠨᠢ ᠭᠠᠯ ᠰᠡᠷᠭᠡᠶᠢᠯᠡᠵᠦ ᠤᠨᠲᠠᠷᠠᠭᠠᠬᠤ ᠪᠣᠯᠪᠠᠰᠤᠷᠠᠭᠤᠯᠤᠯ ᠢ ᠬᠦᠷᠲᠡᠭᠰᠡᠨ ᠪᠠᠶᠢᠬᠤ | ᠬᠡᠷᠡᠭᠲᠡᠶ᠃ | ︵ᠬᠤᠶᠠᠷ︶ ᠭᠠᠯ ᠰᠡᠷᠭᠡᠶᠢᠯᠡᠵᠦ ᠤᠨᠲᠠᠷᠠᠭᠠᠭᠰᠠᠨ ᠳᠠᠩᠰᠠ ᠡᠪᠬᠡᠮᠡᠯ ᠢ ᠪᠠᠶᠢᠭᠤᠯᠵᠤ᠂ ᠭᠠᠯ ᠰᠡᠷᠭᠡᠶᠢᠯᠡᠵᠦ | ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠪᠣᠯᠬᠤ ᠣᠷᠣᠨ ᠪᠠᠶᠢᠷᠢ ᠶᠢ ᠲᠣᠳᠣᠷᠬᠠᠢ ᠲᠣᠭᠲᠠᠭᠠᠨ᠂ ᠭᠠᠯ | ᠰᠡᠷᠭᠡᠶᠢᠯᠡᠬᠦ ᠲᠡᠮᠳᠡᠭ ᠬᠠᠳᠠᠬᠤ ᠪᠠ ᠪᠣᠰᠬᠠᠨ ᠲᠠᠯᠪᠢᠵᠤ᠂ ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃ | ︵ᠭᠤᠷᠪᠠ︶ ᠴᠠᠬᠢᠯᠭᠠᠨ ᠬᠡᠷᠡᠭᠰᠡᠯ ᠤᠨ ᠦᠢᠯᠡᠳᠬᠦᠨ᠂ ᠰᠢᠲᠠᠮᠠᠬᠠᠢ ᠬᠡᠢ ᠶᠢᠨ ᠬᠡᠷᠡᠭᠰᠡᠯ ᠤᠭᠰᠠᠷᠠᠬᠤ᠂ | ᠬᠡᠷᠡᠭᠯᠡᠬᠦ ᠪᠠ ᠴᠠᠬᠢᠯᠭᠠᠨ ᠤ ᠤᠲᠠᠰᠤ᠂ ᠬᠤᠭᠤᠯᠠᠢ ᠱᠤᠭᠤᠮ ᠲᠠᠲᠠᠵᠤ ᠲᠠᠭᠠᠷᠠᠭᠤᠯᠬᠤ ᠳᠤ ᠡᠷᠬᠡᠪᠰᠢ ᠬᠠᠮᠢᠶ᠎ᠠ ᠪᠥᠬᠦᠢ | ᠪᠠᠷᠢᠮᠵᠢᠶ᠎ᠠ ᠪᠠ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ᠳᠤ | ᠨᠡᠶᠢᠴᠡᠭᠦᠯᠬᠦ ᠪᠥᠭᠡᠳ ᠲᠣᠭᠲᠠᠮᠠᠯ ᠬᠤᠭᠤᠴᠠᠭ᠎ᠠ ᠲᠠᠢ ᠠᠷᠠᠴᠢᠯᠠᠨ ᠬᠠᠮᠠᠭᠠᠯᠠᠵᠤ᠂ ᠪᠠᠶᠢᠴᠠᠭᠠᠨ ᠰᠢᠯᠭᠠᠬᠤ ᠬᠡᠷᠡᠭᠲᠡᠶ᠃ | ︵ᠳᠥᠷᠪᠡ︶ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ ᠠᠵᠢᠯ ᠤᠨ ᠪᠠᠶᠢᠷᠢᠨ ᠳᠤ ᠭᠠᠷᠬᠤ ᠠᠴᠠ | ᠡᠮᠦᠨᠡᠬᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ ᠢ ᠬᠢᠵᠦ᠂ ᠭᠠᠯ ᠰᠡᠷᠭᠡᠶᠢᠯᠡᠵᠦ | ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ ᠪᠠ ᠲᠠᠷᠬᠠᠭᠠᠵᠤ ᠵᠠᠶᠢᠯᠠᠭᠤᠯᠬᠤ ᠰᠣᠷᠢᠯᠲᠠ ᠶᠢ ᠲᠣᠭᠲᠠᠮᠠᠯ | ᠬᠤᠭᠤᠴᠠᠭ᠎ᠠ ᠲᠠᠢ ᠵᠣᠬᠢᠶᠠᠨ ᠪᠠᠶᠢᠭᠤᠯᠬᠤ ᠬᠡᠷᠡᠭᠲᠡᠶ᠃ | ︵ᠲᠠᠪᠤ︶ ᠭᠠᠯ ᠰᠡᠷᠭᠡᠶᠢᠯᠡᠵᠦ ᠤᠨᠲᠠᠷᠠᠭᠠᠬᠤ ᠠᠯᠤᠰ ᠡᠵᠡᠮᠳᠡᠭᠦᠷ᠂ ᠴᠠᠬᠢᠯᠭᠠᠨ ᠬᠡᠷᠡᠭᠰᠡᠯ ᠤᠨ ᠭᠠᠯ ᠤᠨ | ᠠᠶᠤᠯ ᠢ ᠬᠢᠨᠠᠨ ᠠᠵᠢᠭᠯᠠᠬᠤ᠂ ᠪᠣᠳᠠᠰᠯᠢᠭ ᠬᠤᠯᠪᠣᠭᠠᠲᠤ ᠰᠦᠯᠵᠢᠶ᠎ᠡ ᠶᠢᠨ ᠮᠡᠷᠭᠡᠵᠢᠯ ᠵᠡᠷᠭᠡ ᠮᠡᠷᠭᠡᠵᠢᠯ ᠪᠠ | ᠪᠣᠳᠠᠰ ᠢᠶᠠᠷ ᠰᠡᠷᠭᠡᠶᠢᠯᠡᠬᠦ ᠠᠷᠭ᠎ᠠ ᠬᠡᠮᠵᠢᠶ᠎ᠡ ᠶᠢ ᠢᠳᠡᠪᠬᠢᠲᠡᠶ ᠬᠡᠷᠡᠭᠯᠡᠬᠦ ᠬᠡᠷᠡᠭᠲᠡᠶ᠃ | ᠠᠷᠪᠠᠨ ᠨᠠᠢᠮᠠᠳᠤᠭᠠᠷ ᠵᠦᠢᠯ ᠣᠯᠠᠨ ᠬᠥᠮᠥᠨ ᠠᠮᠠᠷᠬᠠᠨ ᠠᠳᠡᠵᠦ ᠰᠢᠷᠬᠠᠲᠤᠬᠤ ᠭᠠᠯ ᠤᠨ ᠠᠶᠤᠯ ᠭᠠᠷᠴᠤ | ᠮᠡᠳᠡᠬᠦ ᠬᠥᠮᠥᠰ ᠴᠤᠭᠯᠠᠷᠠᠳᠠᠭ ᠭᠠᠵᠠᠷ ᠲᠠᠯᠠᠪᠤᠷ᠂ ᠠᠮᠠᠷᠬᠠᠨ ᠰᠢᠲᠠᠵᠤ ᠳᠡᠯᠪᠡᠷᠡᠬᠦ ᠪᠣᠳᠠᠰ ᠲᠠᠢ ᠨᠢᠭᠡᠴᠢ ᠪᠠ ᠦᠨᠳᠦᠷ | ᠪᠠᠷᠢᠯᠭ᠎ᠠ᠂ ᠭᠠᠵᠠᠷ ᠳᠣᠣᠷᠠᠬᠢ ᠣᠯᠠᠨ ᠨᠡᠶᠢᠲᠡ ᠶᠢᠨ ᠪᠠᠷᠢᠯᠭ᠎ᠠ ᠲᠠᠢ ᠵᠡᠷᠭᠡ ᠭᠠᠯ ᠤᠨ ᠠᠶᠤᠯ ᠭᠠᠷᠬᠤ ᠲᠦᠭᠰᠢᠭᠦᠷᠢ | ᠶᠡᠬᠡᠲᠡᠶ ᠨᠢᠭᠡᠴᠢ ᠨᠦᠭᠦᠳ ᠨᠢ ᠠᠷᠪᠠᠨ ᠵᠢᠷᠭᠤᠳᠤᠭᠠᠷ ᠵᠦᠢᠯ᠂ ᠠᠷᠪᠠᠨ ᠳᠣᠯᠣᠳᠤᠭᠠᠷ ᠵᠦᠢᠯ ᠳᠤ ᠲᠣᠭᠲᠠᠭᠠᠭᠰᠠᠨ | ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠠᠴᠠ ᠭᠠᠳᠠᠨ᠎ᠠ᠂ ᠪᠠᠰᠠ ᠳᠣᠣᠷᠠᠬᠢ ᠡᠭᠦᠷᠭᠡ ᠬᠠᠷᠢᠭᠤᠴᠠᠯᠭ᠎ᠠ ᠶᠢ | ᠭᠦᠢᠴᠡᠳᠬᠡᠬᠦ ᠬᠡᠷᠡᠭᠲᠡᠶ᠄ | ︵ᠨᠢᠭᠡ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠵᠣᠷᠰᠢᠮᠠᠯ ᠬᠤᠷᠠᠯ ᠢ | ᠲᠣᠭᠲᠠᠮᠠᠯ ᠬᠤᠭᠤᠴᠠᠭ᠎ᠠ ᠲᠠᠢ ᠬᠤᠷᠠᠯᠳᠤᠭᠤᠯᠵᠤ᠂ ᠲᠤᠰ ᠨᠢᠭᠡᠴᠢ ᠶᠢᠨ ᠢᠶᠠᠨ ᠭᠠᠯ ᠰᠡᠷᠭᠡᠶᠢᠯᠡᠵᠦ ᠤᠨᠲᠠᠷᠠᠭᠠᠬᠤ | ᠠᠵᠢᠯ ᠢ ᠰᠣᠳᠣᠯᠤᠨ᠂ ᠭᠠᠯ ᠰᠡᠷᠭᠡᠶᠢᠯᠡᠵᠦ ᠤᠨᠲᠠᠷᠠᠭᠠᠬᠤ ᠵᠠᠷᠤᠳᠠᠯ ᠤᠨ ᠣᠷᠣᠭᠤᠯᠤᠯᠲᠠ᠂ ᠭᠠᠯ ᠤᠨᠲᠠᠷᠠᠭᠠᠬᠤ | ᠪᠡᠯᠡᠳᠬᠡᠮᠵᠢ ᠲᠥᠬᠦᠭᠡᠷᠦᠮᠵᠢ ᠬᠤᠳᠠᠯᠳᠤᠨ ᠠᠪᠬᠤ᠂ ᠭᠠᠯ ᠤᠨ ᠠᠶᠤᠯ ᠤᠨ ᠳᠠᠯᠳᠠ ᠭᠡᠮ ᠢ ᠴᠡᠭᠴᠡᠯᠡᠨ | ᠰᠠᠶᠢᠵᠢᠷᠠᠭᠤᠯᠬᠤ ᠵᠡᠷᠭᠡ ᠳᠤ ᠬᠤᠯᠪᠣᠭᠳᠠᠭᠰᠠᠨ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃ | ︵ᠬᠤᠶᠠᠷ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠭᠴᠢ ᠶᠢ ᠵᠣᠷᠢᠭᠵᠢᠭᠤᠯᠵᠤ | ᠪᠠᠶᠢᠭᠠᠳ ᠭᠠᠯ ᠤᠨᠲᠠᠷᠠᠭᠠᠬᠤ ᠢᠨᠵᠧᠨᠧᠷ ᠤᠨ ᠠᠵᠢᠯ ᠡᠷᠭᠢᠯᠡᠬᠦ ᠳᠠᠩᠰᠠᠯᠠᠭᠤᠯᠤᠭᠰᠠᠨ ᠬᠢᠷᠢ ᠬᠡᠮ ᠣᠯᠬᠤ ᠪᠣᠯᠭᠠᠵᠤ᠂ | ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠲᠠᠢ ᠬᠥᠮᠦᠨ ᠪᠠ ᠣᠨᠴᠠᠭᠠᠢ ᠠᠵᠢᠯ | ᠲᠥᠷᠥᠯ ᠤᠨ ᠬᠥᠮᠦᠰ ᠲᠤ ᠡᠷᠬᠡᠪᠰᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ ᠢ | ᠬᠦᠷᠲᠡᠭᠡᠬᠦ ᠬᠡᠷᠡᠭᠲᠡᠶ︔ ᠭᠠᠯ ᠤᠨᠲᠠᠷᠠᠭᠠᠬᠤ ᠠᠦ᠋ᠲ᠋ᠣ᠋ ᠪᠡᠯᠡᠳᠬᠡᠮᠵᠢ ᠶᠢ ᠣᠷᠤᠯᠳᠤᠵᠤ ᠠᠵᠢᠯᠯᠠᠭᠰᠠᠳ ᠨᠢ ᠭᠡᠷ | ᠪᠠᠷᠢᠯᠭ᠎ᠠ ᠶᠢᠨ ᠭᠠᠯ ᠰᠡᠷᠭᠡᠶᠢᠯᠡᠵᠦ ᠤᠨᠲᠠᠷᠠᠭᠠᠭᠴᠢ ᠶᠢᠨ ᠬᠢᠷᠢ ᠬᠡᠮ ᠤᠨ ᠦᠨᠡᠮᠯᠡᠯ ᠣᠯᠤᠭᠰᠠᠨ ᠪᠠᠶᠢᠬᠤ ᠬᠡᠷᠡᠭᠲᠡᠶ᠃ | ︵ᠭᠤᠷᠪᠠ︶ ᠭᠠᠯ ᠤᠨᠲᠠᠷᠠᠭᠠᠬᠤ ᠲᠤᠰᠬᠠᠶ ᠠᠩᠭᠢ ᠪᠤᠶᠤ ᠭᠠᠯ ᠤᠨᠲᠠᠷᠠᠭᠠᠬᠤ ᠪᠢᠴᠢᠯ ᠥᠷᠲᠡᠭᠡ ᠳᠤ ᠲᠤᠰ | ᠨᠢᠭᠡᠴᠢ ᠶᠢᠨ ᠢᠶᠠᠨ ᠭᠠᠯ ᠤᠨ ᠠᠶᠤᠯ ᠲᠦᠭᠰᠢᠭᠦᠷᠢ ᠶᠢᠨ ᠣᠨᠴᠠᠯᠢᠭ ᠢ ᠦᠨᠳᠦᠰᠦᠯᠡᠨ ᠭᠠᠯ ᠰᠡᠷᠭᠡᠶᠢᠯᠡᠵᠦ | ᠤᠨᠲᠠᠷᠠᠭᠠᠬᠤ ᠵᠣᠬᠢᠬᠤ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠢ ᠲᠣᠬᠢᠷᠠᠭᠤᠯᠤᠨ᠂ ᠭᠠᠯ ᠤᠨᠲᠠᠷᠠᠭᠠᠵᠤ ᠠᠪᠤᠷᠠᠨ | ᠲᠤᠰᠠᠯᠠᠬᠤ ᠡᠮ ᠨᠤᠨᠲᠠᠭ ᠪᠠ ᠡᠳ᠋ ᠪᠠᠷᠠᠭ᠎ᠠ ᠶᠢ ᠭᠦᠢᠴᠡᠳ ᠨᠥᠭᠡᠴᠡᠯᠡᠵᠦ᠂ ᠭᠠᠯ ᠰᠡᠷᠭᠡᠶᠢᠯᠡᠵᠦ ᠤᠨᠲᠠᠷᠠᠭᠠᠬᠤ | ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠠ ᠭᠠᠯ ᠤᠨᠲᠠᠷᠠᠭᠠᠬᠤ ᠮᠡᠷᠭᠡᠰᠢᠯ ᠴᠢᠳᠠᠪᠤᠷᠢ ᠶᠢᠨ ᠰᠤᠷᠭᠠᠭᠤᠯᠢᠯᠠᠯ ᠢ | ᠲᠣᠭᠲᠠᠮᠠᠯ ᠬᠤᠭᠤᠴᠠᠭ᠎ᠠ ᠲᠠᠢ ᠵᠣᠬᠢᠶᠠᠨ ᠪᠠᠶᠢᠭᠤᠯᠬᠤ ᠬᠡᠷᠡᠭᠲᠡᠶ᠃ | ︵ᠳᠥᠷᠪᠡ︶ ᠤᠯᠤᠰ ᠤᠨ ᠪᠠᠷᠢᠮᠵᠢᠶ᠎ᠠ ᠶᠣᠰᠣᠭᠠᠷ ᠪᠠᠴᠢᠮ ᠪᠠᠶᠢᠳᠠᠯ ᠢ ᠠᠷᠭᠠᠴᠠᠭᠠᠵᠤ ᠭᠠᠯ ᠤᠨ ᠠᠶᠤᠯ ᠠᠴᠠ | ᠵᠠᠶᠢᠯᠠᠵᠤ ᠵᠢᠭᠤᠳᠠᠬᠤ ᠪᠡᠯᠡᠳᠬᠡᠮᠵᠢ ᠲᠥᠬᠦᠭᠡᠷᠦᠮᠵᠢ ᠪᠠ ᠲᠠᠷᠬᠠᠭᠠᠨ ᠵᠠᠶᠢᠳᠠᠭᠤᠯᠬᠤ ᠶᠢ ᠬᠦᠲᠦᠯᠦᠨ ᠵᠢᠯᠣᠭᠤᠳᠬᠤ | ᠪᠠᠭᠠᠵᠢ ᠬᠡᠷᠡᠭᠰᠡᠯ ᠲᠣᠬᠢᠷᠠᠭᠤᠯᠬᠤ ᠬᠡᠷᠡᠭᠲᠡᠶ᠃ | ︵ᠲᠠᠪᠤ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠳᠤ ᠦᠨᠡᠯᠡᠨ ᠵᠢᠱᠢᠬᠦ ᠳᠦᠷᠢᠮ ᠢ | ᠪᠠᠶᠢᠭᠤᠯᠤᠨ᠂ ᠬᠢᠷᠢ ᠬᠡᠮ ᠲᠠᠢ ᠪᠠᠶᠢᠭᠤᠯᠤᠮᠵᠢ ᠪᠠᠷ ᠲᠣᠭᠲᠠᠮᠠᠯ ᠬᠤᠭᠤᠴᠠᠭ᠎ᠠ ᠲᠠᠢ ᠦᠨᠡᠯᠡᠨ ᠵᠢᠱᠢᠬᠦ ᠠᠵᠢᠯ ᠢ | ᠬᠢᠯᠭᠡᠵᠦ᠂ ᠦᠨᠡᠯᠡᠨ ᠵᠢᠱᠢᠭᠰᠡᠨ ᠦᠷ᠎ᠡ ᠳ᠋ᠦᠩ ᠢ ᠨᠡᠶᠢᠭᠡᠮ ᠳᠤ ᠢᠯᠡ ᠪᠣᠯᠭᠠᠬᠤ ᠬᠡᠷᠡᠭᠲᠡᠶ᠃ | ︵ᠵᠢᠷᠭᠤᠭ᠎ᠠ︶ ᠭᠠᠯ ᠤᠨ ᠠᠶᠤᠯ ᠤᠨ ᠲᠠᠯ᠎ᠠ ᠪᠠᠷ ᠬᠢ ᠤᠯᠠᠨ ᠨᠡᠶᠢᠲᠡ ᠶᠢᠨ ᠬᠠᠷᠢᠭᠤᠴᠠᠯᠭ᠎ᠠ ᠶᠢᠨ | ᠳᠠᠭᠠᠳᠬᠠᠯ ᠳᠤ ᠣᠷᠣᠯᠴᠠᠬᠤ ᠬᠡᠷᠡᠭᠲᠡᠢ᠃ | ᠠᠷᠪᠠ ᠶᠢᠰᠦᠳᠦᠭᠡᠷ ᠵᠦᠢᠯ ᠠᠳᠠᠯᠢ ᠨᠢᠭᠡ ᠭᠡᠷ ᠪᠠᠷᠢᠯᠭ᠎ᠠ ᠶᠢ ᠬᠤᠶᠠᠷ ᠠᠴᠠ ᠢᠯᠡᠭᠦᠦ ᠨᠢᠭᠡᠴᠢ ᠬᠠᠮᠢᠶᠠᠷᠴᠤ | ᠪᠠᠶᠢᠬᠤ ᠪᠤᠶᠤ ᠬᠡᠷᠡᠭᠯᠡᠵᠦ ᠪᠠᠶᠢᠪᠠᠯ᠂ ᠡᠯ᠎ᠡ ᠲᠠᠯ᠎ᠠ ᠶᠢᠨ ᠬᠢᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠤ ᠬᠠᠷᠢᠭᠤᠴᠠᠯᠭ᠎ᠠ ᠶᠢ ᠨᠢ ᠲᠣᠳᠣᠷᠬᠠᠢ ᠲᠣᠭᠲᠠᠭᠠᠬᠤ ᠶᠢᠨ ᠬᠠᠮᠲᠤ᠂ ᠬᠠᠷᠢᠭᠤᠴᠠᠯᠭ᠎ᠠ ᠡᠭᠦᠷᠭᠡᠯᠡᠭᠴᠢ ᠶᠢ | ᠲᠤᠳᠤᠷᠬᠠᠢ ᠵᠢᠭᠠᠨ ᠲᠣᠭᠲᠠᠭᠠᠵᠤ ᠬᠠᠮᠲᠤ ᠪᠠᠷ ᠠᠰᠢᠭᠯᠠᠨ ᠬᠡᠷᠡᠭᠯᠡᠵᠦ ᠪᠠᠶᠢᠭ᠎ᠠ ᠲᠠᠷᠬᠠᠭᠠᠨ ᠵᠠᠶᠢᠯᠠᠭᠤᠯᠬᠤ ᠨᠡᠪᠲᠡᠷᠡᠯ | ᠵᠠᠮ᠂ ᠠᠮᠤᠷ ᠲᠦᠪᠰᠢᠨ ᠭᠠᠷᠬᠤ ᠡᠭᠦᠳᠡ᠂ ᠪᠠᠷᠢᠯᠭ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠪᠠ ᠭᠠᠯ | ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠳᠤ ᠨᠢᠭᠡᠳᠦᠯᠲᠡᠶ ᠬᠠᠮᠢᠶᠠᠷᠤᠯᠲᠠ ᠬᠢᠯᠭᠡᠬᠦ ᠬᠡᠷᠡᠭᠲᠡᠢ᠃ | ᠬᠤᠷᠢᠳᠤᠭᠠᠷ ᠵᠦᠢᠯ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢ ᠬᠠᠮᠠᠭᠠᠯᠠᠵᠤ | ᠬᠠᠮᠢᠶᠠᠷᠬᠤ ᠶᠢ ᠬᠠᠷᠢᠭᠤᠴᠠᠵᠤ ᠪᠠᠶᠢᠭ᠎ᠠ ᠨᠢᠭᠡᠴᠢ ᠨᠦᠭᠦᠳ ᠨᠢ ᠭᠠᠯ ᠤᠨᠲᠠᠷᠠᠭᠠᠬᠤ ᠳᠤ ᠤᠰᠤ ᠬᠠᠩᠭᠠᠬᠤ᠂ ᠭᠠᠯ | ᠰᠡᠷᠭᠡᠶᠢᠯᠡᠵᠦ ᠤᠨᠲᠠᠷᠠᠭᠠᠬᠤ ᠠᠵᠢᠯ ᠤᠨ ᠴᠢᠮᠡᠭᠡ ᠬᠤᠯᠪᠣᠭ᠎ᠠ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠵᠡᠷᠭᠡ | ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠪᠦᠷᠢᠨ ᠪᠦᠲᠦᠨ ᠪᠠ ᠪᠦᠲᠦᠮᠵᠢᠲᠡᠶ | ᠪᠠᠶᠢᠬᠤ ᠶᠢ ᠪᠠᠲᠤᠯᠠᠬᠤ ᠬᠡᠷᠡᠭᠲᠡᠶ᠃ | ᠬᠤᠷᠢᠨ ᠨᠢᠭᠡᠳᠦᠭᠡᠷ ᠵᠦᠢᠯ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠬᠥᠩᠭᠡᠨ ᠠᠵᠤ | ᠦᠢᠯᠡᠳᠪᠦᠷᠢ ᠵᠡᠷᠭᠡ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠨᠤᠭᠤᠳ ᠨᠢ ᠠᠵᠢᠯ ᠲᠥᠷᠥᠯ ᠤᠨ ᠬᠢᠨ ᠤ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠲᠠᠯ᠎ᠠ ᠪᠠᠷ ᠥᠪᠡᠷ ᠢ ᠪᠠᠨ ᠱᠠᠭᠠᠷᠳᠠᠵᠤ ᠬᠠᠮᠢᠶᠠᠷᠬᠤ ᠶᠢ | ᠴᠢᠩᠭᠠᠳᠬᠠᠵᠤ᠂ ᠲᠣᠰ ᠠᠵᠢᠯ ᠲᠥᠷᠥᠯ ᠤᠨ ᠢᠶᠠᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠠᠬᠢᠭᠤᠯᠤᠨ᠂ | ᠠᠵᠢᠯ ᠲᠥᠷᠥᠯ ᠤᠨ ᠨᠢᠭᠡᠴᠢ ᠪᠠᠨ ᠬᠥᠲᠥᠯᠥᠨ ᠵᠢᠯᠣᠭᠤᠳᠴᠤ ᠪᠠᠶᠢᠭᠠᠳ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ | ᠬᠤᠷᠢᠨ ᠬᠤᠶᠠᠳᠤᠭᠠᠷ ᠵᠦᠢᠯ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢ ᠪᠠᠶᠢᠴᠠᠭᠠᠨ ᠰᠢᠯᠭᠠᠬᠤ᠂ | ᠠᠷᠠᠴᠢᠯᠠᠵᠤ ᠬᠠᠮᠠᠭᠠᠯᠠᠬᠤ ᠵᠢᠴᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ ᠦᠨᠡᠯᠡᠨ ᠵᠢᠱᠢᠬᠦ᠂ | ᠯᠠᠪᠯᠠᠯᠭ᠎ᠠ ᠥᠭᠬᠦ᠂ ᠬᠢᠨᠠᠨ ᠠᠵᠢᠭᠯᠠᠬᠤ ᠵᠡᠷᠭᠡ ᠭᠠᠯ ᠰᠡᠷᠭᠡᠶᠢᠯᠡᠵᠦ ᠤᠨᠲᠠᠷᠠᠭᠠᠬᠤ ᠮᠡᠷᠭᠡᠵᠢᠯ ᠤᠨ ᠦᠢᠯᠡᠴᠢᠯᠡᠭᠡᠨ ᠤ | ᠪᠠᠶᠢᠭᠤᠯᠤᠮᠵᠢ ᠪᠠ ᠠᠵᠢᠯ ᠡᠷᠬᠢᠯᠡᠭᠰᠡᠳ ᠨᠢ ᠵᠣᠬᠢᠬᠤ ᠬᠢᠷᠢ ᠴᠢᠳᠠᠮᠵᠢ᠂ ᠬᠢᠷᠢ ᠬᠡᠮ ᠢ ᠬᠠᠤᠯᠢ ᠶᠣᠰᠣᠭᠠᠷ ᠣᠯᠣᠭᠰᠠᠨ | ᠪᠠᠶᠢᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠮᠡᠷᠭᠡᠵᠢᠯ ᠤᠨ ᠦᠢᠯᠡᠴᠢᠯᠡᠭᠡ ᠶᠢ ᠬᠠᠤᠯᠢ | ᠲᠣᠭᠲᠠᠭᠠᠯ ᠶᠣᠰᠣᠭᠠᠷ ᠬᠠᠩᠭᠠᠬᠤ ᠶᠢᠨ ᠬᠠᠮᠲᠤ᠂ ᠦᠢᠯᠡᠴᠢᠯᠡᠭᠡᠨ ᠤ ᠶᠠᠰᠤ ᠴᠢᠨᠠᠷ ᠲᠤ ᠪᠠᠨ ᠬᠠᠷᠢᠭᠤᠴᠠᠬᠤ | ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠪᠥᠳᠥᠭᠡᠨ ᠪᠠᠶᠢᠭᠤᠯᠬᠤ ᠪᠠᠷ ᠪᠠᠶᠢᠭ᠎ᠠ ᠪᠠᠷᠢᠯᠭ᠎ᠠ ᠶᠢᠨ ᠪᠦᠲᠦᠭᠡᠨ ᠪᠠᠶᠢᠭᠤᠯᠬᠤ᠂ | ᠵᠢᠷᠤᠵᠦ ᠲᠥᠯᠥᠪᠯᠡᠬᠦ᠂ ᠪᠠᠷᠢᠯᠭ᠎ᠠ ᠪᠠᠷᠢᠬᠤ ᠪᠠ ᠬᠢᠨᠠᠨ ᠬᠠᠮᠢᠶᠠᠷᠬᠤ ᠵᠡᠷᠭᠡ ᠨᠢᠭᠡᠴᠢ ᠨᠦᠭᠦᠳ ᠨᠢ ᠭᠠᠯ ᠰᠡᠷᠭᠡᠶᠢᠯᠡᠵᠦ | ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠲᠥᠷᠢᠮ ᠪᠠ ᠪᠠᠷᠢᠯᠭ᠎ᠠ ᠪᠠᠷᠢᠵᠤ ᠪᠠᠶᠢᠭᠤᠯᠬᠤ | ᠲᠠᠯ᠎ᠠ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢ ᠵᠢᠷᠤᠮᠯᠠᠵᠤ᠂ ᠪᠠᠷᠢᠯᠭ᠎ᠠ ᠶᠢᠨ ᠵᠢᠷᠤᠵᠤ | ᠲᠥᠯᠥᠪᠯᠡᠨ ᠠᠰᠢᠭᠯᠠᠵᠤ ᠬᠡᠷᠡᠭᠯᠡᠬᠦ ᠣᠨ ᠵᠢᠯ ᠤᠨ ᠳᠣᠲᠣᠷ᠎ᠠ ᠪᠠᠷᠢᠯᠭ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ | ᠵᠢᠷᠤᠭ ᠲᠥᠯᠥᠪᠯᠡᠭᠡ᠂ ᠪᠠᠷᠢᠯᠭ᠎ᠠ ᠪᠠᠷᠢᠭᠰᠠᠨ ᠶᠠᠰᠤ ᠴᠢᠨᠠᠷ ᠲᠤ ᠨᠠᠰᠤᠨ ᠲᠤᠷᠰᠢᠳᠠ ᠬᠠᠷᠢᠭᠤᠴᠠᠯᠭ᠎ᠠ ᠡᠭᠦᠷᠭᠡᠯᠡᠬᠦ | ᠬᠡᠷᠡᠭᠲᠡᠢ᠃ | ᠬᠤᠷᠢᠨ ᠳᠥᠷᠪᠡᠳᠦᠭᠡᠷ ᠵᠦᠢᠯ ᠣᠷᠣᠨ ᠰᠠᠭᠤᠴᠠ ᠶᠢᠨ ᠠᠳᠠᠯ ᠠᠬᠤᠢ ᠶᠢᠨ ᠥᠮᠴᠢᠲᠡᠳ ᠨᠢ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠬᠦ | ᠬᠡᠷᠡᠭᠲᠡᠢ᠃ | ᠣᠷᠣᠨ ᠰᠠᠭᠤᠴᠠ ᠶᠢᠨ ᠠᠳᠠᠯ ᠠᠬᠤᠢ ᠳᠤ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ | ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡ ᠬᠠᠩᠭᠠᠵᠤ ᠪᠠᠶᠢᠪᠠᠯ᠂ ᠠᠳᠠᠯ ᠠᠬᠤᠢ ᠶᠢᠨ ᠦᠢᠯᠡᠴᠢᠯᠡᠭᠡᠨ ᠤ | ᠠᠵᠤ ᠠᠬᠤᠶᠢᠯᠠᠯ ᠤᠳ ᠨᠢ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠤ ᠰᠡᠷᠭᠡᠶᠢᠯᠡᠯᠲᠡ ᠶᠢᠨ ᠦᠢᠯᠡᠴᠢᠯᠡᠭᠡ ᠬᠠᠩᠭᠠᠵᠤ᠂ ᠬᠠᠮᠢᠶᠠᠷᠤᠯᠲᠠ ᠶᠢᠨ ᠲᠣᠭᠤᠷᠢᠭ ᠲᠠᠬᠢ ᠬᠠᠮᠲᠤ ᠪᠠᠷ | ᠬᠡᠷᠡᠭᠯᠡᠬᠦ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠪᠠ ᠲᠠᠷᠬᠠᠭᠠᠵᠤ ᠵᠠᠶᠢᠯᠠᠭᠤᠯᠬᠤ ᠨᠡᠪᠲᠡᠷᠡᠯ ᠵᠠᠮ᠂ ᠠᠮᠤᠷ | ᠲᠦᠪᠰᠢᠨ ᠭᠠᠷᠬᠤ ᠡᠭᠦᠳᠡ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠢ ᠠᠷᠠᠴᠢᠯᠠᠨ ᠬᠠᠮᠠᠭᠠᠯᠠᠵᠤ ᠬᠠᠮᠢᠶᠠᠷᠬᠤ | ᠬᠡᠷᠡᠭᠲᠡᠶ᠂ ᠲᠠᠷᠬᠠᠭᠠᠵᠤ ᠵᠠᠶᠢᠯᠠᠭᠤᠯᠬᠤ ᠨᠡᠪᠲᠡᠷᠡᠯ ᠵᠠᠮ᠂ ᠠᠮᠤᠷ ᠲᠦᠪᠰᠢᠨ ᠭᠠᠷᠬᠤ ᠡᠭᠦᠳᠡ᠂ ᠭᠠᠯ ᠤᠨᠲᠠᠷᠠᠭᠠᠬᠤ | ᠲᠡᠷᠭᠡᠨ ᠤ ᠨᠡᠪᠲᠡᠷᠡᠬᠦ ᠵᠠᠮ ᠢ ᠡᠵᠡᠯᠡᠵᠦ ᠬᠡᠷᠡᠭᠯᠡᠭᠰᠡᠨ᠂ ᠬᠠᠰᠢᠵᠤ ᠪᠥᠭᠯᠡᠭᠰᠡᠨ᠂ ᠬᠦᠷᠢᠶᠡᠯᠡᠵᠦ ᠪᠢᠲᠡᠭᠦᠮᠵᠢᠯᠡᠭᠰᠡᠨ | ᠵᠡᠷᠭᠡ ᠦᠢᠯᠡ ᠠᠵᠢᠯᠯᠠᠭ᠎ᠠ ᠶᠢ ᠴᠠᠭ ᠲᠤᠬᠠᠶ ᠳᠤ ᠨᠢ ᠢᠳᠬᠠᠨ ᠪᠠᠶᠢᠯᠭᠠᠬᠤ ᠪᠠ ᠬᠤᠷᠢᠭᠯᠠᠨ ᠵᠣᠭᠰᠣᠭᠠᠬᠤ ᠬᠡᠷᠡᠭᠲᠡᠢ︔ | ᠢᠳᠬᠠᠨ ᠪᠠᠶᠢᠯᠭᠠᠬᠤ ᠪᠠ ᠬᠤᠷᠢᠭᠯᠠᠨ ᠵᠣᠭᠰᠣᠭᠠᠬᠤ ᠠᠵᠢᠯ ᠤᠷᠤᠭᠰᠢ ᠦᠭᠡᠢ ᠪᠠᠶᠢᠪᠠᠯ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠬᠤᠲᠠ ᠶᠢᠨ | ᠬᠠᠮᠢᠶᠠᠷᠤᠯᠲᠠ᠂ ᠳᠤᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ | ᠪᠠᠶᠢᠭᠤᠯᠤᠮᠵᠢ ᠵᠡᠷᠭᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠷᠦ᠋ᠢᠬᠠᠨ ᠮᠡᠳᠡᠭᠦᠯᠬᠦ ᠬᠡᠷᠡᠭᠲᠡᠶ᠃ | ᠭᠠᠯ ᠰᠡᠷᠭᠡᠶᠢᠯᠡᠬᠦ ᠠᠵᠢᠯ ᠤᠨ ᠪᠠᠶᠢᠴᠠᠭᠠᠯᠲᠠ ᠴᠠᠭᠳᠠᠨ ᠪᠠᠶᠢᠴᠠᠭᠠᠯᠲᠠ ᠪᠠ ᠭᠠᠯ ᠰᠡᠷᠭᠡᠶᠢᠯᠡᠵᠦ ᠤᠨᠲᠠᠷᠠᠭᠠᠬᠤ | ᠠᠵᠢᠯ ᠤᠨ ᠤᠬᠠᠭᠤᠯᠭ᠎ᠠ ᠬᠥᠮᠦᠵᠢᠯ ᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠬᠦ ᠬᠡᠷᠡᠭᠲᠡᠶ᠃ | ᠣᠷᠣᠨ ᠰᠠᠭᠤᠴᠠ ᠶᠢᠨ ᠠᠳᠠᠯ ᠠᠬᠤᠶ ᠶᠢ ᠦᠮᠴᠢᠲᠡᠳ ᠥᠪᠡᠰᠦᠪᠡᠨ ᠬᠠᠮᠢᠶᠠᠷᠴᠤ ᠪᠠᠶᠢᠪᠠᠯ᠂ | ᠥᠮᠴᠢᠲᠡᠳ ᠨᠢ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠳᠠᠬᠢ ᠭᠠᠯ ᠰᠡᠷᠭᠡᠶᠢᠯᠡᠵᠦ ᠤᠨᠲᠠᠷᠠᠭᠠᠬᠤ | ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠭᠦᠢᠴᠡᠳᠬᠡᠵᠦ᠂ ᠠᠳᠠᠯ ᠠᠬᠤᠢ ᠶᠢᠨ | ᠬᠠᠮᠢᠶᠠᠷᠤᠯᠲᠠ ᠶᠢᠨ ᠣᠷᠣᠨ ᠪᠦᠰᠡ ᠳᠠᠬᠢ ᠬᠠᠮᠲᠤ ᠪᠠᠷ ᠬᠡᠷᠡᠭᠯᠡᠬᠦ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ᠂ | ᠪᠠᠭᠠᠵᠢ ᠬᠡᠷᠡᠭᠰᠡᠯ ᠪᠠ ᠲᠠᠷᠬᠠᠭᠠᠵᠤ ᠵᠠᠶᠢᠯᠠᠭᠤᠯᠬᠤ ᠨᠡᠪᠲᠡᠷᠡᠯ ᠵᠠᠮ᠂ ᠠᠮᠤᠷ ᠲᠦᠪᠰᠢᠨ ᠭᠠᠷᠬᠤ ᠡᠭᠦᠳᠡ᠂ ᠭᠠᠯ | ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠢ ᠠᠷᠠᠴᠢᠯᠠᠨ ᠬᠠᠮᠠᠭᠠᠯᠠᠵᠤ ᠬᠠᠮᠢᠶᠠᠷᠬᠤ ᠬᠡᠷᠡᠭᠲᠡᠶ᠃ | ᠣᠷᠣᠨ ᠰᠠᠭᠤᠴᠠ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ ᠭᠤᠣᠯ ᠴᠣᠭᠴᠠ ᠨᠤᠭᠤᠳ ᠢ ᠲᠣᠳᠣᠷᠬᠠᠶ | ᠲᠣᠭᠲᠠᠭᠠᠭᠰᠠᠨ ᠦᠭᠡᠢ ᠪᠠᠶᠢᠪᠠᠯ᠂ ᠲᠡᠳᠡᠭᠡᠷ ᠤᠨ ᠪᠠᠶᠢᠭ᠎ᠠ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶ | ᠤ ᠠᠷᠠᠳ ᠤᠨ ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠪᠤᠶᠤ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠨᠢ ᠥᠮᠴᠢᠲᠡᠨ᠂ ᠬᠡᠷᠡᠭᠯᠡᠭᠴᠢ ᠶᠢ ᠵᠣᠬᠢᠶᠠᠨ ᠪᠠᠶᠢᠭᠤᠯᠵᠤ ᠭᠠᠯ ᠰᠡᠷᠭᠡᠶᠢᠯᠡᠬᠦ ᠵᠥᠪᠳᠡᠯᠴᠡᠬᠡᠷ | ᠲᠣᠭᠲᠠᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠲᠣᠳᠣᠷᠬᠠᠢ ᠲᠣᠭᠲᠠᠭᠠᠨ᠂ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ᠂ ᠪᠠᠭᠠᠵᠢ ᠬᠡᠷᠡᠭᠰᠡᠯ ᠪᠠ ᠲᠠᠷᠬᠠᠭᠠᠵᠤ | ᠵᠠᠶᠢᠯᠠᠭᠤᠯᠬᠤ ᠨᠠᠪᠲᠡᠷᠡᠯ ᠵᠠᠮ᠂ ᠠᠮᠤᠷ ᠲᠦᠪᠰᠢᠨ ᠭᠠᠷᠬᠤ ᠡᠭᠦᠳᠡ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ | ᠵᠠᠮ ᠢ ᠠᠷᠠᠴᠢᠯᠠᠨ ᠬᠠᠮᠠᠭᠠᠯᠠᠵᠤ ᠬᠠᠮᠢᠶᠠᠷᠬᠤ ᠬᠡᠷᠡᠭᠲᠡᠶ᠃ | | | ᠲᠠᠪᠤᠳᠤᠭᠠᠷ ᠪᠦᠯᠦᠭ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠨᠡᠬᠡᠮᠵᠢᠯᠡᠬᠦ | | | ᠬᠤᠷᠢᠨ ᠲᠠᠪᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠨᠢ ᠭᠠᠯ | ᠰᠡᠷᠭᠡᠶᠢᠯᠡᠵᠦ ᠤᠨᠲᠠᠷᠠᠭᠠᠬᠤ ᠠᠵᠢᠯ ᠤᠨ ᠰᠢᠯᠭᠠᠨ ᠬᠢᠨᠠᠵᠤ ᠦᠨᠡᠯᠡᠬᠦ ᠰᠢᠰᠲ᠋ᠧᠮᠵᠢ ᠶᠢ ᠪᠠᠶᠢᠭᠤᠯᠵᠤ ᠪᠦᠷᠢᠨᠰᠢᠭᠦᠯᠦᠨ᠂ | ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠬᠠᠷᠠᠯᠲᠠᠲᠤ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠤ᠂ ᠡᠳᠦᠷ | ᠲᠤᠲᠤᠮ ᠤᠨ ᠪᠠᠶᠢᠴᠠᠭᠠᠬᠤ ᠪᠠ ᠵᠠᠰᠠᠭ ᠤᠨ ᠶᠠᠪᠤᠳᠠᠯ ᠤᠨ ᠰᠢᠮᠳᠠᠭᠤᠯᠤᠨ ᠪᠠᠶᠢᠴᠠᠭᠠᠬᠤ ᠴᠢᠬᠤᠯᠠ ᠠᠭᠤᠯᠭ᠎ᠠ ᠳᠤ | ᠣᠷᠣᠭᠤᠯᠬᠤ ᠬᠡᠷᠡᠭᠲᠡᠶ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠨᠢ ᠵᠢᠯ ᠪᠦᠷᠢ ᠳᠣᠣᠷᠠᠳᠤ ᠨᠢᠭᠡ ᠱᠠᠲᠤᠨ ᠤ | ᠠᠷᠠᠳ ᠤᠨ ᠵᠠᠰᠠᠭ ᠤᠨ ᠣᠷᠳᠣᠨ ᠪᠠ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠬᠠᠷᠠᠯᠲᠠᠲᠤ ᠡᠭᠦᠷᠭᠡ ᠪᠠᠨ ᠪᠡᠶᠡᠯᠡᠭᠦᠯᠦᠭᠰᠡᠨ | ᠪᠠᠶᠢᠳᠠᠯ ᠳᠤ ᠰᠢᠯᠭᠠᠨ ᠬᠢᠨᠠᠬᠤ ᠠᠵᠢᠯ ᠢ ᠵᠣᠬᠢᠶᠠᠨ ᠪᠠᠶᠢᠭᠤᠯᠵᠤ᠂ ᠰᠢᠯᠭᠠᠨ ᠬᠢᠨᠠᠭᠰᠠᠨ ᠦᠷ᠎ᠡ ᠳ᠋ᠦᠩ ᠢ ᠠᠳᠠᠯᠢ | ᠱᠠᠲᠤᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠤ ᠲᠤᠰᠢᠶᠠᠨ ᠥᠭᠴᠦ᠂ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠪᠠ | ᠤᠳᠤᠷᠢᠳᠬᠤ ᠪᠠᠭ ᠢ ᠶᠡᠷᠦᠩᠬᠡᠶᠢᠯᠡᠨ ᠰᠢᠯᠭᠠᠵᠤ ᠬᠢᠨᠠᠨ ᠦᠨᠡᠯᠡᠬᠦ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠶ᠃ | ᠡᠭᠦᠨ ᠤ ᠳᠠᠭᠠᠤ ᠳᠤ᠂ ᠭᠤᠤᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠪᠠ | ᠰᠢᠭᠤᠳ ᠬᠠᠷᠢᠭᠤᠴᠠᠯᠭ᠎ᠠ ᠲᠠᠢ ᠬᠥᠮᠦᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠢ ᠨᠢ ᠦᠨᠡᠯᠡᠨ | ᠲᠣᠭᠲᠠᠭᠠᠬᠤ᠂ ᠱᠠᠩᠨᠠᠨ ᠭᠥᠬᠢᠭᠦᠯᠵᠦ ᠵᠠᠯᠬᠠᠭᠠᠨ ᠰᠢᠢᠳᠭᠡᠬᠦ ᠯᠦᠭᠡ ᠬᠤᠯᠪᠣᠭᠳᠠᠭᠤᠯᠬᠤ ᠳᠦᠷᠢᠮ ᠢ ᠪᠠᠶᠢᠭᠤᠯᠬᠤ | ᠬᠡᠷᠡᠭᠲᠡᠶ᠃ | ᠡᠯ᠎ᠡ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠨᠢ ᠲᠤᠰ ᠠᠵᠢᠯ | ᠲᠥᠷᠥᠯ ᠤᠨ ᠢᠶᠠᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠢ ᠲᠡᠷᠢᠭᠦᠨ ᠤ ᠪᠠ ᠰᠢᠯᠢᠳᠡᠭ ᠢ ᠰᠢᠯᠭᠠᠷᠠᠭᠤᠯᠬᠤ᠂ ᠵᠡᠷᠭᠡ ᠳᠡᠰ ᠪᠠ ᠣᠳᠣᠨ | ᠳᠡᠰ ᠢ ᠰᠢᠯᠭᠠᠷᠠᠭᠤᠯᠬᠤ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠶ᠃ | ᠬᠤᠷᠢᠨ ᠵᠢᠷᠭᠤᠳᠤᠭᠠᠷ ᠵᠦᠢᠯ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠳᠤ ᠲᠤᠪᠤᠶᠢᠮ᠎ᠠ ᠠᠮᠵᠢᠯᠲᠠ | ᠪᠦᠲᠦᠮᠵᠢ ᠭᠠᠷᠭᠠᠭᠰᠠᠨ ᠪᠠ ᠴᠢᠬᠤᠯᠠ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠠ ᠬᠤᠪᠢ ᠬᠥᠮᠦᠨ ᠢ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠢ ᠨᠦᠭᠦᠳ ᠨᠢ | ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠬᠤ | ᠬᠡᠷᠡᠭᠲᠡᠢ᠃ | ᠬᠤᠷᠢᠨ ᠳᠣᠯᠣᠳᠤᠭᠠᠷ ᠵᠦᠢᠯ ᠬᠤᠯᠪᠣᠭᠳᠠᠯ ᠪᠥᠬᠦᠢ ᠰᠠᠯᠠᠭ᠎ᠠ ᠮᠥᠴᠢᠷ᠂ ᠠᠵᠢᠯ ᠲᠥᠷᠥᠯ ᠤᠨ | ᠨᠡᠶᠢᠭᠡᠮᠯᠢᠭ ᠤᠳ ᠨᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠲᠠᠯ᠎ᠠ ᠶᠢᠨ ᠢᠲᠡᠭᠡᠮᠵᠢ ᠶᠢᠨ ᠲᠥᠷᠢᠮ ᠢ | ᠪᠠᠶᠢᠭᠤᠯᠤᠨ᠂ ᠨᠢᠭᠡᠴᠢ ᠨᠦᠭᠦᠳ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠦᠷᠢᠮ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠡᠶᠢᠭᠡᠮ ᠤᠨ ᠦᠨᠡᠨᠴᠢ ᠢᠲᠡᠭᠡᠮᠵᠢ ᠶᠢᠨ ᠰᠢᠰᠲ᠋ᠧᠮᠵᠢ ᠳᠤ | ᠣᠷᠣᠭᠤᠯᠵᠤ᠂ ᠠᠵᠤ ᠠᠬᠤᠶᠢᠯᠠᠯ ᠤᠨ ᠢᠲᠡᠭᠡᠮᠵᠢ ᠶᠢ ᠦᠨᠡᠯᠡᠬᠦ᠂ ᠲᠥᠷᠥᠯ ᠵᠦᠢᠯ ᠢ ᠬᠠᠷᠭᠤᠭᠤᠯᠤᠨ ᠵᠥᠪᠰᠢᠶᠡᠷᠡᠬᠦ᠂ | ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ᠂ ᠮᠥᠩᠭᠦᠨ ᠭᠦᠢᠯᠭᠡᠭᠡᠨ ᠢᠶᠠᠷ ᠲᠡᠳᠬᠦᠬᠦ᠂ ᠡᠳ᠋ ᠤᠨ ᠵᠠᠰᠠᠭ ᠠᠴᠠ | ᠱᠠᠩᠨᠠᠵᠤ ᠨᠥᠬᠦᠪᠥᠷᠢᠯᠡᠬᠦ ᠵᠡᠷᠭᠡ ᠲᠠᠯ᠎ᠠ ᠪᠠᠷ ᠬᠢ ᠯᠠᠪᠯᠠᠯᠲᠠ ᠶᠢᠨ ᠦᠨᠳᠦᠰᠦᠯᠡᠯ ᠪᠣᠯᠭᠠᠬᠤ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠲᠦᠷᠢᠮ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠪᠣᠯᠵᠣᠨ ᠶᠠᠷᠢᠯᠴᠠᠬᠤ ᠲᠦᠷᠢᠮ ᠢ ᠪᠠᠶᠢᠭᠤᠯᠬᠤ ᠬᠡᠷᠡᠭᠲᠡᠢ᠃ | ᠠᠶᠢᠮᠠᠭ ᠬᠤᠲᠠ ᠳᠤ ᠣᠨᠴᠠ ᠬᠦᠨᠳᠦ ᠶᠡᠭᠡ ᠭᠠᠯ ᠤᠨ ᠠᠶᠤᠯ ᠠᠳᠡᠯ᠂ ᠬᠦᠨᠳᠦ ᠶᠡᠭᠡ ᠭᠠᠯ ᠤᠨ | ᠠᠶᠤᠯ ᠠᠳᠡᠯ ᠭᠠᠷᠤᠭᠰᠠᠨ ᠪᠤᠶᠤ ᠵᠢᠯ ᠤᠨ ᠳᠣᠲᠣᠷ᠎ᠠ ᠬᠤᠶᠠᠷ ᠠᠴᠠ ᠢᠯᠡᠭᠦᠦ ᠨᠡᠯᠢᠶᠡᠳ ᠶᠡᠭᠡ ᠭᠠᠯ ᠤᠨ ᠠᠶᠤᠯ | ᠠᠳᠡᠯ ᠭᠠᠷᠤᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠠᠴᠠ ᠭᠠᠯ ᠤᠨ ᠠᠶᠤᠯ ᠭᠠᠷᠤᠭᠰᠠᠨ ᠭᠠᠵᠠᠷ ᠤᠨ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠠᠢ ᠪᠣᠯᠵᠣᠨ ᠶᠠᠷᠢᠯᠴᠠᠨ᠎ᠠ᠃ | ᠬᠤᠰᠢᠭᠤ ᠰᠢᠶᠠᠨ ︵ᠬᠤᠲᠠ᠂ ᠲᠣᠭᠤᠷᠢᠭ︶ ᠳᠤ ᠨᠡᠯᠢᠶᠡᠳ ᠶᠡᠭᠡ ᠭᠠᠯ ᠤᠨ ᠠᠶᠤᠯ ᠠᠳᠡᠯ ᠭᠠᠷᠤᠭᠰᠠᠨ | ᠪᠤᠶᠤ ᠵᠢᠯ ᠤᠨ ᠳᠣᠲᠣᠷ᠎ᠠ ᠨᠥᠯᠥᠭᠡ ᠶᠡᠬᠡᠲᠡᠢ ᠭᠠᠯ ᠤᠨ ᠠᠶᠤᠯ ᠠᠳᠡᠯ ᠵᠠᠯᠭᠠᠭ᠎ᠠ ᠪᠠᠷ ᠭᠠᠷᠤᠭᠰᠠᠨ ᠪᠠᠶᠢᠪᠠᠯ᠂ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠭᠠᠯ ᠤᠨ ᠠᠶᠤᠯ ᠭᠠᠷᠤᠭᠰᠠᠨ | ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠲᠠᠢ ᠪᠣᠯᠵᠣᠨ | ᠶᠠᠷᠢᠯᠴᠠᠬᠤ ᠬᠡᠷᠡᠭᠲᠡᠢ᠃ | ᠰᠤᠮᠤ ᠰᠢᠶᠠᠩ ᠪᠠᠯᠭᠠᠰᠤᠨ ︵ᠵᠡᠭᠡᠯᠢ ᠭᠤᠳᠤᠮᠵᠢ︶ ᠳᠤ ᠵᠢᠯ ᠤᠨ ᠳᠣᠲᠣᠷ᠎ᠠ ᠬᠥᠮᠦᠨ ᠠᠳᠡᠭᠰᠡᠨ ᠭᠠᠯ ᠤᠨ | ᠠᠶᠤᠯ ᠠᠳᠡᠯ ᠪᠤᠶᠤ ᠨᠥᠯᠥᠭᠡ ᠶᠡᠬᠡᠲᠡᠢ ᠭᠠᠯ ᠤᠨ ᠠᠶᠤᠯ ᠠᠳᠡᠯ ᠭᠠᠷᠤᠭᠰᠠᠨ ᠪᠠᠶᠢᠪᠠᠯ᠂ ᠬᠤᠰᠢᠭᠤ ᠰᠢᠶᠠᠨ ︵ | ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠭᠠᠯ ᠤᠨ ᠠᠶᠤᠯ ᠭᠠᠷᠤᠭᠰᠠᠨ ᠭᠠᠵᠠᠷ ᠤᠨ ᠰᠤᠮᠤ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ | ᠪᠣᠯᠵᠣᠨ ᠶᠠᠷᠢᠯᠴᠠᠬᠤ ᠬᠡᠷᠡᠭᠲᠡᠶ᠃ | ᠬᠤᠷᠢ ᠶᠢᠰᠦᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠢ | ᠠᠵᠢᠯ ᠤᠨ ᠰᠠᠯᠠᠭ᠎ᠠ ᠮᠥᠴᠢᠷ ᠤᠳ ᠨᠢ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠥᠭᠡᠢ᠂ | ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠣᠯᠠᠨ | ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠬᠦᠨᠳᠦ ᠶᠡᠭᠡ | ᠭᠠᠯ ᠤᠨ ᠠᠶᠤᠯ ᠤᠨ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ᠂ ᠭᠠᠯ ᠰᠡᠷᠭᠡᠶᠢᠯᠡᠵᠦ ᠤᠨᠲᠠᠷᠠᠭᠠᠬᠤ ᠬᠦᠴᠦᠨ ᠤ | ᠬᠥᠭᠵᠢᠯᠲᠡ ᠵᠡᠷᠭᠡ ᠲᠠᠯ᠎ᠠ ᠳᠤ ᠬᠤᠯᠪᠣᠭᠳᠠᠭᠰᠠᠨ ᠠᠵᠢᠯ ᠳᠤ ᠪᠠᠨ ᠬᠦᠴᠦ ᠣᠷᠣᠭᠤᠯᠤᠭᠰᠠᠨ ᠦᠭᠡᠢ᠂ | ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠭᠰᠠᠨ ᠪᠠᠶᠢᠪᠠᠯ᠂ ᠬᠤᠯᠪᠣᠭᠳᠠᠭᠰᠠᠨ ᠬᠥᠮᠦᠰ ᠠᠴᠠ ᠬᠠᠤᠯᠢ ᠪᠠ | ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠵᠦ᠂ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠬᠠᠤᠯᠢ | ᠴᠠᠭᠠᠵᠠ ᠶᠢᠨ ᠪᠠᠶᠢᠭᠤᠯᠭ᠎ᠠ ᠳᠤ ᠬᠠᠤᠯᠢ ᠶᠣᠰᠣᠭᠠᠷ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠬᠦ ᠬᠡᠷᠡᠭᠲᠡᠢ᠃ | ᠭᠤᠴᠢᠳᠤᠭᠠᠷ ᠵᠦᠢᠯ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠥᠭᠡᠢ᠂ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ | ᠪᠣᠳᠠᠲᠠᠶᠢᠵᠢᠭᠤᠯᠤᠭᠰᠠᠨ ᠥᠭᠡᠢ ᠠᠴᠠ ᠪᠤᠯᠵᠤ ᠡᠩ ᠤᠨ ᠵᠢᠴᠢ ᠡᠭᠦᠨ ᠠᠴᠠ ᠬᠡᠴᠡᠭᠦᠦ ᠭᠠᠯ ᠤᠨ ᠠᠶᠤᠯ ᠠᠳᠡᠯ | ᠭᠠᠷᠤᠭᠰᠠᠨ ᠪᠠᠶᠢᠪᠠᠯ᠂ ᠨᠢᠭᠡᠴᠢ ᠶᠢᠨ ᠰᠢᠭᠤᠳ ᠬᠠᠷᠢᠭᠤᠴᠠᠯᠭ᠎ᠠ ᠲᠠᠢ ᠬᠥᠮᠥᠨ᠂ ᠬᠠᠤᠯᠢ ᠪᠠᠷ ᠲᠣᠭᠲᠠᠭᠠᠭᠰᠠᠨ | ᠲᠥᠯᠥᠭᠡᠯᠡᠭᠴᠢ᠂ ᠭᠤᠤᠯ ᠬᠠᠷᠢᠭᠤᠴᠠᠯᠭᠠᠲᠠᠨ ᠪᠤᠶᠤ ᠪᠣᠳᠠᠲᠠᠶ ᠡᠵᠡᠮᠳᠡᠵᠦ ᠪᠠᠶᠢᠭ᠎ᠠ ᠬᠥᠮᠥᠰ ᠤᠨ ᠬᠠᠷᠢᠭᠤᠴᠠᠯᠭ᠎ᠠ ᠶᠢ | ᠬᠠᠤᠯᠢ ᠪᠠ ᠲᠣᠭᠲᠠᠭᠠᠯ ᠶᠣᠰᠣᠭᠠᠷ ᠨᠡᠬᠡᠮᠵᠢᠯᠡᠬᠦ ᠬᠡᠷᠡᠭᠲᠡᠶ︔ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠨᠢ ᠬᠦᠴᠦᠨ ᠦᠭᠡᠢ᠂ ᠬᠠᠷᠢᠭᠤᠴᠠᠯᠭ᠎ᠠ | ᠠᠯᠳᠠᠵᠤ ᠲᠤᠰᠢᠶᠠᠯ ᠢᠶᠠᠨ ᠭᠤᠲᠤᠭᠠᠭᠰᠠᠨ ᠬᠠᠷᠢᠭᠤᠴᠠᠯᠭᠠᠲᠠᠨ ᠪᠠ ᠠᠵᠢᠯᠲᠠᠨ ᠠᠴᠠ ᠬᠠᠷᠢᠭᠤᠴᠠᠯᠭ᠎ᠠ ᠬᠡᠯᠡᠯᠴᠡᠬᠦ | ᠬᠡᠷᠡᠭᠲᠡᠢ᠃ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠬᠠᠤᠯᠢ | ᠶᠣᠰᠣᠭᠠᠷ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠬᠦ ᠬᠡᠷᠡᠭᠲᠡᠢ᠃ | ᠭᠤᠴᠢᠨ ᠨᠢᠭᠡᠳᠦᠭᠡᠷ ᠵᠦᠢᠯ ᠬᠥᠮᠦᠨ ᠠᠳᠡᠭᠰᠡᠨ ᠪᠤᠶᠤ ᠨᠡᠶᠢᠭᠡᠮ ᠳᠤ ᠨᠥᠯᠥᠭᠡ ᠪᠣᠯᠣᠭᠰᠠᠨ ᠡᠩ ᠤᠨ | ᠭᠠᠯ ᠤᠨ ᠠᠶᠤᠯ ᠠᠳᠡᠯ ᠭᠠᠷᠤᠭᠰᠠᠨ ᠪᠠᠶᠢᠪᠠᠯ᠂ ᠠᠳᠡᠯ ᠭᠠᠷᠤᠭᠰᠠᠨ ᠭᠠᠵᠠᠷ ᠤᠨ ᠬᠤᠰᠢᠭᠤ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠨᠢ ᠬᠠᠷᠢᠭᠤᠴᠠᠵᠤ ᠵᠣᠬᠢᠶᠠᠨ ᠪᠠᠶᠢᠭᠤᠯᠵᠤ ᠪᠠᠶᠢᠴᠠᠭᠠᠨ ᠰᠢᠢᠳᠪᠦᠷᠢᠯᠡᠬᠦ ᠬᠡᠷᠡᠭᠲᠡᠢ︔ | ᠨᠡᠯᠢᠶᠡᠳ ᠶᠡᠭᠡ ᠭᠠᠯ ᠤᠨ ᠠᠶᠤᠯ ᠠᠳᠡᠯ ᠭᠠᠷᠤᠭᠰᠠᠨ ᠪᠠᠶᠢᠪᠠᠯ᠂ ᠠᠳᠡᠯ ᠭᠠᠷᠤᠭᠰᠠᠨ ᠭᠠᠵᠠᠷ ᠤᠨ ᠠᠶᠢᠮᠠᠭ | ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠷᠢᠭᠤᠴᠠᠵᠤ ᠵᠣᠬᠢᠶᠠᠨ ᠪᠠᠶᠢᠭᠤᠯᠵᠤ ᠪᠠᠶᠢᠴᠠᠭᠠᠨ | ᠰᠢᠢᠳᠪᠦᠷᠢᠯᠡᠬᠦ ᠬᠡᠷᠡᠭᠲᠡᠢ᠃ ᠬᠦᠨᠳᠦ ᠶᠡᠭᠡ ᠭᠠᠯ ᠤᠨ ᠠᠶᠤᠯ ᠠᠳᠡᠯ ᠭᠠᠷᠤᠭᠰᠠᠨ ᠪᠠᠶᠢᠪᠠᠯ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠵᠤ ᠵᠣᠬᠢᠶᠠᠨ ᠪᠠᠶᠢᠭᠤᠯᠵᠤ ᠪᠠᠶᠢᠴᠠᠭᠠᠨ | ᠰᠢᠢᠳᠪᠦᠷᠢᠯᠡᠨ᠎ᠡ᠃ ᠣᠨᠴᠠ ᠬᠦᠨᠳᠦ ᠶᠡᠭᠡ ᠭᠠᠯ ᠤᠨ ᠠᠶᠤᠯ ᠠᠳᠡᠯ ᠭᠠᠷᠤᠭᠰᠠᠨ ᠪᠠᠶᠢᠪᠠᠯ᠂ ᠲᠣᠭᠲᠠᠭᠠᠯ ᠶᠣᠰᠣᠭᠠᠷ | ᠲᠥᠷᠥ ᠶᠢᠨ ᠶᠠᠪᠤᠳᠠᠯ ᠤᠨ ᠬᠤᠷᠢᠶ᠎ᠠ ᠪᠤᠶᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠡᠷᠬᠡ ᠣᠯᠭᠤᠭᠰᠠᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠠᠷᠢᠭᠤᠴᠠᠵᠤ ᠵᠣᠬᠢᠶᠠᠨ ᠪᠠᠶᠢᠭᠤᠯᠵᠤ ᠪᠠᠶᠢᠴᠠᠭᠠᠨ ᠰᠢᠢᠳᠪᠦᠷᠢᠯᠡᠨ᠎ᠡ᠃ | | | ᠵᠢᠷᠭᠤᠳᠤᠭᠠᠷ ᠪᠦᠯᠦᠭ ᠳᠠᠭᠠᠯᠳᠤᠭᠤᠯᠤᠯ ᠲᠦᠷᠢᠮ | | | ᠭᠤᠴᠢᠨ ᠬᠤᠶᠠᠳᠤᠭᠠᠷ ᠵᠦᠢᠯ ᠦᠢᠯᠡᠳᠪᠦᠷᠢᠯᠡᠵᠦ ᠡᠵᠡᠩᠨᠡᠬᠦ ᠲᠣᠭᠲᠠᠮᠠᠯ ᠲᠠᠯᠠᠪᠤᠷ ᠭᠠᠵᠠᠷ ᠲᠠᠢ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠨᠦᠭᠦᠳ ᠨᠢ ᠲᠣᠰ ᠠᠷᠭ᠎ᠠ ᠪᠠᠷ ᠯᠠᠪᠯᠠᠯᠲᠠ ᠪᠣᠯᠭᠠᠵᠤ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠃ | ᠭᠤᠴᠢᠨ ᠭᠤᠷᠪᠠᠳᠤᠭᠠᠷ ᠵᠦᠢᠯ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ | ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠲᠣᠰ | ᠠᠷᠭ᠎ᠠ ᠶᠢ ᠦᠨᠳᠦᠰᠦᠯᠡᠨ᠂ ᠲᠣᠰ ᠭᠠᠵᠠᠷ ᠣᠷᠣᠨ ᠤ ᠪᠠᠨ ᠪᠣᠳᠠᠲᠠᠶ ᠬᠡᠷᠡᠭᠵᠢᠭᠦᠯᠬᠦ ᠠᠷᠭ᠎ᠠ ᠶᠢ ᠲᠣᠭᠲᠠᠭᠠᠵᠤ | ᠪᠣᠯᠤᠨ᠎ᠠ᠃ | ᠭᠤᠴᠢᠨ ᠳᠥᠷᠪᠡᠳᠦᠭᠡᠷ ᠵᠦᠢᠯ ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | | | | |