ᠡᠷᠢᠶᠡᠨ ᠬᠤᠲᠠ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠦᠷᠢᠲᠦᠵᠦ ᠪᠠᠶᠢᠬᠤ ᠶᠢ ᠵᠠᠰᠠᠵᠤ ᠲᠤᠭ᠎ᠠ ᠶᠣᠰᠣᠭᠠᠷ ᠥᠭᠬᠦ ᠶᠢ ᠨᠢ ᠪᠠᠲᠤᠯᠠᠬᠤ ᠠᠵᠢᠯ ᠢ ᠪᠥᠬᠦ ᠬᠦᠴᠦᠨ ᠢᠶᠠᠷ ᠢᠶᠠᠨ ᠪᠠᠬᠢᠵᠢᠭᠦᠯᠵᠦ ᠪᠤᠢ
ᠨᠡᠶᠢᠲᠡᠯᠡᠭᠰᠡᠨ ᠴᠠᠭ᠄
2020/11/6
     2020 ᠣᠨ ᠳᠤ᠂ ᠡᠷᠢᠶᠡᠨ ᠬᠤᠲᠠ ᠶᠢᠨ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 8 ᠪᠤᠢ᠂ ᠡᠭᠦᠨ ᠳᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ 5᠂ ᠨᠡᠶᠢᠭᠡᠮ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ 1᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 2 ᠪᠠᠶᠢᠨ᠎ᠠ᠃ ᠣᠳᠣᠬᠠᠨ ᠳᠤ᠂ ᠪᠠᠷᠢᠯᠭ᠎ᠠ ᠪᠠᠷᠢᠵᠤ ᠪᠠᠶᠢᠭ᠎ᠠ 8 ᠲᠥᠷᠥᠯ ᠵᠦᠢᠯ ᠳᠤ ᠴᠥᠮ ᠴᠠᠯᠢᠩ  ᠦᠷᠢᠲᠦᠭᠰᠡᠨ ᠠᠰᠠᠭᠤᠳᠠᠯ ᠦᠭᠡᠢ᠂ ᠪᠠᠷᠢᠵᠤ ᠪᠠᠶᠢᠭ᠎ᠠ ᠪᠠᠷᠢᠯᠭ᠎ᠠ ᠶᠢᠨ ᠲᠥᠷᠥᠯ ᠵᠦᠢᠯ ᠤᠨ ᠬᠥᠳᠡᠯᠮᠦᠷᠢ ᠶᠢᠨ ᠭᠡᠷ᠎ᠡ ᠲᠣᠭᠲᠠᠭᠰᠠᠨ ᠨᠣᠷᠮ᠎ᠠ 100%᠎ ᠳᠤ ᠬᠦᠷᠴᠦ᠂ ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠳᠦᠷᠢᠮ ᠢ ᠪᠦᠬᠦᠨ ᠢ ᠨᠠᠶᠢᠳᠠᠪᠤᠷᠢᠵᠢᠭᠤᠯᠤᠭᠰᠠᠨ ᠪᠦᠭᠡᠳ ᠡᠷᠢᠶᠡᠨ ᠬᠤᠲᠠ ᠶᠢᠨ ᠡᠳ᠋ ᠤᠨ ᠵᠠᠰᠠᠭ ᠠᠴᠠ ᠪᠠᠴᠢᠮ ᠪᠠᠶᠢᠳᠠᠯ ᠢ ᠠᠷᠭᠠᠴᠠᠭᠠᠬᠤ ᠡᠷᠭᠢᠯᠲᠡ ᠶᠢᠨ ᠮᠥᠩᠭᠦ ᠶᠢ ᠲᠤᠰᠬᠠᠶ ᠲᠣᠬᠢᠷᠠᠭᠤᠯᠵᠤ᠂ ᠳᠠᠩᠰᠠᠨ ᠡᠷᠦᠬᠡ ᠶᠢᠨ ᠦᠯᠡᠳᠡᠪᠦᠷᠢ ᠪᠡᠯᠡ ᠮᠥᠩᠭᠦ 929.8 ᠲᠦᠮᠡᠨ ᠲᠥᠭᠦᠷᠢᠭ ᠲᠤ ᠬᠦᠷᠴᠡᠶ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠢᠨᠵᠧᠨᠧᠷᠢᠩ ᠤᠨ ᠲᠥᠷᠥᠯ ᠵᠦᠢᠯ ᠤᠨ ᠰᠠᠷ᠎ᠠ ᠪᠠᠷ ᠲᠤᠭ᠎ᠠ ᠶᠣᠰᠣᠭᠠᠷ ᠭᠦᠢᠴᠡᠳ ᠥᠭᠭᠦᠭᠰᠡᠨ ᠪᠦᠷᠬᠦᠴᠡ ᠶᠢᠨ ᠨᠣᠷᠮ᠎ᠠ 100%᠎ ᠳᠤ ᠬᠦᠷᠴᠦ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢ ᠪᠦᠬᠦᠨ ᠢ ᠨᠠᠶᠢᠳᠠᠪᠤᠷᠢᠵᠢᠭᠤᠯᠤᠨ᠂ ᠴᠠᠯᠢᠩ ᠬᠢᠭᠡᠳ ᠪᠠᠷᠢᠯᠭ᠎ᠠ ᠶᠢᠨ ᠵᠣᠭᠤᠰ ᠢ ᠳᠠᠩᠰᠠ ᠬᠤᠪᠢᠶᠠᠨ ᠬᠠᠮᠢᠶᠠᠷᠴᠤ᠂ ᠴᠠᠯᠢᠩ ᠤᠨ ᠲᠤᠰᠬᠠᠢ ᠳᠠᠩᠰᠠᠨ ᠡᠷᠦᠬᠡ ᠶᠢᠨ ᠳᠦᠷᠢᠮ ᠤᠨ ᠪᠦᠷᠬᠦᠴᠡ ᠶᠢᠨ ᠨᠣᠷᠮ᠎ᠠ 100%᠎ ᠳᠤ ᠬᠦᠷᠪᠡ᠃ ᠪᠠᠷᠢᠯᠭ᠎ᠠ ᠶᠢᠨ ᠭᠠᠵᠠᠷ ᠤᠨ ᠡᠷᠬᠡ ᠠᠰᠢᠭ ᠢᠶᠠᠨ ᠬᠠᠮᠠᠭᠠᠯᠠᠬᠤ ᠮᠡᠳᠡᠭᠡ ᠵᠠᠩᠭᠢ ᠶᠢ ᠢᠯᠡ ᠨᠡᠶᠢᠲᠡᠯᠡᠬᠦ ᠳᠦᠷᠢᠮ ᠤᠨ ᠪᠦᠷᠬᠦᠴᠡ ᠶᠢᠨ ᠨᠣᠷᠮ᠎ᠠ 100% ᠪᠠᠶᠢᠵᠤ᠂ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠵᠤ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠰᠡᠨ ᠨᠣᠷᠮ᠎ᠠ 100%᠎ ᠳᠤ ᠬᠦᠷᠪᠡ᠃      ︵ᠨᠢᠭᠡ︶ ᠴᠠᠯᠢᠩ ᠢ ᠦᠷᠢᠲᠦᠵᠦ ᠪᠠᠶᠢᠬᠤ ᠶᠢ ᠵᠠᠰᠠᠵᠤ ᠲᠤᠭ᠎ᠠ ᠶᠣᠰᠣᠭᠠᠷ ᠥᠭᠬᠦ ᠶᠢ ᠨᠢ ᠪᠠᠲᠤᠯᠠᠬᠤ ᠠᠵᠢᠯ ᠎ ᠢ ᠪᠦᠬᠦ ᠬᠦᠴᠦᠨ ᠢᠶᠠᠷ ᠢᠶᠠᠨ ᠦᠷᠨᠢᠭᠦᠯᠪᠡ᠃ ᠡᠷᠢᠶᠡᠨ ᠬᠤᠲᠠ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠤᠨ ᠤᠳᠤᠷᠢᠳᠬᠤ ᠳᠤᠭᠤᠶᠢᠯᠠᠩ ᠳᠤ ᠳᠠᠬᠢᠨ ᠲᠣᠬᠢᠷᠠᠭᠤᠯᠤᠯᠲᠠ ᠬᠢᠵᠦ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠥᠷᠢᠲᠦᠭᠰᠡᠨ ᠠᠴᠠ ᠪᠣᠯᠤᠭᠰᠠᠨ ᠡᠯ᠎ᠡ ᠲᠥᠷᠥᠯ ᠤᠨ ᠭᠡᠨᠡᠳᠲᠡ ᠶᠢᠨ ᠴᠢᠨᠠᠷᠲᠠᠶ᠂ ᠪᠦᠯᠬᠦᠮ ᠨᠡᠶᠢᠲᠡ ᠶᠢᠨ ᠴᠢᠨᠠᠷᠲᠠᠶ ᠬᠡᠷᠡᠭ ᠢ ᠭᠤᠤᠯᠳᠠᠯᠭ᠎ᠠ ᠲᠠᠢ ᠰᠤᠳᠤᠯᠪᠠ᠃ ᠤᠷᠢᠳ ᠬᠤᠵᠢᠳ ︽ᠡᠷᠢᠶᠡᠨ ᠬᠤᠲᠠ ᠶᠢᠨ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠵᠣᠬᠢᠴᠠᠭᠤᠯᠭ᠎ᠠ ᠶᠢᠨ ᠲᠣᠭᠲᠠᠴᠠ ᠶᠢᠨ ᠲᠤᠬᠠᠶ ᠮᠡᠳᠡᠭᠳᠡᠯ︾᠂ ︽ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠥᠭᠬᠦ ᠶᠢ ᠪᠠᠲᠤᠯᠠᠬᠤ ᠠᠵᠢᠯ ᠤᠨ ᠲᠥᠯᠥᠪᠯᠡᠭᠡ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ᠵᠡᠷᠭᠡ ᠰᠢᠷᠢᠰ ᠴᠢᠬᠤᠯᠠ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠪᠠ᠃ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠥᠷᠢᠲᠦᠬᠦ ᠠᠰᠠᠭᠤᠳᠠᠯ ᠢ ᠲᠣᠬᠢᠲᠠᠶ ᠰᠢᠢᠳᠪᠦᠷᠢᠯᠡᠬᠦ ᠶᠢᠨ ᠲᠤᠰᠠᠳᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠦᠬᠦ ᠬᠤᠲᠠ ᠶᠢᠨ ᠪᠠᠷᠢᠯᠭ᠎ᠠ᠂ ᠢᠳᠡᠭᠡᠨ ᠤᠮᠳᠠᠭᠠᠨ᠂ ᠵᠣᠴᠢᠳ ᠤᠨ ᠪᠠᠭᠤᠳᠠᠯ᠂ ᠡᠳ᠋ᠰᠢᠭᠦᠯᠦᠨ ᠪᠣᠯᠪᠠᠰᠤᠷᠠᠭᠤᠯᠬᠤ ᠵᠡᠷᠭᠡ ᠬᠥᠳᠡᠯᠮᠦᠷᠢ ᠨᠢᠭᠲᠠᠷᠬᠠᠰᠠᠨ ᠬᠦᠷᠢᠶᠡᠨ ᠳᠠᠬᠢ 65 ᠠᠵᠤ ᠠᠬᠤᠶᠢᠯᠠᠯ ᠤᠨ 2267 ᠬᠦᠴᠦ ᠶᠠᠪᠤᠭᠴᠢ ᠮᠠᠯᠴᠢᠨ ᠲᠠᠷᠢᠶᠠᠴᠢᠳ ᠲᠤ ᠴᠢᠭᠯᠡᠭᠦᠯᠦᠨ 20 ᠡᠳᠦᠷ ᠤᠨ ᠬᠤᠭᠤᠴᠠᠭ᠎ᠠ ᠲᠠᠢ ᠲᠣᠭᠤᠷᠢᠨ ᠪᠠᠶᠢᠴᠠᠭᠠᠯᠲᠠ ᠬᠢᠭᠰᠡᠨ ᠳᠤ ᠴᠠᠯᠢᠩ ᠦᠷᠢᠲᠦᠭᠰᠡᠨ ᠠᠵᠤ ᠠᠬᠤᠶᠢᠯᠠᠯ ᠭᠠᠷᠤᠭᠰᠠᠨ ᠦᠭᠡᠢ ᠪᠠᠶᠢᠪᠠ᠃      ︵ᠬᠤᠶᠠᠷ︶ ᠪᠠᠷᠢᠯᠭ᠎ᠠ ᠶᠢᠨ ᠬᠦᠷᠢᠶ᠎ᠡ ᠴᠠᠷᠠᠭ᠎ᠠ ᠶᠢᠨ ᠴᠠᠯᠢᠩ ᠥᠷᠢᠲᠦᠬᠦ ᠶᠢ ᠡᠬᠢ ᠡᠭᠦᠰᠦᠯ ᠠᠴᠠ ᠨᠢ ᠵᠠᠰᠠᠬᠤ ᠶᠢ ᠪᠠᠷᠢᠮᠲᠠᠯᠠᠪᠠ᠃ ᠡᠷᠢᠶᠡᠨ ᠬᠤᠲᠠ ︽ᠡᠷᠢᠶᠡᠨ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠵᠢᠷᠤᠮ ᠲᠠᠢ ᠪᠥᠭᠡᠳ ᠡᠷᠡᠭᠦᠯ ᠢᠶᠠᠷ ᠬᠥᠭᠵᠢᠭᠦᠯᠬᠦ ᠲᠦᠷ ᠬᠡᠷᠡᠭᠵᠢᠭᠦᠯᠬᠦ ᠠᠷᠭ᠎ᠠ︾᠎ ᠶᠢ ᠲᠣᠭᠲᠠᠭᠠᠨ ᠨᠡᠶᠢᠲᠡᠯᠡᠵᠦ᠂ ᠶᠡᠷᠦᠩᠬᠡᠶ ᠲᠦᠷᠢᠮ ᠠᠴᠠ ᠳᠠᠭᠠᠯᠳᠤᠭᠤᠯᠤᠯ ᠲᠦᠷᠢᠮ ᠬᠦᠷᠲᠡᠯ᠎ᠡ ᠨᠡᠶᠢᠲᠡ 7 ᠪᠦᠯᠦᠭ 27 ᠵᠤᠷᠪᠤᠰ ᠴᠢᠩᠭ᠎ᠠ ᠱᠠᠭᠠᠷᠳᠠᠯᠭ᠎ᠠ ᠲᠠᠯᠪᠢᠵᠠᠶ᠃ ᠤᠯᠤᠰ᠂ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠨᠢᠭᠤᠴᠠ ᠳᠤ ᠬᠤᠯᠪᠣᠭᠳᠠᠬᠤ ᠪᠤᠰᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠴᠥᠮ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ ᠲᠠᠪᠴᠠᠩ ᠢᠶᠠᠷ ᠳᠠᠮᠵᠢᠭᠤᠯᠤᠨ ᠬᠢᠨᠠᠨ ᠵᠥᠪᠰᠢᠶᠡᠷᠡᠵᠦ᠂ ᠬᠢᠨᠠᠨ ᠵᠥᠪᠰᠢᠶᠡᠷᠡᠬᠦ ᠲᠡᠰ ᠳᠠᠷᠠᠭᠠᠯᠠᠯ᠂ ᠤᠷᠢᠳᠴᠢᠯᠠᠨ ᠪᠠᠶᠢᠷᠢᠯᠠᠭᠤᠯᠬᠤ ᠴᠢᠬᠤᠯᠠ ᠮᠠᠲ᠋ᠧᠷᠢᠶᠠᠯ ᠢ ᠥᠪᠡᠷᠲᠡᠭᠡᠨ ᠵᠠᠰᠠᠬᠤ ᠣᠷᠣᠨ ᠤ ᠲᠠᠪᠴᠠᠩ ᠤᠨ ᠶᠣᠰᠣᠭᠠᠷ ᠨᠢᠭᠡᠳᠦᠯᠲᠡᠢ ᠪᠠᠶᠢᠷᠢᠯᠠᠭᠤᠯᠤᠨ ᠬᠡᠷᠡᠭᠵᠢᠭᠦᠯᠪᠡ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ ︽ᠡᠷᠢᠶᠡᠨ ᠬᠤᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠢᠨᠠᠯᠲᠠ ᠬᠠᠮᠢᠶᠠᠷᠤᠯᠲᠠ ᠶᠢᠨ ᠠᠷᠭ᠎ᠠ︾᠎ ᠪᠠᠷ ᠴᠢᠩᠭ᠎ᠠ ᠵᠢᠷᠤᠮᠯᠠᠨ ᠵᠣᠬᠢᠶᠠᠨ ᠪᠠᠶᠢᠭᠤᠯᠤᠨ ᠬᠡᠷᠡᠭᠵᠢᠭᠦᠯᠵᠡᠢ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠡᠷᠢᠶᠡᠨ ᠬᠤᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠲᠥᠷᠥᠯ ᠤᠨ ᠪᠡᠯᠡ ᠮᠥᠩᠭᠦ ᠶᠢ ᠲᠣᠭᠲᠠᠭᠠᠯ ᠠᠴᠠ ᠵᠥᠷᠢᠴᠡᠨ ᠨᠡᠭᠦᠯᠭᠡᠨ ᠬᠡᠷᠡᠭᠯᠡᠬᠦ ᠳᠤ ᠬᠢᠨᠠᠯᠲᠠ ᠲᠠᠯᠪᠢᠬᠤ ᠳᠦᠷᠢᠮ︾᠎ ᠢ ᠳᠠᠷᠤᠮᠠᠯᠯᠠᠨ ᠲᠠᠷᠬᠠᠭᠠᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ  ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠲᠣᠭᠲᠠᠭᠠᠯ ᠶᠣᠰᠣᠭᠠᠷ ᠴᠠᠭ ᠲᠤᠬᠠᠢ ᠳᠤ ᠨᠢ ᠰᠠᠯᠭᠠᠨ ᠥᠭᠴᠦ᠂ ᠬᠦᠴᠦ ᠶᠠᠪᠤᠭᠴᠢ ᠲᠠᠷᠢᠶᠠᠴᠢᠳ ᠤᠨ ᠴᠠᠯᠢᠩ ᠢ ᠴᠠᠭ ᠲᠤᠬᠠᠶ ᠳᠤ ᠨᠢ ᠲᠤᠭ᠎ᠠ ᠶᠣᠰᠣᠭᠠᠷ ᠨᠢ ᠥᠭᠬᠦ ᠶᠢ ᠪᠠᠲᠤᠯᠠᠪᠠ᠃      ︵ᠭᠤᠷᠪᠠ︶ ᠠᠵᠤ ᠠᠬᠤᠶᠢᠯᠠᠯ ᠤᠨ ᠴᠠᠯᠢᠩ ᠥᠭᠬᠦ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ᠃ ︽ᠡᠷᠢᠶᠡᠨ ᠬᠤᠲᠠ ᠶᠢᠨ ᠢᠲᠡᠭᠡᠯ ᠠᠯᠳᠠᠭᠰᠠᠳ ᠤᠨ ᠬᠠᠷ᠎ᠠ ᠳᠠᠩᠰᠠ ᠶᠢ ᠨᠡᠶᠢᠭᠡᠮ ᠳᠤ ᠢᠯᠡ ᠨᠡᠶᠢᠲᠡᠯᠡᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠴᠢᠩᠭ᠎ᠠ ᠬᠡᠷᠡᠭᠵᠢᠭᠦᠯᠵᠦ᠂ ᠬᠥᠳᠡᠯᠮᠦᠷᠢ ᠶᠢᠨ ᠪᠠᠲᠤᠯᠠᠭ᠎ᠠ ᠶᠢᠨ ᠬᠦᠷᠢᠶᠡᠨ ᠳᠠᠬᠢ ︽ᠤᠯᠠᠭᠠᠨ ᠬᠠᠷ᠎ᠠ ᠳᠠᠩᠰᠠ︾᠎ ᠶᠢ ᠢᠯᠡ ᠨᠡᠶᠢᠲᠡᠯᠡᠬᠦ ᠳᠦᠷᠢᠮ ᠢ ᠯᠠᠪᠳᠠᠭᠤᠨ ᠪᠠᠲᠤᠲᠠᠶ ᠥᠷᠨᠢᠭᠦᠯᠵᠦ᠂ ᠴᠠᠯᠢᠩ ᠥᠷᠢᠲᠦᠬᠦ᠂ ︽ᠪᠤᠯᠢᠬᠠᠶᠢᠯᠠᠬᠤ︾ ᠵᠡᠷᠭᠡ ᠦᠢᠯᠡ ᠠᠵᠢᠯᠯᠠᠭ᠎ᠠ ᠣᠷᠣᠰᠢᠵᠤ ᠪᠠᠶᠢᠭ᠎ᠠ ᠠᠵᠤ ᠠᠬᠤᠶᠢᠯᠠᠯ ᠢ ᠰᠣᠨᠢᠨ ᠮᠡᠳᠡᠭᠡᠨ ᠤ ᠵᠠᠭᠤᠴᠢᠯᠠᠭᠤᠷ᠂ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ᠂ ᠭᠤᠤᠯᠳᠠᠯᠭ᠎ᠠ ᠲᠠᠢ ᠣᠷᠣᠨ ᠪᠦᠰᠡ ᠶᠢᠨ LED ᠳᠡᠯᠭᠡᠴᠡ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠨᠡᠶᠢᠭᠡᠮ ᠳᠤ ᠢᠯᠡ ᠨᠡᠶᠢᠲᠡᠯᠡᠵᠦ᠂ ᠠᠵᠤ ᠠᠬᠤᠶᠢᠯᠠᠯ ᠤᠨ ᠴᠠᠯᠢᠩ ᠥᠭᠬᠦ ᠤᠬᠠᠮᠰᠠᠷᠲᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢ ᠵᠣᠯᠭᠠᠭᠤᠯᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠪᠣᠯᠤᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ᠂ ᠬᠦᠴᠦ ᠶᠠᠪᠤᠭᠴᠢ ᠮᠠᠯᠴᠢᠨ ᠲᠠᠷᠢᠶᠠᠴᠢᠳ ᠲᠤ ᠴᠠᠯᠢᠩ ᠥᠭᠬᠦ ᠶᠢ ᠲᠡᠪᠴᠢᠭᠰᠡᠨ ᠠᠵᠤ ᠠᠬᠤᠶᠢᠯᠠᠯ ᠤᠳ ᠲᠤ ᠬᠠᠤᠯᠢ ᠶᠣᠰᠣᠭᠠᠷ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠪᠠ᠃      ︵ᠳᠥᠷᠪᠡ︶ ᠴᠠᠯᠢᠩ ᠥᠷᠢᠲᠦᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠪᠠ᠃ ᠴᠠᠯᠢᠩ ᠦᠷᠢᠲᠦᠭᠰᠡᠨ ᠰᠦᠪᠡᠭᠴᠢ ᠶᠢ ᠨᠠᠷᠢᠨ ᠬᠢᠨᠠᠮᠠᠭᠠᠶ ᠡᠮᠬᠢᠯᠡᠵᠦ᠂ ᠴᠠᠭ ᠬᠢᠵᠠᠭᠠᠷᠯᠠᠨ ᠴᠢᠨᠠᠷ ᠢ ᠨᠢ ᠲᠣᠭᠲᠠᠭᠠᠨ ᠰᠢᠢᠳᠪᠦᠷᠢᠯᠡᠬᠦ ᠶᠢᠨ ᠬᠠᠮᠲᠤ ᠴᠠᠯᠢᠩ ᠥᠷᠢᠲᠦᠵᠦ ᠬᠠᠤᠯᠢ ᠶᠢ ᠵᠥᠷᠢᠴᠡᠭᠰᠡᠨ ᠬᠦᠨᠳᠦ ᠶᠡᠭᠡ ᠬᠡᠷᠡᠭ ᠢ ᠬᠤᠭᠤᠴᠠᠭ᠎ᠠ ᠶᠣᠰᠣᠭᠠᠷ ᠰᠢᠢᠳᠪᠦᠷᠢᠯᠡᠬᠦ ᠠᠵᠢᠯ ᠢ ᠠᠵᠢᠯ ᠤᠨ ᠭᠤᠤᠯᠳᠠᠯᠭ᠎ᠠ ᠪᠣᠯᠭᠠᠨ ᠠᠳᠬᠤᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠤᠯᠠᠮᠵᠢᠯᠠᠨ ᠲᠠᠷᠬᠠᠭᠠᠭᠰᠠᠨ ᠰᠢᠮᠳᠠᠭᠤᠯᠤᠨ ᠪᠠᠶᠢᠴᠠᠭᠠᠬᠤ ᠬᠡᠷᠡᠭ ᠢ ᠴᠢᠬᠤᠯᠠᠴᠢᠯᠠᠪᠠ᠃ 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠡᠷᠢᠶᠡᠨ ᠬᠤᠲᠠ ᠪᠠᠷᠢᠯᠭ᠎ᠠ ᠶᠢᠨ ᠪᠤᠰᠤ ᠠᠵᠤ ᠠᠬᠤᠶᠢᠯᠠᠯ ᠪᠣᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠦᠷᠢᠶᠡᠨ ᠳᠠᠬᠢ ᠴᠠᠯᠢᠩ ᠥᠷᠢᠲᠦᠭᠰᠡᠨ 18 ᠬᠡᠷᠡᠭ ᠢ ᠡᠶᠡᠳᠡᠭᠦᠯᠦᠨ ᠰᠢᠢᠳᠪᠦᠷᠢᠯᠡᠵᠦ᠂ 36 ᠬᠥᠮᠦᠨ  ᠬᠤᠯᠪᠣᠭᠳᠠᠵᠤ᠂ 17.83 ᠲᠦᠮᠡᠨ ᠲᠥᠭᠦᠷᠢᠭ ᠤᠨ ᠦᠷᠢᠲᠦᠭᠰᠡᠨ ᠴᠠᠯᠢᠩ ᠬᠥᠯᠥᠰᠥ ᠶᠢ ᠬᠠᠤᠯᠢ ᠶᠣᠰᠣᠭᠠᠷ ᠨᠡᠬᠡᠮᠵᠢᠯᠡᠨ᠂ ᠡᠶᠡᠳᠡᠭᠦᠯᠦᠨ ᠰᠢᠢᠳᠪᠦᠷᠢᠯᠡᠭᠰᠡᠨ ᠨᠣᠷᠮ᠎ᠠ 100%᠎ ᠳᠤ ᠬᠦᠷᠪᠡ᠃       ︵ᠲᠠᠪᠤ︶ ︽ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠥᠭᠬᠦ ᠶᠢ ᠪᠠᠲᠤᠯᠠᠬᠤ ᠳᠦᠷᠢᠮ︾᠎ ᠢ ᠤᠬᠠᠭᠤᠯᠬᠤ ᠡᠷᠴᠢᠮ ᠢᠶᠠᠨ ᠨᠡᠮᠡᠭᠳᠡᠭᠦᠯᠪᠡ᠃ ᠪᠦᠬᠦ ᠬᠤᠲᠠ ᠶᠢᠨ ᠬᠠᠤᠯᠢ ᠲᠦᠭᠡᠮᠡᠯᠵᠢᠭᠦᠯᠬᠦ ᠪᠣᠯᠪᠠᠰᠤᠷᠠᠭᠤᠯᠤᠯ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ︽ᠬᠥᠳᠡᠯᠮᠦᠷᠢ ᠶᠢᠨ ᠬᠢᠨᠠᠨ ᠪᠠᠶᠢᠴᠠᠭᠠᠭᠴᠢ᠂ ᠴᠠᠯᠢᠩ ᠥᠷᠢᠲᠦᠬᠦ ᠶᠢ ᠡᠬᠢ ᠡᠭᠦᠰᠦᠯ ᠠᠴᠠ ᠨᠢ ᠵᠠᠰᠠᠬᠤ ᠳᠤᠭᠤᠶᠢᠯᠠᠩ ᠤᠨ ᠪᠦᠷᠢᠯᠳᠦᠬᠦᠨ᠂ ᠬᠤᠯᠪᠣᠭ᠎ᠠ ᠠᠪᠤᠭᠴᠢ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠠᠵᠢᠯᠲᠠᠨ᠂ ᠪᠠᠷᠢᠯᠭ᠎ᠠ ᠶᠢᠨ ᠶᠡᠷᠦᠩᠬᠡᠢ ᠳᠠᠭᠠᠭᠠᠴᠢᠯᠠᠭᠰᠠᠨ ᠪᠠ ᠬᠤᠪᠢᠶᠠᠨ ᠳᠠᠭᠠᠭᠠᠴᠢᠯᠠᠭᠰᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠢᠴᠢ ᠬᠦᠳᠡᠯᠮᠦᠷᠢ ᠴᠠᠯᠢᠩ ᠤᠨ ᠠᠵᠢᠯᠲᠠᠨ᠂ ᠨᠡᠶᠢᠭᠡᠮ ᠲᠣᠭᠤᠷᠢᠭ ᠤᠨ ᠲᠣᠣᠷᠵᠢᠯ ᠤᠨ ᠬᠠᠮᠢᠶᠠᠷᠤᠭᠴᠢ︾ ᠵᠡᠷᠭᠡ ᠠᠳᠠᠯᠢ ᠪᠤᠰᠤ ᠲᠠᠰ ᠳᠠᠪᠬᠤᠷᠭ᠎ᠠ ᠶᠢᠨ 87 ᠬᠥᠮᠦᠨ ᠳᠤ 10 ᠡᠳᠦᠷ ᠤᠨ ᠬᠤᠭᠤᠴᠠᠭ᠎ᠠ ᠲᠠᠢ ᠪᠣᠯᠪᠠᠰᠤᠷᠠᠭᠤᠯᠤᠯ ᠰᠤᠷᠤᠯᠴᠠᠯᠭ᠎ᠠ ᠬᠢᠬᠦ ᠶᠢᠨ ᠬᠠᠮᠲᠤ᠂ ᠳᠡᠯᠭᠡᠴᠡ ᠳᠡᠭᠡᠷ᠎ᠡ︽ᠬᠥᠯᠥᠰᠥᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠲᠦᠷᠢᠮ︾᠎ ᠢ ᠤᠬᠠᠭᠤᠯᠵᠤ᠂ ᠲᠡᠷᠡᠴᠢᠯᠡᠨ ᠪᠠᠶᠢᠭᠤᠯᠭ᠎ᠠ ᠨᠢᠭᠡᠴᠢ᠂ ᠠᠵᠤ ᠠᠬᠤᠶᠢᠯᠠᠯ ᠳᠤ ᠭᠦᠨᠵᠡᠭᠡᠶᠢᠷᠡᠬᠦ ᠵᠡᠷᠭᠡ ᠠᠷᠭ᠎ᠠ ᠵᠠᠮ ᠢᠶᠠᠷ ᠬᠠᠤᠯᠢ ᠴᠠᠭᠠᠵᠠ᠂ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠵᠦᠭᠯᠡᠭᠦᠷ ᠵᠡᠷᠭᠡ ᠮᠠᠲ᠋ᠧᠷᠢᠶᠠᠯ ᠢ 500 ᠭᠠᠷᠤᠶ ᠬᠤᠪᠢ ᠲᠠᠷᠬᠠᠭᠠᠵᠤ᠂ ︽ᠲᠦᠷᠢᠮ︾᠎ ᠤᠨ ᠠᠭᠤᠯᠭ᠎ᠠ ᠳᠤ ᠭᠤᠤᠯᠳᠠᠯᠭ᠎ᠠ ᠪᠠᠨ ᠬᠠᠨᠳᠤᠭᠤᠯᠤᠨ ᠲᠤᠬᠠᠶ ᠶᠢᠨ ᠲᠠᠯᠠᠪᠠᠶ ᠳᠤ ᠲᠠᠶᠢᠯᠪᠤᠷᠢ ᠬᠢᠭᠰᠡᠨ ᠪᠠ ᠠᠰᠠᠭᠤᠭᠰᠠᠨ ᠠᠰᠠᠭᠤᠯᠲᠠ ᠶᠢ ᠬᠠᠷᠢᠭᠤᠯᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号