ᠬᠥᠯᠥᠨ ᠪᠤᠶᠢᠷ ᠬᠤᠲᠠ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠡᠮᠬᠢ ᠵᠢᠷᠤᠮ ᠲᠠᠢ ᠥᠷᠨᠢᠭᠦᠯᠵᠦ ᠪᠣᠢ
ᠨᠡᠶᠢᠲᠡᠯᠡᠭᠰᠡᠨ ᠴᠠᠭ᠄
2020/11/6
     ᠪᠠᠶᠢᠷᠢᠯᠠᠭᠤᠯᠤᠯᠲᠠ ᠶᠣᠰᠣᠭᠠᠷ᠂ 10 ᠳ᠋ᠤᠭᠠᠷ ᠰᠠᠷ᠎ᠠ ᠶᠢᠨ 11᠎ ᠤ ᠡᠳᠦᠷ ᠠᠴᠠ 31᠎ ᠤ ᠡᠳᠦᠷ ᠪᠣᠯᠲᠠᠯ᠎ᠠ᠂ ᠬᠥᠯᠥᠨ ᠪᠤᠶᠢᠷ ᠬᠤᠲᠠ ᠶᠢᠨ ᠡᠯ᠎ᠡ ᠭᠠᠵᠠᠷ ᠨᠢᠭᠡᠨᠲᠡ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠷᠦᠬᠡ ᠳᠤ ᠬᠦᠷᠴᠦ ᠪᠠᠶᠢᠳᠠᠯ ᠢ ᠣᠶᠢᠯᠠᠭᠠᠬᠤ ᠱᠠᠲᠤᠨ ᠳᠤ ᠪᠠᠨ ᠣᠷᠣᠪᠠ᠃ ᠪᠦᠬᠦ ᠬᠤᠲᠠ ᠶᠢᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠩᠨᠡᠭᠡ ᠵᠡᠭᠡᠯᠢ ᠭᠤᠳᠤᠮᠵᠢ ᠳᠤ ᠬᠦᠷᠴᠦ᠂ ᠠᠶᠢᠯ ᠡᠷᠦᠬᠡ ᠳᠠᠷᠠᠭᠠᠯᠠᠨ ᠬᠠᠶᠢᠨ ᠪᠠᠶᠢᠴᠠᠭᠠᠯᠲᠠ ᠬᠢᠵᠦ᠂ ᠣᠷᠣᠨ ᠪᠦᠰᠡ ᠨᠢᠭᠡᠪᠦᠷᠢ ᠶᠢᠨ ᠣᠷᠣᠨ ᠰᠠᠭᠤᠴᠠ ᠶᠢᠨ ᠲᠤᠭ᠎ᠠ ᠬᠡᠮᠵᠢᠶ᠎ᠡ ᠪᠣᠯᠤᠨ ᠪᠣᠳᠠᠲᠠᠶ ᠣᠷᠣᠨ ᠪᠠᠶᠢᠷᠢ ᠶᠢ ᠲᠣᠳᠣᠷᠬᠠᠢ ᠣᠶᠢᠯᠠᠭᠠᠵᠤ᠂ ᠡᠭᠦᠨ ᠤ ᠬᠠᠮᠲᠤ ᠰᠠᠭᠤᠭᠠᠯᠢ ᠡᠷᠦᠬᠡ ᠶᠢᠨ ᠭᠡᠷ ᠲᠤ ᠬᠦᠷᠴᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠮᠡᠳᠡᠭᠳᠡᠵᠦ᠂ ᠠᠰᠠᠭᠤᠨ ᠯᠠᠪᠯᠠᠵᠤ ᠳᠠᠩᠰᠠᠯᠠᠨ ᠲᠡᠮᠳᠡᠭᠯᠡᠬᠦ ᠠᠷᠭ᠎ᠠ ᠮᠠᠶ᠋ᠢᠭ ᠢᠶᠠᠷ ᠬᠦᠮᠦᠰ ᠤᠨ ᠶᠡᠭᠡ ᠲᠥᠯᠥᠪ ᠪᠠᠶᠢᠳᠠᠯ ᠢ ᠣᠶᠢᠯᠠᠭᠠᠵᠤ᠂ ᠨᠢᠭᠡ ᠡᠷᠦᠬᠡ ᠶᠢ ᠴᠤ ᠣᠷᠬᠢᠭᠳᠠᠭᠤᠯᠬᠤ ᠦᠭᠡᠢ᠂ ᠨᠢᠭᠡ ᠬᠥᠮᠦᠨ ᠠᠮᠠ ᠶᠢ ᠴᠤ ᠣᠷᠬᠢᠭᠳᠠᠭᠤᠯᠬᠤ ᠦᠭᠡᠢ ᠪᠠᠶᠢᠬᠤ ᠶᠢ ᠥᠨᠡᠨ ᠬᠦ ᠪᠠᠲᠤᠯᠠᠵᠤ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠵᠢᠩᠬᠢᠨᠢ ᠳᠠᠩᠰᠠᠯᠠᠯ ᠳᠤ ᠪᠠᠲᠤ ᠪᠠᠬᠢ ᠰᠠᠭᠤᠷᠢ ᠲᠠᠯᠪᠢᠵᠤ ᠥᠭᠪᠡ ᠃      ᠲᠤᠰ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠤ ᠨᠡᠶᠢᠳᠡᠮ ᠪᠠᠶᠢᠴᠠᠭᠠᠭᠴᠢ ᠡᠷᠦᠬᠡ ᠳᠤ ᠬᠦᠷᠴᠦ ᠳᠠᠩᠰᠠᠯᠠᠬᠤ ᠠᠷᠭ᠎ᠠ ᠮᠠᠶ᠋ᠢᠭ ᠠᠴᠠ ᠭᠠᠳᠠᠨ᠎ᠠ ᠪᠠᠰᠠ ᠠᠩᠬ᠎ᠠ ᠤᠳᠠᠭ᠎ᠠ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠸᠢᠴᠠᠲ ᠤᠨ ᠵᠢᠵᠢᠭ ᠫᠷᠤᠭ᠍ᠷᠠᠮ ᠢ ᠨᠡᠬᠡᠬᠡᠵᠦ᠂ ᠰᠠᠭᠤᠭᠠᠯᠢ ᠠᠷᠠᠳ ᠨᠡᠶᠢᠳᠡᠮ ᠪᠠᠶᠢᠴᠠᠭᠠᠭᠴᠢ ᠶᠢᠨ ᠵᠢᠯᠣᠭᠤᠳᠣᠯᠭ᠎ᠠ ᠳᠣᠤᠷ᠎ᠠ ᠪᠡᠶ᠎ᠡ ᠪᠠᠨ ᠳᠠᠭᠠᠭᠠᠵᠤ ᠲᠠᠭᠯᠠᠨ ᠮᠡᠳᠡᠭᠦᠯᠵᠦ ᠳᠠᠩᠰᠠᠯᠠᠭᠤᠯᠵᠤ ᠪᠣᠯᠤᠨ᠎ᠠ᠃ ᠬᠡᠷᠪᠡ ᠰᠠᠭᠤᠭᠠᠯᠢ ᠠᠷᠠᠳ ᠥᠪᠡᠰᠦᠪᠡᠨ ᠲᠠᠭᠯᠠᠨ ᠮᠡᠳᠡᠭᠦᠯᠬᠦ ᠶᠢ ᠰᠣᠩᠭᠤᠪᠠᠯ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠢᠯᠣᠭᠤᠳᠤᠭᠴᠢ ᠳᠤ ᠲᠣᠳᠣᠷᠬᠠᠶᠢᠯᠠᠬᠤ ᠴᠢᠬᠤᠯᠠᠲᠠᠶ ᠪᠥᠭᠡᠳ 10 ᠳ᠋ᠤᠭᠠᠷ ᠰᠠᠷ᠎ᠠ ᠶᠢᠨ 11᠎ ᠤ ᠡᠳᠦᠷ ᠠᠴᠠ 11 ᠳ᠋ᠦ᠋ᠭᠡᠷ ᠰᠠᠷ᠎ᠠ ᠶᠢᠨ 5᠎ ᠤ ᠡᠳᠦᠷ ᠪᠣᠯᠲᠠᠯ᠎ᠠ ᠲᠠᠭᠯᠠᠨ ᠮᠡᠳᠡᠭᠦᠯᠬᠦ ᠬᠡᠷᠡᠭᠲᠡᠶ᠃ ᠡᠨᠡ ᠬᠦ ᠬᠤᠭᠤᠴᠠᠭᠠᠨ ᠳᠤ ᠪᠡᠶ᠎ᠡ ᠪᠠᠨ ᠳᠠᠭᠠᠭᠠᠵᠤ ᠲᠠᠭᠯᠠᠨ ᠮᠡᠳᠡᠭᠦᠯᠬᠦ ᠥᠬᠡᠶ ᠪᠣᠯ᠂ ᠨᠡᠶᠢᠳᠡᠮ ᠪᠠᠶᠢᠴᠠᠭᠠᠭᠴᠢ 11 ᠳ᠋ᠦ᠋ᠭᠡᠷ ᠰᠠᠷ᠎ᠠ ᠶᠢᠨ 6᠎ ᠤ ᠡᠳᠦᠷ ᠠᠴᠠ 15᠎ ᠤ ᠡᠳᠦᠷ ᠪᠣᠯᠲᠠᠯ᠎ᠠ ᠡᠷᠦᠬᠡ ᠳᠤ ᠬᠦᠷᠴᠦ ᠳᠠᠩᠰᠠᠯᠠᠨ᠎ᠠ᠃ ᠬᠡᠷᠪᠡ ᠤᠷᠲᠤ ᠬᠤᠭᠤᠴᠠᠭᠠᠨ ᠤ ᠪᠠᠶᠢᠴᠠᠭᠠᠯᠲᠠ ᠶᠢᠨ ᠡᠷᠦᠬᠡ ᠪᠠᠷ ᠰᠣᠩᠭᠤᠭᠳᠠᠭᠰᠠᠨ ᠪᠣᠯ ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠢᠯᠣᠭᠤᠳᠣᠭᠴᠢ 11 ᠳ᠋ᠦ᠋ᠭᠡᠷ ᠰᠠᠷ᠎ᠠ ᠶᠢᠨ 16᠎ ᠠᠴᠠ 30 ᠪᠣᠯᠲᠠᠯ᠎ᠠ ᠳᠠᠬᠢᠨ ᠡᠷᠦᠬᠡ ᠳᠤ ᠬᠦᠷᠴᠦ ᠨᠡᠶᠢᠳᠡᠮ ᠪᠠᠶᠢᠴᠠᠭᠠᠯᠲᠠ ᠶᠢᠨ ᠤᠷᠲᠤ ᠬᠤᠭᠤᠴᠠᠭᠠᠨ ᠤ ᠬᠦᠰᠦᠨᠦᠭᠲᠦ ᠶᠢᠨ ᠳᠠᠩᠰᠠᠯᠠᠯ ᠬᠢᠬᠦ ᠪᠣᠯᠤᠨ᠎ᠠ᠃      ᠪᠥᠬᠦ ᠬᠤᠲᠠ ᠳᠤ ᠨᠢᠭᠡᠨᠲᠡ ᠨᠡᠶᠢᠳᠡᠮ ᠪᠠᠶᠢᠴᠠᠭᠠᠭᠴᠢ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠢᠯᠣᠭᠤᠳᠣᠭᠴᠢ ᠶᠢ 1.38 ᠲᠦᠮᠡᠨ ᠨᠡᠷᠡᠰ ᠰᠣᠩᠭᠤᠨ ᠤᠷᠢᠪᠠ᠃ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠪᠠᠭᠰᠢ ᠶᠢᠨ ᠪᠣᠯᠪᠠᠰᠤᠷᠠᠯ ᠤᠨ ᠠᠩᠭᠢ ᠶᠢ 2 ᠬᠤᠭᠤᠴᠠᠭ᠎ᠠ ᠡᠷᠬᠢᠯᠡᠵᠦ᠂ ᠪᠥᠬᠦ ᠬᠤᠲᠠ ᠶᠢᠨ 14 ᠬᠤᠰᠢᠭᠤ ᠬᠤᠲᠠ ᠲᠣᠭᠤᠷᠢᠭ᠂ 163 ᠰᠢᠶᠠᠩ ᠪᠠᠯᠭᠠᠰᠤ ᠵᠡᠭᠡᠯᠢ ᠭᠤᠳᠤᠮᠵᠢ ᠶᠢᠨ 324 ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠤ ᠪᠣᠯᠪᠠᠰᠤᠷᠠᠭᠤᠯᠤᠯ ᠢ ᠪᠦᠷᠢᠨ ᠪᠦᠷᠬᠦᠭᠦᠯᠵᠦ᠂ ᠨᠡᠶᠢᠳᠡᠮ ᠪᠠᠶᠢᠴᠠᠭᠠᠯᠲᠠ ᠶᠢᠨ ᠲᠥᠰᠦᠯ᠂ ᠪᠠᠶᠢᠴᠠᠭᠠᠨ ᠲᠣᠳᠣᠯᠠᠵᠤ ᠪᠠᠶᠢᠳᠠᠯ ᠢ ᠣᠶᠢᠯᠠᠭᠠᠬᠤ᠂ ᠵᠢᠩᠬᠢᠨᠢ ᠳᠠᠩᠰᠠᠯᠠᠬᠤ᠂ ᠬᠠᠷᠢᠴᠠᠭᠤᠯᠤᠨ ᠳᠠᠬᠢᠨ ᠪᠠᠶᠢᠴᠠᠭᠠᠬᠤ᠂ ᠲᠤᠰᠬᠠᠶ ᠵᠦᠢᠯ ᠤᠨ ᠳ᠋ᠤᠭᠠᠷᠯᠠᠯ᠂ ᠡᠯ᠎ᠡ ᠱᠠᠲᠤ ᠦᠶ᠎ᠡ ᠶᠢᠨ ᠶᠠᠰᠤ ᠴᠢᠨᠠᠷ ᠢ ᠡᠵᠡᠮᠳᠡᠬᠦ᠂ ᠲᠤᠭ᠎ᠠ ᠪᠠᠷᠢᠮᠲᠠ ᠶᠢ ᠴᠤᠭᠯᠠᠭᠤᠯᠤᠨ ᠰᠢᠢᠳᠪᠦᠷᠢᠯᠡᠬᠦ ᠰᠢᠰᠲ᠋ᠧᠮ ᠤᠨ ᠠᠵᠢᠯᠯᠠᠭ᠎ᠠ ᠵᠡᠷᠭᠡ ᠲᠠᠯ᠎ᠠ ᠪᠠᠷ ᠨᠠᠷᠢᠨ ᠨᠢᠭᠲᠠ ᠲᠠᠶᠢᠯᠤᠮᠵᠢ ᠬᠢᠵᠡᠶ᠃ ᠣᠳᠣᠬᠠᠨ ᠳᠤ᠂ ᠡᠯ᠎ᠡ ᠬᠤᠰᠢᠭᠤ ᠬᠤᠲᠠ ᠲᠣᠭᠤᠷᠢᠭ ᠤᠨ ᠦᠨᠳᠦᠰᠦᠨ ᠱᠠᠲᠤᠨ ᠤ ᠨᠡᠶᠢᠳᠡᠮ ᠪᠠᠶᠢᠴᠠᠭᠠᠭᠴᠢ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠢᠯᠣᠭᠤᠳᠣᠭᠴᠢ ᠨᠢᠭᠡᠨᠲᠡ ᠨᠡᠶᠢᠳᠡᠮ ᠪᠠᠶᠢᠴᠠᠭᠠᠯᠲᠠ ᠶᠢᠨ ᠠᠵᠢᠯ ᠳᠤ ᠢᠳᠡᠪᠬᠢᠲᠡᠶ ᠣᠷᠤᠯᠴᠠᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号