ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ︽ᠠᠵᠢᠯ ᠣᠯᠭᠤᠯᠲᠠ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠠᠪᠴᠠᠯ ᠢ ᠲᠡᠭᠦᠯᠳᠡᠷᠵᠢᠭᠦᠯᠵᠦ ᠬᠤᠲᠠ ᠪᠠᠯᠭᠠᠰᠤᠨ ᠤ ᠠᠵᠢᠯ ᠣᠯᠭᠤᠯᠲᠠ ᠶᠢᠨ ᠰᠢᠩᠭᠡᠬᠡᠨ ᠠᠪᠬᠤ ᠴᠢᠳᠠᠪᠤᠷᠢ ᠶᠢ ᠳᠡᠭᠡᠭᠰᠢᠯᠡᠬᠦᠯᠬᠦ︾ ᠲᠤᠰᠬᠠᠶ ᠰᠡᠳᠦᠪᠲᠦ ᠵᠦᠪᠯᠡᠬᠦ ᠬᠤᠷᠠᠯ ᠬᠢᠵᠡᠢ  ᠡᠸᠤ ᠶᠠᠩ ᠰᠢᠶᠤᠤ ᠬᠤᠶ ᠶᠠᠷᠢᠶ᠎ᠠ ᠲᠠᠯᠪᠢᠵᠤ ᠸᠧᠶ ᠭᠦᠸᠧ ᠨᠠᠨ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2020/12/1
     11 ᠰᠠᠷ᠎ᠠ ᠶᠢᠨ 30᠎ ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ︽ᠠᠵᠢᠯ ᠣᠯᠭᠤᠯᠲᠠ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠠᠪᠴᠠᠯ ᠢ ᠲᠡᠭᠦᠯᠳᠡᠷᠵᠢᠭᠦᠯᠵᠦ᠂ ᠬᠤᠲᠠ ᠪᠠᠯᠭᠠᠰᠤᠨ ᠤ ᠠᠵᠢᠯ ᠣᠯᠭᠤᠯᠲᠠ ᠶᠢᠨ ᠰᠢᠩᠭᠡᠬᠡᠨ ᠠᠪᠬᠤ ᠴᠢᠳᠠᠪᠤᠷᠢ ᠶᠢ ᠳᠡᠭᠡᠭᠰᠢᠯᠡᠬᠦᠯᠬᠦ︾ ᠲᠤᠰᠬᠠᠶ ᠰᠡᠳᠦᠪᠲᠦ ᠵᠥᠪᠯᠡᠬᠦ ᠬᠤᠷᠠᠯ ᠬᠢᠵᠡᠢ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠡᠸᠤ ᠶᠠᠩ ᠰᠢᠶᠣᠤ ᠬᠤᠢ ᠬᠤᠷᠠᠯ ᠳᠤ ᠣᠷᠣᠯᠴᠠᠬᠰᠠᠨ ᠪᠦᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠶ ᠭᠦᠸᠧ ᠨᠠᠨ ᠬᠤᠷᠠᠯ ᠢ ᠡᠷᠭᠢᠯᠡᠪᠡ᠃      ᠬᠤᠷᠠᠯ ᠠᠴᠠ ᠪᠥᠬᠦ ᠣᠷᠣᠨ ᠤ ᠠᠵᠢᠯ ᠣᠯᠭᠤᠯᠲᠠ ᠶᠢ ᠠᠬᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠮᠡᠳᠡᠭᠳᠡᠯ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠡᠶᠢᠭᠡᠮ ᠪᠠ ᠬᠠᠤᠯᠢ ᠲᠦᠷᠢᠮ ᠤᠨ ᠵᠥᠪᠯᠡᠯ ᠤᠨ ᠵᠥᠪᠯᠡᠬᠦ ᠰᠡᠳᠦᠪ ᠤᠨ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠠᠵᠤ ᠠᠬᠤᠶᠢᠯᠠᠯ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠭᠡᠰᠢᠭᠦᠨ ᠪᠠ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ ᠡᠷᠳᠡᠮᠲᠡᠨ ᠲᠤᠰᠬᠠᠶ ᠰᠡᠳᠦᠪ ᠤᠨ ᠲᠤᠭᠤᠷᠢᠨ ᠳᠤ ᠦᠬᠡ ᠬᠡᠯᠡᠵᠦ ᠰᠠᠨᠠᠯ ᠪᠤᠳᠤᠯ ᠢᠶᠠᠨ ᠰᠤᠯᠢᠯᠴᠠᠵᠠᠢ᠃      ᠬᠤᠷᠠᠯ ᠠᠴᠠ᠂ ᠦᠢᠷ᠎ᠡ ᠶᠢᠨ ᠵᠢᠯ ᠠᠴᠠ ᠨᠠᠭᠠᠰᠢ᠂ ᠮᠠᠨ ᠤ ᠣᠷᠣᠨ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠵᠢᠯ ᠤᠨ ᠠᠷᠭ᠎ᠠ ᠠᠪᠴᠠᠯ ᠢᠶᠠᠨ ᠲᠠᠰᠤᠷᠠᠯᠲᠠ ᠦᠬᠡᠢ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠠᠷᠠᠳ ᠤᠨ ᠠᠮᠢᠳᠤᠷᠠᠯ ᠢ ᠪᠠᠲᠤᠯᠠᠬᠤ ᠠᠵᠢᠯ ᠢᠳᠡᠪᠬᠢᠲᠡᠶ ᠦᠷ᠎ᠡ ᠪᠦᠲᠦᠮᠵᠢ ᠣᠯᠵᠦ᠂ ᠠᠵᠢᠯ ᠣᠯᠭᠤᠯᠲᠠ ᠶᠢᠨ ᠶᠡᠷᠦᠩᠬᠡᠢ ᠪᠠᠶᠢᠳᠠᠯ ᠦᠨᠳᠦᠰᠦᠨ ᠳᠡᠭᠡᠨ ᠲᠣᠭᠲᠠᠭᠤᠨ ᠪᠠᠶᠢᠭ᠎ᠠ ᠪᠣᠯᠪᠠᠴᠤ ᠲᠤᠯᠭᠠᠷᠠᠵᠤ ᠪᠠᠶᠢᠭ᠎ᠠ ᠠᠵᠢᠯ ᠣᠯᠭᠤᠯᠲᠠ ᠶᠢᠨ ᠶᠡᠷᠦᠩᠬᠡᠢ ᠳᠠᠷᠤᠯᠲᠠ ᠶᠡᠭᠡ᠂ ᠪᠦᠲᠦᠴᠡ ᠶᠢᠨ ᠴᠢᠨᠠᠷᠲᠠᠶ ᠵᠥᠷᠢᠴᠡᠯ ᠲᠣᠪᠤᠶᠢᠮ᠎ᠠ᠂ ᠭᠤᠤᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢᠨ ᠬᠦᠴᠢᠷᠳᠡᠯ ᠨᠡᠮᠡᠭᠳᠡᠭᠰᠡᠨ ᠵᠡᠷᠭᠡ ᠠᠰᠠᠭᠤᠳᠠᠯ ᠮᠥᠨ ᠯᠡ ᠲᠦᠢᠯ ᠤᠨ ᠬᠦᠨᠳᠦ ᠨᠣᠴᠢᠲᠠᠶ ᠪᠠᠶᠢᠨ᠎ᠠ ᠭᠡᠵᠦ ᠦᠵᠡᠵᠡᠢ᠃ ᠣᠯᠠᠨ ᠢᠶᠠᠷ ᠢᠶᠠᠨ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠪᠡᠶᠡᠯᠡᠭᠦᠯᠵᠦ᠂ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠬᠦ ᠶᠢ ᠠᠬᠢᠭᠤᠯᠤᠨ᠂ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠡᠬᠦᠳᠦᠨ ᠪᠠᠶᠢᠭᠤᠯᠬᠤ ᠶᠠᠪᠤᠴᠠ ᠳᠤ ᠠᠵᠢᠯ ᠣᠯᠭᠤᠯᠲᠠ ᠶᠢᠨ ᠠᠵᠢᠯ ᠎ ᠤᠨ ᠪᠠᠶᠢᠷᠢ ᠶᠢ ᠠᠭᠤᠳᠠᠯᠵᠦ᠂ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠬᠦ ᠴᠢᠬᠤᠯᠠᠲᠠᠢ᠃ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢᠶᠠᠨ ᠲᠠᠰᠤᠷᠠᠯᠲᠠ ᠦᠬᠡᠢ ᠳᠡᠭᠡᠭᠰᠢᠯᠡᠭᠦᠯᠦᠨ᠂ ᠪᠡᠶ᠎ᠡ ᠪᠠᠨ ᠳᠠᠭᠠᠭᠠᠵᠤ ᠦᠢᠯᠡᠰ ᠪᠣᠰᠬᠠᠬᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ ᠭᠦᠨᠵᠡᠭᠡᠶ ᠠᠬᠢᠭᠤᠯᠵᠤ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠡᠩ ᠴᠢᠨᠠᠷ ᠰᠠᠶᠢᠲᠠᠶ ᠪᠥᠭᠡᠳ ᠨᠡᠩ ᠭᠦᠢᠴᠡᠳ ᠠᠵᠢᠯ ᠣᠯᠭᠤᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠬᠦ ᠰᠠᠨᠠᠭᠤᠯᠭ᠎ᠠ ᠳᠤᠷᠠᠳᠴᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号