ᠥᠪᠥᠷ ᠮᠣᠩᠭᠤᠯ᠄ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾᠎ ᠶᠢ ᠬᠤᠷᠢᠭᠯᠠᠵᠤ ᠵᠢᠷᠭᠤᠭᠠᠨ ᠵᠦᠢᠯ ᠤᠨ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠵᠤ ᠪᠣᠢ
ᠨᠡᠶᠢᠲᠡᠯᠡᠭᠰᠡᠨ ᠴᠠᠭ᠄
2020/12/1
     ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠮᠠᠨ ᠤ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠢ ︿ᠲᠠᠷᠢᠶᠠᠯᠠᠩ ᠤᠨ ᠪᠣᠰᠤ ᠪᠣᠯᠭᠠᠬᠤ﹀᠎ ᠶᠢ ᠡᠷᠡᠰ ᠬᠤᠷᠢᠭᠯᠠᠬᠤ ᠬᠡᠷᠡᠭᠵᠢᠭᠦᠯᠦᠯᠲᠡ ᠶᠢᠨ ᠲᠥᠰᠦᠯ︾᠎ ᠢ ᠳᠠᠷᠤᠮᠠᠯᠯᠠᠨ ᠲᠠᠷᠬᠠᠭᠠᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠦᠨ᠂ ᠡᠯ᠎ᠡ ᠲᠥᠷᠥᠯ ᠤᠨ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠠᠵᠢᠯᠯᠠᠭ᠎ᠠ ᠶᠢ ᠡᠷᠡᠰ ᠬᠤᠷᠢᠭᠯᠠᠵᠦ ᠪᠠᠶᠢᠨ᠎ᠠ᠃      ︽ᠲᠥᠰᠦᠯ︾᠎ ᠳᠤ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠢᠯᠡ ᠲᠠᠷᠬᠠᠭᠠᠭᠰᠠᠨ ᠪᠢᠴᠢᠭ ᠮᠠᠲ᠋ᠧᠷᠢᠶᠠᠯ ᠳᠤ ᠲᠣᠳᠣᠷᠬᠠᠶᠢᠯᠠᠭᠰᠠᠨ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠵᠤ ᠪᠠᠶᠢᠭ᠎ᠠ︾ ᠬᠠᠮᠤᠭ ᠤᠨ ᠳᠣᠪᠣᠶᠢᠮ᠎ᠠ 6 ᠵᠦᠢᠯ ᠤᠨ ᠦᠢᠯᠡ ᠠᠵᠢᠯᠯᠠᠭ᠎ᠠ ᠶᠢ ᠦᠨᠳᠦᠰᠦᠯᠡᠵᠦ᠂ ᠪᠦᠬᠦ ᠲᠠᠯ᠎ᠠ ᠪᠠᠷ ᠪᠠᠶᠢᠴᠠᠭᠠᠵᠤ᠂ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠨ᠂ ᠪᠠᠶᠢᠳᠠᠯ ᠢ ᠡᠵᠡᠮᠰᠢᠵᠦ᠂ ᠲᠥᠷᠥᠯ ᠬᠡᠯᠪᠡᠷᠢ ᠶᠢ ᠢᠯᠭᠠᠨ ᠲᠠᠨᠢᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠣᠯᠵᠤ ᠮᠡᠳᠡᠭᠰᠡᠨ ᠠᠰᠠᠭᠤᠳᠠᠯ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠵᠠᠷᠯᠢᠭ ᠪᠠᠶᠢᠲᠠᠯ᠎ᠠ ᠬᠡᠷᠡᠭᠵᠢᠭᠦᠯᠬᠦ ᠦᠭᠡᠢ᠂ ᠴᠠᠭᠠᠵᠠᠯᠠᠵᠤ ᠪᠠᠶᠢᠲᠠᠯ᠎ᠠ ᠵᠣᠭᠰᠣᠬᠤ ᠦᠭᠡᠢ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠲᠤᠯᠭᠠᠬᠤ ᠬᠡᠷᠡᠭᠲᠡᠶ ᠭᠡᠵᠦ ᠱᠠᠭᠠᠷᠳᠠᠵᠠᠢ᠃      ︽ᠲᠥᠰᠦᠯ︾᠎ ᠳᠤ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠨᠣᠭᠤᠭᠠᠷᠠᠭᠤᠯᠵᠦ ᠣᠶᠢᠵᠢᠭᠤᠯᠬᠤ ᠶᠢ ᠴᠢᠩᠭ᠎ᠠ ᠴᠠᠭᠠᠵᠠᠯᠠᠬᠤ᠂ ᠲᠣᠭᠲᠠᠭᠠᠯ ᠠᠴᠠ ᠵᠥᠷᠢᠴᠡᠨ ᠪᠠᠷᠢᠮᠵᠢᠶ᠎ᠠ ᠠᠴᠠ ᠬᠡᠲᠦᠷᠡᠭᠦᠯᠦᠨ ᠰᠠᠭᠠᠳ ᠥᠬᠡᠶ ᠨᠡᠪᠲᠡᠷᠡᠬᠦ ᠵᠠᠮ ᠪᠠᠶᠢᠭᠤᠯᠬᠤ ᠶᠢ ᠴᠢᠩᠭ᠎ᠠ ᠴᠠᠭᠠᠵᠠᠯᠠᠬᠤ᠂ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠨᠠᠭᠤᠷ ᠮᠠᠯᠲᠠᠨ ᠦᠵᠡᠮᠵᠢ ᠭᠠᠷᠭᠠᠬᠤ ᠶᠢ ᠴᠢᠩᠭ᠎ᠠ ᠴᠠᠭᠠᠵᠠᠯᠠᠬᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠦᠷᠭᠡᠳᠬᠡᠬᠦ ᠶᠢ ᠴᠢᠩᠭ᠎ᠠ ᠴᠠᠭᠠᠵᠠᠯᠠᠬᠤ᠂ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠲᠠᠷᠢᠶᠠᠯᠠᠩ ᠤᠨ ᠪᠤᠰᠤ ᠪᠥᠲᠥᠭᠡᠨ ᠪᠠᠶᠢᠭᠤᠯᠤᠯᠲᠠ ᠬᠢᠬᠦ ᠶᠢ ᠴᠢᠩᠭ᠎ᠠ ᠴᠠᠭᠠᠵᠠᠯᠠᠬᠤ᠂ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠬᠦ ᠶᠢ ᠵᠥᠪᠰᠢᠶᠡᠷᠡᠬᠦ ᠪᠠ ᠬᠡᠷᠡᠭᠯᠡᠬᠦ ᠶᠢ ᠴᠢᠩᠭ᠎ᠠ ᠴᠠᠭᠠᠵᠠᠯᠠᠬᠤ᠂ ᠲᠠᠷᠢᠶᠠᠨ ᠭᠠᠵᠠᠷ ᠢ ᠬᠠᠮᠠᠭᠠᠯᠠᠨ ᠪᠠᠶᠢᠴᠠᠭᠠᠬᠤ ᠶᠢ ᠪᠥᠬᠦ ᠲᠠᠯ᠎ᠠ ᠪᠠᠷ ᠥᠷᠨᠢᠭᠦᠯᠬᠦ᠂ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠵᠡᠷᠭᠡ ᠨᠠᠢᠮᠠᠨ ᠵᠦᠢᠯ ᠤᠨ ᠭᠤᠤᠯᠳᠠᠯᠭ᠎ᠠ ᠲᠠᠢ ᠠᠵᠢᠯ ᠳᠤ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠬᠢᠵᠦ᠂ ᠲᠦᠷᠦᠭᠦᠯᠡᠬᠦ ᠨᠢᠭᠡᠴᠢ ᠪᠣᠯᠤᠨ ᠬᠠᠮᠵᠢᠯᠴᠠᠬᠤ ᠨᠢᠭᠡᠴᠢ ᠶᠢ ᠲᠣᠳᠣᠷᠬᠠᠶᠢᠯᠠᠨ᠂ ᠡᠯ᠎ᠡ ᠵᠦᠢᠯ ᠤᠨ ᠠᠵᠢᠯ ᠢ ᠪᠣᠳᠠᠲᠠᠢ ᠭᠠᠵᠠᠷ ᠲᠤ ᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号