ᠥᠪᠥᠷ ᠮᠣᠩᠭᠤᠯ ᠣᠷᠣᠨ ᠳᠠᠬᠢ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2020/12/10
      2020 ᠣᠨ ᠤ 12 ᠰᠠᠷ᠎ᠠ ᠶᠢᠨ 9᠎ ᠤ ᠡᠳᠦᠷ ᠤᠨ 7 ᠴᠠᠭ ᠠᠴᠠ 12 ᠰᠠᠷ᠎ᠠ ᠶᠢᠨ 10᠎ ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨᠵᠤᠤᠷ ᠬᠤᠲᠠ ᠳᠤ ᠲᠣᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 1 ︵ᠲᠣᠳᠤᠯᠠᠭᠰᠠᠨ ᠡᠪᠡᠳᠴᠢᠨ ᠤ ᠵᠢᠱᠢᠶ᠎ᠡ ᠲᠠᠢ ᠨᠢᠭᠲᠠ ᠣᠶᠢᠷᠠᠲᠤᠭᠰᠠᠳ ᠪᠠᠶᠢᠵᠤ᠂ ᠲᠦᠪᠯᠡᠷᠡᠭᠦᠯᠦᠨ ᠲᠤᠰᠠᠭᠠᠷᠯᠠᠭᠰᠠᠳ ᠤᠨ ᠳᠤᠮᠳᠠ ᠠᠴᠠ ᠪᠠᠶᠢᠴᠠᠭᠠᠨ ᠣᠯᠵᠠᠢ︶ ᠨᠡᠮᠡᠭᠳᠡᠵᠦ᠂ 1 ᠡᠪᠡᠳᠴᠢᠲᠡᠨ ︵ᠨᠡᠶᠢᠰᠯᠡᠯ ᠤᠨ ᠣᠯᠠᠨ ᠤᠯᠤᠰ ᠤᠨ ᠨᠢᠰᠭᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠦᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠭᠡᠯ ᠤᠨ ᠪᠠᠭᠤᠳᠠᠯ ᠳᠤ ᠪᠠᠭᠤᠭᠰᠠᠨ︶ ᠡᠷᠡᠭᠦᠯᠵᠢᠵᠦ ᠡᠮᠨᠡᠯᠭᠡ ᠠᠴᠠ ᠭᠠᠷᠪᠠ᠃      2020 ᠣᠨ ᠤ 12 ᠰᠠᠷ᠎ᠠ ᠶᠢᠨ 10᠎ ᠤ ᠡᠳᠦᠷ ᠤᠨ 7 ᠴᠠᠭ ᠪᠣᠯᠲᠠᠯ᠎ᠠ᠂ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 27᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠰᠠᠳ 2 ᠪᠠᠶᠢᠵᠤ᠂ ᠪᠦᠬᠦᠨ ᠢ ᠮᠠᠨᠵᠤᠤᠷ ᠬᠤᠲᠠ ᠶᠢᠨ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ ᠪᠠᠶᠢᠨ᠎ᠠ᠃ 1437 ᠨᠢᠭᠲᠠ ᠣᠶᠢᠷᠠᠲᠤᠭᠰᠠᠳ ᠢ ᠪᠠᠶᠢᠴᠠᠭᠠᠨ ᠣᠯᠵᠤ᠂ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ᠂ ᠠᠨᠠᠭᠠᠬᠤ ᠤᠬᠠᠭᠠᠨ ᠤ ᠠᠵᠢᠭᠯᠠᠯᠲᠠ ᠬᠢᠵᠦ ᠪᠣᠢ᠃      ᠣᠳᠣᠬᠠᠨ ᠪᠣᠯᠲᠠᠯ᠎ᠠ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠶᠢ ᠨᠡᠶᠢᠲᠡ 232 ᠮᠡᠳᠡᠭᠦᠯᠵᠦ᠂ ᠪᠦᠬᠦᠨ ᠢᠶᠠᠷ ᠢᠶᠠᠨ ᠡᠷᠡᠭᠦᠯᠵᠢᠵᠦ ᠡᠮᠨᠡᠯᠭᠡ ᠠᠴᠠ ᠭᠠᠷᠪᠠ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号