12 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠠ | ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠥᠬᠡᠬᠤᠲᠠ ᠳᠤ ᠶᠠᠪᠤᠭᠳᠠᠵᠤ᠂ ᠶᠡᠷᠦᠩᠬᠡᠶ | ᠱᠦᠵᠢ ᠰᠢ ᠶᠢᠨ ᠫᠢᠩ ᠤᠨ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ | ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠦ᠂ ᠪᠦᠬᠦ ᠣᠷᠣᠨ ᠤ ᠡᠯ᠎ᠡ ᠠᠵᠢᠯ ᠲᠥᠷᠥᠯ ᠠᠴᠠ ᠴᠣᠯᠭᠤᠷᠠᠨ ᠭᠠᠷᠤᠭᠰᠠᠨ | ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠦᠪᠡᠳᠡᠭᠰᠢ ᠶᠡᠭᠡ ᠪᠠᠷ ᠬᠥᠬᠢᠭᠦᠯᠦᠨ ᠰᠠᠶᠢᠰᠢᠶᠠᠪᠠ᠃ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠳᠤ ᠣᠷᠣᠯᠴᠠᠵᠤ ᠶᠠᠷᠢᠶ᠎ᠠ | ᠲᠠᠯᠪᠢᠪᠠ᠃ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ | ᠲᠡᠷᠢᠬᠦᠯᠡᠭᠴᠢ ᠪᠦ᠋ ᠰᠢᠶᠤᠤ ᠯᠢᠨ ᠶᠡᠭᠡ ᠬᠤᠷᠠᠯ ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢ | ᠰᠢᠤ ᠯᠢᠩ᠂ ᠯᠢᠦ ᠴᠢ ᠹᠠᠨ᠂ ᠪᠠᠶ ᠢᠦᠶ ᠭᠠᠩ᠂ ᠵᠠᠩ ᠱᠣᠤ ᠴᠦᠨ᠂ ᠡᠤ ᠲᠤᠸᠠᠨ ᠶᠢᠩ᠂ ᠠᠶ ᠯᠢ ᠬᠤᠸᠠ | ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ | ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠤ ᠴᠦᠨ ᠬᠥᠬᠢᠭᠦᠯᠦᠨ ᠰᠠᠶᠢᠰᠢᠶᠠᠬᠤ ᠲᠣᠭᠲᠠᠭᠠᠯ ᠢ | ᠤᠩᠰᠢᠨ ᠨᠡᠶᠢᠲᠡᠯᠡᠪᠡ᠃ | | | | ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠢ | ᠲᠥᠯᠥᠭᠡᠯᠡᠨ᠂ ᠬᠥᠬᠢᠭᠦᠯᠦᠭᠳᠡᠨ ᠰᠠᠶᠢᠰᠢᠶᠠᠬᠳᠠᠭᠰᠠᠨ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠳ ᠲᠤ | ᠪᠠᠶᠠᠷ ᠬᠦᠷᠭᠡᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠵᠢᠯᠴᠢᠨ᠂ ᠮᠠᠯᠴᠢᠨ ᠲᠠᠷᠢᠶᠠᠴᠢᠨ᠂ ᠰᠡᠬᠡᠭᠡᠲᠡᠨ | ᠪᠠ ᠪᠤᠰᠤᠳ ᠡᠯ᠎ᠡ ᠠᠩᠬᠢ ᠳᠠᠪᠬᠤᠷᠭ᠎ᠠ ᠶᠢᠨ ᠬᠥᠳᠡᠯᠮᠦᠷᠢᠴᠢᠨ ᠲᠦᠮᠡᠨ ᠳᠤ ᠡᠷᠬᠢᠮ ᠳᠡᠭᠡᠳᠦ ᠬᠦᠨᠳᠦᠳᠬᠡᠯ ᠪᠠ | ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ ᠲᠡᠷᠡ᠂ ᠤᠢᠢᠷ᠎ᠠ ᠶᠢᠨ ᠵᠢᠯ ᠳᠤ᠂ ᠪᠦᠬᠦ ᠣᠷᠣᠨ ᠤ ᠠᠵᠢᠯᠴᠢᠨ | ᠠᠩᠭᠢ ᠪᠣᠯᠤᠨ ᠥᠷᠭᠡᠨ ᠣᠯᠠᠨ ᠬᠥᠳᠡᠯᠮᠦᠷᠢᠴᠢᠨ ᠲᠦᠮᠡᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ | ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠥᠪᠥᠷ ᠮᠣᠩᠭᠤᠯ ᠤᠨ ᠥᠭᠡᠷᠡᠴᠢᠯᠡᠯᠲᠡ | ᠬᠥᠭᠵᠢᠯᠲᠡ ᠶᠢᠨ ᠭᠠᠯ ᠬᠠᠯᠠᠭᠤᠨ ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠬᠦᠯᠬᠦ ᠰᠢᠢᠳᠪᠦᠷᠢᠲᠦ ᠢᠯᠠᠯᠲᠠ ᠶᠢ ᠣᠯᠬᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠳᠤᠯᠬᠤ ᠰᠢᠢᠳᠪᠦᠷᠢᠲᠦ ᠲᠠᠶᠢᠯᠠᠯᠳᠤᠭᠠᠨ ᠬᠢᠬᠦ ᠳᠤ ᠭᠤᠤᠯ ᠬᠦᠴᠦᠨ ᠴᠡᠷᠢᠭ ᠤᠨ ᠦᠢᠯᠡᠳᠦᠯ ᠭᠠᠷᠭᠠᠵᠤ᠂ | ᠣᠶᠤᠨ ᠤᠬᠠᠭᠠᠨ ᠪᠠ ᠬᠦᠴᠦ ᠬᠥᠯᠥᠰᠥ ᠪᠠᠷ ᠢᠶᠠᠨ ᠬᠠᠨᠭ᠍ᠭᠢᠨᠠᠮ᠎ᠠ ᠵᠢᠪᠬᠤᠭᠠᠲᠠᠢ᠂ ᠰᠡᠳᠬᠢᠯ ᠬᠥᠳᠡᠯᠭᠡᠮ᠎ᠡ ᠰᠦᠷᠯᠢᠭ | ᠰᠠᠶᠢᠬᠠᠨ ᠬᠥᠳᠡᠯᠮᠦᠷᠢ ᠶᠢᠨ ᠮᠠᠭᠲᠠᠭᠠᠯ ᠳᠠᠭᠤᠤ ᠶᠢ ᠪᠢᠴᠢᠭᠯᠡᠪᠡ᠃ ᠡᠨᠡ ᠡᠳᠦᠷ ᠬᠥᠬᠢᠭᠦᠯᠦᠭᠳᠡᠨ ᠰᠠᠶᠢᠰᠢᠶᠠᠭᠳᠠᠭᠰᠠᠨ | ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠪᠣᠯ ᠪᠦᠬᠦ ᠣᠷᠣᠨ ᠤ ᠡᠯ᠎ᠡ ᠠᠵᠢᠯ ᠲᠥᠷᠥᠯ ᠤᠨ | ᠬᠥᠳᠡᠯᠮᠦᠷᠢᠴᠢᠨ ᠲᠦᠮᠡᠨ ᠤ ᠭᠠᠷᠮᠠᠭᠠᠶ ᠲᠥᠯᠥᠭᠡᠯᠡᠭᠴᠢ ᠪᠣᠯᠤᠨ᠎ᠠ᠂ ᠤᠯᠠᠨ ᠤ ᠲᠡᠷᠢᠭᠦᠨ ᠤ ᠦᠢᠯᠡ ᠠᠵᠢᠯᠯᠠᠭ᠎ᠠ ᠪᠠ | ᠡᠷᠬᠢᠮ ᠳᠡᠭᠡᠳᠦ ᠵᠣᠷᠢᠭ ᠰᠠᠨᠠᠭ᠎ᠠ ᠬᠥᠮᠦᠰ ᠤᠨ ᠰᠡᠳᠬᠢᠯ ᠢ ᠬᠦᠳᠡᠯᠭᠡᠵᠦ᠂ ᠤᠷᠤᠬᠰᠢ ᠲᠠᠪᠰᠢᠬᠤ ᠶᠢ ᠵᠤᠷᠢᠬᠵᠢᠭᠤᠯᠵᠦ | ᠪᠠᠶᠢᠨ᠎ᠠ ᠭᠡᠪᠡ᠃ | ᠱᠢ ᠲᠠᠢ ᠹᠧᠩ᠂ ᠤᠳᠤ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠭᠡ ᠶᠢᠨ | ᠬᠤᠭᠤᠴᠠᠭ᠎ᠠ ᠤᠳᠠᠯ ᠦᠭᠡᠢ ᠰᠡᠭᠦᠯ ᠬᠤᠷᠢᠶᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠦᠯᠦᠪᠵᠢᠬᠦᠯᠭᠡ ᠶᠢᠨ ᠬᠤᠭᠤᠴᠠᠭ᠎ᠠ ᠤᠳᠠᠯ ᠦᠭᠡᠢ ᠡᠬᠢᠯᠡᠬᠦ ᠭᠡᠵᠦ ᠪᠠᠶᠢᠨ᠎ᠠ᠂ ᠲᠡᠦᠬᠡ ᠶᠢᠨ ᠰᠢᠨ᠎ᠡ ᠭᠠᠷᠤᠭ᠎ᠠ ᠳᠤ | ᠥᠪᠥᠷ ᠮᠣᠩᠭᠤᠯ ᠤᠨ ᠨᠡᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠳᠤ᠂ ᠪᠦᠬᠦ ᠣᠷᠣᠨ | ᠳᠠᠶᠠᠭᠠᠷ ᠢᠶᠠᠨ ᠦᠨᠡᠨ ᠬᠦ ᠠᠳᠬᠤᠨ ᠪᠣᠳᠠᠲᠠᠢ ᠠᠵᠢᠯᠯᠠᠨ᠂ ᠦᠷᠭᠦᠯᠵᠢᠯᠡᠨ ᠲᠡᠮᠡᠴᠡᠵᠦ᠂ ᠬᠠᠮᠲᠤ ᠪᠠᠷ ᠴᠢᠷᠮᠠᠶᠢᠬᠤ | ᠴᠢᠬᠤᠯᠠᠳᠠᠢ᠃ ᠪᠦᠬᠦ ᠣᠷᠣᠨ ᠤ ᠠᠵᠢᠯᠴᠢᠨ ᠠᠩᠭᠢ ᠪᠠ ᠥᠷᠭᠡᠨ ᠣᠯᠠᠨ ᠬᠥᠳᠡᠯᠮᠦᠷᠢᠴᠢᠨ ᠲᠦᠮᠡᠨ ᠢᠷᠠᠭᠤ | ᠠᠯᠳᠠᠷᠲᠤ ᠤᠯᠠᠮᠵᠢᠯᠠᠯ ᠢᠶᠠᠨ ᠵᠠᠯᠭᠠᠮᠵᠢᠯᠠᠨ ᠪᠠᠳᠠᠷᠠᠭᠤᠯᠵᠤ᠂ ᠴᠣ ᠰᠢᠨ᠎ᠡ ᠡᠵᠡᠨ ᠬᠥᠮᠦᠨ ᠤ ᠣᠪᠣᠷ᠂ ᠭᠠᠷᠮᠠᠭᠠᠶ | ᠬᠥᠳᠡᠯᠮᠦᠷᠢ ᠶᠢᠨ ᠡᠭᠦᠳᠦᠨ ᠪᠦᠲᠦᠭᠡᠯᠲᠡ᠂ ᠰᠢᠷᠭᠠᠭᠤ ᠬᠠᠲᠠᠭᠤᠵᠢᠯᠲᠠᠶ ᠲᠡᠮᠡᠴᠡᠯ ᠤᠨ ᠵᠣᠷᠢᠭ ᠰᠠᠨᠠᠭ᠎ᠠ ᠪᠠᠷ ᠲᠡᠰᠪᠦᠷᠢ | ᠬᠠᠲᠠᠭᠤᠵᠢᠯᠲᠠᠶ ᠪᠠᠷ ᠲᠡᠮᠡᠴᠡᠵᠦ᠂ ᠣᠷᠭᠢᠯᠤᠮ᠎ᠠ ᠰᠡᠳᠬᠢᠯ ᠢᠶᠠᠷ ᠦᠢᠯᠡᠰ ᠪᠦᠳᠦᠭᠡᠨ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠨᠡᠩ ᠢᠳᠡᠪᠬᠢᠲᠡᠢ ᠵᠢᠳᠬᠦᠯ ᠴᠢᠷᠮᠠᠶᠢᠯᠭ᠎ᠠ ᠲᠠᠢ ᠪᠠᠷ | ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠭᠡᠷᠡᠭᠳᠠᠢ᠃ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠬᠠᠮᠠᠭᠠᠯᠠᠬᠤ︾ | ᠶᠢ ᠨᠠᠩ ᠤᠬᠠᠮᠰᠠᠷ ᠠᠴᠠ ᠪᠠᠨ ᠪᠡᠶᠡᠯᠡᠭᠦᠯᠤᠨ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ | ᠡᠷᠡᠰ ᠭᠤᠶᠢᠪᠢᠰᠢ ᠦᠭᠡᠢ ᠪᠠᠷ ᠨᠠᠮ ᠢᠶᠠᠨ ᠳᠠᠭᠠᠵᠤ ᠤᠷᠤᠭᠰᠢᠯᠠᠬᠤ ᠭᠡᠷᠡᠭᠳᠠᠢ᠃ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠶᠢᠨ ᠠᠬᠢᠭᠤᠯᠤᠭᠴᠢ᠂ ᠰᠢᠨ᠎ᠡ ᠶᠢ ᠡᠭᠦᠳᠬᠦ ᠦᠢᠯᠡᠰ ᠪᠤᠰᠬᠠᠬᠤ ᠡᠭᠦᠳᠦᠨ ᠪᠦᠲᠦᠭᠡᠯᠲᠡ ᠶᠢᠨ | ᠬᠤᠰᠢᠭᠤᠴᠢ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠠᠬᠢᠭᠤᠯᠤᠭᠴᠢ᠂ ᠨᠡᠶᠢᠭᠡᠮ ᠤᠨ ᠡᠶ᠎ᠡ | ᠵᠣᠬᠢᠴᠠᠩᠭᠤᠢ ᠲᠣᠭᠲᠠᠭᠤᠨ ᠪᠠᠶᠢᠳᠠᠯ ᠤᠨ ᠬᠠᠮᠠᠭᠠᠯᠠᠭᠴᠢ ᠪᠣᠯᠬᠤ ᠪᠠᠷ ᠴᠢᠷᠮᠠᠶᠢᠵᠤ᠂ ᠮᠠᠨ ᠤ ᠣᠷᠣᠨ ᠤ ᠠᠮᠢ | ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ | ᠡᠷᠭᠦᠬᠦ ᠭᠡᠷᠡᠭᠳᠠᠢ᠃ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ | ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠪᠦᠬᠦ ᠣᠷᠣᠨ ᠤ ᠦᠨᠳᠦᠰᠦᠲᠡᠨ ᠨᠦᠭᠦᠳ ᠤᠨ | ᠠᠷᠠᠳ ᠲᠦᠮᠡᠨ ᠢ ᠤᠷᠮᠠᠰᠢᠭᠤᠯᠤᠨ ᠵᠤᠷᠢᠬᠵᠢᠭᠤᠯᠵᠤ ᠴᠠᠭ ᠦᠶ᠎ᠡ ᠳᠤ ᠣᠰᠣᠯᠳᠠᠬᠤ ᠦᠭᠡᠢ ᠠᠮᠵᠢᠯᠲᠠ ᠪᠦᠲᠦᠮᠵᠢ | ᠭᠠᠷᠭᠠᠬᠤ ᠶᠢ ᠬᠦᠳᠤᠯᠤᠨ ᠲᠠᠭᠠᠭᠤᠯᠬᠤ ᠬᠡᠷᠡᠭᠲᠡᠢ᠃ ᠲᠠᠰᠤᠷᠠᠯᠲᠠ ᠦᠭᠡᠢ ᠰᠢᠨ᠎ᠡ ᠮᠡᠳᠡᠯᠭᠡ ᠡᠵᠡᠮᠰᠢᠵᠦ᠂ ᠰᠢᠨ᠎ᠡ | ᠤᠷ᠎ᠠ ᠴᠢᠳᠠᠪᠤᠷᠢ ᠶᠢ ᠡᠵᠡᠮᠰᠢᠨ᠂ ᠰᠢᠨ᠎ᠡ ᠴᠢᠳᠠᠪᠤᠷᠢ ᠪᠠᠨ ᠳᠡᠭᠡᠭᠰᠢᠯᠡᠭᠦᠯᠵᠦ᠂ ᠮᠡᠳᠡᠯᠭᠡ ᠶᠢᠨ ᠬᠡᠯᠪᠡᠷᠢ ᠶᠢᠨ ᠠᠵᠢᠯᠲᠠᠨ | ᠠᠵᠢᠯᠴᠢᠨ᠂ ᠮᠡᠷᠭᠡᠵᠢᠯ ᠤᠨ ᠴᠢᠳᠠᠪᠤᠷᠢᠲᠠᠨ᠂ ᠬᠠᠮ ᠬᠡᠯᠪᠡᠷᠢ ᠶᠢᠨ ᠴᠢᠳᠠᠪᠤᠷᠢᠲᠠᠨ ᠪᠣᠯᠬᠤ ᠪᠠᠷ ᠴᠢᠷᠮᠠᠶᠢᠬᠤ ᠬᠡᠷᠡᠭᠲᠡᠶ᠃ | ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠷᠠᠳ ᠲᠦᠮᠡᠨ ᠢᠶᠠᠷ ᠭᠤᠤᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠦᠢᠯᠡᠳᠦᠯᠭᠡᠵᠢᠭᠦᠯᠵᠦ᠂ ᠬᠥᠳᠡᠯᠮᠦᠷᠢᠴᠢᠳ ᠤᠨ ᠬᠡᠪ | ᠪᠤᠯᠪᠠᠰᠤᠷᠠᠯ ᠢ ᠳᠡᠭᠡᠭᠰᠢᠯᠡᠭᠦᠯᠬᠦ ᠶᠢ ᠴᠢᠬᠤᠯᠠᠴᠢᠯᠠᠨ᠂ ᠬᠥᠳᠡᠯᠮᠦᠷᠢ ᠶᠢᠨ ᠵᠢᠱᠢᠶᠡᠴᠢ ᠶᠢᠨ ᠠᠵᠢᠯ ᠢ ᠴᠢᠬᠤᠯᠠᠴᠢᠯᠠᠨ | ᠴᠢᠩᠭᠠᠳᠬᠠᠵᠤ᠂ ᠠᠷᠠᠳ ᠤᠯᠠᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠤᠨ᠂ ᠰᠠᠶᠢᠲᠤᠷ | ᠬᠠᠮᠠᠭᠠᠯᠠᠵᠤ᠂ ᠰᠠᠶᠢᠲᠤᠷ ᠬᠥᠭᠵᠢᠭᠦᠯᠤᠨ᠂ ᠬᠥᠳᠡᠯᠮᠦᠷᠢᠴᠢᠳ ᠢ ᠨᠡᠩ ᠪᠠᠲᠤᠯᠠᠭ᠎ᠠ ᠲᠠᠢ᠂ ᠨᠡᠩ ᠨᠡᠷ᠎ᠡ ᠬᠦᠨᠳᠦ ᠲᠠᠢ | ᠪᠣᠯᠭᠠᠬᠤ ᠭᠡᠷᠡᠭᠳᠠᠢ᠃ ᠡᠯ᠎ᠡ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠠᠵᠢᠯᠲᠠᠨ | ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠠᠵᠢᠯᠲᠠᠨ ᠠᠵᠢᠯᠴᠢᠨ ᠲᠦᠮᠡᠨ ᠳᠤ ᠦᠨᠡᠨ | ᠰᠡᠳᠬᠢᠯ ᠠᠴᠠ ᠪᠠᠨ ᠦᠢᠯᠡᠴᠢᠯᠡᠬᠦ ᠦᠨᠳᠦᠰᠦᠨ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠬᠦᠢᠴᠡᠳᠭᠡᠵᠦ᠂ | ᠥᠷᠭᠡᠨ ᠣᠯᠠᠨ ᠠᠵᠢᠯᠲᠠᠨ ᠠᠵᠢᠯᠴᠢᠨ ᠢ ᠳᠠᠭᠠᠭᠤᠯᠤᠨ ᠣᠳᠣᠬᠢᠴᠢᠯᠠᠭᠰᠠᠨ ᠥᠪᠥᠷ ᠮᠣᠩᠭᠤᠯ ᠢ ᠪᠥᠲᠥᠭᠡᠨ | ᠪᠠᠶᠢᠭᠤᠯᠬᠤ ᠳᠤ ᠢᠳᠡᠪᠬᠢᠲᠡᠶ ᠣᠷᠣᠯᠴᠠᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠠᠵᠢᠯᠴᠢᠨ ᠤ | ᠡᠪᠯᠡᠯ ᠤᠨ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠨ ᠰᠠᠶᠢᠵᠢᠷᠠᠭᠤᠯᠵᠤ᠂ ᠠᠵᠢᠯᠴᠢᠨ ᠤ ᠡᠪᠯᠡᠯ ᠤᠨ | ᠵᠣᠬᠢᠶᠠᠨ ᠪᠠᠶᠢᠭᠤᠯᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ᠂ ᠦᠢᠯᠡᠳᠦᠯ ᠢᠶᠠᠨ ᠪᠠᠳᠠᠷᠠᠭᠤᠯᠬᠤ ᠳᠤ | ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠦ ᠦᠭᠬᠦ ᠬᠡᠷᠡᠭᠲᠡᠶ ᠭᠡᠵᠦ ᠵᠢᠭᠠᠵᠦ ᠭᠠᠷᠭᠠᠪᠠ᠃ | ᠪᠦ᠋ ᠰᠢᠶᠣᠤ ᠯᠢᠨ᠂ ᠪᠦᠬᠦ ᠣᠷᠣᠨ ᠳᠠᠶᠠᠭᠠᠷ ᠬᠥᠳᠡᠯᠮᠦᠷᠢ ᠶᠢᠨ ᠵᠢᠱᠢᠶᠡᠴᠢ ᠶᠢ ᠬᠦᠨᠳᠦᠳᠬᠡᠵᠤ᠂ | ᠬᠥᠳᠡᠯᠮᠦᠷᠢ ᠶᠢᠨ ᠵᠢᠱᠢᠶᠡᠴᠢ ᠶᠢ ᠬᠠᠯᠠᠮᠵᠢᠯᠠᠨ ᠬᠠᠶᠢᠷᠠᠯᠠᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ | ᠠᠰᠢᠭ ᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠵᠦ᠂ ᠥᠨᠳᠥᠷ ᠬᠡᠪ | ᠪᠤᠯᠪᠠᠰᠤᠷᠠᠯ ᠲᠠᠢ ᠬᠥᠳᠡᠯᠮᠦᠷᠢ ᠶᠢᠨ ᠶᠡᠭᠡ ᠴᠡᠷᠢᠭ ᠢ ᠴᠢᠷᠮᠠᠶᠢᠨ ᠪᠠᠶᠢᠭᠤᠯᠬᠤ ᠬᠡᠷᠡᠭᠲᠡᠢ᠃ ᠬᠥᠳᠡᠯᠮᠦᠷᠢ ᠶᠢᠨ | ᠵᠢᠱᠢᠶᠡᠴᠢ ᠪᠠ ᠲᠡᠷᠢᠭᠦᠨ ᠤ ᠠᠵᠢᠯᠲᠠᠨ ᠢ ᠶᠡᠭᠡ ᠪᠠᠷ ᠤᠬᠠᠭᠤᠯᠵᠤ᠂ ᠬᠥᠳᠡᠯᠮᠦᠷᠢ ᠶᠢᠨ ᠵᠢᠱᠢᠶᠡᠴᠢ ᠶᠢᠨ ᠦᠯᠢᠭᠡᠷ᠂ | ᠬᠥᠳᠡᠯᠮᠦᠷᠢ ᠶᠢᠨ ᠦᠯᠢᠭᠡᠷ᠂ ᠤᠷᠠᠨ ᠳᠠᠷᠬᠠᠨ ᠤ ᠦᠯᠢᠭᠡᠷ ᠢ ᠰᠠᠶᠢᠲᠤᠷ ᠶᠠᠷᠢᠵᠤ᠂ ᠬᠥᠳᠡᠯᠮᠦᠷᠢ ᠬᠠᠮᠤᠭ ᠤᠨ ᠦᠡᠭᠭᠡ | ᠭᠡᠷᠡᠯᠲᠡᠢ᠂ ᠬᠥᠳᠡᠯᠮᠦᠷᠢ ᠬᠠᠮᠤᠭ ᠤᠨ ᠡᠷᠬᠢᠮ ᠳᠡᠭᠡᠳᠦ᠂ ᠬᠥᠳᠡᠯᠮᠦᠷᠢ ᠬᠠᠮᠤᠭ ᠤᠨ ᠠᠭᠤᠤ ᠶᠡᠭᠡ᠂ ᠬᠥᠳᠡᠯᠮᠦᠷᠢ | ᠬᠠᠮᠤᠭ ᠤᠨ ᠰᠠᠶᠢᠬᠠᠨ ᠭᠡᠬᠦ ᠨᠡᠶᠢᠭᠡᠮ ᠤᠨ ᠬᠡᠪ ᠰᠤᠷᠲᠠᠯ ᠢ ᠪᠠᠳᠠᠷᠠᠭᠤᠯᠵᠦ᠂ ᠪᠥᠬᠦ ᠣᠷᠣᠨ ᠤ ᠥᠷᠭᠡᠨ ᠣᠯᠠᠨ | ᠬᠥᠳᠡᠯᠮᠦᠷᠢᠴᠢᠳ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠠᠯ ᠬᠠᠯᠠᠭᠤᠨ ᠦᠢᠯᠡᠳᠦᠯᠭᠡ ᠳᠤ ᠢᠳᠡᠪᠬᠢᠲᠡᠶ | ᠣᠷᠣᠯᠴᠠᠬᠤ ᠶᠢ ᠵᠣᠷᠢᠭᠵᠢᠭᠤᠯᠵᠤ᠂ ᠨᠡᠶᠢᠭᠡᠮ ᠵᠢᠷᠤᠮᠲᠦ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ | ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ | ᠬᠡᠷᠡᠭᠲᠡᠢ ᠭᠡᠵᠦ ᠵᠢᠭᠠᠵᠦ ᠭᠠᠷᠭᠠᠪᠠ᠃ | | | | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠠᠴᠠ ᠥᠪᠡᠷᠲᠡᠭᠡᠨ ᠵᠠᠰᠠᠬᠤ ᠣᠷᠣᠨ ᠤ | ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠲᠠᠨ ᠤ ᠲᠥᠯᠥᠭᠡᠯᠡᠭᠴᠢᠳ ᠲᠤ ᠢᠷᠠᠭᠤ ᠠᠯᠳᠠᠷ ᠤᠨ | ᠦᠨᠡᠮᠯᠡᠯ ᠭᠠᠷᠳᠠᠭᠤᠯᠪᠠ᠃ ᠬᠥᠳᠡᠯᠮᠦᠷᠢ ᠶᠢᠨ ᠵᠢᠱᠢᠶᠡᠴᠢ ᠹᠦ᠋ ᠱᠣᠣ ᠴᠢᠩ ᠥᠪᠡᠷᠲᠡᠭᠡᠨ ᠵᠠᠰᠠᠬᠤ ᠣᠷᠣᠨ ᠤ | ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠲᠠᠨ ᠢ ᠲᠥᠯᠥᠭᠡᠯᠡᠨ ᠰᠠᠨᠠᠭᠠᠴᠢᠯᠠᠭ᠎ᠠ ᠶᠢᠨ ᠪᠢᠴᠢᠭ ᠢ | ᠤᠩᠰᠢᠨ ᠨᠡᠶᠢᠲᠡᠯᠡᠵᠠᠢ᠃ | | | | ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠶᠢ ᠬᠥᠬᠢᠭᠦᠯᠦᠨ ᠰᠠᠶᠢᠰᠢᠶᠠᠬᠤ ᠠᠵᠢᠯ ᠤᠨ | ᠪᠡᠯᠡᠳᠬᠡᠯ ᠺᠣᠮᠢᠰ ᠤᠨ ᠪᠦᠷᠢᠯᠳᠦᠬᠦᠨ ᠨᠢᠭᠡᠴᠢ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠡᠯ᠎ᠡ ᠠᠵᠤ ᠦᠢᠯᠡᠰ ᠤᠨ ᠠᠵᠢᠯᠴᠢᠨ ᠤ ᠡᠪᠯᠡᠯ᠂ | ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠴᠢᠨ ᠤ ᠡᠪᠯᠡᠯ ᠤᠨ ᠠᠵᠢᠯᠯᠠᠬᠤ | ᠬᠤᠷᠢᠶ᠎ᠠ ᠶᠢᠨ ᠬᠠᠷᠢᠭᠤᠴᠠᠯᠭᠠᠲᠠᠨ᠂ ᠬᠥᠬᠡᠬᠤᠲᠠ ᠳᠤ ᠪᠠᠶᠢᠭ᠎ᠠ 2020 ᠣᠨ ᠤ ᠥᠪᠡᠷᠲᠡᠭᠡᠨ ᠵᠠᠰᠠᠬᠤ ᠣᠷᠣᠨ ᠤ | ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ | ᠶᠡᠷᠦᠩᠬᠡᠶ ᠡᠪᠯᠡᠯ ᠤᠨ ᠤᠲᠤᠷᠢᠳᠬᠤ ᠪᠠᠭ ᠤᠨ ᠪᠦᠷᠢᠯᠳᠦᠬᠦᠨ᠂ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ | ᠨᠢᠭᠡᠴᠢ ᠶᠢᠨ ᠭᠤᠤᠯ ᠬᠠᠷᠢᠭᠤᠴᠠᠯᠭᠠᠲᠠᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠤ ᠣᠷᠣᠯᠴᠠᠪᠠ᠃ ᠬᠤᠷᠠᠯ ᠢ | ᠸᠢᠲᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ | ᠬᠤᠪᠢᠶᠠᠷᠢ ᠬᠤᠷᠠᠯ ᠤᠨ ᠲᠠᠯᠠᠪᠠᠶ ᠳᠣᠭᠢᠷᠠᠭᠤᠯᠪᠠ᠃ |