ᠥᠪᠥᠷ ᠮᠣᠩᠭᠤᠯ ᠣᠷᠣᠨ ᠳᠠᠬᠢ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2020/12/11
     2020 ᠣᠨ ᠤ 12 ᠰᠠᠷ᠎ᠠ ᠶᠢᠨ10᠎ ᠤ ᠡᠳᠦᠷ ᠤᠨ 7 ᠴᠠᠭ ᠠᠴᠠ 12 ᠰᠠᠷ᠎ᠠ ᠶᠢᠨ 11᠎ ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠨᠡᠮᠡᠭᠳᠡᠭᠰᠡᠨ ᠦᠭᠡᠢ᠂ 2 ᠡᠪᠡᠳᠴᠢᠲᠡᠨ ︵ᠮᠠᠨᠵᠤᠤᠷ ᠬᠤᠲᠠ ᠳᠠᠬᠢ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ︶ ᠡᠳᠡᠭᠡᠷᠡᠵᠦ ᠡᠮᠨᠡᠯᠭᠡ ᠠᠴᠠ ᠭᠠᠷᠴᠠᠢ᠃      2020 ᠣᠨ ᠤ 12 ᠰᠠᠷ᠎ᠠ ᠶᠢᠨ 11᠎ ᠤ ᠡᠳᠦᠷ ᠤᠨ 7 ᠴᠠᠭ ᠪᠣᠯᠲᠠᠯ᠎ᠠ᠂ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 25᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ᠪᠠᠶᠢᠵᠤ᠂ ᠪᠦᠬᠦᠨ ᠢ ᠮᠠᠨᠵᠤᠤᠷ ᠬᠤᠲᠠ ᠶᠢᠨ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠲᠠᠬᠤᠯ ᠡᠪᠡᠳᠴᠢᠨ ᠤ ᠰᠣᠳᠤᠯᠤᠯ ᠤᠨ ᠪᠠᠶᠢᠴᠠᠭᠠᠯᠲᠠ ᠪᠠ ᠡᠬᠢ ᠡᠭᠦᠰᠦᠯ ᠢ ᠮᠥᠷᠳᠡᠨ ᠡᠷᠢᠬᠦ ᠠᠵᠢᠯ ᠢ ᠥᠷᠭᠦᠯᠵᠢᠯᠡᠨ ᠬᠢᠵᠦ ᠪᠠᠶᠢᠨ᠎ᠠ᠃ 1450 ᠨᠢᠭᠲᠠ ᠣᠶᠢᠷᠠᠲᠤᠭᠰᠠᠳ ᠢ ᠪᠠᠶᠢᠴᠠᠭᠠᠨ ᠣᠯᠵᠤ᠂ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ ᠪᠣᠢ᠃      ᠣᠳᠣᠬᠠᠨ ᠪᠣᠯᠲᠠᠯ᠎ᠠ᠂ ᠮᠠᠨ ᠤ ᠣᠷᠤᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠨᠡᠶᠢᠲᠡ 232 ᠪᠠᠶᠢᠵᠤ᠂ ᠪᠦᠬᠦᠨ ᠢᠶᠠᠷ ᠢᠶᠠᠨ ᠡᠳᠡᠭᠡᠷᠡᠵᠦ ᠡᠮᠨᠡᠯᠭᠡ ᠠᠴᠠ ᠭᠠᠷᠴᠠᠢ᠃  
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号