ᠰᠢᠯᠢ ᠶᠢᠨ ᠭᠤᠤᠯ ᠠᠶᠢᠮᠠᠭ ᠤᠨ 29 ᠬᠥᠮᠦᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢᠶᠠᠷ ᠬᠦᠬᠢᠭᠦᠯᠦᠨ ᠰᠠᠶᠢᠰᠢᠶᠠᠭᠳᠠᠪᠠ
ᠨᠡᠶᠢᠲᠡᠯᠡᠭᠰᠡᠨ ᠴᠠᠭ᠄
2020/12/11
     12 ᠳ᠋ᠤᠭᠠᠷ ᠰᠠᠷ᠎ᠠ ᠶᠢᠨ 10᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠦᠪᠡᠳᠡᠭᠰᠢ ᠶᠡᠭᠡ ᠪᠠᠷ ᠬᠤᠷᠠᠯᠳᠤᠵᠤ᠂ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ ᠬᠡᠯᠡᠭᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠪᠦᠬᠦ ᠣᠷᠣᠨ ᠤ ᠡᠯ᠎ᠡ ᠠᠵᠢᠯ ᠲᠥᠷᠥᠯ ᠠᠴᠠ ᠴᠣᠯᠭᠤᠷᠠᠨ ᠭᠠᠷᠤᠭᠰᠠᠨ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠵᠤ᠂ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ ᠂ ᠣᠳᠣᠬᠢᠴᠢᠯᠠᠭᠰᠠᠨ ᠥᠪᠥᠷ ᠮᠣᠩᠭᠤᠯ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠵᠠᠮ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠠᠮᠵᠢᠯᠲᠠ ᠪᠦᠲᠦᠮᠵᠢ ᠳᠠᠬᠢᠨ ᠡᠭᠦᠳᠬᠦ ᠶᠢ ᠳᠠᠶᠢᠴᠢᠯᠠᠨ ᠵᠣᠷᠢᠭᠵᠢᠭᠤᠯᠪᠠ᠃      ᠬᠤᠷᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ 525 ᠬᠦᠮᠦᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠶᠢᠨ ᠴᠣᠯᠠ ᠣᠯᠭᠤᠵᠤ᠂ 251 ᠬᠦᠮᠦᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠠᠵᠢᠯᠲᠠᠨ ᠤ ᠴᠣᠯᠠ ᠣᠯᠭᠤᠪᠠ᠃      ᠡᠭᠦᠨ ᠳᠤ᠂ ᠰᠢᠯᠢ ᠶᠢᠨ ᠭᠤᠣᠯ ᠠᠶᠢᠮᠠᠭ ᠤᠨ ᠵᠦ ᠴᠠᠩ ᠴᠢᠩ ᠵᠡᠷᠭᠡ 21 ᠬᠦᠮᠦᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠶᠢᠨ ᠴᠣᠯᠠ᠂ ᠸᠠᠩ ᠴᠧᠩ ᠯᠢᠶᠠᠩ ᠵᠡᠷᠭᠡ 8 ᠬᠦᠮᠦᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠠᠵᠢᠯᠲᠠᠨ ᠤ ᠴᠣᠯᠠ ᠣᠯᠭᠤᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号