ᠱᠢ ᠲᠠᠢ ᠹᠧᠩ ᠲᠤᠮᠳᠠᠳᠤ ᠤᠯᠤᠰ ᠤᠨ ᠴᠦᠮ᠎ᠡ ᠶᠢᠨ ᠠᠵᠤ ᠦᠢᠯᠡᠳᠪᠤᠷᠢ ᠶᠢᠨ ᠪᠦᠯᠦᠭᠯᠡᠯ ᠤᠨ ᠭᠡᠷᠡᠭ ᠮᠡᠳᠡᠭᠴᠢᠳ ᠤᠨ ᠲᠠᠷᠤᠭ᠎ᠠ ᠢᠦᠢ ᠵᠢᠶᠠᠨ ᠹᠧᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2020/12/14
     12 ᠰᠠᠷ᠎ᠡ ᠶᠢᠨ 11᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠦᠭᠡᠬᠤᠳᠠ ᠳᠤ ᠲᠤᠮᠳᠠᠳᠤ ᠤᠯᠤᠰ ᠤᠨ ᠴᠦᠮ᠎ᠡ ᠶᠢᠨ ᠠᠵᠤ ᠦᠢᠯᠡᠳᠪᠤᠷᠢ ᠶᠢᠨ ᠪᠦᠯᠦᠭᠯᠡᠯ ᠤᠨ ᠬᠢᠵᠠᠭᠠᠷᠳᠤ ᠺᠤᠮᠫᠠᠨᠢ ᠶᠢᠨ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ᠂ ᠭᠡᠷᠡᠭ ᠮᠡᠳᠡᠭᠴᠢᠳ ᠤᠨ ᠲᠠᠷᠤᠭ᠎ᠠ ᠢᠦᠢ ᠵᠢᠶᠠᠨ ᠹᠧᠩ ᠲᠠᠢ ᠠᠭᠤᠯᠵᠠᠪᠠ᠃
     ᠱᠢ ᠲᠠᠢ ᠹᠧᠩ᠂ ︽ᠠᠷᠪᠡᠨ ᠲᠦᠷᠪᠡᠳᠤᠭᠡᠷ ᠲᠠᠪᠤᠨ ᠵᠢᠯ︾᠎ ᠤᠨ ᠬᠤᠭᠤᠴᠠᠭᠠᠨ ᠳᠤ᠂ ᠦᠪᠤᠷ ᠮᠤᠩᠭᠤᠯ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠭᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠶᠢ ᠰᠦᠪᠡᠭᠴᠢᠯᠡᠵᠦ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠠᠯᠳᠠ︾᠎ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠬᠤ ᠳᠤ ᠠᠩᠬᠠᠷᠤᠯ ᠢᠶᠠᠨ ᠲᠦᠪᠯᠡᠷᠡᠬᠦᠯᠤᠨ ᠬᠦᠴᠤ ᠪᠠᠨ ᠲᠦᠪᠯᠡᠷᠡᠬᠦᠯᠤᠨ᠂ ᠰᠢᠨ᠎ᠡ ᠬᠦᠭᠵᠢᠯᠳᠠ ᠶᠢᠨ ᠪᠠᠶᠢᠷᠢᠰᠢᠯ ᠳᠤ ᠨᠡᠩ ᠰᠠᠶᠢᠨ ᠦᠢᠯᠡᠴᠢᠯᠡᠬᠦ ᠪᠠ ᠠᠭᠤᠰᠤᠯᠴᠠᠬᠤ ᠪᠤᠯᠤᠨ᠎ᠡ᠃ ᠬᠤᠶᠠᠷ ᠲᠠᠯ᠎ᠡ ᠪᠠᠷ ᠢᠶᠠᠨ ᠤᠳᠤᠬᠢ ᠬᠠᠮᠳᠤᠷᠠᠯᠴᠠᠭᠠᠨ ᠤ ᠰᠠᠭᠤᠷᠢ ᠠᠴᠠ ᠪᠠᠨ ᠡᠬᠦᠰᠴᠤ᠂ ᠡᠨᠧᠷᠬᠢ᠂ ᠡᠷᠳᠡᠨᠢ ᠰᠢᠰᠢ ᠶᠢ ᠡᠳ᠋ᠰᠢᠭᠦᠯᠦᠨ ᠪᠤᠯᠪᠠᠰᠤᠷᠠᠭᠤᠯᠵᠤ ᠤᠨᠳᠤᠤᠰᠢᠭᠤᠯᠬᠤ ᠶᠢ ᠠᠬᠢᠭᠤᠯᠬᠤ ᠵᠡᠷᠭᠡ ᠤᠯᠠᠮᠵᠢᠯᠠᠯᠳᠤ ᠠᠵᠤ ᠦᠢᠯᠡᠰ ᠤᠨ ᠬᠡᠯᠬᠢᠶ᠎ᠡ ᠶᠢ ᠤᠷᠳᠤᠳᠬᠠᠨ ᠬᠦᠴᠤᠷᠭᠡᠭᠵᠢᠬᠦᠯᠬᠦ ᠲᠠᠯ᠎ᠡ ᠪᠠᠷ ᠬᠠᠮᠳᠤᠷᠠᠯᠴᠠᠭᠠᠨ ᠤ ᠲᠡᠰ ᠲᠠᠪᠬᠤᠷᠭ᠎ᠠ ᠪᠠᠨ ᠲᠡᠭᠡᠭᠰᠢᠯᠡᠬᠦᠯᠵᠤ᠂ ᠰᠢᠨ᠎ᠡ ᠡᠨᠧᠷᠬᠢ᠂ ᠲᠤᠮᠤ ᠳ᠋ᠠᠶᠢᠲ᠋ᠠ᠂ ᠡᠨᠧᠷᠬᠢ ᠠᠷᠪᠢᠯᠠᠬᠤ ᠤᠷᠴᠢᠨ ᠲᠤᠭᠤᠷᠢᠨ ᠢ ᠬᠠᠮᠠᠭᠠᠯᠠᠬᠤ᠂ ᠠᠮᠢᠳᠤ ᠪᠤᠳᠠᠰ ᠤᠨ ᠡᠮ ᠡᠮᠨᠡᠯᠭᠡ ᠵᠡᠷᠭᠡ ᠰᠢᠨ᠎ᠡ ᠪᠠᠷ ᠮᠡᠨᠳᠤᠬᠰᠡᠨ ᠠᠵᠤ ᠦᠢᠯᠡᠰ ᠢ ᠪᠤᠵᠠᠭᠠᠢᠢᠷᠠᠭᠤᠯᠤᠨ ᠬᠦᠴᠤᠷᠭᠡᠭᠵᠢᠬᠦᠯᠬᠦ ᠲᠠᠯ᠎ᠡ ᠪᠠᠷ ᠬᠠᠮᠳᠤᠷᠠᠯᠴᠠᠭᠠᠨ ᠤ ᠤᠷᠤᠨ ᠵᠠᠢ ᠪᠠᠨ ᠦᠷᠭᠡᠳᠭᠡᠵᠤ᠂ ᠲᠠᠪᠠᠭᠤᠯᠢᠭ ᠢᠶᠠᠨ ᠬᠠᠷᠢᠯᠴᠠᠨ ᠨᠦᠬᠦᠪᠤᠷᠢᠯᠡᠬᠦ᠂ ᠬᠠᠮᠳᠤ ᠪᠠᠷ ᠠᠰᠢᠭ ᠬᠦᠷᠳᠡᠬᠦ ᠬᠦᠭᠵᠢᠯᠳᠠ ᠶᠢ ᠨᠡᠩ ᠰᠠᠶᠢᠳᠦᠷ ᠪᠠᠶᠠᠯᠡᠬᠦᠯᠬᠦ ᠶᠢ ᠬᠦᠰᠡᠵᠤ ᠪᠠᠶᠢᠨ᠎ᠡ ᠭᠡᠵᠤ ᠬᠡᠯᠡᠪᠡ᠃ ᠢᠦᠢ ᠵᠢᠶᠠᠨ ᠹᠧᠩ᠂ ᠲᠤᠮᠳᠠᠳᠤ ᠤᠯᠤᠰ ᠤᠨ ᠴᠦᠮ᠎ᠡ ᠶᠢᠨ ᠠᠵᠤ ᠦᠢᠯᠡᠳᠪᠤᠷᠢ ᠶᠢᠨ ᠪᠦᠯᠦᠭᠯᠡᠯ ᠤᠨ ᠬᠢᠨ ᠦᠪᠤᠷ ᠮᠤᠩᠭᠤᠯ ᠤᠨ ᠬᠦᠭᠵᠢᠯᠳᠠ ᠶᠢᠨ ᠭᠡᠷᠡᠭᠴᠡᠭᠡ ᠯᠦᠭᠡ ᠬᠦᠨᠵᠡᠭᠡᠢ ᠵᠤᠯᠭᠠᠯᠴᠠᠵᠤ᠂ ᠴᠡᠪᠡᠷ ᠡᠨᠧᠷᠬᠢ ᠶᠢᠨ ᠠᠰᠢᠬᠯᠠᠯᠳᠠ᠂ ᠲᠤᠭᠠᠴᠢᠯᠠᠬᠰᠡᠨ ᠠᠵᠤ ᠠᠬᠤᠢ ᠶᠢᠨ ᠬᠦᠭᠵᠢᠯᠳᠠ᠂ ᠤᠶᠤᠨᠳᠤ ᠬᠤᠳᠠ ᠶᠢᠨ ᠪᠦᠳᠦᠭᠡᠨ ᠪᠠᠶᠢᠭᠤᠯᠤᠯᠳᠠ ᠵᠡᠷᠭᠡ ᠬᠦᠷᠢᠶ᠎ᠠ ᠪᠠᠷ ᠭᠤᠤᠯᠳᠠᠭᠤᠯᠤᠨ ᠪᠡᠯᠡ ᠤᠷᠤᠭᠤᠯᠤᠯᠳᠠ ᠶᠢᠨ ᠡᠷᠴᠢᠮ ᠢᠶᠠᠨ ᠴᠢᠩᠭᠠᠷᠠᠭᠤᠯᠵᠤ᠂ ᠦᠪᠤᠷ ᠮᠤᠩᠭᠤᠯ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠠ ᠳᠤ ᠬᠦᠴᠤᠨ ᠴᠢᠳᠠᠯ ᠢᠶᠠᠨ ᠡᠷᠬᠦᠬᠦ ᠪᠤᠯᠤᠨ᠎ᠡ ᠭᠡᠵᠤ  ᠢᠯᠡᠳᠭᠡᠪᠡ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠬᠦᠨ᠂ ᠨᠠᠷᠢᠨ ᠪᠢᠴᠢᠭ ᠤᠨ ᠲᠠᠷᠤᠭ᠎ᠠ᠂ ᠦᠪᠡᠷᠳᠡᠭᠡᠨ ᠵᠠᠰᠬᠠᠤ ᠤᠷᠤᠨ ᠤ ᠪᠠᠶᠢᠡᠭᠭᠤ ᠶᠢᠨ ᠲᠡᠳ᠋ ᠲᠡᠷᠢᠬᠦᠯᠡᠭᠴᠢ ᠵᠠᠩ ᠱᠤᠤ ᠴᠦᠨ ᠵᠢᠴᠢ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠠᠭᠤᠯᠵᠠᠯᠳᠠ ᠳᠤ ᠤᠷᠤᠯᠴᠠᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号