ᠮᠠᠨᠵᠤᠤᠷ ᠬᠤᠲᠠ ᠶᠢᠨ ᠰᠢᠩ ᠬᠤᠸᠠ ᠵᠡᠭᠡᠯᠢ ᠭᠤᠳᠤᠮᠵᠢ ᠪᠠ ᠡᠮᠦᠨ᠎ᠡ ᠲᠣᠭᠤᠷᠢᠭ ᠤᠨ ᠵᠡᠭᠡᠯᠢ | ᠭᠤᠳᠤᠮᠵᠢ ᠳᠤ ᠵᠠᠯᠭᠠᠭ᠎ᠠ ᠪᠠᠷ 14 ᠡᠳᠦᠷ ᠡᠪᠡᠳᠴᠢᠨ ᠤ ᠵᠢᠱᠢᠶ᠎ᠡ ᠰᠢᠨ᠎ᠡ ᠪᠠᠷ ᠡᠭᠦᠰᠦᠭᠰᠡᠨ ᠦᠭᠡᠢ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠬᠤ᠂ | ᠣᠨᠣᠪᠴᠢᠲᠠᠶ ᠬᠠᠮᠢᠶᠠᠷᠤᠨ ᠡᠵᠡᠮᠳᠡᠬᠦ ᠵᠡᠷᠭᠡ ᠠᠵᠢᠯ ᠤᠨ ᠱᠠᠭᠠᠷᠳᠠᠯᠭ᠎ᠠ ᠪᠣᠯᠤᠨ ᠮᠠᠨᠵᠤᠤᠷ ᠬᠤᠲᠠ ᠶᠢᠨ ᠬᠢᠵᠢᠭ ᠤᠨ | ᠪᠠᠶᠢᠳᠠᠯ ᠢ ᠦᠨᠳᠦᠰᠦᠯᠡᠨ᠂ ᠮᠠᠨᠵᠤᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠰᠤᠳᠤᠯᠤᠨ ᠲᠣᠭᠲᠠᠭᠠᠭᠰᠠᠨ ᠢᠶᠠᠷ᠄ | 2020 ᠣᠨ ᠤ 12 ᠳ᠋ᠤᠭᠠᠷ ᠰᠠᠷ᠎ᠠ ᠶᠢᠨ 13 ᠤ ᠡᠳᠦᠷ ᠤᠨ 8 ᠴᠠᠭ ᠠᠴᠠ ᠡᠬᠢᠯᠡᠨ᠂ ᠮᠠᠨᠵᠤᠤᠷ ᠬᠤᠲᠠ ᠶᠢᠨ | ᠰᠢᠩ ᠬᠤᠸᠠ ᠵᠡᠭᠡᠯᠢ ᠭᠤᠳᠤᠮᠵᠢ ᠪᠣᠯᠤᠨ ᠡᠮᠦᠨ᠎ᠡ ᠲᠣᠭᠤᠷᠢᠭ ᠤᠨ ᠵᠡᠭᠡᠯᠢ ᠭᠤᠳᠤᠮᠵᠢ ᠶᠢ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠳᠤᠮᠳᠠ ᠲᠦᠭᠰᠢᠭᠦᠷᠢᠲᠦ ᠳᠡᠰ ᠤᠨ ᠭᠠᠵᠠᠷ ᠣᠷᠣᠨ | ᠪᠠᠶᠢᠭᠰᠠᠨ ᠠᠴᠠ ᠨᠢ ᠳᠣᠣᠷ᠎ᠠ ᠲᠦᠭᠰᠢᠭᠦᠷᠢᠲᠦ ᠳᠡᠰ ᠤᠨ ᠭᠠᠵᠠᠷ ᠣᠷᠣᠨ ᠪᠣᠯᠭᠠᠨ ᠲᠣᠬᠢᠷᠠᠭᠤᠯᠵᠤ᠂ ᠮᠠᠨᠵᠤᠤᠷ | ᠬᠤᠲᠠ ᠶᠢᠨ ᠪᠤᠰᠤᠳ ᠣᠷᠣᠨ ᠪᠦᠰᠡ ᠶᠢᠨ ᠠᠶᠤᠯ ᠲᠦᠭᠰᠢᠭᠦᠷᠢ ᠶᠢᠨ ᠳᠡᠰ ᠢ ᠬᠤᠪᠢᠷᠠᠭᠤᠯᠬᠤ ᠦᠭᠡᠢ᠃ | | ᠮᠠᠨᠵᠤᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | |