ᠬᠠᠮᠳᠤᠷᠠᠯᠴᠠᠵᠦ ᠬᠠᠮᠳᠤ ᠪᠠᠷ ᠠᠰᠢᠬ ᠬᠦᠷᠳᠡᠬᠦ ᠠᠭᠤᠷ ᠠᠮᠢᠰᠬᠤᠯ ᠤᠨ ᠵᠠᠰᠠᠯᠳᠠ ᠶᠢᠨ ᠰᠢᠨ᠎ᠠ ᠪᠠᠶᠢᠳᠠᠯ ᠢ | ᠡᠬᠦᠳᠴᠦ᠂ ᠴᠢᠳᠠᠯ ᠤᠨ ᠢᠶᠠᠨ ᠬᠢᠷᠢ ᠪᠠᠷ ᠴᠢᠷᠮᠠᠶᠢᠬᠤ ᠠᠭᠤᠷ ᠠᠮᠢᠰᠬᠤᠯ ᠤᠨ ᠵᠠᠰᠠᠯᠳᠠ ᠶᠢᠨ ᠰᠢᠨ᠎ᠠ ᠰᠢᠰᠲ᠋ᠧᠮ ᠢ | ᠪᠦᠷᠢᠯᠳᠦᠬᠦᠯᠦᠨ᠂ ᠪᠤᠬᠢᠷᠳᠤᠯ ᠦᠭᠡᠢ ᠪᠠᠷ ᠰᠡᠷᠬᠦᠭᠡᠬᠦ ᠠᠭᠤᠷ ᠠᠮᠢᠰᠬᠤᠯ ᠤᠨ ᠵᠠᠰᠠᠯᠳᠠ ᠶᠢᠨ ᠰᠢᠨ᠎ᠠ ᠰᠡᠳᠬᠢᠴᠡ ᠶᠢ | ᠪᠠᠷᠢᠮᠳᠠᠯᠠᠶ᠎ᠠ ᠭᠡᠵᠦ ᠰᠠᠨᠠᠭᠠᠴᠢᠯᠠᠪᠠ | ᠳᠤᠮᠳᠠᠳᠤ ᠤᠯᠤᠰ ᠤᠨ ᠪᠡᠶ᠎ᠠ ᠪᠠᠨ ᠳᠠᠭᠠᠭᠠᠵᠦ ᠬᠤᠪᠢ ᠨᠡᠮᠡᠷᠢ ᠦᠵᠡᠬᠦᠯᠬᠦ ᠠᠯᠢ ᠤᠯᠠᠨ ᠰᠢᠨ᠎ᠠ ᠠᠷᠭ᠎ᠠ | ᠭᠡᠮᠵᠢᠶ᠎ᠠ ᠶᠢ ᠨᠡᠶᠢᠳᠡᠯᠡᠵᠠᠢ | | | | | 12 ᠰᠠᠷ᠎ᠠ ᠶᠢᠨ 12 ᠤᠨ ᠡᠳᠦᠷ᠂ ᠤᠯᠤᠰ ᠤᠨ ᠲᠡᠷᠢᠬᠦᠯᠡᠭᠴᠢ ᠰᠢ ᠶᠢᠨ ᠫᠢᠩ ᠠᠭᠤᠷ ᠠᠮᠢᠰᠬᠤᠯ ᠤᠨ | ᠬᠤᠪᠢᠷᠠᠯᠳᠠ ᠶᠢ ᠠᠷᠭᠠᠴᠠᠭᠠᠬᠤ ᠠᠤᠭ᠎ᠠ ᠰᠠᠨᠠᠭ᠎ᠠ ᠡᠷᠡᠯᠭᠡᠭ ᠵᠤᠷᠢᠭ ᠢ ᠬᠦᠪᠴᠢᠯᠡᠬᠦ ᠲᠦᠷᠦᠬᠦᠴᠤᠳ ᠤᠨ ᠬᠤᠷᠠᠯ | ᠳᠡᠭᠡᠷ᠎ᠠ ᠸᠢᠳᠢᠣ᠋ ᠭᠡᠯᠪᠡᠷᠢ ᠪᠠᠷ ︽ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠨ ᠦᠭᠴᠦ᠂ ᠪᠦᠬᠦ | ᠪᠦᠮᠪᠦᠷᠴᠡᠭ ᠤᠨ ᠠᠭᠤᠷ ᠠᠮᠢᠰᠬᠤᠯ ᠤᠨ ᠬᠤᠪᠢᠷᠠᠯᠳᠠ ᠶᠢ ᠠᠷᠭᠠᠴᠠᠭᠠᠬᠤ ᠰᠢᠨ᠎ᠠ ᠠᠶᠠᠨ ᠢ ᠡᠬᠢᠯᠡᠬᠦᠯᠦᠶᠠ︾ ᠭᠡᠬᠦ | ᠰᠡᠳᠦᠪ ᠢᠶᠠᠷ ᠴᠢᠬᠤᠯᠠ ᠶᠠᠷᠢᠶ᠎ᠠ ᠲᠠᠯᠪᠢᠵᠦ᠂ ᠳᠤᠮᠳᠠᠳᠤ ᠤᠯᠤᠰ ᠤᠨ ᠪᠡᠶ᠎ᠠ ᠪᠠᠨ ᠳᠠᠭᠠᠭᠠᠵᠦ ᠬᠤᠪᠢ ᠨᠡᠮᠡᠷᠢ | ᠦᠵᠡᠬᠦᠯᠬᠦ ᠠᠯᠢ ᠤᠯᠠᠨ ᠰᠢᠨ᠎ᠠ ᠠᠷᠭ᠎ᠠ ᠭᠡᠮᠵᠢᠶ᠎ᠠ ᠶᠢ ᠨᠡᠶᠢᠳᠡᠯᠡᠪᠡ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠵᠢᠤᠢ ᠫᠧᠩ ᠰᠡᠬᠦᠳᠡᠷᠯᠡᠪᠡ | | ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 12 ᠤᠨ ᠴᠠᠬᠢᠯᠭᠠᠨ ᠮᠡᠳᠡᠭᠡ ᠤᠯᠤᠰ ᠤᠨ | ᠲᠡᠷᠢᠬᠦᠯᠡᠭᠴᠢ ᠰᠢ ᠶᠢᠨ ᠫᠢᠩ 12 ᠤᠨ ᠡᠳᠦᠷ ᠠᠭᠤᠷ ᠠᠮᠢᠰᠬᠤᠯ ᠤᠨ ᠬᠤᠪᠢᠷᠠᠯᠳᠠ ᠶᠢ ᠠᠷᠭᠠᠴᠠᠭᠠᠬᠤ ᠠᠤᠭ᠎ᠠ | ᠰᠠᠨᠠᠭ᠎ᠠ ᠡᠷᠡᠯᠭᠡᠭ ᠵᠤᠷᠢᠭ ᠢ ᠬᠦᠪᠴᠢᠯᠡᠬᠦ ᠲᠦᠷᠦᠬᠦᠴᠤᠳ ᠤᠨ ᠬᠤᠷᠠᠯ ᠳᠡᠭᠡᠷ᠎ᠠ ᠸᠢᠳᠢᠣ᠋ ᠭᠡᠯᠪᠡᠷᠢ ᠪᠠᠷ ︽ | ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠨ ᠦᠭᠴᠦ᠂ ᠪᠦᠬᠦ ᠪᠦᠮᠪᠦᠷᠴᠡᠭ ᠤᠨ ᠠᠭᠤᠷ | ᠠᠮᠢᠰᠬᠤᠯ ᠤᠨ ᠬᠤᠪᠢᠷᠠᠯᠳᠠ ᠶᠢ ᠠᠷᠭᠠᠴᠠᠭᠠᠬᠤ ᠰᠢᠨ᠎ᠠ ᠠᠶᠠᠨ ᠢ ᠡᠬᠢᠯᠡᠬᠦᠯᠦᠶᠠ︾ ᠭᠡᠬᠦ ᠰᠡᠳᠦᠪ ᠢᠶᠠᠷ ᠴᠢᠬᠤᠯᠠ | ᠶᠠᠷᠢᠶ᠎ᠠ ᠲᠠᠯᠪᠢᠵᠦ᠂ ᠳᠤᠮᠳᠠᠳᠤ ᠤᠯᠤᠰ ᠤᠨ ᠪᠡᠶ᠎ᠠ ᠪᠠᠨ ᠳᠠᠭᠠᠭᠠᠵᠦ ᠬᠤᠪᠢ ᠨᠡᠮᠡᠷᠢ ᠦᠵᠡᠬᠦᠯᠬᠦ ᠠᠯᠢ ᠤᠯᠠᠨ ᠰᠢᠨ᠎ᠠ | ᠠᠷᠭ᠎ᠠ ᠭᠡᠮᠵᠢᠶ᠎ᠠ ᠶᠢ ᠨᠡᠶᠢᠳᠡᠯᠡᠪᠡ᠃ | ᠰᠢ ᠶᠢᠨ ᠫᠢᠩ᠂ 5 ᠵᠢᠯ ᠤᠨ ᠡᠮᠦᠨ᠎ᠠ᠂ ᠡᠯ᠎ᠠ ᠤᠯᠤᠰ ᠤᠨ ᠤᠳᠤᠷᠢᠳᠬᠤ ᠬᠦᠮᠦᠰ ᠬᠠᠮᠤᠭ ᠤᠨ ᠶᠡᠭᠡ | ᠤᠯᠤᠰ ᠲᠦᠷᠦ ᠶᠢᠨ ᠰᠢᠢᠳᠮᠡᠭ ᠵᠤᠷᠢᠭ ᠪᠠ ᠤᠶᠤᠨ ᠤᠬᠠᠭᠠᠨ ᠢᠶᠠᠷ ᠠᠭᠤᠷ ᠠᠮᠢᠰᠬᠤᠯ ᠤᠨ ᠬᠤᠪᠢᠷᠠᠯᠳᠠ ᠶᠢ | ᠠᠷᠭᠠᠴᠠᠭᠠᠬᠤ ︽ᠫᠠᠷᠢᠰ ᠤᠨ ᠭᠡᠯᠡᠯᠴᠡᠭᠡᠷ︾ ᠢ ᠲᠤᠬᠢᠷᠠᠯᠴᠠᠪᠠ᠃ 5 ᠵᠢᠯ ᠤᠨ ᠲᠤᠷᠰᠢ᠂ ︽ᠫᠠᠷᠢᠰ ᠤᠨ ᠭᠡᠯᠡᠯᠴᠡᠭᠡᠷ︾ | ᠭᠡᠷᠡᠭᠵᠢᠬᠦᠯᠬᠦ ᠱᠠᠳᠤᠨ ᠳᠠᠭᠠᠨ ᠤᠷᠤᠵᠦ᠂ ᠳᠡᠯᠡᠭᠡᠢ ᠨᠡᠶᠢᠭᠡᠮ ᠤᠨ ᠦᠷᠭᠡᠨ ᠳᠡᠯᠭᠡᠷ ᠳᠡᠮᠵᠢᠯᠭᠡ ᠪᠠ ᠤᠷᠤᠯᠴᠠᠯᠭ᠎ᠠ ᠶᠢ | ᠬᠦᠷᠳᠡᠵᠡᠢ᠃ ᠤᠳᠤᠬᠠᠨ ᠳᠤ᠂ ᠤᠯᠠᠨ ᠤᠯᠤᠰ ᠤᠨ ᠪᠠᠶᠢᠷᠢᠰᠢᠯ ᠲᠦᠷᠭᠡᠨ ᠬᠤᠪᠢᠰᠴᠦ᠂ ᠰᠢᠨ᠎ᠠ ᠳᠢᠳᠢᠮᠯᠢᠭ | ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠨᠢ ᠬᠦᠮᠦᠨ ᠪᠤᠯᠤᠨ ᠡᠭᠡ ᠪᠠᠶᠢᠭᠠᠯᠢ ᠶᠢᠨ ᠬᠠᠷᠢᠴᠠᠭᠠᠨ ᠤ ᠲᠤᠬᠠᠢ | ᠬᠦᠨᠵᠡᠭᠡᠢ ᠪᠤᠳᠤᠯᠬᠢᠯᠠᠭᠤᠯᠵᠦ᠂ ᠪᠦᠬᠦ ᠪᠦᠮᠪᠦᠷᠴᠡᠭ ᠤᠨ ᠠᠭᠤᠷ ᠠᠮᠢᠰᠬᠤᠯ ᠤᠨ ᠬᠤᠪᠢᠷᠠᠯᠳᠠ ᠶᠢᠨ ᠠᠯᠤᠰ | ᠢᠷᠡᠭᠡᠳᠦᠢ ᠨᠡᠩ ᠠᠩᠬᠠᠷᠤᠯ ᠢ ᠳᠠᠳᠠᠬᠤ ᠪᠤᠯᠵᠠᠢ ᠭᠡᠵᠦ ᠴᠢᠬᠤᠯᠠᠴᠢᠯᠠᠪᠠ᠃ | ᠰᠢ ᠶᠢᠨ ᠫᠢᠩ 3 ᠲᠠᠯ᠎ᠠ ᠶᠢᠨ ᠰᠠᠨᠠᠭᠠᠴᠢᠯᠠᠭ᠎ᠠ ᠳᠤᠷᠠᠳᠪᠠ᠃ | ᠨᠢᠭᠡᠳᠦᠭᠡᠷ ᠲᠤ᠂ ᠪᠦᠯᠬᠦᠮᠳᠡᠨ ᠰᠡᠳᠬᠢᠯ ᠨᠢᠭᠡᠳᠴᠦ᠂ ᠬᠠᠮᠳᠤᠷᠠᠯᠴᠠᠵᠦ ᠬᠠᠮᠳᠤ ᠪᠠᠷ ᠠᠰᠢᠬ ᠬᠦᠷᠳᠡᠬᠦ ᠠᠭᠤᠷ | ᠠᠮᠢᠰᠬᠤᠯ ᠤᠨ ᠵᠠᠰᠠᠯᠳᠠ ᠶᠢᠨ ᠰᠢᠨ᠎ᠠ ᠪᠠᠶᠢᠳᠠᠯ ᠢ ᠡᠬᠦᠳᠦᠶ᠎ᠠ᠃ ᠠᠭᠤᠷ ᠠᠮᠢᠰᠬᠤᠯ ᠤᠨ ᠬᠤᠪᠢᠷᠠᠯᠳᠠ ᠶᠢᠨ | ᠦᠷᠢᠰᠦᠯᠳᠦᠭᠡᠨ ᠤ ᠡᠮᠦᠨ᠎ᠠ᠂ ᠬᠦᠮᠦᠨ ᠲᠦᠷᠦᠯᠬᠢᠳᠡᠨ ᠬᠤᠪᠢ ᠵᠠᠶᠠᠭ᠎ᠠ ᠪᠠᠨ ᠬᠠᠮᠳᠤᠳᠬᠠᠬᠤ ᠴᠢᠬᠤᠯᠠᠳᠠᠢ ᠶᠤᠮ᠃ | ᠳᠤᠮᠳᠠᠳᠤ ᠶᠢᠨ ᠲᠠᠯ᠎ᠠ ᠡᠯ᠎ᠠ ᠤᠯᠤᠰ ᠤᠨ ᠬᠢᠨ ︽ᠫᠠᠷᠢᠰ ᠤᠨ ᠭᠡᠯᠡᠯᠴᠡᠭᠡᠷ︾ ᠢ ᠳᠡᠮᠵᠢᠵᠦ᠂ ᠠᠭᠤᠷ ᠠᠮᠢᠰᠬᠤᠯ ᠤᠨ | ᠬᠤᠪᠢᠷᠠᠯᠳᠠ ᠶᠢ ᠠᠷᠭᠠᠴᠠᠭᠠᠬᠤ ᠳᠤ ᠨᠡᠩ ᠶᠡᠭᠡ ᠬᠤᠪᠢ ᠨᠡᠮᠡᠷᠢ ᠦᠵᠡᠬᠦᠯᠬᠦ ᠶᠢ ᠪᠡᠶᠠᠷᠯᠠᠨ ᠤᠬᠳᠤᠵᠦ ᠪᠠᠶᠢᠨ᠎ᠠ᠃ | ᠬᠤᠶᠠᠳᠤᠭᠠᠷ ᠲᠤ᠂ ᠠᠤᠭ᠎ᠠ ᠰᠠᠨᠠᠭ᠎ᠠ ᠡᠷᠡᠯᠭᠡᠭ ᠵᠤᠷᠢᠭ ᠢᠶᠠᠨ ᠬᠦᠪᠴᠢᠯᠡᠵᠤ᠂ ᠴᠢᠳᠠᠯ ᠤᠨ ᠢᠶᠠᠨ ᠬᠢᠷᠢ ᠪᠠᠷ | ᠴᠢᠷᠮᠠᠶᠢᠬᠤ ᠠᠭᠤᠷ ᠠᠮᠢᠰᠬᠤᠯ ᠤᠨ ᠬᠤᠪᠢᠷᠠᠯᠳᠠ ᠶᠢ ᠠᠷᠭᠠᠴᠠᠭᠠᠬᠤ ᠵᠠᠰᠠᠯᠳᠠ ᠶᠢᠨ ᠰᠢᠰᠲ᠋ᠧᠮ ᠢ ᠪᠦᠷᠢᠯᠳᠤᠬᠦᠯᠦᠶᠡ᠃ | ᠡᠯ᠎ᠡ ᠤᠯᠤᠰ ᠤᠨ ᠬᠢᠨ ᠬᠠᠮᠳᠤ ᠶᠢᠨ ᠪᠤᠯᠪᠠᠴᠤ ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ ᠵᠢᠷᠤᠮᠯᠡᠵᠤ᠂ | ᠤᠯᠤᠰ ᠤᠨ ᠪᠠᠶᠢᠳᠠᠯ ᠪᠤᠯᠤᠨ ᠴᠢᠳᠠᠪᠤᠷᠢ ᠪᠠᠨ ᠦᠨᠳᠤᠰᠤᠯᠡᠨ᠂ ᠬᠠᠮᠤᠭ ᠤᠨ ᠶᠡᠭᠡ ᠬᠡᠮᠵᠢᠶ᠎ᠡ ᠪᠠᠷ ᠠᠵᠢᠯᠯᠠᠭ᠎ᠠ ᠪᠠᠨ | ᠴᠢᠩᠭᠠᠳᠬᠠᠪᠡᠯ ᠵᠤᠬᠢᠨ᠎ᠡ᠃ ᠬᠦᠭᠵᠢᠭᠰᠡᠨ ᠤᠯᠤᠰ ᠤᠳ ᠬᠦᠭᠵᠢᠵᠤ ᠪᠠᠶᠢᠭ᠎ᠠ ᠤᠯᠤᠰ ᠤᠳ ᠲᠤ ᠪᠡᠯᠡ ᠮᠦᠡᠭᠭᠦ᠂ | ᠮᠡᠷᠭᠡᠵᠢᠯ᠂ ᠴᠢᠳᠠᠪᠤᠷᠢ ᠶᠢᠨ ᠪᠠᠶᠢᠭᠤᠯᠤᠯᠳᠠ ᠶᠢᠨ ᠲᠠᠮᠵᠢᠯᠭᠡ ᠦᠵᠡᠬᠦᠯᠬᠦ ᠪᠠᠨ ᠦᠨᠡᠨ ᠬᠦ ᠨᠡᠮᠡᠭᠳᠡᠬᠦᠯᠬᠦ | ᠪᠤᠯᠳᠤᠭᠠᠢ᠃ | ᠭᠤᠷᠪᠠᠳᠤᠭᠠᠷ ᠲᠤ᠂ ᠢᠳᠡᠭᠡᠯ ᠵᠤᠷᠢᠭ ᠢᠶᠠᠨ ᠪᠠᠳᠤᠳᠬᠠᠵᠦ᠂ ᠪᠤᠬᠢᠷᠳᠤᠯ ᠦᠭᠡᠢ ᠪᠠᠷ ᠰᠡᠷᠬᠦᠭᠡᠬᠦ ᠠᠭᠤᠷ | ᠠᠮᠢᠰᠬᠤᠯ ᠤᠨ ᠬᠤᠪᠢᠷᠠᠯᠳᠠ ᠶᠢ ᠠᠷᠭᠠᠴᠠᠭᠠᠬᠤ ᠵᠠᠰᠠᠯᠳᠠ ᠶᠢᠨ ᠰᠢᠨ᠎ᠡ ᠰᠡᠳᠬᠢᠴᠠ ᠶᠢ ᠪᠠᠷᠢᠮᠳᠡᠯᠡᠶᠡ᠃ ᠪᠤᠬᠢᠷᠳᠤᠯ | ᠦᠭᠡᠢ ᠨᠡᠬᠦᠷᠡᠰᠦᠳᠦ᠋ᠷᠦᠭᠴᠢ ᠪᠠᠭ᠎ᠠ ᠭᠠᠳᠠᠬᠰᠢᠯᠠᠭᠤᠯᠬᠤ ᠦᠢᠯᠡᠳᠪᠤᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ | ᠶᠡᠭᠡ ᠪᠠᠷ ᠰᠠᠨᠠᠭᠠᠴᠢᠯᠠᠵᠤ᠂ ᠪᠤᠬᠢᠷᠳᠤᠯ ᠦᠭᠡᠢ ᠬᠦᠭᠵᠢᠯᠳᠠ ᠶᠢᠨ ᠲᠤᠮᠳᠠ ᠠᠴᠠ ᠬᠦᠭᠵᠢᠯᠳᠠ ᠶᠢᠨ ᠠᠵᠠ ᠲᠤᠬᠢᠶᠠᠯ | ᠪᠠ ᠬᠦᠳᠡᠯᠭᠡᠬᠦ ᠬᠦᠴᠤ ᠶᠢ ᠡᠷᠢᠯᠬᠢᠯᠡᠶ᠎ᠡ᠃ | ᠰᠢ ᠶᠢᠨ ᠫᠢᠩ᠂ ᠲᠤᠮᠳᠠᠳᠤ ᠤᠯᠤᠰ ᠠᠭᠤᠷ ᠠᠮᠢᠰᠬᠤᠯ ᠤᠨ ᠬᠤᠪᠢᠷᠠᠯᠳᠠ ᠶᠢ ᠠᠷᠭᠠᠴᠠᠭᠠᠬᠤ ︽ᠫᠠᠷᠢᠰ ᠤᠨ | ᠬᠡᠯᠡᠯᠴᠡᠭᠡᠷ︾ ᠢ ᠲᠤᠬᠢᠷᠠᠯᠴᠠᠬᠤ ᠳᠤ ᠴᠢᠬᠤᠯᠠ ᠬᠤᠪᠢ ᠨᠠᠮᠠᠷᠢ ᠦᠵᠡᠬᠦᠯᠦᠭᠰᠡᠨ ᠶᠤᠮ᠂ ︽ᠫᠠᠷᠢᠰ ᠤᠨ ᠬᠡᠯᠡᠯᠴᠡᠭᠡᠷ︾ | ᠢ ᠨᠠᠶᠢᠳᠠᠪᠤᠷᠢᠵᠢᠭᠤᠯᠬᠤ ᠢᠳᠡᠪᠬᠢᠳᠠᠢ ᠦᠢᠯᠡᠳᠦᠯᠭᠡᠵᠢᠬᠦᠯᠦᠭᠴᠢ ᠪᠤᠯᠤᠨ᠎ᠡ᠃ ᠲᠤᠮᠳᠠᠳᠤ ᠤᠯᠤᠰ ᠨᠢᠭᠡᠨᠳᠠ | ᠤᠯᠤᠰ ᠤᠨ ᠪᠡᠶ᠎ᠡ ᠪᠠᠨ ᠳᠠᠭᠠᠭᠠᠵᠦ ᠬᠤᠪᠢ ᠨᠠᠮᠡᠷᠢ ᠦᠵᠡᠬᠦᠯᠬᠦ ᠡᠷᠴᠢᠮ ᠢᠶᠠᠨ ᠴᠢᠩᠭᠠᠷᠠᠭᠤᠯᠬᠤ ᠪᠠᠷ ᠨᠡᠶᠢᠳᠡᠯᠡᠪᠠ᠂ | ᠪᠢ ᠠᠳᠡ᠄ 2030 ᠤᠨ ᠪᠤᠯᠬᠤ ᠳᠤ᠂ ᠲᠤᠮᠳᠠᠳᠤ ᠤᠯᠤᠰ ᠤᠨ ᠨᠢᠭᠡᠴᠢ ᠤᠯᠤᠰ ᠤᠨ ᠲᠤᠳᠤᠭᠠᠳᠤ ᠶᠢᠨ | ᠦᠢᠯᠡᠳᠪᠤᠷᠢᠯᠡᠯ ᠤᠨ ᠶᠡᠷᠤᠩᠭᠡᠢ ᠦᠷᠳᠡᠭ ᠤᠨ ᠨᠡᠬᠦᠷᠡᠰᠦᠳᠦ᠋ᠷᠦᠭᠴᠢ ᠶᠢᠨ ᠲᠠᠪᠬᠤᠷ ᠢᠰᠤᠯ ᠢ ᠭᠠᠳᠠᠬᠰᠢᠯᠠᠭᠤᠯᠬᠤ | ᠬᠡᠮᠵᠢᠶ᠎ᠡ ᠶᠢ 2005 ᠤᠨ ᠤ ᠬᠢ ᠠᠴᠠ 65% ᠢᠯᠡᠬᠦᠦ ᠲᠤᠷᠤᠬᠰᠢᠯᠠᠭᠤᠯᠵᠤ᠂ ᠴᠢᠯᠠᠭᠤᠵᠢᠮᠠᠯ ᠪᠤᠰᠤ | ᠡᠨᠧᠷᠬᠢ ᠶᠢᠨ ᠠᠩᠬᠠᠳᠠᠬᠴᠢ ᠡᠨᠧᠷᠬᠢ ᠶᠢᠨ ᠭᠡᠷᠡᠭᠯᠡᠭᠡ ᠳᠠᠬᠢ ᠡᠵᠡᠯᠡᠬᠦ ᠬᠠᠷᠢᠴᠠᠯ ᠢ 25% ᠰᠢᠬᠠᠮ ᠳᠤ ᠬᠦᠷᠭᠡᠵᠤ᠂ | ᠤᠢ ᠰᠢᠭᠤᠢ ᠶᠢᠨ ᠬᠠᠳᠠᠭᠠᠯᠠᠬᠳᠠᠴᠠ ᠶᠢ 2005 ᠤᠨ ᠤ ᠬᠢ ᠠᠴᠠ 60 ᠳ᠋ᠦᠡᠭᠰᠢᠭᠤᠷ ᠪᠤᠰᠤᠭ᠎ᠠ ᠲᠦᠷᠪᠡᠯᠵᠢᠨ | ᠮᠧᠲᠷ ᠨᠡᠮᠡᠭᠳᠡᠬᠦᠯᠵᠤ᠂ ᠰᠠᠯᠬᠢᠨ ᠬᠦᠴᠤ ᠪᠠᠷ ᠴᠠᠬᠢᠯᠭᠠᠨ ᠭᠠᠷᠭᠠᠬᠤ᠂ ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ | ᠮᠠᠰᠢᠨ ᠴᠤᠬᠴᠠᠯᠠᠪᠤᠷᠢ ᠶᠢᠨ ᠶᠡᠷᠤᠩᠭᠡᠢ ᠭᠡᠮᠵᠢᠶ᠎ᠠ ᠶᠢ 12 ᠳ᠋ᠦᠡᠭᠰᠢᠭᠤᠷ ᠺᠢᠯᠤᠸᠠᠲ ᠠᠴᠠ ᠲᠡᠭᠡᠭᠰᠢ ᠳᠤ ᠬᠦᠷᠭᠡᠨ᠎ᠡ | ᠭᠡᠵᠦ ᠤᠯᠠᠮ ᠴᠢᠨᠠᠬᠰᠢᠳᠠ ᠨᠡᠶᠢᠳᠡᠯᠡᠰᠦᠭᠡᠢ᠃ | ᠳᠤᠮᠳᠠᠳᠤ ᠤᠯᠤᠰ ᠶᠠᠷᠤ ᠠᠴᠠ ᠢᠳᠡᠬᠡᠯ ᠲᠠᠢ ᠪᠠᠶᠢᠬᠤ ᠶᠢ ᠴᠢᠬᠤᠯᠠᠴᠢᠯᠠᠵᠤ ᠠᠮᠠᠯᠠᠯᠳᠠ ᠪᠠᠨ ᠰᠠᠬᠢᠵᠤ᠂ | ᠰᠢᠨ᠎ᠠ ᠬᠦᠭᠵᠢᠯᠳᠠ ᠶᠢᠨ ᠤᠢᠢᠯᠠᠭᠠᠭᠳᠠᠬᠤᠨ ᠢᠶᠠᠷ ᠤᠳᠤᠷᠢᠳᠤᠮᠵᠢ ᠪᠤᠯᠭᠠᠵᠤ᠂ ᠴᠢᠨᠠᠷ ᠰᠠᠶᠢᠳᠠᠢ ᠬᠦᠭᠵᠢᠯᠳᠠ ᠶᠢ | ᠠᠬᠢᠭᠤᠯᠬᠤ ᠶᠠᠪᠤᠴᠠ ᠳᠤ ᠠᠵᠤ ᠠᠬᠤᠢ ᠨᠡᠶᠢᠬᠡᠮ ᠤᠨ ᠬᠦᠭᠵᠢᠯᠳᠠ ᠶᠢᠨ ᠪᠦᠬᠦ ᠲᠠᠯ᠎ᠠ ᠪᠠᠷ ᠪᠤᠬᠢᠷᠳᠤᠯ ᠦᠬᠡᠢ | ᠬᠦᠭᠵᠢᠯᠳᠠ ᠲᠡᠶᠢᠰᠢ ᠰᠢᠯᠵᠢᠬᠦ ᠶᠢ ᠠᠬᠢᠭᠤᠯᠵᠤ᠂ ᠲᠡᠭᠡᠷ᠎ᠠ ᠲᠤᠷᠠᠳᠤᠬᠰᠠᠨ ᠬᠠᠷᠠᠯᠳᠠ ᠶᠢ ᠯᠠᠪᠳᠠᠭᠤᠨ ᠪᠠᠳᠤᠳᠠᠢ | ᠨᠠᠶᠢᠳᠠᠪᠤᠷᠢᠵᠢᠭᠤᠯᠵᠤ᠂ ᠪᠦᠬᠦ ᠪᠦᠮᠪᠦᠷᠴᠡᠭ ᠤᠨ ᠠᠭᠤᠷ ᠠᠮᠢᠰᠬᠤᠯ ᠤᠨ ᠬᠤᠪᠢᠷᠠᠯᠳᠠ ᠶᠢ ᠠᠷᠭᠠᠴᠠᠭᠠᠬᠤ ᠳᠤ ᠨᠡᠩ | ᠶᠡᠭᠡ ᠬᠤᠪᠢ ᠨᠡᠮᠡᠷᠢ ᠦᠵᠡᠬᠦᠯᠤᠨ᠎ᠠ ᠬᠡᠵᠤ ᠴᠢᠬᠤᠯᠠᠴᠢᠯᠠᠪᠠ᠃ | ᠰᠢ ᠶᠢᠨ ᠫᠢᠩ ᠶᠠᠷᠢᠶᠠᠨ ᠤ ᠪᠠᠨ ᠲᠡᠬᠦᠰᠬᠡᠯ ᠳᠤ᠂ ︽ᠬᠦᠬᠡ ᠲᠡᠭᠷᠢ ᠦᠭᠡ ᠬᠡᠯᠡᠵᠦ ᠴᠢᠳᠠᠬᠤ ᠦᠭᠡᠢ | ᠪᠤᠯᠪᠠᠴᠤ ᠲᠦᠷᠪᠡᠨ ᠤᠯᠠᠷᠢᠯ ᠬᠡᠪ ᠢᠶᠠᠷ ᠤᠷᠴᠢᠵᠤ᠂ ᠬᠦᠷᠤᠰᠤᠳᠤ ᠲᠡᠯᠡᠬᠡᠢ ᠦᠭᠡ ᠬᠡᠯᠡᠵᠦ ᠴᠢᠳᠠᠬᠤ ᠦᠭᠡᠢ | ᠪᠤᠯᠪᠠᠴᠦ ᠲᠦᠮᠡᠨ ᠪᠤᠳᠠᠰ ᠵᠢᠮ᠎ᠡ ᠪᠠᠷ ᠠᠮᠢᠯᠠᠨ᠎ᠠ︾᠃ ᠲᠡᠯᠡᠬᠡᠢ ᠶᠢᠨ ᠪᠦᠮᠪᠦᠷᠴᠡᠭ ᠪᠤᠯ ᠬᠦᠮᠤᠨ ᠲᠦᠷᠤᠯᠬᠢᠳᠠᠨ ᠤ | ᠬᠠᠮᠳᠤ ᠶᠢᠨ ᠴᠤᠷ ᠤᠨ ᠭᠠᠭᠴᠠ ᠭᠡᠷ ᠤᠷᠤᠨ ᠶᠤᠮ᠃ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠬᠡᠬᠡᠨ | ᠦᠭᠴᠤ᠂ ᠮᠦᠷᠤ ᠵᠡᠷᠬᠡᠴᠡᠨ ᠤᠷᠤᠬᠰᠢᠯᠠᠵᠤ᠂ ︽ᠫᠠᠷᠢᠰ ᠤᠨ ᠬᠡᠯᠡᠯᠴᠡᠬᠡᠷ︾ ᠯᠠᠪᠳᠠᠭᠤᠨ ᠪᠠᠳᠤᠳᠠᠢ ᠪᠠᠷ | ᠬᠡᠷᠡᠭᠵᠢᠭᠦᠯᠦᠭᠳᠡᠬᠦ ᠳᠤ ᠬᠦᠴᠤ ᠨᠠᠮᠡᠷᠢᠯᠠᠵᠤ᠂ ᠪᠦᠬᠦ ᠪᠦᠮᠪᠦᠷᠴᠡᠭ ᠤᠨ ᠠᠭᠤᠷ ᠠᠮᠢᠰᠬᠤᠯ ᠤᠨ ᠬᠤᠪᠢᠷᠠᠯᠳᠠ ᠶᠢ | ᠠᠷᠠᠭᠠᠴᠠᠭᠠᠬᠤ ᠰᠢᠨ᠎ᠠ ᠠᠶᠠᠨ ᠢ ᠡᠬᠢᠯᠡᠬᠦᠯᠤᠶᠠ︕ ᠬᠡᠵᠤ ᠴᠢᠬᠤᠯᠠᠴᠢᠯᠠᠪᠠ᠃ | ᠠᠭᠤᠷ ᠠᠮᠢᠰᠬᠤᠯ ᠤᠨ ᠬᠤᠪᠢᠷᠠᠯᠳᠠ ᠶᠢ ᠠᠷᠠᠭᠠᠴᠠᠭᠠᠬᠤ ᠠᠤᠭ᠎ᠠ ᠰᠠᠨᠠᠭ᠎ᠠ ᠡᠷᠡᠯᠭᠡᠭ ᠵᠤᠷᠢᠬ ᠢ ᠬᠦᠪᠴᠢᠯᠡᠬᠦ | ᠲᠦᠷᠤᠬᠦᠴᠤᠳ ᠤᠨ ᠬᠤᠷᠠᠯ ᠢ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠵᠢᠴᠢ ᠬᠤᠯᠪᠤᠬᠳᠠᠯ ᠪᠦᠬᠦᠢ | ᠤᠯᠤᠰ ᠤᠳ ᠤᠨ ᠰᠠᠨᠠᠭᠠᠴᠢᠯᠠᠭ᠎ᠠ ᠪᠠᠷ ᠬᠢᠵᠤ᠂ ︽ᠫᠠᠷᠢᠰ ᠤᠨ ᠬᠡᠯᠡᠯᠴᠡᠬᠡᠷ︾ ᠢ ᠲᠤᠬᠢᠷᠠᠯᠴᠠᠬᠰᠠᠨ 5 ᠵᠢᠯ ᠤᠨ | ᠤᠢ ᠶᠢ ᠲᠤᠷᠠᠰᠬᠠᠵᠤ᠂ ᠲᠡᠯᠡᠬᠡᠢ ᠨᠡᠶᠢᠬᠡᠮ ᠢ ᠴᠢᠨᠠᠬᠰᠢᠳᠠ ᠲᠠᠶᠢᠴᠢᠯᠠᠨ ᠠᠭᠤᠷ ᠠᠮᠢᠰᠬᠤᠯ ᠤᠨ ᠠᠵᠢᠯᠯᠠᠭ᠎ᠠ ᠪᠠᠨ | ᠴᠢᠩᠭᠠᠳᠬᠠᠵᠤ᠂ ᠤᠯᠠᠨ ᠲᠠᠯ᠎ᠠ ᠶᠢᠨ ᠠᠬᠢᠴᠠ ᠶᠢ ᠠᠬᠢᠭᠤᠯᠬᠤ ᠪᠠᠷ ᠵᠤᠷᠢᠯᠳᠠ ᠪᠠᠨ ᠪᠤᠯᠭᠠᠵᠠᠢ᠃ | |