12 ᠰᠠᠷ᠎ᠠ ᠶᠢᠨ 14 ᠤ ᠦᠳᠡ ᠶᠢᠨ ᠡᠮᠦᠨ᠎ᠠ᠂ ᠪᠦᠬᠦ ᠤᠷᠤᠨ ᠤ ︽ᠭᠡᠷᠡᠯ ᠭᠡᠭᠡ ᠶᠢᠨ ᠠᠶᠠᠯᠠᠯ︾ | ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠳ᠋ᠦᠩᠨᠡᠨ ᠬᠦᠬᠢᠬᠦᠯᠦᠨ ᠰᠠᠶᠢᠰᠢᠶᠠᠬᠤ ᠬᠤᠷᠠᠯ | ᠬᠦᠬᠡᠬᠤᠳᠠ ᠳᠤ ᠬᠤᠷᠠᠯᠳᠤᠵᠦ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠪᠤᠯᠤᠨ ᠤᠯᠠᠭᠠᠨ ᠰᠠᠷ᠎ᠠ ᠨᠡᠶᠢᠭᠡᠮᠯᠢᠭ ᠤᠨ | ᠤᠯᠠᠨ ᠤᠯᠤᠰ ᠤᠨ ᠬᠤᠯᠪᠤᠭᠠᠳᠦ ᠬᠤᠷᠠᠯ ᠤᠨ ᠵᠡᠬᠦᠨ ᠠᠽᠢᠶ᠎ᠠ ᠶᠢᠨ ᠭᠠᠵᠠᠷ ᠤᠷᠤᠨ ᠤ ᠲᠦᠯᠦᠭᠡᠯᠡᠭᠴᠢᠳ ᠤᠨ | ᠭᠠᠵᠠᠷ᠂ ᠠᠽᠢᠶ᠎ᠠ ᠲᠢᠪ ᠤᠨ ᠬᠠᠷᠠᠭ᠎ᠠ ᠠᠯᠳᠠᠬᠤ ᠶᠢ ᠰᠡᠷᠭᠡᠶᠢᠯᠡᠬᠦ ᠰᠠᠭᠤᠷᠢ ᠮᠦᠩᠬᠦᠨ ᠤ ᠨᠡᠶᠢᠭᠡᠮᠯᠢᠭ᠂ ᠳᠤᠮᠳᠠᠳᠤ | ᠤᠯᠤᠰ ᠤᠨ ᠤᠯᠠᠭᠠᠨ ᠵᠠᠭᠠᠯᠮᠠᠶᠢᠳᠠᠨ ᠤ ᠶᠡᠷᠦᠩᠭᠡᠢ ᠨᠡᠶᠢᠭᠡᠮᠯᠢᠭ ᠠᠴᠠ ᠶᠡᠭᠡ ᠬᠤᠷᠠᠯ ᠳᠤ ᠪᠠᠶᠠᠷ ᠤᠨ ᠵᠠᠬᠢᠳᠠᠯ | ᠢᠷᠡᠬᠦᠯᠪᠡ᠂ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ 45 | ᠲᠡᠷᠢᠬᠦᠨ ᠤ ᠬᠠᠮᠳᠦ ᠪᠠ 80 ᠲᠡᠷᠢᠬᠦᠨ ᠤ ᠬᠤᠪᠢ ᠬᠦᠮᠦᠨ ᠬᠦᠬᠢᠬᠦᠯᠦᠭᠳᠡᠨ ᠰᠠᠶᠢᠰᠢᠶᠠᠬᠳᠠᠵᠠᠢ᠃ | | | | ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠨᠡᠷ᠎ᠠ | ᠬᠦᠨᠳᠦᠳᠦ ᠳᠠᠷᠤᠭ᠎ᠠ᠂ ᠪᠦᠬᠦ ᠤᠷᠤᠨ ᠤ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ | ᠠᠰᠠᠷᠠᠮᠵᠢ ᠶᠢᠨ ᠠᠵᠢᠯᠯᠠᠭ᠎ᠠ ᠶᠢᠨ ᠵᠤᠬᠢᠶᠠᠨ ᠪᠠᠶᠢᠭᠤᠯᠬᠤ ᠺᠤᠮᠢᠰ ᠤᠨ ᠡᠷᠬᠢᠯᠡᠭᠴᠢ ᠭᠡᠰᠢᠬᠦᠨ ᠪᠦ᠋ ᠰᠢᠶᠤᠤ ᠯᠢᠨ | ᠬᠦᠬᠢᠬᠦᠯᠦᠨ ᠰᠠᠶᠢᠰᠢᠶᠠᠬᠤ ᠬᠤᠷᠠᠯ ᠳᠤ ᠤᠷᠤᠯᠴᠠᠬᠤ ᠶᠢᠨ ᠬᠠᠮᠳᠦ ᠶᠠᠷᠢᠶ᠎ᠠ ᠲᠠᠯᠪᠢᠵᠦ᠂ ᠦᠪᠡᠷᠲᠡᠭᠡᠨ ᠵᠠᠰᠠᠬᠤ | ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠨᠢᠭᠡᠳᠦᠮᠡᠯ ᠹᠷᠤᠨᠲ ᠤᠨ ᠭᠡᠯᠳᠡᠰ ᠤᠨ ᠳᠠᠷᠤᠭ᠎ᠠ | ᠳ᠋ᠤᠸᠠᠨ ᡁᠢ ᠴᠢᠶᠠᠩ ᠬᠤᠷᠠᠯ ᠢ ᠡᠷᠬᠢᠯᠡᠨ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ᠂ ᠤᠯᠠᠭᠠᠨ | ᠵᠠᠭᠠᠯᠮᠠᠶᠢᠳᠠᠨ ᠤ ᠨᠡᠶᠢᠭᠡᠮᠯᠢᠭ ᠤᠨ ᠳᠠᠷᠤᠭ᠎ᠠ᠂ ᠪᠦᠬᠦ ᠤᠷᠤᠨ ᠤ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ | ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠵᠤᠬᠢᠶᠠᠨ ᠪᠠᠶᠢᠭᠤᠯᠬᠤ ᠺᠤᠮᠢᠰ ᠤᠨ ᠳᠡᠳ᠋ ᠡᠷᠬᠢᠯᠡᠭᠴᠢ ᠭᠡᠰᠢᠬᠦᠨ ᠡᠸᠦ | ᠶᠠᠩ ᠰᠢᠶᠤᠤ ᠬᠤᠢ ᠠᠵᠢᠯᠯᠠᠭ᠎ᠠ ᠦᠷᠨᠢᠬᠦᠯᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠬᠦᠬᠢᠬᠦᠯᠦᠭᠳᠡᠨ | ᠰᠠᠶᠢᠰᠢᠶᠠᠬᠳᠠᠭᠰᠠᠨ ᠲᠡᠷᠢᠬᠦᠨ ᠤ ᠬᠠᠮᠳᠦ ᠪᠠ ᠠᠰᠢᠬ ᠬᠦᠷᠳᠡᠭᠰᠡᠨ ᠡᠪᠡᠳᠴᠢᠳᠡᠨ ᠤ ᠲᠦᠯᠦᠭᠡᠯᠡᠭᠴᠢ ᠦᠭᠡ | ᠭᠡᠯᠡᠵᠡᠢ᠃ | ᠪᠦ᠋ ᠰᠢᠶᠤᠤ ᠯᠢᠨ᠂ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ | ᠠᠵᠢᠯᠯᠠᠭ᠎ᠠ ᠶᠢ ᠡᠬᠢᠯᠡᠵᠦ ᠭᠡᠷᠡᠭᠵᠢᠬᠦᠯᠦᠭᠰᠡᠨ ᠲᠠᠪᠤᠨ ᠵᠢᠯ ᠤᠨ ᠲᠤᠷᠰᠢ᠂ ᠦᠷᠭᠡᠨ ᠤᠯᠠᠨ ᠬᠠᠯᠠᠭᠤᠨ ᠰᠡᠳᠬᠢᠯᠳᠦ | ᠠᠵᠤ ᠠᠬᠤᠢᠢᠯᠠᠯ ᠪᠠ ᠬᠠᠯᠠᠭᠤᠨ ᠰᠡᠳᠬᠢᠯᠳᠦ ᠬᠦᠮᠦᠰ ᠢᠳᠡᠪᠬᠢᠳᠠᠢ ᠤᠷᠤᠯᠴᠠᠵᠦ᠂ ᠪᠤᠳᠠᠳᠤ ᠠᠵᠢᠯᠯᠠᠭ᠎ᠠ ᠪᠠᠷ ᠢᠶᠠᠨ | ᠨᠡᠶᠢᠭᠡᠮ ᠤᠨ ᠬᠠᠷᠢᠭᠤᠴᠠᠯᠭ᠎ᠠ ᠪᠠᠨ ᠬᠦᠢᠴᠡᠳᠭᠡᠵᠦ᠂ ᠬᠠᠶᠢᠷ᠎ᠠ ᠬᠠᠯᠠᠮᠵᠢ ᠪᠠ ᠡᠨᠡᠷᠢᠩᠬᠦᠢ ᠰᠡᠳᠬᠢᠯ ᠢ ᠳᠠᠮᠵᠢᠭᠤᠯᠵᠠᠢ︔ | ᠦᠷᠭᠡᠨ ᠤᠯᠠᠨ ᠡᠮᠴᠢᠯᠡᠭᠡᠨ ᠤ ᠠᠵᠢᠯᠳᠠᠨ᠂ ᠰᠠᠶᠢᠨ ᠳᠤᠷᠠᠴᠤᠳ ᠶᠠᠳᠠᠷᠠᠯ ᠵᠦᠳᠡᠷᠡᠯ ᠢ ᠬᠠᠶᠢᠬᠤᠷᠤᠯ ᠦᠭᠡᠢ᠂ | ᠬᠠᠯᠠᠭᠤᠮᠰᠤᠬ ᠢᠶᠠᠷ ᠦᠢᠯᠡᠴᠢᠯᠡᠵᠦ᠂ ᠶᠠᠳᠠᠭᠤ ᠬᠦᠴᠢᠷᠳᠡᠯᠲᠠᠢ ᠴᠠᠭᠠᠨ ᠬᠠᠷᠠᠩ ᠡᠪᠡᠳᠴᠢᠳᠡᠨ ᠢ ᠬᠠᠪᠰᠤᠷᠤᠨ ᠲᠠᠬᠢᠨ | ᠬᠠᠷᠠᠭ᠎ᠠ ᠤᠷᠤᠭᠤᠯᠵᠦ᠂ ︽ᠨᠢᠭᠡ ᠬᠦᠮᠦᠨ ᠳᠤ ᠬᠠᠷᠠᠭ᠎ᠠ ᠤᠷᠤᠭᠤᠯᠤᠨ᠂ ᠨᠢᠭᠡ ᠭᠡᠷ ᠢ ᠠᠵᠠ ᠵᠢᠷᠭᠠᠯ ᠲᠠᠢ ᠪᠤᠯᠭᠠᠬᠤ︾ | ᠰᠠᠶᠢᠨ ᠰᠠᠶᠢᠬᠠᠨ ᠨᠡᠶᠢᠭᠡᠮ ᠤᠨ ᠦᠷ᠎ᠠ ᠠᠰᠢᠬ ᠢ ᠪᠡᠶᠡᠯᠡᠬᠦᠯᠦᠨ᠂ ᠨᠡᠶᠢᠭᠡᠮ ᠤᠨ ᠬᠦᠴᠦᠨ ᠤ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠤ ᠤᠷᠤᠯᠴᠠᠬᠤ ᠠᠮᠵᠢᠯᠳᠠᠳᠠᠢ ᠵᠠᠬᠪᠤᠷ ᠢ ᠬᠠᠶᠢᠨ ᠰᠦᠪᠡᠭᠴᠢᠯᠡᠵᠦ᠂ | ᠪᠦᠬᠦ ᠨᠡᠶᠢᠭᠡᠮ ᠢ ᠲᠠᠶᠢᠴᠢᠯᠠᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠦ | ᠲᠠᠶᠢᠯᠠᠯᠳᠤᠭᠠᠨ ᠬᠢᠵᠦ ᠰᠢᠢᠳᠪᠤᠷᠢᠳᠦ ᠢᠯᠠᠯᠳᠠ ᠶᠢ ᠤᠯᠬᠤ ᠳᠤ ᠦᠳᠭᠡᠨ ᠵᠤᠵᠠᠭᠠᠨ ᠠᠭᠤᠷ ᠠᠮᠢᠰᠬᠤᠯ ᠢ | ᠪᠦᠷᠢᠯᠳᠦᠬᠦᠯᠦᠨ ᠦᠭᠴᠠᠢ᠃ 2018 ᠤᠨ ᠠᠴᠠ ᠡᠬᠢᠯᠡᠵᠦ ᠭᠡᠷᠡᠭᠵᠢᠬᠦᠯᠦᠭᠰᠡᠨ ︽ᠨᠢᠭᠡ ᠪᠦᠰᠡ ᠨᠢᠭᠡ ᠵᠠᠮ · | ᠭᠡᠷᠡᠯ ᠭᠡᠭᠡ ᠶᠢᠨ ᠠᠶᠠᠯᠠᠯ︾ ᠤᠨ ᠮᠤᠩᠭᠤᠯ ᠤᠯᠤᠰ ᠲᠠᠬᠢ ᠠᠵᠢᠯᠯᠠᠭ᠎ᠠ ᠨᠢ ᠬᠦᠮᠦᠨ ᠲᠦᠷᠦᠯᠬᠢᠳᠡᠨ ᠤ ᠬᠤᠪᠢ | ᠵᠠᠶᠠᠭᠠᠨ ᠤ ᠬᠠᠮᠳᠦ ᠶᠢᠨ ᠴᠤᠬᠴᠠ ᠶᠢᠨ ᠤᠢᠢᠯᠠᠭᠠᠭᠳᠠᠬᠤᠨ ᠢ ᠳᠠᠮᠵᠢᠭᠤᠯᠬᠤ᠂ ᠳᠤᠮᠳᠠᠳᠤ ᠮᠤᠩᠭᠤᠯ ᠬᠤᠶᠠᠷ | ᠤᠯᠤᠰ ᠤᠨ ᠠᠷᠠᠳ ᠲᠦᠮᠡᠨ ᠤ ᠨᠦᠬᠦᠷᠯᠡᠯ ᠢ ᠵᠤᠵᠠᠭᠠᠳᠬᠠᠬᠤ᠂ ︽ᠨᠢᠭᠡ ᠪᠦᠰᠡ ᠨᠢᠭᠡ ᠵᠠᠮ︾ ᠤᠨ ᠪᠦᠳᠦᠭᠡᠨ | ᠪᠠᠶᠢᠭᠤᠯᠤᠯᠳᠠ ᠶᠢ ᠠᠬᠢᠭᠤᠯᠬᠤ ᠴᠢᠬᠤᠯᠠ ᠠᠴᠢᠶᠠᠯᠠᠪᠤᠷᠢ ᠪᠤᠯᠵᠠᠢ ᠭᠡᠵᠦ ᠵᠢᠭᠠᠵᠦ ᠭᠠᠷᠭᠠᠪᠠ᠃ | | | | ᠪᠦ᠋ ᠰᠢᠶᠤᠤ ᠯᠢᠨ᠂ ᠲᠤᠰ ᠤᠳᠠᠭ᠎ᠠ ᠶᠢᠨ ᠳ᠋ᠦᠩᠨᠡᠨ ᠬᠦᠬᠢᠬᠦᠯᠦᠨ ᠰᠠᠶᠢᠰᠢᠶᠠᠬᠤ ᠠᠵᠢᠯᠯᠠᠭ᠎ᠠ ᠪᠠᠷ ︽ᠭᠡᠷᠡᠯ | ᠭᠡᠭᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠰᠢᠨ᠎ᠠ ᠭᠠᠷᠤᠭ᠎ᠠ ᠪᠤᠯᠭᠠᠵᠦ᠂ | ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠳᠠᠯᠠᠨ᠂ ᠬᠠᠶᠢᠷ᠎ᠠ ᠬᠠᠯᠠᠮᠵᠢ ᠶᠢ ᠳᠠᠮᠵᠢᠭᠤᠯᠵᠦ᠂ | ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢ ᠪᠠᠶᠢᠩᠭᠤᠵᠢᠭᠤᠯᠬᠤ | ᠭᠡᠷᠡᠭᠲᠡᠢ᠃ ᠠᠷᠠᠳ ᠤᠯᠠᠨ ᠤ ᠬᠦᠮᠦᠯᠢᠭ ᠦᠵᠡᠯ ᠤᠨ ᠦᠢᠯᠡᠴᠢᠯᠡᠭᠡᠨ ᠤ ᠰᠢᠨ᠎ᠠ ᠭᠡᠷᠡᠭᠴᠡᠭᠡ ᠶᠢᠨ ᠲᠤᠭᠤᠷᠢᠨ ᠳᠤ᠂ | ᠨᠡᠶᠢᠭᠡᠮ ᠤᠨ ᠡᠯ᠎ᠠ ᠡᠳᠡᠭᠡᠳ ᠤᠨ ᠬᠠᠶᠢᠷ᠎ᠠ ᠬᠠᠯᠠᠮᠵᠢ ᠪᠠ ᠬᠦᠴᠦᠨ ᠴᠢᠳᠠᠯ ᠢ ᠬᠦᠢᠴᠡᠳ ᠵᠤᠬᠢᠴᠠᠭᠤᠯᠤᠨ᠂ | ᠲᠤᠬᠢᠷᠠᠭᠤᠯᠵᠦ᠂ ᠨᠢᠬᠳᠠᠷᠠᠭᠤᠯᠤᠨ᠂ ᠨᠢᠭᠡ ᠪᠦᠯᠦᠭ ᠬᠦᠮᠦᠯᠢᠭ ᠦᠵᠡᠯ ᠤᠨ ᠠᠪᠤᠷᠠᠨ ᠲᠤᠰᠠᠯᠠᠬᠤ ᠰᠢᠨ᠎ᠠ ᠲᠦᠷᠦᠯ | ᠵᠦᠢᠯ ᠢ ᠡᠬᠢᠯᠡᠬᠦᠯᠦᠨ ᠭᠡᠷᠡᠭᠵᠢᠬᠦᠯᠬᠦ ᠭᠡᠷᠡᠭᠲᠡᠢ᠃ ᠤᠯᠠᠨ ᠰᠠᠯᠠᠭ᠎ᠠ ᠮᠦᠴᠢᠷ ᠤᠷᠤᠯᠴᠠᠭᠰᠠᠨ ᠬᠤᠷᠰᠢᠯᠴᠠᠭᠠᠨ ᠤ | ᠲᠤᠭᠳᠠᠴᠠ ᠶᠢ ᠪᠠᠶᠢᠭᠤᠯᠵᠦ᠂ ᠨᠢᠳᠤ ᠪᠠᠨ ᠬᠠᠮᠠᠭᠠᠯᠠᠬᠤ ᠠᠵᠢᠯᠯᠠᠭ᠎ᠠ ᠶᠢ ᠬᠦᠨᠵᠡᠭᠡᠢ ᠦᠷᠨᠢᠬᠦᠯᠦᠨ᠂ ᠭᠡᠦᠭᠡᠳ | ᠪᠠᠭᠠᠴᠤᠳ᠂ ᠵᠠᠯᠠᠭᠤᠴᠤᠳ ᠤᠨ ᠨᠢᠳᠤ ᠪᠠᠨ ᠡᠷᠡᠬᠦᠯ ᠢᠶᠠᠷ ᠭᠡᠷᠡᠭᠯᠡᠬᠦ᠂ ᠤᠢᠢᠷ᠎ᠠ ᠬᠠᠷᠠᠭ᠎ᠠ ᠶᠢ ᠤᠷᠢᠳᠴᠢᠯᠠᠨ | ᠰᠡᠷᠭᠡᠶᠢᠯᠡᠬᠦ ᠶᠢ ᠰᠠᠨᠠᠭᠠᠴᠢᠯᠠᠵᠦ᠂ ᠨᠢᠳᠤᠨ ᠤ ᠡᠷᠡᠬᠦᠯ ᠮᠡᠨᠳᠦ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠬᠦ | ᠭᠡᠷᠡᠭᠲᠡᠢ᠃ ︽ᠨᠢᠭᠡ ᠪᠦᠰᠡ ᠨᠢᠭᠡ ᠵᠠᠮ · ᠭᠡᠷᠡᠯ ᠭᠡᠭᠡ ᠶᠢᠨ ᠠᠶᠠᠯᠠᠯ︾ ᠤᠨ ᠮᠤᠩᠭᠤᠯ ᠤᠯᠤᠰ ᠲᠠᠬᠢ | ᠠᠵᠢᠯᠯᠠᠭ᠎ᠠ ᠶᠢ ᠦᠷᠬᠦᠯᠵᠢᠯᠡᠨ ᠠᠬᠢᠭᠤᠯᠵᠦ᠂ ᠰᠤᠶᠤᠯ ᠢᠷᠭᠡᠨᠰᠢᠯ ᠤᠨ ᠨᠡᠪᠳᠡᠷᠡᠯᠴᠡᠭᠡ ᠶᠢ ᠠᠬᠢᠭᠤᠯᠬᠤ᠂ ︽ᠲᠤᠷᠭᠠᠨ | ᠵᠠᠮ ᠤᠨ ᠠᠵᠤ ᠠᠬᠤᠢ ᠶᠢᠨ ᠪᠦᠰᠡ︾ ᠶᠢ ᠬᠠᠮᠳᠤ ᠪᠠᠷ ᠪᠦᠳᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠬᠦᠬᠦ | ᠭᠡᠷᠡᠭᠲᠡᠢ ᠭᠡᠵᠦ ᠴᠢᠬᠤᠯᠠᠴᠢᠯᠠᠪᠠ᠃ | ᠪᠦ᠋ ᠰᠢᠶᠤᠤ ᠯᠢᠨ᠂ ᠦᠷᠭᠡᠨ ᠤᠯᠠᠨ ᠡᠮᠴᠢᠯᠡᠭᠡᠨ ᠤ ᠠᠵᠢᠯᠳᠠᠨ᠂ ᠤᠯᠠᠭᠠᠨ ᠵᠠᠭᠠᠯᠮᠠᠶᠢᠳᠠᠨ ᠤ ᠰᠠᠶᠢᠨ | ᠳᠤᠷᠠᠴᠤᠳ ᠡᠷᠬᠢᠮ ᠳᠡᠭᠡᠳᠦ ᠬᠦᠮᠦᠯᠢᠭ ᠦᠵᠡᠯ ᠤᠨ ᠡᠬᠦᠷᠭᠡ ᠬᠠᠷᠢᠭᠤᠴᠠᠯᠭ᠎ᠠ᠂ ᠠᠷᠠᠳ ᠤᠨ ᠲᠦᠯᠦᠭᠡ ᠭᠡᠬᠦ ᠴᠢᠩ | ᠦᠨᠡᠨᠴᠢ ᠬᠠᠶᠢᠷ᠎ᠠ ᠰᠡᠳᠬᠢᠯᠭᠡ ᠪᠠᠷ ᠦᠷᠭᠡᠨ ᠤᠯᠠᠨ ᠠᠷᠠᠳ ᠲᠦᠮᠡᠨ ᠳᠤ ᠨᠡᠩ ᠰᠢᠯᠢᠳᠡᠭ ᠦᠢᠯᠡᠴᠢᠯᠡᠭᠡ ᠬᠠᠩᠭᠠᠬᠤ | ᠭᠡᠷᠡᠭᠲᠡᠢ᠃ ᠡᠯ᠎ᠠ ᠱᠠᠳᠤᠨ ᠤ ᠵᠠᠰᠠᠭ ᠤᠨ ᠤᠷᠳᠤᠨ ᠪᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ︽ᠭᠡᠷᠡᠯ | ᠭᠡᠭᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢ ᠪᠦᠬᠦ ᠬᠦᠴᠦᠨ ᠢᠶᠠᠷ ᠳᠠᠮᠵᠢᠵᠦ᠂ | ᠶᠡᠭᠡ ᠪᠠᠷ ᠤᠬᠠᠭᠤᠯᠤᠨ᠂ ᠨᠡᠩ ᠤᠯᠠᠨ ᠨᠡᠶᠢᠭᠡᠮ ᠤᠨ ᠵᠤᠬᠢᠶᠠᠨ ᠪᠠᠶᠢᠭᠤᠯᠤᠯᠳᠠ᠂ ᠠᠵᠤ ᠠᠬᠤᠢᠢᠯᠠᠯ ᠪᠠ ᠬᠤᠪᠢ | ᠬᠦᠮᠦᠨ ᠨᠡᠶᠢᠳᠠ ᠶᠢᠨ ᠠᠰᠠᠷᠠᠮᠵᠢ ᠶᠢᠨ ᠦᠢᠯᠡᠰ ᠲᠤ ᠤᠷᠤᠯᠴᠠᠬᠤ ᠶᠢ ᠵᠤᠷᠢᠬᠵᠢᠭᠤᠯᠬᠤ ᠭᠡᠷᠡᠭᠲᠡᠢ ᠭᠡᠵᠦ | ᠴᠢᠬᠤᠯᠠᠴᠢᠯᠠᠪᠠ᠃ | ᠤᠢᠢᠯᠠᠭᠠᠭᠰᠠᠨ ᠢᠶᠠᠷ᠂ ᠪᠦᠬᠦ ᠤᠷᠤᠨ ᠤ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ | ᠠᠰᠠᠷᠠᠮᠵᠢ ᠶᠢᠨ ᠠᠵᠢᠯᠯᠠᠭ᠎ᠠ ᠶᠢ 2015 ᠤᠨ ᠤ 6 ᠰᠠᠷ᠎ᠠ ᠳᠤ ᠡᠬᠢᠯᠡᠵᠦ ᠭᠡᠷᠡᠭᠵᠢᠬᠦᠯᠦᠭᠰᠡᠨ ᠠᠴᠠ ᠨᠠᠭᠠᠰᠢ᠂ | ᠴᠠᠭᠠᠨ ᠬᠠᠷᠠᠩ ᠡᠪᠡᠳᠴᠢᠳᠡᠨ ᠳᠤ ᠬᠠᠷᠠᠭ᠎ᠠ ᠤᠷᠤᠭᠤᠯᠬᠤ 30274 ᠤᠳᠠᠭ᠎ᠠ ᠶᠢᠨ ᠰᠦᠢᠳᠭᠡᠯ ᠬᠤᠷᠢᠶᠠᠬᠤ ᠦᠭᠡᠢ | ᠮᠡᠰᠡ ᠵᠠᠰᠠᠯ ᠬᠢᠵᠦ᠂ ᠪᠦᠬᠦ ᠤᠷᠤᠨ ᠤ ᠲᠠᠩᠰᠠᠯᠠᠵᠦ ᠺᠠᠷᠲᠯᠠᠭᠰᠠᠨ ᠶᠠᠳᠠᠭᠤ ᠬᠦᠴᠢᠷᠳᠡᠯᠳᠠᠢ ᠡᠷᠦᠭᠡ ᠶᠢ ᠪᠦᠬᠦᠨ ᠢ | ᠬᠠᠮᠤᠷᠴᠠᠢ︔ ᠨᠡᠶᠢᠳᠡ 66.62 ᠲᠦᠮᠡᠨ ᠭᠡᠦᠭᠡᠳ ᠪᠠᠭᠠᠴᠤᠳ ᠵᠠᠯᠠᠭᠤᠴᠤᠳ ᠲᠤ ᠬᠠᠷᠠᠭᠠᠨ ᠰᠡᠷᠡᠯ ᠤᠨ ᠰᠢᠭᠰᠢᠨ | ᠪᠠᠶᠢᠴᠠᠭᠠᠯᠳᠠ ᠬᠢᠵᠦ᠂ ᠶᠠᠳᠠᠭᠤ ᠬᠦᠴᠢᠷᠳᠡᠯᠳᠠᠢ ᠡᠷᠦᠭᠡ ᠶᠢᠨ ᠤᠢᠢᠷ᠎ᠠ ᠬᠠᠷᠠᠭ᠎ᠠ ᠲᠠᠢ 3903 ᠵᠠᠯᠠᠭᠤᠴᠤᠳ | ᠪᠠᠭᠠᠴᠤᠳ ᠲᠤ ᠤᠢᠢᠷ᠎ᠠ ᠬᠠᠷᠠᠭᠠᠨ ᠤ ᠨᠢᠳᠤᠨ ᠰᠢᠯ ᠳᠠᠭᠠᠷᠠᠭᠤᠯᠤᠨ ᠦᠭᠴᠦ᠂ ᠬᠢᠯᠠᠷ ᠬᠠᠷᠠᠭ᠎ᠠ ᠲᠠᠢ 522 | ᠭᠡᠦᠭᠡᠳ ᠪᠠᠭᠠᠴᠤᠳ ᠲᠤ ᠵᠠᠯᠠᠷᠠᠭᠤᠯᠬᠤ ᠮᠡᠰᠡ ᠵᠠᠰᠠᠯ ᠬᠢᠵᠦ ᠦᠭᠪᠡ᠃ | |