ᠰᠢ ᠶᠢᠨ ᠫᠢᠩ ᠬᠦᠮᠦᠨ ᠲᠦᠷᠦᠯᠬᠢᠳᠡᠨ ᠤ ᠶᠠᠳᠠᠭᠤ ᠬᠦᠴᠢᠷᠳᠡᠯᠳᠠᠢ ᠬᠦᠮᠦᠨ ᠠᠮᠠ ᠶᠢ ᠴᠦᠭᠡᠳᠭᠡᠭᠰᠡᠨ ᠲᠤᠷᠰᠢᠯᠭ᠎ᠠ ᠰᠤᠯᠢᠯᠴᠠᠬᠤ ᠤᠯᠠᠨ ᠤᠯᠤᠰ ᠤᠨ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2020/12/15
     ᠬᠦᠮᠦᠨ ᠲᠦᠷᠦᠯᠬᠢᠳᠡᠨ ᠤ ᠶᠠᠳᠠᠭᠤ ᠬᠦᠴᠢᠷᠳᠡᠯᠳᠠᠢ ᠬᠦᠮᠦᠨ ᠠᠮᠠ ᠶᠢ ᠴᠦᠭᠡᠳᠭᠡᠭᠰᠡᠨ ᠲᠤᠷᠰᠢᠯᠭ᠎ᠠ ᠰᠤᠯᠢᠯᠴᠠᠬᠤ ᠤᠯᠠᠨ ᠤᠯᠤᠰ ᠤᠨ ᠶᠠᠷᠢᠶᠠᠨ ᠤ ᠲᠠᠪᠴᠠᠩ 12 ᠰᠠᠷ᠎ᠠ ᠶᠢᠨ 14᠎ ᠤ ᠡᠳᠦᠷ ᠪᠡᠭᠡᠵᠢᠩ ᠳᠤ ᠡᠬᠢᠯᠡᠵᠡᠢ᠃ ᠤᠯᠤᠰ ᠤᠨ ᠲᠡᠷᠢᠬᠦᠯᠡᠭᠴᠢ ᠰᠢ ᠶᠢᠨ ᠫᠢᠩ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ᠃      ᠰᠢ ᠶᠢᠨ ᠫᠢᠩ᠂ ᠶᠠᠳᠠᠭᠤ ᠬᠦᠴᠢᠷᠳᠡᠯ ᠢ ᠠᠷᠢᠯᠭᠠᠬᠤ ᠪᠤᠯ ᠬᠦᠮᠦᠨ ᠲᠦᠷᠦᠯᠬᠢᠳᠡᠨ ᠤ ᠬᠠᠮᠳᠦ ᠶᠢᠨ ᠬᠦᠰᠡᠯᠡᠩ ᠮᠦᠨ᠃ ᠳᠤᠮᠳᠠᠳᠤ ᠤᠯᠤᠰ ᠤᠨ ᠡᠪ ᠬᠠᠮᠳᠦ ᠨᠠᠮ ᠪᠠ ᠳᠤᠮᠳᠠᠳᠤ ᠤᠯᠤᠰ ᠤᠨ ᠵᠠᠰᠠᠬ ᠤᠨ ᠤᠷᠳᠤᠨ ᠢᠮᠠᠬᠳᠠ ᠠᠷᠠᠳ ᠲᠦᠮᠡᠨ ᠢ ᠰᠠᠶᠢᠨ ᠰᠠᠶᠢᠬᠠᠨ ᠠᠮᠢᠳᠤᠷᠠᠭᠤᠯᠬᠤ ᠪᠠᠷ ᠲᠡᠮᠡᠴᠡᠬᠦ ᠬᠠᠷᠠᠯᠳᠠ ᠪᠠᠨ ᠪᠤᠯᠭᠠᠵᠦ᠂ ᠡᠬᠦᠨ ᠤ ᠲᠦᠯᠦᠭᠡ ᠤᠷᠳᠤ ᠬᠤᠭᠤᠴᠠᠭᠠᠨ ᠤ ᠰᠢᠷᠭᠠᠭᠤ ᠬᠠᠳᠠᠭᠤᠵᠢᠯᠳᠠᠢ ᠭᠠᠷᠮᠠᠭᠠᠢ ᠴᠢᠷᠮᠠᠶᠢᠯᠭ᠎ᠠ ᠭᠠᠷᠭᠠᠵᠠᠢ᠃ 2012 ᠤᠨ ᠠᠴᠠ ᠨᠠᠭᠠᠰᠢ᠂ ᠳᠤᠮᠳᠠᠳᠤ ᠤᠯᠤᠰ ᠡᠬᠦᠨ ᠠᠴᠠ ᠡᠮᠦᠨᠡᠬᠢ ᠶᠠᠳᠠᠭᠤ ᠶᠢ ᠳᠡᠳᠬᠦᠬᠦ ᠪᠤᠭᠤᠮᠳᠠ ᠰᠢᠪᠳᠤᠯᠬᠤ ᠠᠵᠢᠯ ᠤᠨ ᠰᠠᠭᠤᠷᠢᠨ ᠳᠡᠭᠡᠷ᠎ᠠ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠪᠦᠬᠦ ᠲᠠᠯ᠎ᠠ ᠪᠠᠷ ᠬᠢᠪᠡ᠃ 8 ᠵᠢᠯ ᠤᠨ ᠴᠦᠬᠦᠷᠡᠰᠢ ᠦᠭᠡᠢ ᠴᠢᠷᠮᠠᠶᠢᠯᠭ᠎ᠠ ᠪᠠᠷ᠂ ᠡᠨᠡ ᠵᠢᠯ ᠳᠤᠮᠳᠠᠳᠤ ᠤᠯᠤᠰ ᠤᠳᠤ ᠶᠢᠨ ᠭᠡᠷᠡᠭᠵᠢᠬᠦᠯᠵᠦ ᠪᠠᠶᠢᠭ᠎ᠠ ᠪᠠᠷᠢᠮᠵᠢᠶ᠎ᠠ ᠠᠴᠠ ᠳᠤᠤᠷ᠎ᠠ ᠪᠠᠶᠢᠭ᠎ᠠ ᠬᠦᠳᠡᠭᠡ ᠲᠤᠰᠬᠤᠨ ᠤ ᠶᠠᠳᠠᠭᠤ ᠬᠦᠴᠢᠷᠳᠡᠯᠳᠠᠢ ᠬᠦᠮᠦᠨ ᠠᠮᠠ ᠶᠢ ᠪᠦᠬᠦᠨ ᠢ ᠶᠠᠳᠠᠭᠤ ᠠᠴᠠ ᠠᠩᠬᠢᠵᠢᠷᠠᠭᠤᠯᠵᠦ᠂ ᠶᠠᠳᠠᠭᠤ ᠬᠦᠴᠢᠷᠳᠡᠯᠳᠠᠢ ᠰᠢᠶᠠᠨ ᠪᠦᠬᠦᠨ ᠢ ᠶᠠᠳᠠᠭᠤ ᠠᠴᠠ ᠠᠩᠬᠢᠵᠢᠷᠠᠭᠤᠯᠵᠦ᠂ ᠬᠦᠳᠡᠭᠡ ᠲᠤᠰᠬᠤᠨ ᠤ ᠳ᠋ᠦᠩᠰᠢᠭᠤᠷ ᠰᠢᠬᠠᠮ ᠶᠠᠳᠠᠭᠤ ᠬᠦᠴᠢᠷᠳᠡᠯᠳᠠᠢ ᠬᠦᠮᠦᠨ ᠠᠮᠠ ᠶᠢᠨ ᠶᠠᠳᠠᠭᠤ ᠠᠴᠠ ᠠᠩᠬᠢᠵᠢᠷᠠᠬᠤ ᠶᠢ ᠪᠡᠶᠡᠯᠡᠬᠦᠯᠦᠨ᠂ ᠪᠦᠬᠦ ᠪᠦᠮᠪᠦᠷᠴᠡᠭ ᠤᠨ ᠶᠠᠳᠠᠭᠤ ᠬᠦᠴᠢᠷᠳᠡᠯᠳᠠᠢ ᠬᠦᠮᠦᠨ ᠠᠮᠠ ᠶᠢ ᠴᠦᠭᠡᠳᠭᠡᠬᠦ ᠦᠢᠯᠡᠰ ᠲᠤ ᠴᠢᠬᠤᠯᠠ ᠶᠡᠭᠡ ᠬᠤᠪᠢ ᠨᠡᠮᠡᠷᠢ ᠦᠵᠡᠬᠦᠯᠵᠡᠢ᠃ ᠳᠤᠮᠳᠠᠳᠤ ᠤᠯᠤᠰ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠦᠷ᠎ᠠ ᠪᠦᠳᠦᠭᠡᠯ ᠢᠶᠠᠨ ᠦᠷᠬᠦᠯᠵᠢᠯᠡᠨ ᠪᠠᠬᠢᠵᠢᠬᠦᠯᠦᠨ ᠦᠷᠭᠡᠳᠭᠡᠵᠦ᠂ ᠬᠠᠮᠳᠤ ᠪᠠᠷ ᠴᠢᠨᠡᠭᠡᠯᠢᠭᠵᠢᠬᠦ ᠶᠢ ᠯᠠᠪᠳᠠᠭᠤᠨ ᠪᠠᠳᠤᠳᠠᠢ ᠠᠬᠢᠭᠤᠯᠤᠨ᠂ ᠠᠷᠠᠳ ᠤᠨ ᠠᠮᠢᠳᠤᠷᠠᠯ ᠤᠨ ᠠᠵᠠ ᠵᠢᠷᠭᠠᠯ ᠤᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠬᠦᠯᠦᠨ᠎ᠠ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠤᠳᠤᠬᠠᠨ ᠳᠤ᠂ ᠬᠢᠵᠢᠭ ᠤᠨ ᠪᠠᠶᠢᠳᠠᠯ ᠮᠦᠨ ᠬᠦ ᠪᠦᠬᠦ ᠪᠦᠮᠪᠦᠷᠴᠡᠭ ᠲᠤ ᠦᠷᠪᠢᠰᠤᠨ ᠳᠡᠯᠭᠡᠷᠡᠵᠦ᠂ ᠶᠠᠳᠠᠭᠤ ᠬᠦᠴᠢᠷᠳᠡᠯᠳᠠᠢ ᠬᠦᠮᠦᠨ ᠠᠮᠠ ᠶᠢ ᠴᠦᠭᠡᠳᠭᠡᠬᠦ ᠠᠵᠢᠯ ᠳᠤ ᠪᠡᠷᠭᠡ ᠬᠠᠳᠠᠭᠤᠵᠢᠯᠳᠠᠢ ᠦᠷᠢᠰᠦᠯᠳᠦᠭᠡᠨ ᠲᠤᠯᠭᠠᠷᠠᠭᠤᠯᠵᠠᠢ᠃ ᠳᠤᠮᠳᠠᠳᠤ ᠤᠯᠤᠰ ᠳᠤᠷᠠᠳᠠᠶ᠎ᠠ ᠳᠡᠯᠡᠭᠡᠢ ᠶᠢᠨ ᠡᠯ᠎ᠠ ᠤᠯᠤᠰ ᠲᠠᠢ ᠬᠠᠮᠳᠤ ᠪᠠᠷ᠂ ᠤᠯᠠᠨ ᠤᠯᠤᠰ ᠤᠨ ᠶᠠᠳᠠᠭᠤ ᠬᠦᠴᠢᠷᠳᠡᠯᠳᠠᠢ ᠬᠦᠮᠦᠨ ᠠᠮᠠ ᠶᠢ ᠴᠦᠭᠡᠳᠭᠡᠬᠦ ᠠᠬᠢᠴᠠ ᠶᠢ ᠭᠠᠷ ᠬᠤᠯᠪᠤᠨ ᠠᠬᠢᠭᠤᠯᠵᠦ᠂ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠦ ᠶᠢᠨ ᠴᠤᠬᠴᠠ ᠶᠢᠨ ᠪᠠᠶᠢᠭᠤᠯᠤᠯᠳᠠ ᠶᠢ ᠠᠬᠢᠭᠤᠯᠤᠨ᠎ᠠ᠃ ᠶᠠᠷᠢᠶᠠᠨ ᠤ ᠲᠠᠪᠴᠠᠩ ᠳᠤ ᠤᠷᠤᠯᠴᠠᠭᠰᠠᠳ ᠶᠠᠳᠠᠭᠤ ᠬᠦᠴᠢᠷᠳᠡᠯᠳᠠᠢ ᠬᠦᠮᠦᠨ ᠠᠮᠠ ᠶᠢ ᠴᠦᠭᠡᠳᠭᠡᠭᠰᠡᠨ ᠲᠤᠷᠰᠢᠯᠭ᠎ᠠ ᠪᠠᠨ ᠬᠦᠨᠵᠡᠭᠡᠢ ᠰᠤᠯᠢᠯᠴᠠᠵᠦ᠂ ᠬᠠᠮᠳᠦ ᠶᠢᠨ ᠲᠠᠨᠢᠯᠳᠠ ᠶᠢ ᠦᠷᠭᠡᠨ ᠢᠶᠠᠷ ᠨᠢᠬᠳᠠᠷᠠᠭᠤᠯᠤᠨ᠂ ᠶᠠᠳᠠᠭᠤ ᠬᠦᠴᠢᠷᠳᠡᠯᠳᠠᠢ ᠬᠦᠮᠦᠨ ᠠᠮᠠ ᠶᠢ ᠴᠦᠭᠡᠳᠭᠡᠬᠦ ᠢᠳᠡᠭᠡᠯ ᠢ ᠬᠦᠪᠴᠢᠯᠡᠵᠦ᠂ ᠪᠦᠬᠦ ᠪᠦᠮᠪᠦᠷᠴᠡᠭ ᠤᠨ ᠶᠠᠳᠠᠭᠤ ᠬᠦᠴᠢᠷᠳᠡᠯᠳᠠᠢ ᠬᠦᠮᠦᠨ ᠠᠮᠠ ᠶᠢ ᠴᠦᠭᠡᠳᠭᠡᠬᠦ ᠠᠬᠢᠴᠠ ᠶᠢ ᠲᠦᠷᠭᠡᠳᠭᠡᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠬᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号