ᠥᠪᠥᠷ ᠮᠣᠩᠭᠤᠯ ᠣᠷᠣᠨ ᠳᠠᠬᠢ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2020/12/15
     2020 ᠣᠨ ᠤ 12 ᠰᠠᠷ᠎ᠠ ᠶᠢᠨ 14᠎ ᠤ ᠡᠳᠦᠷ ᠤᠨ 7 ᠴᠠᠭ ᠠᠴᠠ 12 ᠰᠠᠷ᠎ᠠ ᠶᠢᠨ 15᠎ ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 4 ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠦᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠨᠡᠮᠡᠭᠳᠡᠵᠦ᠂ 1 ᠡᠪᠡᠳᠴᠢᠨ ᠤ ᠵᠢᠱᠢᠶ᠎ᠡ ᠡᠳᠡᠭᠡᠷᠡᠵᠦ ᠡᠮᠨᠡᠯᠭᠡ ᠠᠴᠠ ᠭᠠᠷᠴᠠᠢ᠃      2020 ᠣᠨ ᠤ 12 ᠰᠠᠷ᠎ᠠ ᠶᠢᠨ 15᠎ ᠤ ᠡᠳᠦᠷ ᠤᠨ 7 ᠴᠠᠭ ᠪᠣᠯᠲᠠᠯ᠎ᠠ᠂ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 22᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ᠪᠠᠶᠢᠵᠤ᠂ ᠪᠦᠬᠦᠨ ᠢ ᠮᠠᠨᠵᠤᠤᠷ ᠬᠤᠲᠠ ᠶᠢᠨ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ ᠪᠤᠢ᠃ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ ᠪᠠᠶᠢᠭᠰᠠᠨ 10 ᠨᠢᠭᠲᠠ ᠣᠶᠢᠷᠠᠲᠤᠭᠰᠠᠳ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠵᠤ᠂ ᠣᠳᠣ ᠪᠠᠰᠠ 156 ᠨᠢᠭᠲᠠ ᠣᠶᠢᠷᠠᠲᠤᠭᠰᠠᠳ ᠢ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ ᠪᠤᠢ᠃      ᠣᠳᠣᠬᠠᠨ ᠳᠤ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠲᠣᠯᠠᠭᠰᠠᠨ ᠡᠪᠡᠳᠴᠢᠨ ᠤ ᠵᠢᠱᠢᠶ᠎ᠡ 5 ᠪᠠᠶᠢᠵᠤ᠂ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠤᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号