12 ᠰᠠᠷ᠎ᠠ ᠶᠢᠨ 15 ᠤ ᠡᠳᠦᠷ᠂ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠦ ᠶᠢᠨ | ᠦᠢᠯᠡᠰ ᠢ ᠬᠦᠭᠵᠢᠬᠦᠯᠦᠨ ᠮᠠᠨᠳᠤᠭᠤᠯᠬᠤ ᠰᠤᠨᠢᠨ ᠮᠡᠳᠡᠭᠡ ᠨᠡᠶᠢᠳᠡᠯᠡᠬᠦ ᠬᠤᠷᠠᠯ ᠪᠡᠭᠡᠵᠢᠩ ᠳᠤ ᠬᠤᠷᠠᠯᠳᠤᠵᠠᠢ᠃ | | | | | | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ | ᠲᠡᠷᠢᠬᠦᠯᠡᠭᠴᠢ ᠪᠦ᠋ ᠰᠢᠶᠤᠤ ᠯᠢᠨ ᠰᠤᠨᠢᠨ ᠮᠡᠳᠡᠭᠡ ᠨᠡᠶᠢᠳᠡᠯᠡᠬᠦ ᠬᠤᠷᠠᠯ ᠳᠤ ᠤᠷᠤᠯᠴᠠᠪᠠ᠃ ᠦᠪᠡᠷᠲᠡᠭᠡᠨ ᠵᠠᠰᠠᠬᠤ | ᠤᠷᠤᠨ ᠤ ᠳᠡᠳ᠋ ᠲᠡᠷᠢᠬᠦᠯᠡᠭᠴᠢ ᠯᠢ ᠪᠢᠩ ᠷᠦᠩ᠂ ᠬᠦᠳᠡᠭᠡ ᠠᠵᠤ ᠠᠬᠤᠢ ᠬᠦᠳᠡᠭᠡ ᠲᠤᠰᠬᠤᠨ ᠤ ᠶᠠᠮᠤᠨ ᠤ | ᠶᠡᠷᠦᠩᠭᠡᠢ ᠮᠠᠯ ᠠᠵᠤ ᠠᠬᠤᠢᠢᠴᠢ ᠮᠠ ᠶᠢᠦ ᠰᠢᠶᠠᠩ ᠪᠠᠶᠠᠷ ᠤᠨ ᠦᠭᠡ ᠭᠡᠯᠡᠵᠡᠢ᠃ ᠳᠤᠮᠳᠠᠳᠤ ᠤᠯᠤᠰ ᠤᠨ ᠰᠦ ᠶᠢᠨ | ᠦᠢᠯᠡᠰ ᠤᠨ ᠨᠡᠶᠢᠭᠡᠮᠯᠢᠭ ᠤᠨ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠯᠢᠦ ᠶᠠ ᠴᠢᠩ ᠥᠪᠦᠷ | ᠮᠤᠩᠭᠤᠯ ᠤᠨ ᠰᠦ ᠶᠢᠨ ᠦᠢᠯᠡᠰ ᠢ ᠬᠦᠭᠵᠢᠬᠦᠯᠦᠨ ᠮᠠᠨᠳᠤᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠢ | ᠨᠡᠶᠢᠳᠡᠯᠡᠵᠡᠢ᠃ | | | | | | ᠦᠪᠦᠷ ᠮᠤᠩᠭᠤᠯ ᠪᠤᠯ ᠮᠠᠨ ᠤ ᠤᠯᠤᠰ ᠤᠨ ᠰᠦ ᠶᠢᠨ ᠭᠤᠤᠯ ᠭᠠᠷᠤᠯᠳᠠ ᠶᠢᠨ ᠤᠷᠤᠨ ᠤ ᠨᠢᠭᠡ ᠪᠤᠯᠤᠨ᠎ᠠ᠂ | ᠦᠨᠢᠶᠠᠨ ᠰᠦ ᠶᠢᠨ ᠭᠠᠷᠤᠯᠳᠠ ᠶᠢᠨ ᠭᠡᠮᠵᠢᠶ᠎ᠠ ᠪᠦᠬᠦ ᠤᠯᠤᠰ ᠤᠨ ᠵᠢᠷᠭᠤᠭᠠᠨ ᠤ ᠨᠢᠭᠡ ᠬᠤᠪᠢ ᠢᠯᠡᠭᠦᠦ ᠶᠢ ᠡᠵᠡᠯᠡᠵᠦ᠂ | ᠰᠦ ᠶᠢᠨ ᠢᠷᠡᠯᠳᠠ ᠶᠢᠨ ᠤᠨᠴᠠ ᠲᠠᠪᠠᠭᠤᠯᠢᠭ ᠲᠠᠢ ᠶᠤᠮ᠂ ᠮᠠᠨ ᠤ ᠤᠯᠤᠰ ᠤᠨ ᠰᠦ ᠶᠢᠨ ᠦᠢᠯᠡᠰ ᠢ | ᠬᠦᠭᠵᠢᠬᠦᠯᠦᠨ ᠮᠠᠨᠳᠤᠭᠤᠯᠬᠤ ︽ᠭᠤᠤᠯ ᠲᠠᠶᠢᠨ ᠤ ᠲᠠᠯᠠᠪᠤᠷ︾ ᠪᠠ ᠴᠠᠭᠠᠨ ᠢᠳᠡᠭᠡᠨ ᠤ ᠶᠠᠰᠤ ᠴᠢᠨᠠᠷ ᠤᠨ ᠠᠮᠤᠷ | ᠲᠦᠪᠰᠢᠨ ᠢ ᠪᠠᠳᠤᠯᠠᠬᠤ ︽ᠭᠤᠤᠯ ᠰᠠᠭᠤᠷᠢᠨ ᠭᠠᠵᠠᠷ︾ ᠪᠤᠯᠤᠨ᠎ᠠ᠃ ᠥᠪᠦᠷ ᠮᠤᠩᠭᠤᠯ ᠤᠨ ᠬᠢᠨ ᠶᠡᠷᠦᠩᠭᠡᠢ | ᠱᠦᠵᠢ ᠰᠢ ᠶᠢᠨ ᠫᠢᠩ ᠤᠨ ᠰᠦ ᠶᠢᠨ ᠦᠢᠯᠡᠰ ᠢ ᠬᠦᠭᠵᠢᠬᠦᠯᠬᠦ ᠲᠤᠬᠠᠢ ᠲᠤᠯᠭᠠᠮ ᠬᠦᠰᠡᠯ ᠨᠠᠶᠢᠳᠠᠯᠭ᠎ᠠ ᠶᠢ ᠪᠠᠳᠤ | ᠴᠡᠭᠡᠵᠢᠯᠡᠵᠦ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠦ ᠶᠢᠨ ᠦᠢᠯᠡᠰ ᠢ | ᠬᠦᠭᠵᠢᠬᠦᠯᠦᠨ ᠮᠠᠨᠳᠤᠭᠤᠯᠬᠤ ᠲᠤᠬᠠᠢ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠬᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠰᠦ ᠶᠢᠨ ᠦᠢᠯᠡᠰ ᠤᠨ ᠬᠦᠭᠵᠢᠯ ᠮᠠᠨᠳᠤᠯ ᠢ ᠤᠷᠢᠳ ᠢᠶᠠᠷ ᠪᠡᠶᠡᠯᠡᠬᠦᠯᠬᠦ | ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠬᠦᠷᠭᠡᠯᠡᠵᠦ᠂ ᠡᠯ᠎ᠠ ᠵᠦᠢᠯ ᠤᠨ ᠠᠵᠢᠯ ᠡᠷᠳᠡ ᠡᠬᠢᠯᠡᠵᠦ᠂ ᠴᠢᠭᠯᠡᠯ | ᠤᠨᠤᠪᠴᠢᠳᠠᠢ᠂ ᠠᠷᠭ᠎ᠠ ᠭᠡᠮᠵᠢᠶ᠎ᠠ ᠪᠤᠳᠠᠳᠠᠢ᠂ ᠦᠷ᠎ᠠ ᠪᠦᠳᠦᠮᠵᠢ ᠰᠠᠶᠢᠨ ᠪᠠᠶᠢᠨ᠎ᠠ᠂ ᠡᠶᠢᠨ ᠬᠦ ᠰᠦ ᠶᠢᠨ ᠦᠢᠯᠡᠰ ᠨᠢ | ᠥᠪᠦᠷ ᠮᠤᠩᠭᠤᠯ ᠤᠨ ᠬᠠᠮᠤᠭ ᠠᠴᠠ ᠢᠯᠡᠬᠦᠦ ᠲᠦᠯᠦᠭᠡᠯᠡᠬᠦ ᠴᠢᠨᠠᠷᠳᠠᠢ᠂ ᠬᠠᠮᠤᠭ ᠠᠴᠠ ᠢᠯᠡᠬᠦᠦ ᠦᠷᠢᠰᠦᠯᠳᠦᠬᠦ | ᠬᠦᠴᠦᠨ ᠲᠠᠢ ᠲᠤᠯᠭᠠᠭᠤᠷᠢ ᠠᠵᠤ ᠦᠢᠯᠡᠰ ᠪᠤᠯᠵᠠᠢ᠃ | ᠦᠪᠦᠷ ᠮᠤᠩᠭᠤᠯ ᠤᠨ ᠰᠦ ᠶᠢᠨ ᠦᠢᠯᠡᠰ ᠤᠨ ᠬᠢᠨ ᠦᠨᠳᠦᠷ ᠪᠠᠶᠢᠷᠢ ᠠᠴᠠ ᠠᠬᠢᠭᠤᠯᠬᠤ ᠶᠢ ᠪᠠᠷᠢᠮᠳᠠᠯᠠᠵᠦ᠂ | ᠪᠦᠬᠦᠯᠢ ᠴᠤᠬᠴᠠ ᠪᠠᠷ ᠨᠢ ᠠᠬᠢᠭᠤᠯᠬᠤ ᠶᠢ ᠴᠢᠬᠤᠯᠠᠴᠢᠯᠠᠵᠦ ᠪᠠᠶᠢᠬᠰᠠᠨ ᠠᠴᠠ ᠰᠢᠰᠲ᠋ᠧᠮ ᠲᠠᠢ ᠲᠦᠯᠦᠪᠵᠢᠬᠦᠯᠬᠦ ᠶᠢ | ᠨᠡᠩ ᠢᠯᠡᠬᠦᠦ ᠴᠢᠬᠤᠯᠠᠴᠢᠯᠠᠬᠤ ᠪᠤᠯᠪᠠ︔ ᠠᠵᠤ ᠦᠢᠯᠡᠰ ᠤᠨ ᠪᠠᠶᠢᠷᠢᠰᠢᠭᠤᠯᠤᠯᠳᠠ ᠶᠢ ᠰᠢᠯᠢᠳᠡᠭᠵᠢᠬᠦᠯᠬᠦ ᠶᠢ | ᠪᠠᠷᠢᠮᠳᠠᠯᠠᠵᠦ᠂ ᠲᠡᠷᠢᠵᠦ ᠲᠡᠵᠢᠭᠡᠬᠦ ᠪᠤᠯᠪᠠᠰᠤᠷᠠᠭᠤᠯᠬᠤ ᠨᠢ ᠬᠠᠷᠢᠴᠠᠩᠭᠤᠢ ᠲᠤᠰᠠᠭᠠᠷ ᠬᠦᠭᠵᠢᠵᠦ ᠪᠠᠶᠢᠬᠰᠠᠨ ᠠᠴᠠ | ᠨᠢᠭᠡ ᠴᠤᠬᠴᠠᠵᠢᠵᠦ ᠠᠭᠤᠰᠤᠯᠴᠠᠨ ᠬᠦᠭᠵᠢᠬᠦ ᠶᠢ ᠨᠡᠩ ᠢᠯᠡᠬᠦᠦ ᠴᠢᠬᠤᠯᠠᠴᠢᠯᠠᠬᠤ ᠪᠤᠯᠪᠠ︔ ᠡᠬᠢ ᠪᠠᠶᠠᠯᠢᠭ ᠤᠨ | ᠲᠤᠬᠢᠷᠠᠭᠤᠯᠤᠯᠳᠠ ᠶᠢ ᠰᠢᠯᠢᠳᠡᠭᠵᠢᠬᠦᠯᠬᠦ ᠶᠢ ᠪᠠᠷᠢᠮᠳᠠᠯᠠᠵᠦ᠂ ᠨᠡᠶᠢᠭᠡᠮ ᠤᠨ ᠤᠷᠤᠭᠤᠯᠤᠯᠳᠠ ᠪᠠᠷ ᠭᠤᠤᠯ ᠪᠤᠯᠭᠠᠵᠦ | ᠪᠠᠶᠢᠬᠰᠠᠨ ᠠᠴᠠ ᠵᠠᠰᠠᠭ ᠤᠨ ᠤᠷᠳᠤᠨ ᠤ ᠤᠷᠤᠭᠤᠯᠤᠯᠳᠠ ᠪᠤᠯᠤᠨ ᠵᠠᠬ᠎ᠠ ᠳᠡᠯᠭᠡᠬᠦᠷᠴᠢᠯᠡᠭᠰᠡᠨ ᠠᠵᠢᠯᠯᠠᠭᠠᠨ ᠤ ᠬᠤᠤᠰ | ᠬᠦᠳᠡᠯᠭᠡᠬᠦᠷ ᠢ ᠨᠡᠩ ᠢᠯᠡᠬᠦᠦ ᠴᠢᠬᠤᠯᠠᠴᠢᠯᠠᠬᠤ ᠪᠤᠯᠪᠠ︔ ᠪᠠᠷᠢᠮᠵᠢᠶᠠᠵᠢᠬᠰᠠᠨ ᠦᠢᠯᠡᠳᠪᠤᠷᠢᠯᠡᠯ ᠢ ᠪᠠᠷᠢᠮᠳᠠᠯᠠᠵᠦ᠂ | ᠪᠦᠳᠦᠬᠦᠯᠢᠭ ᠬᠠᠮᠢᠶᠠᠷᠤᠯᠳᠠ ᠠᠴᠠ ᠨᠠᠷᠢᠯᠢᠬᠵᠢᠭᠤᠯᠤᠭᠰᠠᠨ ᠬᠠᠮᠢᠶᠠᠷᠤᠯᠳᠠ ᠶᠢ ᠨᠡᠩ ᠴᠢᠬᠤᠯᠠᠴᠢᠯᠠᠬᠤ ᠪᠤᠯᠪᠠ︔ | ᠦᠨᠳᠦᠰᠦᠳᠡᠨ ᠤ ᠤᠨᠴᠠᠯᠢᠬᠳᠤ ᠴᠠᠭᠠᠨ ᠢᠳᠡᠭᠡᠨ ᠤ ᠠᠵᠤ ᠦᠢᠯᠡᠰ ᠤᠨ ᠵᠦᠷᠢᠶᠡᠴᠢᠯᠡᠭᠰᠡᠨ ᠬᠦᠭᠵᠢᠯᠳᠠ ᠶᠢ | ᠪᠠᠷᠢᠮᠳᠠᠯᠠᠵᠦ᠂ ᠳᠠᠷᠠᠬᠠᠢ ᠪᠤᠳᠠᠷᠬᠠᠢ ᠪᠠᠶᠢᠬᠰᠠᠨ ᠠᠴᠠ ᠪᠠᠷᠢᠮᠵᠢᠶᠠᠵᠢᠯᠳᠠ ᠶᠢ ᠨᠡᠩ ᠢᠯᠡᠬᠦᠦ ᠴᠢᠬᠤᠯᠠᠴᠢᠯᠠᠬᠤ ᠪᠤᠯᠪᠠ︔ | ᠲᠦᠷᠦᠯ ᠳᠡᠮᠳᠡᠭ ᠢᠶᠠᠷ ᠬᠦᠳᠦᠯᠦᠨ ᠳᠠᠭᠠᠭᠤᠯᠬᠤ ᠶᠢ ᠪᠠᠷᠢᠮᠳᠠᠯᠠᠵᠦ᠂ ᠲᠤᠭ᠎ᠠ ᠭᠡᠮᠵᠢᠶᠠᠨ ᠤ ᠦᠷᠭᠡᠵᠢᠯ ᠠᠴᠠ ᠶᠠᠰᠤ | ᠴᠢᠨᠠᠷ ᠤᠨ ᠳᠡᠭᠡᠭᠰᠢᠯᠡᠯᠳᠠ ᠶᠢ ᠨᠡᠩ ᠢᠯᠡᠬᠦᠦ ᠴᠢᠬᠤᠯᠠᠴᠢᠯᠠᠬᠤ ᠪᠤᠯᠪᠠ︔ ᠶᠠᠰᠤ ᠴᠢᠨᠠᠷ ᠢ ᠡᠩ ᠲᠡᠷᠢᠬᠦᠨ ᠳᠤ | ᠲᠠᠯᠪᠢᠬᠤ ᠶᠢ ᠪᠠᠷᠢᠮᠳᠠᠯᠠᠵᠦ᠂ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠠᠴᠠ ᠪᠦᠬᠦ ᠶᠠᠪᠤᠴᠠ ᠶᠢ ᠬᠠᠮᠢᠶᠠᠷᠤᠨ | ᠡᠵᠡᠮᠳᠡᠬᠦ ᠶᠢ ᠨᠡᠩ ᠢᠯᠡᠬᠦᠦ ᠴᠢᠬᠤᠯᠠᠴᠢᠯᠠᠬᠤ ᠪᠤᠯᠪᠠ᠃ ᠤᠳᠤᠬᠠᠨ ᠳᠤ᠂ ᠥᠪᠦᠷ ᠮᠤᠩᠭᠤᠯ ᠤᠨ ᠦᠨᠢᠶᠠᠨ | ᠰᠦ ᠶᠢᠨ ᠭᠠᠷᠤᠯᠳᠠ᠂ ᠪᠣᠯᠪᠠᠰᠤᠷᠠᠭᠤᠯᠬᠤ ᠴᠢᠳᠠᠪᠤᠷᠢ ᠵᠢᠴᠢ ᠴᠠᠭᠠᠨ ᠢᠳᠡᠭᠡᠨ ᠤ ᠵᠠᠬ᠎ᠠ ᠳᠡᠯᠭᠡᠬᠦᠷ ᠤᠨ ᠡᠵᠡᠯᠡᠬᠦ | ᠨᠤᠷᠮ᠎ᠠ ᠴᠦᠮ ᠪᠦᠬᠦ ᠤᠯᠤᠰ ᠲᠤ ᠲᠦᠷᠦᠬᠦᠯᠡᠵᠦ᠂ ᠦᠨᠢᠶᠠᠨ ᠰᠦ ᠶᠢ ᠪᠤᠯᠪᠠᠰᠤᠷᠠᠭᠤᠯᠵᠦ ᠤᠨᠳᠤᠤᠰᠢᠭᠤᠯᠬᠤ | ᠴᠢᠳᠠᠪᠤᠷᠢ 700 ᠲᠦᠮᠡᠨ ᠲᠤᠨ ᠢ ᠲᠠᠪᠠᠵᠦ᠂ ᠢᠯᠢ᠂ ᠮᠧᠩ ᠨᠢᠦ ᠵᠡᠷᠭᠡ ᠤᠯᠠᠨ ᠤᠯᠤᠰ ᠤᠨ ᠨᠡᠷᠡᠳᠦ ᠰᠦ ᠶᠢᠨ | ᠠᠵᠤ ᠠᠬᠤᠢᠢᠯᠠᠯ ᠲᠦᠷᠭᠡᠨ ᠪᠤᠵᠠᠭᠠᠢᠢᠷᠠᠵᠦ᠂ ᠳᠤᠮᠳᠠ ᠪᠠᠭ᠎ᠠ ᠬᠡᠪᠴᠢᠶᠠᠨ ᠤ ᠤᠨᠴᠠᠯᠢᠬᠳᠤ ᠪᠤᠯᠪᠠᠰᠤᠷᠠᠭᠤᠯᠬᠤ ᠪᠠ | ᠦᠨᠳᠦᠰᠦᠳᠡᠨ ᠤ ᠴᠠᠭᠠᠨ ᠢᠳᠡᠭᠡ ᠪᠤᠯᠪᠠᠰᠤᠷᠠᠭᠤᠯᠬᠤ ᠠᠵᠤ ᠦᠢᠯᠡᠰ ᠦᠷᠬᠦᠯᠵᠢᠯᠡᠨ ᠪᠤᠵᠠᠭᠠᠢᠢᠷᠠᠵᠦ᠂ ᠲᠦᠷᠦᠯ | ᠳᠡᠮᠳᠡᠭ ᠤᠨ ᠨᠦᠯᠦᠭᠡᠯᠡᠬᠦ ᠬᠦᠴᠦ ᠦᠷᠬᠦᠯᠵᠢᠯᠡᠨ ᠳᠡᠭᠡᠭᠰᠢᠯᠡᠵᠦ᠂ ᠳᠤᠮᠳᠠᠳᠤ ᠤᠯᠤᠰ ᠤᠨ ᠰᠦ ᠶᠢᠨ ᠦᠢᠯᠡᠰ ᠤᠨ | ᠭᠤᠴᠤ ᠰᠠᠶᠢᠬᠠᠨ ᠨᠡᠷ᠎ᠠ ᠶᠢᠨ ᠬᠠᠭᠤᠳᠠᠰᠤ ᠪᠤᠯᠵᠦ᠂ ᠪᠦᠬᠦ ᠤᠯᠤᠰ ᠤᠨ ᠠᠷᠠᠳ ᠲᠦᠮᠡᠨ ᠳᠤ ︽ᠥᠪᠦᠷ ᠮᠤᠩᠭᠤᠯ | ᠦᠨᠦᠷ ᠠᠮᠳᠠ︾ ᠶᠢ ᠮᠡᠳᠡᠷᠡᠬᠦᠯᠦᠭᠰᠡᠨ ᠪᠠᠶᠢᠨ᠎ᠠ᠃ | ᠨᠡᠶᠢᠲᠡᠯᠡᠬᠦ ᠬᠤᠷᠠᠯ ᠳᠡᠭᠡᠷ᠎ᠠ᠂ ᠢᠯᠢ ᠪᠦᠯᠦᠭᠯᠡᠯ᠂ ᠮᠧᠩ ᠨᠢᠦ ᠰᠦ ᠶᠢᠨ ᠦᠢᠯᠡᠰ᠂ ᠶᠢᠦ ᠷᠠᠨ ᠮᠠᠯ ᠠᠵᠤ | ᠠᠬᠤᠢ᠂ ᠰᠢᠯᠢᠩᠬᠤᠳᠠ ᠶᠢᠨ ᠹᠧᠩ ᠬᠤᠸᠠ ᠴᠠᠭᠠᠨ ᠢᠳᠡᠭᠡᠨ ᠤ ᠺᠤᠮᠫᠠᠨᠢ ᠶᠢᠨ ᠲᠦᠯᠦᠭᠡᠯᠡᠭᠴᠢ ᠠᠵᠤ ᠦᠢᠯᠡᠰ ᠤᠨ | ᠪᠦᠯᠦᠭᠵᠢᠯ ᠢ ᠪᠠᠶᠢᠭᠤᠯᠬᠤ᠂ ᠲᠤᠰᠬᠠᠢᠢᠵᠢᠬᠰᠠᠨ ᠰᠤᠳᠤᠨ ᠦᠪᠡᠷᠮᠢᠴᠠ ᠰᠢᠨ᠎ᠠ ᠪᠤᠯᠪᠠᠰᠤᠷᠠᠭᠤᠯᠬᠤ ᠠᠵᠤ | ᠠᠬᠤᠢᠢᠯᠠᠯ ᠤᠨ ᠪᠤᠶᠢᠵᠢᠯᠳᠠ ᠶᠢ ᠲᠤᠰᠠᠯᠠᠬᠤ᠂ ᠦᠨᠳᠦᠰᠦᠳᠡᠨ ᠤ ᠤᠯᠠᠮᠵᠢᠯᠠᠯᠳᠦ ᠴᠠᠭᠠᠨ ᠢᠳᠡᠭᠡ ᠶᠢ | ᠪᠤᠯᠪᠠᠰᠤᠷᠠᠭᠤᠯᠬᠤ ᠬᠤᠷᠳᠤᠴᠠ ᠶᠢ ᠲᠦᠷᠭᠡᠳᠭᠡᠨ ᠲᠡᠰ ᠲᠡᠪᠰᠢᠬᠦᠯᠬᠦ ᠵᠡᠷᠭᠡ ᠠᠭᠤᠯᠭ᠎ᠠ ᠶᠢᠨ ᠲᠤᠭᠤᠷᠢᠨ ᠳᠤ ᠦᠭᠡ | ᠭᠡᠯᠡᠵᠡᠢ᠃ | ᠬᠦᠳᠡᠭᠡ ᠠᠵᠤ ᠠᠬᠤᠢ ᠬᠦᠳᠡᠭᠡ ᠲᠤᠰᠬᠤᠨ ᠤ ᠶᠠᠮᠤᠨ᠂ ᠤᠯᠤᠰ ᠤᠨ ᠵᠠᠬ᠎ᠠ ᠳᠡᠯᠭᠡᠬᠦᠷ ᠤᠨ ᠬᠢᠨᠠᠯᠳᠠ | ᠬᠠᠮᠢᠶᠠᠷᠤᠯᠳᠠ ᠶᠢᠨ ᠶᠡᠷᠦᠩᠭᠡᠢ ᠲᠤᠪᠴᠢᠶ᠎ᠠ᠂ ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠬᠢᠨᠠᠯᠳᠠ | ᠬᠠᠮᠢᠶᠠᠷᠤᠯᠳᠠ ᠶᠢᠨ ᠵᠦᠪᠯᠡᠯ᠂ ᠤᠯᠤᠰ ᠤᠨ ᠬᠦᠭᠵᠢᠬᠦᠯᠦᠯᠳᠠ ᠪᠠ ᠦᠭᠡᠷᠡᠴᠢᠯᠡᠯᠳᠠ ᠶᠢᠨ ᠵᠦᠪᠯᠡᠯ᠂ ᠠᠵᠤ | ᠦᠢᠯᠡᠳᠪᠤᠷᠢ ᠪᠠ ᠮᠡᠳᠡᠭᠡ ᠵᠠᠩᠬᠢᠵᠢᠯᠳᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠬᠤᠳᠠᠯᠳᠤᠭᠠᠨ ᠤ | ᠶᠠᠪᠤᠳᠠᠯ ᠤᠨ ᠶᠠᠮᠤᠨ ᠵᠡᠷᠭᠡ ᠤᠯᠤᠰ ᠤᠨ ᠶᠠᠮᠤᠨ ᠵᠦᠪᠯᠡᠯ ᠪᠠ ᠦᠪᠡᠷᠲᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ | ᠲᠠᠯ᠎ᠠ ᠶᠢᠨ ᠬᠠᠷᠢᠭᠤᠴᠠᠯᠭᠠᠳᠠᠨ᠂ ᠰᠤᠨᠢᠨ ᠮᠡᠳᠡᠭᠡᠨ ᠤ ᠵᠠᠭᠤᠴᠢᠯᠠᠭᠤᠷ ᠤᠨ ᠰᠤᠷᠪᠤᠯᠵᠢᠯᠠᠬᠴᠢ ᠨᠡᠶᠢᠳᠡᠯᠡᠬᠦ ᠬᠤᠷᠠᠯ ᠳᠤ | ᠤᠷᠤᠯᠴᠠᠪᠠ᠃ | | |