2020 ᠣᠨ ᠤ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2020/12/2
     12 ᠰᠠᠷ᠎ᠠ ᠶᠢᠨ 1᠎ ᠤ ᠡᠳᠦᠷ᠂ 2020 ᠣᠨ ᠤ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠬᠤᠷᠠᠯ ᠠᠴᠠ ᠤᠢᠢᠯᠠᠭᠠᠭᠰᠠᠨ ᠢᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠳᠦᠷᠢᠮ︾᠎ ᠢ 2020 ᠣᠨ ᠤ 12 ᠰᠠᠷ᠎ᠠ ᠶᠢᠨ 1᠎ ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠵᠦ᠂ ᠵᠠᠰᠠᠭ ᠤᠨ ᠣᠷᠳᠣᠨ᠂ ᠰᠠᠯᠠᠭ᠎ᠠ ᠮᠥᠴᠢᠷ᠂ ᠪᠠᠶᠢᠭᠤᠯᠤᠮᠵᠢ ᠶᠢᠨ ᠡᠷᠬᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠬᠠᠤᠯᠢ ᠴᠠᠭᠠᠵᠠ ᠶᠢᠨ ᠲᠠᠯ᠎ᠠ ᠠᠴᠠ ᠲᠣᠳᠣᠷᠬᠠᠢᠢᠯᠠᠵᠤ᠂ ᠬᠥᠭᠵᠢᠯᠲᠡ ᠶᠢ ᠠᠬᠢᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠳᠤ ᠵᠢᠷᠤᠮᠯᠠᠬᠤ ᠬᠠᠤᠯᠢ ᠲᠠᠢ ᠪᠠᠶᠢᠬᠤ ᠶᠢ ᠪᠡᠶᠡᠯᠡᠭᠦᠯᠦᠭᠰᠡᠨ ᠪᠠᠶᠢᠨ᠎ᠠ᠃      ᠦᠪᠡᠷᠳᠡᠭᠡᠨ ᠵᠠᠰᠠᠬᠤ ᠤᠷᠤᠨ ᠤ ᠳᠡᠳ᠋ ᠳᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠤᠷᠤᠯᠴᠠᠨ ᠥᠪᠡᠷᠲᠡᠭᠡᠨ ᠵᠠᠰᠠᠬᠤ ᠣᠷᠣᠨ ᠤ 2020 ᠣᠨ ᠤ ᠮᠥᠩᠭᠦᠨ ᠭᠦᠢᠯᠭᠡᠭᠡᠨ ᠤ ᠠᠵᠢᠯ ᠤᠨ ᠪᠠᠶᠢᠳᠠᠯ ᠤᠨ ᠲᠤᠬᠠᠶ ᠲᠠᠨᠢᠯᠴᠠᠭᠤᠯᠵᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠠᠴᠠ ᠰᠤᠷᠪᠤᠯᠵᠢᠯᠠᠠᠭᠴᠢ ᠶᠢᠨ ᠠᠰᠠᠭᠤᠯᠳᠠ ᠶᠢ ᠬᠠᠷᠢᠭᠤᠯᠪᠠ᠃      ᠬᠤᠸᠠᠩ ᡁᠢ ᠴᠢᠶᠠᠩ᠂ ᠪᠦᠬᠦ ᠣᠷᠣᠨ ᠤ ᠮᠥᠩᠭᠦᠨ ᠭᠦᠢᠯᠭᠡᠭᠡᠨ ᠤ ᠰᠢᠰᠲ᠋ᠧᠮ ︽ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ︾ ᠭᠤᠷᠪᠠᠨ ᠶᠡᠭᠡ ᠡᠭᠦᠷᠭᠡ ᠶᠢᠨ ᠲᠣᠭᠤᠷᠢᠨ ᠳᠤ᠂ ᠬᠦᠴᠢᠷ ᠢ ᠰᠦᠷᠦᠨ ᠤᠷᠤᠭᠰᠢᠯᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠡᠮᠦᠨ᠎ᠡ ᠹᠷᠣᠨᠲ ᠲᠤ ᠦᠢᠯᠡᠴᠢᠯᠡᠵᠤ᠂ ᠮᠥᠩᠭᠦᠨ ᠭᠦᠢᠯᠭᠡᠭᠡᠨ ᠤ ᠦᠢᠯᠡᠰ ᠲᠤ ᠬᠥᠭᠵᠢᠯᠲᠡ ᠶᠢᠨ ᠦᠨᠳᠦᠰᠦᠨ ᠪᠠᠶᠢᠳᠠᠯ ᠲᠣᠭᠲᠠᠭᠤᠨ ᠢᠶᠠᠷ ᠰᠠᠶᠢᠵᠢᠷᠠᠬᠤ ᠰᠢᠨ᠎ᠡ ᠪᠠᠶᠢᠳᠠᠯ ᠢᠯᠡᠷᠡᠪᠡ᠃ ᠪᠣᠳᠠᠲᠤ ᠴᠣᠭᠴᠠ ᠶᠢᠨ ᠠᠵᠤ ᠠᠬᠤᠶ ᠶᠢᠨ ᠪᠡᠯᠡ ᠬᠤᠷᠠᠮᠳᠤᠭᠤᠯᠭ᠎ᠠ ᠶᠢᠨ ᠠᠷᠭ᠎ᠠ ᠵᠠᠮ ᠢ ᠲᠠᠰᠤᠷᠠᠯᠲᠠ ᠤᠢᠭᠡᠢ ᠰᠠᠭᠠᠳ ᠦᠭᠡᠶ ᠨᠡᠪᠲᠡᠷᠡᠭᠦᠯᠵᠤ᠂ ᠦᠢᠯᠡᠳᠬᠦᠨ ᠤ ᠰᠢᠨ᠎ᠡ ᠶᠢ ᠡᠭᠦᠳᠬᠦ ᠦᠢᠯᠡᠴᠢᠯᠡᠭᠡ ᠪᠠᠷ ᠳᠠᠮᠵᠢᠨ᠂ ᠪᠣᠳᠠᠲᠤ ᠴᠣᠭᠴᠠ ᠶᠢᠨ ᠠᠵᠤ ᠠᠬᠤᠶ ᠳᠤ ︽ᠮᠥᠩᠭᠦᠨ ᠭᠦᠢᠯᠭᠡᠭᠡᠨ ᠤ ᠠᠮᠢᠳᠤ ᠤᠰᠤ︾᠎ ᠶᠢ ᠨᠡᠮᠡᠷᠢᠯᠡᠭᠰᠡᠨ ᠪᠠᠶᠢᠨ᠎ᠠ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠤᠷᠤᠨ ᠪᠦᠰᠡ ᠶᠢᠨ ᠴᠢᠨᠠᠷᠲᠠᠶ ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠡᠭᠦᠰᠬᠦ ᠦᠬᠡᠢ ᠪᠠᠶᠢᠬᠤ ᠬᠤᠷᠢᠭ᠎ᠠ ᠱᠤᠭᠤᠮ ᠢ ᠪᠠᠳᠤ ᠰᠠᠬᠢᠨ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠭᠤᠤᠯᠳᠠᠯᠭ᠎ᠠ ᠲᠠᠢ ᠠᠵᠢᠯ ᠪᠣᠯᠭᠠᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢᠳᠡᠪᠬᠢᠲᠡᠢ ᠦᠷ᠎ᠡ ᠪᠦᠲᠦᠮᠵᠢ ᠣᠯᠵᠠᠢ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ ᠵᠠᠰᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠤᠨ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠵᠤ᠂ ᠣᠷᠣᠨ ᠨᠤᠲᠤᠭ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠭᠦᠨᠴᠡ ᠪᠠ ᠨᠡᠪᠲᠡᠯᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠵᠤ ᠪᠤᠢ ᠭᠡᠵᠤ ᠵᠢᠭᠠᠵᠤ ᠭᠠᠷᠭᠠᠪᠠ᠃      ᠤᠢᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠯᠲᠠ ᠳᠣᠣᠷ᠎ᠠ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ ᠪᠦᠬᠦ ᠬᠦᠴᠦᠨ ᠢᠶᠠᠷ ᠳᠠᠮᠵᠢᠨ᠂ ᠪᠡᠯᠡ ᠮᠥᠩᠭᠦ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠬᠡᠪᠴᠢᠶ᠎ᠡ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠤᠯᠵᠠᠢ᠃ ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ ᠪᠥᠬᠦ ᠣᠷᠣᠨ ᠤ ᠨᠡᠶᠢᠭᠡᠮ ᠤᠨ ᠪᠠᠯᠠ ᠬᠤᠷᠠᠮᠳᠤᠭᠤᠯᠭ᠎ᠠ ᠶᠢᠨ ᠬᠡᠪᠴᠢᠶᠡᠨ ᠤ ᠨᠡᠮᠡᠭᠳᠡᠯ ᠤᠨ ᠬᠡᠮᠵᠢᠶ᠎ᠡ 2043.5 ᠳ᠋ᠦᠩᠰᠢᠭᠤᠷ ᠲᠥᠭᠦᠷᠢᠭ ᠲᠤ ᠬᠦᠷᠴᠦ᠂ 2019 ᠣᠨ ᠤ ᠪᠥᠬᠦ ᠵᠢᠯ ᠤᠨ ᠬᠢ ᠠᠴᠠ 1.4 ᠳᠠᠬᠢᠨ ᠪᠤᠯᠪᠠ᠃ ᠢᠲᠡᠭᠡᠮᠵᠢᠲᠦ ᠵᠢᠭᠡᠯᠡᠯᠭᠡ ᠶᠢᠨ ᠪᠦᠲᠦᠴᠡ ᠢᠯᠡᠳᠲᠡ ᠰᠢᠯᠢᠳᠡᠭᠵᠢᠵᠦ᠂ ᠪᠡᠯᠡ ᠮᠥᠩᠭᠦ ᠶᠢ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠤᠷᠤᠭᠤᠯᠬᠤ ᠶᠢ ᠬᠦᠨᠳᠦᠳᠭᠡᠭᠰᠡᠨ ᠪᠠᠶᠢᠨ᠎ᠠ᠃ ᠰᠢᠭᠤᠳ ᠪᠠᠯᠠ ᠬᠤᠷᠠᠮᠳᠤᠭᠤᠯᠭ᠎ᠠ 2121 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.8%᠎ ᠪᠠᠷ ᠨᠡᠮᠡᠭᠳᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号