ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2020 ᠣᠨ ᠤ 30 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/12/21
     12 ᠰᠠᠷ᠎ᠠ ᠶᠢᠨ 10᠎ ᠤ ᠦᠳᠡ ᠶᠢᠨ ᠬᠤᠶᠢᠨ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠤᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠦ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠮᠵᠢ ᠲᠣᠭᠲᠠᠴᠠ ᠪᠣᠯᠤᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠬᠦ ᠬᠡᠷᠡᠭᠵᠢᠭᠦᠯᠬᠦ ᠰᠠᠨᠠᠯ ᠵᠡᠷᠭᠡ ᠵᠦᠢᠯ ᠢ ᠰᠤᠳᠤᠯᠪᠠ᠃      ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ︽︿ᠵᠠᠰᠠᠭ ᠤᠨ ᠣᠷᠳᠣᠨ ᠤ ᠠᠵᠢᠯ ᠤᠨ ᠢᠯᠡᠳᠬᠡᠯ﹀᠎ ᠤᠨ ᠭᠤᠤᠯᠳᠠᠯᠭ᠎ᠠ ᠲᠠᠢ ᠠᠵᠢᠯ ᠤᠨ ᠰᠠᠯᠠᠭ᠎ᠠ ᠮᠥᠴᠢᠷ ᠶᠢᠨ ᠠᠵᠢᠯ ᠤᠨ ᠬᠤᠪᠢᠶᠠᠷᠢᠯᠠᠯ ᠢ ᠨᠠᠶᠢᠳᠠᠪᠤᠷᠢᠵᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠪᠣᠯᠤᠨ ᠥᠪᠡᠷᠲᠡᠭᠡᠨ ᠵᠠᠰᠠᠬᠤ ᠣᠷᠣᠨ ᠤ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠠᠵᠢᠯ ᠤᠨ ᠬᠤᠪᠢᠶᠠᠷᠢᠯᠠᠯ ᠤᠨ ᠲᠣᠬᠢᠷᠠᠭᠤᠯᠤᠯᠲᠠ ᠲᠠᠢ ᠨᠠᠷᠢᠨ ᠬᠢᠨᠠᠮᠠᠭᠠᠶ ᠬᠠᠷᠭᠤᠭᠤᠯᠵᠦ᠂ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠢ ᠵᠦᠢᠯ ᠵᠤᠷᠪᠤᠰ ᠳᠠᠷᠠᠭᠠᠯᠠᠨ ᠨᠢᠭᠡᠳ ᠨᠢᠭᠡ ᠪᠠᠷ ᠡᠮᠬᠢᠯᠡᠨ ᠲᠢᠭᠯᠡᠵᠦ ᠪᠠᠶᠢᠴᠠᠭᠠᠨ ᠦᠵᠡᠬᠦ ᠬᠡᠷᠡᠭᠲᠡᠢ᠃ ᠨᠠᠶᠢᠳᠠᠪᠤᠷᠢᠵᠢᠭᠤᠯᠤᠯᠲᠠ ᠨᠢ ᠵᠥᠷᠢᠶ᠎ᠡ ᠲᠠᠢ᠂ ᠠᠵᠢᠯ ᠢᠶᠠᠨ ᠪᠣᠳᠠᠲᠠᠶ ᠨᠠᠶᠢᠳᠠᠪᠤᠷᠢᠵᠢᠭᠤᠯᠤᠭᠰᠠᠨ ᠦᠭᠡᠢ ᠪᠠᠶᠢᠪᠠᠯ ᠰᠢᠯᠲᠠᠭᠠᠨ ᠢ ᠨᠢ ᠪᠠᠶᠢᠴᠠᠭᠠᠨ ᠲᠣᠳᠣᠯᠠᠵᠤ᠂ ᠬᠠᠷᠢᠭᠤᠴᠠᠯᠭ᠎ᠠ ᠶᠢ ᠨᠢ ᠨᠠᠶᠢᠳᠠᠪᠤᠷᠢᠵᠢᠭᠤᠯᠤᠨ᠂ ᠠᠷᠭ᠎ᠠ ᠬᠡᠮᠵᠢᠶ᠎ᠡ ᠎ ᠶᠢ ᠨᠢ ᠴᠢᠩᠭᠠᠳᠬᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠳᠤ ᠲᠣᠭᠲᠠᠭᠠᠭᠰᠠᠨ ᠡᠯ᠎ᠡ ᠵᠦᠢᠯ ᠶᠢᠨ ᠬᠠᠷᠠᠯᠲᠠ ᠡᠭᠦᠷᠭᠡ ᠶᠢ ᠡᠷᠡᠰ ᠲᠦᠷᠭᠡᠨ᠂ ᠲᠡᠷᠡ ᠶᠣᠰᠣᠭᠠᠷ ᠨᠢ ᠪᠣᠳᠠᠲᠠᠶ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠮᠵᠢ ᠲᠣᠭᠲᠠᠴᠠ ᠪᠠ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠬᠦ ᠪᠤᠯ ᠨᠠᠮ ᠤᠨ ᠲᠥᠪ ᠬᠤᠷᠢᠶᠠᠨ ᠤ ᠰᠢᠨ᠎ᠡ ᠴᠠᠭ ᠦᠶ᠎ᠡ ᠶᠢᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾᠎ ᠤ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠶ ᠤᠶᠢᠯᠠᠭᠠᠨ ᠡᠵᠡᠮᠰᠢᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠢᠨᠠᠮᠠᠭᠠᠶ ᠰᠠᠶᠢᠲᠤᠷ ᠠᠳᠬᠤᠬᠤ ᠭᠡᠷᠡᠭᠲᠡᠢ᠃ ᠣᠳᠣᠬᠠᠨ ᠤ ᠠᠵᠢᠯ ᠤᠨ ᠰᠠᠭᠤᠷᠢᠨ ᠳᠡᠭᠡᠷ᠎ᠡ᠂ ᠮᠠᠨ ᠤ ᠣᠷᠣᠨ ᠤ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠮᠵᠢ ᠲᠣᠭᠲᠠᠴᠠ ᠶᠢ ᠪᠠᠶᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠴᠢᠭᠯᠡᠬᠦᠯᠦᠯᠳᠦ ᠴᠢᠨᠠᠷ᠂ ᠪᠣᠳᠠᠲᠤ ᠦᠷ᠎ᠡ ᠪᠦᠳᠦᠮᠵᠢᠳᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠩᠭᠠᠷᠠᠭᠤᠯᠵᠤ᠂ ᠴᠢᠨᠠᠷ ᠰᠠᠶᠢᠲᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠲᠣᠭᠲᠠᠭᠠᠬᠤ ᠶᠢ ᠦᠨᠡᠨ ᠬᠦ ᠪᠠᠲᠤᠯᠠᠬᠤ ᠭᠡᠷᠡᠭᠲᠡᠢ ᠭᠡᠵᠦ ᠵᠢᠭᠠᠵᠦ ᠭᠠᠷᠭᠠᠪᠠ᠃      ᠬᠤᠷᠠᠯ ᠠᠴᠠ ᠪᠠᠰᠠ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤᠮᠳᠠ ᠪᠠᠭ᠎ᠠ ᠠᠵᠤ ᠠᠬᠤᠶᠢᠯᠠᠯ ᠎ ᠤᠨ ᠳᠠᠩᠰᠠᠨ ᠵᠣᠭᠤᠰ ᠢ ᠥᠷᠢᠲᠦᠬᠦ ᠶᠢ ᠰᠡᠷᠭᠡᠶᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠵᠡᠷᠭᠡ ᠵᠦᠢᠯ ᠢ ᠰᠤᠳᠤᠯᠵᠠᠶ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号