ᠦᠪᠡᠷᠲᠡᠭᠡᠨ ᠵᠠᠰᠠᠬᠤ ᠤᠷᠤᠨ ᠤ ᠬᠤᠶᠠᠷ ᠢ ᠬᠦᠷᠢᠶᠡᠯᠡᠭᠰᠡᠨ ᠵᠢᠱᠢᠶᠠᠴᠢ ᠬᠤᠳᠠ ᠶᠢ ᠨᠡᠷᠡᠶᠢᠳᠬᠦ ᠶᠡᠭᠡ ᠬᠤᠷᠠᠯ ᠬᠤᠷᠠᠯᠳᠤᠵᠠᠢ    ᠱᠢ ᠲᠠᠢ ᠹᠧᠩ  ᠪᠦ᠋ ᠰᠢᠶᠤᠤ ᠯᠢᠨ  ᠯᠢ ᠰᠢᠦ ᠯᠢᠩ ᠬᠤᠷᠠᠯ ᠳᠤ ᠤᠷᠤᠯᠴᠠᠬᠰᠠᠨ ᠳᠦᠯᠦᠬᠡᠯᠡᠭᠴᠢᠳ ᠲᠠᠢ ᠠᠭᠤᠯᠵᠠᠪᠠ
ᠨᠡᠶᠢᠲᠡᠯᠡᠭᠰᠡᠨ ᠴᠠᠭ᠄
2020/12/23
     12 ᠰᠠᠷ᠎ᠠ ᠶᠢᠨ 22᠎ ᠤᠨ ᠡᠳᠤᠷ᠂ ᠦᠪᠡᠷᠳᠡᠬᠡᠨ ᠵᠠᠰᠠᠬᠤ ᠤᠷᠤᠨ ᠤ ᠬᠤᠶᠠᠷ ᠢ ᠬᠦᠷᠢᠶᠡᠯᠡᠭᠰᠡᠨ ᠵᠢᠱᠢᠶᠠᠴᠢ ᠬᠤᠳᠠ ︵ᠬᠤᠰᠢᠭᠤ ᠰᠢᠶᠠᠨ᠂ ᠬᠤᠳᠠ ᠳᠤᠭᠤᠷᠢᠬ︶᠎ ᠶᠢ ᠨᠡᠷᠡᠶᠢᠳᠬᠦ ᠶᠡᠭᠡ ᠬᠤᠷᠠᠯ ᠬᠦᠬᠡᠬᠤᠳᠠ ᠳᠤ ᠬᠤᠷᠠᠯᠳᠤᠵᠥ᠂ ᠤᠳᠤᠬᠠᠨ ᠤ ᠬᠤᠶᠠᠷ ᠢ ᠬᠦᠷᠢᠶᠡᠯᠡᠬᠦ ᠠᠵᠢᠯ ᠤᠨ ᠪᠠᠶᠢᠳᠠᠯ ᠢ ᠵᠠᠳᠠᠯᠤᠨ᠂ ᠬᠤᠶᠢᠰᠢᠳᠡ ᠶᠢᠨ ᠨᠢᠬᠡ ᠬᠤᠭᠤᠴᠠᠭᠠᠨ ᠤ ᠬᠤᠶᠠᠷ ᠢ ᠬᠦᠷᠢᠶᠡᠯᠡᠬᠦ ᠠᠵᠢᠯ ᠤᠨ ᠡᠬᠦᠷᠬᠡ ᠶᠢ ᠪᠠᠶᠢᠷᠢᠯᠠᠭᠤᠯᠵᠥ᠂ ᠰᠢᠨ᠎ᠡ ᠨᠢᠬᠡ ᠬᠤᠭᠤᠴᠠᠭᠠᠨ ᠤ ᠦᠪᠡᠷᠳᠡᠬᠡᠨ ᠵᠠᠰᠠᠬᠤ ᠤᠷᠤᠨ ᠤ ᠬᠤᠶᠠᠷ ᠢ ᠬᠦᠷᠢᠶᠡᠯᠡᠭᠰᠡᠨ ᠵᠢᠱᠢᠶᠠᠴᠢ ᠬᠤᠳᠠ ︵ᠬᠤᠰᠢᠭᠤ ᠰᠢᠶᠠᠨ᠂ ᠬᠤᠳᠠ ᠳᠤᠭᠤᠷᠢᠬ︶᠎ ᠶᠢ ᠨᠡᠷᠡᠶᠢᠳᠪᠡ᠃
     ᠬᠤᠷᠠᠯ ᠠᠴᠠ ᠡᠮᠤᠨ᠎ᠡ᠂ ᠦᠪᠡᠷᠳᠡᠬᠡᠨ ᠵᠠᠰᠠᠬᠤ ᠤᠷᠤᠨ ᠤ ᠨᠠᠮ ᠵᠠᠰᠠᠬ ᠴᠡᠷᠢᠭ ᠤᠨ ᠤᠳᠤᠷᠢᠳᠤᠯᠭ᠎ᠠ ᠱᠢ ᠲᠠᠢ ᠹᠧᠩ᠂ ᠪᠦ᠋ ᠰᠢᠶᠤᠤ ᠯᠢᠨ᠂ ᠯᠢ ᠰᠢᠦ ᠯᠢᠩ᠂ ᠯᠢᠨ ᠱᠤᠤ ᠴᠦᠨ᠂ ᠵᠠᠩ ᠱᠤᠤ ᠴᠦᠨ᠂ ᠮᠠ ᠴᠢᠩ ᠯᠸᠢ᠂ ᠡᠤ ᠲᠤᠸᠠᠨ ᠶᠢᠩ᠂ ᠡᠸᠤ ᠶᠠᠩ ᠰᠢᠶᠤᠤ ᠬᠤᠢ᠂ ᠯᠢ ᠱᠤᠤ ᠵᠢᠶᠦ᠋ᠨ᠂ ᠰᠢᠶᠤᠤ ᠹᠠᠩ ᠵᠢᠦᠢ ᠬᠤᠷᠠᠯ ᠳᠤ ᠣᠷᠤᠯᠴᠠᠭᠰᠠᠨ ᠲᠦᠯᠦᠭᠡᠯᠡᠭᠴᠢᠳ ᠲᠠᠢ ᠬᠠᠮᠳᠤ ᠶᠢᠨ ᠰᠡᠬᠦᠳᠡᠷ ᠳᠠᠳᠠᠭᠤᠯᠵᠥ ᠳᠤᠷᠠᠰᠬᠠᠯ ᠦᠯᠡᠳᠡᠬᠡᠪᠡ᠃ ᠡᠸᠤ ᠶᠠᠩ ᠰᠢᠶᠤᠤ ᠬᠤᠢ ᠶᠡᠭᠡ ᠬᠤᠷᠠᠯ ᠳᠤ ᠤᠷᠤᠯᠴᠠᠬᠰᠠᠨ ᠪᠦᠬᠡᠳ ᠶᠠᠷᠢᠶ᠎ᠠ ᠳᠠᠯᠪᠢᠵᠥ᠂ ᠯᠢ ᠱᠤᠤ ᠵᠢᠶᠦ᠋ᠨ ᠬᠤᠷᠠᠯ ᠢ ᠡᠷᠬᠢᠯᠡᠪᠡ᠃
     ᠬᠤᠷᠠᠯ ᠠᠴᠠ᠂ ᠡᠯ᠎ᠡ ᠱᠠᠳᠤ ᠡᠯ᠎ᠡ ᠭᠠᠵᠠᠷ ᠤᠨ ᠬᠢᠨ ᠤᠯᠤᠰ ᠳᠦᠷᠦ ᠶᠢᠨ ᠵᠤᠬᠰᠤᠴᠠ ᠪᠠᠨ ᠳᠡᠬᠡᠭᠰᠢᠯᠡᠬᠦᠯᠵᠥ᠂ ᠬᠤᠶᠠᠷ ᠢ ᠬᠦᠷᠢᠶᠡᠯᠡᠬᠦ ᠠᠵᠢᠯ ᠤᠨ ᠴᠢᠬᠤᠯᠠ ᠶᠡᠭᠡ ᠠᠴᠢ ᠬᠤᠯᠪᠤᠬᠳᠠᠯ ᠢ ᠬᠦᠢᠴᠡᠳ ᠳᠠᠨᠢᠵᠥ᠂ ᠶᠡᠷᠦᠩᠬᠡᠢ ᠱᠦᠵᠢ ᠰᠢ ᠶᠢᠨ ᠫᠢᠩ ᠤᠨ ᠬᠤᠶᠠᠷ ᠢ ᠬᠦᠷᠢᠶᠡᠯᠡᠬᠦ ᠠᠵᠢᠯ ᠢ ᠰᠠᠶᠢᠳᠤᠷ ᠬᠢᠬᠦ᠂ ᠴᠡᠷᠢᠭ ᠠᠩᠬᠢ ᠵᠠᠰᠠᠬ ᠤᠨ ᠤᠷᠳᠤᠨ ᠤ ᠪᠦᠯᠬᠦᠮᠳᠡᠯ ᠪᠤᠯᠤᠨ ᠴᠡᠷᠢᠭ ᠠᠷᠠᠳ ᠤᠨ ᠪᠦᠯᠬᠦᠮᠳᠡᠯ ᠢ ᠪᠠᠬᠢᠵᠢᠬᠦᠯᠦᠨ ᠬᠦᠭᠵᠢᠬᠦᠯᠬᠦ ᠳᠤᠬᠠᠢ ᠴᠢᠬᠤᠯᠠ ᠦᠬᠦᠯᠡᠯᠳᠡ ᠶᠢᠨ ᠵᠤᠷᠢᠬ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠳᠤᠭᠤᠰᠢᠯᠠᠭᠤᠯᠵᠥ᠂ ᠤᠬᠠᠮᠰᠠᠷ ᠠᠴᠠ ᠪᠠᠨ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠳᠦᠪ ᠬᠤᠷᠢᠶᠠᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠳᠡᠬᠡᠷ᠎ᠡ ᠨᠢᠬᠡᠳᠬᠡᠵᠥ᠂ ᠬᠤᠶᠠᠷ ᠢ ᠬᠦᠷᠢᠶᠡᠯᠡᠬᠦ ᠠᠵᠢᠯ ᠢ ᠪᠦᠬᠦ ᠬᠦᠴᠦᠨ ᠢᠶᠠᠷ ᠰᠠᠶᠢᠳᠤᠷ ᠠᠳᠬᠤᠬᠤ ᠬᠡᠷᠡᠭᠳᠡᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠳᠡᠮᠵᠢᠬᠦ ᠡᠷᠴᠢᠮ ᠢᠶᠠᠨ ᠴᠢᠩᠭᠠᠷᠠᠭᠤᠯᠵᠥ᠂ ᠴᠡᠷᠢᠭ ᠢ ᠪᠤᠯᠪᠠᠰᠤᠷᠠᠭᠤᠯᠵᠥ ᠳᠠᠶᠢᠨ ᠳᠤ ᠪᠡᠯᠡᠳᠬᠡᠬᠦ ᠳᠤ ᠦᠢᠯᠡᠴᠢᠯᠡᠬᠦ ᠢᠯᠡ ᠳᠤᠳᠤ ᠤᠳᠤᠷᠢᠳᠤᠮᠵᠢ ᠶᠢ ᠤᠯᠠᠮ ᠨᠢᠭᠡ ᠠᠯᠬᠤᠮ ᠪᠤᠢ ᠪᠤᠯᠭᠠᠨ᠂ ᠰᠢᠨ᠎ᠡ ᠴᠠᠬ ᠦᠶ᠎ᠡ ᠶᠢᠨ ᠴᠡᠷᠢᠭ ᠢ ᠬᠦᠷᠢᠶᠡᠯᠡᠬᠦ ᠴᠡᠷᠢᠭ ᠢ ᠬᠦᠴᠦᠷᠬᠡᠭᠵᠢᠬᠦᠯᠬᠦ ᠰᠢᠯᠢᠳᠡᠭ ᠰᠠᠶᠢᠨ ︽ᠦᠢᠯᠡᠴᠢᠯᠡᠬᠡᠨ ᠤ ᠠᠩᠬᠢ︾ ᠪᠤᠯᠵᠥ᠂ ᠤᠯᠤᠰ ᠤᠨ ᠪᠠᠳᠤᠯᠠᠨ ᠬᠠᠮᠠᠭᠠᠯᠠᠯᠳᠠ ᠪᠤᠯᠤᠨ ᠴᠡᠷᠢᠭ ᠠᠩᠬᠢ ᠶᠢᠨ ᠡᠯ᠎ᠡ ᠵᠦᠢᠯ ᠤᠨ ᠪᠦᠳᠦᠬᠡᠨ ᠪᠠᠶᠢᠭᠤᠯᠤᠯᠳᠠ ᠶᠢ ᠪᠦᠬᠦ ᠬᠦᠴᠦᠨ ᠢᠶᠠᠷ ᠪᠠᠳᠤᠯᠠᠬᠤ ᠬᠡᠷᠡᠭᠳᠡᠢ᠃ ᠦᠪᠡᠷᠳᠡᠬᠡᠨ ᠵᠠᠰᠠᠬᠤ ᠤᠷᠤᠨ ᠳᠤ ᠰᠠᠭᠤᠭ᠎ᠠ ᠴᠡᠷᠢᠭ ᠠᠩᠬᠢ ᠶᠢᠨ ᠬᠢᠨ ᠳᠤᠰ ᠪᠠᠶ᠎ᠡ ᠶᠢᠨ ᠳᠠᠪᠠᠭᠤᠯᠢᠭ ᠢᠶᠠᠨ ᠢᠳᠡᠪᠬᠢᠳᠡᠢ ᠪᠠᠳᠠᠷᠠᠭᠤᠯᠵᠥ᠂ ᠤᠷᠤᠨ ᠨᠤᠳᠤᠭ ᠤᠨ ᠠᠵᠥ ᠠᠬᠤᠢ ᠨᠡᠶᠢᠬᠡᠮ ᠤᠨ ᠪᠦᠳᠦᠬᠡᠨ ᠪᠠᠶᠢᠭᠤᠯᠤᠯᠳᠠ ᠳᠤ ᠰᠠᠨᠠᠭᠠᠴᠢᠯᠠᠭ᠎ᠠ ᠠᠴᠠ ᠪᠠᠨ ᠤᠷᠤᠯᠴᠠᠵᠥ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ᠂ ᠪᠠᠴᠢᠮ ᠪᠠᠶᠢᠳᠠᠯ ᠢ ᠠᠷᠭᠠᠴᠠᠭᠠᠵᠥ ᠠᠶᠤᠯ ᠠᠴᠠ ᠠᠪᠤᠷᠠᠨ ᠭᠠᠮᠰᠢᠬ ᠠᠴᠠ ᠠᠪᠤᠷᠠᠬᠤ᠂ ᠤᠮᠠᠷᠠᠳᠤ ᠶᠢᠨ ᠬᠢᠯᠢ ᠬᠢᠵᠠᠭᠠᠷ ᠢ ᠪᠠᠬᠢᠵᠢᠬᠦᠯᠬᠦ ᠳᠠᠯ᠎ᠠ ᠪᠠᠷ ᠵᠢᠳᠭᠦᠨ ᠴᠢᠷᠮᠠᠶᠢᠵᠤ ᠠᠮᠵᠢᠯᠳᠠ ᠪᠦᠳᠦᠮᠵᠢ ᠭᠠᠷᠭᠠᠨ᠂ ᠳᠤᠬᠠᠢ ᠶᠢᠨ ᠭᠠᠵᠠᠷ ᠤᠨ ᠦᠨᠳᠦᠰᠦᠳᠡᠨ ᠨᠦᠭᠦᠳ ᠤᠨ ᠠᠷᠠᠳ ᠳᠦᠮᠡᠨ ᠳᠤ ᠪᠤᠶᠠᠨ ᠦᠢᠯᠡᠳᠴᠤ ᠠᠴᠢ ᠳᠤᠰᠠ ᠦᠵᠡᠬᠦᠯᠬᠦ ᠬᠡᠷᠡᠭᠳᠡᠢ᠃ ᠡᠯ᠎ᠡ ᠭᠠᠵᠠᠷ ᠤᠨ ᠬᠢᠨ ᠳᠠᠰᠤᠷᠠᠯᠳᠠ ᠦᠬᠡᠢ ᠬᠠᠶᠢᠨ ᠰᠦᠪᠡᠭᠴᠢᠯᠡᠵᠥ ᠦᠬᠡᠷᠡᠴᠢᠯᠡᠯᠳᠡ ᠬᠢᠵᠥ᠂ ᠳᠦᠷᠢᠮ ᠤᠨ ᠨᠠᠶᠢᠳᠠᠪᠤᠷᠢᠵᠢᠭᠤᠯᠤᠯᠳᠠ ᠶᠢ ᠰᠠᠶᠢᠳᠤᠷ ᠠᠳᠬᠤᠨ᠂ ᠬᠤᠶᠠᠷ ᠢ ᠬᠦᠷᠢᠶᠡᠯᠡᠭᠰᠡᠨ ᠵᠢᠱᠢᠶᠠᠴᠢ ᠶᠢ ᠡᠬᠦᠳᠦᠨ ᠪᠠᠶᠢᠭᠤᠯᠬᠤ ᠠᠵᠢᠯᠯᠠᠭ᠎ᠠ ᠶᠢ ᠰᠠᠶᠢᠳᠤᠷ ᠠᠳᠬᠤᠵᠥ᠂ ᠨᠡᠶᠢᠳᠡᠯᠢᠭ ᠵᠢᠱᠢᠶᠠᠴᠢ ᠶᠢᠨ ᠤᠬᠠᠭᠤᠯᠭ᠎ᠠ ᠶᠢ ᠰᠠᠶᠢᠳᠤᠷ ᠠᠳᠬᠤᠨ᠂ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ ᠶᠢ ᠡᠬᠦᠳᠦᠨ ᠬᠦᠭᠵᠢᠬᠦ ᠶᠢ ᠦᠷᠬᠦᠯᠵᠢᠯᠡᠨ ᠠᠬᠢᠭᠤᠯᠵᠥ᠂ ᠦᠪᠡᠷᠳᠡᠬᠡᠨ ᠵᠠᠰᠠᠬᠤ ᠤᠷᠤᠨ ᠤ ᠠᠵᠥ ᠠᠬᠤᠢ ᠨᠡᠶᠢᠬᠡᠮ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ᠂ ᠡᠬᠡ ᠤᠯᠤᠰ ᠤᠨ ᠤᠮᠠᠷᠠᠳᠤ ᠬᠢᠯᠢ ᠶᠢᠨ ᠠᠮᠤᠷ ᠳᠦᠪᠰᠢᠨ ᠳᠤᠬᠳᠠᠭᠤᠨ ᠤ ᠬᠠᠯᠬᠠᠪᠴᠢ ᠶᠢ ᠪᠠᠬᠢᠵᠢᠬᠦᠯᠬᠦ ᠳᠤ ᠠᠤᠭ᠎ᠠ ᠶᠡᠭᠡ ᠬᠦᠴᠦᠨ ᠴᠢᠳᠠᠯ ᠢ ᠨᠢᠬᠳᠠᠷᠠᠭᠤᠯᠬᠤ ᠬᠡᠷᠡᠭᠳᠡᠢ ᠬᠡᠵᠥ ᠵᠢᠭᠠᠵᠥ ᠭᠠᠷᠭᠠᠪᠠ᠃      ᠬᠤᠷᠠᠯ ᠳᠡᠬᠡᠷ᠎ᠡ᠂ ︽ᠦᠪᠡᠷᠳᠡᠬᠡᠨ ᠵᠠᠰᠠᠬᠤ ᠤᠷᠤᠨ ᠤ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠳᠠ ︵ᠬᠤᠰᠢᠭᠤ ᠰᠢᠶᠠᠨ᠂ ᠬᠤᠳᠠ ᠳᠤᠭᠤᠷᠢᠬ︶᠎ ᠶᠢ ᠨᠡᠷᠡᠶᠢᠳᠬᠦ ᠳᠤᠬᠠᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠤᠷᠢᠶ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ᠂ ᠦᠪᠦᠷ ᠮᠤᠩᠭᠤᠯ ᠤᠨ ᠴᠡᠷᠢᠭ ᠤᠨ ᠳᠤᠭᠤᠷᠢᠭ ᠤᠨ ᠳᠤᠬᠳᠠᠭᠠᠯ︾᠎ ᠢ ᠤᠩᠰᠢᠨ ᠨᠡᠶᠢᠳᠡᠯᠡᠪᠡ᠃ ᠬᠦᠬᠡᠬᠤᠳᠠ᠂ ᠪᠤᠭᠤᠳᠤ ᠵᠡᠷᠬᠡ 67 ᠬᠤᠳᠠ ︵ᠬᠤᠰᠢᠭᠤ ᠰᠢᠶᠠᠨ᠂ ᠬᠤᠳᠠ ᠲᠤᠭᠤᠷᠢᠭ︶᠎ ᠶᠢ ᠦᠪᠡᠷᠳᠡᠬᠡᠨ ᠵᠠᠰᠠᠬᠤ ᠤᠷᠤᠨ ᠤ ᠬᠤᠶᠠᠷ ᠢ ᠬᠦᠷᠢᠶᠡᠯᠡᠭᠰᠡᠨ ᠵᠢᠱᠢᠶᠠᠴᠢ ᠬᠤᠳᠠ ︵ᠬᠤᠰᠢᠭᠤ ᠰᠢᠶᠠᠨ᠂ ᠬᠤᠳᠠ ᠳᠤᠭᠤᠷᠢᠭ︶᠎ ᠪᠠᠷ ᠨᠡᠷᠡᠶᠢᠳᠴᠤ ᠬᠦᠬᠢᠬᠦᠯᠤᠨ ᠰᠠᠶᠢᠰᠢᠶᠠᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号