ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠢᠥᠢ ᠬᠠᠢ ᠵᠢᠶᠦ᠋ᠨ ᠨᠦᠬᠦᠷ ᠲᠤ ︽ᠪᠦᠬᠦ ᠤᠯᠤᠰ ᠤᠨ ᠰᠢᠯᠢᠳᠡᠭ ᠡᠪ ᠬᠠᠮᠳᠤ ᠨᠠᠮ ᠤᠨ ᠬᠡᠰᠢᠬᠦᠨ︾᠎ ᠤ ᠴᠤᠯᠠ ᠶᠢ ᠨᠡᠬᠡᠮᠵᠢᠯᠡᠨ ᠤᠯᠭᠤᠬᠤ ᠶᠤᠰᠤᠯᠠᠯ ᠶᠠᠪᠤᠭᠤᠯᠪᠠ    ᠱᠢ ᠲᠠᠢ ᠹᠧᠩ ᠢᠥᠢ ᠬᠠᠢ ᠵᠢᠶᠦ᠋ᠨ ᠨᠦᠬᠦᠷ ᠤᠨ ᠬᠡᠷ ᠪᠦᠯᠢ ᠶᠢᠨ ᠬᠢᠨ ᠳᠤ ᠱᠠᠩᠨᠠᠯ ᠤᠨ ᠳᠡᠮᠳᠡᠭ ᠪᠠ ᠦᠨᠡᠮᠯᠡᠯ ᠭᠠᠷᠳᠠᠭᠤᠯᠤᠬᠰᠠᠨ ᠪᠦᠬᠡᠳ ᠶᠠᠷᠢᠶ᠎ᠠ ᠳᠠᠯᠪᠢᠵᠠᠢ
ᠨᠡᠶᠢᠲᠡᠯᠡᠭᠰᠡᠨ ᠴᠠᠭ᠄
2020/12/24
     12 ᠰᠠᠷ᠎ᠠ ᠶᠢᠨ 23᠎ ᠤ ᠡᠳᠤᠷ᠂ ᠳᠦᠪ ᠤᠨ ᠵᠤᠬᠢᠶᠠᠨ ᠪᠠᠶᠢᠭᠤᠯᠬᠤ ᠬᠡᠯᠳᠡᠰ ᠤᠨ ᠨᠠᠶᠢᠳᠠᠯᠭ᠎ᠠ ᠪᠠᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠬᠦᠬᠡᠬᠤᠳᠠ ᠳᠤ ᠢᠥᠢ ᠬᠠᠢ ᠵᠢᠶᠦ᠋ᠨ ᠨᠦᠬᠦᠷ ᠲᠤ ︽ᠪᠦᠬᠦ ᠤᠯᠤᠰ ᠤᠨ ᠰᠢᠯᠢᠳᠡᠭ ᠡᠪ ᠬᠠᠮᠳᠤ ᠨᠠᠮ ᠤᠨ ᠬᠡᠰᠢᠬᠦᠨ︾᠎ ᠤ ᠴᠤᠯᠠ ᠶᠢ ᠨᠡᠬᠡᠮᠵᠢᠯᠡᠨ ᠤᠯᠭᠤᠬᠤ ᠶᠤᠰᠤᠯᠠᠯ ᠶᠠᠪᠤᠭᠤᠯᠵᠠᠢ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠢᠥᠢ ᠬᠠᠢ ᠵᠢᠶᠦ᠋ᠨ ᠨᠦᠬᠦᠷ ᠤᠨ ᠬᠡᠷ ᠪᠦᠯᠢ ᠶᠢᠨ ᠬᠢᠨ ᠳᠤ ᠱᠠᠩᠨᠠᠯ ᠤᠨ ᠳᠡᠮᠳᠡᠭ ᠪᠠ ᠦᠨᠡᠮᠯᠡᠯ ᠭᠠᠷᠳᠠᠭᠤᠯᠤᠬᠰᠠᠨ ᠪᠦᠬᠡᠳ ᠶᠠᠷᠢᠶ᠎ᠠ ᠳᠠᠯᠪᠢᠵᠥ᠂ ᠪᠦᠬᠦ ᠤᠷᠤᠨ ᠤ ᠨᠠᠮ ᠤᠨ ᠬᠡᠰᠢᠬᠦᠨ ᠺᠠᠳ᠋ᠷᠴᠤᠳ ᠢᠥᠢ ᠬᠠᠢ ᠵᠢᠶᠦ᠋ᠨ ᠨᠦᠬᠦᠷ ᠤᠨ ᠳᠡᠷᠢᠬᠦᠨ ᠤ ᠦᠢᠯᠠ ᠠᠵᠢᠯᠯᠠᠭ᠎ᠠ ᠶᠢ ᠬᠦᠨᠵᠡᠬᠡᠢ ᠰᠤᠷᠤᠯᠴᠠᠵᠥ᠂ ᠪᠠᠭᠠᠳᠤᠷ ᠢᠶᠠᠷ ᠳᠤᠯᠢ ᠪᠤᠯᠭᠠᠨ ᠵᠢᠱᠢᠶᠠᠴᠢ ᠪᠠᠷ ᠪᠠᠷᠢᠮᠵᠢᠶᠠᠯᠠᠵᠥ᠂ ᠳᠤᠬᠠᠢᠢᠯᠠᠬᠰᠠᠨ ᠠᠵᠢᠯ ᠤᠨ ᠪᠠᠶᠢᠷᠢ ᠳᠠᠭᠠᠨ ᠡᠪ ᠬᠠᠮᠳᠤᠴᠤᠳ ᠤᠨ ᠪᠠᠶᠢᠪᠠᠰᠤ ᠵᠤᠬᠢᠬᠤ ᠬᠠᠷᠢᠭᠤᠴᠠᠯᠭ᠎ᠠ ᠡᠭᠦᠷᠭᠡᠯᠡᠯ ᠢ ᠢᠯᠡᠷᠡᠬᠦᠯᠵᠥ᠂ ᠤᠳᠤᠬᠢᠴᠢᠯᠠᠬᠰᠠᠨ ᠦᠪᠦᠷ ᠮᠤᠩᠭᠤᠯ ᠤᠨ ᠪᠦᠳᠦᠬᠡᠨ ᠪᠠᠶᠢᠭᠤᠯᠤᠯᠳᠠ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠬᠦᠯᠳᠦᠬᠡᠢ ᠬᠡᠵᠥ ᠤᠷᠢᠶᠠᠯᠠᠪᠠ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠶᠠᠩ ᠸᠧᠢ ᠳ᠋ᠦᠩ ᠶᠤᠰᠤᠯᠠᠯ ᠢ ᠡᠷᠬᠢᠯᠡᠭᠰᠡᠨ ᠪᠦᠬᠡᠳ ︽ᠵᠸᠤ ᠶᠦᠩ ᠺᠠᠢ᠂ ᠵᠠᠩ ᠬᠦᠢ ᠮᠸᠢ ᠨᠦᠬᠦᠷ ᠲᠤ ︿ᠪᠦᠬᠦ ᠤᠯᠤᠰ ᠤᠨ ᠰᠢᠯᠢᠳᠡᠭ ᠡᠪ ᠬᠠᠮᠳᠤ ᠨᠠᠮ ᠤᠨ ᠬᠡᠰᠢᠬᠦᠨ﹀᠎ ᠤ ᠴᠤᠯᠠ ᠤᠯᠭᠤᠬᠤ ᠪᠠ ᠢᠥᠢ ᠬᠠᠢ ᠵᠢᠶᠦ᠋ᠨ᠂ ᠯᠢ ᠰᠢᠶᠠ᠂ ᠯᠦ ᠶᠦᠩ ᠭᠧᠨ᠂ ᠵᠠᠩ ᠰᠢᠶᠤᠤ ᠵᠢᠤᠸᠠᠨ᠂ ᠭᠠᠷᠰᠯᠠᠶᠢᠲ᠋ᠢ · ᠮᠠᠾᠰᠦ᠋ᠲ᠋ᠢ ᠨᠦᠬᠦᠷ ᠲᠤ ︿ᠪᠦᠬᠦ ᠤᠯᠤᠰ ᠤᠨ ᠰᠢᠯᠢᠳᠡᠭ ᠡᠪ ᠬᠠᠮᠳᠤ ᠨᠠᠮ ᠤᠨ ᠬᠡᠰᠢᠬᠦᠨ﹀᠎ ᠤ ᠴᠤᠯᠠ ᠶᠢ ᠨᠡᠬᠡᠮᠵᠢᠯᠡᠨ ᠤᠯᠭᠤᠬᠤ ᠳᠤᠬᠠᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠳᠦᠪ ᠬᠤᠷᠢᠶᠠᠨ ᠤ ᠳᠤᠬᠳᠠᠭᠠᠯ︾᠎ ᠢ ᠤᠩᠰᠢᠨ ᠨᠡᠶᠢᠳᠡᠯᠡᠪᠡ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ ᠤᠨ ᠳᠠᠷᠤᠭ᠎ᠠ᠂ ᠦᠪᠡᠷᠳᠡᠬᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠳᠡᠷᠢᠬᠦᠯᠡᠭᠴᠢ ᠵᠠᠩ ᠱᠤᠤ ᠴᠦᠨ ᠶᠤᠰᠤᠯᠠᠯ ᠳᠤ ᠤᠷᠤᠯᠴᠠᠪᠠ᠃      ᠢᠥᠢ ᠬᠠᠢ ᠵᠢᠶᠦ᠋ᠨ ᠨᠦᠬᠦᠷ ᠤᠨ ᠡᠬᠡᠨᠡᠷ ᠯᠢᠦ ᠸᠧᠨ ᠴᠢᠩ᠂ ᠦᠪᠦᠷ ᠮᠤᠩᠭᠤᠯ ᠤᠨ ᠤᠢ ᠰᠢᠭᠤᠢ ᠶᠢᠨ ᠠᠵᠥ ᠦᠢᠯᠡᠳᠪᠦᠷᠢ ᠶᠢᠨ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠴᠧᠨ ᠪᠠᠢ ᠱᠠᠨ᠂ ᠬᠡᠬᠡᠨ ᠭᠤᠤᠯ ᠬᠤᠳᠠ ᠶᠢᠨ ᠤᠢ ᠰᠢᠭᠤᠢ ᠶᠢᠨ ᠲᠤᠪᠴᠢᠶᠠᠨ ᠤ ᠭᠠᠯ ᠰᠡᠷᠬᠡᠶᠢᠯᠡᠬᠦ ᠬᠠᠮᠢᠶᠠᠷᠤᠯᠳᠠ ᠶᠢᠨ ᠭᠠᠵᠠᠷ ᠤᠨ ᠤᠢ ᠰᠢᠭᠤᠢ ᠶᠢᠨ ᠲᠦᠢᠮᠠᠷ ᠢ ᠰᠡᠷᠭᠡᠶᠢᠯᠡᠬᠦ ᠶᠡᠭᠡ ᠠᠩᠬᠢ ᠶᠢᠨ ᠳᠡᠳ᠋ ᠠᠩᠬᠢ ᠶᠢᠨ ᠳᠠᠷᠤᠭ᠎ᠠ ᠹᠠᠨ ᠵᠢᠢ ᠳ᠋ᠦᠩ ᠳᠤᠰ ᠳᠤᠰ ᠦᠬᠡ ᠬᠡᠯᠡᠵᠤ᠂ ᠢᠥᠢ ᠬᠠᠢ ᠵᠢᠶᠦ᠋ᠨ ᠨᠦᠬᠦᠷ ᠤᠨ ᠳᠡᠷᠢᠬᠦᠨ ᠤ ᠦᠢᠯᠡ ᠠᠵᠢᠯᠯᠠᠭ᠎ᠠ ᠪᠤᠯᠤᠨ ᠰᠡᠳᠬᠢᠯ ᠳᠤᠬᠳᠤᠯᠤᠭᠤᠯᠤᠮ᠎ᠠ ᠦᠯᠢᠬᠡᠷ ᠢ ᠬᠤᠪᠢ ᠪᠡᠶ᠎ᠠ ᠶᠢᠨ ᠦᠩᠬᠡᠷᠡᠯᠳᠡ ᠪᠠ ᠰᠡᠳᠬᠢᠭᠳᠡᠯ ᠲᠠᠢ ᠪᠠᠨ ᠤᠶᠠᠯᠳᠤᠭᠤᠯᠤᠨ ᠬᠦᠨ ᠰᠡᠳᠬᠢᠯᠬᠡ ᠪᠠᠷ ᠡᠷᠬᠢᠴᠡᠬᠦᠯᠦᠨ ᠶᠠᠷᠢᠪᠠ᠃
     ᠱᠢ ᠲᠠᠢ ᠹᠧᠩ ᠶᠠᠷᠢᠶᠠᠨ ᠳᠠᠭᠠᠨ᠂ ︽ᠪᠦᠬᠦ ᠤᠯᠤᠰ ᠤᠨ ᠰᠢᠯᠢᠳᠡᠭ ᠡᠪ ᠬᠠᠮᠳᠤ ᠨᠠᠮ ᠤᠨ ᠭᠡᠰᠢᠭᠦᠨ︾᠎ ᠤ ᠴᠤᠯᠠ ᠤᠯᠭᠤᠭᠰᠠᠨ ᠪᠠ ᠨᠡᠬᠡᠮᠵᠢᠯᠡᠨ ᠤᠯᠭᠤᠭᠰᠠᠨ 7 ᠨᠦᠬᠦᠷ ᠪᠤᠳᠠᠳᠤ ᠠᠵᠢᠯᠯᠠᠭ᠎ᠠ ᠪᠠᠷ ᠢᠶᠠᠨ ᠡᠪ ᠬᠠᠮᠳᠤᠴᠤᠳ ᠤᠨ ᠨᠠᠮ ᠳᠠᠭᠠᠨ ᠦᠨᠡᠨᠴᠢ ᠰᠢᠳᠤᠷᠭᠤ᠂ ᠬᠠᠷᠠᠮ ᠦᠭᠡᠢ ᠵᠤᠷᠢᠭᠤᠯᠬᠤ ᠵᠤᠷᠢᠭ ᠰᠠᠨᠠᠭᠠᠨ ᠤ ᠬᠡᠪ ᠴᠢᠨᠠᠷ ᠢ ᠲᠠᠶᠢᠯᠪᠤᠷᠢᠯᠠᠵᠠᠢ᠂ ᠳᠡᠳᠡ ᠪᠤᠯ ᠰᠢᠨ᠎ᠠ ᠴᠠᠭ ᠦᠶ᠎ᠠ ᠶᠢᠨ ᠡᠪ ᠬᠠᠮᠳᠤ ᠨᠠᠮ ᠤᠨ ᠭᠡᠰᠢᠭᠦᠨ ᠤ ᠲᠡᠷᠢᠭᠦᠨ ᠤ ᠵᠢᠱᠢᠶᠡᠴᠢ ᠮᠦᠨ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠨᠡᠨᠴᠢ ᠪᠠᠷ ᠦᠢᠯᠡᠳᠦᠯᠭᠡᠵᠢᠭᠦᠯᠦᠭᠰᠡᠨ ᠭᠡᠷᠡᠯ ᠰᠠᠴᠤᠷᠠᠩᠭᠤᠢ ᠬᠡᠪ ᠳᠠᠭᠤᠷᠢᠶᠠᠯ ᠮᠦᠨ᠃ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠳᠠ ᠶᠢ ᠤᠳᠠᠯ ᠦᠭᠡᠢ ᠪᠡᠶᠡᠯᠡᠭᠦᠯᠵᠤ᠂ ᠢᠯᠠᠯᠳᠠ ᠶᠢᠨ ᠡᠷᠴᠢᠨ ᠳᠡᠭᠡᠷ᠎ᠠ ᠪᠠᠨ ᠨᠡᠶᠢᠭᠡᠮ ᠵᠢᠷᠤᠮᠳᠤ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠠ ᠠᠶᠠᠨ ᠢᠶᠠᠨ ᠡᠬᠢᠯᠡᠭᠦᠯᠬᠦ ᠴᠢᠬᠤᠯᠠ ᠴᠠᠭ ᠮᠦᠴᠡ ᠳᠤ ᠨᠠᠮ ᠤᠨ ᠲᠦᠪ ᠬᠤᠷᠢᠶᠠᠨ ᠠᠴᠠ ᠲᠤᠭᠳᠠᠭᠠᠯ ᠭᠠᠷᠭᠠᠵᠤ᠂ 7 ᠨᠦᠬᠦᠷ ᠲᠤ ᠡᠶᠢᠨ ᠬᠦ ᠢᠷᠠᠭᠤ ᠠᠯᠳᠠᠷ ᠤᠨ ᠴᠤᠯᠠ ᠤᠯᠭᠤᠭᠰᠠᠨ ᠪᠠ ᠨᠡᠬᠡᠮᠵᠢᠯᠡᠨ ᠤᠯᠭᠤᠭᠰᠠᠨ ᠨᠢ ᠦᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠰᠢᠨ᠎ᠠ ᠠᠶᠠᠨ ᠵᠠᠮ ᠳᠤ ᠡᠷᠡᠮᠡᠬᠡᠶᠢᠯᠡᠨ ᠤᠷᠤᠭᠰᠢᠯᠠᠬᠤ᠂ ᠰᠢᠨ᠎ᠠ ᠴᠠᠭ ᠦᠶ᠎ᠠ ᠳᠤ ᠭᠠᠪᠢᠶ᠎ᠠ ᠵᠢᠳᠭᠦᠯ ᠪᠠᠶᠢᠭᠤᠯᠬᠤ ᠶᠢ ᠤᠷᠮᠠᠰᠢᠭᠤᠯᠤᠨ ᠵᠤᠷᠢᠭᠵᠢᠭᠤᠯᠵᠤ ᠬᠦᠳᠦᠯᠦᠨ ᠳᠠᠭᠠᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ ᠭᠡᠵᠤ ᠵᠢᠭᠠᠵᠤ ᠭᠠᠷᠭᠠᠪᠠ᠃ ᠱᠢ ᠲᠠᠢ ᠹᠧᠩ ᠠᠴᠠ᠂ ᠢᠤᠢ ᠬᠠᠢ ᠵᠢᠶᠦ᠋ᠨ ᠨᠦᠬᠦᠷ ᠪᠤᠯ ᠦᠪᠦᠷ ᠮᠤᠩᠭᠤᠯ ᠠᠴᠠ ᠴᠤᠯᠭᠤᠷᠠᠨ ᠭᠠᠷᠤᠭᠰᠠᠨ ᠲᠡᠷᠢᠭᠦᠨ ᠤ ᠨᠡᠶᠢᠳᠡᠯᠢᠭ ᠵᠢᠱᠢᠶ᠎ᠠ ᠪᠤᠯᠤᠨ᠎ᠠ᠂ ᠲᠡᠷᠡ ᠶᠡᠭᠡ ᠬᠢᠩᠭᠠᠨ ᠳᠠᠪᠠᠭᠠᠨ ᠤ ᠰᠢᠭᠤᠢᠢᠳᠤ ᠤᠷᠤᠨ ᠢ 32 ᠵᠢᠯ ᠰᠠᠬᠢᠨ ᠬᠠᠮᠠᠭᠠᠯᠠᠵᠤ᠂ ᠤᠢ ᠰᠢᠭᠤᠢ ᠶᠢ ᠭᠡᠷ ᠢᠶᠠᠨ ᠪᠤᠯᠭᠠᠨ ᠤᠢ ᠰᠢᠭᠤᠢ ᠶᠢᠨ ᠲᠦᠯᠦᠭᠡ ᠠᠮᠢ ᠪᠡᠶ᠎ᠠ ᠪᠠᠨ ᠵᠤᠷᠢᠭᠤᠯᠵᠤ᠂ 2019 ᠣᠨ ᠤ 6 ᠰᠠᠷ᠎ᠠ ᠶᠢᠨ 19᠎ ᠤ ᠡᠳᠦᠷ ᠤᠢ ᠰᠢᠭᠤᠢ ᠶᠢᠨ ᠲᠠᠯᠠᠪᠠᠢ ᠶᠢᠨ ᠲᠦᠢᠮᠡᠷ ᠢ ᠤᠨᠳᠠᠷᠠᠭᠠᠬᠤ ᠦᠶᠡᠰ ᠠᠵᠠ ᠪᠤᠰᠤ ᠪᠠᠷ ᠪᠠᠭᠠᠳᠤᠷᠯᠢᠭ ᠢᠶᠠᠷ ᠪᠡᠶ᠎ᠠ ᠦᠷᠡᠭᠳᠡᠵᠤ᠂ ᠤᠯᠤᠰ ᠤᠨ ᠤᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠬᠤ ᠶᠢᠨ ᠲᠦᠯᠦᠭᠡ ᠨᠠᠨᠳᠢᠨ ᠠᠮᠢ ᠪᠠᠨ ᠵᠤᠷᠢᠭᠤᠯᠵᠠᠢ᠃ ᠨᠠᠮ ᠤᠨ ᠲᠦᠪ ᠬᠤᠷᠢᠶᠠᠨ ᠠᠴᠠ ᠢᠤᠢ ᠬᠠᠢ ᠵᠢᠶᠦ᠋ᠨ ᠨᠦᠬᠦᠷ ᠲᠤ ︽ᠪᠦᠬᠦ ᠤᠯᠤᠰ ᠤᠨ ᠰᠢᠯᠢᠳᠡᠭ ᠡᠪ ᠬᠠᠮᠳᠤ ᠨᠠᠮ ᠤᠨ ᠭᠡᠰᠢᠭᠦᠨ︾᠎ ᠤ ᠴᠤᠯᠠ ᠶᠢ ᠨᠡᠬᠡᠮᠵᠢᠯᠡᠨ ᠤᠯᠭᠤᠭᠰᠠᠨ ᠨᠢ ᠲᠡᠭᠦᠨ ᠤ ᠤᠯᠤᠰ ᠲᠦᠷᠦ ᠶᠢᠨ ᠬᠡᠪ ᠴᠢᠨᠠᠷ᠂ ᠦᠷᠳᠡᠭ ᠤᠨ ᠬᠦᠭᠡᠭᠡᠴᠡᠯᠳᠦᠯ ᠪᠠ ᠡᠷᠬᠢᠮ ᠳᠡᠭᠡᠳᠤ ᠬᠠᠶᠢᠷ᠎ᠠ ᠰᠡᠳᠬᠢᠯᠭᠡ ᠶᠢ ᠭᠦᠢᠴᠡᠳ ᠨᠤᠳᠠᠯᠠᠵᠤ ᠪᠠᠶᠢᠭ᠎ᠠ ᠶᠠᠪᠤᠳᠠᠯ ᠪᠤᠯᠤᠨ᠎ᠠ᠃ ᠪᠦᠬᠦ ᠤᠷᠤᠨ ᠤ ᠨᠠᠮ ᠤᠨ ᠭᠡᠰᠢᠭᠦᠨ ᠺᠠᠳ᠋ᠷᠴᠤᠳ ᠢᠤᠢ ᠬᠠᠢ ᠵᠢᠶᠦ᠋ᠨ ᠨᠦᠬᠦᠷ ᠢᠶᠠᠷ ᠳᠠᠭᠤᠷᠢᠶᠠᠯ ᠪᠤᠯᠭᠠᠨ᠂ ᠲᠡᠭᠦᠨ ᠤ ᠢᠳᠡᠭᠡᠯ ᠪᠢᠰᠢᠷᠡᠯ ᠢᠶᠠᠨ ᠪᠠᠳᠤ ᠰᠠᠬᠢᠨ ᠨᠠᠮ ᠳᠠᠭᠠᠨ ᠦᠨᠡᠨᠴᠢ ᠰᠢᠳᠤᠷᠭᠤ ᠪᠠᠶᠢᠬᠤ ᠤᠯᠤᠰ ᠲᠦᠷᠦ ᠶᠢᠨ ᠬᠡᠪ ᠴᠢᠨᠠᠷ ᠢ ᠰᠤᠷᠤᠯᠴᠠᠵᠤ᠂ ᠨᠠᠮ ᠪᠠ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠢᠮᠠᠭᠳᠠ ᠪᠠᠳᠤ ᠴᠡᠭᠡᠵᠢᠯᠡᠨ᠂ ︽ᠳᠦᠷᠪᠡᠨ ᠤᠬᠠᠮᠰᠠᠷ︾᠎ ᠢ ᠪᠠᠳᠤ ᠪᠤᠢ ᠪᠤᠯᠭᠠᠵᠤ᠂ ︽ᠳᠦᠷᠪᠡᠨ ᠢᠳᠡᠭᠡᠯ︾᠎ ᠢᠶᠠᠨ ᠪᠠᠳᠤᠳᠬᠠᠨ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠤ᠂ ᠨᠠᠮ ᠢᠶᠠᠨ ᠬᠠᠶᠢᠷᠠᠯᠠᠬᠤ᠂ ᠨᠠᠮ ᠤᠨ ᠲᠦᠯᠦᠭᠡ ᠰᠠᠨᠠᠭᠠᠰᠢᠷᠠᠬᠤ᠂ ᠨᠠᠮ ᠢ ᠮᠠᠨᠳᠤᠭᠤᠯᠬᠤ᠂ ᠨᠠᠮ ᠢ ᠬᠠᠮᠠᠭᠠᠯᠠᠬᠤ ᠶᠢ ᠲᠤᠬᠠᠢᠢᠯᠠᠭᠰᠠᠨ ᠠᠵᠢᠯ ᠳᠠᠭᠠᠨ ᠦᠨᠡᠨ ᠬᠦ ᠨᠠᠶᠢᠳᠠᠪᠤᠷᠢᠵᠢᠭᠤᠯᠬᠤ ᠬᠡᠷᠡᠭᠳᠠᠢ᠃ ᠲᠡᠭᠦᠨ ᠤ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠡ ᠬᠦᠢᠴᠡᠳᠭᠡᠬᠦ᠂ ᠡᠭᠦᠷᠭᠡ ᠡᠭᠦᠷᠭᠡᠯᠡᠨ ᠪᠤᠲᠠᠲᠠᠢ ᠠᠵᠢᠯᠯᠠᠬᠤ ᠨᠠᠨᠳᠢᠨ ᠵᠤᠷᠢᠭ ᠰᠠᠨᠠᠭ᠎ᠠ ᠶᠢ ᠰᠤᠷᠤᠯᠴᠠᠵᠦ᠂ ᠬᠤᠷᠴᠠ ᠲᠤᠳᠤ ᠦᠢᠯᠡᠰᠴᠢ ᠰᠡᠳᠭᠢᠯ ᠪᠤᠯᠤᠨ ᠬᠠᠷᠢᠭᠤᠴᠠᠯᠭᠠᠲᠦ ᠰᠡᠳᠭᠢᠯᠭᠡ ᠪᠠᠨ ᠢᠮᠠᠭᠲᠠ ᠪᠠᠳᠤᠯᠠᠨ᠂ ᠠᠵᠢᠯ ᠢᠶᠠᠨ ᠬᠠᠶᠢᠷᠠᠯᠠᠨ ᠠᠵᠢᠯ ᠳᠠᠭᠠᠨ ᠮᠡᠷᠭᠡᠰᠢᠵᠤ᠂ ᠤᠲᠤᠬᠢᠴᠢᠯᠠᠭᠰᠠᠠ ᠦᠪᠦᠷ ᠮᠤᠩᠭᠤᠯ ᠢ ᠪᠦᠲᠦᠭᠡᠡ ᠪᠠᠶᠢᠭᠤᠯᠬᠤ ᠠᠤᠭ᠎ᠠ ᠶᠡᠭᠡ ᠠᠯᠤᠰ ᠤᠨ ᠲᠦᠯᠦᠪ ᠢ ᠰᠠᠶᠢᠨ ᠰᠠᠶᠢᠬᠠᠠ ᠪᠤᠲᠠᠲᠤ ᠠᠬᠤᠢ ᠪᠤᠯᠭᠠᠨ ᠬᠤᠪᠢᠷᠠᠭᠤᠯᠬᠤ ᠶᠢ ᠠᠯᠬᠤᠮ ᠠᠯᠬᠤᠮ ᠢᠶᠠᠷ ᠠᠬᠢᠭᠤᠯᠬᠤ ᠭᠡᠷᠡᠭᠲᠡᠢ᠃ ᠲᠡᠭᠦᠨ ᠤ ᠵᠤᠷᠢᠭ ᠰᠢᠭᠤᠲᠤᠨ ᠲᠡᠮᠡᠴᠡᠬᠦ᠂ ᠲᠤᠷᠠᠲᠠᠶ᠎ᠠ ᠬᠤᠪᠢ ᠨᠡᠮᠡᠷᠢ ᠦᠵᠡᠭᠦᠯᠬᠦ ᠡᠷᠭᠢᠮ ᠲᠡᠭᠡᠲᠦ ᠵᠠᠩ ᠴᠢᠨᠠᠷ ᠢ ᠰᠤᠷᠤᠯᠴᠠᠵᠦ᠂ ᠦᠪᠡᠷᠲᠡᠭᠡᠡ ᠵᠠᠰᠠᠬᠤ ᠤᠷᠤᠨ ᠤ ᠬᠦᠭᠵᠢᠯᠲᠠ ᠶᠢᠨ ᠶᠡᠭᠡ ᠲᠠᠯ᠎ᠠ ᠪᠠᠷ ᠭᠤᠤᠯᠲᠠᠭᠤᠯᠤᠨ᠂ ᠲᠡᠰᠪᠦᠷᠢ ᠬᠠᠲᠠᠭᠤᠵᠢᠯᠲᠠᠢ ᠲᠡᠮᠡᠴᠡᠬᠦ ᠴᠤᠴᠠᠯᠲᠠ ᠦᠭᠡᠢ ᠤᠷᠤᠭᠰᠢᠯᠠᠬᠤ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠶᠡᠭᠡ ᠪᠠᠷ ᠪᠠᠲᠠᠷᠠᠭᠤᠯᠵᠦ᠂ ᠵᠤᠷᠢᠠᠠᠲᠠᠢ ᠪᠠᠷ ᠬᠠᠮᠤᠭ ᠤᠨ ᠬᠦᠨᠳᠤ ᠡᠬᠦᠷᠭᠡ ᠶᠢ ᠡᠭᠦᠷᠭᠡᠯᠡᠡ ᠬᠠᠮᠤᠭ ᠤᠨ ᠬᠦᠴᠢᠷ ᠠᠰᠠᠭᠤᠲᠠᠯ ᠢ ᠰᠢᠢᠳᠪᠦᠷᠢᠯᠡᠵᠦ᠂ ᠦᠵᠡᠰᠭᠦᠯᠡᠩᠳᠤ ᠰᠠᠶᠢᠬᠠᠠ ᠦᠪᠦᠷ ᠮᠤᠩᠭᠤᠯ ᠢ ᠪᠦᠲᠦᠭᠡᠡ ᠪᠠᠶᠢᠭᠤᠯᠬᠤ ᠳᠤ ᠨᠡᠩ ᠤᠯᠠᠠ ᠤᠶᠤᠨ ᠤᠠᠬᠭᠠᠠ ᠪᠠ ᠬᠦᠴᠤᠨ ᠴᠢᠲᠠᠯ ᠢᠶᠠᠨ ᠡᠷᠭᠦᠬᠦ ᠪᠠᠷ ᠴᠢᠷᠮᠠᠶᠢᠬᠤ ᠭᠡᠷᠡᠭᠲᠡᠢ᠃ ᠲᠡᠭᠦᠨ ᠤ ᠠᠰᠪᠤᠷ ᠴᠠᠭᠠᠪᠤᠷ ᠭᠤᠶᠠᠴᠢ ᠦᠭᠡᠢ᠂ ᠠᠮᠢ ᠪᠠᠨ ᠪᠤᠲᠤᠬᠤ ᠦᠭᠡᠢ ᠪᠠᠷ ᠤᠯᠠᠠ ᠤ ᠲᠦᠯᠦᠭᠡ ᠵᠢᠳᠭᠦᠬᠦ ᠦᠵᠡᠯ ᠰᠠᠨᠠᠭ᠎ᠠ ᠶᠢ ᠰᠤᠷᠤᠯᠴᠠᠵᠦ᠂ ᠡᠪ ᠬᠠᠮᠲᠤᠴᠤᠳ ᠤᠨ ᠦᠷᠲᠡᠭ ᠤᠨ ᠬᠦᠭᠡᠭᠡᠴᠡᠯᠲᠦᠯ ᠪᠤᠯᠤᠨ ᠡᠷᠭᠢᠮ ᠲᠡᠭᠡᠲᠦ ᠵᠠᠩ ᠴᠢᠨᠠᠷ ᠢ ᠤᠬᠠᠮᠰᠠᠷ ᠠᠴᠠ ᠪᠠᠨ ᠰᠠᠬᠢᠵᠦ᠂ ᠡᠷᠭᠡ ᠪᠠᠨ ᠴᠢᠩᠭ᠎ᠠ ᠭᠡᠷᠡᠭᠯᠡᠵᠦ ᠪᠡᠶ᠎ᠠ ᠪᠠᠨ ᠴᠢᠩᠭ᠎ᠠ ᠱᠠᠭᠠᠷᠲᠠᠠ᠂ ᠨᠠᠮ ᠤᠨ ᠡᠯ᠎ᠠ ᠵᠦᠢᠯ ᠤᠨ ᠰᠠᠬᠢᠯᠭ᠎ᠠ ᠪᠠᠲᠤ ᠳᠦᠷᠢᠮ ᠲᠤᠭᠲᠠᠭᠠᠯ ᠢ ᠴᠢᠩᠭ᠎ᠠ ᠵᠢᠷᠤᠮᠯᠠᠵᠤ᠂ ᠡᠪ ᠬᠠᠮᠲᠤᠴᠤᠳ ᠤᠨ ᠤᠯᠤᠰ ᠲᠦᠷᠦ ᠶᠢᠨ ᠤᠤᠷ ᠴᠢᠨᠠᠷ ᠢ ᠡᠬᠦᠷᠢᠲᠡ ᠬᠠᠲᠠᠭᠠᠯᠠᠬᠤ ᠭᠡᠷᠡᠭᠲᠡᠢ ᠭᠡᠵᠤ ᠵᠢᠭᠠᠵᠤ ᠭᠠᠷᠭᠠᠪᠠ᠃      ᠱᠢ ᠲᠠᠢ ᠹᠧᠩ᠂ ᠡᠯ᠎ᠠ ᠱᠠᠲᠤᠨ ᠤ ᠨᠠᠮ ᠤᠨ ᠵᠤᠬᠢᠶᠠᠠ ᠪᠠᠶᠢᠭᠤᠯᠤᠯᠲᠠ ᠶᠢᠨ ᠬᠢᠨ ᠢᠤᠢ ᠬᠠᠢ ᠵᠢᠶᠦ᠋ᠨ ᠨᠦᠬᠦᠷ ᠤᠨ ᠲᠡᠷᠢᠭᠦᠨ ᠤ ᠦᠢᠯᠡ ᠠᠵᠢᠯᠯᠠᠭ᠎ᠠ ᠠᠴᠠ ᠲᠠᠭᠠᠨ ᠰᠤᠷᠤᠯᠴᠠᠬᠤ ᠶᠢ ︽ᠤᠭ ᠰᠠᠨᠠᠭ᠎ᠠ ᠪᠠᠨ ᠦᠯᠦ ᠮᠠᠷᠲᠠᠵᠦ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠲᠦᠪᠲᠦ ᠬᠦᠮᠦᠵᠢᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠶᠢᠨ ᠴᠢᠬᠤᠯᠠ ᠠᠭᠤᠯᠭ᠎ᠠ ᠪᠤᠯᠭᠠᠠ᠂ ᠤᠯᠠᠠ ᠵᠦᠢᠯ ᠤᠨ ᠠᠷᠭ᠎ᠠ ᠪᠠᠷ ᠰᠤᠷᠤᠯᠴᠠᠯᠭ᠎ᠠ ᠤᠬᠠᠭᠤᠯᠭ᠎ᠠ ᠶᠢᠨ ᠠᠵᠢᠯ ᠢ ᠦᠷᠭᠡᠡ ᠲᠠᠯᠬᠡᠷ ᠦᠷᠨᠢᠭᠦᠯᠵᠦ᠂ ᠦᠷᠭᠡᠡ ᠤᠯᠠᠠ ᠨᠠᠮ ᠤᠨ ᠭᠡᠰᠢᠭᠦᠨ ᠺᠠᠳ᠋ᠷ ᠢ ᠲᠠᠭᠠᠭᠤᠯᠵᠦ ᠪᠠᠶᠢᠭᠠᠳ ᠤᠬᠠᠮᠰᠠᠷ ᠠᠴᠠ ᠪᠠᠨ ᠦᠯᠢᠭᠡᠷ ᠲᠠᠭᠤᠷᠢᠶᠠᠯ ᠤᠨ ᠬᠦᠴᠤᠨ ᠢ ᠡᠷᠡᠰ ᠪᠠᠲᠤ ᠢᠲᠡᠭᠡᠯ ᠪᠢᠰᠢᠷᠠᠯ ᠪᠠ ᠴᠤᠴᠠᠯᠳᠠ ᠦᠭᠡᠢ ᠲᠡᠮᠡᠴᠡᠬᠦ ᠬᠦᠲᠡᠯᠭᠡᠬᠦ ᠬᠦᠴᠤᠨ ᠪᠤᠯᠭᠠᠵᠦ᠂ ᠡᠷᠡᠮᠡᠭᠡᠶᠢᠯᠡᠡ ᠤᠷᠤᠭᠰᠢᠯᠠᠵᠦ᠂ ᠦᠨᠡᠡ ᠬᠦ ᠠᠳᠬᠤᠵᠦ ᠪᠤᠲᠠᠲᠠᠢ ᠠᠵᠢᠯᠯᠠᠠ ᠡᠷᠡᠯᠬᠡᠭᠯᠡᠨ ᠲᠡᠮᠡᠴᠡᠵᠦ᠂ ᠦᠵᠡᠰᠭᠦᠯᠡᠩᠳᠤ ᠰᠠᠶᠢᠬᠠᠠ ᠦᠪᠦᠷ ᠮᠤᠩᠭᠤᠯ ᠢᠶᠠᠨ ᠪᠦᠲᠦᠭᠡᠡ ᠪᠠᠶᠢᠭᠤᠯᠵᠤ ᠠᠭᠤᠤ ᠶᠡᠭᠡ ᠲᠤᠮᠲᠠᠲᠤ ᠶᠢᠨ ᠵᠡᠭᠦᠲᠦ ᠪᠠᠨ ᠬᠠᠮᠲᠤ ᠪᠠᠷ ᠲᠡᠷᠭᠡᠯᠰᠢᠭᠦᠯᠬᠦ ᠶᠢᠨ ᠲᠦᠯᠦᠭᠡ ᠴᠦᠬᠦᠷᠡᠰᠢ ᠦᠭᠡᠢ ᠲᠡᠮᠡᠴᠡᠬᠦ ᠭᠡᠷᠡᠭᠲᠡᠢ ᠭᠡᠵᠦ ᠴᠢᠬᠤᠯᠠᠴᠢᠯᠠᠪᠠ᠃      ᠦᠪᠡᠷᠲᠡᠭᠡᠡ ᠵᠠᠰᠠᠬᠤ ᠤᠷᠤᠨ ᠤ ᠬᠤᠯᠪᠤᠭᠲᠠᠯ ᠪᠦᠬᠦᠢ ᠰᠠᠯᠠᠭ᠎ᠠ ᠮᠦᠴᠢᠷ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠠ ᠵᠢᠴᠢ ᠢᠤᠢ ᠬᠠᠢ ᠵᠢᠶᠦ᠋ᠨ ᠨᠦᠬᠦᠷ ᠤᠨ ᠠᠮᠢᠲᠤ ᠰᠡᠷᠡᠭᠦᠨ ᠪᠠᠶᠢᠬᠤ ᠳᠠᠭᠠᠨ ᠠᠵᠢᠯᠯᠠᠵᠦ ᠪᠠᠶᠢᠭᠰᠠᠠ ᠪᠠᠶᠢᠭᠤᠯᠭ᠎ᠠ ᠨᠢᠭᠡᠴᠢ ᠶᠢᠨ ᠨᠠᠮ ᠤᠨ ᠭᠡᠰᠢᠭᠦᠨ ᠺᠠᠳ᠋ᠷ ᠤᠨ ᠲᠦᠯᠦᠭᠡᠯᠡᠭᠴᠢ ᠶᠤᠰᠤᠯᠠᠯ ᠳᠤ ᠤᠷᠤᠯᠴᠠᠵᠠᠢ᠃      ᠶᠤᠰᠤᠯᠠᠯ ᠶᠠᠪᠤᠭᠳᠠᠬᠤ ᠠᠴᠠ ᠡᠮᠦᠨ᠎ᠠ᠂ ᠱᠢ ᠲᠠᠢ ᠹᠧᠩ ᠵᠡᠷᠭᠡ ᠤᠲᠤᠷᠢᠳᠬᠤ ᠨᠦᠬᠦᠳ ᠢᠤᠢ ᠬᠠᠢ ᠵᠢᠶᠦ᠋ᠨ ᠨᠦᠬᠦᠷ ᠤᠨ ᠬᠡᠷ ᠪᠦᠯᠢ ᠶᠢᠨ ᠬᠢᠨ ᠲᠠᠢ ᠲᠤᠲᠤᠨᠤ ᠪᠠᠷ ᠠᠭᠤᠯᠵᠠᠭᠰᠠᠠ ᠪᠠᠶᠢᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号