ᠪᠦᠬᠦ ᠤᠷᠤᠨ ᠤ ᠦᠬᠡ ᠬᠡᠯᠡ ᠦᠰᠦᠭ ᠪᠢᠴᠢᠭ ᠤᠨ ᠬᠤᠷᠠᠯ ᠬᠤᠷᠠᠯᠳᠤᠪᠠ  ᠵᠧᠩ ᠬᠤᠩ ᠹᠠᠨ ᠬᠤᠷᠠᠯ ᠳᠤ ᠤᠷᠤᠯᠴᠠᠵᠤ ᠶᠠᠷᠢᠶ᠎ᠠ ᠳᠠᠯᠪᠢᠪᠠ
ᠨᠡᠶᠢᠲᠡᠯᠡᠭᠰᠡᠨ ᠴᠠᠭ᠄
2020/12/25
     12 ᠰᠠᠷ᠎ᠠ ᠶᠢᠨ 24᠎ ᠤ ᠡᠳᠦᠷ᠂ ᠪᠥᠬᠦ ᠣᠷᠣᠨ ᠤ ᠦᠭᠡ ᠬᠡᠯᠡ ᠥᠰᠥᠭ ᠪᠢᠴᠢᠭ ᠤᠨ ᠬᠤᠷᠠᠯ ᠸᠢᠳᠢᠣ᠋ ᠶᠢᠨ ᠬᠡᠯᠪᠡᠷᠢ ᠪᠠᠷ ᠬᠤᠷᠠᠯᠳᠤᠪᠠ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠦᠭᠡ ᠬᠡᠯᠡ ᠦᠰᠦᠭ ᠪᠢᠴᠢᠭ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠪᠣᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠵᠢᠴᠢ ᠪᠦᠬᠦ ᠤᠯᠤᠰ ᠤᠨ ᠦᠭᠡ ᠬᠡᠯᠡ ᠦᠰᠦᠭ ᠪᠢᠴᠢᠭ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠪᠦᠬᠦ ᠣᠷᠣᠨ ᠤ ᠦᠭᠡ ᠬᠡᠯᠡ ᠦᠰᠦᠭ ᠪᠢᠴᠢᠭ ᠤᠨ ᠠᠵᠢᠯ ᠢ ᠨᠠᠷᠢᠨ ᠬᠢᠨᠠᠮᠠᠭᠠᠢ ᠳ᠋ᠦᠩᠨᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ᠂ ᠦᠭᠡ ᠬᠡᠯᠡ ᠦᠰᠦᠭ ᠪᠢᠴᠢᠭ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠰᠤᠳᠤᠯᠤᠨ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠦᠭᠡ ᠬᠡᠯᠡ ᠦᠰᠦᠭ ᠪᠢᠴᠢᠭ ᠤᠨ ᠵᠥᠪᠯᠡᠯ ᠤᠨ ᠡᠷᠬᠢᠯᠡᠭᠴᠢ ᠵᠧᠩ ᠬᠤᠩ ᠹᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠵᠧᠩ ᠬᠤᠩ ᠹᠠᠨ᠂ ᠦᠭᠡ ᠬᠡᠯᠡ ᠦᠰᠦᠭ ᠪᠢᠴᠢᠭ ᠤᠨ ᠣᠨᠴᠠᠭᠠᠢ ᠴᠢᠬᠤᠯᠠ ᠴᠢᠨᠠᠷ ᠢ ᠭᠦᠢᠴᠡᠳ ᠲᠠᠨᠢᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠤᠷᠭᠠᠭᠤᠯᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠤᠨ ᠰᠠᠭᠤᠷᠢ ᠵᠢᠭᠰᠠᠭᠠᠯ ᠤᠨ ᠭᠠᠵᠠᠷ ᠪᠤᠯᠬᠤ ᠶᠢ ᠤᠯᠠᠮ ᠴᠢᠨᠠᠭᠰᠢᠳᠠ ᠪᠠᠬᠢᠵᠢᠭᠦᠯᠵᠦ᠂ ᠦᠨᠳᠦᠰᠦᠲᠡᠨ ᠤ ᠰᠤᠷᠭᠠᠭᠤᠯᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠴᠢᠩᠭᠠᠳᠬᠠᠵᠤ᠂ ᠪᠠᠶᠢᠭᠤᠯᠭ᠎ᠠ᠂ ᠰᠤᠷᠭᠠᠭᠤᠯᠢ᠂ ᠰᠣᠨᠢᠨ ᠮᠡᠳᠡᠭᠡ ᠬᠡᠪᠯᠡᠯ᠂ ᠷᠠᠳᠢᠣ᠋ ᠺᠢᠨᠣ᠋ ᠲᠧᠯᠸᠢᠰ᠂ ᠰᠦᠯᠵᠢᠶᠡᠨ ᠤ ᠮᠡᠳᠡᠭᠡ ᠵᠠᠩᠭᠢ ᠶᠢᠨ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠪᠠ ᠬᠦᠷᠢᠶᠡᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠯᠲᠡ ᠪᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠳᠤᠮᠳᠠᠳᠤ ᠶᠢᠨ ᠰᠢᠯᠢᠳᠡᠭ ᠦᠭᠡ ᠬᠡᠯᠡ ᠰᠣᠶᠣᠯ ᠢ ᠤᠯᠠᠮᠵᠢᠯᠠᠨ ᠬᠥᠭᠵᠢᠭᠦᠯᠬᠦ ᠶᠢ ᠠᠬᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠲᠦᠭᠡᠮᠡᠯᠵᠢᠯᠲᠡ ᠶᠢᠨ ᠬᠡᠮᠵᠢᠶ᠎ᠡ ᠪᠠ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠵᠠᠷ ᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ᠂ ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡᠨ ᠤ ᠪᠠᠲᠤᠯᠠᠭ᠎ᠠ ᠪᠠᠨ ᠴᠢᠩᠭᠠᠳᠬᠠᠵᠤ᠂ ᠪᠦᠬᠦ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠨ᠂ ᠪᠦᠬᠦ ᠣᠷᠣᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ ᠬᠡᠵᠦ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠦᠭᠡ ᠬᠡᠯᠡ ᠦᠰᠦᠭ ᠪᠢᠴᠢᠭ ᠤᠨ ᠵᠥᠪᠯᠡᠯ ᠤᠨ ᠭᠡᠰᠢᠭᠦᠨ ᠨᠢᠭᠡᠴᠢ ᠪᠣᠯᠤᠨ ᠶᠡᠭᠡ ᠳᠡᠭᠡᠳᠦ ᠰᠤᠷᠭᠠᠭᠤᠯᠢ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ᠂ ᠡᠯ᠎ᠡ ᠠᠶᠢᠮᠠᠭ ᠬᠤᠲᠠ ᠶᠢᠨ ᠦᠭᠡ ᠬᠡᠯᠡ ᠦᠰᠦᠭ ᠪᠢᠴᠢᠭ ᠤᠨ ᠵᠥᠪᠯᠡᠯ ᠤᠨ ᠭᠡᠰᠢᠭᠦᠨ ᠪᠣᠯᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号