ᠥᠪᠥᠷ ᠮᠣᠩᠭᠤᠯ ᠣᠷᠣᠨ ᠳᠠᠬᠢ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2020/12/25
     2020 ᠣᠨ ᠤ 12 ᠰᠠᠷ᠎ᠠ ᠶᠢᠨ 24᠎ ᠤ ᠡᠳᠦᠷ ᠤᠨ 7 ᠴᠠᠭ ᠠᠴᠠ 12 ᠰᠠᠷ᠎ᠠ ᠶᠢᠨ 25᠎ ᠤ ᠡᠳᠦᠷ ᠤᠨ 9 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠣᠯᠠᠭᠰᠠᠨ ᠡᠪᠡᠳᠴᠢᠨ ᠤ ᠵᠢᠱᠢᠶ᠎ᠡ ᠪᠠ ᠰᠡᠵᠢᠭᠯᠡᠯᠲᠡᠢ ᠡᠪᠡᠳᠴᠢᠨ ᠤ ᠵᠢᠱᠢᠶ᠎ᠡ ᠨᠡᠮᠡᠭᠳᠡᠭᠰᠡᠨ ᠦᠭᠡᠢ᠂ 1 ᠡᠪᠡᠳᠴᠢᠲᠡᠨ ︵ᠮᠠᠨᠵᠤᠤᠷ ᠬᠤᠲᠠ ᠶᠢᠨ ᠲᠣᠳᠤᠯᠠᠭᠰᠠᠨ ᠡᠪᠡᠳᠴᠢᠨ ᠤ ᠵᠢᠱᠢᠶ᠎ᠡ︶ ᠡᠷᠡᠭᠦᠯᠵᠢᠵᠦ ᠡᠮᠨᠡᠯᠭᠡ ᠠᠴᠠ ᠭᠠᠷᠪᠠ᠃      2020 ᠣᠨ ᠤ 12 ᠰᠠᠷ᠎ᠠ ᠶᠢᠨ 25᠎ ᠤ ᠡᠳᠦᠷ ᠤᠨ 9 ᠴᠠᠭ ᠪᠣᠯᠲᠠᠯ᠎ᠠ᠂ ᠮᠠᠨᠵᠤᠤᠷ ᠬᠤᠲᠠ ᠨᠡᠶᠢᠲᠡ 28 ᠲᠣᠳᠤᠯᠠᠭᠰᠠᠨ ᠡᠪᠡᠳᠴᠢᠨ ᠤ ᠵᠢᠱᠢᠶ᠎ᠡ ᠶᠢ ᠮᠡᠳᠡᠭᠦᠯᠵᠦ᠂ ᠪᠦᠬᠦᠨ ᠢᠶᠠᠷ ᠢᠶᠠᠨ ᠡᠷᠡᠭᠦᠯᠵᠢᠵᠦ ᠡᠮᠨᠡᠯᠭᠡ ᠠᠴᠠ ᠭᠠᠷᠴᠠᠢ᠃ ᠲᠤᠰ ᠡᠳᠦᠷ ᠲᠤ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠭᠰᠠᠨ ᠨᠢᠭᠲᠠ ᠣᠶᠢᠷᠠᠲᠤᠭᠴᠢ ᠪᠠᠶᠢᠬᠤ ᠦᠭᠡᠢ᠂ ᠣᠳᠤ ᠪᠠᠰᠠ 5 ᠨᠢᠭᠲᠠ ᠣᠶᠢᠷᠠᠲᠤᠭᠰᠠᠳ ᠢ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ ᠪᠤᠢ᠃      ᠣᠳᠣᠬᠠᠨ ᠳᠤ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 15 ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠠᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃      2020 ᠣᠨ ᠤ 12 ᠰᠠᠷ᠎ᠠ ᠶᠢᠨ 24᠎ ᠤᠨ ᠡᠳᠦᠷ ᠤᠨ 24 ᠴᠠᠭ ᠪᠣᠯᠲᠠᠯ᠎ᠠ᠂ ᠡᠪᠡᠳᠴᠢᠨ ᠤ ᠢᠯᠡᠷᠡᠯ ᠦᠭᠡᠢ  ᠬᠠᠯᠳᠠᠪᠤᠷᠢᠯᠠᠭᠳᠠᠭᠴᠢ ᠪᠠᠶᠢᠬᠤ ᠦᠭᠡᠢ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号