ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠭᠤᠯᠤᠮᠵᠢ ᠤᠷᠤᠨ ᠳᠤᠭ᠎ᠠ ᠶᠢᠨ ᠬᠤᠷᠢᠶ᠎ᠠ ᠳᠤᠯᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠠᠢ  ᠱᠢ ᠲᠠᠢ ᠹᠧᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2020/12/28
     12 ᠰᠠᠷ᠎ᠠ ᠶᠢᠨ 25᠎ ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠭᠤᠯᠤᠮᠵᠢ ᠤᠷᠤᠨ ᠳᠤᠭ᠎ᠠ ᠶᠢᠨ ᠬᠤᠷᠢᠶ᠎ᠠ ᠳᠤᠯᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠥ᠂ ᠦᠪᠡᠷᠳᠡᠬᠡᠨ ᠵᠠᠰᠠᠬᠤ ᠤᠷᠤᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠬᠡᠴᠢ ᠪᠤᠯᠤᠨ ᠰᠠᠯᠠᠭ᠎ᠠ ᠮᠦᠴᠢᠷ ᠤᠨ ᠬᠠᠷᠢᠶᠠᠳᠤ ᠠᠵᠢᠯ ᠦᠢᠯᠡᠰ ᠤᠨ ᠨᠢᠬᠡᠴᠢ ᠶᠢᠨ ᠪᠠᠶᠢᠭᠤᠯᠤᠮᠵᠢ ᠡᠬᠦᠷᠬᠡ ᠴᠢᠳᠠᠪᠬᠢ ᠤᠷᠤᠨ ᠳᠤᠭ᠎ᠠ ᠶᠢᠨ ᠳᠤᠬᠳᠠᠭᠠᠯ ᠢ ᠬᠢᠨᠠᠨ ᠵᠦᠪᠯᠡᠵᠥ᠂ ᠪᠠᠶᠢᠭᠤᠯᠤᠮᠵᠢ ᠤᠷᠤᠨ ᠳᠤᠭ᠎ᠠ ᠶᠢᠨ ᠲᠤᠬᠠᠢ ᠵᠦᠢᠯ ᠢ ᠰᠤᠳᠤᠯᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠭᠤᠯᠤᠮᠵᠢ ᠤᠷᠤᠨ ᠳᠤᠭ᠎ᠠ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠭᠰᠡᠨ ᠪᠦᠬᠡᠳ ᠶᠠᠷᠢᠶ᠎ᠠ ᠳᠠᠯᠪᠢᠵᠠᠢ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠭᠤᠯᠤᠮᠵᠢ ᠤᠷᠤᠨ ᠳᠤᠭ᠎ᠠ ᠶᠢᠨ ᠬᠤᠷᠢᠶᠠᠨ ᠤ ᠳᠡᠳ᠋ ᠡᠷᠬᠢᠯᠡᠭᠴᠢ ᠪᠦ᠋ ᠰᠢᠶᠤᠤ ᠯᠢᠨ᠂ ᠯᠢᠨ ᠱᠤᠤ ᠴᠦᠨ᠂ ᠭᠡᠰᠢᠬᠦᠨ ᠶᠠᠩ ᠸᠧᠢ ᠳ᠋ᠦᠩ ᠬᠤᠷᠠᠯ ᠳᠤ ᠤᠷᠤᠯᠴᠠᠪᠠ᠃      ᠬᠤᠷᠠᠯ ᠠᠴᠠ᠂ ᠠᠵᠢᠯ ᠦᠢᠯᠡᠰ ᠤᠨ ᠨᠢᠬᠡᠴᠢ ᠶᠢᠨ ᠪᠠᠶᠢᠭᠤᠯᠤᠮᠵᠢ ᠡᠬᠦᠷᠬᠡ ᠴᠢᠳᠠᠪᠬᠢ ᠤᠷᠤᠨ ᠳᠤᠭ᠎ᠠ ᠶᠢᠨ ᠳᠤᠬᠳᠠᠭᠠᠯ ᠪᠤᠯ ᠪᠠᠶᠢᠭᠤᠯᠤᠮᠵᠢ ᠤᠷᠤᠨ ᠳᠤᠭ᠎ᠠ ᠶᠢ ᠬᠠᠤᠯᠢᠵᠢᠭᠤᠯᠬᠤ ᠴᠢᠬᠤᠯᠠ ᠬᠡᠯᠪᠡᠷᠢ ᠪᠤᠯᠤᠨ᠎ᠠ᠂ ᠡᠬᠦᠷᠬᠡ ᠴᠢᠳᠠᠪᠬᠢ ᠶᠢ ᠲᠤᠳᠤᠷᠬᠠᠢᠢᠯᠠᠬᠤ᠂ ᠡᠷᠬᠡ ᠶᠢᠨ ᠠᠵᠢᠯᠯᠠᠭ᠎ᠠ ᠶᠢ ᠳᠦᠷᠢᠮᠵᠢᠬᠦᠯᠬᠦ᠂ ᠪᠠᠶᠢᠭᠤᠯᠤᠮᠵᠢ ᠤᠷᠤᠨ ᠳᠤᠭ᠎ᠠ ᠶᠢᠨ ᠬᠠᠳᠠᠭᠤ ᠬᠢᠵᠠᠭᠠᠷᠯᠠᠯ ᠢ ᠴᠢᠩᠭᠠᠳᠬᠠᠬᠤ ᠳᠠᠯ᠎ᠠ ᠪᠠᠷ ᠴᠢᠬᠤᠯᠠ ᠠᠴᠢ ᠬᠤᠯᠪᠤᠬᠳᠠᠯ ᠲᠠᠢ ᠶᠤᠮ᠃ ︽ᠭᠤᠷᠪᠠ ᠶᠢ ᠳᠤᠬᠳᠠᠭᠠᠬᠤ︾ ᠠᠵᠢᠯ ᠢ ᠦᠬᠡᠷᠡᠴᠢᠯᠡᠯᠳᠡ ᠶᠢᠨ ᠬᠦᠴᠦᠳᠠᠢ ᠭᠠᠷᠳᠠᠴᠠ ᠪᠤᠯᠭᠠᠨ᠂ ︽ᠭᠤᠷᠪᠠ ᠶᠢ ᠳᠤᠬᠳᠠᠭᠠᠬᠤ︾ ᠳᠤᠭᠳᠠᠭᠠᠯ ᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠳᠤᠷ ᠠᠳᠬᠤᠵᠤ᠂ ᠳᠦᠪ ᠤᠨ ᠬᠠᠮᠢᠶ᠎ᠠ ᠪᠦᠬᠦᠢ ᠵᠤᠷᠢᠬ ᠰᠠᠨᠠᠭ᠎ᠠ ᠪᠠ ᠱᠠᠭᠠᠷᠳᠠᠯᠭ᠎ᠠ ᠶᠢ ᠳᠤᠰᠢᠶᠠᠯ ᠬᠠᠷᠢᠭᠤᠴᠠᠯᠭ᠎ᠠ ᠶᠢ ᠵᠠᠭᠠᠬᠯᠠᠨ ᠳᠤᠬᠳᠠᠭᠠᠬᠤ ᠪᠠ ᠵᠤᠬᠢᠶᠠᠨ ᠪᠠᠶᠢᠭᠤᠯᠤᠯᠳᠠ ᠶᠢᠨ ᠪᠦᠳᠦᠴᠡ ᠶᠢ ᠳᠦᠯᠦᠪᠯᠡᠬᠦ ᠳᠡᠬᠡᠷ᠎ᠡ ᠦᠨᠡᠨ ᠬᠦ ᠬᠦᠢᠴᠡᠳ ᠢᠯᠡᠷᠡᠬᠦᠯᠵᠥ᠂ ᠠᠵᠢᠯ ᠦᠢᠯᠡᠰ ᠤᠨ ᠨᠢᠬᠡᠴᠢ ᠶᠢᠨ ︽ᠭᠤᠷᠪᠠ ᠶᠢ ᠳᠤᠬᠳᠠᠭᠠᠬᠤ︾ ᠳᠤᠭᠳᠠᠭᠠᠯ ᠤᠨ ᠨᠠᠮ ᠪᠠ ᠤᠯᠤᠰ ᠤᠨ ᠪᠠᠶᠢᠭᠤᠯᠤᠮᠵᠢ ᠶᠢᠨ ᠡᠬᠦᠷᠬᠡ ᠴᠢᠳᠠᠪᠬᠢ ᠶᠢᠨ ᠰᠢᠰᠲ᠋ᠧᠮ ᠤᠨ ᠪᠠᠶᠢᠭᠤᠯᠤᠯᠳᠠ ᠳᠠᠬᠢ ᠰᠠᠭᠤᠷᠢ ᠴᠢᠨᠠᠷᠳᠠᠢ ᠦᠢᠯᠡᠳᠦᠯ ᠢ ᠰᠠᠶᠢᠳᠤᠷ ᠪᠠᠳᠠᠷᠠᠭᠤᠯᠬᠤ ᠬᠡᠷᠡᠭᠳᠡᠢ᠃ ︽ᠭᠤᠷᠪᠠ ᠶᠢ ᠳᠤᠬᠳᠠᠭᠠᠬᠤ︾ ᠳᠤᠭᠳᠠᠭᠠᠯ ᠤᠨ ᠬᠡᠷᠡᠭᠵᠢᠬᠦᠯᠦᠯᠳᠡ ᠶᠢ ᠴᠢᠩᠭ᠎ᠠ ᠠᠳᠬᠤᠵᠤ᠂ ᠠᠵᠢᠯ ᠦᠢᠯᠡᠰ ᠤᠨ ᠨᠢᠬᠡᠴᠢ ᠶᠢᠨ ᠬᠢᠨ ᠳᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠳᠡᠭᠡᠨ ᠡᠷᠬᠡᠪᠰᠢ ︽ᠭᠤᠷᠪᠠ ᠶᠢ ᠳᠤᠬᠳᠠᠭᠠᠬᠤ︾ ᠳᠤᠭᠳᠠᠭᠠᠯ ᠢᠶᠠᠷ ᠦᠨᠳᠦᠰᠦ ᠪᠠᠷᠢᠮᠳᠠ ᠪᠤᠯᠭᠠᠨ᠂ ᠪᠠᠶᠢᠭᠤᠯᠤᠮᠵᠢ ᠳᠤᠬᠢᠷᠠᠭᠤᠯᠬᠤ᠂ ᠠᠵᠢᠯᠳᠠᠨ ᠳᠤᠬᠢᠷᠠᠭᠤᠯᠬᠤ ᠳᠠᠭᠠᠨ ᠡᠷᠬᠡᠪᠰᠢ ︽ᠭᠤᠷᠪᠠ ᠶᠢ ᠳᠤᠬᠳᠠᠭᠠᠬᠤ︾ ᠳᠤᠬᠳᠠᠭᠠᠯ ᠳᠤ ᠬᠢᠨᠠᠨ ᠳᠤᠬᠳᠠᠭᠠᠬᠰᠠᠨ ᠪᠠᠶᠢᠭᠤᠯᠤᠮᠵᠢ ᠶᠢᠨ ᠳᠤᠭ᠎ᠠ᠂ ᠳᠤᠰᠢᠶᠠᠯ ᠤᠨ ᠳᠤᠭ᠎ᠠ ᠪᠠ ᠤᠷᠤᠨ ᠳᠤᠭ᠎ᠠ ᠶᠢᠨ ᠳᠤᠭ᠎ᠠ ᠶᠤᠰᠤᠭᠠᠷ ᠬᠡᠷᠡᠭᠵᠢᠬᠦᠯᠬᠦ ᠶᠢᠨ ᠬᠠᠮᠳᠤ ︽ᠭᠤᠷᠪᠠ ᠶᠢ ᠳᠤᠬᠳᠠᠭᠠᠬᠤ︾ ᠳᠤᠬᠳᠠᠭᠠᠯ ᠤᠨ ᠳᠤᠬᠳᠠᠭᠤᠨ ᠪᠠᠶᠢᠬᠤ ᠶᠢ ᠪᠠᠳᠤᠯᠠᠵᠥ᠂ ︽ᠭᠤᠷᠪᠠ ᠶᠢ ᠳᠤᠬᠳᠠᠭᠠᠬᠤ︾ ᠳᠤᠬᠳᠠᠭᠠᠯ ᠤᠨ ᠡᠷᠬᠡ ᠰᠦᠷᠳᠤ ᠴᠢᠨᠠᠷ ᠪᠠ ᠳᠦᠪ ᠴᠢᠩᠭ᠎ᠠ ᠴᠢᠨᠠᠷ ᠢ ᠦᠨᠡᠨ ᠬᠦ ᠬᠠᠮᠠᠭᠠᠯᠠᠬᠤ ᠬᠡᠷᠡᠭᠳᠡᠢ᠃ ︽ᠭᠤᠷᠪᠠ ᠶᠢ ᠳᠤᠬᠳᠠᠭᠠᠬᠤ︾ ᠳᠤᠬᠳᠠᠭᠠᠯ ᠭᠠᠷᠤᠭᠰᠠᠨ ᠤ ᠲᠠᠷᠠᠭ᠎ᠠ ᠠᠵᠢᠯᠳᠠᠳ ᠢ ᠰᠢᠯᠵᠢᠬᠦᠯᠦᠨ ᠬᠠᠷᠢᠶᠠᠯᠠᠭᠤᠯᠬᠤ᠂ ᠤᠳᠤᠷᠢᠳᠬᠤ ᠪᠠᠬ ᠢ ᠳᠤᠬᠢᠷᠠᠭᠤᠯᠬᠤ᠂ ᠪᠠᠶᠢᠭᠤᠯᠤᠮᠵᠢ ᠶᠢᠨ ᠫᠠᠶᠢᠰᠠ ᠡᠯᠬᠦᠬᠦ᠂ ᠳᠦᠪᠯᠡᠷᠡᠬᠦᠯᠦᠨ ᠠᠯᠪᠠᠯᠠᠬᠤ ᠵᠡᠷᠬᠡ ᠠᠵᠢᠯ ᠢ ᠨᠢᠬᠡᠳᠦᠯᠳᠡᠢ ᠳᠦᠯᠦᠪᠵᠢᠬᠦᠯᠦᠨ ᠰᠠᠶᠢᠳᠤᠷ ᠬᠢᠵᠥ᠂ ᠡᠯ᠎ᠡ ᠭᠤᠬᠴᠤᠭ᠎ᠠ ᠶᠢᠨ ᠬᠤᠭᠤᠷᠤᠨᠳᠤᠬᠢ ᠬᠠᠷᠢᠴᠠᠭ᠎ᠠ ᠶᠢ ᠰᠠᠶᠢᠳᠤᠷ ᠰᠢᠢᠳᠪᠦᠷᠢᠯᠡᠨ᠂ ᠳᠦᠷᠦ ᠶᠢᠨ ᠪᠤᠳᠤᠯᠭ᠎ᠠ ᠶᠢ ᠢᠵᠢ ᠳᠦᠬᠦᠷᠵᠢᠬᠦᠯᠬᠦ ᠪᠠ ᠵᠤᠯᠭᠠᠭᠤᠯᠬᠤ ᠶᠢ ᠰᠠᠶᠢᠳᠤᠷ ᠬᠢᠵᠥ᠂ ᠠᠶᠢᠮᠠᠬ ᠬᠤᠳᠠ᠂ ᠬᠤᠰᠢᠭᠤ ᠰᠢᠶᠠᠨ ︵ᠬᠤᠳᠠ ᠳᠤᠭᠤᠷᠢᠭ︶᠎ ᠤ ᠠᠵᠢᠯ ᠦᠢᠯᠡᠰ ᠤᠨ ᠨᠢᠬᠡᠴᠢ ᠶᠢᠨ ᠦᠬᠡᠷᠡᠴᠢᠯᠡᠯᠳᠡ ᠶᠢ ᠠᠬᠢᠭᠤᠯᠬᠤ ᠳᠤᠷᠰᠢᠯᠳᠠ ᠶᠢᠨ ᠴᠡᠭ ᠤᠨ ᠠᠵᠢᠯ ᠳᠤ ᠵᠠᠬᠪᠤᠷ ᠭᠠᠷᠭᠠᠵᠤ ᠳᠤᠷᠰᠢᠯᠭ᠎ᠠ ᠬᠤᠷᠠᠮᠳᠤᠭᠤᠯᠬᠤ ᠬᠡᠷᠡᠭᠳᠡᠢ ᠬᠡᠵᠥ ᠵᠢᠭᠠᠵᠥ ᠭᠠᠷᠭᠠᠪᠠ᠃      ᠬᠤᠷᠠᠯ ᠠᠴᠠ᠂ ᠮᠠᠨ ᠤ ᠤᠷᠤᠨ ᠤ ᠠᠵᠢᠯ ᠦᠢᠯᠡᠰ ᠤᠨ ᠨᠢᠬᠡᠴᠢ ᠶᠢᠨ ᠦᠬᠡᠷᠡᠴᠢᠯᠡᠯᠳᠡ ᠪᠤᠯ ᠪᠦᠬᠦ ᠤᠷᠤᠨ ᠪᠦᠰᠡ ᠶᠢᠨ ᠳᠤᠷᠰᠢᠯᠳᠠ ᠶᠢᠨ ᠴᠡᠭ ᠪᠤᠯᠤᠨ᠎ᠠ᠂ ᠡᠷᠬᠡᠪᠰᠢ ᠤᠷᠤᠨ ᠳᠠᠶᠠᠭᠠᠷ ᠢᠶᠠᠨ ︽ᠨᠢᠬᠡ ᠬᠦᠯᠬᠡ ᠰᠢᠳᠠᠷ᠎ᠠ︾ ᠪᠠᠶᠢᠬᠤ ᠶᠢ ᠪᠠᠷᠢᠮᠳᠠᠯᠠᠨ᠂ ᠨᠢᠬᠡ ᠴᠤᠬᠴᠠᠵᠢᠭᠤᠯᠤᠨ ᠳᠦᠯᠦᠪᠵᠢᠬᠦᠯᠵᠥ᠂ ᠨᠢᠬᠡ ᠴᠤᠬᠴᠠᠵᠢᠭᠤᠯᠤᠨ ᠠᠬᠢᠭᠤᠯᠵᠥ᠂ ᠨᠢᠬᠡ ᠴᠤᠬᠴᠠᠵᠢᠭᠤᠯᠤᠨ ᠨᠠᠶᠢᠳᠠᠪᠤᠷᠢᠵᠢᠭᠤᠯᠬᠤ ᠬᠡᠷᠡᠭᠳᠠᠢ᠂ ᠠᠶᠢᠮᠠᠬ ᠬᠤᠳᠠ᠂ ᠬᠤᠰᠢᠭᠤ ᠰᠢᠶᠠᠨ ︵ᠬᠤᠳᠠ ᠳᠤᠭᠤᠷᠢᠭ︶᠎ ᠤ ᠠᠵᠢᠯ ᠦᠢᠯᠡᠰ ᠤᠨ ᠨᠢᠬᠡᠴᠢ ᠶᠢᠨ ᠦᠬᠡᠷᠡᠴᠢᠯᠡᠯᠳᠡ ᠶᠢᠨ ᠡᠬᠦᠷᠬᠡ᠂ ᠦᠬᠡᠷᠡᠴᠢᠯᠡᠯᠳᠡ ᠶᠢᠨ ᠳᠦᠷᠦ ᠶᠢᠨ ᠪᠤᠳᠤᠯᠭ᠎ᠠ᠂ ᠦᠬᠡᠷᠡᠴᠢᠯᠡᠯᠳᠡ ᠶᠢᠨ ᠠᠬᠢᠴᠠ ᠶᠢ ᠨᠢᠬᠡᠳᠦᠯᠳᠡᠢ ᠲᠦᠯᠦᠪᠵᠢᠭᠦᠯᠦᠨ ᠵᠢᠭᠠᠨ ᠵᠢᠯᠤᠭᠤᠳᠬᠤ ᠶᠢ ᠦᠨᠡᠨ ᠬᠦ ᠴᠢᠩᠭᠠᠳᠬᠠᠨ᠂ ᠦᠬᠡᠷᠡᠴᠢᠯᠡᠯᠳᠡ ᠶᠢᠨ ᠶᠠᠪᠤᠴᠠ ᠳᠤ ᠳᠤᠯᠭᠠᠷᠠᠬᠰᠠᠨ ᠬᠦᠴᠢᠷᠳᠠᠯ ᠪᠠ ᠠᠰᠠᠭᠤᠳᠠᠯ ᠢ ᠴᠠᠬ ᠳᠤᠬᠠᠢ ᠳᠤᠨᠢ ᠰᠢᠢᠳᠪᠦᠷᠢᠯᠡᠵᠥ᠂ ᠠᠵᠢᠯ ᠦᠢᠯᠡᠰ ᠤᠨ ᠨᠢᠬᠡᠴᠢ ᠶᠢᠨ ᠦᠬᠡᠷᠡᠴᠢᠯᠡᠯᠳᠡ ᠶᠢᠨ ᠡᠯ᠎ᠡ ᠵᠦᠢᠯ ᠤᠨ ᠡᠬᠦᠷᠬᠡ ᠶᠢ ᠳᠤᠬᠳᠠᠬᠰᠠᠨ ᠬᠤᠭᠤᠴᠠᠭᠠᠨ ᠳᠤ ᠴᠢᠨᠠᠷᠯᠢᠭ ᠰᠠᠶᠢᠠ ᠪᠡᠶᠡᠯᠡᠬᠦᠯᠬᠦ ᠶᠢ ᠪᠠᠳᠤᠯᠠᠬᠤ ᠬᠡᠷᠡᠭᠳᠡᠢ᠃ ᠠᠵᠢᠯ ᠦᠢᠯᠡᠰ ᠤᠨ ᠨᠢᠬᠡᠴᠢ ᠶᠢᠨ ᠬᠠᠮᠵᠢᠯᠴᠠᠨ ᠦᠨᠳᠦᠷ ᠪᠦᠳᠦᠮᠵᠢᠳᠡᠢ ᠪᠠᠷ ᠳᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠶᠢ ᠬᠦᠴᠦᠯᠡᠨ ᠠᠬᠢᠭᠤᠯᠵᠥ᠂ ᠠᠵᠢᠯ ᠦᠢᠯᠡᠰ ᠤᠨ ᠨᠢᠬᠡᠴᠢ ᠶᠢᠨ ᠳᠤᠬᠳᠠᠴᠠ ᠪᠠᠨ ᠬᠤᠪᠢᠷᠠᠭᠤᠯᠬᠤ᠂ ᠡᠬᠦᠷᠬᠡ ᠴᠢᠳᠠᠪᠬᠢ ᠪᠠᠨ ᠬᠤᠪᠢᠷᠠᠭᠤᠯᠬᠤ ᠶᠢ ᠠᠬᠢᠭᠤᠯᠵᠥ᠂ ᠨᠡᠶᠢᠳᠡ ᠶᠢᠨ ᠠᠰᠠᠷᠠᠮᠵᠢ ᠶᠢᠨ ᠠᠵᠢᠯ ᠦᠢᠯᠡᠰ ᠤᠨ ᠬᠦᠭᠵᠢᠯᠳᠡ ᠶᠢᠨ ᠱᠠᠭᠠᠷᠳᠠᠯᠭ᠎ᠠ ᠳᠤ ᠨᠡᠩ ᠰᠠᠶᠢᠳᠤᠷ ᠵᠤᠬᠢᠴᠠᠬᠤ ᠬᠡᠷᠡᠭᠳᠡᠢ᠃ ᠪᠠᠶᠢᠭᠤᠯᠤᠮᠵᠢ ᠤᠷᠤᠨ ᠳᠤᠭ᠎ᠠ ᠶᠢᠨ ᠬᠠᠤᠯᠢ ᠴᠠᠭᠠᠵᠠ ᠳᠦᠷᠢᠮ ᠳᠤᠬᠳᠠᠭᠠᠯ ᠤᠨ ᠪᠠᠶᠢᠭᠤᠯᠤᠯᠳᠠ ᠶᠢ ᠴᠢᠩᠭᠠᠳᠬᠠᠨ᠂ ᠬᠠᠮᠢᠶ᠎ᠡ ᠪᠦᠬᠦᠢ ᠬᠠᠤᠯᠢ ᠴᠠᠭᠠᠵᠠ ᠳᠦᠷᠢᠮ ᠳᠤᠬᠳᠠᠭᠠᠯ ᠤᠨ ᠬᠡᠷᠡᠭᠵᠢᠬᠦᠯᠦᠯᠳᠡ ᠶᠢ ᠴᠢᠩᠭ᠎ᠠ ᠰᠠᠶᠢᠳᠤᠷ ᠠᠳᠬᠤᠵᠥ᠂ ᠪᠠᠶᠢᠭᠤᠯᠤᠮᠵᠢ ᠤᠷᠤᠨ ᠳᠤᠭ᠎ᠠ ᠶᠢᠨ ᠠᠵᠢᠯ ᠤᠨ ᠬᠠᠤᠯᠢᠵᠢᠯ ᠤᠨ ᠳᠦᠪᠰᠢᠨ ᠢ ᠳᠠᠰᠤᠷᠠᠯᠳᠠ ᠦᠬᠡᠢ ᠳᠡᠬᠡᠭᠰᠢᠯᠡᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠭᠤᠯᠤᠮᠵᠢ ᠤᠷᠤᠨ ᠳᠤᠭ᠎ᠠ ᠶᠢᠨ ᠬᠤᠷᠢᠶᠠᠨ ᠤ ᠬᠡᠰᠢᠬᠦᠳ ᠬᠤᠷᠠᠯ ᠳᠤ ᠤᠷᠤᠯᠴᠠᠵᠥ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠬᠤᠷᠠᠯ ᠳᠤ ᠰᠤᠯᠠ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号