ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠠᠵᠦ ᠦᠢᠯᠡᠳᠪᠦᠷᠢ ᠡᠨᠧᠷᠬᠢ ᠵᠠᠮ ᠬᠠᠷᠢᠯᠴᠠᠭᠠᠨ ᠤ ᠬᠦᠷᠢᠶ᠎ᠠ ᠴᠠᠷᠠᠭ᠎ᠠ ᠳᠠᠬᠢ ᠭᠤᠤᠯᠳᠠᠯᠭ᠎ᠠ ᠲᠠᠢ ᠠᠵᠢᠯ ᠢ ᠠᠬᠢᠭᠤᠯᠤᠬᠰᠠᠨ ᠪᠠᠶᠢᠳᠠᠯ ᠤᠨ ᠲᠤᠬᠠᠢ ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/28
     12 ᠰᠠᠷ᠎ᠠ ᠶᠢᠨ 25᠎ ᠤ ᠦᠳᠡ ᠶᠢᠨ ᠬᠤᠶᠢᠨ᠎ᠠ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠵᠦ᠂ ᠪᠦᠬᠦ ᠤᠷᠤᠨ ᠤ ᠠᠵᠦ ᠦᠢᠯᠡᠳᠪᠦᠷᠢ᠂ ᠡᠨᠧᠷᠬᠢ᠂ ᠵᠠᠮ ᠬᠠᠷᠢᠯᠴᠠᠭᠠᠨ ᠤ ᠬᠦᠷᠢᠶ᠎ᠠ ᠴᠠᠷᠠᠭ᠎ᠠ ᠳᠠᠬᠢ ᠭᠤᠤᠯᠳᠠᠯᠭ᠎ᠠ ᠲᠠᠢ ᠠᠵᠢᠯ ᠢ ᠠᠬᠢᠭᠤᠯᠤᠬᠰᠠᠨ ᠪᠠᠶᠢᠳᠠᠯ ᠤᠨ ᠲᠤᠬᠠᠢ ᠰᠤᠨᠢᠨ ᠮᠡᠳᠡᠭᠡ ᠶᠢ ᠨᠡᠶᠢᠳᠡᠯᠡᠭᠰᠡᠨ ᠪᠠᠶᠢᠨ᠎ᠠ᠃      ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠠᠢ ᠯᠢ ᠬᠤᠧᠠ ᠠᠵᠢᠯ ᠢ ᠠᠬᠢᠭᠤᠯᠤᠬᠰᠠᠨ ᠪᠠᠶᠢᠳᠠᠯ ᠤᠨ ᠲᠤᠬᠠᠢ ᠰᠤᠨᠢᠨ ᠮᠡᠳᠡᠭᠡ ᠶᠢ ᠨᠡᠶᠢᠳᠡᠯᠡᠪᠡ᠃      ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠬᠦᠰᠦᠭᠰᠡᠨ ᠠᠴᠠ ᠨᠠᠭᠠᠰᠢ᠂ ᠡᠬᠡᠳᠡᠷᠡᠭᠡᠨ ᠪᠤᠳᠤᠯᠢᠶᠠᠨᠳᠠᠢ ᠤᠯᠤᠰ ᠤᠨ ᠲᠤᠳᠤᠭᠠᠳᠤ ᠭᠠᠳᠠᠭᠠᠳᠤ ᠶᠢᠨ ᠪᠠᠶᠢᠳᠠᠯ ᠪᠠ ᠦᠷᠬᠦᠯᠵᠢᠯᠡᠨ ᠬᠦᠨᠳᠦᠷᠡᠭᠰᠡᠨ ᠠᠵᠦ ᠠᠬᠤᠢ ᠮᠠᠭᠤᠳᠠᠬᠤ ᠲᠠᠷᠤᠭᠠᠰᠤ ᠳᠤ ᠬᠠᠨᠳᠤᠵᠦ᠂ ᠪᠦᠬᠦ ᠤᠷᠤᠨ ᠤ ᠡᠯ᠎ᠠ ᠱᠠᠳᠤ ᠡᠯ᠎ᠠ ᠰᠠᠯᠠᠭ᠎ᠠ ᠮᠦᠴᠢᠷ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠦ ᠠᠬᠤᠢ ᠨᠡᠶᠢᠬᠡᠮ ᠤᠨ ᠬᠦᠭᠵᠢᠯᠳᠡ ᠶᠢ ᠨᠢᠬᠡᠳᠦᠯᠳᠡᠢ ᠲᠦᠯᠦᠪᠵᠢᠬᠦᠯᠦᠨ ᠠᠬᠢᠭᠤᠯᠵᠦ᠂ ᠠᠵᠦ ᠦᠢᠯᠡᠳᠪᠦᠷᠢ ᠪᠠ ᠮᠡᠳᠡᠭᠡ ᠵᠠᠩᠬᠢᠵᠢᠯᠳᠠ᠂ ᠡᠨᠧᠷᠬᠢ᠂ ᠵᠠᠮ ᠬᠠᠷᠢᠯᠴᠠᠭ᠎ᠠ ᠲᠡᠬᠡᠬᠡᠪᠦᠷᠢ᠂ ᠲᠡᠮᠦᠷ ᠵᠠᠮ ᠪᠠ ᠠᠷᠠᠳ ᠤᠨ ᠠᠭᠠᠷ ᠤᠨ ᠠᠶᠠᠯᠠᠯ ᠵᠡᠷᠬᠡ ᠡᠯ᠎ᠠ ᠲᠦᠷᠦᠯ ᠤᠨ ᠠᠵᠢᠯ ᠦᠢᠯᠡᠰ ᠶᠡᠭᠡ ᠰᠠᠶᠢᠨ ᠬᠦᠭᠵᠢᠭᠰᠡᠨ ᠪᠠᠶᠢᠨ᠎ᠠ᠃ ᠢᠳᠡᠪᠬᠢᠳᠡᠢ ᠪᠠᠷ ᠬᠢᠵᠢᠭ ᠲᠠᠢ ᠲᠡᠮᠡᠴᠡᠵᠦ᠂ ᠪᠦᠬᠦ ᠬᠦᠴᠦᠨ ᠢᠶᠠᠷ ᠢᠶᠠᠨ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠡᠮᠬᠢ ᠵᠢᠷᠤᠮ ᠢ ᠲᠤᠭᠳᠠᠪᠤᠷᠢᠵᠢᠭᠤᠯᠵᠦ᠂ ᠡᠮᠴᠢᠯᠡᠬᠡᠨ ᠤ ᠡᠳ᠋ ᠪᠤᠳᠠᠰ ᠤᠨ ᠪᠠᠳᠤᠯᠠᠭ᠎ᠠ᠂ ᠵᠠᠮ ᠬᠠᠷᠢᠯᠴᠠᠭ᠎ᠠ ᠲᠡᠬᠡᠬᠡᠪᠦᠷᠢ ᠶᠢᠨ ᠪᠠᠳᠤᠯᠠᠭ᠎ᠠ᠂ ᠡᠨᠧᠷᠬᠢ ᠶᠢᠨ ᠪᠠᠳᠤᠯᠠᠭ᠎ᠠ᠂ ᠠᠵᠦ ᠠᠬᠤᠢᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠬᠦᠬᠡᠬᠦ ᠶᠢ ᠪᠦᠬᠦ ᠬᠦᠴᠦᠨ ᠢᠶᠠᠷ ᠢᠶᠠᠨ ᠠᠳᠬᠤᠵᠠᠢ᠃ ︽ᠭᠤᠷᠪᠠᠨ ᠶᠡᠭᠡ ᠪᠤᠭᠤᠮᠳᠠ ᠰᠢᠪᠲᠤᠯᠬᠤ ᠲᠠᠶᠢᠯᠠᠯᠳᠤᠭᠠᠨ︾᠎ ᠢ ᠡᠷᠡᠰ ᠰᠠᠶᠢᠳᠤᠷ ᠬᠢᠵᠦ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠲᠤᠰᠠᠯᠠᠵᠦ᠂ ᠬᠡᠷᠡᠯᠴᠢ ᠴᠡᠨᠡᠭ ᠢᠶᠠᠷ ᠶᠠᠳᠠᠭᠤ ᠶᠢ ᠲᠡᠳᠬᠦᠬᠦ ᠲᠦᠷᠦᠯ ᠵᠦᠢᠯ ᠢ ᠰᠠᠶᠢᠳᠤᠷ ᠬᠡᠷᠡᠭᠵᠢᠬᠦᠯᠵᠦ᠂ ᠴᠠᠬᠢᠯᠭᠠᠨ ᠲᠤᠤᠷ ᠢ ᠦᠬᠡᠷᠡᠴᠢᠯᠡᠵᠦ ᠲᠡᠰ ᠲᠡᠪᠰᠢᠬᠦᠯᠬᠦ ᠠᠵᠢᠯ ᠢ ᠬᠦᠨᠵᠡᠬᠡᠢ ᠠᠬᠢᠭᠤᠯᠵᠦ᠂ ᠶᠠᠳᠠᠭᠤ ᠬᠦᠴᠢᠷᠳᠡᠯᠳᠡᠢ ᠭᠠᠵᠠᠷ ᠤᠷᠤᠨ ᠳᠠᠬᠢ ᠵᠠᠰᠠᠮᠠᠯ ᠵᠠᠮ ᠨᠡᠪᠳᠡᠷᠡᠬᠦ ᠬᠦᠨᠴᠡ ᠪᠠ ᠪᠠᠳᠤᠯᠠᠭ᠎ᠠ ᠶᠢᠨ ᠲᠦᠪᠰᠢᠨ ᠢ ᠶᠡᠭᠡ ᠪᠠᠷ ᠲᠡᠭᠡᠭᠰᠢᠯᠡᠬᠦᠯᠵᠦ᠂ ᠴᠠᠬᠢᠯᠭᠠᠨ ᠬᠤᠯᠪᠤᠭᠠᠨ ᠤ ᠨᠡᠶᠢᠳᠡᠮ ᠤᠨ ᠦᠢᠯᠡᠴᠢᠯᠡᠬᠡᠨ ᠤ ᠲᠤᠷᠰᠢᠯᠳᠠ ᠶᠢᠨ ᠴᠡᠭ ᠤᠨ ᠠᠵᠢᠯ ᠢ ᠦᠷᠬᠦᠯᠵᠢᠯᠨᠨ ᠠᠬᠢᠭᠤᠯᠵᠦ᠂ ᠰᠦᠯᠵᠢᠶ᠎ᠠ ᠪᠠᠷ ᠤᠨᠢᠨ ᠲᠡᠬᠡᠷ᠎ᠠ ᠨᠢ ᠶᠠᠳᠠᠭᠤ ᠶᠢ ᠲᠡᠳᠬᠦᠬᠦ ᠠᠵᠢᠯ ᠢ ᠶᠡᠭᠡ ᠪᠠᠷ ᠠᠬᠢᠭᠤᠯᠵᠠᠢ᠃ ᠭᠤᠤᠯᠳᠠᠯᠭ᠎ᠠ ᠲᠠᠢ ᠪᠤᠬᠢᠷᠳᠤᠯ ᠤᠨ ᠡᠬᠢ ᠶᠢᠨ ᠵᠠᠰᠠᠯᠳᠠ ᠶᠢ ᠴᠢᠩᠭᠠᠳᠬᠠᠵᠦ᠂ ᠡᠨᠧᠷᠬᠢ ᠠᠷᠪᠢᠯᠠᠬᠤ ᠪᠠ ᠬᠡᠳᠤ ᠪᠠᠭ᠎ᠠ ᠭᠠᠳᠠᠬᠰᠢᠯᠠᠭᠤᠯᠤᠯᠳᠠ ᠶᠢᠨ ᠦᠬᠡᠷᠡᠴᠢᠯᠡᠨ ᠰᠠᠶᠢᠵᠢᠷᠠᠭᠤᠯᠤᠯᠳᠠ ᠬᠢᠬᠦ ᠶᠢ ᠢᠳᠡᠪᠬᠢᠳᠡᠢ ᠠᠬᠢᠭᠤᠯᠵᠠᠢ᠃ ︽ᠵᠢᠷᠭᠤᠭ᠎ᠠ ᠶᠢ ᠲᠤᠬᠳᠠᠪᠤᠷᠢᠵᠢᠭᠤᠯᠬᠤ︾ ︽ᠵᠢᠷᠭᠤᠭ᠎ᠠ ᠶᠢ ᠪᠠᠳᠤᠯᠠᠬᠤ︾᠎ ᠶᠢ ᠯᠠᠪᠳᠠᠭᠤᠨ ᠪᠠᠳᠤᠳᠠᠢ ᠠᠬᠢᠭᠤᠯᠵᠦ᠂ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠬ ᠢ ᠲᠦᠪᠯᠡᠷᠡᠬᠦᠯᠵᠦ ᠠᠷᠪᠢᠳᠠᠢ ᠪᠠᠶᠢᠯᠭᠠᠬᠤ ᠦᠢᠯᠡᠳᠦᠯ ᠢᠯᠡᠷᠬᠡᠶᠢᠰᠢᠵᠦ᠂ ᠰᠢᠨ᠎ᠠ ᠰᠠᠭᠤᠷᠢ ᠲᠦᠬᠦᠬᠡᠷᠦᠮᠵᠢ ᠶᠢᠨ ᠪᠦᠲᠦᠬᠡᠨ ᠪᠠᠶᠢᠭᠤᠯᠤᠯᠳᠠ ᠲᠦᠷᠬᠡᠨ ᠢᠶᠠᠷ ᠠᠬᠢᠵᠦ᠂ ᠪᠤᠬᠢᠷᠳᠤᠯ ᠦᠬᠡᠢ ᠪᠠᠭ᠎ᠠ ᠨᠡᠬᠦᠷᠡᠰᠦᠳᠦ᠋ᠷᠦᠭᠴᠢᠳᠤ ᠬᠦᠭᠵᠢᠯᠳᠡ ᠢᠳᠡᠪᠬᠢᠳᠡᠢ ᠦᠷ᠎ᠠ ᠪᠦᠲᠦᠮᠵᠢ ᠤᠯᠵᠠᠢ᠃ ᠤᠳᠤ ᠦᠶ᠎ᠠ ᠶᠢᠨ ᠡᠨᠧᠷᠬᠢ ᠶᠢᠨ ᠠᠵᠦ ᠠᠬᠤᠢ ᠶᠢᠨ ᠬᠦᠭᠵᠢᠯᠳᠡ ᠶᠢᠨ ᠰᠡᠳᠬᠢᠴᠡ ᠶᠢ ᠲᠤᠳᠤᠷᠬᠠᠢ ᠪᠤᠯᠭᠠᠵᠦ᠂ ᠤᠳᠤ ᠦᠶ᠎ᠠ ᠶᠢᠨ ᠡᠨᠧᠷᠬᠢ ᠶᠢᠨ ᠠᠵᠦ ᠠᠬᠤᠢ ᠶᠢᠨ ᠴᠢᠬᠤᠯᠠ ᠶᠡᠭᠡ ᠲᠦᠷᠦᠯ ᠵᠦᠢᠯ ᠢ ᠰᠠᠶᠢᠳᠤᠷ ᠠᠳᠬᠤᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠨᠡᠬᠦᠷᠡᠰᠤ ᠶᠢ ᠴᠡᠪᠡᠷ ᠦᠨᠳᠦᠷ ᠪᠦᠲᠦᠮᠵᠢᠳᠡᠢ ᠠᠰᠢᠬᠯᠠᠬᠤ ᠶᠢ ᠴᠢᠩᠭᠠᠳᠬᠠᠵᠠᠢ᠃ ᠤᠳᠤ ᠦᠶ᠎ᠠ ᠶᠢᠨ ᠶᠡᠷᠦᠩᠬᠡᠶᠢᠯᠡᠭᠰᠡᠨ ᠪᠤᠰᠤᠭ᠎ᠠ ᠴᠤᠬᠴᠠᠳᠤ ᠵᠠᠮ ᠬᠠᠷᠢᠯᠴᠠᠭᠠᠨ ᠤ ᠲᠤᠤᠷ ᠰᠢᠰᠲ᠋ᠧᠮ ᠢ ᠭᠤᠤᠯᠳᠠᠯᠭ᠎ᠠ ᠲᠠᠢ ᠲᠡᠬᠦᠯᠳᠡᠷᠵᠢᠬᠦᠯᠵᠦ᠂ ᠦᠢᠯᠡᠴᠢᠯᠡᠬᠡᠨ ᠤ ᠶᠠᠰᠤ ᠴᠢᠨᠠᠷ ᠪᠠ ᠲᠦᠪᠰᠢᠨ ᠢ ᠠᠩᠬᠠᠷᠤᠨ ᠲᠡᠭᠡᠭᠰᠢᠯᠡᠬᠦᠯᠵᠦ᠂ ᠵᠠᠮ ᠬᠠᠷᠢᠯᠴᠠᠭᠠᠨ ᠤ ᠲᠤᠯᠭᠠᠭᠤᠷᠢᠯᠠᠵᠦ ᠪᠠᠳᠤᠯᠠᠬᠤ ᠦᠢᠯᠡᠳᠦᠯ ᠢᠯᠡᠷᠬᠡᠶᠢᠰᠢᠭᠰᠡᠨ ᠪᠠᠶᠢᠨ᠎ᠠ᠃      ᠦᠪᠡᠷᠳᠡᠬᠡᠨ ᠵᠠᠰᠠᠬᠤ ᠤᠷᠤᠨ ᠤ ᠠᠵᠦ ᠦᠢᠯᠡᠳᠪᠦᠷᠢ ᠪᠠ ᠮᠡᠳᠡᠭᠡ ᠵᠠᠩᠬᠢᠵᠢᠯᠳᠠ ᠶᠢᠨ ᠲᠢᠩᠬᠢᠮ᠂ ᠵᠠᠮ ᠬᠠᠷᠢᠯᠴᠠᠭ᠎ᠠ ᠲᠡᠬᠡᠬᠡᠪᠦᠷᠢ ᠶᠢᠨ ᠲᠢᠩᠬᠢᠮ᠂ ᠡᠨᠧᠷᠬᠢ ᠶᠢᠨ ᠲᠤᠪᠴᠢᠶ᠎ᠠ᠂ ᠲᠤᠮᠤ ᠳ᠋ᠠᠶᠢᠲ᠋ᠠ ᠶᠢᠨ ᠬᠦᠭᠵᠢᠬᠦᠯᠦᠯᠳᠡ ᠬᠠᠮᠢᠶᠠᠷᠤᠯᠳᠠ ᠶᠢᠨ ᠲᠤᠪᠴᠢᠶ᠎ᠠ᠂ ᠬᠦᠭᠵᠢᠬᠦᠯᠦᠯᠳᠡ ᠪᠡ ᠦᠬᠡᠷᠡᠴᠢᠯᠡᠯᠳᠡ ᠶᠢᠨ ᠵᠦᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠰᠤᠷᠪᠤᠯᠵᠢᠯᠠᠬᠴᠢ ᠶᠢᠨ ᠠᠰᠠᠭᠤᠯᠳᠠ ᠶᠢ ᠬᠠᠷᠢᠭᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号