ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠪᠦᠭᠦᠳᠡ ᠬᠤᠷᠠᠯ ᠤᠨ ᠠᠯᠪᠠᠨ | ᠮᠡᠳᠡᠭᠡ | ︵2020 ᠣᠨ ᠤ 12 ᠰᠠᠷ᠎ᠠ ᠶᠢᠨ 28 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠨ ᠭᠤᠷᠪᠠᠳᠤᠭᠠᠷ | ᠤᠳᠠᠭ᠎ᠠ ᠶᠢᠨ ᠪᠦᠭᠦᠳᠡ ᠬᠤᠷᠠᠯ ᠠᠴᠠ ᠪᠠᠲᠤᠯᠠᠪᠠ︶ | ᠳᠣᠮᠳᠠᠳᠣ ᠣᠯᠣᠰ ᠤᠨ ᠡᠪ ᠬᠠᠮᠳᠣ ᠨᠠᠮ ᠤᠨ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ | ᠠᠷᠪᠠᠳᠣᠭᠠᠷ ᠬᠤᠭᠤᠴᠠᠭᠠᠨ ᠤ ᠬᠤᠷᠢᠶ᠎ᠠ ᠶᠢᠨ ᠠᠷᠪᠠᠨ ᠭᠤᠷᠪᠠᠳᠣᠭᠠᠷ ᠣᠳᠠᠭ᠎ᠠ ᠶᠢᠨ ᠪᠦᠬᠦᠳᠡ ᠬᠤᠷᠠᠯ ᠵᠢᠴᠢ ᠪᠦᠬᠦ | ᠣᠷᠣᠨ ᠤ ᠠᠵᠣ ᠠᠬᠤᠢ ᠶᠢᠨ ᠠᠵᠢᠯ ᠤᠨ ᠬᠤᠷᠠᠯ 2020 ᠣᠨ ᠤ 12 ᠰᠠᠷ᠎ᠠ ᠶᠢᠨ 27 ᠤ ᠡᠳᠦᠷ ᠠᠴᠠ 28 ᠤ | ᠡᠳᠦᠷ ᠪᠣᠯᠳᠠᠯ᠎ᠠ ᠬᠦᠬᠡᠬᠤᠳᠠ ᠳᠤ ᠬᠤᠷᠠᠯᠳᠣᠪᠠ᠃ | | | | | | 12 ᠰᠠᠷ᠎ᠠ ᠶᠢᠨ 27 ᠠᠴᠠ 28 ᠤ ᠡᠳᠤᠷ ᠪᠤᠯᠳᠠᠯ᠎ᠠ᠂ ᠳᠤᠮᠳᠠᠳᠤ ᠤᠯᠤᠰ ᠤᠨ ᠡᠪ ᠬᠠᠮᠳᠤ ᠨᠠᠮ ᠤᠨ | ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠨ | ᠭᠤᠷᠪᠠᠳᠤᠭᠠᠷ ᠪᠦᠬᠦᠳᠡ ᠬᠤᠷᠠᠯ ᠵᠢᠴᠢ ᠪᠦᠬᠦ ᠤᠷᠤᠨ ᠤ ᠠᠵᠥ ᠠᠬᠤᠢ ᠶᠢᠨ ᠠᠵᠢᠯ ᠤᠨ ᠬᠤᠷᠠᠯ ᠬᠦᠬᠡᠬᠤᠳᠠ ᠳᠤ | ᠬᠤᠷᠠᠯᠳᠤᠵᠥ᠂ ᠬᠤᠷᠠᠯ ᠠᠴᠠ ᠡᠯ᠎ᠡ ᠵᠦᠢᠯ ᠤᠨ ᠰᠢᠢᠳᠪᠦᠷᠢ ᠶᠢ ᠪᠠᠳᠤᠯᠠᠪᠠ ᠰᠤᠷᠪᠤᠯᠵᠢᠯᠠᠬᠴᠢ ᠶᠤᠸᠠᠨ ᠶᠦᠩ | ᠬᠤᠩ ᠰᠡᠬᠦᠳᠡᠷᠯᠡᠪᠡ᠃ | | ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠡᠰᠢᠭᠦᠨ 72 ᠬᠦᠮᠦᠨ᠂ ᠣᠷᠣᠯᠠᠭᠴᠢ ᠭᠡᠰᠢᠭᠦᠨ | 6 ᠬᠦᠮᠦᠨ ᠡᠨᠡ ᠣᠳᠠᠭ᠎ᠠ ᠶᠢᠨ ᠪᠦᠭᠦᠳᠡ ᠬᠤᠷᠠᠯ ᠳᠤ ᠣᠷᠣᠯᠴᠠᠪᠠ᠃ ᠦᠪᠡᠷᠳᠡᠭᠡᠨ ᠵᠠᠰᠠᠬᠤ ᠣᠷᠣᠨ ᠤ ᠬᠠᠮᠢᠶ᠎ᠠ | ᠪᠦᠬᠦᠢ ᠣᠳᠣᠷᠢᠳᠬᠤ ᠨᠦᠬᠦᠳ᠂ ᠰᠠᠬᠢᠯᠭ᠎ᠠ ᠪᠠᠳᠣ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠢᠨᠠᠨ | ᠪᠠᠶᠢᠴᠠᠭᠠᠬᠤ ᠵᠦᠪᠯᠡᠯ ᠤᠨ ᠭᠡᠰᠢᠭᠦᠨ ᠪᠣᠯᠣᠨ ᠬᠠᠮᠢᠶ᠎ᠠ ᠪᠦᠬᠦᠢ ᠳᠠᠯ᠎ᠠ ᠶᠢᠨ ᠬᠠᠷᠢᠭᠤᠴᠠᠯᠭᠠᠳᠠᠨ ᠨᠦᠬᠦᠳ᠂ ᠬᠤᠰᠢᠭᠤ | ᠰᠢᠶᠠᠨ ᠬᠤᠳᠠ ᠳᠣᠭᠤᠷᠢᠭ ᠤᠨ ᠨᠠᠮ ᠤᠨ ᠬᠤᠷᠢᠶ᠎ᠠ ᠶᠢᠨ ᠭᠤᠣᠯ ᠬᠠᠷᠢᠭᠤᠴᠠᠯᠭᠠᠳᠠᠨ ᠨᠦᠬᠦᠳ ᠪᠣᠯᠣᠨ ᠦᠪᠡᠷᠳᠡᠭᠡᠨ | ᠵᠠᠰᠠᠬᠤ ᠣᠷᠣᠨ ᠤ ᠠᠷᠪᠠᠳᠣᠭᠠᠷ ᠣᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠡᠰᠡᠭ | ᠦᠨᠳᠦᠰᠦᠨ ᠱᠠᠳᠣᠨ ᠤ ᠲᠦᠯᠦᠭᠡᠯᠡᠭᠴᠢ ᠬᠤᠷᠠᠯ ᠳᠤ ᠰᠣᠯᠠ ᠣᠷᠣᠯᠴᠠᠵᠠᠢ᠃ | ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠪᠦᠭᠦᠳᠡ ᠬᠤᠷᠠᠯ ᠢ | ᠡᠷᠬᠢᠯᠡᠪᠡ᠃ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠱᠢ ᠲᠠᠢ ᠹᠧᠩ᠂ ᠦᠪᠡᠷᠳᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠳᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ | ᠰᠢᠶᠣᠣ ᠯᠢᠨ ᠳᠣᠰ ᠳᠣᠰ ᠶᠠᠷᠢᠶ᠎ᠠ ᠳᠠᠯᠪᠢᠵᠠᠢ᠃ | | | | | | 12 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ | ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ | ᠬᠤᠭᠤᠴᠠᠭᠠᠨ ᠤ ᠬᠤᠷᠢᠶᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ | ᠠᠵᠢᠯ ᠤᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | | | ᠪᠦᠭᠦᠳᠡ ᠬᠤᠷᠠᠯ ᠠᠴᠠ ᠱᠢ ᠲᠠᠢ ᠹᠧᠩ ᠤᠨ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ ᠬᠢᠭᠰᠡᠨ ᠠᠵᠢᠯ ᠤᠨ ᠮᠡᠳᠡᠭᠦᠯᠦᠯᠳᠡ ᠶᠢ ᠰᠣᠨᠣᠰᠣᠨ ᠶᠠᠷᠢᠯᠴᠠᠵᠣ᠂ | ︽ᠣᠯᠣᠰ ᠠᠷᠠᠳ ᠤᠨ ᠠᠵᠣ ᠠᠬᠤᠢ ᠪᠣᠯᠣᠨ ᠨᠡᠶᠢᠭᠡᠮ ᠤᠨ ᠬᠦᠭᠵᠢᠯᠳᠡ ᠶᠢᠨ ᠠᠷᠪᠠᠨ ᠳᠦᠷᠪᠡᠳᠦᠭᠡᠷ ᠳᠠᠪᠣᠨ | ᠵᠢᠯ ᠤᠨ ᠬᠦᠭᠵᠢᠯᠳᠡ ᠶᠢᠨ ᠲᠦᠯᠦᠪᠵᠢᠭᠦᠯᠭᠡ ᠪᠣᠯᠣᠨ 2035 ᠣᠨ ᠤ ᠠᠯᠣᠰ ᠤᠨ ᠬᠠᠷᠠᠯᠳᠠ ᠶᠢ ᠳᠣᠭᠳᠠᠭᠠᠬᠤ | ᠳᠣᠬᠠᠢ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠠᠨᠠᠭᠤᠯᠭ᠎ᠠ︾ ᠶᠢ ᠬᠢᠨᠠᠨ | ᠵᠦᠪᠯᠡᠨ ᠪᠠᠳᠣᠯᠠᠵᠣ᠂ 2020 ᠣᠨ ᠤ ᠠᠵᠣ ᠠᠬᠤᠢ ᠶᠢᠨ ᠠᠵᠢᠯ ᠢ ᠳ᠋ᠦᠩᠨᠡᠵᠦ᠂ 2021 ᠣᠨ ᠤ ᠠᠵᠣ | ᠠᠬᠤᠢ ᠶᠢᠨ ᠠᠵᠢᠯ ᠢ ᠪᠠᠶᠢᠷᠢᠯᠠᠭᠤᠯᠪᠠ᠃ ᠱᠢ ᠲᠠᠢ ᠹᠧᠩ ︽ᠰᠠᠨᠠᠭᠤᠯᠭ᠎ᠠ ︵ᠶᠠᠷᠢᠯᠴᠠᠬᠤ ᠨᠣᠣᠷᠠᠭ︶︾ ᠶᠢᠨ | ᠳᠣᠬᠠᠢ ᠪᠦᠭᠦᠳᠡ ᠬᠤᠷᠠᠯ ᠳᠤ ᠳᠣᠳᠣᠷᠬᠠᠢᠢᠯᠠᠯᠳᠠ ᠬᠢᠪᠡ᠃ | ᠪᠦᠭᠦᠳᠡ ᠬᠤᠷᠠᠯ ᠠᠴᠠ ᠨᠢᠭᠡ ᠵᠢᠯ ᠤᠨ ᠳᠣᠷᠰᠢᠬᠢ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠶᠢᠨ ᠠᠵᠢᠯ ᠢ ᠭᠦᠢᠴᠡᠳ ᠨᠣᠳᠠᠯᠠᠪᠠ᠃ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ | ᠨᠠᠮ ᠤᠨ ᠲᠦᠪ ᠬᠤᠷᠢᠶ᠎ᠠ ᠶᠢᠨ ᠡᠷᠡᠰ ᠴᠢᠩᠭ᠎ᠠ ᠣᠳᠣᠷᠢᠳᠣᠯᠭ᠎ᠠ ᠳᠣᠣᠷ᠎ᠠ᠂ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠤᠯᠤᠰ ᠤᠨ ᠣᠨᠴᠠᠯᠢᠭ ᠲᠠᠢ ᠨᠡᠶᠢᠭᠡᠮ ᠵᠢᠷᠣᠮ ᠤᠨ | ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠣᠩᠭᠤᠯ ᠤᠨ ᠳᠣᠬᠠᠢ ᠴᠢᠬᠤᠯᠠ ᠶᠠᠷᠢᠶ᠎ᠠ | ᠴᠢᠬᠤᠯᠠ ᠵᠢᠭᠠᠪᠣᠷᠢ ᠴᠣᠬᠤᠯᠠᠪᠣᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠳᠣᠭᠤᠰᠢᠯᠠᠭᠤᠯᠵᠣ᠂ ᠨᠠᠮ ᠤᠨ | ᠲᠦᠪ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠣᠯᠳᠠ ᠶᠢ ᠪᠦᠬᠦ ᠳᠠᠯ᠎ᠠ ᠪᠠᠷ ᠳᠣᠭᠤᠰᠢᠯᠠᠭᠤᠯᠣᠨ | ᠨᠠᠶᠢᠳᠠᠪᠣᠷᠢᠵᠢᠭᠤᠯᠵᠣ᠂ ᠦᠵᠡᠯ ᠰᠠᠨᠠᠭ᠎ᠠ ᠣᠯᠣᠰ ᠲᠦᠷᠦ ᠶᠢᠨ ᠪᠠᠶᠢᠭᠤᠯᠣᠯᠳᠠ ᠶᠢ ᠴᠢᠩᠭᠠᠳᠬᠠᠵᠣ᠂ ︽ᠳᠦᠷᠪᠡᠨ | ᠣᠬᠠᠮᠰᠠᠷ︾ ᠢᠶᠠᠨ ᠴᠢᠩᠭᠠᠷᠠᠭᠤᠯᠣᠨ᠂ ︽ᠳᠦᠷᠪᠡᠨ ᠢᠳᠡᠭᠡᠯ︾ ᠢᠶᠠᠨ ᠪᠠᠳᠣᠳᠬᠠᠵᠣ᠂ ︽ᠬᠤᠶᠠᠷ ᠢ ᠬᠠᠮᠠᠭᠠᠯᠠᠬᠤ︾ | ᠶᠢ ᠪᠡᠶᠡᠯᠡᠭᠦᠯᠵᠦ᠂ ᠠᠮᠢ ᠠᠬᠤᠢ ᠶᠢ ᠣᠷᠢᠳ ᠢᠶᠠᠷ ᠪᠣᠳᠣᠯᠬᠢᠯᠠᠬᠤ᠂ ᠪᠣᠬᠢᠷᠳᠣᠯ ᠦᠭᠡᠢ ᠬᠦᠭᠵᠢᠬᠦᠯᠬᠦ ᠪᠠᠷ | ᠣᠳᠣᠷᠢᠳᠣᠮᠵᠢ ᠪᠣᠯᠭᠠᠭᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠣ᠂ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠡᠰᠡᠷᠭᠦᠴᠡᠵᠦ᠂ | ᠭᠤᠷᠪᠠᠨ ᠪᠣᠭᠤᠮᠳᠠ ᠰᠢᠪᠳᠣᠯᠬᠤ ᠳᠠᠶᠢᠯᠠᠯᠳᠣᠭᠠᠨ ᠢ ᠡᠷᠡᠰ ᠰᠠᠶᠢᠳᠣᠷ ᠬᠢᠵᠦ᠂ ︽ᠵᠢᠷᠭᠤᠭ᠎ᠠ ᠶᠢ | ᠳᠣᠭᠳᠠᠪᠣᠷᠢᠵᠢᠭᠤᠯᠬᠤ︾ ᠠᠵᠢᠯ ᠢ ᠯᠠᠪᠳᠠᠭᠤᠨ ᠪᠠᠳᠣᠳᠠᠢ ᠰᠠᠶᠢᠳᠣᠷ ᠬᠢᠵᠦ᠂ ︽ᠵᠢᠷᠭᠤᠭ᠎ᠠ ᠶᠢ ᠪᠠᠳᠣᠯᠠᠬᠤ︾ | ᠡᠭᠦᠷᠭᠡ ᠶᠢ ᠪᠦᠬᠦ ᠳᠠᠯ᠎ᠠ ᠪᠠᠷ ᠨᠠᠶᠢᠳᠠᠪᠣᠷᠢᠵᠢᠭᠤᠯᠵᠣ᠂ ᠠᠮᠢ ᠠᠬᠤᠢ ᠣᠷᠴᠢᠨ ᠳᠣᠭᠤᠷᠢᠨ ᠤ ᠬᠠᠮᠠᠭᠠᠯᠠᠯᠳᠠ ᠶᠢ | ᠦᠷᠬᠦᠯᠵᠢᠯᠡᠨ ᠰᠠᠶᠢᠳᠣᠷ ᠠᠳᠬᠤᠵᠣ᠂ ᠭᠤᠣᠯᠳᠠᠯᠭ᠎ᠠ ᠲᠠᠢ ᠦᠭᠡᠷᠡᠴᠢᠯᠡᠯᠳᠡ ᠶᠢᠨ ᠡᠭᠦᠷᠭᠡ ᠶᠢ ᠳᠣᠭᠳᠠᠭᠤᠨ ᠢᠶᠠᠷ | ᠠᠬᠢᠭᠤᠯᠵᠣ᠂ ᠠᠷᠠᠳᠴᠢᠯᠠᠯ ᠬᠠᠣᠯᠢᠵᠢᠯ ᠤᠨ ᠪᠠᠶᠢᠭᠤᠯᠣᠯᠳᠠ ᠶᠢ ᠢᠳᠡᠪᠬᠢᠳᠡᠢ ᠠᠬᠢᠭᠤᠯᠣᠨ᠂ ᠰᠣᠷᠳᠠᠯ ᠣᠬᠠᠭᠤᠯᠭ᠎ᠠ | ᠦᠵᠡᠯ ᠰᠠᠨᠠᠭ᠎ᠠ ᠰᠣᠶᠣᠯ ᠤᠨ ᠠᠵᠢᠯ ᠢ ᠨᠠᠷᠢᠨ ᠨᠢᠮᠪᠠᠢ ᠰᠠᠶᠢᠳᠣᠷ ᠬᠢᠵᠦ᠂ ᠠᠷᠠᠳ ᠤᠨ ᠠᠮᠢᠳᠣᠷᠠᠯ ᠤᠨ ᠪᠠᠳᠣᠯᠠᠭ᠎ᠠ | ᠪᠣᠯᠣᠨ ᠨᠡᠶᠢᠭᠡᠮ ᠤᠨ ᠵᠠᠰᠠᠯᠳᠠ ᠶᠢ ᠦᠨᠡᠨ ᠬᠦ ᠴᠢᠩᠭᠠᠳᠬᠠᠵᠣ᠂ ᠳᠣᠮᠳᠠᠳᠣ ᠶᠢᠨ ᠦᠨᠳᠦᠰᠦᠳᠡᠨ ᠤ ᠬᠠᠮᠳᠣ | ᠴᠣᠭᠴᠠ ᠶᠢᠨ ᠣᠬᠠᠮᠰᠠᠷ ᠢ ᠪᠠᠳᠣ ᠴᠣᠭᠴᠠᠯᠠᠬᠤ ᠪᠠᠷ ᠭᠤᠣᠯ ᠰᠢᠵᠢᠮ ᠪᠣᠯᠭᠠᠨ ᠦᠨᠳᠦᠰᠦᠳᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠵᠣ᠂ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠣ᠂ ᠡᠯ᠎ᠡ | ᠵᠦᠢᠯ ᠤᠨ ᠦᠢᠯᠡᠰ ᠰᠢᠨ᠎ᠡ ᠠᠬᠢᠯᠳᠠ ᠲᠠᠢ ᠪᠣᠯᠵᠠᠢ ᠭᠡᠵᠦ ᠰᠠᠨᠠᠯ ᠨᠢᠭᠡᠲᠡᠢ ᠦᠵᠡᠪᠡ᠃ | ᠪᠦᠭᠦᠳᠡ ᠬᠤᠷᠠᠯ ᠠᠴᠠ ᠪᠦᠭᠦ ᠤᠷᠤᠨ ᠤ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠠᠶᠢᠭᠤᠯᠬᠤ | ᠰᠢᠢᠳᠪᠤᠷᠢᠳᠤ ᠢᠯᠠᠯᠳᠠ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠤ | ᠲᠠᠶᠢᠯᠠᠯᠳᠤᠭᠠᠨ ᠤ ᠰᠢᠢᠳᠪᠦᠷᠢᠯᠡᠭᠴᠢ ᠴᠢᠨᠠᠷᠳᠠᠢ ᠦᠷ᠎ᠠ ᠪᠦᠲᠦᠮᠵᠢ ᠶᠢ ᠲᠡᠭᠡᠳᠤ ᠬᠡᠮᠵᠢᠶ᠎ᠠ ᠪᠠᠷ ᠦᠨᠡᠯᠡᠵᠤ᠂ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ ᠠᠵᠦ ᠠᠬᠤᠢ ᠶᠢᠨ ᠪᠦᠲᠦᠴᠡ | ᠦᠷᠭᠦᠯᠵᠢᠯᠠᠨ ᠰᠢᠯᠢᠳᠡᠭᠵᠢᠵᠦ᠂ ᠦᠨᠳᠤᠰᠦᠳᠡᠨ ᠨᠦᠭᠦᠳ ᠤᠨ ᠠᠷᠠᠳ ᠲᠦᠮᠡᠨ ᠤ ᠪᠤᠶᠠᠨ ᠵᠢᠷᠭᠠᠯ ᠦᠷᠭᠦᠯᠵᠢᠯᠠᠨ | ᠨᠡᠮᠡᠭᠳᠡᠵᠦ᠂ ᠠᠮᠢ ᠠᠬᠤᠢ ᠤᠷᠴᠢᠨ ᠲᠤᠭᠤᠷᠢᠨ ᠤ ᠴᠢᠨᠠᠷ ᠴᠢᠨᠰᠠᠭ᠎ᠠ ᠦᠷᠭᠦᠯᠵᠢᠯᠠᠨ ᠰᠠᠶᠢᠵᠢᠷᠠᠵᠦ᠂ ᠰᠠᠭᠤᠷᠢ | ᠲᠦᠭᠦᠭᠡᠷᠦᠮᠵᠢ ᠶᠢᠨ ᠪᠠᠳᠤᠯᠠᠭ᠎ᠠ ᠶᠢᠨ ᠴᠢᠳᠠᠪᠤᠷᠢ ᠦᠷᠭᠦᠯᠵᠢᠯᠠᠨ ᠲᠡᠭᠡᠭᠰᠢᠯᠡᠵᠦ᠂ ᠦᠭᠡᠷᠡᠴᠢᠯᠡᠯᠳᠡ ᠨᠡᠭᠡᠭᠡᠯᠳᠡ ᠪᠦᠭᠦ | ᠲᠠᠯ᠎ᠠ ᠪᠠᠷ ᠬᠦᠨᠵᠡᠭᠡᠶᠢᠷᠡᠵᠦ᠂ ᠬᠠᠤᠯᠢ ᠪᠠᠷ ᠤᠷᠤᠨ ᠢᠶᠠᠨ ᠵᠠᠰᠠᠬᠤ ᠶᠢ ᠯᠠᠪᠳᠠᠭᠤᠨ ᠢᠶᠠᠷ ᠠᠬᠢᠭᠤᠯᠵᠦ᠂ ᠨᠠᠮ ᠢ ᠪᠦᠭᠦ | ᠲᠠᠯ᠎ᠠ ᠪᠠᠷ ᠴᠢᠩᠭ᠎ᠠ ᠵᠠᠰᠠᠬᠤ ᠶᠢ ᠬᠦᠨᠵᠡᠭᠡᠶᠢᠷᠡᠭᠦᠯᠦᠨ ᠬᠦᠭᠵᠢᠭᠦᠯᠵᠦ᠂ ᠨᠡᠭᠦᠷᠡᠰᠤᠨ ᠤ ᠡᠭᠢ ᠪᠡᠶᠠᠯᠢᠭ ᠤᠨ | ᠬᠦᠷᠢᠶᠠᠨ ᠤ ᠬᠠᠤᠯᠢ ᠳᠣᠭᠳᠠᠭᠠᠯ ᠠᠴᠠ ᠵᠦᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠴᠢᠬᠤᠯᠠ | ᠦᠷ᠎ᠠ ᠪᠦᠲᠦᠭᠡᠯ ᠤᠯᠵᠦ᠂ ᠤᠯᠤᠰ ᠲᠦᠷᠦ ᠶᠢᠨ ᠠᠮᠢ ᠠᠬᠤᠢ ᠦᠷᠭᠦᠯᠵᠢᠯᠡᠨ ᠰᠠᠶᠢᠵᠢᠷᠠᠵᠠᠢ ᠭᠡᠵᠦ ᠵᠢᠭᠠᠵᠦ | ᠭᠠᠷᠭᠠᠪᠠ᠃ | ᠪᠦᠭᠦᠳᠡ ᠬᠤᠷᠠᠯ ᠠᠴᠠ ᠰᠢᠨ᠎ᠠ ᠬᠦᠭᠵᠢᠯᠳᠠ ᠶᠢᠨ ᠱᠠᠳᠤᠨ ᠳᠠᠬᠢ ᠦᠪᠤᠷ ᠮᠤᠩᠭᠤᠯ ᠤᠨ ᠬᠦᠭᠵᠢᠯᠳᠠ ᠳᠤ | ᠲᠤᠯᠭᠠᠷᠠᠵᠣ ᠪᠠᠶᠢᠭ᠎ᠠ ᠰᠢᠨ᠎ᠠ ᠠᠵᠠ ᠲᠤᠬᠢᠶᠠᠯ ᠰᠢᠨ᠎ᠠ ᠦᠷᠢᠰᠦᠯᠳᠦᠭᠡᠨ ᠢ ᠬᠦᠨᠵᠡᠭᠡᠢ ᠵᠠᠳᠠᠯᠵᠦ᠂ ᠤᠯᠤᠰ ᠤᠨ | ᠴᠢᠬᠤᠯᠠ ᠶᠡᠭᠡ ᠪᠠᠶᠢᠯᠳᠤᠬᠤ ᠪᠤᠳᠤᠯᠭ᠎ᠠ ᠨᠤᠭᠤᠳ ᠤᠨ ᠬᠦᠨᠵᠡᠭᠡᠢ ᠬᠡᠷᠡᠭᠵᠢᠭᠦᠯᠦᠭᠳᠡᠭᠦ ᠶᠢ ᠲᠠᠭᠠᠯᠳᠤᠨ᠂ | ᠤᠨᠴᠠᠭᠠᠢᠢᠯᠠᠨ ᠰᠢᠨ᠎ᠠ ᠬᠦᠭᠵᠢᠯᠳᠠ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠬᠤ ᠶᠢ ᠲᠠᠭᠠᠯᠳᠤᠨ᠂ ᠮᠠᠨ ᠤ ᠤᠷᠤᠨ | ᠮᠠᠰᠢ ᠤᠯᠠᠨ ᠰᠤᠯᠪᠢᠴᠠᠨ ᠲᠠᠪᠬᠤᠴᠠᠬᠰᠠᠨ ᠬᠦᠭᠵᠢᠯᠳᠠ ᠶᠢᠨ ᠠᠵᠠ ᠲᠤᠬᠢᠶᠠᠯ ᠲᠠᠢ ᠪᠤᠯᠵᠦ᠂ ᠠᠮᠢ ᠠᠬᠤᠢ ᠶᠢ | ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠭᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ | ᠬᠦᠭᠵᠢᠯᠳᠠ ᠶᠢ ᠨᠡᠩ ᠰᠠᠶᠢᠳᠤᠷ ᠠᠬᠢᠭᠤᠯᠬᠤ ᠤᠯᠠᠨ ᠲᠠᠯ᠎ᠠ ᠶᠢᠨ ᠠᠰᠢᠬᠳᠠᠢ ᠨᠦᠭᠦᠴᠡᠯ ᠢ ᠪᠦᠷᠢᠯᠳᠦᠭᠦᠯᠵᠠᠢ᠃ | ᠡᠭᠦᠨ ᠤ ᠬᠠᠮᠳᠤ᠂ ᠦᠪᠤᠷ ᠮᠤᠩᠭᠤᠯ ᠤᠨ ᠬᠦᠭᠵᠢᠯᠳᠠ ᠳᠤ ᠪᠠᠰᠠ ᠴᠦᠭᠡᠨ ᠪᠤᠰᠤ ᠲᠤᠳᠠᠭᠤᠳᠠᠯ ᠪᠠ ᠪᠠᠭᠤᠷᠠᠢ | ᠲᠠᠯ᠎ᠠ ᠤᠷᠤᠰᠢᠵᠦ᠂ ᠮᠠᠰᠢ ᠤᠯᠠᠨ ᠲᠦᠭᠰᠢᠭᠦᠷᠢ ᠪᠠ ᠦᠷᠢᠰᠦᠯᠳᠦᠭᠡᠨ ᠲᠤᠯᠭᠠᠷᠠᠵᠦ᠂ ᠬᠦᠨ ᠲᠠᠪᠬᠤᠷᠭ᠎ᠠ ᠶᠢᠨ | ᠪᠦᠲᠦᠴᠡ ᠶᠢᠨ ᠴᠢᠨᠠᠷᠳᠠᠢ ᠠᠰᠠᠭᠤᠳᠠᠯ ᠪᠠ ᠪᠠᠶᠢᠭᠤᠯᠤᠮᠵᠢ ᠶᠢᠨ ᠴᠢᠨᠠᠷᠳᠠᠢ ᠵᠦᠷᠢᠴᠡᠯ ᠬᠠᠷᠠᠬᠠᠨ ᠰᠢᠢᠳᠪᠤᠷᠢᠯᠡᠭᠳᠡᠭᠡ | ᠦᠭᠡᠢ ᠪᠠᠶᠢᠵᠦ᠂ ᠬᠡᠯᠪᠡᠷᠢ ᠪᠠᠨ ᠬᠤᠪᠢᠷᠠᠭᠤᠯᠣᠨ ᠪᠦᠲᠦᠴᠡ ᠪᠠᠨ ᠲᠤᠬᠢᠷᠠᠭᠤᠯᠵᠦ ᠴᠢᠨᠠᠷ ᠢ ᠲᠡᠭᠡᠭᠰᠢᠯᠡᠭᠦᠯᠭᠦ ᠡᠭᠦᠷᠭᠡ | ᠪᠠᠴᠢᠮ ᠲᠤᠯᠭᠠᠮ ᠮᠦᠷᠳᠡᠭᠡᠨ ᠪᠡᠷᠭᠡ ᠬᠠᠳᠠᠭᠤᠵᠢᠯᠳᠠᠢ ᠪᠠᠶᠢᠵᠣ᠂ ᠤᠳᠤᠭᠢᠴᠢᠯᠠᠬᠤ ᠪᠦᠲᠦᠭᠡᠨ ᠪᠠᠶᠢᠭᠤᠯᠤᠯᠳᠠ ᠶᠢ | ᠪᠦᠭᠦ ᠲᠠᠯ᠎ᠠ ᠪᠠᠷ ᠠᠬᠢᠭᠤᠯᠬᠤ ᠡᠭᠦᠷᠭᠡ ᠬᠦᠨᠳᠤ ᠵᠠᠮ ᠬᠤᠯᠠ ᠪᠠᠶᠢᠨ᠎ᠠ ᠭᠡᠵᠦ ᠦᠵᠡᠪᠡ᠃ | ᠪᠦᠭᠦᠳᠡ ᠬᠤᠷᠠᠯ ᠠᠴᠠ 2035 ᠤᠨ ᠤ ᠠᠯᠤᠰ ᠤᠨ ᠬᠠᠷᠠᠯᠳᠠ ᠶᠢ ᠲᠤᠷᠠᠳᠪᠠ᠂ ᠡᠨᠡ ᠨᠢ ᠲᠠᠷᠤᠢ᠄ | ᠶᠡᠷᠦᠩᠭᠡᠶᠢᠯᠡᠭᠰᠡᠨ ᠠᠵᠦ ᠠᠬᠤᠢ ᠶᠢᠨ ᠪᠤᠳᠠᠳᠤ ᠬᠦᠴᠤᠨ ᠪᠠ ᠪᠤᠬᠢᠷᠳᠤᠯ ᠦᠭᠡᠢ ᠬᠦᠭᠵᠢᠯᠳᠠ ᠶᠢᠨ ᠲᠦᠪᠰᠢᠨ ᠢ | ᠶᠡᠭᠡ ᠪᠠᠷ ᠲᠡᠭᠡᠭᠰᠢᠯᠡᠭᠦᠯᠵᠦ᠂ ᠠᠵᠦ ᠠᠬᠤᠢ ᠶᠢᠨ ᠶᠡᠷᠦᠩᠭᠡᠢ ᠬᠡᠮᠵᠢᠶ᠎ᠠ ᠪᠡ ᠬᠤᠳᠠ ᠬᠦᠳᠡᠭᠡ ᠶᠢᠨ ᠰᠠᠭᠤᠭᠠᠯᠢ | ᠠᠷᠠᠳ ᠤᠨ ᠬᠦᠮᠤᠨ ᠲᠤᠮᠳᠠᠴᠢ ᠶᠢᠨ ᠤᠷᠤᠯᠭ᠎ᠠ ᠶᠢ ᠰᠢᠨ᠎ᠠ ᠶᠡᠭᠡ ᠲᠡᠭᠳᠡᠷ ᠲᠤ ᠭᠠᠷᠭᠠᠨ᠎ᠠ︔ ᠰᠢᠨ᠎ᠠ ᠬᠡᠯᠪᠡᠷᠢ ᠶᠢᠨ | ᠠᠵᠦ ᠦᠢᠯᠡᠳᠪᠤᠷᠢᠵᠢᠯᠳᠠ᠂ ᠮᠡᠳᠡᠭᠡ ᠵᠠᠩᠭᠢᠴᠢᠯᠠᠯᠳᠠ᠂ ᠬᠤᠳᠠ ᠪᠠᠯᠭᠠᠰᠤᠵᠢᠯᠳᠠ᠂ ᠲᠠᠷᠢᠶᠠᠯᠠᠩ ᠮᠠᠯ ᠠᠵᠦ | ᠠᠬᠤᠢ ᠶᠢᠨ ᠤᠳᠤᠬᠢᠴᠢᠯᠠᠯᠳᠠ ᠶᠢ ᠦᠨᠳᠤᠰᠤᠨ ᠳᠡᠭᠡᠨ ᠪᠡᠶᠡᠯᠡᠭᠦᠯᠵᠦ᠂ ᠲᠠᠪᠠᠭᠤᠯᠢᠬ ᠤᠨᠴᠠᠯᠢᠬ ᠲᠠᠢ ᠤᠷᠤᠨ | ᠪᠦᠰᠡ ᠶᠢᠨ ᠰᠢᠨ᠎ᠠ ᠶᠢ ᠡᠭᠦᠳᠭᠦ ᠰᠢᠰᠲ᠋ᠧᠮ ᠪᠠ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠬᠳᠠᠭᠠᠯᠳᠠ ᠳᠤ ᠨᠡᠶᠢᠴᠡᠭᠦ | ᠤᠳᠤ ᠦᠶ᠎ᠠ ᠶᠢᠨ ᠠᠵᠦ ᠦᠢᠯᠡᠰ ᠤᠨ ᠰᠢᠰᠲ᠋ᠧᠮ᠂ ᠰᠢᠨ᠎ᠠ ᠬᠡᠯᠪᠡᠷᠢ ᠶᠢᠨ ᠬᠤᠳᠠ ᠪᠠᠯᠭᠠᠰᠤ ᠶᠢᠨ ᠰᠢᠰᠲ᠋ᠧᠮ᠂ | ᠰᠠᠭᠤᠷᠢ ᠲᠦᠭᠦᠭᠡᠷᠦᠮᠵᠢ ᠶᠢᠨ ᠰᠢᠰᠲ᠋ᠧᠮ ᠢ ᠪᠦᠭᠦ ᠲᠠᠯ᠎ᠠ ᠪᠠᠷ ᠪᠠᠶᠢᠭᠤᠯᠤᠨ᠎ᠠ︔ ᠵᠠᠰᠠᠯᠳᠠ ᠶᠢᠨ ᠰᠢᠰᠲ᠋ᠧᠮ ᠪᠠ | ᠵᠠᠰᠠᠯᠳᠠ ᠶᠢᠨ ᠴᠢᠳᠠᠪᠤᠷᠢ ᠶᠢᠨ ᠤᠳᠤᠭᠢᠴᠢᠯᠠᠯᠳᠠ ᠶᠢ ᠦᠨᠳᠤᠰᠤᠨ ᠳᠡᠭᠡᠨ ᠪᠡᠶᠡᠯᠡᠭᠦᠯᠵᠦ᠂ ᠦᠨᠳᠦᠰᠦᠳᠡᠨ ᠨᠦᠭᠦᠳ | ᠶᠡᠭᠡ ᠪᠠᠷ ᠪᠦᠯᠭᠦᠮᠳᠡᠭᠰᠡᠨ ᠪᠠᠶᠢᠳᠠᠯ ᠢ ᠨᠡᠩ ᠪᠠᠳᠤᠳᠬᠠᠵᠦ᠂ ᠬᠠᠤᠯᠢᠵᠢᠯ ᠤᠨ ᠦᠪᠤᠷ ᠮᠤᠩᠭᠤᠯ ᠢ | ᠦᠨᠳᠤᠰᠦᠨ ᠳᠡᠭᠡᠨ ᠪᠠᠶᠢᠭᠤᠯᠵᠦ᠂ ᠠᠮᠤᠭᠤᠯᠠᠩᠳᠣ ᠦᠪᠤᠷ ᠮᠤᠩᠭᠤᠯ ᠤᠨ ᠪᠠᠶᠢᠭᠤᠯᠤᠯᠳᠠ ᠶᠢ ᠪᠦᠭᠦ ᠲᠠᠯ᠎ᠠ ᠪᠠᠷ | ᠬᠦᠨᠵᠡᠭᠡᠶᠢᠷᠡᠭᠦᠯᠤᠨᠠ︔ ᠤᠷᠤᠨ ᠨᠤᠳᠤᠬ ᠤᠨ ᠰᠤᠶᠤᠯ ᠤᠨ ᠵᠦᠭᠡᠯᠡᠨ ᠪᠤᠳᠠᠳᠤ ᠬᠦᠴᠤᠨ ᠢ ᠢᠯᠡᠷᠭᠡᠢ | ᠴᠢᠩᠭᠠᠳᠬᠠᠵᠦ᠂ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠡᠪ ᠪᠤᠯᠪᠠᠰᠤᠷᠠᠯ᠂ ᠪᠦᠭᠦ ᠨᠡᠶᠢᠭᠡᠮ ᠤᠨ | ᠪᠤᠯᠪᠠᠰᠤᠨ ᠤ ᠬᠡᠮᠵᠢᠶ᠎ᠠ ᠶᠢ ᠰᠢᠨ᠎ᠠ ᠦᠨᠳᠤᠷᠴᠡ ᠳᠤ ᠬᠦᠷᠭᠡᠨ᠎ᠠ︔ ᠪᠤᠬᠢᠷᠳᠤᠯ ᠦᠭᠡᠢ ᠦᠢᠯᠡᠳᠪᠤᠷᠢᠯᠡᠯ | ᠠᠮᠢᠳᠤᠷᠠᠯ ᠤᠨ ᠠᠷᠭ᠎ᠠ ᠬᠡᠯᠪᠡᠷᠢ ᠶᠢ ᠦᠷᠭᠡᠨ ᠢᠶᠠᠷ ᠪᠦᠷᠢᠯᠳᠦᠭᠦᠯᠵᠦ᠂ ᠠᠵᠦ ᠠᠬᠤᠢ ᠨᠡᠶᠢᠭᠡᠮ ᠤᠨ ᠬᠦᠭᠵᠢᠯᠳᠠ ᠶᠢ | ᠪᠦᠭᠦ ᠲᠠᠯ᠎ᠠ ᠪᠠᠷ ᠪᠤᠬᠢᠷᠳᠤᠯ ᠦᠭᠡᠢ ᠳᠡᠶᠢᠰᠢ ᠬᠡᠯᠪᠡᠷᠢ ᠶᠢ ᠨᠢ ᠬᠤᠪᠢᠷᠠᠭᠤᠯᠵᠦ᠂ ᠠᠮᠢ ᠠᠬᠤᠢ ᠤᠷᠴᠢᠨ ᠲᠤᠭᠤᠷᠢᠨ ᠢ | ᠦᠨᠳᠤᠰᠦᠨ ᠠᠴᠠ ᠨᠢ ᠰᠠᠶᠢᠵᠢᠷᠠᠭᠤᠯᠵᠦ᠂ ᠦᠵᠡᠰᠭᠦᠯᠠᠩᠳᠤ ᠰᠠᠶᠢᠬᠠᠨ ᠦᠪᠤᠷ ᠮᠤᠩᠭᠤᠯ ᠢ ᠦᠨᠳᠤᠰᠦᠨ ᠳᠡᠭᠡᠨ | ᠪᠠᠶᠢᠭᠤᠯᠤᠨ᠎ᠠ︔ ᠤᠯᠤᠰ ᠤᠨ ᠲᠤᠳᠤᠭᠠᠳᠤ ᠶᠢᠨ ᠤᠷᠤᠨ ᠪᠦᠰᠡ ᠬᠠᠮᠳᠣᠷᠠᠨ ᠠᠵᠢᠯᠯᠠᠬᠤ ᠪᠠ ᠤᠮᠠᠷᠠᠰᠢ ᠨᠡᠭᠡᠭᠡᠯᠳᠡ | ᠭᠢᠭᠦ ᠰᠢᠨ᠎ᠠ ᠪᠠᠶᠢᠷᠢᠰᠢᠯ ᠢ ᠪᠦᠷᠢᠯᠳᠦᠭᠦᠯᠵᠦ᠂ ᠡᠭᠢ ᠪᠠᠶᠠᠯᠢᠭ ᠲᠦᠪᠯᠡᠷᠡᠨ ᠲᠠᠷᠠᠭᠬᠰᠠᠨ᠂ ᠬᠦᠴᠦᠨ ᠵᠦᠢᠯ ᠬᠤᠷᠠᠨ | ᠨᠡᠪᠳᠡᠷᠡᠯᠴᠡᠭᠰᠡᠨ ᠪᠦᠭᠦ ᠤᠷᠤᠨ ᠪᠦᠰᠡ ᠶᠢᠨ ᠨᠡᠭᠡᠭᠡᠯᠳᠡᠳᠤ ᠲᠠᠪᠴᠠᠩ ᠢ ᠪᠠᠶᠢᠭᠤᠯᠤᠨ᠎ᠠ︔ ᠬᠦᠮᠦᠨ ᠲᠤᠮᠲᠠᠴᠢ ᠶᠢᠨ | ᠤᠯᠤᠰ ᠤᠨ ᠲᠤᠲᠤᠭᠠᠲᠦ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠢ ᠪᠦᠬᠦ ᠤᠯᠤᠰ ᠤᠨ ᠡᠮᠦᠨ᠎ᠡ ᠡᠩᠨᠡᠭᠡᠨ ᠳᠤ | ᠤᠷᠤᠭᠤᠯᠵᠦ᠂ ᠲᠤᠮᠲᠠ ᠵᠡᠷᠭᠡ ᠶᠢᠨ ᠤᠷᠤᠯᠭ᠎ᠠ ᠲᠠᠢ ᠤᠯᠠᠨ ᠲᠦᠮᠡᠨ ᠢ ᠮᠡᠲᠡᠭᠲᠡᠮ᠎ᠡ ᠦᠷᠭᠡᠳᠭᠡᠵᠦ᠂ ᠦᠨᠳᠦᠰᠦᠨ | ᠤᠯᠠᠨ ᠨᠡᠶᠢᠲᠡ ᠶᠢᠨ ᠦᠢᠯᠡᠴᠢᠯᠡᠭᠡ ᠶᠢᠨ ᠲᠡᠩᠴᠡᠭᠦᠷᠢᠰᠢᠯ ᠢ ᠪᠡᠶᠡᠯᠡᠭᠦᠯᠵᠦ᠂ ᠬᠤᠲᠠ ᠬᠦᠲᠡᠭᠡ ᠤᠷᠤᠨ ᠪᠦᠰᠡ ᠶᠢᠨ | ᠬᠦᠭᠵᠢᠯᠲᠡ ᠶᠢᠨ ᠵᠦᠷᠢᠶ᠎ᠡ ᠪᠤᠯᠤᠨ ᠰᠠᠭᠤᠭᠠᠯᠢ ᠠᠷᠠᠳ ᠤᠨ ᠠᠮᠢᠳᠤᠷᠠᠯ ᠤᠨ ᠲᠦᠪᠰᠢᠨ ᠤ ᠵᠦᠷᠢᠶ᠎ᠡ ᠶᠢ ᠮᠡᠲᠡᠭᠲᠡᠮ᠎ᠡ | ᠪᠠᠭᠠᠰᠬᠠᠵᠣ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠳᠤᠷᠠᠯ ᠢ ᠨᠡᠩ ᠰᠠᠶᠢᠨ ᠰᠠᠶᠢᠬᠠᠨ ᠪᠤᠯᠭᠠᠵᠦ᠂ | ᠬᠦᠮᠦᠨ ᠤ ᠪᠦᠬᠦ ᠲᠠᠯ᠎ᠠ ᠶᠢᠨ ᠬᠦᠭᠵᠢᠯᠲᠡ᠂ ᠠᠷᠠᠳ ᠲᠦᠮᠡᠨ ᠤ ᠬᠠᠮᠲᠦ ᠶᠢᠨ ᠪᠠᠶᠠᠵᠢᠯ ᠢ ᠨᠡᠩ ᠲᠤᠪᠤᠶᠢᠮ᠎ᠠ ᠮᠦᠨ | ᠴᠢᠨᠠᠷ ᠤᠨ ᠠᠬᠢᠯᠲᠠ ᠲᠠᠢ ᠪᠤᠯᠭᠠᠨ᠎ᠠ᠃ | ᠪᠦᠬᠦᠲᠠ ᠬᠤᠷᠠᠯ ᠠᠴᠠ ︽ᠠᠷᠪᠠᠨ ᠲᠦᠷᠪᠡᠲᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ | ᠬᠤᠭᠤᠴᠠᠭᠠᠨ ᠳᠠᠬᠢ ᠪᠦᠬᠦ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠶᠡᠷᠦᠩᠬᠡᠢ ᠱᠠᠭᠠᠷᠲᠠᠯᠭ᠎ᠠ ᠶᠢ | ᠲᠤᠷᠠᠳᠴᠣ᠂ ᠲᠤᠮᠲᠠᠲᠤ ᠤᠯᠤᠰ ᠤᠨ ᠤᠨᠴᠠᠯᠢᠬ ᠲᠠᠢ ᠨᠡᠶᠢᠭᠡᠮ ᠵᠢᠷᠦᠮ ᠤᠨ ᠠᠭᠤᠤ ᠶᠡᠭᠡ ᠲᠤᠬ ᠢ ᠦᠨᠳᠦᠷ | ᠮᠠᠨᠳᠣᠭᠤᠯᠵᠣ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠲᠦᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠲᠦᠭᠡᠷ᠂ ᠲᠠᠪᠤᠳᠤᠭᠠᠷ ᠪᠦᠬᠦᠲᠠ ᠬᠤᠷᠠᠯ ᠤᠨ ᠵᠤᠷᠢᠭ | ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠦ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ | ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ | ᠤᠬᠠᠭᠠᠨᠴᠢ ᠬᠦᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠲᠤᠮᠲᠠᠲᠤ ᠤᠯᠤᠰ ᠤᠨ | ᠤᠨᠴᠠᠯᠢᠬ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠲᠠᠯᠠᠵᠦ᠂ ᠨᠠᠮ ᠤᠨ | ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠲᠤᠬᠠᠢ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠵᠦ᠂ ︽ᠲᠠᠪᠤ ᠶᠢ | ᠨᠢᠭᠡ ᠴᠤᠬᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠲᠦᠯᠲᠡᠢ ᠲᠦᠯᠦᠪᠵᠢᠭᠦᠯᠦᠨ ᠠᠬᠢᠭᠤᠯᠵᠦ᠂ | ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠤᠬᠢᠴᠠᠭᠤᠯᠤᠨ ᠠᠬᠢᠭᠤᠯᠵᠦ᠂ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠦ᠂ ᠠᠷᠠᠳ ᠲᠦᠮᠡᠨ ᠢᠶᠠᠷ ᠭᠤᠤᠯ ᠪᠤᠯᠭᠠᠬᠤ ᠶᠢ | ᠪᠠᠷᠢᠮᠲᠠᠯᠠᠵᠦ᠂ ᠰᠢᠨ᠎ᠡ ᠬᠦᠭᠵᠢᠯᠲᠡ ᠶᠢᠨ ᠤᠢᠢᠯᠠᠭᠠᠬᠲᠠᠬᠤᠨ ᠢ ᠪᠠᠷᠢᠮᠲᠠᠯᠠᠵᠦ᠂ ᠦᠭᠡᠷᠡᠴᠢᠯᠡᠯᠲᠡ ᠨᠡᠭᠡᠭᠡᠯᠲᠡ ᠶᠢ | ᠬᠦᠨᠵᠡᠭᠡᠶᠢᠷᠡᠭᠦᠯᠬᠦ ᠶᠢ ᠪᠠᠷᠢᠮᠲᠠᠯᠠᠵᠦ᠂ ᠰᠢᠰᠲ᠋ᠧᠮᠲᠦ ᠦᠵᠡᠯᠲᠡ ᠶᠢ ᠪᠠᠷᠢᠮᠲᠠᠯᠠᠵᠦ᠂ ᠲᠤᠬᠲᠠᠭᠤᠨ ᠤ ᠲᠤᠮᠲᠠ | ᠤᠷᠤᠬᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠦ᠂ ᠴᠢᠨᠠᠷ ᠰᠠᠶᠢᠲᠠᠢ ᠬᠦᠭᠵᠢᠯᠲᠠ ᠶᠢ | ᠠᠬᠢᠭᠤᠯᠬᠤ ᠪᠠᠷ ᠭᠤᠤᠯ ᠰᠡᠲᠦᠪ ᠪᠤᠯᠭᠠᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠦᠭᠡᠷᠡᠴᠢᠯᠡᠯᠲᠡ ᠶᠢ ᠬᠦᠨᠵᠡᠭᠡᠶᠢᠷᠡᠭᠦᠯᠬᠦ ᠪᠠᠷ ᠭᠤᠤᠯ ᠰᠢᠵᠢᠮ ᠪᠤᠯᠭᠠᠵᠦ᠂ ᠦᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠪᠠᠷ ᠦᠨᠳᠦᠰᠦᠨ ᠬᠦᠲᠡᠯᠭᠡᠬᠦ ᠬᠦᠴᠦᠨ ᠪᠤᠯᠭᠠᠵᠦ᠂ ᠠᠷᠠᠳ ᠲᠦᠮᠡᠨ ᠤ ᠡᠲᠦᠷ ᠢᠷᠡᠭᠦᠶ᠎ᠡ ᠨᠡᠮᠡᠭᠲᠡᠵᠦ | ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠤᠷᠢᠯᠭ᠎ᠠ ᠪᠤᠯᠭᠠᠵᠦ᠂ | ᠬᠦᠭᠵᠢᠯᠲᠡ ᠪᠠ ᠠᠮᠤᠷ ᠲᠦᠪᠰᠢᠨ ᠢ ᠨᠢᠭᠡᠲᠦᠯᠲᠡᠢ ᠲᠦᠯᠦᠪᠵᠢᠭᠦᠯᠵᠦ᠂ ᠠᠮᠢ ᠠᠬᠤᠢ ᠶᠢ ᠤᠷᠢᠳ ᠢᠶᠠᠷ | ᠪᠤᠳᠤᠯᠬᠢᠯᠠᠬᠰᠠᠨ᠂ ᠪᠤᠬᠢᠷᠲᠦᠯ ᠦᠭᠡᠢ ᠬᠦᠭᠵᠢᠯᠲᠡ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠲᠠᠢ | ᠬᠦᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠦ᠂ ︽ᠬᠤᠶᠠᠷ ᠬᠠᠯᠬᠠᠪᠴᠢ︾᠂ ︽ᠬᠤᠶᠠᠷ | ᠰᠠᠭᠤᠷᠢᠨ︾ ᠪᠤᠯᠤᠨ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠬᠲᠠᠭᠠᠯᠲᠠ ᠳᠤ ᠪᠠᠲᠦ | ᠰᠠᠭᠤᠷᠢᠯᠠᠨ᠂ ᠤᠳᠤᠬᠢᠴᠢᠯᠠᠬᠰᠠᠨ ᠠᠵᠦ ᠠᠬᠤᠢ ᠶᠢᠨ ᠰᠢᠰᠲ᠋ᠧᠮ ᠢ ᠲᠦᠷᠬᠡᠳᠭᠡᠨ ᠪᠠᠶᠢᠭᠤᠯᠵᠦ᠂ ᠰᠢᠨ᠎ᠡ | ᠬᠦᠭᠵᠢᠯᠲᠡ ᠶᠢᠨ ᠪᠠᠶᠢᠷᠢᠰᠢᠯ ᠳᠤ ᠦᠢᠯᠡᠴᠢᠯᠡᠨ ᠲᠡᠭᠦᠨ ᠳᠤ ᠠᠭᠤᠰᠴᠣ᠂ ᠦᠨᠳᠦᠰᠦᠲᠡᠨ ᠨᠦᠭᠦᠳ ᠤᠨ ᠪᠦᠯᠬᠦᠮᠲᠡᠯ | ᠲᠠᠪᠰᠢᠯᠲᠠ ᠶᠢ ᠠᠬᠢᠭᠤᠯᠵᠦ᠂ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠲᠠᠪᠤᠷᠢ ᠶᠢᠨ ᠤᠳᠤᠬᠢᠴᠢᠯᠠᠯᠲᠠ ᠶᠢ | ᠠᠬᠢᠭᠤᠯᠵᠦ᠂ ᠨᠡᠩ ᠴᠢᠨᠠᠷ ᠰᠠᠶᠢᠲᠠᠢ᠂ ᠨᠡᠩ ᠦᠷ᠎ᠡ ᠠᠰᠢᠭ ᠲᠠᠢ᠂ ᠨᠡᠩ ᠡᠷᠭᠡ ᠲᠡᠭᠰᠢ᠂ ᠨᠡᠩ ᠦᠷᠭᠦᠯᠵᠢᠯᠡᠬᠦ᠋ᠢᠴᠡ᠂ | ᠨᠡᠩ ᠠᠮᠤᠷ ᠲᠦᠪᠰᠢᠨ ᠬᠦᠭᠵᠢᠯᠲᠡ ᠶᠢ ᠪᠡᠶᠡᠯᠡᠭᠦᠯᠵᠦ᠂ ᠡᠬᠡ ᠤᠯᠤᠰ ᠤᠨ ᠤᠮᠠᠷᠠᠲᠦ ᠶᠢᠨ ᠡᠨᠡ ᠬᠦ ᠦᠵᠡᠮᠵᠢ ᠶᠢᠨ | ᠤᠷᠤᠨ ᠢ ᠨᠡᠩ ᠦᠵᠡᠰᠭᠦᠯᠡᠩᠲᠦ ᠰᠠᠶᠢᠬᠠᠨ ᠪᠤᠯᠭᠠᠨ ᠪᠦᠲᠦᠭᠡᠨ ᠪᠠᠶᠢᠭᠤᠯᠵᠦ᠂ ᠨᠡᠶᠢᠭᠡᠮ ᠵᠢᠷᠦᠮ ᠤᠨ | ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠦᠪᠦᠷ ᠮᠤᠩᠭᠤᠯ ᠤᠨ | ᠬᠦᠭᠵᠢᠯᠲᠡ ᠶᠢᠨ ᠰᠢᠨ᠎ᠡ ᠬᠠᠭᠤᠲᠠᠰᠤ ᠶᠢ ᠪᠢᠴᠢᠭᠯᠡᠬᠦ ᠬᠡᠷᠡᠭᠲᠡᠢ ᠬᠡᠵᠦ ᠴᠢᠬᠤᠯᠠᠴᠢᠯᠠᠪᠠ᠃ | ᠪᠦᠬᠦᠲᠡ ᠬᠤᠷᠠᠯ ᠠᠴᠠ ︽ᠠᠷᠪᠠᠨ ᠲᠦᠷᠪᠡᠲᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ | ᠬᠤᠭᠤᠴᠠᠭᠠᠨ ᠤ ᠪᠦᠬᠦ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠭᠤᠤᠯ ᠬᠠᠷᠠᠯᠲᠠ ᠶᠢ ᠳᠣᠷᠠᠳᠴᠠᠢ᠂ | ᠡᠨᠡ ᠨᠢ ᠲᠠᠷᠤᠢ᠄ ᠠᠵᠦ ᠠᠬᠤᠢ ᠶᠢᠨ ᠬᠡᠯᠪᠡᠷᠢ ᠶᠢ ᠬᠤᠪᠢᠷᠠᠭᠤᠯᠬᠤ ᠳᠠᠯ᠎ᠠ ᠪᠠᠷ ᠴᠢᠬᠤᠯᠠ ᠰᠢᠪᠲᠤᠯᠤᠯᠲᠠ ᠲᠠᠢ | ᠪᠤᠯᠵᠦ᠂ ᠬᠦᠭᠵᠢᠯᠲᠡ ᠶᠢᠨ ᠠᠷᠭ᠎ᠠ ᠬᠡᠯᠪᠡᠷᠢ ᠪᠦᠲᠦᠭᠦᠯᠢᠭ ᠪᠠᠶᠢᠬᠤ᠂ ᠤᠨᠴᠠᠭᠠᠢᠢᠯᠠᠨ ᠠᠵᠦ ᠦᠢᠯᠡᠰ ᠤᠨ | ᠬᠦᠭᠵᠢᠯᠲᠡ ᠡᠬᠢ ᠪᠠᠶᠠᠯᠢᠬ ᠢ ᠨᠡᠭᠡᠭᠡᠨ ᠠᠰᠢᠬᠯᠠᠬᠤ ᠳᠤ ᠨᠡᠯᠢᠶᠡᠳ ᠶᠡᠭᠡ ᠲᠦᠰᠢᠭᠯᠡᠵᠦ ᠪᠠᠶᠢᠭ᠎ᠠ ᠪᠠᠶᠢᠲᠠᠯ ᠢ | ᠶᠡᠷᠦᠩᠬᠡᠢ ᠳᠡᠭᠡᠨ ᠬᠤᠪᠢᠷᠠᠭᠤᠯᠵᠦ᠂ ᠤᠳᠤᠬᠢᠴᠢᠯᠠᠬᠰᠠᠨ ᠠᠵᠦ ᠠᠬᠤᠢ ᠶᠢᠨ ᠰᠢᠰᠲ᠋ᠧᠮ ᠢ ᠲᠦᠷᠬᠡᠳᠬᠡᠨ ᠴᠣᠭᠴᠠᠯᠠᠵᠣ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠲᠠᠪᠤᠷᠢ ᠶᠢ ᠪᠦᠬᠦ ᠲᠠᠯ᠎ᠠ ᠪᠠᠷ ᠲᠡᠭᠡᠭᠰᠢᠯᠡᠭᠦᠯᠵᠦ᠂ | ᠰᠠᠭᠤᠷᠢ ᠲᠦᠭᠦᠭᠡᠷᠦᠮᠵᠢ ᠶᠢᠨ ᠪᠠᠲᠤᠯᠠᠭ᠎ᠠ ᠶᠢᠨ ᠴᠢᠲᠠᠪᠤᠷᠢ ᠶᠢ ᠦᠷᠭᠦᠯᠵᠢᠯᠡᠨ ᠲᠡᠭᠡᠭᠰᠢᠯᠡᠭᠦᠯᠵᠦ᠂ ︽ᠬᠤᠶᠠᠷ | ᠰᠠᠭᠤᠷᠢᠨ︾ ᠢ ᠲᠡᠭᠡᠲᠦ ᠳᠡᠰᠵᠢᠬᠦ᠂ ᠤᠶᠤᠨᠴᠢᠯᠠᠬᠤ᠂ ᠪᠤᠬᠢᠷᠲᠦᠯ ᠦᠭᠡᠢ ᠲᠡᠶᠢᠰᠢ ᠬᠡᠯᠪᠡᠷᠢ ᠶᠢ ᠨᠢ | ᠬᠤᠪᠢᠷᠠᠭᠤᠯᠬᠤ ᠶᠢ ᠲᠦᠷᠭᠡᠳᠭᠡᠵᠦ᠂ ᠨᠢᠭᠡ ᠪᠦᠯᠦᠭ ᠠᠵᠦ ᠦᠢᠯᠡᠰ ᠤᠨ ᠬᠡᠯᠬᠢᠶ᠎ᠠ ᠬᠠᠩᠭᠠᠯᠭ᠎ᠠ ᠶᠢᠨ ᠬᠡᠯᠬᠢᠶ᠎ᠠ ᠶᠢᠨ | ᠪᠦᠷᠢᠨ ᠬᠡᠯᠬᠢᠶ᠎ᠡ ᠪᠤᠯᠤᠨ ᠰᠢᠨ᠎ᠡ ᠶᠢ ᠡᠭᠦᠳᠬᠦ ᠬᠡᠯᠬᠢᠶ᠎ᠠ ᠦᠷᠲᠡᠭ ᠤᠨ ᠬᠡᠯᠬᠢᠶ᠎ᠡ ᠶᠢᠨ ᠵᠠᠩᠬᠢᠯᠠᠭ᠎ᠠ ᠶᠢᠨ | ᠭᠤᠬᠴᠤᠭ᠎ᠠ ᠶᠢ ᠦᠨᠳᠦᠰᠦᠯᠡᠭᠦᠯᠦᠨ ᠪᠤᠶᠢᠵᠢᠭᠤᠯᠵᠣ᠂ ᠵᠡᠭᠦᠨ ᠲᠤᠮᠲᠠ ᠪᠠᠷᠠᠭᠤᠨ ᠬᠡᠰᠡᠭ ᠤᠷᠤᠨ ᠤ | ᠵᠦᠷᠢᠶᠡᠴᠢᠯᠡᠭᠰᠡᠨ ᠵᠤᠬᠢᠴᠠᠩᠭᠤᠢ ᠬᠦᠭᠵᠢᠯᠲᠡ ᠶᠢᠨ ᠲᠦᠪᠰᠢᠨ ᠢ ᠮᠡᠲᠡᠭᠲᠡᠮ᠎ᠡ ᠲᠡᠭᠡᠭᠰᠢᠯᠡᠭᠦᠯᠵᠦ᠂ ᠲᠠᠪᠠᠭᠤᠯᠢᠬ ᠨᠢ | ᠲᠤᠪᠤᠶᠢᠮ᠎ᠠ᠂ ᠪᠦᠲᠦᠴᠡ ᠨᠢ ᠵᠤᠬᠢᠰᠲᠠᠢ᠂ ᠰᠢᠨ᠎ᠡ ᠶᠢ ᠡᠭᠦᠳᠬᠦ ᠪᠠᠷ ᠬᠦᠲᠡᠯᠭᠡᠭᠦᠷ ᠪᠣᠯᠭᠠᠭᠰᠠᠨ᠂ ᠤᠷᠤᠨ ᠪᠦᠰᠡ | ᠵᠤᠬᠢᠴᠠᠩᠭᠤᠢ᠂ ᠬᠤᠲᠠ ᠬᠦᠲᠡᠭᠡ ᠨᠢᠭᠡ ᠴᠤᠬᠴᠠᠵᠢᠬᠰᠠᠨ ᠬᠦᠭᠵᠢᠯᠲᠡ ᠶᠢᠨ ᠪᠠᠶᠢᠷᠢᠰᠢᠯ ᠢ ᠦᠨᠳᠦᠰᠦᠨ ᠳᠡᠭᠡᠨ | ᠪᠦᠷᠢᠯᠲᠦᠭᠦᠯᠦᠨᠡ︔ ᠦᠭᠡᠷᠡᠴᠢᠯᠡᠯᠲᠡ ᠨᠡᠭᠡᠭᠡᠯᠲᠡ ᠴᠢᠬᠤᠯᠠ ᠠᠯᠬᠤᠮ ᠠᠯᠬᠤᠵᠦ᠂ ᠴᠢᠬᠤᠯᠠ ᠬᠦᠷᠢᠶ᠎ᠡ ᠪᠤᠯᠤᠨ | ᠵᠠᠩᠬᠢᠯᠠᠭ᠎ᠠ ᠶᠢᠨ ᠭᠤᠬᠴᠤᠭᠠᠨ ᠤ ᠦᠭᠡᠷᠡᠴᠢᠯᠡᠯᠲᠡ ᠶᠢ ᠨᠡᠩ ᠶᠡᠭᠡ ᠰᠢᠪᠲᠤᠯᠤᠯᠲᠠ ᠲᠠᠢ ᠪᠣᠯᠭᠠᠵᠣ᠂ ᠵᠠᠬ᠎ᠠ | ᠲᠡᠯᠭᠡᠭᠦᠷ ᠤᠨ ᠠᠵᠦ ᠠᠬᠤᠢ ᠶᠢᠨ ᠪᠠᠶᠢᠭᠤᠯᠤᠮᠵᠢ ᠶᠢ ᠨᠡᠩ ᠲᠡᠭᠦᠯᠲᠡᠷᠵᠢᠭᠦᠯᠵᠦ᠂ ᠦᠨᠳᠦᠷ ᠪᠠᠷᠢᠮᠵᠢᠶᠠᠲᠦ ᠵᠠᠬ᠎ᠠ | ᠳᠡᠯᠭᠡᠭᠦᠷ ᠤᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠦ᠂ ᠦᠮᠴᠢᠯᠡᠯ ᠤᠨ ᠡᠷᠬᠡ ᠶᠢᠨ ᠲᠦᠷᠢᠮ ᠪᠤᠯᠤᠨ | ᠬᠦᠴᠦᠨ ᠵᠦᠢᠯ ᠢ ᠵᠠᠬ᠎ᠠ ᠲᠡᠯᠭᠡᠭᠦᠷᠵᠢᠭᠦᠯᠦᠨ ᠲᠤᠬᠢᠷᠠᠭᠤᠯᠬᠤ ᠦᠭᠡᠷᠡᠴᠢᠯᠡᠯᠲᠡ ᠶᠢ ᠴᠢᠬᠤᠯᠠ ᠠᠬᠢᠴᠠ ᠲᠠᠢ ᠪᠤᠯᠭᠠᠵᠦ᠂ | ᠡᠨᠧᠷᠬᠢ ᠡᠬᠢ ᠪᠠᠶᠠᠯᠢᠬ ᠤᠨ ᠠᠵᠢᠯ ᠲᠦᠷᠦᠯ ᠢ ᠵᠢᠷᠣᠮᠵᠢᠭᠤᠯᠣᠨ ᠬᠦᠭᠵᠢᠭᠦᠯᠵᠦ᠂ ᠡᠷᠬᠡ ᠲᠡᠭᠰᠢ ᠪᠠᠷ | ᠦᠷᠢᠰᠦᠯᠲᠦᠭᠦ ᠲᠦᠷᠢᠮ ᠢ ᠨᠡᠩ ᠪᠦᠷᠢᠨᠰᠢᠭᠦᠯᠵᠦ᠂ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠮᠡᠲᠡᠭᠲᠡᠮ᠎ᠡ | ᠰᠠᠶᠢᠵᠢᠷᠠᠭᠤᠯᠵᠦ᠂ ᠪᠤᠭᠤᠮᠲᠠ ᠶᠢᠨ ᠴᠢᠲᠠᠪᠬᠢ ᠪᠤᠯᠤᠨ ᠡᠬᠢ ᠪᠠᠶᠠᠯᠢᠭ ᠤᠨ ᠨᠡᠶᠢᠳᠭᠡᠯ ᠢ ᠦᠨᠳᠦᠷ ᠪᠦᠲᠦᠮᠵᠢᠲᠡᠢ | ᠠᠬᠢᠭᠤᠯᠵᠦ᠂ ᠶᠡᠭᠡ ᠪᠤᠭᠤᠮᠲᠠ ᠶᠢᠨ ᠠᠵᠦ ᠠᠬᠤᠢ ᠶᠢ ᠲᠦᠷᠬᠡᠳᠬᠡᠨ ᠬᠦᠭᠵᠢᠭᠦᠯᠵᠦ᠂ ᠪᠦᠬᠦ ᠤᠷᠤᠨ ᠪᠦᠰᠡ ᠶᠢᠨ | ᠨᠡᠭᠡᠭᠡᠯᠲᠡ ᠶᠢᠨ ᠲᠠᠪᠴᠠᠩ ᠢ ᠠᠩᠬ᠎ᠠ ᠠᠯᠬᠤᠮ ᠪᠦᠷᠢᠯᠲᠦᠭᠦᠯᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠳᠡ ᠬᠢᠬᠦ | ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠣᠯᠳᠠ ᠳᠤ ᠪᠡᠯᠭᠡ ᠲᠡᠮᠲᠡᠭ ᠤᠨ ᠴᠢᠨᠠᠷᠲᠠᠢ ᠦᠷ᠎ᠡ ᠪᠦᠲᠦᠭᠡᠯ ᠤᠯᠤᠨ᠎ᠠ︔ | ᠨᠡᠶᠢᠭᠡᠮ ᠤᠨ ᠪᠤᠯᠪᠠᠰᠤᠨ ᠤ ᠬᠡᠮᠵᠢᠶ᠎ᠡ ᠶᠢ ᠮᠡᠳᠡᠭᠳᠡᠮ᠎ᠡ ᠲᠡᠭᠡᠭᠰᠢᠯᠡᠭᠦᠯᠵᠦ᠂ ᠨᠡᠶᠢᠭᠡᠮ ᠵᠢᠷᠦᠮ ᠤᠨ ᠭᠤᠤᠯᠯᠠᠬᠴᠢ | ᠦᠷᠲᠡᠭ ᠤᠨ ᠦᠵᠡᠯᠲᠡ ᠶᠢ ᠬᠦᠮᠦᠰ ᠤᠨ ᠰᠡᠳᠬᠢᠯ ᠳᠤ ᠬᠠᠲᠠᠩᠰᠢᠭᠤᠯᠵᠦ᠂ ᠲᠤᠮᠲᠠᠲᠤ ᠶᠢᠨ ᠦᠨᠳᠦᠰᠦᠲᠡᠨ ᠤ | ᠬᠠᠮᠲᠦ ᠴᠤᠬᠴᠠ ᠶᠢᠨ ᠤᠬᠠᠮᠰᠠᠷ ᠢ ᠬᠦᠨ ᠦᠨᠳᠦᠰᠦᠯᠡᠭᠦᠯᠵᠦ᠂ ᠤᠯᠠᠨ ᠨᠡᠶᠢᠲᠡ ᠶᠢᠨ ᠰᠤᠶᠤᠯ ᠤᠨ | ᠦᠢᠯᠡᠴᠢᠯᠡᠭᠡᠨ ᠤ ᠰᠢᠰᠲ᠋ᠧᠮ ᠪᠤᠯᠤᠨ ᠰᠤᠶᠤᠯ ᠤᠨ ᠠᠵᠦ ᠦᠢᠯᠡᠰ ᠤᠨ ᠰᠢᠰᠲ᠋ᠧᠮ ᠢ ᠨᠡᠩ ᠪᠦᠷᠢᠨᠰᠢᠭᠦᠯᠵᠦ᠂ | ᠨᠡᠶᠢᠭᠡᠮ ᠵᠢᠷᠦᠮ ᠤᠨ ᠲᠡᠷᠢᠭᠦᠨ ᠤ ᠰᠤᠶᠤᠯ ᠢ ᠦᠷᠭᠡᠨ ᠢᠶᠠᠷ ᠪᠠᠲᠠᠷᠠᠭᠤᠯᠵᠦ᠂ ᠠᠷᠠᠳ ᠲᠦᠮᠡᠨ ᠤ ᠦᠵᠡᠯ ᠰᠠᠨᠠᠭ᠎ᠠ | ᠶᠤᠰᠤ ᠰᠤᠷᠲᠠᠬᠤᠨ ᠤ ᠬᠡᠪ ᠪᠣᠯᠪᠠᠰᠣᠷᠠᠯ᠂ ᠰᠢᠨᠵᠢᠯᠡᠬᠦ ᠤᠬᠠᠭᠠᠨ ᠰᠤᠶᠤᠯ ᠤᠨ ᠬᠡᠪ ᠪᠣᠯᠪᠠᠰᠣᠷᠠᠯ ᠪᠤᠯᠤᠨ ᠪᠡᠶ᠎ᠡ | ᠰᠡᠳᠬᠢᠴᠡ ᠶᠢᠨ ᠡᠷᠡᠭᠦᠯ ᠴᠢᠬᠢᠷᠠᠭ ᠤᠨ ᠬᠡᠪ ᠪᠣᠯᠪᠠᠰᠣᠷᠠᠯ ᠢ ᠪᠦᠬᠦ ᠲᠠᠯ᠎ᠠ ᠪᠠᠷ ᠲᠡᠭᠡᠭᠰᠢᠯᠡᠭᠦᠯᠵᠦ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠤᠶᠤᠨ ᠰᠠᠨᠠᠭ᠎ᠠ ᠰᠤᠶᠤᠯ ᠤᠨ ᠠᠮᠢᠳᠤᠷᠠᠯ ᠢ ᠡᠲᠦᠷ ᠢᠷᠡᠭᠦᠶ᠎ᠡ | ᠪᠠᠶᠠᠯᠢᠬᠵᠢᠭᠤᠯᠣᠨᠡ︔ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠴᠢᠬᠤᠯᠠ ᠲᠠᠪᠰᠢᠯᠳᠠ ᠲᠠᠢ ᠪᠤᠯᠭᠠᠵᠦ᠂ | ᠠᠮᠢ ᠠᠬᠤᠢ ᠶᠢᠨ ᠪᠤᠯᠪᠠᠰᠤᠨ ᠤ ᠲᠦᠷᠢᠮ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠤᠯᠤᠰ ᠤᠨ ᠭᠠᠵᠠᠷ | ᠰᠢᠷᠤᠢ ᠶᠢᠨ ᠤᠷᠤᠨ ᠵᠡᠢ ᠶᠢ ᠨᠡᠭᠡᠭᠡᠨ ᠬᠦᠭᠵᠢᠭᠦᠯᠵᠦ ᠬᠠᠮᠠᠭᠠᠯᠠᠬᠤ ᠪᠠᠶᠢᠷᠢᠰᠢᠯ ᠢ ᠢᠯᠡᠷᠭᠡᠢ ᠰᠢᠯᠢᠳᠡᠭᠵᠢᠭᠦᠯᠵᠦ᠂ ᠠᠮᠢ | ᠠᠬᠤᠢ ᠶᠢᠨ ᠤᠷᠴᠢᠨ ᠲᠤᠭᠤᠷᠢᠨ ᠮᠠᠭᠤᠳᠠᠬᠰᠠᠨ ᠵᠤᠷᠪᠤᠰ ᠪᠦᠰᠡ᠂ ᠴᠡᠭ ᠪᠠᠶᠢᠷᠢ᠂ ᠬᠡᠰᠡᠭ ᠲᠤᠭᠤᠷᠢᠭ ᠢ | ᠪᠦᠲᠦᠮᠵᠢᠳᠠᠢ ᠵᠠᠰᠠᠵᠦ᠂ ᠦᠢᠯᠡᠳᠪᠦᠷᠢᠯᠡᠯ ᠠᠮᠢᠳᠣᠷᠠᠯ ᠤᠨ ᠠᠷᠭ᠎ᠠ ᠬᠡᠯᠪᠡᠷᠢ ᠶᠢ ᠪᠣᠬᠢᠷᠳᠣᠯ ᠦᠭᠡᠢ ᠳᠡᠶᠢᠰᠢ | ᠬᠤᠪᠢᠷᠠᠭᠤᠯᠬᠤ ᠦᠷ᠎ᠡ ᠪᠦᠳᠦᠮᠵᠢ ᠶᠢ ᠢᠯᠡᠷᠬᠡᠢ ᠪᠣᠯᠭᠠᠵᠣ᠂ ᠡᠨᠧᠷᠭᠢ ᠡᠭᠢ ᠪᠠᠶᠠᠯᠢᠭ ᠤᠨ ᠲᠤᠬᠢᠷᠠᠭᠤᠯᠣᠯᠳᠠ ᠶᠢ | ᠨᠡᠩ ᠵᠦᠢ ᠵᠤᠬᠢᠰᠳᠠᠢ ᠪᠤᠯᠭᠠᠵᠦ᠂ ᠬᠡᠷᠡᠭᠯᠡᠯᠳᠡ ᠶᠢᠨ ᠦᠷ᠎ᠠ ᠪᠦᠲᠦᠮᠵᠢ ᠶᠢ ᠨᠢ ᠶᠡᠭᠡ ᠪᠠᠷ ᠲᠡᠭᠡᠭᠰᠢᠯᠡᠭᠦᠯᠵᠦ᠂ | ᠡᠨᠧᠷᠭᠢ ᠠᠷᠪᠢᠯᠠᠵᠦ ᠪᠣᠬᠢᠷᠳᠣᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠵᠦ ᠪᠤᠬᠢᠷᠳᠤᠯ ᠢ ᠵᠠᠰᠠᠬᠤ ᠡᠷᠴᠢᠮ ᠢᠶᠠᠨ | ᠦᠷᠭᠦᠯᠵᠢᠯᠠᠨ ᠴᠢᠩᠭᠠᠷᠠᠭᠤᠯᠵᠣ᠂ ᠭᠤᠤᠯ ᠪᠤᠯᠬᠤ ᠪᠤᠬᠢᠷᠳᠤᠯ ᠪᠤᠳᠠᠰ ᠢ ᠭᠠᠳᠠᠬᠰᠢᠯᠠᠭᠤᠯᠬᠤ ᠶᠡᠷᠦᠩᠭᠡᠢ ᠬᠡᠮᠵᠢᠶ᠎ᠠ ᠶᠢ | ᠦᠷᠭᠦᠯᠵᠢᠯᠠᠨ ᠪᠠᠭᠠᠰᠬᠠᠵᠣ᠂ ᠬᠤᠳᠠ ᠬᠦᠳᠡᠭᠡ ᠶᠢᠨ ᠣᠷᠣᠰᠢᠨ ᠠᠮᠢᠳᠣᠷᠠᠬᠤ ᠤᠷᠴᠢᠨ ᠲᠤᠭᠤᠷᠢᠨ ᠢ ᠴᠢᠨᠠᠬᠰᠢᠳᠠ | ᠰᠠᠶᠢᠵᠢᠷᠠᠭᠤᠯᠵᠦ᠂ ᠠᠮᠢ ᠠᠬᠤᠢ ᠶᠢᠨ ᠰᠢᠰᠲ᠋ᠧᠮ ᠤᠨ ᠴᠢᠨᠠᠷ ᠴᠢᠨᠰᠠᠭ᠎ᠠ ᠪᠠ ᠲᠤᠬᠳᠠᠪᠤᠷᠢᠳᠤ ᠴᠢᠨᠠᠷ ᠢ ᠪᠦᠲᠦᠮᠵᠢᠳᠠᠢ | ᠲᠡᠭᠡᠭᠰᠢᠯᠡᠭᠦᠯᠵᠦ᠂ ᠴᠢᠨᠠᠷ ᠰᠠᠶᠢᠳᠠᠢ ᠠᠮᠢ ᠠᠬᠤᠢ ᠶᠢᠨ ᠪᠦᠲᠦᠭᠡᠭᠳᠡᠭᠦᠨ ᠤ ᠬᠠᠨᠭ᠍ᠭᠠᠯᠭ᠎ᠠ ᠶᠢᠨ ᠬᠡᠪᠴᠢᠶ᠎ᠠ ᠶᠢ ᠨᠢ | ᠦᠷᠭᠡᠳᠭᠡᠨ ᠬᠡᠮᠵᠢᠶ᠎ᠠ ᠶᠢ ᠨᠢ ᠨᠡᠮᠡᠭᠳᠡᠭᠦᠯᠵᠦ᠂ ᠦᠷᠳᠡᠭ ᠢ ᠪᠡᠶᠡᠯᠡᠭᠦᠯᠭᠦ ᠲᠤᠬᠳᠠᠴᠠ ᠶᠢ ᠦᠨᠳᠤᠰᠦᠨ ᠳᠡᠭᠡᠨ | ᠪᠦᠷᠢᠯᠳᠤᠭᠦᠯᠵᠦ᠂ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠨᠠᠩ ᠪᠠᠭᠢᠵᠢᠭᠦᠯᠦᠨ᠎ᠡ︔ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠠᠩ ᠥᠨᠳᠥᠷ | ᠲᠦᠪᠰᠢᠨ ᠳᠤ ᠬᠦᠷᠭᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠣᠯᠤᠨ ᠠᠵᠤ | ᠠᠬᠤᠶ ᠶᠢᠨ ᠨᠡᠮᠡᠭᠳᠡᠯ ᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ᠂ ᠬᠤᠪᠢᠶᠠᠷᠢᠯᠠᠯᠲᠠ ᠶᠢᠨ | ᠪᠦᠲᠦᠴᠡ ᠶᠢ ᠢᠯᠡᠳᠲᠡ ᠰᠠᠶᠢᠵᠢᠷᠠᠭᠤᠯᠵᠤ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠨᠠᠩ ᠴᠢᠨᠠᠷ | ᠰᠠᠶᠢᠲᠠᠶ ᠲᠡᠩᠴᠡᠭᠦᠷᠢᠲᠡᠶ ᠪᠣᠯᠭᠠᠵᠤ᠂ ᠠᠵᠢᠯ ᠣᠯᠭᠤᠯᠲᠠ ᠶᠢ ᠨᠠᠩ ᠭᠦᠢᠴᠡᠳ ᠨᠠᠩ ᠴᠢᠨᠠᠷ ᠰᠠᠶᠢᠲᠠᠶ ᠪᠣᠯᠭᠠᠵᠤ᠂ | ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠨᠡᠶᠢᠭᠡᠮ ᠤᠨ | ᠪᠠᠲᠤᠯᠠᠭ᠎ᠠ᠂ ᠨᠠᠰᠤᠵᠢᠯ ᠤᠨ ᠦᠢᠯᠡᠴᠢᠯᠡᠭᠡ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠢ ᠨᠠᠩ | ᠪᠦᠷᠢᠨᠰᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ | ᠠᠬᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠨᠠᠩ ᠰᠠᠶᠢᠲᠤᠷ | ᠬᠠᠩᠭᠠᠨ᠎ᠠ︔ ᠵᠠᠰᠠᠯᠲᠠ ᠶᠢᠨ ᠦᠷ᠎ᠡ ᠪᠦᠲᠦᠮᠵᠢ ᠰᠢᠨ᠎ᠡ ᠳᠡᠭᠡᠭᠰᠢᠯᠡᠯᠲᠡ ᠲᠠᠢ ᠪᠤᠯᠵᠤ᠂ ᠨᠡᠶᠢᠭᠡᠮ ᠵᠢᠷᠤᠮ ᠤᠨ | ᠠᠷᠠᠳᠴᠢᠯᠠᠯ ᠬᠠᠤᠯᠢᠵᠢᠯ ᠨᠡᠩ ᠪᠦᠷᠢᠨᠰᠢᠵᠤ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠦᠷ᠎ᠡ ᠪᠦᠲᠦᠮᠵᠢ | ᠪᠣᠯᠤᠨ ᠢᠲᠡᠭᠡᠭᠦᠯᠬᠦ ᠬᠦᠴᠦᠨ ᠢᠯᠡᠳᠲᠡ ᠳᠡᠭᠡᠭᠰᠢᠯᠡᠵᠦ᠂ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠤᠨ | ᠪᠠᠶᠢᠳᠠᠯ ᠪᠠᠬᠢᠵᠢᠨ ᠬᠥᠭᠵᠢᠵᠦ᠂ ᠨᠡᠶᠢᠭᠡᠮ ᠤᠨ ᠵᠠᠰᠠᠯᠲᠠ ᠢᠯᠠᠩᠭᠤᠶ᠎ᠠ ᠦᠨᠳᠦᠰᠦᠨ ᠱᠠᠲᠤᠨ ᠤ ᠵᠠᠰᠠᠯᠲᠠ ᠶᠢᠨ | ᠲᠦᠪᠰᠢᠨ ᠮᠡᠳᠡᠭᠳᠡᠮ᠎ᠡ ᠳᠡᠭᠡᠭᠰᠢᠯᠡᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ | ᠪᠠᠶᠢᠭᠤᠯᠤᠮᠵᠢ ᠲᠣᠭᠲᠠᠴᠠ ᠲᠠᠰᠤᠷᠠᠯᠳᠡ ᠦᠭᠡᠢ ᠲᠡᠭᠦᠯᠳᠡᠷᠵᠢᠵᠦ᠂ ᠭᠡᠨᠡᠳᠲᠡ ᠡᠭᠦᠰᠬᠦ ᠤᠯᠠᠨ ᠨᠡᠶᠢᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠢᠯᠡᠳᠲᠡ ᠴᠢᠩᠭᠠᠷᠠᠵᠤ᠂ ᠪᠠᠶᠢᠭᠠᠯᠢ ᠶᠢᠨ ᠭᠠᠮᠰᠢᠭ ᠢ | ᠰᠡᠷᠭᠡᠶᠢᠯᠡᠬᠦ ᠲᠦᠪᠰᠢᠨ ᠢᠯᠡᠳᠲᠡ ᠳᠡᠭᠡᠭᠰᠢᠯᠡᠵᠦ᠂ ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ | ᠲᠦᠪᠰᠢᠨ ᠲᠠᠰᠤᠷᠠᠯᠳᠡ ᠦᠭᠡᠢ ᠳᠡᠭᠡᠭᠰᠢᠯᠡᠵᠦ᠂ ᠬᠥᠭᠵᠢᠯᠲᠡ ᠶᠢᠨ ᠠᠮᠤᠷ ᠲᠦᠪᠰᠢᠨ ᠤ ᠪᠠᠲᠤᠯᠠᠭ᠎ᠠ ᠨᠡᠩ ᠬᠦᠴᠦᠲᠡᠢ | ᠪᠤᠯᠵᠥ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠨᠡᠩ ᠪᠠᠬᠢᠵᠢᠨᠠ᠃ | ᠪᠦᠬᠦᠳᠠ ᠬᠤᠷᠠᠯ ᠠᠴᠠ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ | ᠪᠤᠳᠤᠯᠭ᠎ᠠ ᠶᠢ ᠶᠡᠭᠡ ᠪᠠᠷ ᠬᠡᠷᠡᠭᠵᠢᠭᠦᠯᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦ ᠶᠢ ᠪᠤᠶᠢᠵᠢᠭᠤᠯᠤᠨ | ᠪᠤᠵᠠᠭᠠᠶᠢᠷᠠᠭᠤᠯᠬᠤ ᠬᠡᠷᠡᠭᠲᠡᠢ᠃ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢᠨ ᠪᠥᠬᠦ ᠲᠠᠯ᠎ᠠ ᠳᠠᠬᠢ ᠰᠢᠨ᠎ᠡ ᠶᠢ | ᠡᠭᠦᠳᠬᠦ ᠶᠢᠨ ᠭᠤᠤᠯᠯᠠᠬᠤ ᠪᠠᠶᠢᠷᠢ ᠰᠠᠭᠤᠷᠢ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠶᠢ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠬᠦᠯᠬᠦ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠪᠠᠶᠢᠯᠳᠤᠬᠤ | ᠪᠣᠳᠣᠯᠭ᠎ᠠ ᠶᠢᠨ ᠲᠤᠯᠭᠠᠭᠤᠷᠢᠯᠠᠯ ᠪᠣᠯᠭᠠᠵᠤ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ | ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠰᠤᠳᠤᠯᠤᠨ ᠨᠡᠭᠡᠭᠡᠬᠦ | ᠣᠷᠣᠭᠤᠯᠤᠯᠲᠠ ᠶᠢᠨ ᠪᠣᠭᠤᠮᠲᠠ ᠰᠢᠪᠲᠤᠯᠬᠤ ᠶᠢ ᠠᠬᠢᠭᠤᠯᠵᠤ᠂ ᠣᠨᠴᠠᠯᠢᠭ ᠲᠠᠢ ᠰᠢᠨ᠎ᠡ ᠶᠢ ᠡᠭᠦᠳᠬᠦ ᠲᠠᠪᠴᠠᠩ ᠤᠨ | ᠠᠴᠢᠶᠠᠯᠠᠪᠤᠷᠢ ᠶᠢ ᠪᠠᠶᠢᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠪᠠᠶᠢᠷᠢ | ᠰᠠᠭᠤᠷᠢ ᠶᠢ ᠴᠢᠩᠭᠠᠳᠬᠠᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠪᠣᠭᠤᠮᠲᠠ ᠰᠢᠪᠲᠤᠯᠬᠤ ᠶᠢ ᠬᠡᠷᠡᠭᠵᠢᠭᠦᠯᠵᠦ᠂ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ | ᠬᠥᠭᠵᠢᠭᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠥᠬᠦ | ᠲᠠᠯ᠎ᠠ ᠪᠠᠷ ᠳᠡᠭᠡᠭᠰᠢᠯᠡᠭᠦᠯᠬᠦ ᠬᠡᠷᠡᠭᠳᠡᠢ ᠭᠡᠵᠦ ᠴᠢᠬᠤᠯᠠᠴᠢᠯᠠᠵᠠᠢ᠃ | ᠪᠥᠬᠦᠳᠡ ᠬᠤᠷᠠᠯ ᠠᠴᠠ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠪᠠᠶᠢᠷᠢᠰᠢᠭᠤᠯᠤᠯᠳᠠ | ᠪᠣᠯᠤᠨ ᠣᠷᠣᠨ ᠪᠦᠰᠡ ᠶᠢᠨ ᠠᠵᠤ ᠠᠬᠤᠶ ᠶᠢᠨ ᠪᠠᠶᠢᠷᠢᠰᠢᠭᠤᠯᠤᠯᠳᠠ ᠶᠢ ᠰᠢᠯᠢᠳᠡᠭᠵᠢᠭᠦᠯᠵᠦ᠂ ᠠᠮᠢ ᠠᠬᠤᠶ ᠣᠷᠴᠢᠨ | ᠲᠣᠭᠤᠷᠢᠨ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠵᠤ᠂ ᠪᠣᠬᠢᠷᠲᠤᠯ ᠥᠬᠡᠶ ᠬᠥᠭᠵᠢᠯᠲᠡ ᠶᠢᠨ ᠳᠠᠪᠠᠭᠤᠯᠢᠭ ᠢ | ᠬᠠᠮᠤᠭ ᠤᠨ ᠶᠡᠭᠡ ᠬᠡᠮᠵᠢᠶ᠎ᠡ ᠪᠠᠷ ᠪᠤᠶᠢᠵᠢᠭᠤᠯᠬᠤ ᠬᠡᠷᠡᠭᠲᠡᠶ᠃ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠬᠤ᠂ | ᠶᠡᠭᠡ ᠨᠡᠭᠡᠭᠡᠨ ᠬᠥᠭᠵᠢᠭᠦᠯᠦᠯᠲᠡ ᠬᠢᠬᠦ ᠦᠭᠡᠢ ᠪᠠᠶᠢᠬᠤ ᠶᠢ ᠪᠠᠷᠢᠮᠲᠠᠯᠠᠵᠤ᠂ ᠠᠮᠢ ᠠᠬᠤᠢ ᠶᠢ ᠤᠷᠢᠳ ᠢᠶᠠᠷ | ᠪᠣᠳᠣᠯᠬᠢᠯᠠᠬᠤ ᠶᠢ ᠲᠤᠪᠤᠶᠢᠯᠭᠠᠵᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠵᠤ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠬᠦ ᠬᠠᠮᠠᠭᠠᠯᠠᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠵᠤ᠂ | ᠭᠤᠣᠯ ᠴᠣᠭᠴᠠ ᠶᠢᠨ ᠴᠢᠳᠠᠮᠵᠢᠳᠤ ᠣᠷᠣᠨ ᠤ ᠪᠠᠶᠢᠷᠢ ᠲᠣᠭᠲᠠᠭᠠᠯᠲᠠ ᠶᠣᠰᠣᠭᠠᠷ ᠣᠷᠣᠨ ᠪᠦᠰᠡ ᠶᠢᠨ | ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠲᠥᠪᠯᠡᠷᠡᠩᠭᠦᠢ ᠡᠷᠴᠢᠮᠵᠢᠭᠰᠡᠨ | ᠬᠥᠭᠵᠢᠯᠲᠡ ᠪᠠᠷ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠠᠶᠢᠷᠢᠰᠢᠯ ᠢ ᠪᠠᠶᠢᠭᠤᠯᠬᠤ ᠶᠢ ᠪᠠᠷᠢᠮᠲᠠᠯᠠᠵᠤ᠂ | ᠬᠤᠳᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠬᠤ ᠶᠢ ᠴᠢᠩᠭᠠᠳᠬᠠᠬᠤ ᠬᠡᠷᠡᠭᠳᠡᠢ | ᠭᠡᠵᠦ ᠴᠢᠬᠤᠯᠠᠴᠢᠯᠠᠵᠠᠢ᠃ | ᠪᠦᠬᠦᠳᠡ ᠬᠤᠷᠠᠯ ᠠᠴᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ | ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ ᠬᠥᠬᠡᠮᠳᠦᠭ ᠨᠣᠭᠤᠭᠠᠨ ᠠᠭᠤᠯᠠ | ᠤᠰᠤ ᠪᠣᠯ ᠲᠠᠷᠤᠢ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠠᠮᠢ ᠠᠬᠤᠶ ᠶᠢᠨ | ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠵᠦ᠂ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ | ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠶᠢ | ᠴᠢᠩᠭᠠᠳᠬᠠᠵᠤ᠂ ᠪᠠᠶᠢᠭᠠᠯᠢ ᠶᠢᠨ ᠠᠮᠢ ᠠᠬᠤᠶ ᠶᠢᠨ ᠠᠮᠤᠷ ᠲᠦᠪᠰᠢᠨ ᠤ ᠵᠠᠭᠠᠭ ᠬᠢᠵᠠᠭᠠᠷ ᠢ ᠰᠠᠬᠢᠵᠤ᠂ ᠪᠣᠬᠢᠷᠲᠤᠯ | ᠥᠬᠡᠶ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠵᠦ᠂ ᠡᠬᠡ ᠤᠯᠤᠰ ᠤᠨ ᠤᠮᠠᠷᠠᠲᠤ ᠶᠢᠨ | ᠲᠦᠮᠡᠨ ᠭᠠᠵᠠᠷ ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ ᠢ ᠪᠠᠶᠢᠭᠤᠯᠬᠤ ᠬᠡᠷᠡᠭᠳᠡᠢ ᠭᠡᠵᠦ ᠴᠢᠬᠤᠯᠠᠴᠢᠯᠠᠵᠠᠢ᠃ | ᠪᠦᠬᠦᠳᠡ ᠬᠤᠷᠠᠯ ᠠᠴᠠ᠂ ᠪᠣᠬᠢᠷᠲᠤᠯ ᠦᠭᠡᠢ ᠤᠨᠴᠠᠯᠢᠬᠳᠤ ᠳᠠᠪᠠᠭᠤᠯᠢᠭ ᠤᠳᠤ ᠦᠶ᠎ᠡ ᠶᠢᠨ ᠠᠵᠤ | ᠦᠢᠯᠡᠰ ᠤᠨ ᠰᠢᠰᠲ᠋ᠧᠮ ᠢ ᠪᠠᠶᠢᠭᠤᠯᠵᠤ᠂ ︽ᠬᠤᠶᠠᠷ ᠰᠠᠭᠤᠷᠢᠨ︾ ᠤ ᠪᠣᠬᠢᠷᠲᠤᠯ ᠦᠭᠡᠢ ᠬᠥᠭᠵᠢᠯᠲᠡ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ | ᠥᠬᠡᠶ ᠬᠥᠭᠵᠢᠯᠳᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ | ᠰᠠᠭᠤᠷᠢᠨ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠪᠠᠷ | ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠠᠨ | ᠠᠵᠤ ᠦᠢᠯᠡᠰ ᠪᠠ ᠲᠡᠷᠢᠭᠦᠨ ᠤ ᠦᠢᠯᠡᠳᠬᠦ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠣᠲᠣ ᠦᠶ᠎ᠡ ᠶᠢᠨ | ᠦᠢᠯᠡᠴᠢᠯᠡᠭᠡᠨ ᠤ ᠦᠢᠯᠡᠰ ᠢ ᠬᠥᠭᠵᠢᠭᠦᠯᠵᠦ᠂ ᠲᠣᠭᠠᠴᠢᠯᠠᠭᠰᠠᠨ ᠬᠥᠭᠵᠢᠯᠲᠡ ᠶᠢ ᠲᠦᠷᠭᠡᠳᠬᠡᠵᠦ᠂ ᠰᠠᠭᠤᠷᠢ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠣᠯᠠᠨ ᠡᠰᠢᠵᠢᠨ | ᠬᠥᠭᠵᠢᠭᠰᠡᠨ᠂ ᠣᠯᠠᠨ ᠲᠦᠢᠯ ᠢᠶᠠᠷ ᠲᠤᠯᠭᠠᠭᠤᠷᠢᠯᠠᠭᠰᠠᠨ ᠣᠲᠣ ᠦᠶ᠎ᠡ ᠶᠢᠨ ᠠᠵᠤ ᠦᠢᠯᠡᠰ ᠤᠨ ᠰᠢᠨ᠎ᠡ | ᠰᠢᠰᠲ᠋ᠧᠮ ᠢ ᠪᠦᠷᠢᠯᠳᠦᠭᠦᠯᠵᠦ᠂ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠪᠠ ᠡᠨᠧᠷᠭᠢ ᠶᠢᠨ ᠠᠮᠤᠷ | ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ ᠢ ᠨᠠᠩ ᠰᠠᠶᠢᠲᠤᠷ | ᠪᠠᠲᠤᠯᠠᠬᠤ ᠬᠡᠷᠡᠭᠳᠡᠢ ᠭᠡᠵᠦ ᠴᠢᠬᠤᠯᠠᠴᠢᠯᠠᠵᠠᠢ᠃ | ᠪᠦᠬᠦᠳᠡ ᠬᠤᠷᠠᠯ ᠠᠴᠠ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠠᠭᠤᠰᠤᠯᠴᠠᠵᠤ᠂ ᠳᠣᠲᠣᠭᠠᠳᠤ | ᠭᠠᠳᠠᠭᠠᠳᠤ ᠶᠢᠨ ᠬᠤᠣᠰ ᠣᠷᠴᠢᠯ ᠢ ᠰᠢᠯᠤᠭᠤᠳᠬᠠᠵᠤ᠂ ᠮᠠᠨ ᠤ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ | ᠪᠠᠬᠢᠯᠡᠯᠲᠡ ᠶᠢ ᠴᠣᠭᠴᠠᠯᠠᠬᠤ ᠬᠡᠷᠡᠭᠲᠡᠢ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠡᠨᠡ ᠬᠦ ᠪᠠᠶᠢᠯᠳᠤᠬᠤ | ᠪᠤᠳᠤᠯᠭ᠎ᠠ ᠶᠢᠨ ᠰᠠᠭᠤᠷᠢ ᠴᠡᠭ ᠢ ᠪᠠᠷᠢᠮᠲᠠᠯᠠᠨ᠂ ᠪᠦᠲᠦᠮᠵᠢᠲᠡᠢ ᠪᠡᠯᠡ ᠣᠷᠣᠭᠤᠯᠤᠯᠲᠠ ᠶᠢ ᠵᠦᠢ ᠵᠣᠬᠢᠰᠲᠠᠢ ᠪᠠᠷ | ᠥᠷᠭᠡᠳᠬᠡᠵᠦ᠂ ᠬᠡᠷᠡᠭᠯᠡᠭᠡᠨ ᠤ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠂ | ᠤᠳᠤ ᠦᠶ᠎ᠡ ᠶᠢᠨ ᠭᠦᠢᠯᠭᠡᠭᠡᠨ ᠤ ᠰᠢᠰᠲ᠋ᠧᠮ ᠢ ᠪᠦᠷᠢᠨᠰᠢᠬᠦᠯᠵᠤ᠂ ᠤᠯᠤᠰ ᠤᠨ ᠳᠣᠲᠣᠭᠠᠳᠤ ᠶᠢᠨ ᠣᠷᠣᠨ | ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠥᠨᠳᠥᠷ ᠬᠢᠷᠢ ᠲᠦᠪᠰᠢᠨ ᠪᠦᠬᠦᠢ ᠭᠠᠳᠠᠭᠠᠳᠤ | ᠨᠡᠭᠡᠭᠡᠯᠳᠡ ᠶᠢ ᠠᠬᠢᠭᠤᠯᠵᠤ᠂ ᠪᠦᠬᠦ ᠣᠷᠣᠨ ᠪᠦᠰᠡ ᠶᠢᠨ ᠨᠡᠭᠡᠭᠡᠯᠳᠡ ᠶᠢᠨ ᠲᠠᠪᠴᠠᠩ ᠢ ᠪᠤᠢ ᠪᠣᠯᠭᠠᠵᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠲᠤ ᠪᠦᠬᠦ ᠲᠠᠯ᠎ᠠ ᠪᠠᠷ ᠠᠭᠤᠰᠤᠯᠴᠠᠬᠤ ᠳᠤᠮᠳᠠ ᠬᠥᠭᠵᠢᠯᠲᠡ ᠶᠢᠨ | ᠰᠢᠨ᠎ᠡ ᠳᠠᠪᠠᠭᠤᠯᠢᠭ ᠢ ᠨᠡᠮᠡᠭᠳᠡᠭᠦᠯᠬᠦ ᠬᠡᠷᠡᠭᠳᠡᠢ ᠭᠡᠵᠦ ᠴᠢᠬᠤᠯᠠᠴᠢᠯᠠᠵᠠᠢ᠃ | ᠪᠦᠬᠦᠳᠡ ᠬᠤᠷᠠᠯ ᠠᠴᠠ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠰᠠᠭᠤᠷᠢ | ᠪᠣᠯᠭᠠᠵᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠳᠤ | ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠪᠠᠶᠢᠭᠤᠯᠤᠯ ᠲᠣᠭᠲᠠᠴᠠ ᠶᠢᠨ ᠰᠢᠨ᠎ᠡ ᠶᠢ | ᠡᠭᠦᠳᠬᠦ ᠠᠴᠠ ᠭᠠᠷᠳᠠᠨ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠵᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠂ ᠵᠠᠰᠠᠭ ᠤᠨ ᠣᠷᠳᠣᠨ ᠤ ᠡᠭᠦᠷᠭᠡ | ᠴᠢᠳᠠᠪᠤᠷᠢ ᠶᠢ ᠲᠦᠷᠭᠡᠳᠬᠡᠨ ᠬᠤᠪᠢᠷᠠᠭᠤᠯᠵᠤ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢ | ᠬᠢᠵᠠᠭᠠᠷᠯᠠᠵᠤ ᠪᠠᠶᠢᠭ᠎ᠠ ᠭᠦᠨ ᠳᠡᠰ ᠳᠠᠪᠬᠤᠷᠭ᠎ᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠶ ᠭᠡᠵᠤ | ᠴᠢᠬᠤᠯᠠᠴᠢᠯᠠᠵᠡᠢ᠃ | ᠪᠥᠬᠦᠳᠡ ᠬᠤᠷᠠᠯ ᠠᠴᠠ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠰᠢᠨ᠎ᠡ ᠬᠦᠰᠡᠯ | ᠡᠷᠡᠮᠡᠯᠵᠡᠯ ᠢ ᠨᠠᠩ ᠰᠠᠶᠢᠲᠤᠷ ᠬᠠᠩᠭᠠᠬᠤ ᠬᠡᠷᠡᠭᠲᠡᠶ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ | ᠲᠦᠮᠡᠨ ᠳᠤ ᠨᠢᠭᠲᠠ ᠲᠦᠰᠢᠭᠯᠡᠵᠦ᠂ ᠠᠷᠠᠳ ᠲᠦᠮᠡᠨ ᠳᠤ ᠲᠠᠰᠤᠷᠠᠯᠲᠠ ᠥᠬᠡᠶ ᠪᠤᠶᠠᠨ ᠦᠢᠯᠡᠳᠴᠦ᠂ ᠠᠷᠠᠳ | ᠲᠦᠮᠡᠨ ᠤ ᠳᠤᠮᠳᠠ ᠪᠠᠲᠤ ᠦᠨᠳᠦᠰᠦᠯᠡᠵᠦ᠂ ᠬᠠᠮᠲᠤ ᠪᠠᠷ ᠴᠢᠨᠡᠭᠡᠯᠢᠭᠵᠢᠬᠦ ᠴᠢᠭᠯᠡᠯ ᠢ ᠪᠠᠷᠢᠮᠲᠠᠯᠠᠵᠤ᠂ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠠᠷᠠᠳ ᠲᠦᠮᠡᠨ ᠤ ᠣᠷᠣᠯᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ ᠠᠵᠢᠯ ᠣᠯᠭᠤᠯᠲᠠ ᠶᠢ ᠤᠷᠢᠳ ᠢᠶᠠᠷ | ᠪᠣᠳᠣᠯᠬᠢᠯᠠᠬᠤ ᠲᠥᠷᠥ ᠶᠢᠨ ᠪᠣᠳᠣᠯᠭ᠎ᠠ ᠶᠢ ᠴᠢᠩᠭᠠᠳᠬᠠᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠰᠢᠰᠲ᠋ᠧᠮ ᠢ | ᠪᠠᠶᠢᠭᠤᠯᠵᠤ᠂ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠣᠯᠠᠨ | ᠲᠠᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠵᠥ᠂ ᠡᠷᠡᠭᠦᠯ ᠡᠩᠬᠡ ᠥᠪᠥᠷ | ᠮᠣᠩᠭᠤᠯ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠬᠥᠮᠦᠨ ᠠᠮᠠ ᠶᠢᠨ ᠨᠠᠰᠤᠵᠢᠯ ᠢ | ᠢᠳᠡᠪᠬᠢᠲᠡᠶ ᠠᠷᠭᠠᠴᠠᠭᠠᠵᠤ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠨᠠᠩ ᠭᠦᠢᠴᠡᠳ᠂ ᠵᠣᠯ ᠵᠢᠷᠭᠠᠯᠲᠤ | ᠲᠥᠷᠥᠭᠳᠡᠯ ᠢ ᠨᠠᠩ ᠦᠷᠭᠦᠯᠵᠢᠯᠡᠬᠦ᠋ᠢᠴᠡ᠂ ᠠᠮᠤᠷ ᠲᠦᠪᠰᠢᠨ ᠤ ᠲᠥᠷᠥᠭᠳᠡᠯ ᠢ ᠨᠠᠩ ᠪᠠᠲᠤᠯᠠᠭ᠎ᠠ ᠲᠠᠢ ᠪᠣᠯᠭᠠᠬᠤ | ᠬᠡᠷᠡᠭᠳᠡᠢ ᠭᠡᠵᠦ ᠴᠢᠬᠤᠯᠠᠴᠢᠯᠠᠵᠠᠢ᠃ | ᠪᠥᠬᠦᠳᠡ ᠬᠤᠷᠠᠯ ᠠᠴᠠ᠂ ᠨᠠᠩ ᠥᠨᠳᠥᠷ ᠲᠦᠪᠰᠢᠨ ᠪᠥᠬᠦᠶ ᠠᠮᠤᠷ ᠠᠮᠤᠭᠤᠯᠠᠩᠳᠦ ᠥᠪᠥᠷ ᠮᠣᠩᠭᠤᠯ ᠢ | ᠪᠥᠲᠥᠭᠡᠨ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ | ᠴᠣᠭᠴᠠᠯᠠᠬᠤ ᠬᠡᠷᠡᠭᠲᠡᠶ᠃ ᠬᠥᠭᠵᠢᠯᠲᠡ ᠪᠠ ᠠᠮᠤᠷ ᠲᠦᠪᠰᠢᠨ ᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ | ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠲᠤᠭᠤᠰᠢᠯᠠᠭᠤᠯᠵᠤ᠂ ᠤᠯᠤᠰ ᠲᠦᠷᠦ ᠶᠢᠨ | ᠠᠮᠤᠷ ᠲᠦᠪᠰᠢᠨ ᠢ ᠬᠠᠮᠠᠭᠠᠯᠠᠨ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠵᠦ᠂ | ᠠᠵᠤ ᠠᠬᠤᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠂ ᠠᠷᠠᠳ ᠲᠦᠮᠡᠨ ᠤ ᠠᠮᠢ ᠨᠠᠰᠤᠨ ᠤ ᠠᠮᠤᠷ | ᠲᠦᠪᠰᠢᠨ ᠢ ᠪᠠᠲᠤᠯᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠪᠠ ᠠᠮᠤᠷ ᠲᠦᠪᠰᠢᠨ ᠢ ᠬᠠᠮᠠᠭᠠᠯᠠᠨ᠂ ᠠᠮᠤᠷ | ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ ᠲᠦᠮᠡᠨ ᠠᠮᠤᠷ ᠵᠢᠮᠦᠷ ᠠᠵᠤ ᠲᠦᠷᠦᠭᠦ᠂ | ᠨᠡᠶᠢᠭᠡᠮ ᠠᠮᠤᠷ ᠲᠣᠭᠲᠠᠭᠤᠨ ᠡᠮᠬᠢ ᠵᠢᠷᠤᠮ ᠲᠠᠢ ᠪᠠᠶᠢᠬᠤ᠂ ᠬᠢᠯᠢ ᠬᠢᠵᠠᠭᠠᠷ ᠠᠮᠤᠷ ᠲᠣᠭᠲᠠᠭᠤᠨ ᠪᠠᠶᠢᠬᠤ ᠶᠢ | ᠦᠨᠡᠨ ᠬᠦ ᠪᠠᠲᠤᠯᠠᠬᠤ ᠬᠡᠷᠡᠭᠳᠡᠢ ᠭᠡᠵᠦ ᠴᠢᠬᠤᠯᠠᠴᠢᠯᠠᠵᠠᠢ᠃ | ᠪᠦᠭᠦᠳᠡ ᠬᠤᠷᠠᠯ ᠠᠴᠠ᠂ ︽ᠠᠷᠪᠠᠨ ᠲᠦᠷᠪᠡᠳᠦᠭᠡᠷ ᠳᠠᠪᠤᠨ ᠵᠢᠯ︾ ᠤᠨ ᠲᠦᠯᠦᠪᠵᠢᠭᠦᠯᠭᠡ ᠪᠤᠯᠤᠨ | 2035 ᠤᠨ ᠤ ᠠᠯᠤᠰ ᠤᠨ ᠬᠠᠷᠡᠯᠳᠠ ᠶᠢ ᠪᠡᠶᠡᠯᠡᠭᠦᠯᠬᠦ ᠳᠤ ᠡᠷᠬᠡᠪᠰᠢ ᠨᠠᠮ ᠤᠨ ᠪᠦᠬᠦ ᠳᠠᠯ᠎ᠠ ᠶᠢᠨ | ᠤᠳᠤᠷᠢᠳᠤᠯᠭ᠎ᠠ ᠶᠢ ᠪᠠᠷᠢᠮᠳᠠᠯᠠᠵᠤ᠂ ᠡᠯ᠎ᠠ ᠳᠠᠯ᠎ᠠ ᠶᠢᠨ ᠤᠶᠤᠨ ᠤ ᠬᠦᠴᠦᠨ ᠢ ᠨᠢᠭᠳᠠᠷᠠᠭᠤᠯᠬᠤ ᠬᠡᠷᠡᠭᠳᠠᠢ᠃ | ᠲᠦᠪ ᠤᠨ ᠲᠦᠪᠯᠡᠷᠡᠩᠭᠦᠢ ᠨᠢᠭᠡᠳᠦᠯᠳᠠᠢ ᠤᠳᠤᠷᠢᠳᠤᠯᠭ᠎ᠠ ᠶᠢ ᠪᠠᠷᠢᠮᠳᠠᠯᠠᠨ᠂ ᠨᠡᠶᠢᠭᠡᠮ ᠵᠢᠷᠤᠮ ᠤᠨ ᠤᠯᠤᠰ | ᠲᠦᠷᠦ ᠶᠢᠨ ᠪᠠᠶᠢᠭᠤᠯᠤᠯᠳᠠ ᠶᠢ ᠠᠬᠢᠭᠤᠯᠵᠤ᠂ ᠳᠤᠭᠳᠠᠴᠠ ᠶᠢ ᠲᠦᠯᠦᠪᠵᠢᠭᠦᠯᠦᠨ ᠳᠤᠭᠳᠠᠭᠠᠬᠤ ᠪᠠ | ᠨᠠᠶᠢᠳᠠᠪᠤᠷᠢᠵᠢᠭᠤᠯᠬᠤ ᠶᠢ ᠪᠦᠷᠢᠨᠰᠢᠭᠦᠯᠵᠤ᠂ ᠪᠦᠬᠦ ᠲᠠᠯ᠎ᠠ ᠪᠠᠷ ᠤᠳᠤᠬᠢᠴᠢᠯᠠᠭᠰᠠᠨ ᠦᠪᠦᠷ ᠮᠤᠩᠭᠤᠯ ᠤᠨ ᠵᠢᠷᠤᠭᠯᠠᠯ ᠢ | ᠪᠤᠳᠠᠳᠠᠶᠢᠵᠢᠭᠤᠯᠬᠤ ᠬᠡᠷᠡᠭᠳᠠᠢ ᠭᠡᠵᠤ ᠵᠢᠭᠠᠵᠤ ᠭᠠᠷᠭᠠᠪᠠ᠃ | ᠪᠦᠬᠦᠳᠡ ᠬᠤᠷᠠᠯ ᠠᠴᠠ᠂ ᠢᠷᠡᠭᠦ ᠵᠢᠯ ᠪᠤᠯ ︽ᠠᠷᠪᠠᠨ ᠲᠦᠷᠪᠡᠳᠦᠭᠡᠷ ᠳᠠᠪᠤᠨ ᠵᠢᠯ︾ ᠤᠨ | ᠲᠦᠯᠦᠪᠵᠢᠭᠦᠯᠭᠡ ᠶᠢ ᠬᠡᠷᠡᠭᠵᠢᠭᠦᠯᠬᠦ᠂ ᠨᠡᠶᠢᠭᠡᠮ ᠵᠢᠷᠤᠮ ᠤᠨ ᠤᠳᠤᠬᠢᠴᠢᠯᠠᠯᠳᠠ ᠶᠢᠨ ᠤᠯᠤᠰ ᠢ ᠪᠦᠬᠦ ᠳᠠᠯ᠎ᠠ ᠪᠠᠷ | ᠪᠦᠳᠦᠭᠡᠨ ᠪᠠᠶᠢᠭᠤᠯᠬᠤ ᠰᠢᠨ᠎ᠠ ᠠᠶᠠᠯᠠᠯ ᠤᠨ ᠡᠬᠢᠯᠡᠯᠳᠡ ᠶᠢᠨ ᠵᠢᠯ ᠪᠤᠯᠤᠨ᠎ᠠ᠂ ᠮᠠᠨ ᠤ ᠨᠠᠮ ᠪᠠᠶᠢᠭᠤᠯᠤᠭᠳᠠᠭᠰᠠᠨ | 100 ᠵᠢᠯ ᠤᠨ ᠤᠢ ᠪᠤᠯᠤᠨ᠎ᠠ᠂ ᠠᠵᠤ ᠠᠬᠤᠢ ᠶᠢᠨ ᠠᠵᠢᠯ ᠢ ᠰᠠᠶᠢᠳᠤᠷ ᠬᠢᠭᠦ ᠨᠢ ᠳᠦᠢᠯ ᠤᠨ ᠴᠢᠬᠤᠯᠠ ᠠᠴᠢ | ᠬᠤᠯᠪᠤᠭᠳᠠᠯ ᠲᠠᠢ ᠶᠤᠮ᠃ ᠡᠯ᠎ᠠ ᠱᠠᠳᠤᠨ ᠤ ᠬᠢᠨ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ | ᠰᠠᠨᠠᠭ᠎ᠠ ᠶᠢ ᠬᠦᠨᠵᠡᠭᠡᠢ ᠰᠤᠷᠤᠯᠴᠠᠨ ᠳᠤᠭᠤᠰᠢᠯᠠᠭᠤᠯᠵᠤ᠂ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ | ᠨᠠᠮ ᠤᠨ ᠲᠦᠪ ᠬᠤᠷᠢᠶᠠᠨ ᠤ ᠵᠤᠷᠢᠭ ᠰᠠᠨᠠᠭ᠎ᠠ ᠲᠠᠢ ᠨᠢᠭᠡᠳᠦᠯᠳᠠᠢ ᠪᠠᠶᠢᠯᠭᠠᠵᠤ᠂ ᠪᠦᠬᠦ ᠤᠷᠤᠨ ᠤ ᠠᠵᠤ ᠠᠬᠤᠢ | ᠨᠡᠶᠢᠭᠡᠮ ᠤᠨ ᠬᠦᠭᠵᠢᠯᠳᠡ ᠶᠢ ᠨᠡᠩ ᠰᠠᠶᠢᠳᠤᠷ ᠠᠬᠢᠭᠤᠯᠬᠤ ᠬᠡᠷᠡᠭᠳᠠᠢ ᠭᠡᠵᠤ ᠴᠢᠬᠤᠯᠠᠴᠢᠯᠠᠭᠰᠠᠨ ᠪᠠᠶᠢᠨ᠎ᠠ᠃ | ᠪᠦᠬᠦᠳᠡ ᠬᠤᠷᠠᠯ ᠠᠴᠠ᠂ ᠮᠠᠨ ᠤ ᠤᠷᠤᠨ ᠤ ᠬᠦᠭᠵᠢᠯᠳᠡ ᠨᠢ ᠨᠢᠭᠡᠨᠳᠡ ᠰᠢᠨ᠎ᠡ ᠡᠬᠢᠯᠡᠯᠳᠡ ᠶᠢᠨ ᠴᠡᠭ ᠲᠤ | ᠵᠤᠬᠰᠤᠵᠤ᠂ ᠤᠳᠤᠬᠢᠴᠢᠯᠠᠭᠰᠠᠨ ᠪᠦᠳᠦᠭᠡᠨ ᠪᠠᠶᠢᠭᠤᠯᠤᠯᠳᠠ ᠶᠢ ᠪᠦᠬᠦ ᠳᠠᠯ᠎ᠠ ᠪᠠᠷ ᠠᠬᠢᠭᠤᠯᠬᠤ ᠶᠢᠨ ᠰᠠᠶᠢᠨ | ᠰᠠᠭᠤᠷᠢ ᠲᠠᠢ ᠪᠤᠯᠤᠭᠰᠠᠨ ᠶᠤᠮ᠂ ᠭᠡᠪᠡᠴᠦ ᠠᠵᠤ ᠠᠬᠤᠢ ᠶᠢᠨ ᠦᠷᠭᠦᠯᠵᠢᠯᠡᠨ ᠰᠡᠷᠭᠦᠬᠦ ᠪᠠ ᠴᠢᠨᠠᠷ ᠰᠠᠶᠢᠳᠠᠢ | ᠬᠦᠭᠵᠢᠯᠳᠡ ᠶᠢ ᠨᠦᠯᠦᠭᠡᠯᠡᠭᠦ ᠵᠦᠷᠢᠴᠡᠯ ᠠᠰᠠᠭᠤᠳᠠᠯ ᠮᠦᠨ ᠯᠠ ᠳᠤᠪᠤᠶᠢᠮ᠎ᠠ ᠤᠷᠤᠰᠢᠭᠰᠠᠭᠠᠷ ᠶᠤᠮ᠃ ᠤᠳᠤᠬᠠᠨ ᠤ | ᠠᠵᠤ ᠠᠬᠤᠢ ᠶᠢᠨ ᠬᠠᠨᠳᠤᠰᠢ ᠳᠤ ᠡᠷᠬᠡᠪᠰᠢ ᠵᠦᠪ ᠬᠠᠨᠳᠤᠵᠤ᠂ ᠬᠦᠴᠢᠷᠳᠠᠯ ᠦᠷᠢᠰᠦᠯᠳᠦᠭᠡᠨ ᠢ ᠠᠷᠭᠠᠴᠠᠭᠠᠬᠤ | ᠲᠤᠮᠳᠠ ᠠᠵᠠ ᠳᠤᠬᠢᠶᠠᠯ ᠢ ᠡᠵᠡᠮᠰᠢᠵᠤ᠂ ᠠᠵᠠ ᠳᠤᠬᠢᠶᠠᠯ ᠢ ᠡᠭᠦᠳᠴᠦ᠂ ᠬᠠᠨᠳᠤᠰᠢ ᠶᠢᠨ ᠬᠤᠪᠢᠷᠠᠯᠳᠠ ᠲᠤᠮᠳᠠ | ᠰᠡᠳᠬᠢᠴᠡ ᠪᠠᠨ ᠳᠡᠭᠦᠯᠳᠡᠷᠵᠢᠭᠦᠯᠤᠨ᠂ ᠠᠷᠭ᠎ᠠ ᠠᠪᠴᠠᠯ ᠢᠶᠠᠨ ᠳᠤᠬᠢᠷᠠᠭᠤᠯᠵᠤ᠂ ᠰᠢᠨ᠎ᠠ ᠨᠡᠩ ᠶᠡᠭᠡ ᠬᠦᠭᠵᠢᠯᠳᠡ ᠶᠢ | ᠴᠢᠷᠮᠠᠶᠢᠨ ᠪᠡᠶᠡᠯᠡᠭᠦᠯᠬᠦ ᠬᠡᠷᠡᠭᠳᠠᠢ ᠭᠡᠵᠤ ᠵᠢᠭᠠᠵᠤ ᠭᠠᠷᠭᠠᠪᠠ᠃ | ᠪᠦᠬᠦᠳᠡ ᠬᠤᠷᠠᠯ ᠠᠴᠠ᠂ ᠢᠷᠡᠭᠦ ᠵᠢᠯ ᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠡᠭᠦᠷᠭᠡ ᠬᠦᠨᠳᠦ | ᠬᠦᠴᠢᠷᠳᠠᠯ ᠶᠡᠭᠡ ᠪᠠᠶᠢᠨ᠎ᠠ᠂ ᠨᠠᠮ ᠤᠨ ᠲᠦᠪ ᠬᠤᠷᠢᠶᠠᠨ ᠤ ᠢᠷᠡᠭᠦ ᠵᠢᠯ ᠤᠨ ᠠᠵᠤ ᠠᠬᠤᠢ ᠶᠢᠨ ᠠᠵᠢᠯ ᠤᠨ | ᠶᠡᠷᠦᠩᠬᠡᠢ ᠱᠠᠭᠠᠷᠳᠠᠯᠭ᠎ᠠ ᠶᠢ ᠡᠷᠭᠡᠪᠰᠢ ᠵᠦᠪ ᠤᠨᠤᠪᠴᠢᠳᠠᠢ ᠡᠵᠡᠮᠰᠢᠵᠤ᠂ ᠪᠦᠬᠦ ᠬᠦᠴᠦᠨ ᠢᠶᠠᠷ ᠢᠶᠠᠨ ᠡᠯ᠎ᠠ | ᠵᠦᠢᠯ ᠤᠨ ᠠᠵᠢᠯ ᠢ ᠰᠠᠶᠢᠳᠤᠷ ᠠᠳᠬᠤᠬᠤ ᠬᠡᠷᠡᠭᠳᠠᠢ᠃ ᠴᠢᠨᠠᠷ ᠰᠠᠶᠢᠳᠠᠢ ᠬᠦᠭᠵᠢᠯᠳᠡ ᠶᠢᠨ ᠭᠤᠤᠯ ᠰᠡᠳᠦᠪ ᠤᠨ | ᠳᠤᠭᠤᠷᠢᠨ ᠳᠤ ᠭᠦᠭᠵᠢᠯᠳᠡ ᠶᠢ ᠠᠬᠢᠭᠤᠯᠵᠤ᠂ ᠠᠮᠢ ᠠᠬᠤᠢ ᠶᠢ ᠤᠷᠢᠳ ᠢᠶᠠᠨ ᠪᠤᠳᠤᠯᠬᠢᠯᠠᠬᠤ᠂ ᠪᠤᠬᠢᠷᠳᠦᠯ ᠦᠭᠡᠢ | ᠬᠦᠭᠵᠢᠬᠦᠯᠬᠦ ᠪᠠᠷ ᠤᠳᠤᠷᠢᠳᠤᠮᠵᠢ ᠪᠤᠯᠭᠠᠵᠤ᠂ ᠪᠠᠶᠢᠷᠢᠰᠢᠯ ᠤᠨ ᠰᠢᠰᠲ᠋ᠧᠮ ᠢ ᠰᠢᠯᠢᠳᠡᠭᠵᠢᠭᠦᠯᠦᠨ᠂ ᠠᠵᠢᠯ ᠤᠨ ᠠᠷᠭ᠎ᠠ | ᠬᠡᠮᠵᠢᠶ᠎ᠠ ᠪᠠᠨ ᠪᠤᠳᠠᠳᠠᠶᠢᠵᠢᠭᠤᠯᠵᠤ᠂ ᠠᠷᠭ᠎ᠠ ᠬᠡᠯᠪᠡᠷᠢ ᠪᠠᠨ ᠲᠦᠷᠭᠡᠳᠭᠡᠨ ᠬᠤᠪᠢᠷᠠᠭᠤᠯᠤᠨ᠂ ᠪᠦᠳᠦᠴᠡ ᠪᠠᠨ | ᠳᠤᠬᠢᠷᠠᠭᠤᠯᠵᠤ᠂ ᠬᠦᠳᠡᠯᠭᠡᠭᠦ ᠬᠦᠴᠦᠨ ᠢᠶᠠᠨ ᠬᠤᠪᠢᠷᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠤᠨ᠂ ᠴᠢᠨᠠᠷ ᠰᠠᠶᠢᠳᠠᠢ | ᠬᠦᠭᠵᠢᠯᠳᠡ ᠶᠢ ᠠᠬᠢᠭᠤᠯᠬᠤ ᠳᠡᠭᠡᠷ᠎ᠡ ᠠᠩᠬᠠᠷᠤᠯ ᠪᠠ ᠬᠦᠴᠤᠨ ᠢᠶᠠᠨ ᠲᠦᠪᠯᠡᠷᠡᠭᠦᠯᠬᠦ ᠬᠡᠷᠡᠭᠳᠠᠢ᠃ ᠬᠤᠷᠸ᠎ᠠ | ᠡᠵᠡᠮᠰᠢᠯ ᠤᠨ ᠲᠦᠷᠦ ᠶᠢᠨ ᠪᠤᠳᠤᠯᠭ᠎ᠠ ᠶᠢᠨ ᠬᠠᠨᠳᠤᠰᠢ ᠶᠢ ᠵᠦᠪ ᠤᠨᠤᠪᠴᠢᠳᠠᠢ ᠡᠵᠡᠮᠰᠢᠨ ᠢᠳᠡᠪᠬᠢᠳᠠᠢ ᠪᠠᠷ | ᠴᠢᠭᠯᠡᠯᠳᠡ ᠲᠦᠷᠦ ᠶᠢᠨ ᠪᠤᠳᠤᠯᠭ᠎ᠠ ᠶᠢ ᠳᠤᠭᠳᠠᠭᠠᠨ ᠬᠡᠷᠡᠭᠵᠢᠭᠦᠯᠵᠤ᠂ ᠲᠦᠷᠦ ᠶᠢᠨ ᠪᠤᠳᠤᠯᠭ᠎ᠠ ᠦᠷᠭᠦᠯᠵᠢᠯᠡᠨ | ᠳᠤᠭᠳᠠᠭᠤᠨ ᠪᠠᠶᠢᠬᠤ ᠶᠢ ᠪᠠᠷᠢᠮᠳᠠᠯᠠᠨ᠂ ᠲᠦᠷᠦ ᠶᠢᠨ ᠪᠤᠳᠤᠯᠭ᠎ᠠ ᠶᠢᠨ ᠳᠤᠬᠢᠷᠠᠭᠤᠯᠤᠯᠳᠠ᠂ ᠳᠤᠭᠳᠠᠭᠤᠨ | ᠰᠢᠯᠵᠢᠯᠳᠠ ᠶᠢᠨ ᠠᠵᠢᠯ ᠢ ᠰᠠᠶᠢᠳᠤᠷ ᠬᠢᠵᠤ᠂ ᠵᠠᠬ᠎ᠠ ᠳᠡᠯᠭᠡᠭᠦᠷ ᠤᠨ ᠵᠢᠱᠢᠯᠳᠠ ᠨᠢ ᠳᠤᠭᠳᠠᠭᠤᠨ ᠪᠦᠳᠦᠮᠵᠢᠳᠠᠢ | ᠪᠠᠶᠢᠬᠤ ᠶᠢ ᠪᠠᠳᠤᠯᠠᠬᠤ ᠬᠡᠷᠡᠭᠳᠠᠢ᠃ ᠦᠢᠯᠡᠴᠢᠯᠡᠭᠡ ᠶᠢ ᠰᠢᠨ᠎ᠠ ᠬᠦᠭᠵᠢᠯᠳᠡ ᠶᠢᠨ ᠪᠠᠶᠢᠷᠢᠰᠢᠯ ᠳᠤ ᠠᠭᠤᠰᠬᠠᠨ | ᠠᠵᠢᠯ ᠢᠶᠠᠨ ᠦᠷᠨᠢᠭᠦᠯᠵᠤ᠂ ᠪᠠᠶᠢᠯᠳᠤᠬᠤ ᠪᠤᠳᠤᠯᠭ᠎ᠠ ᠶᠢᠨ ᠵᠤᠭᠰᠤᠴᠠ ᠳᠤ ᠬᠠᠨᠳᠤᠭᠤᠯᠤᠨ᠂ ᠤᠷᠤᠨ ᠪᠠᠶᠢᠷᠢᠰᠢᠯ ᠢ | ᠤᠨᠤᠴᠢᠳᠠᠢ ᠡᠷᠢᠨ᠂ ᠳᠠᠪᠠᠭᠤᠯᠢᠭ ᠢᠶᠠᠨ ᠪᠠᠳᠠᠷᠠᠭᠤᠯᠵᠤ᠂ ᠦᠢᠯᠡᠴᠢᠯᠡᠭᠡ ᠶᠢ ᠰᠢᠨ᠎ᠠ ᠬᠦᠭᠵᠢᠯᠳᠡ ᠶᠢᠨ ᠪᠠᠶᠢᠷᠢᠰᠢᠯ ᠳᠤ | ᠠᠭᠤᠰᠬᠠᠨ ᠤᠷᠤᠭᠤᠯᠬᠤ ᠶᠢᠨ ᠠᠩᠬᠠᠨ ᠤ ᠠᠯᠬᠤᠮ ᠢ ᠴᠢᠷᠮᠠᠶᠢᠨ ᠰᠠᠶᠢᠳᠤᠷ ᠬᠢᠭᠦ ᠬᠡᠷᠡᠭᠳᠠᠢ ᠭᠡᠵᠤ ᠴᠢᠬᠤᠯᠠᠴᠢᠯᠠᠬᠰᠡᠨ | ᠪᠠᠶᠢᠨ᠎ᠠ᠃ | ᠪᠦᠬᠦᠳᠡ ᠬᠤᠷᠠᠯ ᠠᠴᠠ᠂ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ | ᠶᠤᠰᠤᠭᠠᠷ᠂ ᠦᠪᠡᠷᠳᠡᠭᠡᠨ ᠵᠠᠰᠠᠬᠤ ᠤᠷᠤᠨ ᠤ ᠲᠦᠯᠦᠪᠵᠢᠭᠦᠯᠭᠡ ᠱᠠᠭᠠᠷᠳᠡᠯᠭ᠎ᠠ ᠶᠢ ᠨᠠᠶᠢᠳᠠᠪᠤᠷᠢᠵᠢᠭᠤᠯᠤᠨ᠂ ᠢᠷᠡᠭᠦ | ᠵᠢᠯ ᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠭᠤᠤᠯᠳᠠᠯᠭ᠎ᠠ ᠲᠠᠢ ᠠᠵᠢᠯ ᠢ ᠰᠠᠶᠢᠳᠤᠷ ᠬᠢᠬᠦ ᠬᠡᠷᠡᠭᠳᠠᠢ᠃ | ᠠᠵᠤ ᠠᠬᠤᠢ ᠦᠷᠭᠦᠯᠵᠢᠯᠡᠨ ᠰᠡᠷᠭᠦᠭᠦ᠂ ᠵᠦᠢ ᠵᠤᠬᠢᠰᠳᠠᠢ ᠤᠷᠤᠨ ᠵᠠᠢ ᠶᠢᠨ ᠬᠤᠭᠤᠷᠤᠨᠳᠤᠬᠢ ᠡᠷᠬᠢᠯᠳᠡ ᠶᠢ | ᠬᠦᠴᠦᠯᠡᠨ ᠠᠬᠢᠭᠤᠯᠵᠤ᠂ ︽ᠵᠢᠷᠭᠤᠭ᠎ᠠ ᠶᠢ ᠳᠤᠭᠳᠠᠪᠤᠷᠢᠵᠢᠭᠤᠯᠬᠤ︾ ︽ᠵᠢᠷᠭᠤᠭ᠎ᠠ ᠶᠢ ᠪᠠᠳᠤᠯᠠᠬᠤ︾ ᠠᠵᠢᠯ ᠢ | ᠦᠷᠭᠦᠯᠵᠢᠯᠡᠨ ᠰᠠᠶᠢᠳᠤᠷ ᠬᠢᠵᠤ᠂ ᠬᠡᠷᠡᠭᠴᠡᠭᠡ ᠪᠦᠬᠦᠢ ᠱᠠᠭᠠᠷᠳᠠᠯᠭ᠎ᠠ ᠶᠢ ᠢᠳᠡᠪᠬᠢᠳᠠᠢ ᠦᠷᠭᠡᠳᠭᠡᠨ᠂ ᠪᠡᠯᠡ | ᠤᠷᠤᠭᠤᠯᠤᠯᠳᠠ ᠶᠢᠨ ᠵᠠᠩᠬᠢᠯᠠᠭ᠎ᠠ ᠶᠢᠨ ᠦᠢᠯᠡᠳᠦᠯ ᠪᠤᠯᠤᠨ ᠬᠡᠷᠡᠭᠯᠡᠭᠡ ᠶᠢᠨ ᠰᠠᠭᠤᠷᠢ ᠦᠢᠯᠡᠳᠦᠯ ᠢ ᠬᠦᠢᠴᠡᠳ | ᠪᠠᠳᠠᠷᠠᠭᠤᠯᠵᠤ᠂ ᠵᠠᠬ᠎ᠠ ᠳᠡᠯᠭᠡᠭᠦᠷ ᠤᠨ ᠭᠤᠤᠯ ᠴᠤᠭᠴᠠ ᠶᠢ ᠪᠤᠢ ᠪᠤᠯᠭᠠᠨ ᠪᠤᠵᠠᠭᠠᠢᠢᠷᠠᠭᠤᠯᠬᠤ ᠬᠡᠷᠡᠭᠳᠠᠢ᠃ ᠡᠬᠢ | ᠪᠠᠶᠠᠯᠢᠭ ᠤᠨ ᠬᠦᠴᠦᠨ ᠢᠶᠠᠨ ᠲᠦᠪᠯᠡᠷᠡᠭᠦᠯᠤᠨ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠳᠤᠳᠠᠭᠤᠳᠠᠯ ᠢ | ᠰᠢᠪᠳᠤᠯᠤᠨ᠂ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠶᠢᠨ ᠬᠠᠳᠠᠭᠤ ᠴᠢᠨᠠᠷᠳᠠᠢ ᠨᠡᠮᠡᠭᠳᠡᠯ ᠤᠨ ᠳᠤᠭᠳᠠᠴᠠ | ᠪᠤᠯᠤᠨ ᠨᠡᠶᠢᠭᠡᠮ ᠤᠨ ᠤᠯᠠᠨ ᠠᠷᠭ᠎ᠠ ᠵᠠᠮ ᠤᠨ ᠪᠡᠯᠡ ᠤᠷᠤᠭᠤᠯᠤᠯᠳᠠ ᠶᠢᠨ ᠵᠤᠷᠢᠭᠵᠢᠭᠤᠯᠤᠯ ᠤᠨ ᠳᠤᠭᠳᠠᠴᠠ ᠶᠢ | ᠪᠠᠶᠢᠭᠤᠯᠵᠤ᠂ ᠰᠢᠨ᠎ᠠ ᠶᠢ ᠡᠭᠦᠳᠭᠦ ᠳᠠᠪᠴᠠᠩ ᠤᠨ ᠪᠠᠶᠢᠭᠤᠯᠤᠯᠳᠠ ᠶᠢ ᠴᠢᠩᠭᠠᠳᠬᠠᠨ᠂ ᠳᠡᠭᠡᠳᠤ ᠰᠢᠨ᠎ᠡ | ᠮᠡᠷᠭᠡᠵᠢᠯ ᠤᠨ ᠠᠵᠤ ᠠᠬᠤᠢᠢᠯᠠᠯ ᠢ ᠪᠤᠢ ᠪᠤᠯᠭᠠᠨ ᠬᠦᠭᠵᠢᠭᠦᠯᠵᠤ᠂ ᠠᠵᠤ ᠠᠬᠤᠢᠢᠯᠠᠯ ᠤᠨ ᠮᠡᠷᠭᠡᠵᠢᠯ ᠤᠨ ᠰᠢᠨ᠎ᠠ ᠶᠢ | ᠡᠭᠦᠳᠭᠦ ᠴᠢᠳᠠᠪᠤᠷᠢ ᠶᠢ ᠳᠡᠭᠡᠭᠰᠢᠯᠡᠭᠦᠯᠵᠤ᠂ ᠴᠢᠳᠠᠪᠤᠷᠢᠳᠠᠨ ᠢ ᠤᠷᠢᠨ ᠤᠷᠤᠭᠤᠯᠬᠤ ᠪᠠ ᠪᠤᠶᠢᠵᠢᠭᠤᠯᠬᠤ | ᠬᠦᠮᠦᠵᠢᠭᠦᠯᠬᠦ ᠲᠦᠯᠦᠪᠯᠡᠭᠡ ᠶᠢ ᠰᠠᠶᠢᠳᠤᠷ ᠬᠢᠵᠤ᠂ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ | ᠡᠭᠦᠳᠭᠦ ᠪᠠᠶᠢᠭᠤᠯᠤᠮᠵᠢ ᠳᠤᠭᠳᠠᠴᠠ ᠶᠢ ᠳᠡᠭᠦᠯᠳᠡᠷᠵᠢᠭᠦᠯᠵᠤ᠂ ᠠᠵᠤ ᠦᠢᠯᠡᠰ ᠤᠨ ᠬᠡᠯᠬᠢᠶ᠎ᠠ ᠶᠢᠨ ᠠᠭᠤᠰᠤᠯᠴᠠᠯ ᠤᠨ | ᠰᠢᠨ᠎ᠠ ᠳᠤᠯᠭᠠᠭᠤᠷᠢᠯᠠᠯ ᠢ ᠪᠤᠢ ᠪᠤᠯᠭᠠᠬᠤ ᠬᠡᠷᠡᠭᠳᠠᠢ᠃ ᠠᠵᠤ ᠦᠢᠯᠡᠰ ᠤᠨ ᠪᠠᠶᠢᠷᠢᠰᠢᠯ ᠤᠨ ᠳᠤᠬᠢᠷᠠᠭᠤᠯᠤᠯᠳᠠ᠂ | ᠪᠦᠳᠦᠴᠡ ᠶᠢ ᠰᠢᠯᠢᠳᠡᠭᠵᠢᠭᠦᠯᠬᠦ ᠪᠠ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠨᠡᠩ ᠶᠡᠭᠡ ᠬᠦᠴᠦᠨ ᠢᠶᠠᠷ | ᠠᠬᠢᠭᠤᠯᠵᠤ᠂ ᠠᠵᠤ ᠦᠢᠯᠡᠰ ᠤᠨ ᠬᠦᠭᠵᠢᠯᠳᠡ ᠶᠢᠨ ᠭᠤᠤᠯᠳᠠᠯᠭ᠎ᠠ ᠶᠢ ᠤᠨᠤᠪᠴᠢᠳᠠᠢ ᠳᠤᠭᠳᠠᠭᠠᠵᠤ᠂ ᠡᠨᠧᠷᠬᠢ ᠶᠢ | ᠠᠷᠪᠢᠯᠠᠨ ᠭᠠᠳᠠᠭᠰᠢᠯᠠᠭᠤᠯᠤᠯᠳᠠ ᠶᠢ ᠪᠠᠭᠠᠰᠬᠠᠨ ᠬᠤᠷᠤᠭᠳᠠᠯ ᠢ ᠪᠠᠭᠠᠰᠬᠠᠬᠤ ᠴᠢᠩᠭ᠎ᠠ ᠬᠦᠯᠢᠶᠡᠰᠦᠯᠡᠯ ᠢ | ᠨᠠᠶᠢᠳᠠᠪᠤᠷᠢᠵᠢᠭᠤᠯᠵᠤ᠂ ᠡᠨᠧᠷᠬᠢ ᠳᠤ ᠲᠦᠰᠢᠭᠯᠡᠭᠰᠡᠨ ᠪᠠ ᠬᠦᠨᠳᠤ ᠠᠵᠤ ᠦᠢᠯᠡᠳᠪᠦᠷᠢ ᠳᠤ ᠲᠦᠰᠢᠭᠯᠡᠭᠰᠡᠨ ᠠᠵᠤ | ᠦᠢᠯᠡᠰ ᠤᠨ ᠪᠦᠳᠦᠴᠡ ᠶᠢ ᠬᠤᠪᠢᠷᠠᠭᠤᠯᠬᠤ ᠶᠢ ᠲᠦᠷᠭᠡᠳᠭᠡᠵᠤ᠂ ᠠᠵᠤ ᠦᠢᠯᠡᠰ ᠤᠨ ᠬᠡᠯᠬᠢᠶ᠎ᠡ ᠦᠷᠳᠡᠭ ᠤᠨ | ᠬᠡᠯᠬᠢᠶ᠎ᠠ ᠶᠢ ᠳᠤᠮᠳᠠ ᠳᠡᠭᠡᠳᠤ ᠳᠡᠰ ᠳᠠᠶᠢᠰᠢ ᠳᠡᠪᠰᠢᠭᠦᠯᠬᠦ ᠶᠢ ᠠᠬᠢᠭᠤᠯᠬᠤ ᠬᠡᠷᠡᠭᠳᠠᠢ᠃ ᠠᠮᠢ ᠠᠬᠤᠢ ᠤᠷᠴᠢᠨ | ᠳᠤᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠪᠦᠬᠦ᠋ᠢᠯᠡ ᠤᠷᠤᠨ ᠪᠦᠰᠡ ᠶᠢᠨ ᠠᠮᠢ ᠠᠬᠤᠢ ᠶᠢᠨ | ᠠᠮᠤᠷ ᠲᠦᠪᠰᠢᠨ ᠤ ᠪᠠᠶᠢᠷᠢᠰᠢᠯ ᠢ ᠪᠦᠷᠢᠯᠳᠦᠭᠦᠯᠤᠨ᠂ ᠪᠦᠬᠦ ᠳᠠᠯ᠎ᠠ ᠶᠢᠨ ᠠᠮᠢ ᠠᠬᠤᠢ ᠶᠢᠨ ᠰᠢᠰᠲ᠋ᠧᠮ ᠤᠨ | ᠬᠠᠮᠠᠭᠠᠯᠠᠯᠳᠠ ᠶᠢ ᠴᠢᠩᠭᠠᠳᠬᠠᠵᠤ᠂ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠬᠦᠨᠵᠡᠭᠡᠶᠢᠷᠡᠭᠦᠯᠵᠤ᠂ ᠠᠮᠢ | ᠠᠬᠤᠢ ᠤᠷᠴᠢᠨ ᠳᠤᠭᠤᠷᠢᠨ ᠤ ᠵᠠᠰᠠᠯᠳᠠ ᠶᠢᠨ ᠲᠦᠷᠢᠮ ᠢ ᠪᠦᠷᠢᠨᠰᠢᠭᠦᠯᠬᠦ ᠬᠡᠷᠡᠭᠳᠠᠢ᠃ ᠡᠷᠭᠡ ᠳᠡᠭᠰᠢ᠂ ᠢᠯᠡ ᠳᠤᠳᠤ᠂ | ᠨᠡᠭᠡᠭᠡᠯᠳᠠᠳᠠᠢ ᠬᠤᠳᠠᠯᠳᠤᠭ᠎ᠠ ᠡᠷᠬᠢᠯᠡᠭᠦ ᠤᠷᠴᠢᠨ ᠨᠦᠭᠦᠴᠡᠯ ᠢ ᠪᠦᠬᠦ ᠬᠦᠴᠦᠨ ᠢᠶᠠᠷ ᠪᠤᠢ ᠪᠤᠯᠭᠠᠵᠤ᠂ ︽ᠵᠠᠰᠠᠭ ᠢ | ᠴᠤᠮᠬᠠᠳᠬᠠᠨ ᠡᠷᠭᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ | ᠰᠢᠯᠢᠲᠡᠭᠵᠢᠬᠦᠯᠬᠦ︾ ᠦᠭᠡᠷᠡᠴᠢᠯᠡᠯᠳᠡ ᠶᠢᠨ ᠡᠷᠴᠢᠮ ᠢ ᠦᠷᠭᠡᠳᠭᠡᠵᠤ᠂ ᠡᠯᠧᠮᠧᠨ᠋ᠲ ᠤᠨ ᠵᠠᠬ᠎ᠠ ᠳᠡᠯᠭᠡᠭᠦᠷᠴᠢᠯᠡᠭᠰᠡᠨ | ᠦᠭᠡᠷᠡᠴᠢᠯᠡᠯᠳᠡ ᠶᠢᠨ ᠠᠯᠬᠤᠴᠠ ᠶᠢ ᠲᠦᠷᠭᠡᠳᠭᠡᠨ᠂ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠭᠤᠷᠪᠠᠨ | ᠵᠢᠯ ᠤᠨ ᠦᠭᠡᠷᠡᠴᠢᠯᠡᠯᠳᠡ ᠶᠢᠨ ᠠᠵᠢᠯᠯᠠᠭ᠎ᠠ ᠶᠢ ᠬᠦᠨᠵᠡᠭᠡᠢ ᠬᠡᠷᠡᠭᠵᠢᠭᠦᠯᠵᠤ᠂ ᠮᠦᠩᠭᠦᠨ ᠬᠦᠢᠯᠭᠡᠭᠡᠨ ᠢᠶᠠᠷ ᠪᠤᠳᠠᠳᠤ | ᠴᠤᠭᠴᠠ ᠶᠢᠨ ᠠᠵᠤ ᠠᠬᠤᠢ ᠶᠢᠨ ᠬᠦᠭᠵᠢᠯᠳᠡ ᠶᠢ ᠪᠦᠳᠦᠮᠵᠢᠳᠠᠢ ᠠᠬᠢᠭᠤᠯᠬᠤ ᠪᠠᠶᠢᠭᠤᠯᠤᠮᠵᠢ ᠳᠤᠭᠳᠠᠴᠠ ᠶᠢ | ᠪᠦᠷᠢᠨᠰᠢᠭᠦᠯᠬᠦ ᠬᠡᠷᠡᠭᠳᠠᠢ᠃ ᠨᠡᠭᠡᠭᠡᠯᠳᠡᠳᠠᠢ ᠬᠠᠮᠳᠤᠷᠠᠯᠴᠠᠭᠠᠨ ᠤ ᠲᠦᠪᠰᠢᠨ ᠢ ᠴᠢᠷᠮᠠᠶᠢᠨ ᠳᠡᠭᠡᠭᠰᠢᠯᠡᠭᠦᠯᠵᠤ᠂ ᠶᠡᠭᠡ | ᠪᠤᠭᠤᠮᠳᠠ ᠶᠢᠨ ᠠᠵᠤ ᠠᠬᠤᠢ ᠶᠢ ᠶᠡᠭᠡ ᠬᠦᠴᠦᠨ ᠢᠶᠠᠷ ᠬᠦᠭᠵᠢᠭᠦᠯᠵᠤ᠂ ᠤᠷᠤᠨ ᠪᠦᠰᠡ ᠶᠢᠨ ᠬᠠᠮᠳᠤᠷᠠᠯᠴᠠᠭᠠᠨ ᠤ | ᠤᠷᠳᠤ ᠬᠤᠭᠤᠴᠠᠭᠠᠨ ᠤ ᠳᠤᠭᠳᠠᠴᠠ ᠪᠤᠯᠤᠨ ᠬᠠᠮᠵᠢᠯᠴᠠᠭᠠᠨ ᠤ ᠨᠡᠭᠡᠭᠡᠯᠳᠡᠳᠠᠢ ᠬᠦᠭᠵᠢᠯᠳᠡ ᠶᠢᠨ ᠳᠤᠭᠳᠠᠴᠠ ᠶᠢ | ᠪᠠᠶᠢᠭᠤᠯᠵᠤ᠂ ᠪᠤᠭᠤᠮᠳᠠ ᠶᠢᠨ ᠠᠵᠤ ᠠᠬᠤᠢ ᠶᠢᠨ ᠳᠠᠶᠢᠴᠢᠯᠠᠯ ᠲᠠᠢ᠂ ᠳᠤᠳᠤᠷ ᠭᠠᠵᠠᠷ ᠤᠨ ᠳᠤᠯᠭᠠᠭᠤᠷᠢᠯᠠᠯ ᠲᠠᠢ᠂ | ᠬᠢᠯᠢ ᠭᠢᠵᠠᠭᠠᠷ ᠤᠷᠤᠨ ᠳᠤᠳᠤᠷ ᠭᠠᠵᠠᠷ ᠬᠠᠮᠵᠢᠯᠴᠠᠭᠰᠠᠨ ᠰᠢᠨ᠎ᠠ ᠪᠠᠶᠢᠷᠢᠰᠢᠯ ᠢ ᠪᠦᠷᠢᠯᠳᠦᠭᠦᠯᠦᠨ ᠠᠬᠢᠭᠤᠯᠬᠤ | ᠬᠡᠷᠡᠭᠳᠠᠢ᠃ ᠠᠷᠠᠳ ᠤᠨ ᠠᠮᠢᠳᠤᠷᠠᠯ ᠤᠨ ᠦᠨᠳᠦᠰᠦᠨ ᠪᠠᠳᠤᠯᠠᠭ᠎ᠠ ᠶᠢ ᠦᠨᠡᠨ ᠭᠦ ᠴᠢᠩᠭᠠᠳᠬᠠᠵᠤ᠂ ᠠᠷᠠᠳ ᠤᠨ | ᠠᠮᠢᠳᠤᠷᠠᠯ ᠤᠨ ᠵᠠᠷᠤᠯᠭ᠎ᠠ ᠶᠢ ᠤᠷᠢᠳ ᠢᠶᠠᠷ ᠪᠠᠳᠤᠯᠠᠵᠤ᠂ ᠠᠷᠭ᠎ᠠ ᠪᠦᠬᠦᠨ ᠢ ᠰᠦᠪᠡᠭᠴᠢᠯᠡᠨ ᠠᠵᠢᠯ ᠤᠯᠭᠤᠯᠳᠠ ᠶᠢ | ᠳᠤᠭᠳᠠᠪᠤᠷᠢᠵᠢᠭᠤᠯᠬᠤ ᠪᠠ ᠦᠷᠭᠡᠳᠭᠡᠵᠤ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠦᠪᠰᠢᠨ ᠢ ᠳᠤᠭᠳᠠᠭᠤᠨ ᠢᠶᠠᠷ | ᠳᠡᠭᠡᠭᠰᠢᠯᠡᠭᠦᠯᠬᠦ ᠬᠡᠷᠡᠭᠳᠠᠢ᠃ ᠤᠷᠤᠰᠢᠵᠤ ᠪᠦᠬᠦᠢ ᠠᠶᠤᠯ ᠲᠦᠭᠰᠢᠭᠦᠷᠢ ᠶᠢ ᠠᠷᠢᠯᠭᠠᠬᠤ ᠪᠠ ᠠᠶᠤᠯ ᠲᠦᠭᠰᠢᠭᠦᠷᠢ ᠶᠢᠨ | ᠰᠡᠷᠭᠡᠶᠢᠯᠡᠯᠳᠡ ᠶᠢ ᠴᠢᠩᠭᠠᠳᠬᠠᠬᠤ ᠶᠢ ᠪᠦᠬᠦ ᠬᠦᠴᠦᠨ ᠢᠶᠠᠷ ᠰᠠᠶᠢᠳᠤᠷ ᠠᠳᠬᠤᠵᠤ᠂ ᠡᠳ᠋ ᠤᠨ ᠵᠠᠰᠠᠭ ᠮᠦᠩᠭᠦᠨ | ᠬᠦᠢᠯᠭᠡᠭᠡᠨ ᠤ ᠠᠶᠤᠯ ᠲᠦᠭᠰᠢᠭᠦᠷᠢ ᠶᠢ ᠠᠷᠢᠯᠭᠠᠬᠤ ᠠᠵᠢᠯ ᠢ ᠬᠦᠨᠵᠡᠭᠡᠢ ᠠᠬᠢᠭᠤᠯᠵᠤ᠂ ᠨᠡᠶᠢᠭᠡᠮ ᠤᠨ ᠵᠠᠰᠠᠯᠳᠠ ᠶᠢ | ᠦᠷᠭᠦᠯᠵᠢᠯᠡᠨ ᠬᠦᠨᠵᠡᠭᠡᠶᠢᠷᠡᠭᠦᠯᠬᠦ ᠬᠡᠷᠡᠭᠳᠠᠢ᠃ ᠬᠢᠵᠢᠭ ᠤᠨ ᠪᠠᠶᠢᠳᠠᠯ ᠢ ᠰᠠᠷᠭᠡᠶᠢᠯᠡᠨ ᠡᠵᠡᠮᠰᠢᠭᠦ ᠶᠢ ᠦᠴᠦᠭᠡᠨ ᠴᠦ | ᠰᠤᠯᠠᠷᠠᠭᠤᠯᠬᠤ ᠦᠭᠡᠢ᠂ ᠪᠠᠶᠢᠩᠭᠤᠵᠢᠭᠰᠠᠨ ᠤᠨᠤᠪᠴᠢᠳᠠᠢ ᠪᠠᠷ ᠰᠡᠷᠭᠡᠶᠢᠯᠡᠨ ᠡᠵᠡᠮᠳᠡᠬᠦ ᠪᠠ ᠭᠡᠰᠡᠭ ᠳᠠᠯ᠎ᠠ ᠪᠠᠷ ᠪᠠᠴᠢᠮ | ᠠᠷᠭᠠᠴᠠᠭᠠᠵᠤ ᠰᠢᠢᠳᠪᠦᠷᠢᠯᠡᠭᠦ ᠶᠢ ᠤᠷᠭᠠᠨᠢᠭ ᠢᠶᠠᠷ ᠤᠶᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ | ᠰᠠᠷᠭᠡᠶᠢᠯᠡᠯᠳᠡ ᠶᠢᠨ ᠱᠤᠭᠤᠮ ᠢ ᠪᠦᠬᠦ ᠳᠠᠯ᠎ᠠ ᠪᠠᠷ ᠪᠠᠬᠢᠵᠢᠭᠦᠯᠬᠦ ᠬᠡᠷᠡᠭᠳᠠᠢ ᠭᠡᠵᠤ ᠵᠢᠭᠠᠵᠤ ᠭᠠᠷᠭᠠᠭᠰᠠᠨ ᠪᠠᠶᠢᠨ᠎ᠠ᠃ | ᠪᠦᠬᠦᠳᠡ ᠬᠤᠷᠠᠯ ᠠᠴᠠ᠂ ᠪᠦᠬᠦ ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ | ᠦᠷᠭᠡᠨ ᠤᠯᠠᠨ ᠨᠠᠮ ᠤᠨ ᠬᠡᠰᠢᠭᠦᠨ ᠺᠠᠳ᠋ᠷ ᠤᠯᠠᠨ ᠲᠦᠮᠡᠨ ᠰᠢ ᠶᠢᠨ ᠫᠢᠩ ᠨᠦᠭᠦᠷ ᠢᠶᠠᠷ ᠭᠤᠤᠯ ᠪᠤᠯᠭᠠᠭᠰᠠᠨ | ᠨᠠᠮ ᠤᠨ ᠲᠦᠪ ᠬᠤᠷᠢᠶᠠᠨ ᠤ ᠳᠤᠭᠤᠷᠢᠨ ᠳᠤ ᠨᠡᠩ ᠨᠢᠭᠳᠠᠷᠠᠨ ᠪᠦᠯᠬᠦᠮᠳᠠᠵᠤ᠂ ᠰᠢ ᠶᠢᠨ ᠫᠢᠩ ᠤᠨ ᠰᠢᠨ᠎ᠠ ᠴᠠᠭ | ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠳᠡᠮᠡᠴᠡᠵᠤ᠂ ᠦᠨᠡᠨ ᠢ ᠡᠷᠬᠢᠮᠯᠡᠨ | ᠪᠤᠳᠠᠳᠠᠢ ᠶᠢ ᠠᠳᠬᠤᠵᠤ᠂ ᠵᠠᠮ ᠨᠡᠭᠡᠭᠡᠨ ᠤᠷᠤᠭᠰᠢᠯᠠᠵᠤ᠂ ᠴᠢᠨᠠᠷ ᠰᠠᠶᠢᠳᠠᠢ ᠬᠦᠭᠵᠢᠯᠳᠡ ᠪᠠᠷ ︽ᠠᠷᠪᠠᠨ | ᠲᠦᠷᠪᠡᠳᠦᠭᠡᠷ ᠳᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭ᠎ᠠ ᠶᠢ ᠡᠬᠢᠯᠡᠭᠦᠯᠵᠤ᠂ ᠰᠢᠯᠢᠳᠡᠭ | ᠠᠮᠵᠢᠯᠳᠠ ᠪᠠᠷ ᠳᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠳᠤᠵᠤ᠂ | ᠰᠢᠨ᠎ᠠ ᠴᠠᠭ ᠦᠶ᠎ᠠ ᠶᠢᠨ ᠰᠢᠨ᠎ᠠ ᠠᠶᠠᠯᠠᠯ ᠳᠠᠬᠢ ᠦᠪᠦᠷ ᠮᠤᠩᠭᠤᠯ ᠤᠨ ᠰᠢᠨ᠎ᠠ ᠬᠠᠭᠤᠳᠠᠰᠤ ᠶᠢ ᠰᠠᠶᠢᠳᠤᠷ | ᠪᠢᠴᠢᠭᠯᠡᠵᠤ᠂ ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠬᠤ᠂ ᠠᠭᠤᠤ ᠶᠡᠭᠡ | ᠳᠤᠮᠳᠠᠳᠤ ᠶᠢᠨ ᠵᠡᠭᠦᠳᠦ ᠪᠠᠨ ᠬᠠᠮᠳᠤ ᠪᠠᠷ ᠳᠡᠷᠭᠡᠯᠰᠢᠭᠦᠯᠬᠦ ᠪᠠᠷ ᠴᠢᠷᠮᠠᠶᠢᠰᠤᠭᠠᠢ ᠭᠡᠵᠤ ᠤᠷᠢᠶᠠᠯᠠᠵᠡᠢ︕ |