ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2020/12/3
     2020 ᠣᠨ ᠤ 12 ᠰᠠᠷ᠎ᠠ ᠶᠢᠨ 2᠎ ᠤᠨ ᠡᠳᠦᠷ ᠤᠨ 7 ᠴᠠᠭ ᠠᠴᠠ 12 ᠰᠠᠷ᠎ᠠ ᠶᠢᠨ 3᠎ ᠤ ᠡᠳᠦᠷ ᠤᠨ  7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨᠵᠤᠤᠷ ᠬᠤᠲᠠ ᠳᠤ ᠲᠣᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 1᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠴᠦᠮ ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ ᠨᠢᠭᠲᠠ ᠣᠶᠢᠷᠠᠲᠤᠭᠰᠠᠳ ᠪᠣᠯᠣᠨ᠎ᠠ︶ ᠨᠡᠮᠡᠭᠳᠡᠵᠦ᠂ 1 ᠡᠪᠡᠳᠴᠢᠲᠡᠨ ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠦᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠳ︶ ᠡᠷᠡᠭᠦᠯᠵᠢᠵᠦ ᠡᠮᠨᠡᠯᠭᠡ ᠠᠴᠠ ᠭᠠᠷᠪᠠ᠃      2020 ᠣᠨ ᠤ 12 ᠰᠠᠷ᠎ᠠ ᠶᠢᠨ 3᠎ ᠤ ᠡᠳᠦᠷ ᠤᠨ 7 ᠴᠠᠭ ᠪᠣᠯᠲᠠᠯ᠎ᠠ᠂ ᠲᠤᠬᠠᠢ ᠶᠢᠨ ᠭᠠᠵᠠᠷ ᠤᠨ   ᠲᠣᠳᠣᠯᠠᠭᠰᠠᠨ ᠡᠪᠡᠳᠴᠢᠨ ᠤ ᠵᠢᠱᠢᠶ᠎ᠡ 21᠂ ᠰᠡᠵᠢᠭᠯᠡᠯᠲᠡᠢ ᠡᠪᠡᠳᠴᠢᠨ ᠤ ᠵᠢᠱᠢᠶ᠎ᠡ 2᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠰᠠᠳ 2 ᠪᠠᠶᠢᠵᠤ᠂ ᠪᠦᠬᠦᠨ ᠢ ᠮᠠᠨᠵᠤᠤᠷ ᠬᠤᠲᠠ ᠶᠢᠨ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠲᠠᠬᠤᠯ ᠡᠪᠡᠳᠴᠢᠨ ᠤ ᠰᠣᠳᠤᠯᠤᠯ ᠤᠨ ᠪᠠᠶᠢᠴᠠᠭᠠᠯᠲᠠ ᠪᠠ ᠡᠬᠢ ᠡᠭᠦᠰᠦᠯ ᠢ ᠮᠦᠷᠳᠡᠨ ᠡᠷᠢᠬᠦ ᠠᠵᠢᠯ ᠢ ᠥᠷᠭᠦᠯᠵᠢᠯᠡᠨ ᠬᠢᠵᠦ ᠪᠠᠶᠢᠨ᠎ᠠ᠃ 1082 ᠨᠢᠭᠲᠠ ᠣᠶᠢᠷᠠᠲᠤᠭᠰᠠᠳ ᠢ ᠪᠠᠶᠢᠴᠠᠭᠠᠨ ᠣᠯᠵᠤ᠂ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ ᠪᠣᠢ᠃      ᠣᠳᠣᠬᠠᠨ ᠳᠤ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠲᠣᠯᠠᠭᠰᠠᠨ ᠡᠪᠡᠳᠴᠢᠨ ᠤ ᠵᠢᠱᠢᠶ᠎ᠡ 2 ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠤᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃  
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号