ᠥᠪᠥᠷ ᠵᠠᠰᠠᠭ ᠠᠯᠪᠠᠨ ᠲᠠᠷᠬᠠᠭᠠᠭᠰᠠᠨ ﹇2020 ﹈ 32 ᠳ᠋ᠤᠭᠠᠷ ᠲᠣᠭᠠᠲᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠡᠳᠦᠭᠡ ︽ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ | ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ︾ | ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ | ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ︾ ︽ᠰᠤᠷᠭᠠᠨ ᠬᠥᠮᠦᠵᠢᠯ ᠤᠨ ᠬᠦᠷᠢᠶᠡᠨ ᠳᠠᠬᠢ ᠥᠪᠡᠷᠲᠡᠭᠡᠨ | ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ︾ ᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠳᠤᠭᠠᠢ᠃ | | | 2020 ᠣᠨ ᠤ 9 ᠳ᠋ᠦ᠋ᠭᠡᠷ ᠰᠠᠷ᠎ᠠ ᠶᠢᠨ 30 ᠤ ᠡᠳᠦᠷ | | | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | | ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ | ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ | | | ︽ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠲᠥᠪ ᠪᠠ ᠣᠷᠣᠨ ᠨᠤᠲᠤᠭ ᠤᠨ ᠡᠳ᠋ ᠤᠨ | ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ | ᠥᠭᠡᠷᠡᠴᠢᠯᠡᠯᠲᠡ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2018 ﹈ 67 ᠳ᠋ᠤᠭᠠᠷ ᠲᠣᠭᠠᠲᠤ︶᠂ | ︽ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠣᠷᠣᠭᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ | ᠪᠠ ᠵᠠᠷᠤᠯᠭ᠎ᠠ ᠶᠢᠨ ᠬᠠᠷᠢᠭᠤᠴᠠᠯᠭ᠎ᠠ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ | ᠲᠥᠰᠦᠯ ᠢ ᠲᠠᠷᠤᠮᠠᠯᠯᠠᠨ ᠶᠠᠪᠤᠭᠤᠯᠬᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2018﹈ 13 ᠳ᠋ᠤᠭᠠᠷ ᠲᠣᠭᠠᠲᠤ︶ ᠤᠨ | ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠣᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡᠨ ᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ | ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ | ᠲᠠᠷᠬᠠᠭᠠᠭᠰᠠᠨ ﹇2018 ﹈ 46 ᠳ᠋ᠤᠭᠠᠷ ᠲᠣᠭᠠᠲᠤ︶ ᠵᠡᠷᠭᠡ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠡᠳᠦᠭᠡ | ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ | ᠥᠭᠡᠷᠡᠴᠢᠯᠡᠯᠲᠡ ᠳᠤ ᠳᠣᠤᠷᠠᠬᠢ ᠮᠡᠲᠦ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠣᠳᠣ ᠦᠶ᠎ᠡ ᠶᠢᠨ ᠡᠳ᠋ ᠤᠨ ᠵᠠᠰᠠᠭ ᠤᠨ | ᠳᠦᠷᠢᠮ ᠢ ᠲᠦᠷᠭᠡᠳᠬᠡᠨ ᠪᠠᠶᠢᠭᠤᠯᠬᠤ ᠶᠢ ᠪᠠᠷᠢᠮᠲᠠᠯᠠᠵᠤ᠂ ᠠᠷᠠᠳ ᠲᠦᠮᠡᠨ ᠤ ᠡᠷᠡᠭᠦᠯ ᠮᠡᠨᠳᠦ ᠶᠢ ᠡᠩ ᠲᠡᠷᠢᠭᠦᠨ ᠳᠤ | ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠂ ᠡᠷᠡᠭᠦᠯ ᠡᠩᠬᠡ ᠳᠤᠮᠳᠠᠳᠤ | ᠤᠯᠤᠰ ᠤᠨ ᠪᠠᠶᠢᠯᠳᠤᠬᠤ ᠪᠣᠳᠣᠯᠭ᠎ᠠ᠂ ︽︿ᠡᠷᠡᠭᠦᠯ ᠡᠩᠬᠡ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ | 2030﹀ ᠶᠢᠨ ᠬᠡᠷᠡᠭᠵᠢᠭᠦᠯᠬᠦ ᠲᠥᠰᠦᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ | ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠤ ᠲᠥᠯᠥᠪᠯᠡᠭᠡ ︵2017 — 2025 ᠣᠨ︶︾ | ᠬᠡᠷᠡᠭᠵᠢᠭᠦᠯᠬᠦ ᠶᠢ ᠬᠦᠴᠦᠲᠡᠢ ᠳᠡᠮᠵᠢᠵᠦ᠂ ᠲᠥᠪ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠶᠡᠷᠦᠩᠬᠡᠶ ᠪᠠᠶᠢᠷᠢᠯᠠᠭᠤᠯᠤᠯᠲᠠ ᠶᠢᠨ ᠶᠣᠰᠣᠭᠠᠷ᠂ ᠡᠮᠴᠢᠯᠡᠭᠡ | ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ | ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ | ᠥᠭᠡᠷᠡᠴᠢᠯᠡᠯᠲᠡ ᠪᠠᠨ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠦᠷᠭᠦᠯᠵᠢᠯᠡᠬᠦ ᠡᠳ᠋ ᠤᠨ ᠵᠠᠰᠠᠭ ᠤᠨ | ᠣᠷᠣᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠬᠤ ᠶᠢᠨ ᠬᠠᠮᠲᠤ ᠲᠣᠭᠲᠠᠭᠤᠨ ᠢᠶᠠᠷ ᠶᠠᠪᠤᠭᠳᠠᠬᠤ ᠶᠢ | ᠨᠢ ᠠᠬᠢᠭᠤᠯᠤᠨ᠎ᠠ᠃ ᠥᠭᠡᠷᠡᠴᠢᠯᠡᠯᠲᠡ ᠪᠠᠷ ᠳᠠᠮᠵᠢᠭᠤᠯᠵᠤ᠂ ᠲᠥᠪ ᠠᠴᠠ ᠤᠳᠤᠷᠢᠳᠤᠭᠰᠠᠨ᠂ ᠡᠷᠬᠡ ᠬᠠᠷᠢᠭᠤᠴᠠᠯᠭ᠎ᠠ | ᠨᠢ ᠲᠣᠳᠣᠷᠬᠠᠶ᠂ ᠬᠠᠤᠯᠢ ᠶᠣᠰᠣᠭᠠᠷ ᠵᠢᠷᠤᠮᠵᠢᠭᠤᠯᠤᠭᠰᠠᠨ᠂ ᠠᠵᠢᠯᠯᠠᠭᠠᠨ ᠨᠢ ᠥᠨᠳᠥᠷ ᠦᠷ᠎ᠡ ᠪᠦᠲᠦᠮᠵᠢᠲᠡᠶ | ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠬᠤᠪᠢᠶᠠᠷᠢᠯᠠᠬᠤ ᠵᠠᠭᠪᠤᠷ ᠢ ᠪᠦᠷᠢᠯᠳᠦᠭᠦᠯᠵᠦ᠂ ᠪᠦᠬᠦ ᠣᠷᠣᠨ ᠤ ᠦᠨᠳᠦᠰᠦᠨ | ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠠᠩᠭᠠᠯᠭ᠎ᠠ ᠶᠢᠨ ᠦᠷ᠎ᠡ ᠪᠦᠲᠦᠮᠵᠢ ᠪᠠ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ᠬᠤᠶᠠᠷ᠂ ᠦᠨᠳᠦᠰᠦᠨ ᠵᠠᠷᠴᠢᠮ | — ᠵᠠᠰᠠᠭ ᠤᠨ ᠣᠷᠳᠣᠨ ᠢᠶᠠᠷ ᠭᠤᠤᠯᠯᠠᠭᠤᠯᠬᠤ ᠶᠢ ᠪᠠᠷᠢᠮᠲᠠᠯᠠᠵᠤ᠂ ᠬᠥᠮᠦᠨ ᠪᠦᠬᠦᠨ ᠤ ᠡᠷᠬᠡ ᠲᠡᠭᠰᠢ ᠪᠠᠷ | ᠬᠦᠷᠲᠡᠬᠦ ᠶᠢ ᠠᠬᠢᠭᠤᠯᠤᠨ᠎ᠠ᠃ ᠵᠠᠰᠠᠭ ᠤᠨ ᠣᠷᠳᠣᠨ᠂ ᠨᠡᠶᠢᠭᠡᠮ ᠪᠠ ᠬᠤᠪᠢ ᠬᠥᠮᠦᠨ ᠤ ᠣᠷᠣᠭᠤᠯᠤᠯᠲᠠ ᠶᠢᠨ | ᠬᠠᠷᠢᠭᠤᠴᠠᠯᠭ᠎ᠠ ᠶᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠦᠨᠳᠦᠰᠦᠨ ᠡᠮᠴᠢᠯᠡᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡ ᠬᠠᠩᠭᠠᠬᠤ ᠠᠵᠢᠯ ᠳᠠᠬᠢ ᠵᠠᠰᠠᠭ ᠤᠨ ᠣᠷᠳᠣᠨ ᠤ ᠭᠤᠣᠯᠯᠠᠬᠤ ᠪᠠᠶᠢᠷᠢ ᠰᠠᠭᠤᠷᠢ ᠶᠢ | ᠪᠠᠷᠢᠮᠲᠠᠯᠠᠵᠤ᠂ ᠵᠠᠰᠠᠭ ᠤᠨ ᠣᠷᠳᠣᠨ ᠠᠴᠠ ᠡᠷᠡᠭᠦᠯ ᠬᠠᠮᠠᠭᠠᠯᠠᠯ ᠤᠨ ᠲᠠᠯ᠎ᠠ ᠳᠤ ᠣᠷᠣᠭᠤᠯᠤᠯᠲᠠ ᠬᠢᠬᠦ ᠲᠣᠭᠲᠠᠴᠠ ᠶᠢ | ᠲᠡᠭᠦᠯᠳᠡᠷᠵᠢᠭᠦᠯᠬᠦ ᠶᠢᠨ ᠬᠠᠮᠲᠤ ᠣᠷᠣᠭᠤᠯᠤᠯᠲᠠ ᠶᠢ ᠨᠢ ᠠᠯᠬᠤᠮ ᠠᠯᠬᠤᠮ ᠢᠶᠠᠷ ᠨᠡᠮᠡᠭᠳᠡᠭᠦᠯᠦᠨ᠎ᠡ᠃ ᠵᠠᠰᠠᠭ ᠤᠨ | ᠣᠷᠳᠣᠨ ᠢᠶᠠᠷ ᠭᠤᠤᠯᠯᠠᠭᠤᠯᠬᠤ ᠶᠢ ᠪᠠᠷᠢᠮᠲᠠᠯᠠᠬᠤ ᠪᠠ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ | ᠪᠠᠳᠠᠷᠠᠭᠤᠯᠬᠤ ᠪᠠᠨ ᠤᠶᠠᠯᠳᠤᠭᠤᠯᠵᠤ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠵᠤ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠣᠷᠣᠭᠤᠯᠤᠯᠲᠠ ᠶᠢᠨ ᠦᠷ᠎ᠡ | ᠠᠰᠢᠭ ᠢ ᠳᠡᠭᠡᠭᠰᠢᠯᠡᠭᠦᠯᠬᠦ ᠶᠢ ᠨᠢ ᠵᠣᠷᠢᠭᠵᠢᠭᠤᠯᠤᠨ᠎ᠠ᠃ | — ᠵᠢᠮ᠎ᠡ ᠶᠣᠰᠣ ᠶᠢ ᠨᠢ ᠵᠢᠷᠤᠮᠯᠠᠬᠤ ᠶᠢ ᠪᠠᠷᠢᠮᠲᠠᠯᠠᠵᠤ᠂ ᠡᠷᠬᠡ ᠪᠠ ᠬᠠᠷᠢᠭᠤᠴᠠᠯᠭ᠎ᠠ ᠪᠠᠨ | ᠵᠤᠬᠢᠴᠠᠯᠳᠤᠭᠤᠯᠤᠨ ᠨᠢᠭᠡᠳᠬᠡᠬᠦ ᠶᠢ ᠪᠡᠶᠡᠯᠡᠭᠦᠯᠦᠨ᠎ᠡ᠃ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠡᠩ ᠤᠨ ᠵᠢᠮ᠎ᠡ ᠶᠣᠰᠣ ᠶᠢ ᠵᠢᠷᠤᠮᠯᠠᠵᠤ᠂ ᠡᠮᠴᠢᠯᠡᠭᠡ ᠡᠷᠡᠭᠦᠯ | ᠬᠠᠮᠠᠭᠠᠯᠠᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ | ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠵᠤ᠂ | ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠤᠪᠢᠳᠠᠨ ᠡᠭᠦᠷᠭᠡᠯᠡᠬᠦ ᠬᠠᠷᠢᠴᠠᠯ ᠢ ᠤᠯᠠᠮ ᠨᠢᠭᠡ | ᠠᠯᠬᠤᠮ ᠲᠣᠳᠣᠷᠬᠠᠢ ᠲᠣᠭᠲᠠᠭᠠᠨ᠂ ᠡᠯ᠎ᠡ ᠱᠠᠲᠤᠨ ᠤ ᠵᠠᠷᠤᠯᠭ᠎ᠠ ᠶᠢᠨ ᠬᠠᠷᠢᠭᠤᠴᠠᠯᠭ᠎ᠠ ᠶᠢ ᠰᠢᠯᠤᠭᠤᠳᠬᠠᠵᠤ᠂ ᠡᠯ᠎ᠡ | ᠱᠠᠲᠤᠨ ᠤ ᠵᠠᠰᠠᠭ ᠤᠨ ᠣᠷᠳᠣᠨ ᠤ ᠬᠤᠭᠤᠷᠣᠨᠳᠣᠬᠢ ᠡᠷᠬᠡ᠂ ᠬᠠᠷᠢᠭᠤᠴᠠᠯᠭ᠎ᠠ᠂ ᠠᠰᠢᠭ ᠤᠨ ᠵᠣᠬᠢᠴᠠᠯᠳᠤᠩᠭᠤᠢ | ᠪᠠᠶᠢᠬᠤ ᠶᠢ ᠪᠡᠶᠡᠯᠡᠭᠦᠯᠦᠨ᠎ᠡ᠃ | — ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠢᠭᠡᠳᠦᠯᠲᠡᠶ ᠲᠥᠯᠥᠪᠯᠡᠨ ᠨᠡᠶᠢᠲᠡ ᠳᠤ | ᠨᠢ ᠬᠠᠷᠠᠭᠠᠯᠵᠠᠵᠤ ᠭᠤᠤᠯᠳᠠᠯᠭ᠎ᠠ ᠶᠢ ᠨᠢ ᠳᠣᠪᠤᠶᠢᠯᠭᠠᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ | ᠭᠤᠣᠯᠳᠠᠯᠭ᠎ᠠ ᠲᠠᠢ ᠬᠦᠴᠢᠷ ᠠᠰᠠᠭᠤᠳᠠᠯ ᠪᠠ ᠳᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠡᠳ᠋ ᠤᠨ ᠵᠠᠰᠠᠭ ᠤᠨ ᠡᠷᠬᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠨᠡᠶᠢᠳᠡᠮ ᠬᠠᠮᠤᠷᠠᠭᠤᠯᠬᠤ ᠶᠢ ᠪᠠᠷᠢᠮᠲᠠᠯᠠᠨ᠂ | ᠬᠤᠪᠢᠶᠠᠷᠢᠯᠠᠬᠤ ᠰᠢᠰᠲ᠋ᠧᠮᠵᠢ ᠶᠢᠨ ᠪᠦᠷᠢᠨ ᠪᠦᠲᠦᠨ ᠴᠢᠨᠠᠷ ᠢ ᠳᠡᠭᠡᠭᠰᠢᠯᠡᠭᠦᠯᠦᠨ᠎ᠡ︔ ᠡᠯ᠎ᠡ ᠵᠦᠢᠯ ᠤᠨ ᠤᠯᠠᠨ | ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠨᠵᠢ ᠴᠢᠨᠠᠷ ᠪᠠ ᠣᠨᠴᠠᠯᠢᠭ ᠢ ᠭᠦᠨᠵᠡᠭᠡᠶ | ᠵᠠᠳᠠᠯᠵᠤ᠂ ᠬᠤᠪᠢᠶᠠᠷᠢᠯᠠᠬᠤ ᠰᠢᠰᠲ᠋ᠧᠮᠵᠢ ᠶᠢᠨ ᠰᠢᠨᠵᠢᠯᠡᠬᠦ ᠤᠬᠠᠭᠠᠨᠴᠢ ᠴᠢᠨᠠᠷ ᠢ ᠳᠡᠭᠡᠭᠰᠢᠯᠡᠭᠦᠯᠦᠨ᠎ᠡ︔ ᠥᠪᠡᠷᠲᠡᠭᠡᠨ | ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠳᠠᠨ ᠡᠭᠦᠷᠭᠡᠯᠡᠬᠦ ᠠᠷᠭ᠎ᠠ | ᠬᠡᠯᠪᠡᠷᠢ ᠶᠢ ᠵᠣᠬᠢᠰᠲᠠᠶ ᠲᠣᠭᠲᠠᠭᠠᠵᠤ᠂ ᠬᠤᠪᠢᠶᠠᠷᠢᠯᠠᠬᠤ ᠰᠢᠰᠲ᠋ᠧᠮᠵᠢ ᠶᠢᠨ ᠵᠢᠷᠤᠮᠵᠢᠯᠠᠬᠤ ᠴᠢᠨᠠᠷ ᠢ ᠳᠡᠭᠡᠭᠰᠢᠯᠡᠭᠦᠯᠦᠨ᠎ᠡ︔ | ᠲᠥᠷᠥᠯ ᠵᠦᠢᠯ ᠤᠨ ᠪᠡᠯᠡ ᠮᠥᠩᠭᠦ ᠶᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠬᠦ ᠪᠠᠨ ᠨᠢᠭᠡᠳᠦᠯᠲᠡᠶ ᠲᠥᠯᠥᠪᠯᠡᠨ | ᠠᠬᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠬᠦ ᠦᠷ᠎ᠡ ᠠᠰᠢᠭ ᠢ ᠨᠢ ᠳᠡᠭᠡᠭᠰᠢᠯᠡᠭᠦᠯᠦᠨ᠎ᠡ᠃ | — ᠢᠳᠡᠪᠬᠢᠲᠡᠢ ᠪᠥᠭᠡᠳ ᠲᠣᠭᠲᠠᠭᠤᠨ ᠪᠠᠶᠢᠯᠭᠠᠬᠤ ᠶᠢ ᠪᠠᠷᠢᠮᠲᠠᠯᠠᠵᠤ᠂ ᠲᠦᠷᠦᠯ ᠬᠤᠪᠢᠶᠠᠨ ᠪᠤᠳᠤᠯᠭ᠎ᠠ | ᠬᠡᠷᠡᠭᠵᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠮᠠᠨ ᠤ ᠣᠷᠣᠨ ᠤ ᠣᠳᠣ ᠶᠢᠨ ᠡᠳ᠋ ᠤᠨ ᠵᠠᠰᠠᠭ ᠤᠨ | ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠪᠣᠷᠣ ᠲᠥᠯᠥᠪ ᠶᠡᠷᠦᠩᠬᠡᠶ ᠳᠤ ᠪᠠᠨ | ᠲᠣᠭᠲᠠᠭᠤᠨ ᠪᠠᠶᠢᠬᠤ ᠶᠢ ᠪᠠᠲᠤᠯᠠᠵᠤ᠂ ᠢᠳᠡᠪᠬᠢᠲᠡᠶ ᠪᠥᠭᠡᠳ ᠲᠣᠭᠲᠠᠭᠤᠨ ᠪᠠᠶᠢᠯᠭᠠᠵᠤ᠂ ᠨᠠᠷᠢᠯᠢᠭ ᠣᠨᠣᠴᠠᠲᠠᠶ ᠪᠠᠷ | ᠲᠦᠷᠦᠯ ᠬᠤᠪᠢᠶᠠᠨ᠂ ᠲᠥᠪ ᠠᠴᠠ ᠲᠣᠳᠣᠷᠬᠠᠶ ᠲᠣᠭᠲᠠᠭᠠᠭᠰᠠᠨ ᠠᠵᠢᠯ ᠶᠠᠪᠤᠳᠠᠯ ᠤᠨ ᠡᠷᠬᠡ ᠶᠢ ᠡᠷᠡᠰ | ᠲᠤᠭᠤᠰᠢᠯᠠᠭᠤᠯᠤᠨ᠎ᠠ︔ ᠣᠲᠣ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯᠲᠠ ᠨᠢ ᠨᠡᠯᠢᠶᠡᠳ ᠰᠢᠨᠵᠢᠯᠡᠬᠦ | ᠤᠬᠠᠭᠠᠨᠴᠢ ᠪᠥᠭᠡᠳ ᠵᠣᠬᠢᠰᠲᠠᠶ ᠪᠠᠶᠢᠭ᠎ᠠ ᠵᠦᠢᠯᠡᠰ ᠢ ᠨᠤᠲᠠᠯᠠᠨ ᠲᠣᠭᠲᠠᠭᠠᠨ᠎ᠠ︔ ᠣᠲᠣ ᠶᠢᠨ ᠬᠡᠷᠡᠭᠵᠢᠭᠦᠯᠵᠦ | ᠪᠠᠶᠢᠭ᠎ᠠ ᠬᠤᠪᠢᠶᠠᠷᠢᠯᠠᠯᠲᠠ ᠨᠢ ᠰᠢᠨᠵᠢᠯᠡᠬᠦ ᠤᠬᠠᠭᠠᠨᠴᠢ ᠪᠤᠰᠤ ᠪᠣᠯᠪᠠᠴᠤ ᠥᠭᠡᠷᠡᠴᠢᠯᠡᠯᠲᠡ ᠬᠢᠬᠦ ᠨᠥᠬᠦᠴᠡᠯ ᠨᠢ | ᠪᠦᠷᠢᠯᠳᠦᠭᠰᠡᠨ ᠵᠦᠢᠯᠡᠰ ᠲᠤ ᠲᠣᠬᠢᠷᠠᠭᠤᠯᠤᠯᠲᠠ ᠬᠢᠨ᠎ᠡ︔ ᠥᠭᠡᠷᠡᠴᠢᠯᠡᠯᠲᠡ ᠬᠢᠬᠦ ᠨᠥᠬᠦᠴᠡᠯ ᠨᠢ ᠬᠠᠷᠠᠬᠠᠨ | ᠪᠦᠷᠢᠯᠳᠦᠭᠡᠳᠦᠶ ᠵᠦᠢᠯᠡᠰ ᠲᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯᠲᠠ ᠶᠢᠨ ᠪᠠᠶᠢᠳᠠᠯ ᠢ ᠨᠢ ᠲᠦᠷ | ᠦᠷᠭᠦᠯᠵᠢᠯᠡᠭᠦᠯᠬᠦ ᠶᠢᠨ ᠬᠠᠮᠲᠤ᠂ ᠬᠠᠮᠢᠶ᠎ᠠ ᠪᠥᠬᠦᠶ ᠬᠦᠷᠢᠶᠡᠨ ᠳᠠᠬᠢ ᠪᠠᠶᠢᠭᠤᠯᠤᠯ ᠲᠣᠭᠲᠠᠴᠠ ᠶᠢᠨ | ᠥᠭᠡᠷᠡᠴᠢᠯᠡᠯᠲᠡ ᠶᠢᠨ ᠠᠬᠢᠴᠠ ᠶᠢᠨ ᠪᠠᠶᠢᠳᠠᠯ ᠢ ᠦᠨᠳᠦᠰᠦᠯᠡᠨ ᠴᠠᠭ ᠲᠤᠬᠠᠶ ᠳᠤ ᠨᠢ ᠵᠣᠬᠢᠬᠤ ᠲᠣᠬᠢᠷᠠᠭᠤᠯᠤᠯᠲᠠ | ᠬᠢᠨ᠎ᠠ᠃ | ᠭᠤᠷᠪᠠ᠂ ᠭᠤᠤᠯ ᠠᠭᠤᠯᠭ᠎ᠠ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠡᠮᠴᠢᠯᠡᠭᠡᠨ ᠤ ᠪᠠᠲᠤᠯᠠᠭ᠎ᠠ᠂ ᠲᠥᠯᠥᠪᠯᠡᠭᠡᠲᠦ ᠦᠷᠡᠵᠢᠯ᠂ | ᠴᠢᠳᠠᠪᠤᠷᠢ ᠶᠢᠨ ᠪᠠᠶᠢᠭᠤᠯᠤᠯᠲᠠ ᠵᠡᠷᠭᠡ ᠳᠥᠷᠪᠡᠨ ᠲᠠᠯ᠎ᠠ ᠪᠠᠷ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ | ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠬᠤᠪᠢᠶᠠᠷᠢᠯᠠᠨ᠎ᠠ᠃ | ︵ᠨᠢᠭᠡ︶ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠠᠯ᠎ᠠ ᠳᠤ᠃ ᠡᠭᠦᠨ ᠳᠤ ᠤᠯᠠᠨ ᠨᠡᠶᠢᠲᠡ ᠶᠢᠨ | ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠪᠠ ᠤᠯᠠᠨ ᠨᠡᠶᠢᠲᠡ ᠶᠢᠨ ᠭᠦᠨᠳᠦ ᠬᠡᠴᠡᠬᠦᠦ ᠡᠷᠡᠭᠦᠯ | ᠬᠠᠮᠠᠭᠠᠯᠠᠯ ᠤᠨ ᠦᠢᠯᠡᠴᠢᠯᠡᠭᠡ ᠪᠠᠭᠲᠠᠨ᠎ᠠ᠃ | 1. ᠤᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ᠃ ᠡᠭᠦᠨ ᠳᠤ ᠡᠷᠡᠭᠦᠯ | ᠮᠡᠨᠳᠦ ᠶᠢᠨ ᠬᠥᠮᠦᠵᠢᠯ᠂ ᠰᠡᠷᠭᠡᠶᠢᠯᠡᠬᠦ ᠲᠠᠷᠢᠯᠭ᠎ᠠ᠂ ᠭᠤᠤᠯᠳᠠᠯᠭ᠎ᠠ ᠲᠠᠢ ᠬᠥᠮᠦᠰ ᠤᠨ ᠡᠷᠡᠭᠦᠯ ᠮᠡᠨᠳᠦ ᠶᠢᠨ | ᠬᠠᠮᠢᠶᠠᠷᠤᠯᠲᠠ ᠵᠡᠷᠭᠡ ᠤᠤᠯ ᠤᠨ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠠᠭᠤᠯᠭ᠎ᠠ᠂ ᠵᠢᠴᠢ ᠤᠤᠯ ᠤᠨ ᠣᠯᠠᠨ ᠨᠡᠶᠢᠲᠡ ᠶᠢᠨ ᠭᠦᠨᠳᠦ ᠬᠡᠴᠡᠬᠦᠦ ᠡᠷᠡᠭᠦᠯ ᠬᠠᠮᠠᠭᠠᠯᠠᠯ ᠤᠨ ᠦᠢᠯᠡᠴᠢᠯᠡᠭᠡ ᠪᠠ | ᠲᠥᠯᠥᠪᠯᠡᠭᠡᠲᠦ ᠦᠷᠡᠵᠢᠯ ᠤᠨ ᠲᠥᠷᠥᠯ ᠵᠦᠢᠯ ᠠᠴᠠ ᠬᠤᠪᠢᠶᠠᠵᠤ ᠣᠷᠣᠭᠤᠯᠤᠭᠰᠠᠨ ᠡᠪᠡᠳᠴᠢᠨ ᠡᠮᠭᠡᠭ ᠢ | ᠰᠡᠷᠭᠡᠶᠢᠯᠡᠨ ᠳᠠᠷᠤᠬᠤ᠂ ᠡᠬᠡ ᠨᠢᠯᠬᠠᠰ ᠤᠨ ᠡᠷᠡᠭᠦᠯ ᠬᠠᠮᠠᠭᠠᠯᠠᠯ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ | ᠦᠢᠯᠡᠴᠢᠯᠡᠭᠡ᠂ ᠡᠮᠴᠢᠯᠡᠭᠡ ᠪᠠ ᠨᠠᠰᠤᠵᠢᠯ ᠢ ᠤᠶᠠᠯᠳᠤᠭᠤᠯᠬᠤ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ | ᠠᠷᠭᠠᠴᠠᠭᠠᠬᠤ᠂ ᠵᠢᠷᠮᠦᠰᠦᠯᠡᠬᠦ ᠠᠴᠠ ᠡᠮᠦᠨᠡᠬᠢ ᠪᠠᠶᠢᠴᠠᠭᠠᠯᠲᠠ ᠵᠡᠷᠭᠡ ᠠᠭᠤᠯᠭ᠎ᠠ ᠪᠠᠭᠲᠠᠨ᠎ᠠ᠃ ᠡᠭᠦᠨ ᠳᠤ᠂ | ᠤᠤᠯ ᠤᠨ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠤᠨ | ᠠᠭᠤᠯᠭ᠎ᠠ᠂ ᠪᠠᠯᠠ ᠮᠥᠩᠭᠦ᠂ ᠬᠡᠷᠡᠭᠯᠡᠬᠦ ᠭᠤᠤᠯ ᠴᠣᠭᠴᠠ ᠵᠡᠷᠭᠡ ᠶᠢᠨ ᠬᠠᠷᠢᠴᠠᠩᠭᠤᠶ ᠪᠠᠷ ᠪᠡᠶ᠎ᠡ ᠪᠠᠨ ᠳᠠᠭᠠᠭᠠᠵᠤ | ᠪᠠᠶᠢᠬᠤ ᠪᠠ ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠵᠣᠬᠢᠬᠤ ᠦᠢᠯᠡᠴᠢᠯᠡᠭᠡᠨ ᠤ ᠵᠢᠷᠤᠮᠵᠢᠯ ᠶᠣᠰᠣᠭᠠᠷ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ︔ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠳᠤ | ᠰᠢᠨ᠎ᠡ ᠪᠠᠷ ᠬᠤᠪᠢᠶᠠᠵᠤ ᠣᠷᠣᠭᠤᠯᠤᠭᠰᠠᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ᠵᠢᠯᠣᠭᠤᠳᠤᠯᠭ᠎ᠠ | ᠳᠣᠤᠷ᠎ᠠ ᠡᠯ᠎ᠡ ᠠᠶᠢᠮᠠᠭ ᠬᠤᠲᠠ ᠨᠢ ᠪᠣᠳᠠᠲᠠᠢ ᠲᠠᠢ ᠪᠠᠨ ᠤᠶᠠᠯᠳᠤᠭᠤᠯᠵᠤ ᠪᠠᠶᠢᠭᠠᠳ ᠪᠡᠶ᠎ᠡ ᠪᠠᠨ ᠳᠠᠭᠠᠭᠠᠨ | ᠲᠣᠬᠢᠷᠠᠭᠤᠯᠵᠤ᠂ ᠪᠡᠯᠡ ᠮᠥᠩᠭᠦ ᠶᠢ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ | ᠬᠡᠷᠡᠭᠯᠡᠭᠦᠯᠬᠦ ᠪᠠᠷ ᠬᠢᠵᠠᠭᠠᠷᠯᠠᠬᠤ ᠦᠭᠡᠢ᠃ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ | ᠦᠢᠯᠡᠴᠢᠯᠡᠭᠡ ᠨᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ | ᠠᠵᠢᠯ ᠶᠠᠪᠤᠳᠠᠯ ᠬᠠᠮᠢᠶᠠᠷᠬᠤ ᠡᠷᠬᠡ ᠳᠤ ᠪᠠᠭᠳᠠᠵᠦ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ | ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠨᠢ ᠳᠡᠰ ᠬᠤᠪᠢᠶᠠᠨ ᠨᠥᠬᠦᠪᠥᠷᠢ ᠥᠭᠬᠦ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ ᠪᠣᠳᠠᠲᠠᠶ ᠬᠡᠷᠡᠭᠵᠢᠭᠦᠯᠦᠨ᠎ᠡ᠃ | 2. ᠤᠯᠠᠨ ᠨᠡᠶᠢᠲᠡ ᠶᠢᠨ ᠭᠦᠨᠳᠦ ᠬᠡᠴᠡᠬᠦᠦ ᠡᠷᠡᠭᠦᠯ ᠬᠠᠮᠠᠭᠠᠯᠠᠯ ᠤᠨ ᠦᠢᠯᠡᠴᠢᠯᠡᠭᠡ᠃ ᠪᠦᠬᠦ ᠤᠯᠤᠰ ᠤᠨ | ᠴᠢᠨᠠᠷᠲᠠᠶ ᠪᠤᠶᠤ ᠣᠷᠣᠨ ᠪᠦᠰᠡ ᠠᠯᠤᠰᠯᠠᠭᠰᠠᠨ ᠬᠦᠨᠳᠦ ᠬᠡᠴᠡᠭᠦᠦ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ | ᠳᠠᠷᠤᠬᠤ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠶᠡᠭᠡ ᠦᠢᠯᠡᠴᠢᠯᠡᠭᠡ᠂ ᠭᠤᠤᠯᠳᠠᠭᠤ | ᠤᠯᠤᠰ ᠤᠨ ᠡᠭᠡᠯᠢᠯᠡᠭᠡ ᠶᠢᠨ ᠲᠥᠯᠥᠪᠵᠢᠭᠦᠯᠭᠡ ᠳᠤ ᠣᠷᠣᠭᠤᠯᠤᠭᠰᠠᠨ ᠡᠩ ᠤᠨ ᠡᠭᠡᠯᠢᠯᠡᠭᠡ ᠵᠢᠴᠢ ᠤᠯᠤᠰ ᠤᠨ | ᠲᠣᠭᠲᠠᠭᠠᠭᠰᠠᠨ ᠨᠡᠶᠢᠲᠡ ᠴᠣᠭᠴᠠ ᠶᠢᠨ ᠴᠢᠨᠠᠷᠲᠠᠶ ᠰᠡᠷᠭᠡᠶᠢᠯᠡᠬᠦ ᠲᠠᠷᠢᠯᠭ᠎ᠠ ᠪᠠ ᠭᠤᠤᠯᠳᠠᠯᠭ᠎ᠠ ᠲᠠᠢ ᠬᠥᠮᠦᠰ ᠤᠨ | ᠪᠠᠴᠢᠮ ᠪᠠᠶᠢᠳᠠᠯ ᠢ ᠠᠷᠭᠠᠴᠠᠭᠠᠬᠤ ᠲᠠᠷᠢᠯᠭ᠎ᠠ ᠳᠤ ᠬᠡᠷᠡᠭᠰᠡᠬᠦ ᠸᠠᠺᠼᠢᠨ ᠪᠣᠯᠤᠨ ᠲᠠᠷᠢᠯᠭ᠎ᠠ ᠶᠢᠨ ᠪᠠᠭᠠᠵᠢ ᠬᠤᠳᠠᠯᠳᠤᠨ | ᠠᠪᠬᠤ᠂ ᠠᠶᠢᠽ ᠡᠪᠡᠳᠴᠢᠨ᠂ ᠰᠦᠷᠢᠶ᠎ᠡ ᠡᠪᠡᠳᠴᠢᠨ᠂ ᠴᠢᠰᠤ ᠰᠤᠷᠤᠭᠴᠢ ᠬᠤᠷᠣᠬᠠᠶ ᠶᠢᠨ ᠡᠪᠡᠳᠴᠢᠨ᠂ ᠪᠡᠳᠡᠬᠢ | ᠬᠤᠷᠤᠬᠠᠶᠢᠳᠤ ᠡᠪᠡᠳᠴᠢᠨ ᠢ ᠰᠡᠷᠭᠡᠶᠢᠯᠡᠨ ᠳᠠᠷᠤᠬᠤ ᠵᠡᠷᠭᠡ ᠶᠢ ᠪᠠᠭᠲᠠᠭᠠᠭᠰᠠᠨ᠂ ᠣᠶᠤᠨ ᠮᠡᠳᠡᠷᠡᠯ ᠰᠡᠳᠬᠢᠴᠡ ᠶᠢᠨ | ᠡᠪᠡᠳᠴᠢᠨ ᠤ ᠶᠡᠷᠦᠩᠬᠡᠶᠢᠯᠡᠭᠰᠡᠨ ᠬᠠᠮᠢᠶᠠᠷᠤᠯᠲᠠ᠂ ᠬᠦᠨᠳᠦ ᠶᠡᠭᠡ ᠤᠵᠢᠭ ᠡᠪᠡᠳᠴᠢᠨ ᠢ ᠰᠡᠷᠭᠡᠶᠢᠯᠡᠨ ᠡᠮᠨᠡᠬᠦ | ᠬᠠᠮᠢᠶᠠᠷᠤᠯᠲᠠ ᠶᠢᠨ ᠵᠠᠭᠪᠤᠷ ᠪᠠ ᠵᠤᠬᠢᠯᠳᠤᠬᠤ ᠮᠡᠷᠭᠡᠵᠢᠯ ᠤᠨ ᠰᠥᠪᠡᠭᠴᠢᠯᠡᠯᠲᠡ ᠵᠡᠷᠭᠡ ᠠᠭᠤᠯᠭ᠎ᠠ ᠨᠢ ᠲᠥᠪ ᠤᠨ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠵᠤ ᠬᠤᠪᠢᠶᠠᠷᠢᠯᠠᠭᠳᠠᠭᠰᠠᠨ ᠪᠠᠶᠢᠪᠠᠯ᠂ ᠲᠥᠪ ᠤᠨ ᠡᠳ᠋ ᠤᠨ | ᠵᠠᠰᠠᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠤᠤᠯ ᠤᠨ ᠣᠯᠠᠨ ᠨᠡᠶᠢᠲᠡ ᠶᠢᠨ ᠭᠦᠨᠳᠦ ᠬᠡᠴᠡᠬᠦᠦ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠳᠠᠬᠢ ᠬᠢᠲᠠᠳ ᠡᠮ ᠡᠮᠨᠡᠯᠭᠡ ᠶᠢᠨ ᠦᠢᠯᠡᠰ ᠤᠨ ᠤᠯᠠᠮᠵᠢᠯᠠᠯ ᠬᠢᠭᠡᠳ | ᠬᠥᠭᠵᠢᠯᠲᠡ ᠶᠢ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ ᠳᠤ ᠬᠤᠪᠢᠶᠠᠷᠢᠯᠠᠨ ᠣᠷᠣᠭᠤᠯᠤᠨ᠎ᠠ᠃ ᠳᠡᠭᠡᠷ᠎ᠡ | ᠳᠤᠷᠠᠳᠤᠭᠰᠠᠨ ᠲᠥᠷᠥᠯ ᠵᠦᠢᠯ ᠠᠴᠠ ᠭᠠᠳᠠᠨ᠎ᠠ ᠤᠤᠯ ᠤᠨ ᠣᠯᠠᠨ ᠨᠡᠶᠢᠲᠡ ᠶᠢᠨ ᠭᠦᠨᠳᠦ ᠬᠡᠴᠡᠬᠦᠦ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠢ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠨᠢᠭᠡᠳᠦᠯᠲᠡᠶ ᠲᠣᠬᠢᠷᠠᠭᠤᠯᠤᠯᠲᠠ ᠳᠤ ᠣᠷᠣᠭᠤᠯᠤᠨ᠎ᠠ᠃ | ︵ᠬᠤᠶᠠᠷ︶ ᠡᠮᠴᠢᠯᠡᠭᠡᠨ ᠤ ᠪᠠᠲᠤᠯᠠᠭ᠎ᠠ ᠶᠢᠨ ᠲᠠᠯ᠎ᠠ ᠳᠤ᠃ ᠡᠭᠦᠨ ᠳᠤ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠡᠮᠴᠢᠯᠡᠭᠡᠨ ᠤ ᠦᠨᠳᠦᠰᠦᠨ ᠳᠠᠭᠠᠳᠬᠠᠯ ᠤᠨ ᠨᠥᠬᠦᠪᠥᠷᠢ ᠪᠠ ᠡᠮᠴᠢᠯᠡᠭᠡᠨ ᠤ ᠠᠪᠤᠷᠠᠨ ᠲᠤᠰᠠᠯᠠᠬᠤ | ᠪᠠᠭᠲᠠᠨ᠎ᠠ᠃ | 1. ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠦᠨᠳᠦᠰᠦᠨ ᠳᠠᠭᠠᠳᠬᠠᠯ ᠤᠨ ᠨᠥᠬᠦᠪᠥᠷᠢ᠃ | ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠳ᠋ ᠤᠨ ᠵᠠᠰᠠᠭ ᠨᠢ ᠲᠣᠭᠲᠠᠭᠠᠯ ᠶᠣᠰᠣᠭᠠᠷ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠦᠨᠳᠦᠰᠦᠨ ᠳᠠᠭᠠᠳᠬᠠᠯ ᠲᠤᠰᠢᠶᠠᠬᠤ ᠰᠦᠢᠳᠭᠡᠯ ᠤᠨ | ᠨᠥᠬᠦᠪᠥᠷᠢ ᠣᠯᠭᠤᠨ᠎ᠠ᠃ 6 ᠲᠦᠮᠡᠨ ᠭᠦᠮᠦᠨ ᠠᠴᠠ ᠲᠤᠷᠤᠨᠨᠰᠢᠬᠢ ᠮᠠᠯᠵᠢᠬᠤ ᠬᠤᠰᠢᠭᠤ ᠰᠢᠶᠠᠨ ᠤ | ᠳᠠᠭᠠᠳᠬᠠᠯ ᠳᠤ ᠣᠷᠣᠯᠴᠠᠭᠰᠠᠨ ᠮᠠᠯᠴᠢᠨ ᠲᠠᠷᠢᠶᠠᠴᠢᠳ ᠲᠤ ᠵᠢᠯ ᠪᠦᠷᠢ ᠬᠥᠮᠦᠨ ᠪᠦᠷᠢ ᠳᠤ ᠨᠥᠬᠦᠪᠥᠷᠢ ᠶᠢ ᠨᠢ 20 | ᠲᠥᠭᠦᠷᠢᠭ ᠨᠡᠮᠡᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠳᠡᠰ ᠬᠤᠪᠢᠶᠠᠨ ᠨᠥᠬᠦᠪᠥᠷᠢᠯᠡᠬᠦ ᠶᠢ | ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ | ᠶᠣᠰᠣᠭᠠᠷ ᠪᠣᠳᠠᠲᠠᠶ ᠬᠡᠷᠡᠭᠵᠢᠭᠦᠯᠦᠨ᠎ᠡ᠃ | 2. ᠡᠮᠴᠢᠯᠡᠭᠡᠨ ᠤ ᠠᠪᠤᠷᠠᠨ ᠲᠤᠰᠠᠯᠠᠬᠤ᠃ ᠡᠭᠦᠨ ᠳᠤ ᠬᠤᠲᠠ ᠬᠥᠳᠡᠭᠡ ᠶᠢᠨ ᠡᠮᠴᠢᠯᠡᠭᠡᠨ ᠤ ᠠᠪᠤᠷᠠᠨ | ᠲᠤᠰᠠᠯᠠᠬᠤ ᠪᠠ ᠡᠪᠡᠳᠴᠢᠨ ᠡᠮᠭᠡᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠠᠭᠲᠠᠨ᠎ᠠ᠃ | ᠥᠪᠡᠷᠲᠡᠭᠡᠨ ᠵᠠᠰᠠᠬᠤ ᠣᠷᠣᠨ ᠠᠴᠠ ᠠᠪᠤᠷᠠᠨ ᠲᠤᠰᠠᠯᠠᠬᠤ ᠬᠡᠷᠡᠭᠴᠡᠭᠡ ᠱᠠᠭᠠᠷᠳᠠᠯᠭ᠎ᠠ ᠪᠠ ᠡᠳ᠋ ᠤᠨ ᠬᠦᠴᠦᠨ ᠤ | ᠪᠠᠶᠢᠳᠠᠯ ᠵᠡᠷᠭᠡ ᠡᠯᠧᠮᠧᠨ᠋ᠲ ᠢ ᠦᠨᠳᠦᠰᠦᠯᠡᠨ ᠪᠡᠯᠡ ᠮᠥᠩᠭᠦ ︵ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ | ᠪᠠᠭᠲᠠᠨ᠎ᠠ︶ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢᠨ ᠬᠠᠮᠲᠤ᠂ ᠲᠥᠪ ᠤᠨ ᠨᠥᠬᠦᠪᠥᠷᠢ ᠶᠢᠨ ᠪᠡᠯᠡ | ᠮᠥᠩᠭᠦ ᠶᠢ ᠨᠢᠭᠡᠳᠦᠯᠲᠡᠶ ᠲᠥᠯᠥᠪᠯᠡᠵᠦ᠂ ᠡᠯ᠎ᠡ ᠭᠠᠵᠠᠷ ᠣᠷᠣᠨ ᠤ ᠡᠳ᠋ ᠤᠨ ᠬᠦᠴᠦᠨ ᠤ ᠪᠠᠶᠢᠳᠠᠯ᠂ ᠪᠠᠲᠤᠯᠠᠭ᠎ᠠ | ᠬᠦᠷᠲᠡᠭᠰᠡᠳ ᠤᠨ ᠲᠤᠭ᠎ᠠ ᠵᠡᠷᠭᠡ ᠡᠯᠧᠮᠧᠨ᠋ᠲ ᠢ ᠦᠨᠳᠦᠰᠦᠯᠡᠨ ᠬᠤᠪᠢᠶᠠᠷᠢᠯᠠᠬᠤ ᠲᠤᠭ᠎ᠠ ᠬᠡᠮᠵᠢᠶ᠎ᠡ ᠶᠢ ᠲᠣᠭᠲᠠᠭᠠᠵᠤ᠂ | ᠠᠶᠢᠮᠠᠭ ᠬᠤᠲᠠ ᠶᠢᠨ ᠡᠳ᠋ ᠤᠨ ᠵᠠᠰᠠᠭ ᠨᠢ ᠲᠣᠭᠲᠠᠭᠠᠯ ᠶᠣᠰᠣᠭᠠᠷ ᠨᠥᠬᠦᠪᠥᠷᠢ ᠶᠢᠨ ᠪᠡᠯᠡ ᠮᠥᠩᠭᠦ ᠶᠢ | ᠲᠣᠬᠢᠷᠠᠭᠤᠯᠤᠨ᠎ᠠ᠃ | ︵ᠭᠤᠷᠪᠠ︶ ᠲᠥᠯᠥᠪᠯᠡᠭᠡᠲᠦ ᠦᠷᠡᠵᠢᠯ ᠤᠨ ᠲᠠᠯ᠎ᠠ ᠳᠤ᠃ ᠡᠭᠦᠨ ᠳᠤ ᠬᠥᠳᠡᠭᠡ ᠲᠣᠰᠬᠤᠨ ᠤ ᠬᠡᠰᠡᠭ | ᠲᠥᠯᠥᠪᠯᠡᠭᠡ ᠲᠠᠢ ᠪᠠᠷ ᠬᠡᠤᠬᠡᠳ ᠠᠪᠤᠭᠰᠠᠨ ᠭᠡᠷ ᠪᠦᠯᠢ ᠶᠢ ᠱᠠᠩᠨᠠᠨ ᠬᠦᠬᠢᠭᠦᠯᠵᠦ ᠲᠡᠳᠭᠦᠬᠦ᠂ ᠲᠥᠯᠥᠪᠯᠡᠭᠡ ᠲᠠᠢ ᠪᠠᠷ | ᠬᠡᠤᠬᠡᠳ ᠠᠪᠤᠭᠰᠠᠨ ᠭᠡᠷ ᠪᠦᠯᠢ ᠶᠢ ᠣᠨᠴᠠᠭᠠᠶᠢᠯᠠᠨ ᠲᠡᠳᠬᠦᠬᠦ ᠪᠠ ᠲᠥᠯᠥᠪᠯᠡᠭᠡᠲᠦ ᠦᠷᠡᠵᠢᠯ ᠤᠨ ︽ᠴᠥᠭᠡᠨ | ᠬᠡᠦᠬᠡᠳ ᠠᠪᠴᠤ ᠲᠦᠷᠭᠡᠨ ᠪᠠᠶᠠᠵᠢᠬᠤ︾ ᠢᠨᠵᠧᠨᠧᠷᠢᠩ ᠳᠠᠬᠢ ᠲᠥᠯᠥᠪᠯᠡᠭᠡ ᠲᠠᠢ ᠪᠠᠷ ᠬᠡᠤᠬᠡᠳ ᠠᠪᠬᠤ ᠶᠢ | ᠲᠡᠳᠬᠦᠬᠦ 3 ᠪᠠᠲᠤᠯᠠᠭ᠎ᠠ ᠶᠢᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ | ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠳᠤ ᠪᠠᠭᠲᠠᠭᠠᠬᠤ ᠪᠠᠷ ᠲᠣᠳᠣᠷᠬᠠᠢ ᠲᠣᠭᠲᠠᠭᠠᠭᠰᠠᠨ | ᠪᠠᠶᠢᠪᠠᠯ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ | ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠳᠡᠰ | ᠬᠤᠪᠢᠶᠠᠨ ᠨᠥᠬᠦᠪᠥᠷᠢ ᠥᠭᠬᠦ ᠶᠢ ᠬᠡᠷᠡᠭᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ | ᠮᠠᠲ᠋ᠧᠷᠢᠶᠠᠯ ᠤᠨ ᠲᠣᠭᠲᠠᠭᠠᠯ ᠶᠣᠰᠣᠭᠠᠷ ᠪᠣᠳᠠᠲᠠᠶ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ | ᠬᠡᠷᠡᠭᠵᠢᠭᠦᠯᠵᠦ ᠪᠠᠶᠢᠭ᠎ᠠ ᠲᠥᠯᠥᠪᠯᠡᠭᠡ ᠲᠠᠢ ᠪᠠᠷ ᠬᠡᠦᠬᠡᠳ ᠠᠪᠤᠭᠰᠠᠨ ᠭᠡᠷ ᠪᠦᠯᠢ ᠶᠢᠨ ᠨᠥᠬᠦᠪᠦᠷᠢ ᠶᠢᠨ ᠲᠥᠷᠥᠯ | ᠵᠦᠢᠯ ︵ᠭᠠᠭᠴᠠᠬᠠᠨ ᠦᠷ᠎ᠡ ᠬᠡᠦᠬᠡᠳ ᠲᠠᠢ ᠡᠴᠢᠭᠡ ᠡᠬᠡᠴᠦᠦᠯ ᠢ ᠱᠠᠩᠨᠠᠬᠤ ᠵᠠᠷᠤᠳᠠᠯ︶ ᠪᠤᠶᠤ ᠨᠡᠶᠢᠲᠡᠯᠡᠭᠰᠡᠨ | ᠲᠥᠯᠥᠪᠯᠡᠭᠡᠲᠦ ᠦᠷᠡᠵᠢᠯ ᠤᠨ ᠲᠡᠳᠬᠦᠮᠵᠢ ᠶᠢᠨ ᠮᠥᠩᠭᠦᠨ ᠤ ᠪᠠᠷᠢᠮᠵᠢᠶ᠎ᠠ ᠳᠠᠬᠢ ᠤᠯᠤᠰ ᠤᠨ ᠲᠡᠳᠬᠦᠮᠵᠢ ᠶᠢᠨ | ᠮᠥᠩᠭᠦᠨ ᠤ ᠪᠠᠷᠢᠮᠵᠢᠶ᠎ᠠ ᠠᠴᠠ ᠬᠡᠲᠦᠷᠡᠭᠰᠡᠨ ᠬᠡᠰᠡᠭ ᠲᠤ ᠬᠡᠷᠡᠭᠰᠡᠬᠦ ᠵᠠᠷᠤᠳᠠᠯ ᠢ ᠨᠢ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠢᠶᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃ | ︵ᠳᠥᠷᠪᠡ︶ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ ᠳᠤ᠃ ᠡᠭᠦᠨ ᠳᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ ᠪᠠᠶᠢᠭᠤᠯᠤᠯᠲᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠴᠢᠳᠠᠪᠤᠷᠢ ᠶᠢᠨ ᠳᠡᠭᠡᠭᠰᠢᠯᠡᠯᠲᠡ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠶᠠᠪᠤᠳᠠᠯ᠂ | ᠡᠮᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ᠂ ᠬᠢᠲᠠᠳ ᠡᠮ ᠡᠮᠨᠡᠯᠭᠡ ᠶᠢᠨ ᠦᠢᠯᠡᠰ ᠤᠨ | ᠤᠯᠠᠮᠵᠢᠯᠠᠯ ᠬᠢᠭᠡᠳ ᠬᠥᠭᠵᠢᠯᠲᠡ ᠪᠠ ᠮᠣᠩᠭᠤᠯ ᠡᠮ ᠡᠮᠨᠡᠯᠭᠡ ᠶᠢᠨ ᠦᠢᠯᠡᠰ ᠢ ᠭᠦᠭᠵᠢᠬᠦᠯᠦᠨ ᠮᠠᠨᠳᠤᠭᠤᠯᠬᠤ | ᠪᠠᠭᠲᠠᠨ᠎ᠠ᠃ | 1. ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ | ᠪᠠᠶᠢᠭᠤᠯᠤᠯᠲᠠ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ | ᠪᠠᠶᠢᠭᠤᠯᠤᠯᠲᠠ ᠶᠢᠨ ᠨᠥᠬᠦᠪᠥᠷᠢ ᠶᠢ ᠬᠠᠷᠢᠶᠠᠯᠠᠭᠳᠠᠬᠤ ᠬᠠᠷᠢᠴᠠᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠤᠶᠤ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ | ᠶᠠᠪᠤᠳᠠᠯ ᠤᠨ ᠡᠷᠬᠡ ᠪᠣᠯᠭᠠᠨ ᠲᠣᠰ ᠲᠣᠰ ᠲᠣᠳᠣᠷᠬᠠᠢ ᠲᠣᠭᠲᠠᠭᠠᠭᠰᠠᠨ ᠪᠠᠶᠢᠪᠠᠯ᠂ ᠠᠳᠠᠯᠢ ᠱᠠᠲᠤᠨ ᠤ ᠡᠳ᠋ ᠤᠨ | ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ | ᠲᠥᠯᠥᠪᠵᠢᠭᠦᠯᠭᠡ ᠳᠤ ᠨᠡᠶᠢᠴᠡᠭᠰᠡᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ ᠪᠠᠶᠢᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠣᠯᠭᠠᠨ ᠲᠣᠳᠣᠷᠬᠠᠢ ᠲᠣᠭᠲᠠᠭᠠᠭᠰᠠᠨ ᠪᠠᠶᠢᠪᠠᠯ᠂ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠥᠪᠡᠷᠲᠡᠭᠡᠨ ᠵᠠᠰᠠᠬᠤ | ᠣᠷᠣᠨ ᠤ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠨᠠᠶᠢᠳᠠᠭᠰᠠᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠪᠠᠴᠢᠮ ᠠᠪᠤᠷᠠᠨ | ᠡᠮᠨᠡᠬᠦ᠂ ᠭᠠᠳᠠᠭᠰᠢ ᠲᠤᠰᠠᠯᠠᠬᠤ᠂ ᠲᠠᠷᠢᠶᠠᠯᠠᠩ ᠢ ᠳᠡᠮᠵᠢᠬᠦ᠂ ᠬᠢᠯᠢ ᠬᠢᠵᠠᠭᠠᠷ ᠣᠷᠣᠨ ᠢ ᠳᠡᠮᠵᠢᠬᠦ ᠵᠡᠷᠭᠡ ᠡᠭᠦᠷᠭᠡ ᠶᠢ | ᠡᠭᠦᠷᠭᠡᠯᠡᠭᠰᠡᠨ ᠪᠠᠶᠢᠪᠠᠯ᠂ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠣᠬᠢᠰᠲᠠᠶ ᠨᠥᠬᠦᠪᠦᠷᠢ ᠣᠯᠭᠤᠨ᠎ᠠ᠃ ᠣᠷᠣᠨ | ᠪᠦᠰᠡ ᠶᠢᠨ ᠡᠷᠡᠭᠦᠯ ᠬᠠᠮᠠᠭᠠᠯᠠᠯ ᠤᠨ ᠲᠥᠯᠥᠪᠵᠢᠭᠦᠯᠭᠡ ᠳᠤ ᠨᠡᠶᠢᠴᠡᠭᠰᠡᠨ ᠠᠶᠢᠮᠠᠭ ᠬᠤᠲᠠ ᠶᠢᠨ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ ᠪᠠᠶᠢᠭᠤᠯᠤᠯᠲᠠ ᠶᠢ ᠠᠶᠢᠮᠠᠭ ᠬᠤᠲᠠ ᠶᠢᠨ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠭᠰᠠᠨ ᠪᠠᠶᠢᠪᠠᠯ᠂ ᠠᠶᠢᠮᠠᠭ ᠬᠤᠲᠠ ᠶᠢᠨ ᠡᠳ᠋ ᠤᠨ ᠵᠠᠰᠠᠭ ᠨᠢ | ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠠᠶᠢᠮᠠᠭ ᠬᠤᠲᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ | ᠡᠷᠬᠡ ᠶᠢᠨ ᠡᠭᠦᠷᠭᠡ ᠶᠢ ᠡᠭᠦᠷᠭᠡᠯᠡᠭᠰᠡᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠵᠣᠬᠢᠰᠲᠠᠶ | ᠨᠥᠬᠦᠪᠥᠷᠢ ᠣᠯᠭᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠠᠶᠢᠮᠠᠭ ᠬᠤᠲᠠ ᠶᠢᠨ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠬᠤ᠂ | ᠤᠯᠤᠰ ᠤᠨ ᠦᠨᠳᠦᠰᠦᠨ ᠡᠮ ᠤᠨ ᠵᠦᠢᠯ ᠤᠨ ᠳᠦᠷᠢᠮ ᠢ ᠬᠡᠷᠡᠭᠵᠢᠭᠦᠯᠬᠦ᠂ ᠬᠦᠴᠢᠷᠳᠡᠯᠲᠡᠶ ᠭᠠᠵᠠᠷ ᠣᠷᠣᠨ ᠤ | ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠳᠤ ᠲᠣᠭᠲᠠᠭᠠᠯ ᠶᠣᠰᠣᠭᠠᠷ ᠨᠥᠬᠦᠪᠦᠷᠢ ᠣᠯᠭᠤᠨ᠎ᠠ᠃ | ᠨᠡᠶᠢᠭᠡᠮ ᠤᠨ ᠬᠦᠴᠦᠨ ᠤ ᠡᠮᠨᠡᠯᠭᠡ ᠡᠷᠬᠢᠯᠡᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠴᠤ᠂ ᠡᠯ᠎ᠡ ᠱᠠᠲᠤᠨ ᠤ | ᠡᠳ᠋ ᠤᠨ ᠵᠠᠰᠠᠭ ᠨᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ | 2. ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢ ᠶᠢᠨ ᠳᠡᠭᠡᠭᠰᠢᠯᠡᠯᠲᠡ᠃ ᠡᠭᠦᠨ ᠳᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠭᠤᠣᠯᠳᠠᠯᠭ᠎ᠠ ᠲᠠᠢ ᠰᠢᠨᠵᠢᠯᠡᠭᠡᠨ ᠤ | ᠬᠥᠭᠵᠢᠯᠲᠡ ᠵᠡᠷᠭᠡ ᠪᠠᠭᠲᠠᠨ᠎ᠠ᠃ ᠥᠪᠡᠷᠲᠡᠭᠡᠨ ᠵᠠᠰᠠᠬᠤ ᠣᠷᠣᠨ ᠠᠴᠠ ᠪᠠᠶᠢᠯᠳᠤᠬᠤ ᠪᠣᠳᠣᠯᠭ᠎ᠠ ᠶᠢᠨ | ᠲᠥᠯᠥᠪᠵᠢᠭᠦᠯᠭᠡ ᠶᠢ ᠦᠨᠳᠦᠰᠦᠯᠡᠨ ᠨᠢᠭᠡᠳᠦᠯᠲᠡᠶ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠭᠤᠤᠯᠳᠠᠯᠭ᠎ᠠ ᠲᠠᠢ ᠰᠢᠨᠵᠢᠯᠡᠭᠡᠨ ᠤ | ᠬᠥᠭᠵᠢᠯᠲᠡ ᠵᠡᠷᠭᠡ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠲᠣᠳᠣᠷᠬᠠᠢ ᠲᠣᠭᠲᠠᠭᠠᠭᠰᠠᠨ ᠪᠠᠶᠢᠪᠠᠯ᠂ ᠥᠪᠡᠷᠲᠡᠭᠡᠨ | ᠵᠠᠰᠠᠬᠤ ᠣᠷᠣᠨ ᠪᠠ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤ ᠪᠠᠷ | ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠠᠵᠢᠯ ᠤᠨ ᠡᠭᠦᠷᠭᠡ ᠶᠢᠨ ᠬᠡᠮᠵᠢᠶ᠎ᠡ᠂ | ᠨᠥᠬᠦᠪᠥᠷᠢ ᠶᠢᠨ ᠪᠠᠷᠢᠮᠵᠢᠶ᠎ᠠ᠂ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠵᠡᠷᠭᠡ ᠪᠠᠶᠢᠳᠠᠯ ᠢ ᠦᠨᠳᠦᠰᠦᠯᠡᠵᠦ | ᠰᠢᠯᠵᠢᠭᠦᠯᠦᠨ ᠦᠭᠬᠦ ᠪᠡᠯᠡ ᠮᠥᠩᠭᠦ ᠶᠢ ᠬᠤᠪᠢᠶᠠᠷᠢᠯᠠᠨ ᠲᠤᠬᠢᠷᠠᠭᠤᠯᠤᠨ᠎ᠠ᠃ ᠠᠶᠢᠮᠠᠭ ᠬᠤᠲᠠ ᠶᠢᠨ ᠪᠡᠶ᠎ᠡ ᠪᠠᠨ | ᠳᠠᠭᠠᠭᠠᠨ ᠬᠡᠷᠡᠭᠵᠢᠭᠦᠯᠵᠦ ᠪᠠᠶᠢᠭ᠎ᠠ ᠴᠢᠳᠠᠪᠤᠷᠢ ᠶᠢᠨ ᠳᠡᠭᠡᠭᠰᠢᠯᠡᠭᠦᠯᠬᠦ ᠲᠥᠷᠥᠯ ᠵᠦᠢᠯ ᠢ ᠠᠶᠢᠮᠠᠭ ᠬᠤᠲᠠ ᠶᠢᠨ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠭᠰᠠᠨ ᠪᠠᠶᠢᠪᠠᠯ᠂ ᠠᠶᠢᠮᠠᠭ ᠬᠤᠲᠠ ᠶᠢᠨ ᠡᠳ᠋ ᠤᠨ ᠵᠠᠰᠠᠭ | ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | 3. ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠶᠠᠪᠤᠳᠠᠯ᠃ ᠡᠭᠦᠨ ᠳᠤ ᠪᠠᠶᠢᠯᠳᠤᠬᠤ | ᠪᠣᠳᠣᠯᠭ᠎ᠠ ᠶᠢᠨ ᠲᠦᠯᠦᠪᠵᠢᠬᠦᠯᠬᠡ᠂ ᠶᠡᠷᠦᠩᠬᠡᠶᠢᠯᠡᠨ ᠬᠢᠨᠠᠵᠤ ᠬᠠᠮᠢᠶᠠᠷᠬᠤ᠂ ᠤᠬᠠᠭᠤᠯᠵᠤ ᠬᠦᠲᠦᠯᠦᠨ ᠵᠢᠯᠣᠭᠤᠳᠬᠤ᠂ | ᠡᠷᠡᠭᠦᠯ ᠮᠡᠨᠳᠦ ᠶᠢ ᠠᠬᠢᠭᠤᠯᠬᠤ᠂ ᠦᠨᠳᠦᠰᠦᠨ ᠡᠮ ᠤᠨ ᠵᠦᠢᠯ ᠪᠠ ᠳᠤᠲᠠᠭᠳᠠᠵᠤ ᠪᠠᠶᠢᠭ᠎ᠠ ᠡᠮ ᠤᠨ ᠵᠦᠢᠯ ᠢ | ᠬᠢᠨᠠᠨ ᠰᠢᠨᠵᠢᠬᠦ᠂ ᠡᠷᠡᠭᠦᠯ ᠮᠡᠨᠳᠦ ᠶᠢᠨ ᠬᠦᠨᠳᠦ ᠶᠡᠭᠡ ᠠᠶᠤᠯ ᠬᠤᠤᠷ ᠤᠨ ᠡᠯᠧᠮᠧᠨ᠋ᠲ ᠪᠠ ᠬᠦᠨᠳᠦ ᠶᠡᠭᠡ ᠡᠪᠡᠳᠴᠢᠨ | ᠡᠮᠭᠡᠭ ᠢ ᠬᠢᠨᠠᠨ ᠰᠢᠨᠵᠢᠬᠦ᠂ ᠡᠬᠡ ᠨᠢᠯᠬᠠᠰ ᠤᠨ ᠡᠷᠡᠭᠦᠯ ᠬᠠᠮᠠᠭᠠᠯᠠᠯ ᠢ ᠬᠢᠨᠠᠨ ᠰᠢᠨᠵᠢᠬᠦ ᠵᠡᠷᠭᠡ ᠶᠢ ᠡᠭᠦᠷᠭᠡ | ᠬᠠᠷᠢᠭᠤᠴᠠᠯᠭ᠎ᠠ ᠡᠭᠦᠷᠭᠡᠯᠡᠬᠦ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠠᠷᠢᠶᠠᠯᠠᠭᠳᠠᠬᠤ | ᠬᠠᠷᠢᠴᠠᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠤᠶᠤ | ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠳᠤ ᠪᠠᠭᠲᠠᠭᠠᠵᠤ ᠲᠤᠰ ᠲᠤᠰ ᠲᠣᠳᠣᠷᠬᠠᠢ | ᠲᠣᠭᠲᠠᠭᠠᠭᠰᠠᠨ ᠪᠠᠶᠢᠪᠠᠯ᠂ ᠠᠳᠠᠯᠢ ᠱᠠᠲᠤᠨ ᠤ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ | ᠡᠭᠦᠷᠭᠡᠯᠡᠨ᠎ᠡ᠃ | 4. ᠡᠮᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ᠃ ᠡᠭᠦᠨ ᠳᠤ ᠪᠠᠶᠢᠯᠳᠤᠬᠤ | ᠪᠣᠳᠣᠯᠭ᠎ᠠ ᠶᠢᠨ ᠲᠦᠯᠦᠪᠵᠢᠭᠦᠯᠬᠡ᠂ ᠶᠡᠷᠦᠩᠬᠡᠶᠢᠯᠡᠨ ᠬᠢᠨᠠᠵᠤ ᠬᠠᠮᠢᠶᠠᠷᠬᠤ᠂ ᠤᠬᠠᠭᠤᠯᠵᠤ ᠬᠦᠲᠦᠯᠦᠨ ᠵᠢᠯᠣᠭᠤᠳᠬᠤ᠂ | ᠭᠠᠷᠲᠠᠨ ᠭᠦᠢᠴᠡᠳᠬᠡᠵᠦ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ᠂ ᠮᠡᠳᠡᠭᠡ ᠵᠠᠩᠭᠢᠴᠢᠯᠠᠯᠲᠠ ᠶᠢᠨ | ᠪᠠᠶᠢᠭᠤᠯᠤᠯᠲᠠ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠵᠡᠷᠭᠡ ᠶᠢ ᠡᠭᠦᠷᠭᠡ ᠬᠠᠷᠢᠭᠤᠴᠠᠯᠭ᠎ᠠ ᠡᠭᠦᠷᠭᠡᠯᠡᠬᠦ | ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠵᠢᠴᠢ ᠲᠡᠳᠡᠭᠡᠷ ᠤᠨ ᠬᠠᠷᠢᠶ᠎ᠠ ᠪᠠᠶᠢᠭᠤᠯᠤᠮᠵᠢ ᠶᠢᠨ | ᠬᠠᠷᠢᠶᠠᠯᠠᠭᠳᠠᠬᠤ ᠬᠠᠷᠢᠴᠠᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ | ᠤᠨ ᠡᠷᠬᠡ ᠪᠤᠶᠤ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠳᠤ ᠲᠣᠰ ᠲᠣᠰ | ᠪᠠᠭᠲᠠᠭᠠᠭᠰᠠᠨ ᠪᠠᠶᠢᠪᠠᠯ᠂ ᠠᠳᠠᠯᠢ ᠱᠠᠲᠤᠨ ᠤ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠤᠭᠤᠴᠠᠭᠠᠨ ᠳᠤ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ | ᠴᠢᠳᠠᠪᠤᠷᠢ ᠶᠢᠨ ᠪᠠᠶᠢᠭᠤᠯᠤᠯᠲᠠ ᠳᠤ ᠲᠣᠭᠲᠠᠭᠠᠯ ᠶᠣᠰᠣᠭᠠᠷ ᠨᠥᠬᠦᠪᠦᠷᠢ ᠣᠯᠭᠤᠨ᠎ᠠ᠃ | 5. ᠬᠢᠲᠠᠳ ᠡᠮ ᠡᠮᠨᠡᠯᠭᠡ ᠶᠢᠨ ᠦᠢᠯᠡᠰ ᠤᠨ ᠤᠯᠠᠮᠵᠢᠯᠠᠯ ᠪᠠ ᠬᠥᠭᠵᠢᠯᠲᠡ᠃ ᠡᠭᠦᠨ ᠳᠤ ᠬᠢᠲᠠᠳ ᠡᠮ | ᠡᠮᠨᠡᠯᠭᠡ ᠶᠢᠨ ᠡᠮᠴᠢᠯᠡᠭᠡᠨ ᠤ ᠳᠠᠪᠠᠭᠤᠯᠢᠭ ᠢ ᠪᠣᠢ ᠪᠣᠯᠭᠠᠬᠤ᠂ ᠬᠢᠲᠠᠳ ᠡᠮ ᠡᠮᠨᠡᠯᠭᠡ ᠶᠢ ᠤᠯᠠᠮᠵᠢᠯᠠᠬᠤ ᠬᠢᠬᠡᠳ | ᠰᠢᠨ᠎ᠡ ᠶᠢ ᠡᠭᠦᠳᠬᠦ᠂ ᠬᠢᠲᠠᠳ ᠡᠮ ᠡᠮᠨᠡᠯᠭᠡ ᠶᠢᠨ ᠤᠯᠠᠮᠵᠢᠯᠠᠯᠲᠤ ᠮᠡᠳᠡᠯᠭᠡ ᠶᠢ ᠬᠠᠮᠠᠭᠠᠯᠠᠬᠤ ᠬᠢᠬᠡᠳ ᠠᠭᠤᠳᠠᠯᠬᠤ᠂ | ᠬᠢᠲᠠᠳ ᠡᠮ ᠡᠮᠨᠡᠯᠭᠡ ᠶᠢᠨ ︽ᠡᠪᠡᠳᠴᠢᠯᠡᠬᠦ ᠠᠴᠠ ᠤᠷᠢᠳ ᠰᠡᠷᠭᠡᠶᠢᠯᠡᠨ ᠡᠮᠨᠡᠬᠦ︾ ᠮᠡᠷᠭᠡᠵᠢᠯ ᠤᠨ ᠵᠢᠷᠤᠮᠵᠢᠯ ᠬᠢᠭᠡᠳ | ᠳᠡᠯᠭᠡᠷᠡᠭᠦᠯᠦᠯᠲᠡ᠂ ᠬᠢᠲᠠᠳ ᠡᠮᠨᠡᠯᠭᠡ ᠶᠢᠨ ᠬᠤᠷᠢᠶᠠᠨ ᠤ ᠴᠢᠳᠠᠪᠤᠷᠢ ᠶᠢᠨ ᠪᠠᠶᠢᠭᠤᠯᠤᠯᠲᠠ᠂ ᠬᠢᠲᠠᠳ ᠡᠮᠨᠡᠯᠭᠡ ᠶᠢᠨ | ᠭᠤᠤᠯᠳᠠᠯᠭ᠎ᠠ ᠲᠠᠢ ᠲᠤᠰᠬᠠᠶ ᠡᠪᠡᠳᠴᠢᠨ ᠢ ᠡᠮᠨᠡᠬᠦ ᠲᠤᠰᠬᠠᠶ ᠰᠠᠯᠠᠭ᠎ᠠ᠂ ᠦᠨᠳᠦᠰᠦᠨ ᠱᠠᠲᠤᠨ ᠤ ᠬᠢᠲᠠᠳ ᠡᠮ | ᠡᠮᠨᠡᠯᠭᠡ ᠶᠢᠨ ᠦᠢᠯᠡᠴᠢᠯᠡᠬᠦ ᠴᠢᠳᠠᠪᠤᠷᠢ ᠶᠢᠨ ᠪᠠᠶᠢᠭᠤᠯᠤᠯᠲᠠ ᠵᠡᠷᠭᠡ ᠶᠢ ᠥᠪᠡᠷᠲᠡᠭᠡᠨ ᠵᠠᠰᠠᠬᠤ ᠣᠷᠣᠨ ᠬᠢᠭᠡᠳ | ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠳᠤ ᠪᠠᠭᠲᠠᠭᠠᠭᠰᠠᠨ ᠪᠠᠶᠢᠪᠠᠯ᠂ | ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ | ᠬᠠᠮᠲᠤ ᠪᠠᠷ ᠡᠭᠦᠷᠭᠡᠯᠡᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠯ ᠶᠣᠰᠣᠭᠠᠷ ᠨᠢᠭᠡᠳᠦᠯᠲᠡᠶ | ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠬᠢᠲᠠᠳ ᠡᠮ ᠨᠠᠶᠢᠷᠠᠬᠤ ᠴᠢᠳᠠᠪᠤᠷᠢ ᠶᠢᠨ ᠪᠠᠶᠢᠭᠤᠯᠤᠯᠲᠠ᠂ ᠬᠢᠲᠠᠳ ᠡᠮ | ᠡᠮᠨᠡᠯᠭᠡ ᠶᠢᠨ ᠲᠡᠷᠢᠭᠦᠨ ᠤ ᠭᠤᠤᠯᠳᠠᠯᠭ᠎ᠠ ᠲᠠᠢ ᠰᠢᠨᠵᠢᠯᠡᠭᠡᠨ᠂ ᠬᠢᠲᠠᠳ ᠡᠮᠨᠡᠯᠭᠡ ᠶᠢᠨ ᠣᠨᠴᠠᠯᠢᠭᠲᠤ ᠲᠤᠰᠬᠠᠶ | ᠮᠡᠷᠭᠡᠵᠢᠯ᠂ ᠥᠪᠡᠷᠲᠡᠭᠡᠨ ᠵᠠᠰᠠᠬᠤ ᠣᠷᠣᠨ ᠤ ᠲᠡᠰ ᠤᠨ ᠨᠡᠷᠡᠲᠡᠢ ᠠᠬᠠᠮᠠᠳ ᠬᠢᠲᠠᠳ ᠡᠮ ᠤᠨ ᠲᠤᠰᠬᠠᠶ | ᠮᠡᠷᠭᠡᠵᠢᠯᠲᠡᠨ ᠤ ᠡᠷᠳᠡᠮ ᠰᠢᠨᠵᠢᠯᠡᠭᠡᠨ ᠤ ᠲᠤᠷᠰᠢᠯᠭ᠎ᠠ ᠶᠢ ᠵᠠᠯᠭᠠᠮᠵᠢᠯᠠᠬᠤ ᠵᠡᠷᠭᠡ ᠨᠢ ᠥᠪᠡᠷᠲᠡᠭᠡᠨ ᠵᠠᠰᠠᠬᠤ ᠣᠷᠣᠨ | ᠪᠤᠶᠤ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠲᠣᠳᠣᠷᠬᠠᠢ ᠲᠣᠭᠲᠠᠭᠠᠭᠳᠠᠭᠰᠠᠨ | ᠪᠠᠶᠢᠪᠠᠯ᠂ ᠠᠳᠠᠯᠢ ᠱᠠᠲᠤᠨ ᠤ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | 6. ᠮᠣᠩᠭᠤᠯ ᠡᠮ ᠡᠮᠨᠡᠯᠭᠡ ᠶᠢᠨ ᠦᠢᠯᠡᠰ ᠢ ᠭᠦᠭᠵᠢᠬᠦᠯᠦᠨ ᠮᠠᠨᠳᠤᠭᠤᠯᠤᠨ᠎ᠠ᠃ ᠳᠡᠭᠡᠷ᠎ᠡ ᠳᠤᠷᠠᠳᠤᠭᠰᠠᠨ | ᠬᠢᠲᠠᠳ ᠡᠮ ᠡᠮᠨᠡᠯᠭᠡ ᠶᠢ ᠤᠯᠠᠮᠵᠢᠯᠠᠬᠤ ᠪᠠ ᠬᠥᠭᠵᠢᠭᠦᠯᠬᠦ ᠬᠠᠮᠢᠶ᠎ᠠ ᠪᠦᠬᠦᠢ ᠳᠡᠮᠵᠢᠯᠭᠡ ᠶᠢᠨ ᠲᠥᠷᠥ ᠶᠢᠨ | ᠪᠣᠳᠣᠯᠭ᠎ᠠ ᠳᠤ ᠮᠣᠩᠭᠤᠯ ᠡᠮ ᠡᠮᠨᠡᠯᠭᠡ ᠶᠢᠨ ᠠᠭᠤᠯᠭ᠎ᠠ ᠶᠢ ᠬᠠᠮᠲᠤ ᠳᠤ ᠨᠢ ᠪᠠᠭᠲᠠᠭᠠᠭᠰᠠᠨ ᠪᠣᠯᠬᠤᠷ ᠲᠡᠭᠦᠨ ᠢᠶᠠᠷ | ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠠᠴᠠ ᠮᠣᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ | ᠠᠵᠢᠯᠯᠠᠭᠠᠨ ᠤ ᠲᠥᠯᠥᠪᠯᠡᠭᠡ ᠶᠢᠨ ᠶᠣᠰᠣᠭᠠᠷ ᠨᠢᠭᠡᠳᠦᠯᠲᠡᠶ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠮᠣᠩᠭᠤᠯ ᠡᠮ | ᠡᠮᠨᠡᠯᠭᠡ ᠶᠢᠨ ᠪᠠᠷᠢᠮᠵᠢᠶᠠᠵᠢᠯᠳᠠ᠂ ᠮᠣᠩᠭᠤᠯ ᠡᠮ ᠢ ᠰᠤᠳᠤᠯᠤᠨ ᠨᠡᠭᠡᠭᠡᠬᠦ ᠴᠢᠬᠤᠯᠠ ᠶᠡᠭᠡ ᠲᠤᠰᠬᠠᠶ ᠵᠦᠢᠯ᠂ | ᠮᠣᠩᠭᠤᠯ ᠡᠮ ᠡᠮᠨᠡᠯᠭᠡ ᠶᠢᠨ ᠡᠮᠴᠢᠯᠡᠭᠡᠨ ᠤ ᠰᠤᠳᠤᠯᠬᠤ ᠴᠢᠳᠠᠪᠤᠷᠢ ᠶᠢᠨ ᠪᠠᠶᠢᠭᠤᠯᠤᠯᠲᠠ᠂ ᠮᠣᠩᠭᠤᠯ ᠡᠮ | ᠡᠮᠨᠡᠯᠭᠡ ᠶᠢᠨ ᠵᠤᠬᠢᠯᠳᠤᠬᠤ ᠮᠡᠷᠭᠡᠵᠢᠯ ᠢ ᠳᠡᠯᠭᠡᠷᠡᠭᠦᠯᠬᠦ ᠴᠢᠳᠠᠪᠤᠷᠢ ᠶᠢᠨ ᠪᠠᠶᠢᠭᠤᠯᠤᠯᠲᠠ᠂ ᠮᠣᠩᠭᠤᠯ ᠡᠮ ᠡᠮᠨᠡᠯᠭᠡ ᠶᠢᠨ | ᠭᠠᠳᠠᠭᠠᠳᠤ ᠯᠤᠭ᠎ᠠ ᠶᠢᠨ ᠰᠣᠯᠢᠯᠴᠠᠭ᠎ᠠ ᠵᠡᠷᠭᠡ ᠶᠢ ᠥᠪᠡᠷᠲᠡᠭᠡᠨ ᠵᠠᠰᠠᠬᠤ ᠣᠷᠣᠨ ᠪᠤᠶᠤ ᠠᠶᠢᠮᠠᠭ ᠬᠤᠲᠠ ᠶᠢᠨ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠲᠣᠳᠣᠷᠬᠠᠢ ᠲᠣᠭᠲᠠᠭᠠᠭᠰᠠᠨ ᠪᠠᠶᠢᠪᠠᠯ᠂ ᠠᠳᠠᠯᠢ | ᠱᠠᠲᠤᠨ ᠤ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠵᠢᠭᠰᠠᠭᠠᠭᠰᠠᠨ ᠦᠭᠡᠢ ᠪᠤᠰᠤᠳ ᠵᠦᠢᠯᠡᠰ ᠢ | ᠥᠭᠡᠷᠡᠴᠢᠯᠡᠯᠲᠡ ᠶᠢᠨ ᠶᠡᠷᠦᠩᠬᠡᠶ ᠱᠠᠭᠠᠷᠳᠠᠯᠭ᠎ᠠ ᠪᠠ ᠵᠦᠢᠯᠡᠰ ᠤᠨ ᠣᠨᠴᠠᠯᠢᠭ ᠶᠣᠰᠣᠭᠠᠷ ᠡᠳ᠋ ᠤᠨ ᠵᠠᠰᠠᠭ ᠤᠨ ᠠᠵᠢᠯ | ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠪᠣᠳᠠᠲᠠᠶ ᠲᠣᠭᠲᠠᠭᠠᠨ᠎ᠠ᠃ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠠᠴᠠ ᠬᠠᠮᠢᠶ᠎ᠠ ᠪᠥᠬᠦᠶ ᠣᠷᠣᠨ ᠪᠦᠰᠡ ᠶᠢᠨ ᠲᠥᠷᠥ ᠶᠢᠨ ᠪᠣᠳᠣᠯᠭ᠎ᠠ ᠶᠢ | ᠯᠠᠪᠯᠠᠯᠲᠠ ᠪᠣᠯᠭᠠᠨ ᠬᠦᠷᠲᠡᠵᠦ ᠪᠣᠯᠬᠤ ᠪᠠᠷ ᠲᠣᠳᠣᠷᠬᠠᠶ ᠲᠣᠭᠲᠠᠭᠠᠭᠰᠠᠨ ᠭᠠᠵᠠᠷ ᠣᠷᠣᠨ ᠨᠢ ᠬᠠᠮᠢᠶ᠎ᠠ ᠪᠥᠬᠦᠶ | ᠲᠣᠭᠲᠠᠭᠠᠯ ᠶᠣᠰᠣᠭᠠᠷ ᠦᠷᠭᠦᠯᠵᠢᠯᠡᠨ ᠬᠡᠷᠡᠭᠵᠢᠭᠦᠯᠦᠨ᠎ᠡ᠃ ᠦᠨᠳᠦᠰᠦᠨ ᠪᠦᠲᠦᠭᠡᠨ ᠪᠠᠶᠢᠭᠤᠯᠤᠯᠲᠠ ᠶᠢᠨ | ᠵᠠᠷᠤᠯᠭ᠎ᠠ ᠶᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ᠃ ᠴᠡᠷᠢᠭ ᠠᠩᠭᠢ᠂ ᠤᠯᠤᠰ ᠤᠨ ᠥᠮᠴᠢᠯᠡᠯᠲᠦ ᠪᠠ ᠬᠠᠮᠲᠤ ᠶᠢᠨ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠵᠡᠷᠭᠡ ᠶᠢᠨ ᠡᠷᠬᠢᠯᠡᠭᠰᠡᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠨᠢ | ᠣᠳᠣ ᠶᠢᠨ ᠪᠠᠶᠢᠭᠤᠯᠤᠯ ᠪᠠ ᠬᠠᠮᠢᠶ᠎ᠠ ᠪᠦᠬᠦᠢ ᠬᠦᠷᠢᠶᠡᠨ ᠳᠠᠬᠢ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ | ᠵᠠᠷᠤᠳᠠᠯ ᠢ ᠨᠢ ᠪᠠᠲᠤᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠲᠣᠳᠣᠷᠬᠠᠢ | ᠲᠣᠭᠲᠠᠭᠠᠭᠰᠠᠨ ᠴᠤ ᠠᠶᠢᠮᠠᠭ ᠬᠤᠲᠠ ᠳᠤ ᠨᠠᠶᠢᠳᠠᠵᠤ ᠶᠠᠪᠤᠭᠳᠠᠭᠤᠯᠬᠤ ᠴᠢᠬᠤᠯᠠᠲᠠᠢ ᠵᠦᠢᠯᠡᠰ ᠢ ᠠᠶᠢᠮᠠᠭ ᠬᠤᠲᠠ ᠨᠢ | ᠨᠠᠶᠢᠳᠠᠭᠰᠠᠨ ᠬᠡᠪᠴᠢᠶᠡᠨ ᠳᠤ᠂ ᠨᠠᠶᠢᠳᠠᠭᠰᠠᠨ ᠨᠢᠭᠡᠴᠢ ᠶᠢᠨ ᠨᠡᠷ᠎ᠡ ᠪᠠᠷ ᠡᠷᠬᠡ ᠲᠤᠰᠢᠶᠠᠯ ᠢᠶᠠᠨ ᠬᠡᠷᠡᠭᠵᠢᠭᠦᠯᠵᠦ᠂ | ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ᠂ ᠨᠠᠶᠢᠳᠠᠭᠰᠠᠨ ᠨᠢᠭᠡᠴᠢ ᠶᠢᠨ ᠬᠢᠨᠠᠯᠲᠠ | ᠲᠠᠯᠪᠢᠯᠳᠠ ᠶᠢ ᠬᠦᠯᠢᠶᠡᠨ᠎ᠡ᠃ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠬᠠᠮᠲᠤ ᠶᠢᠨ ᠡᠳ᠋ ᠤᠨ | ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠲᠣᠳᠣᠷᠬᠠᠢ ᠲᠣᠭᠲᠠᠭᠠᠭᠰᠠᠨ ᠵᠦᠢᠯᠡᠰ ᠲᠤ᠂ ᠥᠪᠡᠷᠲᠡᠭᠡᠨ | ᠵᠠᠰᠠᠬᠤ ᠣᠷᠣᠨ ᠠᠴᠠ ᠲᠣᠭᠲᠠᠭᠠᠭᠰᠠᠨ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ᠂ | ᠲᠥᠯᠥᠪᠯᠡᠭᠡᠲᠦ ᠦᠷᠡᠵᠢᠯ ᠳᠤ ᠲᠡᠳᠬᠦᠬᠦ ᠪᠠᠲᠤᠯᠠᠭ᠎ᠠ ᠵᠡᠷᠭᠡ ᠲᠠᠯ᠎ᠠ ᠪᠠᠷ ᠬᠢ ᠪᠥᠬᠦ ᠣᠷᠣᠨ ᠤ ᠰᠠᠭᠤᠷᠢ | ᠪᠠᠷᠢᠮᠵᠢᠶᠠᠨ ᠤ ᠵᠦᠢᠯᠡᠰ ᠢ ᠡᠯ᠎ᠡ ᠠᠶᠢᠮᠠᠭ ᠬᠤᠲᠠ ᠨᠢ ᠪᠥᠬᠦ ᠣᠷᠣᠨ ᠤ ᠰᠠᠭᠤᠷᠢ ᠪᠠᠷᠢᠮᠵᠢᠶ᠎ᠠ ᠶᠢ | ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠪᠠᠨ ᠦᠨᠡᠨ ᠬᠦ ᠪᠠᠲᠤᠯᠠᠭᠰᠠᠨ ᠤᠷᠢᠲᠠᠯ ᠳᠣᠤᠷ᠎ᠠ᠂ ᠪᠠᠲᠤᠯᠠᠭ᠎ᠠ ᠶᠢᠨ | ᠠᠭᠤᠯᠭ᠎ᠠ ᠶᠢ ᠵᠣᠬᠢᠰᠲᠠᠶ ᠨᠡᠮᠡᠭᠳᠡᠭᠦᠯᠬᠦ ᠪᠤᠶᠤ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ ᠪᠣᠯᠬᠤ ᠪᠥᠭᠡᠳ | ᠬᠡᠲᠦᠷᠡᠵᠦ ᠭᠠᠷᠤᠭᠰᠠᠨ ᠬᠡᠰᠡᠭ ᠢ ᠨᠢ ᠠᠳᠠᠯᠢ ᠱᠠᠲᠤᠨ ᠤ ᠡᠳ᠋ ᠤᠨ ᠵᠠᠰᠠᠭ ᠨᠢ ᠲᠣᠭᠲᠠᠭᠠᠯ ᠶᠣᠰᠣᠭᠠᠷ ᠡᠭᠦᠷᠭᠡᠯᠡᠨ᠎ᠡ᠃ | ᠡᠮᠴᠢᠯᠡᠭᠡᠨ ᠤ ᠠᠪᠤᠷᠠᠨ ᠲᠤᠰᠠᠯᠠᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠤ ᠡᠩᠨᠡᠭᠡᠨ ᠤ | ᠪᠠᠶᠢᠭᠤᠯᠤᠯᠲᠠ᠂ ᠭᠤᠤᠯᠳᠠᠯᠭ᠎ᠠ ᠲᠠᠢ ᠰᠢᠨᠵᠢᠯᠡᠭᠡᠨ ᠤ ᠬᠥᠭᠵᠢᠯᠲᠡ ᠵᠡᠷᠭᠡ ᠤᠯᠤᠰ ᠤᠨ ᠰᠠᠭᠤᠷᠢ ᠪᠠᠷᠢᠮᠵᠢᠶ᠎ᠠ ᠶᠢ | ᠨᠢᠭᠡᠳᠦᠯᠲᠡᠶ ᠲᠣᠭᠲᠠᠭᠠᠬᠤ ᠨᠥᠬᠦᠴᠡᠯ ᠢ ᠪᠦᠷᠢᠯᠳᠦᠭᠦᠯᠬᠦ ᠳᠤ ᠬᠢᠯᠪᠠᠷ ᠪᠤᠰᠤ ᠪᠤᠶᠤ ᠲᠦᠷ ᠪᠦᠷᠢᠯᠳᠦᠭᠦᠯᠦᠭᠡᠳᠦᠶ | ᠵᠦᠢᠯᠡᠰ ᠢ ᠪᠣᠯ᠂ ᠥᠪᠡᠷᠲᠡᠭᠡᠨ ᠵᠠᠰᠠᠬᠤ ᠣᠷᠣᠨ ᠠᠴᠠ ᠵᠠᠷᠴᠢᠮ ᠤᠨ ᠱᠠᠭᠠᠷᠳᠠᠯᠭ᠎ᠠ ᠳᠤᠷᠠᠳᠬᠤ ᠶᠢᠨ ᠬᠠᠮᠲᠤ | ᠠᠮᠵᠢᠯᠲᠠ ᠪᠦᠲᠦᠮᠵᠢ ᠶᠢᠨ ᠬᠠᠷᠠᠯᠲᠠ ᠲᠣᠭᠲᠠᠭᠠᠨ᠂ ᠠᠶᠢᠮᠠᠭ ᠬᠤᠲᠠ ᠨᠢ ᠲᠡᠭᠦᠨ ᠢ ᠦᠨᠳᠦᠰᠦᠯᠡᠨ ᠲᠣᠰ ᠭᠠᠵᠠᠷ | ᠣᠷᠣᠨ ᠤ ᠪᠠᠨ ᠪᠠᠷᠢᠮᠵᠢᠶ᠎ᠠ ᠶᠢ ᠪᠡᠶ᠎ᠡ ᠪᠠᠨ ᠳᠠᠭᠠᠭᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠨᠢ ᠵᠣᠬᠢᠬᠤ ᠨᠥᠬᠦᠪᠦᠷᠢ ᠣᠯᠭᠤᠨ᠎ᠠ᠃ ᠡᠯ᠎ᠡ ᠠᠶᠢᠮᠠᠭ ᠬᠤᠲᠠ ᠨᠢ ᠲᠤᠰ ᠭᠠᠵᠠᠷ ᠣᠷᠣᠨ ᠤ ᠪᠠᠷᠢᠮᠵᠢᠶ᠎ᠠ ᠶᠢ | ᠲᠣᠭᠲᠠᠭᠠᠨ ᠨᠡᠶᠢᠲᠡᠯᠡᠬᠦ ᠳᠤ ᠪᠠᠨ ᠣᠷᠣᠨ ᠪᠦᠰᠡ ᠶᠢᠨ ᠬᠤᠭᠤᠷᠣᠨᠳᠣᠬᠢ ᠦᠨᠳᠦᠰᠦᠨ ᠡᠮᠴᠢᠯᠡᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠡᠷᠬᠡ ᠲᠡᠭᠰᠢ ᠴᠢᠨᠠᠷ᠂ ᠲᠤᠰ ᠭᠠᠵᠠᠷ ᠤᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠬᠢᠷᠢ ᠲᠦᠪᠰᠢᠨ ᠪᠠ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠶᠢ ᠭᠦᠢᠴᠡᠳ ᠪᠣᠳᠣᠯᠬᠢᠯᠠᠵᠤ᠂ | ᠡᠳ᠋ ᠤᠨ ᠵᠠᠰᠠᠭ ᠤᠨ ᠣᠷᠣᠭᠤᠯᠤᠯᠲᠠ ᠶᠢᠨ ᠦᠷᠭᠦᠯᠵᠢᠯᠡᠬᠦ ᠶᠢ ᠦᠨᠡᠨ ᠬᠦ ᠪᠠᠲᠤᠯᠠᠨ᠎ᠠ᠃ ᠡᠯ᠎ᠡ ᠠᠶᠢᠮᠠᠭ ᠬᠤᠲᠠ ᠶᠢᠨ | ᠪᠠᠷᠢᠮᠵᠢᠶ᠎ᠠ ᠨᠢ ᠥᠪᠡᠷᠲᠡᠭᠡᠨ ᠵᠠᠰᠠᠬᠤ ᠣᠷᠣᠨ ᠤ ᠰᠠᠭᠤᠷᠢ ᠪᠠᠷᠢᠮᠵᠢᠶ᠎ᠠ ᠠᠴᠠ ᠥᠨᠳᠥᠷ ᠪᠠᠶᠢᠪᠠᠯ᠂ ᠳᠡᠰ ᠳᠠᠷᠠᠭᠠᠯᠠᠯ | ᠶᠣᠰᠣᠭᠠᠷ ᠤᠷᠢᠳ ᠢᠶᠠᠷ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠵᠦ ᠳᠠᠩᠰᠠᠯᠠᠭᠤᠯᠤᠭᠰᠠᠨ ᠤ ᠳᠠᠷᠠᠭ᠎ᠠ | ᠬᠡᠷᠡᠭᠵᠢᠭᠦᠯᠦᠨ᠎ᠡ᠃ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ | ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠵᠡᠷᠬᠡ ᠳᠤ ᠬᠤᠯᠪᠣᠭᠳᠠᠭᠰᠠᠨ ᠵᠦᠢᠯᠡᠰ ᠢ | ᠨᠡᠶᠢᠲᠡᠯᠡᠬᠦ ᠳᠤ᠂ ᠳᠡᠰ ᠳᠠᠷᠠᠭᠠᠯᠠᠯ ᠶᠣᠰᠣᠭᠠᠷ ᠤᠷᠢᠳ ᠢᠶᠠᠷ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠭᠰᠠᠨ ᠤ ᠳᠠᠷᠠᠭ᠎ᠠ ᠬᠡᠷᠡᠭᠵᠢᠭᠦᠯᠦᠨ᠎ᠡ᠃ | ᠣᠳᠣ ᠶᠢᠨ ᠮᠤᠵᠢ ᠶᠢᠨ ᠱᠠᠲᠤᠨ ᠠᠴᠠ ᠳᠣᠷᠣᠭᠰᠢᠬᠢ ᠡᠳ᠋ ᠤᠨ ᠬᠦᠴᠦᠨ ᠤ ᠪᠠᠶᠢᠷᠢᠰᠢᠯ ᠢ ᠶᠡᠷᠦᠩᠬᠡᠶ ᠳᠤ ᠪᠠᠨ | ᠲᠣᠭᠲᠠᠭᠤᠨ ᠪᠠᠶᠢᠯᠭᠠᠬᠤ ᠵᠠᠷᠴᠢᠮ ᠶᠣᠰᠣᠭᠠᠷ᠂ ᠳᠡᠭᠡᠷ᠎ᠡ ᠳᠤᠷᠠᠳᠤᠭᠰᠠᠨ ᠬᠤᠪᠢᠶᠠᠨ ᠡᠭᠦᠷᠭᠡᠯᠡᠬᠦ ᠬᠠᠷᠢᠴᠠᠯ ᠢ | ᠲᠣᠬᠢᠷᠠᠭᠤᠯᠬᠤ ᠳᠤ ᠬᠤᠯᠪᠣᠭᠳᠠᠵᠤ ᠪᠠᠶᠢᠭ᠎ᠠ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ | ᠵᠠᠷᠤᠯᠭ᠎ᠠ ᠶᠢᠨ ᠰᠠᠭᠤᠷᠢ ᠲᠣᠭᠠᠨ ᠤ ᠬᠤᠪᠢᠶᠠᠷᠢᠯᠠᠨ ᠰᠢᠯᠵᠢᠭᠦᠯᠬᠦ ᠠᠵᠢᠯ ᠢ ᠲᠥᠰᠦᠪ ᠤᠨ ᠬᠠᠮᠢᠶᠠᠷᠤᠯᠲᠠ ᠶᠢᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ᠃ | ᠳᠥᠷᠪᠡ᠂ ᠲᠦᠭᠦᠷ ᠠᠷᠭ᠎ᠠ ᠬᠡᠮᠵᠢᠶ᠎ᠡ | ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠪᠣᠯ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ | ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠬᠤᠪᠢᠶᠠᠷᠢᠯᠠᠬᠤ ᠥᠭᠡᠷᠡᠴᠢᠯᠡᠯᠲᠡ ᠶᠢᠨ ᠴᠢᠬᠤᠯᠠ ᠠᠭᠤᠯᠭ᠎ᠠ ᠪᠣᠯᠤᠨ᠎ᠠ᠂ ᠡᠯ᠎ᠡ ᠠᠶᠢᠮᠠᠭ ᠬᠤᠲᠠ᠂ ᠡᠯ᠎ᠡ ᠰᠠᠯᠠᠭ᠎ᠠ | ᠮᠥᠴᠢᠷ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠᠨ | ᠴᠢᠩᠭᠠᠳᠬᠠᠨ᠂ ᠪᠣᠳᠠᠲᠠᠢ ᠲᠠᠢ ᠪᠠᠨ ᠤᠶᠠᠯᠳᠤᠭᠤᠯᠵᠤ ᠪᠠᠶᠢᠭᠠᠳ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠨᠠᠷᠢᠯᠢᠭᠵᠢᠭᠤᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ ᠬᠡᠷᠡᠭᠵᠢᠭᠦᠯᠦᠨ᠂ ᠥᠭᠡᠷᠡᠴᠢᠯᠡᠯᠲᠡ ᠶᠢᠨ ᠤᠷᠤᠭᠰᠢᠲᠠᠶ | ᠠᠬᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | ︵ᠨᠢᠭᠡ︶ ᠬᠠᠮᠢᠶ᠎ᠠ ᠪᠥᠬᠦᠶ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠬᠢᠭᠡᠳ ᠠᠶᠢᠮᠠᠭ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠡᠳ᠋ ᠤᠨ ᠵᠠᠰᠠᠭ ᠤᠨ | ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠬᠤ ᠥᠭᠡᠷᠡᠴᠢᠯᠡᠯᠲᠡ ᠶᠢ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠯᠦᠭᠡ ᠨᠢᠭᠲᠠ | ᠤᠶᠠᠯᠳᠤᠭᠤᠯᠬᠤ ᠪᠠ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠤᠨ ᠪᠥᠭᠡᠳ ᠦᠷᠭᠦᠯᠵᠢᠯᠡᠭᠰᠡᠨ ᠪᠡᠯᠡ ᠮᠥᠩᠭᠦ | ᠴᠤᠭᠯᠠᠭᠤᠯᠬᠤ ᠪᠠ ᠳᠠᠩᠰᠠ ᠲᠠᠶᠢᠯᠬᠤ ᠬᠠᠷᠢᠴᠠᠯ ᠤᠨ ᠲᠣᠬᠢᠷᠠᠭᠤᠯᠬᠤ ᠲᠣᠭᠲᠠᠴᠠ ᠶᠢ ᠭᠤᠤᠯᠳᠠᠯᠭ᠎ᠠ ᠲᠠᠢ | ᠲᠡᠭᠦᠯᠳᠡᠷᠵᠢᠭᠦᠯᠦᠨ᠂ ᠵᠠᠰᠠᠭ ᠤᠨ ᠣᠷᠳᠣᠨ ᠬᠢᠭᠡᠳ ᠬᠤᠪᠢ ᠬᠥᠮᠦᠨ ᠤ ᠬᠤᠪᠢᠳᠠᠨ ᠡᠭᠦᠷᠭᠡᠯᠡᠬᠦ ᠬᠠᠷᠢᠴᠠᠯ ᠢ | ᠵᠣᠬᠢᠰᠲᠠᠶ ᠲᠣᠭᠲᠠᠭᠠᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠪᠠᠶᠢᠭᠤᠯᠤᠯ ᠲᠣᠭᠲᠠᠴᠠ ᠶᠢᠨ | ᠥᠭᠡᠷᠡᠴᠢᠯᠡᠯᠲᠡ ᠶᠢ ᠠᠬᠢᠭᠤᠯᠬᠤ᠂ ᠣᠷᠣᠨ ᠪᠦᠰᠡ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠡᠯ᠎ᠡ | ᠵᠦᠢᠯ ᠤᠨ ᠥᠭᠡᠷᠡᠴᠢᠯᠡᠯᠲᠡ ᠶᠢᠨ ᠬᠠᠮᠵᠢᠯᠴᠠᠨ ᠬᠦᠳᠡᠯᠦᠯᠴᠡᠬᠦ᠂ ᠬᠠᠮᠵᠢᠯᠴᠠᠨ ᠠᠬᠢᠭᠤᠯᠬᠤ ᠶᠢ ᠴᠢᠩᠭᠠᠷᠠᠭᠤᠯᠬᠤ | ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠬᠡᠷᠡᠭᠲᠡᠶ᠃ | ︵ᠬᠤᠶᠠᠷ︶ ᠬᠠᠷᠢᠭᠤᠴᠠᠯᠭ᠎ᠠ ᠶᠢ ᠬᠤᠪᠢᠳᠠᠨ ᠡᠭᠦᠷᠭᠡᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ | ᠠᠶᠢᠮᠠᠭ ᠬᠤᠲᠠ ᠨᠢ ᠲᠣᠰ ᠲᠥᠰᠦᠯ ᠢ ᠦᠨᠳᠦᠰᠦᠯᠡᠨ᠂ ᠣᠳᠣ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ | ᠪᠠᠶᠢᠭᠤᠯᠤᠯ ᠲᠠᠢ ᠤᠶᠠᠯᠳᠤᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠠᠶᠢᠮᠠᠭ ᠬᠤᠲᠠ ᠶᠢᠨ | ᠱᠠᠲᠤᠨ ᠠᠴᠠ ᠳᠣᠷᠣᠭᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠵᠣᠬᠢᠰᠲᠠᠶ ᠬᠤᠪᠢᠶᠠᠷᠢᠯᠠᠬᠤ ᠬᠡᠷᠡᠭᠲᠡᠶ᠃ ᠣᠷᠣᠨ ᠪᠦᠰᠡ ᠳᠠᠬᠢ ᠦᠨᠳᠦᠰᠦᠨ ᠡᠮᠴᠢᠯᠡᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠪᠠᠷ ᠠᠬᠢᠭᠤᠯᠬᠤ ᠠᠵᠢᠯ ᠳᠠᠬᠢ ᠵᠠᠰᠠᠭ ᠤᠨ ᠣᠷᠳᠣᠨ ᠤ | ᠡᠭᠦᠷᠭᠡ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠤ᠂ ᠣᠷᠣᠨ ᠪᠦᠰᠡ ᠶᠢᠨ ᠳᠣᠲᠣᠷᠠᠬᠢ ᠬᠦᠴᠢᠷᠳᠡᠯᠲᠡᠶ ᠭᠠᠵᠠᠷ | ᠣᠷᠣᠨ ᠳᠠᠬᠢ ᠰᠢᠯᠵᠢᠭᠦᠯᠦᠨ ᠥᠭᠬᠦ ᠡᠷᠴᠢᠮ ᠢ ᠴᠢᠩᠭᠠᠷᠠᠭᠤᠯᠬᠤ ᠬᠡᠷᠡᠭᠲᠡᠶ᠃ ᠲᠡᠭᠦᠨ ᠠᠴᠠ ᠳᠡᠭᠡᠳᠦ ᠨᠢᠭᠡ | ᠱᠠᠲᠤᠨ ᠤ ᠵᠠᠰᠠᠭ ᠤᠨ ᠣᠷᠳᠣᠨ ᠤ ᠡᠭᠦᠷᠭᠡᠯᠡᠬᠦ ᠳᠤ ᠵᠤᠬᠢᠯᠳᠤᠬᠤ ᠦᠨᠳᠦᠰᠦᠨ ᠡᠮᠴᠢᠯᠡᠭᠡ ᠬᠠᠮᠠᠭᠠᠯᠠᠯ ᠤᠨ | ᠦᠢᠯᠡᠴᠢᠯᠡᠭᠡᠨ ᠤ ᠵᠠᠷᠤᠯᠭ᠎ᠠ ᠶᠢᠨ ᠬᠠᠷᠢᠭᠤᠴᠠᠯᠭ᠎ᠠ ᠶᠢ ᠳᠡᠭᠡᠳᠦ ᠱᠠᠲᠤ ᠲᠡᠶᠢᠰᠢ ᠰᠢᠯᠵᠢᠭᠦᠯᠵᠦ᠂ ᠦᠨᠳᠦᠰᠦᠨ | ᠱᠠᠲᠤᠨ ᠤ ᠵᠠᠰᠠᠭ ᠤᠨ ᠣᠷᠳᠣᠨ ᠤ ᠵᠠᠷᠤᠯᠭ᠎ᠠ ᠶᠢᠨ ᠳᠠᠷᠤᠭᠠᠰᠤ ᠬᠡᠲᠦᠷᠬᠡᠶ ᠶᠡᠭᠡ ᠨᠡᠮᠡᠭᠳᠡᠬᠦ ᠠᠴᠠ ᠵᠠᠶᠢᠯᠠᠰᠬᠢᠬᠦ | ᠬᠡᠷᠡᠭᠲᠡᠢ᠃ | ︵ᠭᠤᠷᠪᠠ︶ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠴᠢᠩᠭᠠᠷᠠᠭᠤᠯᠤᠨ᠎ᠠ᠃ | ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠨᠢ ᠲᠣᠭᠲᠠᠭᠠᠭᠰᠠᠨ ᠵᠠᠷᠤᠯᠭ᠎ᠠ ᠶᠢᠨ ᠬᠠᠷᠢᠭᠤᠴᠠᠯᠭ᠎ᠠ ᠶᠣᠰᠣᠭᠠᠷ | ᠲᠥᠰᠦᠪ ᠢᠶᠠᠨ ᠵᠣᠬᠢᠰᠲᠠᠶ ᠲᠣᠬᠢᠷᠠᠭᠤᠯᠤᠨ᠂ ︽ᠬᠡᠨ ᠬᠡᠷᠡᠭᠯᠡᠪᠡᠯ ᠲᠡᠷᠡ ᠬᠠᠷᠢᠭᠤᠴᠠᠬᠤ︾ ᠵᠠᠷᠴᠢᠮ ᠢ | ᠦᠨᠳᠦᠰᠦᠯᠡᠵᠦ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠦᠨᠳᠦᠰᠦᠨ | ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠦᠲᠦᠮᠵᠢᠲᠡᠢ ᠬᠠᠩᠭᠠᠯᠭ᠎ᠠ ᠶᠢ ᠪᠠᠲᠤᠯᠠᠬᠤ ᠬᠡᠷᠡᠭᠲᠡᠶ᠃ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠲᠤᠯᠠᠭ᠎ᠠ ᠶᠢᠨ ᠪᠠᠷᠢᠮᠵᠢᠶ᠎ᠠ ᠶᠢ | ᠵᠣᠬᠢᠰᠲᠠᠶ ᠲᠣᠭᠲᠠᠭᠠᠵᠤ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠣᠷᠣᠰᠢᠵᠤ ᠪᠠᠶᠢᠬᠤ | ᠣᠷᠣᠯᠭ᠎ᠠ ᠵᠠᠷᠤᠯᠭ᠎ᠠ ᠶᠢᠨ ᠳᠤᠲᠠᠭᠤᠳᠠᠯ ᠳᠤ ᠪᠣᠯ᠂ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ | ᠲᠥᠯᠥᠪᠵᠢᠭᠦᠯᠭᠡ ᠳᠤ ᠨᠡᠶᠢᠴᠡᠬᠦ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠨᠳᠦᠰᠦᠨ ᠪᠦᠲᠦᠭᠡᠨ | ᠪᠠᠶᠢᠭᠤᠯᠤᠯᠲᠠ ᠵᠡᠷᠭᠡ ᠬᠥᠷᠥᠩᠭᠡ ᠶᠢᠨ ᠴᠢᠨᠠᠷᠲᠠᠶ ᠵᠠᠷᠤᠯᠭ᠎ᠠ ᠶᠢ ᠨᠢ ᠣᠷᠣᠨ ᠨᠤᠲᠤᠭ ᠤᠨ ᠵᠠᠰᠠᠭ ᠤᠨ ᠣᠷᠳᠣᠨ ᠤ | ᠵᠢᠭᠡᠯᠡᠯᠭᠡ ᠶᠢᠨ ᠲᠡᠮᠳᠡᠭᠲᠦ ᠶᠢ ᠬᠠᠤᠯᠢ ᠶᠣᠰᠣᠭᠠᠷ ᠲᠠᠷᠬᠠᠭᠠᠬᠤ ᠠᠷᠭ᠎ᠠ ᠮᠠᠶ᠋ᠢᠭ ᠢᠶᠠᠷ ᠲᠣᠬᠢᠷᠠᠭᠤᠯᠬᠤ ᠠᠴᠠ ᠭᠠᠳᠠᠨ᠎ᠠ᠂ | ᠭᠤᠤᠯᠳᠠᠭᠤ ᠳᠡᠭᠡᠳᠦ ᠱᠠᠲᠤᠨ ᠤ ᠵᠠᠰᠠᠭ ᠤᠨ ᠣᠷᠳᠣᠨ ᠠᠴᠠ ᠣᠯᠭᠤᠭᠰᠠᠨ ᠡᠩ ᠤᠨ ᠴᠢᠨᠠᠷᠲᠠᠶ ᠰᠢᠯᠵᠢᠭᠦᠯᠦᠨ | ᠥᠭᠬᠦ ᠪᠠᠷ ᠳᠠᠮᠵᠢᠭᠤᠯᠤᠨ ᠨᠥᠬᠦᠪᠥᠷᠢᠯᠡᠨ᠎ᠡ᠃ ᠡᠯ᠎ᠡ ᠠᠶᠢᠮᠠᠭ ᠬᠤᠲᠠ ᠶᠢᠨ ᠡᠳ᠋ ᠤᠨ ᠵᠠᠰᠠᠭ᠂ ᠡᠷᠡᠭᠦᠯ ᠬᠠᠮᠠᠭᠠᠯᠠᠯ | ᠡᠷᠡᠭᠦᠯ ᠮᠡᠨᠳᠦ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠰ ᠲᠥᠰᠦᠯ ᠢ ᠦᠨᠳᠦᠰᠦᠯᠡᠨ ᠰᠠᠯᠠᠭ᠎ᠠ | ᠮᠥᠴᠢᠷ ᠤᠨ ᠲᠥᠰᠦᠪ ᠢ ᠵᠣᠬᠢᠰᠲᠠᠶ ᠲᠣᠬᠢᠷᠠᠭᠤᠯᠬᠤ ᠶᠢᠨ ᠬᠠᠮᠲᠤ᠂ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ | ᠬᠠᠮᠢᠶ᠎ᠠ ᠪᠦᠬᠦᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠪᠤᠶᠤ ᠳᠦᠷᠢᠮ ᠲᠣᠭᠲᠠᠭᠠᠯ ᠢ ᠴᠠᠭ ᠲᠤᠬᠠᠶ ᠳᠤ ᠨᠢ | ᠲᠣᠭᠲᠠᠭᠠᠨ ᠵᠠᠰᠠᠪᠤᠷᠢ ᠣᠷᠣᠭᠤᠯᠵᠤ᠂ ᠱᠠᠭᠠᠷᠳᠠᠯᠭ᠎ᠠ ᠶᠣᠰᠣᠭᠠᠷ ᠲᠣᠰ ᠱᠠᠲᠤᠨ ᠤ ᠡᠳ᠋ ᠤᠨ ᠵᠠᠰᠠᠭ ᠤᠨ ᠠᠵᠢᠯ | ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠬᠤ ᠥᠭᠡᠷᠡᠴᠢᠯᠡᠯᠲᠡ ᠶᠢᠨ ᠠᠵᠢᠯ ᠢ | ᠰᠠᠶᠢᠲᠤᠷ ᠬᠢᠬᠦ ᠬᠡᠷᠡᠭᠲᠡᠶ᠃ | ᠲᠠᠪᠤ᠂ ᠬᠡᠷᠡᠭᠵᠢᠭᠦᠯᠬᠦ ᠴᠠᠭ | ᠲᠤᠰ ᠲᠥᠰᠦᠯ ᠢ 2020 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | ᠳᠠᠭᠠᠯᠳᠤᠭᠤᠯᠤᠯ᠄ | ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ | ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠬᠤᠪᠢᠶᠠᠷᠢᠯᠠᠭᠰᠠᠨ ᠪᠠᠶᠢᠳᠠᠯ ᠤᠨ ᠬᠦᠰᠦᠨᠦᠭᠲᠦ | | | | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ | ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ | | | ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠲᠥᠪ ᠬᠢᠭᠡᠳ ᠣᠷᠣᠨ ᠨᠤᠲᠤᠭ ᠤᠨ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ | ᠥᠭᠡᠷᠡᠴᠢᠯᠡᠯᠲᠡ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2019﹈ 26 ᠳ᠋ᠤᠭᠠᠷ ᠲᠣᠭᠠᠲᠤ︶᠂ | ︽ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠣᠷᠣᠭᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ | ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠬᠤ ᠲᠤᠬᠠᠢ | ᠬᠡᠷᠡᠭᠵᠢᠭᠦᠯᠬᠦ ᠲᠥᠰᠦᠯ ᠢ ᠲᠠᠷᠤᠮᠠᠯᠯᠠᠨ ᠶᠠᠪᠤᠭᠤᠯᠬᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2018﹈ 13 ᠳ᠋ᠤᠭᠠᠷ | ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠡᠳᠦᠭᠡ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ | ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠬᠤᠪᠢᠶᠠᠷᠢᠯᠠᠬᠤ ᠥᠭᠡᠷᠡᠴᠢᠯᠡᠯᠲᠡ ᠳᠤ ᠳᠣᠤᠷᠠᠬᠢ ᠮᠡᠲᠦ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠭᠤᠤᠯ ᠬᠠᠷᠠᠯᠲᠠ᠃ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠨᠢᠭᠲᠠ ᠤᠶᠠᠯᠳᠤᠭᠤᠯᠤᠨ᠂ | ᠲᠡᠷᠢᠭᠦᠨ ᠤ ᠲᠤᠷᠰᠢᠯᠭ᠎ᠠ ᠪᠠᠷ ᠲᠣᠯᠢ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠪᠦᠷᠢᠨ ᠪᠦᠲᠦᠨ ᠪᠥᠭᠡᠳ ᠵᠢᠷᠤᠮᠵᠢᠭᠰᠠᠨ᠂ ᠠᠵᠢᠯ ᠤᠨ ᠬᠤᠪᠢᠶᠠᠷᠢᠯᠠᠯ ᠨᠢ ᠵᠦᠶ ᠵᠣᠬᠢᠰᠲᠠᠶ᠂ ᠥᠨᠳᠥᠷ ᠦᠷ᠎ᠡ | ᠪᠦᠲᠦᠮᠵᠢᠲᠡᠶ ᠬᠠᠮᠵᠢᠯᠴᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠡᠳ᠋ ᠤᠨ ᠵᠠᠰᠠᠭ ᠤᠨ | ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠬᠤ ᠵᠠᠭᠪᠤᠷ ᠢ ᠱᠠᠯᠠᠪᠳᠠᠨ ᠪᠤᠢ | ᠪᠣᠯᠭᠠᠵᠤ᠂ ᠡᠷᠬᠡ ᠪᠠ ᠬᠠᠷᠢᠭᠤᠴᠠᠯᠭ᠎ᠠ ᠨᠢ ᠲᠣᠳᠣᠷᠬᠠᠶ᠂ ᠡᠳ᠋ ᠤᠨ ᠬᠦᠴᠦᠨ ᠨᠢ ᠵᠣᠬᠢᠴᠠᠩᠭᠤᠶ᠂ ᠣᠷᠣᠨ | ᠪᠦᠰᠡ ᠨᠢ ᠲᠡᠩᠴᠡᠭᠦᠷᠢᠲᠡᠶ ᠪᠠᠶᠢᠬᠤ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠳ᠋ ᠤᠨ ᠵᠠᠰᠠᠭ ᠤᠨ | ᠬᠠᠷᠢᠴᠠᠭ᠎ᠠ ᠶᠢ ᠲᠦᠷᠭᠡᠳᠬᠡᠨ ᠪᠠᠶᠢᠭᠤᠯᠤᠨ᠎ᠠ᠃ | ︵ᠬᠤᠶᠠᠷ︶ ᠦᠨᠳᠦᠰᠦᠨ ᠵᠠᠷᠴᠢᠮ᠃ | — ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ ᠤᠨ ᠵᠠᠭᠠᠭ ᠱᠤᠭᠤᠮ ᠢ ᠰᠢᠨᠵᠢᠯᠡᠬᠦ ᠤᠬᠠᠭᠠᠨᠴᠢ ᠪᠠᠷ | ᠲᠣᠳᠣᠷᠬᠠᠶᠢᠯᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠳᠡᠮᠵᠢᠬᠦ ᠵᠠᠰᠠᠭ ᠤᠨ | ᠣᠷᠳᠣᠨ ᠬᠢᠭᠡᠳ ᠵᠠᠬ᠎ᠠ ᠳᠡᠯᠭᠡᠭᠦᠷ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠢ ᠪᠣᠯᠭᠠᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠵᠠᠰᠠᠭ ᠤᠨ ᠣᠷᠳᠣᠨ ᠤ ᠣᠷᠣᠭᠤᠯᠤᠯᠲᠠ ᠬᠢᠬᠦ ᠵᠠᠭᠠᠭ ᠱᠤᠭᠤᠮ ᠪᠠ | ᠠᠷᠭ᠎ᠠ ᠮᠠᠶ᠋ᠢᠭ ᠢ ᠰᠢᠨᠵᠢᠯᠡᠬᠦ ᠤᠬᠠᠭᠠᠨᠴᠢ ᠢᠶᠠᠷ ᠵᠣᠬᠢᠰᠲᠠᠶ ᠲᠣᠭᠲᠠᠭᠠᠨ᠎ᠠ᠃ ᠡᠬᠢ ᠪᠠᠶᠠᠯᠢᠭ ᠤᠨ | ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠵᠤ᠂ | ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠴᠢᠷᠮᠠᠶᠢᠨ | ᠳᠠᠶᠢᠴᠢᠯᠠᠵᠤ᠂ ᠠᠵᠤ ᠠᠬᠤᠶᠢᠯᠠᠯ ᠪᠠ ᠨᠡᠶᠢᠭᠡᠮ ᠤᠨ ᠬᠦᠴᠦᠨ ᠢ ᠬᠦᠲᠦᠯᠦᠨ ᠳᠠᠶᠢᠴᠢᠯᠠᠵᠤ ᠪᠠᠶᠢᠭᠠᠳ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠳᠠᠬᠢ ᠣᠷᠣᠭᠤᠯᠤᠯᠲᠠ ᠶᠢ ᠨᠢ ᠨᠡᠮᠡᠭᠳᠡᠭᠦᠯᠦᠨ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠳᠤ ᠣᠷᠣᠭᠤᠯᠤᠯᠲᠠ ᠬᠢᠬᠦ ᠣᠯᠠᠨ ᠡᠰᠢᠳᠦ ᠣᠯᠠᠨ ᠳᠡᠰ ᠳᠠᠪᠬᠤᠷᠭ᠎ᠠ ᠣᠯᠠᠨ ᠠᠷᠭ᠎ᠠ ᠵᠠᠮ ᠪᠦᠬᠦᠢ | ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ | ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠤᠢ ᠪᠣᠯᠭᠠᠨ᠎ᠠ᠃ ᠵᠠᠰᠠᠭ ᠤᠨ ᠣᠷᠳᠣᠨ ᠤ ᠦᠢᠯᠡᠳᠦᠯ ᠢ ᠨᠡᠩ | ᠰᠠᠶᠢᠲᠤᠷ ᠪᠠᠳᠠᠷᠠᠭᠤᠯᠵᠤ᠂ ᠵᠠᠬ᠎ᠠ ᠳᠡᠯᠭᠡᠭᠦᠷ ᠢᠶᠠᠷ ᠡᠬᠢ ᠪᠠᠶᠠᠯᠢᠭ ᠢ ᠪᠦᠲᠦᠮᠵᠢᠲᠡᠢ ᠲᠣᠬᠢᠷᠠᠭᠤᠯᠵᠤ ᠴᠢᠳᠠᠬᠤ ᠦᠭᠡᠢ | ᠰᠠᠭᠤᠷᠢ ᠮᠥᠷᠲᠡᠭᠡᠨ ᠬᠤᠰᠢᠭᠤᠷᠠᠯ᠂ ᠨᠡᠶᠢᠭᠡᠮ ᠤᠨ ᠨᠡᠶᠢᠲᠡ ᠶᠢᠨ ᠠᠰᠠᠷᠠᠮᠵᠢ᠂ ᠴᠢᠬᠤᠯᠠ ᠶᠡᠭᠡ ᠨᠡᠶᠢᠲᠡᠯᠢᠭ ᠴᠢᠨᠠᠷᠲᠠᠶ | ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠵᠡᠷᠭᠡ ᠤᠯᠠᠨ ᠨᠡᠶᠢᠲᠡ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠢᠯᠯᠠᠭ᠎ᠠ ᠶᠢ ᠭᠤᠤᠯᠳᠠᠯᠭ᠎ᠠ ᠲᠠᠢ ᠲᠡᠮᠵᠢᠨ᠎ᠠ᠃ | — ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠷᠬᠡ ᠪᠠ ᠬᠠᠷᠢᠭᠤᠴᠠᠯᠭ᠎ᠠ ᠶᠢ | ᠵᠣᠬᠢᠰᠲᠠᠶ ᠬᠤᠪᠢᠶᠠᠷᠢᠯᠠᠨ᠎ᠠ᠃ ᠪᠦᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢ ᠨᠤᠲᠠᠯᠠᠬᠤ ᠪᠠ ᠬᠤᠪᠢᠶᠠᠷᠢᠯᠠᠬᠤ ᠲᠠᠯ᠎ᠠ ᠪᠠᠷ ᠬᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠯᠡᠬᠦ ᠡᠷᠬᠡ ᠶᠢ ᠲᠣᠳᠣᠷᠬᠠᠢ ᠲᠣᠭᠲᠠᠭᠠᠵᠤ᠂ ︽ | ᠬᠡᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯ ᠲᠡᠷᠡ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠬᠦ︾ | ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠵᠠᠰᠠᠭ ᠤᠨ ᠣᠷᠳᠣᠨ ᠤ | ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠭᠲᠠᠭᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠦᠢᠯᠡᠰ ᠤᠨ | ᠣᠯᠠᠨ ᠨᠡᠶᠢᠲᠡ ᠶᠢᠨ ᠴᠢᠨᠠᠷᠲᠠᠶ ᠳᠡᠰ ᠳᠠᠪᠬᠤᠷᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠤᠨ ᠠᠰᠢᠭ ᠬᠦᠷᠲᠡᠬᠦ ᠬᠡᠪᠴᠢᠶ᠎ᠡ ᠵᠡᠷᠭᠡ ᠰᠢᠨᠵᠢ ᠴᠢᠨᠠᠷ ᠢ ᠦᠨᠳᠦᠰᠦᠯᠡᠨ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ | ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠢᠨᠵᠢᠯᠡᠬᠦ ᠤᠬᠠᠭᠠᠨᠴᠢ ᠪᠠᠷ ᠵᠣᠬᠢᠰᠲᠠᠶ | ᠬᠤᠪᠢᠶᠠᠷᠢᠯᠠᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠪᠦᠬᠦ ᠲᠠᠯ᠎ᠠ ᠶᠢᠨ ᠴᠢᠨᠠᠷᠲᠠᠶ᠂ ᠰᠠᠭᠤᠷᠢ | ᠴᠢᠨᠠᠷᠲᠠᠶ᠂ ᠠᠯᠤᠰ ᠬᠡᠳᠦ ᠶᠢᠨ ᠴᠢᠨᠠᠷᠲᠠᠶ ᠠᠵᠢᠯ ᠵᠢᠴᠢ ᠤᠯᠤᠰ ᠤᠨ ᠳᠣᠲᠣᠭᠠᠳᠤ ᠭᠠᠳᠠᠭᠠᠳᠤ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠳᠤ ᠬᠠᠨᠳᠤᠭᠤᠯᠤᠭᠰᠠᠨ᠂ ᠥᠪᠡᠷᠲᠡᠭᠡᠨ ᠵᠠᠰᠠᠬᠤ ᠣᠷᠣᠨ ᠤ | ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠪᠠ ᠠᠵᠤ ᠠᠬᠤᠶ ᠶᠢᠨ ᠭᠤᠤᠯ ᠠᠵᠢᠯ ᠤᠨ ᠲᠠᠯᠠᠪᠤᠷ ᠲᠤ ᠬᠠᠨᠳᠤᠭᠤᠯᠵᠤ | ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠭᠦᠷᠭᠡ ᠶᠢ | ᠭᠤᠤᠯᠴᠢᠯᠠᠨ ᠳᠡᠮᠵᠢᠨ᠎ᠡ᠃ ᠡᠭᠦᠨ ᠤ ᠳᠠᠭᠠᠤ ᠳᠤ᠂ ᠠᠶᠢᠮᠠᠭ ᠬᠤᠲᠠ ᠶᠢ ᠬᠥᠲᠥᠯᠥᠨ ᠵᠢᠯᠣᠭᠤᠳᠬᠤ ᠲᠠᠯ᠎ᠠ ᠪᠠᠷ ᠬᠢ | ᠥᠪᠡᠷᠲᠡᠭᠡᠨ ᠵᠠᠰᠠᠬᠤ ᠣᠷᠣᠨ ᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠠᠶᠢᠮᠠᠭ ᠬᠤᠲᠠ ᠶᠢᠨ | ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ᠎ᠠ᠃ ᠠᠶᠢᠮᠠᠭ ᠬᠤᠲᠠ ᠶᠢᠨ ᠡᠳ᠋ ᠤᠨ | ᠵᠠᠰᠠᠭ ᠨᠢ ᠮᠡᠷᠭᠡᠵᠢᠯ ᠤᠨ ᠨᠡᠭᠡᠭᠡᠯᠲᠡ ᠪᠠ ᠤᠯᠠᠷᠢᠭᠤᠯᠤᠨ ᠬᠡᠷᠡᠭᠯᠡᠬᠦ ᠶᠢ ᠭᠤᠣᠯᠴᠢᠯᠠᠨ ᠳᠡᠮᠵᠢᠵᠦ᠂ ᠲᠣᠰ ᠲᠣᠰ ᠤᠨ | ᠣᠨᠴᠠᠯᠢᠭ ᠪᠥᠬᠦᠶ ᠣᠷᠣᠨ ᠪᠦᠰᠡ ᠶᠢᠨ ᠰᠢᠨ᠎ᠡ ᠡᠭᠦᠳᠦᠯᠲᠡ ᠲᠠᠢ ᠬᠥᠭᠵᠢᠬᠦ ᠪᠠᠶᠢᠷᠢᠰᠢᠯ ᠢ ᠪᠠᠶᠢᠭᠤᠯᠤᠨ᠎ᠠ᠃ | — ᠣᠳᠣᠬᠠᠨ ᠤ ᠪᠠ ᠠᠯᠤᠰ ᠬᠡᠳᠤ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ | ᠶᠡᠷᠦᠩᠬᠡᠶ ᠳᠤ ᠨᠢ ᠵᠢᠷᠤᠭᠯᠠᠨ ᠲᠥᠯᠥᠪᠯᠡᠬᠦ ᠶᠢ ᠪᠠᠷᠢᠮᠲᠠᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠷᠢᠶᠡᠨ ᠳᠠᠬᠢ ᠡᠯ᠎ᠡ ᠲᠥᠷᠥᠯ ᠤᠨ ᠵᠦᠢᠯᠡᠰ ᠢ ᠪᠦᠬᠦ ᠲᠠᠯ᠎ᠠ ᠪᠠᠷ ᠰᠢᠰᠲ᠋ᠧᠮ ᠲᠠᠢ ᠡᠮᠬᠢᠯᠡᠨ ᠲᠢᠭᠯᠡᠵᠦ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠯᠦᠭᠡ ᠵᠤᠬᠢᠴᠠᠯᠳᠤᠵᠦ | ᠬᠤᠯᠪᠤᠭᠠᠯᠠᠨ ᠬᠦᠳᠡᠯᠦᠯᠴᠡᠬᠦ ᠶᠢ ᠴᠢᠩᠭᠠᠳᠬᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ | ᠲᠠᠢ ᠬᠥᠭᠵᠢᠭᠦᠯᠬᠦ ᠡᠳ᠋ ᠤᠨ ᠵᠠᠰᠠᠭ ᠤᠨ ᠪᠠᠶᠢᠭᠤᠯᠤᠯ ᠪᠠ ᠲᠦᠷᠦ ᠶᠢᠨ ᠪᠤᠳᠤᠯᠭ᠎ᠠ ᠶᠢᠨ ᠣᠷᠴᠢᠨ ᠨᠥᠬᠦᠴᠡᠯ ᠢ | ᠰᠢᠯᠢᠳᠡᠭᠵᠢᠭᠦᠯᠦᠨ᠎ᠡ᠃ ᠥᠭᠡᠷᠡᠴᠢᠯᠡᠯᠲᠡ ᠶᠢ ᠲᠥᠷᠥᠯ ᠬᠤᠪᠢᠶᠠᠨ ᠠᠬᠢᠭᠤᠯᠬᠤ ᠶᠢ ᠪᠠᠷᠢᠮᠲᠠᠯᠠᠨ᠂ ᠬᠥᠳᠡᠯᠦᠩᠭᠦᠶ | ᠲᠣᠬᠢᠷᠠᠭᠤᠯᠤᠯᠲᠠ ᠬᠢᠬᠦ ᠲᠣᠭᠲᠠᠴᠠ ᠶᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠷᠢᠶᠡᠨ ᠳᠠᠬᠢ ᠤᠳᠤ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ ᠲᠥᠷᠥ ᠶᠢᠨ ᠪᠤᠳᠤᠯᠭ᠎ᠠ ᠶᠢ | ᠶᠡᠷᠦᠩᠬᠡᠶ ᠳᠤ ᠨᠢ ᠲᠣᠭᠲᠠᠭᠤᠨ ᠪᠠᠶᠢᠯᠭᠠᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠤᠳᠤ ᠶᠢᠨ ᠬᠡᠷᠡᠭᠵᠢᠭᠦᠯᠵᠦ | ᠪᠠᠶᠢᠭ᠎ᠠ ᠬᠤᠪᠢᠶᠠᠷᠢᠯᠠᠯ ᠨᠢ ᠨᠡᠯᠢᠶᠡᠳ ᠰᠢᠨᠵᠢᠯᠡᠬᠦ ᠤᠬᠠᠭᠠᠨᠴᠢ ᠪᠥᠭᠡᠳ ᠵᠣᠬᠢᠰᠲᠠᠢ ᠪᠠᠶᠢᠬᠤ ᠪᠠ ᠪᠦᠲᠦᠮᠵᠢᠲᠡᠶ | ᠶᠠᠪᠤᠭᠳᠠᠵᠤ ᠪᠠᠶᠢᠭ᠎ᠠ ᠵᠦᠢᠯᠡᠰ ᠢ ᠨᠤᠲᠠᠯᠠᠨ ᠲᠣᠭᠲᠠᠭᠠᠨ᠎ᠠ︔ ᠤᠳᠤ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯ ᠨᠢ | ᠵᠤᠬᠢᠰ ᠦᠭᠡᠢ ᠪᠣᠯᠪᠠᠴᠤ ᠥᠭᠡᠷᠡᠴᠢᠯᠡᠯᠲᠡ ᠬᠢᠬᠦ ᠨᠥᠬᠦᠴᠡᠯ ᠨᠢ ᠬᠠᠷᠢᠴᠠᠩᠭᠤᠢ ᠪᠠᠷ ᠪᠣᠯᠪᠠᠰᠤᠷᠠᠩᠭᠤᠶ ᠪᠣᠯᠤᠭᠰᠠᠨ | ᠵᠦᠢᠯᠡᠰ ᠲᠤ ᠲᠤᠬᠢᠷᠠᠭᠤᠯᠤᠯᠳᠠ ᠬᠢᠨ᠎ᠠ︔ ᠥᠭᠡᠷᠡᠴᠢᠯᠡᠯᠲᠡ ᠬᠢᠬᠦ ᠨᠥᠬᠦᠴᠡᠯ ᠢ ᠬᠠᠷᠠᠬᠠᠨ ᠪᠦᠷᠢᠯᠳᠦᠭᠦᠯᠦᠭᠡᠳᠦᠶ | ᠵᠦᠢᠯᠡᠰ ᠲᠤ᠂ ᠥᠭᠡᠷᠡᠴᠢᠯᠡᠯᠲᠡ ᠶᠢᠨ ᠴᠢᠭᠯᠡᠯ ᠢ ᠲᠣᠳᠣᠷᠬᠠᠢ ᠲᠣᠭᠲᠠᠭᠠᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ | ᠬᠤᠪᠢᠶᠠᠷᠢᠯᠠᠯᠲᠠ ᠶᠢᠨ ᠪᠠᠶᠢᠷᠢᠰᠢᠯ ᠢ ᠨᠢ ᠲᠦᠷ ᠴᠠᠭ ᠦᠷᠭᠦᠯᠵᠢᠯᠡᠭᠦᠯᠬᠦ ᠶᠢᠨ ᠬᠠᠮᠲᠤ᠂ ᠬᠠᠮᠢᠶ᠎ᠠ ᠪᠥᠬᠦᠶ | ᠬᠦᠷᠢᠶᠡᠨ ᠳᠠᠬᠢ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ ᠠᠬᠢᠴᠠ ᠵᠡᠷᠭᠡ ᠶᠢᠨ ᠪᠠᠶᠢᠳᠠᠯ ᠢ ᠦᠨᠳᠦᠰᠦᠯᠡᠨ | ᠴᠠᠭ ᠲᠤ ᠨᠢ ᠳᠣᠭᠢᠷᠠᠭᠤᠯᠤᠨ ᠲᠣᠬᠢᠷᠠᠭᠤᠯᠤᠯᠲᠠ ᠬᠢᠨ᠎ᠠ᠃ | ᠬᠤᠶᠠᠷ᠂ ᠭᠤᠤᠯ ᠠᠭᠤᠯᠭ᠎ᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠶᠡᠷᠦᠩᠬᠡᠶ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠵᠢᠯ ᠤᠨ ᠣᠨᠴᠠᠯᠢᠭ ᠶᠣᠰᠣᠭᠠᠷ᠂ ᠮᠠᠨ ᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠳᠣᠤᠷᠠᠬᠢ | ᠨᠠᠢᠮᠠᠨ ᠵᠦᠢᠯ ᠤᠨ ᠠᠭᠤᠯᠭ᠎ᠠ ᠪᠣᠯᠭᠠᠨ ᠬᠤᠪᠢᠶᠠᠨ᠎ᠠ᠃ | ︵ᠨᠢᠭᠡ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠨᠡᠭᠡᠭᠡᠯᠲᠡ᠃ ᠡᠳ᠋ ᠤᠨ ᠵᠠᠰᠠᠭ ᠤᠨ | ᠪᠡᠯᠡ ᠮᠥᠩᠭᠦ ᠶᠢ ᠠᠰᠢᠭᠯᠠᠵᠤ ᠪᠠᠶᠢᠭᠤᠯᠤᠭᠠᠳ ᠰᠠᠭᠤᠷᠢ ᠰᠤᠳᠤᠯᠭᠠᠨ᠂ ᠬᠡᠷᠡᠭᠯᠡᠭᠡᠨ ᠤ ᠰᠤᠳᠤᠯᠭᠠᠨ ᠪᠠ | ᠮᠡᠷᠭᠡᠵᠢᠯ ᠤᠨ ᠰᠤᠳᠤᠯᠭᠠᠨ ᠨᠡᠭᠡᠭᠡᠯᠲᠡ ᠵᠡᠷᠭᠡ ᠶᠢ ᠳᠡᠮᠵᠢᠬᠦ ᠳᠤ ᠬᠡᠷᠡᠭᠯᠡᠬᠦ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠥᠯᠥᠪᠯᠡᠭᠡ ︵ᠲᠤᠰᠬᠠᠶ ᠵᠦᠢᠯ᠂ ᠰᠠᠭᠤᠷᠢ ᠮᠥᠩᠭᠦ ᠵᠡᠷᠭᠡ︶ ᠶᠢ ᠥᠪᠡᠷᠲᠡᠭᠡᠨ ᠵᠠᠰᠠᠬᠤ ᠣᠷᠣᠨ | ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠨᠤᠲᠠᠯᠠᠵᠤ | ᠲᠣᠭᠲᠠᠭᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠪᠠ ᠠᠶᠢᠮᠠᠭ | ᠬᠤᠲᠠ ᠶᠢᠨ ᠡᠳ᠋ ᠤᠨ ᠵᠠᠰᠠᠭ ᠨᠢ ᠠᠳᠠᠯᠢ ᠪᠤᠰᠤ ᠪᠠᠶᠢᠳᠠᠯ ᠢᠶᠠᠷ ᠵᠣᠬᠢᠬᠤ ᠵᠠᠷᠤᠯᠭ᠎ᠠ ᠶᠢᠨ ᠬᠠᠷᠢᠭᠤᠴᠠᠯᠭ᠎ᠠ ᠶᠢ | ᠡᠭᠦᠷᠭᠡᠯᠡᠨ᠎ᠡ᠃ | 1. ᠰᠠᠭᠤᠷᠢ ᠰᠤᠳᠤᠯᠭᠠᠨ᠃ | ︵1︶ ᠴᠢᠯᠥᠭᠡᠲᠡᠶ ᠬᠠᠶᠢᠨ ᠰᠦᠪᠡᠭᠴᠢᠯᠡᠬᠦ ᠲᠥᠷᠥᠯ ᠤᠨ ᠰᠠᠭᠤᠷᠢ ᠰᠤᠳᠤᠯᠭᠠᠨ ᠨᠢ ᠦᠯᠦ ᠮᠡᠳᠡᠬᠦ | ᠰᠢᠨᠵᠢᠯᠡᠬᠦ ᠤᠬᠠᠭᠠᠨ ᠤ ᠠᠰᠠᠭᠤᠳᠠᠯ ᠢ ᠬᠠᠶᠢᠨ ᠰᠦᠪᠡᠭᠴᠢᠯᠡᠬᠦ ᠳᠤ ᠠᠩᠬᠠᠷᠤᠯ ᠲᠦᠪᠯᠡᠷᠡᠭᠦᠯᠵᠦ᠂ ᠥᠪᠡᠷᠲᠡᠭᠡᠨ | ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠨᠢ ᠭᠤᠣᠯ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠂ | ᠡᠭᠦᠰᠦᠯᠲᠡ ᠠᠴᠠ ᠨᠢ ᠰᠢᠨ᠎ᠡ ᠶᠢ ᠡᠭᠦᠳᠬᠦ ᠶᠢ ᠳᠡᠮᠵᠢᠬᠦ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠰᠠᠭᠤᠷᠢ ᠮᠥᠩᠭᠦᠨ ᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠭᠤᠷᠢ ᠰᠤᠳᠤᠯᠭᠠᠨ ᠪᠠ | ᠰᠢᠨᠵᠢᠯᠡᠬᠦ ᠤᠬᠠᠭᠠᠨ ᠤ ᠬᠤᠰᠢᠭᠤᠷᠠᠬᠤ ᠰᠦᠪᠡᠭᠴᠢᠯᠡᠯᠲᠡ ᠶᠢ ᠴᠢᠩᠭᠠᠳᠬᠠᠨ᠎ᠠ᠃ ᠰᠠᠭᠤᠷᠢ ᠰᠤᠳᠤᠯᠭᠠᠨ ᠤ ᠣᠷᠣᠨ | ᠪᠦᠰᠡ ᠶᠢᠨ ᠪᠠᠶᠢᠷᠢᠯᠠᠭᠤᠯᠤᠯᠲᠠ ᠲᠠᠢ ᠤᠶᠠᠯᠳᠤᠭᠤᠯᠤᠨ ᠠᠶᠢᠮᠠᠭ ᠬᠤᠲᠠ ᠶᠢᠨ ᠪᠡᠶ᠎ᠡ ᠪᠠᠨ ᠳᠠᠭᠠᠭᠠᠵᠤ | ᠪᠠᠶᠢᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ︵ᠲᠤᠰᠬᠠᠶ ᠵᠦᠢᠯ᠂ ᠰᠠᠭᠤᠷᠢ ᠮᠥᠩᠭᠦ | ᠵᠡᠷᠭᠡ︶ ᠳᠤ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠰᠢᠯᠵᠢᠭᠦᠯᠦᠨ ᠥᠭᠬᠦ ᠪᠠᠷ ᠳᠠᠮᠵᠢᠭᠤᠯᠤᠨ | ᠨᠢᠭᠡᠳᠦᠯᠲᠡᠶ ᠲᠥᠯᠥᠪᠯᠡᠨ ᠳᠡᠮᠵᠢᠯᠭᠡ ᠦᠵᠡᠭᠦᠯᠦᠨ᠎ᠡ᠃ | ︵2︶ ᠬᠠᠷᠠᠯᠲᠠ ᠪᠠᠷ ᠤᠳᠤᠷᠢᠳᠤᠮᠵᠢ ᠪᠣᠯᠭᠠᠬᠤ ᠲᠥᠷᠥᠯ ᠤᠨ ᠰᠠᠭᠤᠷᠢ ᠰᠤᠳᠤᠯᠭᠠᠨ ᠨᠢ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠯᠤᠭ᠎ᠠ ᠨᠢᠭᠲᠠ ᠤᠶᠠᠯᠳᠤᠭᠤᠯᠵᠤ᠂ ᠥᠪᠡᠷᠲᠡᠭᠡᠨ ᠵᠠᠰᠠᠬᠤ | ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ | ᠨᠤᠲᠠᠯᠠᠵᠤ ᠲᠣᠭᠲᠠᠭᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠪᠠ | ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠰ ᠲᠣᠰ ᠡᠭᠦᠷᠭᠡᠯᠡᠨ᠎ᠡ᠃ | ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢᠨ ᠬᠠᠷᠠᠯᠲᠠ ᠪᠠ ᠪᠥᠬᠦ ᠣᠷᠣᠨ ᠤ ᠪᠡᠶ᠎ᠡ ᠪᠠᠨ ᠳᠠᠭᠠᠭᠠᠭᠰᠠᠨ ᠰᠢᠨ᠎ᠡ ᠡᠭᠦᠳᠦᠯᠲᠡ ᠶᠢᠨ ᠴᠢᠳᠠᠪᠤᠷᠢ ᠶᠢ | ᠳᠡᠭᠡᠭᠰᠢᠯᠡᠭᠦᠯᠬᠦ ᠰᠠᠭᠤᠷᠢ ᠰᠤᠳᠤᠯᠭᠠᠨ ᠤ ᠵᠦᠢᠯᠡᠰ ᠲᠤ ᠠᠩᠬᠠᠷᠤᠯ ᠲᠥᠪᠯᠡᠷᠡᠭᠦᠯᠦᠭᠰᠡᠨ ᠪᠠᠶᠢᠪᠠᠯ᠂ ᠥᠪᠡᠷᠲᠡᠭᠡᠨ | ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠭᠤᠤᠯ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ | ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠠᠢ ᠲᠠᠢ ᠤᠶᠠᠯᠳᠤᠭᠤᠯᠵᠤ᠂ ᠬᠠᠮᠢᠶ᠎ᠠ | ᠪᠦᠬᠦᠢ ᠲᠥᠯᠥᠪᠵᠢᠭᠦᠯᠪᠡ ᠵᠡᠷᠭᠡ ᠶᠢ ᠦᠨᠳᠦᠰᠦᠯᠡᠨ ᠠᠶᠢᠮᠠᠭ ᠬᠤᠲᠠ ᠶᠢᠨ ᠪᠡᠶ᠎ᠡ ᠪᠠᠨ ᠳᠠᠭᠠᠭᠠᠵᠤ ᠪᠠᠶᠢᠭᠤᠯᠤᠭᠰᠠᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ︵ᠲᠤᠰᠬᠠᠶ ᠵᠦᠢᠯ᠂ ᠰᠠᠭᠤᠷᠢ ᠮᠥᠩᠭᠦ ᠵᠡᠷᠭᠡ︶ ᠳᠤ᠂ | ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | 2. ᠬᠡᠷᠡᠭᠯᠡᠭᠡᠨ ᠤ ᠰᠤᠳᠤᠯᠭᠠᠨ ᠪᠠ ᠮᠡᠷᠭᠡᠵᠢᠯ ᠤᠨ ᠰᠤᠳᠤᠯᠭᠠᠨ ᠨᠡᠭᠡᠭᠡᠯᠳᠠ᠃ ᠬᠡᠷᠡᠭᠯᠡᠭᠡᠨ ᠤ ᠰᠤᠳᠤᠯᠭᠠᠨ | ᠪᠠ ᠮᠡᠷᠭᠡᠵᠢᠯ ᠤᠨ ᠰᠤᠳᠤᠯᠭᠠᠨ ᠨᠡᠭᠡᠭᠡᠯᠲᠡ ᠨᠢ ᠭᠤᠣᠯᠳᠠᠭᠤ ᠨᠡᠶᠢᠭᠡᠮ ᠤᠨ ᠬᠥᠭᠵᠢᠯᠲᠡ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠬᠦ ᠪᠣᠯᠬᠤᠷ᠂ ᠥᠪᠡᠷᠲᠡᠭᠡᠨ ᠵᠠᠰᠠᠬᠤ ᠣᠷᠣᠨ | ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠨᠤᠲᠠᠯᠠᠵᠤ | ᠲᠣᠭᠲᠠᠭᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠪᠠ ᠠᠶᠢᠮᠠᠭ | ᠬᠤᠲᠠ ᠶᠢᠨ ᠡᠳ᠋ ᠤᠨ ᠵᠠᠰᠠᠭ ᠨᠢ ᠠᠳᠠᠯᠢ ᠪᠤᠰᠤ ᠪᠠᠶᠢᠳᠠᠯ ᠢᠶᠠᠷ ᠵᠣᠬᠢᠬᠤ ᠵᠠᠷᠤᠯᠭ᠎ᠠ ᠶᠢᠨ ᠬᠠᠷᠢᠭᠤᠴᠠᠯᠭ᠎ᠠ ᠶᠢ | ᠡᠭᠦᠷᠭᠡᠯᠡᠨ᠎ᠡ᠃ ᠡᠭᠦᠨ ᠳᠤ᠂ ᠪᠦᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ᠂ ᠭᠤᠣᠯᠳᠠᠯᠭ᠎ᠠ ᠲᠠᠢ ᠠᠵᠤ ᠦᠢᠯᠡᠰ᠂ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ | ᠳᠡᠰ ᠳᠡᠪᠰᠢᠬᠦ ᠶᠢ ᠠᠬᠢᠭᠤᠯᠬᠤ᠂ ᠰᠢᠨ᠎ᠡ ᠪᠠᠷ ᠪᠤᠶ ᠪᠣᠯᠤᠭᠰᠠᠨ ᠠᠵᠤ ᠦᠢᠯᠡᠰ ᠢ ᠪᠤᠶᠢᠵᠢᠭᠤᠯᠬᠤ ᠨᠡᠶᠢᠲᠡᠯᠢᠭ | ᠴᠢᠨᠠᠷᠲᠠᠶ ᠵᠠᠩᠭᠢᠯᠠᠭ᠎ᠠ ᠶᠢᠨ ᠮᠡᠷᠭᠡᠵᠢᠯ ᠤᠨ ᠰᠢᠪᠲᠤᠯᠤᠯᠲᠠ ᠪᠠ ᠦᠢᠯᠡᠳᠬᠦᠨ ᠤ ᠰᠤᠳᠤᠯᠭᠠᠨ ᠨᠡᠭᠡᠭᠡᠯᠲᠡ ᠶᠢᠨ | ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠨᠢ ᠭᠤᠤᠯ ᠵᠠᠷᠤᠯᠭ᠎ᠠ ᠶᠢᠨ | ᠬᠠᠷᠢᠭᠤᠴᠠᠯᠭ᠎ᠠ ᠶᠢ ᠡᠭᠦᠷᠭᠡᠯᠡᠨ᠎ᠡ᠂ ᠭᠤᠤᠯᠳᠠᠭᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯ᠂ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠡᠨ ᠤ ᠰᠤᠳᠤᠯᠭᠠᠨ | ᠬᠢᠭᠡᠳ ᠨᠡᠭᠡᠭᠡᠯᠲᠡ ᠶᠢᠨ ᠲᠤᠰᠬᠠᠶ ᠵᠦᠢᠯ ᠵᠡᠷᠭᠡ ᠪᠠᠷ ᠳᠠᠮᠵᠢᠭᠤᠯᠤᠨ ᠳᠡᠮᠵᠢᠯᠭᠡ ᠦᠵᠡᠭᠦᠯᠦᠨ᠎ᠡ︔ ᠠᠶᠢᠮᠠᠭ | ᠬᠤᠲᠠ ᠶᠢᠨ ᠡᠳ᠋ ᠤᠨ ᠵᠠᠰᠠᠭ ᠨᠢ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠡᠭᠦᠷᠭᠡ ᠶᠢᠨ | ᠪᠠᠶᠢᠷᠢᠯᠠᠭᠤᠯᠤᠯᠲᠠ ᠶᠢ ᠦᠨᠳᠦᠰᠦᠯᠡᠨ᠂ ᠲᠣᠰ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠵᠤ ᠵᠣᠬᠢᠬᠤ | ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠠᠶᠢᠮᠠᠭ ᠬᠤᠲᠠ ᠶᠢᠨ ᠬᠠᠮᠢᠶ᠎ᠠ ᠪᠦᠬᠦᠢ ᠲᠥᠯᠥᠪᠵᠢᠭᠦᠯᠪᠡ | ᠵᠡᠷᠭᠡ ᠶᠢ ᠦᠨᠳᠦᠰᠦᠯᠡᠨ ᠪᠡᠶ᠎ᠡ ᠪᠠᠨ ᠳᠠᠭᠠᠭᠠᠵᠤ ᠪᠠᠶᠢᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠥᠯᠥᠪᠯᠡᠭᠡ ︵ᠲᠤᠰᠬᠠᠶ ᠵᠦᠢᠯ᠂ ᠰᠠᠭᠤᠷᠢ ᠮᠥᠩᠭᠦ ᠵᠡᠷᠭᠡ︶ ᠳᠤ᠂ ᠠᠶᠢᠮᠠᠭ ᠬᠤᠲᠠ ᠶᠢᠨ ᠡᠳ᠋ ᠤᠨ ᠵᠠᠰᠠᠭ ᠨᠢ | ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠬᠤᠶᠠᠷ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ | ᠪᠥᠲᠥᠭᠡᠨ ᠪᠠᠶᠢᠭᠤᠯᠤᠯᠲᠠ ᠬᠥᠭᠵᠢᠯᠲᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠳᠤ ᠥᠭᠬᠦ ᠨᠥᠬᠦᠪᠥᠷᠢ ᠶᠢ ᠥᠪᠡᠷᠲᠡᠭᠡᠨ ᠵᠠᠰᠠᠬᠤ | ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ | ᠨᠤᠲᠠᠯᠠᠵᠤ ᠲᠣᠭᠲᠠᠭᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠪᠠ | ᠠᠶᠢᠮᠠᠭ ᠬᠤᠲᠠ ᠶᠢᠨ ᠡᠳ᠋ ᠤᠨ ᠵᠠᠰᠠᠭ ᠨᠢ ᠠᠳᠠᠯᠢ ᠪᠤᠰᠤ ᠪᠠᠶᠢᠳᠠᠯ ᠢᠶᠠᠷ ᠵᠣᠬᠢᠬᠤ ᠵᠠᠷᠤᠯᠭ᠎ᠠ ᠶᠢᠨ ᠬᠠᠷᠢᠭᠤᠴᠠᠯᠭ᠎ᠠ ᠶᠢ | ᠡᠭᠦᠷᠭᠡᠯᠡᠨ᠎ᠡ᠃ ᠡᠭᠦᠨ ᠳᠤ᠂ ᠪᠥᠬᠦ ᠣᠷᠣᠨ ᠤ ᠬᠠᠷᠠᠯᠲᠠ ᠶᠢ ᠪᠡᠶᠡᠯᠡᠭᠦᠯᠬᠦ ᠬᠡᠷᠡᠭᠴᠡᠭᠡ ᠱᠠᠭᠠᠷᠳᠠᠯᠭ᠎ᠠ ᠵᠢᠴᠢ ᠠᠵᠤ | ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠬᠡᠷᠡᠭᠴᠡᠭᠡᠨ ᠤ ᠲᠣᠭᠤᠷᠢᠨ ᠳᠤ ᠪᠥᠲᠥᠭᠡᠨ ᠪᠠᠶᠢᠭᠤᠯᠤᠭᠰᠠᠨ | ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠬᠥᠭᠵᠢᠯᠲᠡ ᠳᠤ᠂ ᠡᠳ᠋ ᠤᠨ ᠵᠠᠰᠠᠭ ᠤᠨ ᠡᠭᠦᠷᠭᠡᠯᠡᠬᠦ ᠪᠠᠯᠠ | ᠮᠥᠩᠭᠦ ᠶᠢ ᠪᠣᠯ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠭᠤᠤᠯ ᠵᠠᠷᠤᠯᠭ᠎ᠠ ᠶᠢᠨ | ᠬᠠᠷᠢᠭᠤᠴᠠᠯᠭ᠎ᠠ ᠶᠢ ᠡᠭᠦᠷᠭᠡᠯᠡᠨ᠎ᠡ︔ ᠠᠶᠢᠮᠠᠭ ᠬᠤᠲᠠ ᠨᠢ ᠲᠣᠰ ᠭᠠᠵᠠᠷ ᠣᠷᠣᠨ ᠤ ᠬᠠᠮᠢᠶ᠎ᠠ ᠪᠦᠬᠦᠢ | ᠲᠥᠯᠥᠪᠵᠢᠭᠦᠯᠪᠡ ᠵᠡᠷᠭᠡ ᠶᠢ ᠦᠨᠳᠦᠰᠦᠯᠡᠨ ᠪᠡᠶ᠎ᠡ ᠪᠠᠨ ᠳᠠᠭᠠᠭᠠᠵᠤ ᠪᠦᠲᠦᠭᠡᠨ ᠪᠠᠶᠢᠭᠤᠯᠤᠭᠰᠠᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠲᠤ᠂ ᠡᠳ᠋ ᠤᠨ ᠵᠠᠰᠠᠭ ᠤᠨ ᠡᠭᠦᠷᠭᠡᠯᠡᠬᠦ ᠪᠡᠯᠡ | ᠮᠥᠩᠭᠦ ᠶᠢ ᠪᠣᠯ ᠠᠶᠢᠮᠠᠭ ᠬᠤᠲᠠ ᠶᠢᠨ ᠡᠳ᠋ ᠤᠨ ᠵᠠᠰᠠᠭ ᠨᠢ ᠭᠤᠤᠯ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠵᠦ | ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠨᠢ ᠰᠢᠯᠵᠢᠭᠦᠯᠦᠨ ᠥᠭᠬᠦ ᠪᠠᠷ ᠳᠠᠮᠵᠢᠭᠤᠯᠤᠨ | ᠨᠢᠭᠡᠳᠦᠯᠲᠡᠶ ᠲᠥᠯᠥᠪᠯᠡᠨ ᠳᠡᠮᠵᠢᠯᠭᠡ ᠦᠵᠡᠭᠦᠯᠦᠨ᠎ᠡ᠃ | ︵ᠭᠤᠷᠪᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠤ ᠡᠩᠨᠡᠭᠡ ᠶᠢ | ᠪᠠᠶᠢᠭᠤᠯᠬᠤ ᠲᠣᠭᠤᠷᠢᠨ ᠳᠤ᠂ ᠬᠠᠮᠢᠶ᠎ᠠ ᠪᠦᠬᠦᠢ ᠲᠥᠯᠥᠪᠵᠢᠭᠦᠯᠪᠡ ᠵᠡᠷᠭᠡ ᠶᠢ ᠦᠨᠳᠦᠰᠦᠯᠡᠨ ᠨᠢᠭᠡᠳᠦᠯᠲᠡᠶ ᠵᠣᠬᠢᠶᠠᠨ | ᠪᠠᠶᠢᠭᠤᠯᠵᠤ ᠬᠡᠷᠡᠭᠵᠢᠭᠦᠯᠦᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠲᠤᠰᠬᠠᠶ ᠵᠦᠢᠯ ᠢ | ᠥᠪᠡᠷᠲᠡᠭᠡᠨ ᠵᠠᠰᠠᠬᠤ ᠣᠷᠣᠨ ᠪᠤᠶᠤ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ | ᠪᠣᠯᠭᠠᠨ ᠨᠤᠲᠠᠯᠠᠵᠤ ᠲᠣᠭᠲᠠᠭᠠᠭᠰᠠᠨ ᠪᠠᠶᠢᠪᠠᠯ᠂ ᠠᠳᠠᠯᠢ ᠱᠠᠲᠤᠨ ᠤ ᠡᠳ᠋ ᠤᠨ ᠵᠠᠰᠠᠭ ᠨᠢ ᠵᠠᠷᠤᠯᠭ᠎ᠠ ᠶᠢᠨ | ᠬᠠᠷᠢᠭᠤᠴᠠᠯᠭ᠎ᠠ ᠶᠢ ᠡᠭᠦᠷᠭᠡᠯᠡᠨ᠎ᠡ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠦᠭᠰᠡᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠬᠥᠮᠦᠵᠢᠭᠦᠯᠵᠦ ᠳᠡᠮᠵᠢᠬᠦ ᠵᠡᠷᠭᠡ | ᠴᠢᠳᠠᠪᠤᠷᠢᠲᠠᠨ ᠳᠤ ᠬᠤᠯᠪᠣᠭᠳᠠᠭᠰᠠᠨ ᠲᠤᠰᠬᠠᠶ ᠵᠦᠢᠯ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠠᠵᠢᠯ ᠶᠠᠪᠤᠳᠠᠯ ᠤᠨ ᠡᠷᠬᠡ ᠪᠣᠯᠭᠠᠨ ᠨᠤᠲᠠᠯᠠᠵᠤ ᠲᠣᠭᠲᠠᠭᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠠᠶᠢᠮᠠᠭ ᠬᠤᠲᠠ ᠶᠢᠨ ᠬᠠᠮᠢᠶ᠎ᠠ | ᠪᠦᠬᠦᠢ ᠲᠥᠯᠥᠪᠵᠢᠭᠦᠯᠪᠡ ᠵᠡᠷᠭᠡ ᠪᠠᠷ ᠪᠡᠶ᠎ᠡ ᠪᠠᠨ ᠳᠠᠭᠠᠭᠠᠵᠤ ᠬᠡᠷᠡᠭᠵᠢᠭᠦᠯᠦᠭᠰᠡᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠬᠥᠮᠦᠵᠢᠭᠦᠯᠬᠦ ᠵᠡᠷᠭᠡ ᠴᠢᠳᠠᠪᠤᠷᠢᠲᠠᠨ ᠳᠤ | ᠬᠤᠯᠪᠣᠭᠳᠠᠭᠰᠠᠨ ᠲᠤᠰᠬᠠᠶ ᠵᠦᠢᠯ ᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ | ᠪᠣᠯᠭᠠᠨ ᠨᠤᠲᠠᠯᠠᠵᠤ ᠲᠣᠭᠲᠠᠭᠠᠭᠰᠠᠨ ᠪᠠᠶᠢᠪᠠᠯ᠂ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ | ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠳᠥᠷᠪᠡ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠰᠢᠯᠵᠢᠭᠦᠯᠦᠨ | ᠤᠯᠠᠷᠢᠭᠤᠯᠬᠤ᠃ ᠲᠦᠭᠰᠢᠭᠦᠷᠢ ᠶᠢᠨ ᠲᠦᠯᠦᠪᠦᠷᠢ᠂ ᠬᠤᠶᠢᠨᠠᠬᠢ ᠨᠥᠬᠦᠪᠥᠷᠢ᠂ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠰᠠᠭᠤᠷᠢ ᠮᠥᠩᠭᠦ ᠵᠡᠷᠭᠡ ᠡᠳ᠋ ᠤᠨ ᠵᠠᠰᠠᠭ ᠤᠨ ᠣᠷᠣᠭᠤᠯᠤᠯᠲᠠ ᠶᠢᠨ ᠠᠷᠭ᠎ᠠ ᠮᠠᠶ᠋ᠢᠭ ᠢᠶᠠᠷ | ᠳᠠᠮᠵᠢᠭᠤᠯᠵᠤ ᠳᠡᠮᠵᠢᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠰᠢᠯᠵᠢᠭᠦᠯᠦᠨ | ᠤᠯᠠᠷᠢᠭᠤᠯᠬᠤ ᠶᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ | ᠠᠵᠢᠯ ᠶᠠᠪᠤᠳᠠᠯ ᠤᠨ ᠡᠷᠬᠡ ᠪᠣᠯᠭᠠᠨ ᠨᠤᠲᠠᠯᠠᠵᠤ ᠲᠣᠭᠲᠠᠭᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠡᠳ᠋ ᠤᠨ ᠵᠠᠰᠠᠭ ᠪᠠ ᠠᠶᠢᠮᠠᠭ ᠬᠤᠲᠠ ᠶᠢᠨ ᠡᠳ᠋ ᠤᠨ ᠵᠠᠰᠠᠭ ᠨᠢ ᠠᠳᠠᠯᠢ ᠪᠤᠰᠤ ᠪᠠᠶᠢᠳᠠᠯ ᠢᠶᠠᠷ ᠵᠣᠬᠢᠬᠤ | ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠳᠤ ᠭᠤᠤᠯᠳᠠᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠤᠰᠬᠠᠶ | ᠵᠦᠢᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠵᠢᠯᠴᠠᠨ ᠰᠢᠨ᠎ᠡ ᠶᠢ ᠡᠭᠦᠳᠬᠦ ᠰᠠᠭᠤᠷᠢ ᠮᠥᠩᠭᠦᠨ ᠤ | ᠬᠥᠲᠥᠯᠥᠨ ᠵᠢᠯᠣᠭᠤᠳᠬᠤ ᠪᠠ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠬᠤ ᠪᠠᠷ ᠳᠠᠮᠵᠢᠭᠤᠯᠤᠨ᠂ ᠵᠠᠬ᠎ᠠ | ᠳᠡᠯᠭᠡᠭᠦᠷ ᠤᠨ ᠲᠣᠭᠲᠠᠴᠠ ᠶᠢ ᠬᠡᠷᠡᠭᠯᠡᠵᠦ᠂ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢ ᠲᠠᠲᠠᠵᠤ᠂ ᠪᠥᠬᠦ | ᠣᠷᠣᠨ ᠤ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠠᠵᠤ ᠦᠢᠯᠡᠰ ᠯᠦᠭᠡ ᠬᠤᠯᠪᠣᠭ᠎ᠠ ᠲᠠᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠪᠠ | ᠬᠥᠷᠥᠩᠭᠡᠵᠢᠭᠦᠯᠬᠦ᠂ ᠠᠵᠤ ᠦᠢᠯᠡᠰᠵᠢᠬᠦᠯᠬᠦ ᠶᠢ ᠠᠬᠢᠭᠤᠯᠬᠤ ᠳᠤ᠂ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠡᠳ᠋ ᠤᠨ ᠵᠠᠰᠠᠭ ᠨᠢ ᠭᠤᠤᠯ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠠᠶᠢᠮᠠᠭ ᠬᠤᠲᠠ ᠶᠢᠨ | ᠡᠳ᠋ ᠤᠨ ᠵᠠᠰᠠᠭ ᠨᠢ ᠲᠤᠰ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠪᠡᠶ᠎ᠠ ᠪᠠᠨ ᠳᠠᠭᠠᠭᠠᠬᠤ | ᠠᠷᠭ᠎ᠠ ᠪᠠᠷ ᠨᠡᠶᠢᠭᠡᠮ ᠤᠨ ᠬᠥᠷᠥᠩᠭᠡ ᠶᠢ ᠬᠥᠲᠥᠯᠥᠨ ᠵᠢᠯᠣᠭᠤᠳᠴᠤ ᠪᠠᠶᠢᠭᠠᠳ ᠣᠷᠣᠭᠤᠯᠤᠯᠲᠠ ᠶᠢ ᠨᠢ | ᠨᠡᠮᠡᠭᠳᠡᠭᠦᠯᠵᠦ᠂ ᠲᠤᠰ ᠣᠷᠣᠨ ᠪᠦᠰᠡ ᠶᠢᠨ ᠭᠤᠤᠯᠳᠠᠯᠭ᠎ᠠ ᠲᠠᠢ ᠠᠵᠤ ᠦᠢᠯᠡᠰ ᠵᠡᠷᠭᠡ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠳᠡᠮᠵᠢᠭᠰᠡᠨ ᠪᠠᠶᠢᠪᠠᠯ᠂ ᠠᠶᠢᠮᠠᠭ | ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠥᠪᠡᠷᠲᠡᠭᠡᠨ ᠵᠠᠰᠠᠬᠤ | ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠰᠢᠯᠵᠢᠭᠦᠯᠦᠨ ᠥᠭᠬᠦ ᠪᠠᠷ ᠳᠠᠮᠵᠢᠭᠤᠯᠤᠨ ᠨᠢᠭᠡᠳᠦᠯᠲᠡᠶ ᠲᠥᠯᠥᠪᠯᠡᠨ | ᠳᠡᠮᠵᠢᠯᠭᠡ ᠦᠵᠡᠭᠦᠯᠦᠨ᠎ᠡ᠃ | ︵ᠲᠠᠪᠤ︶ ᠣᠷᠣᠨ ᠪᠦᠰᠡ ᠶᠢᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ᠃ ᠣᠷᠣᠨ | ᠪᠦᠰᠡ ᠶᠢᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠡᠭᠦᠷᠭᠡᠯᠡᠬᠦ | ᠡᠳ᠋ ᠤᠨ ᠵᠠᠰᠠᠭ ᠤᠨ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠨᠤᠲᠠᠯᠠᠵᠤ ᠲᠣᠭᠲᠠᠭᠠᠭᠰᠠᠨ ᠪᠠᠶᠢᠪᠠᠯ᠂ ᠥᠪᠡᠷᠲᠡᠭᠡᠨ | ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠪᠠ ᠠᠶᠢᠮᠠᠭ ᠬᠤᠲᠠ ᠶᠢᠨ ᠡᠳ᠋ ᠤᠨ ᠵᠠᠰᠠᠭ ᠨᠢ ᠠᠳᠠᠯᠢ ᠪᠤᠰᠤ | ᠪᠠᠶᠢᠳᠠᠯ ᠢᠶᠠᠷ ᠵᠣᠬᠢᠬᠤ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠭᠦᠨ ᠳᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠪᠠᠶᠢᠷᠢᠯᠠᠭᠤᠯᠵᠤ ᠬᠡᠷᠡᠭᠵᠢᠭᠦᠯᠦᠭᠰᠡᠨ ᠣᠷᠣᠨ ᠪᠦᠰᠡ ᠶᠢᠨ | ᠴᠢᠬᠤᠯᠠ ᠶᠡᠭᠡ ᠬᠠᠮᠲᠤᠷᠠᠯᠴᠠᠭ᠎ᠠ ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠬᠢᠭᠡᠳ | ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ᠂ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠰᠢᠯᠵᠢᠭᠦᠯᠦᠨ ᠥᠭᠬᠦ ᠪᠠᠷ ᠳᠠᠮᠵᠢᠭᠤᠯᠤᠨ | ᠨᠢᠭᠡᠳᠦᠯᠲᠡᠶ ᠲᠥᠯᠥᠪᠯᠡᠨ ᠳᠡᠮᠵᠢᠯᠭᠡ ᠦᠵᠡᠭᠦᠯᠦᠨ᠎ᠡ︔ ᠤᠯᠤᠰ ᠤᠨ ᠪᠡᠶ᠎ᠡ ᠪᠠᠨ ᠳᠠᠭᠠᠭᠠᠭᠰᠠᠨ ᠰᠢᠨ᠎ᠡ | ᠡᠭᠦᠳᠦᠯᠲᠡ ᠶᠢᠨ ᠵᠢᠱᠢᠶ᠎ᠡ ᠦᠵᠡᠭᠦᠯᠬᠦ ᠣᠷᠣᠨ᠂ ᠤᠯᠤᠰ ᠤᠨ ᠦᠷᠭᠦᠯᠵᠢᠯᠡᠨ ᠭᠦᠭᠵᠢᠬᠦᠯᠬᠦ ᠶᠢᠨ ᠵᠥᠪᠯᠡᠬᠦ | ᠳᠠᠷᠠᠭᠠᠯᠠᠯ ᠤᠨ ᠰᠢᠨ᠎ᠡ ᠡᠭᠦᠳᠦᠯᠲᠡ ᠶᠢᠨ ᠵᠢᠱᠢᠶ᠎ᠡ ᠦᠵᠡᠭᠦᠯᠬᠦ ᠣᠷᠣᠨ᠂ ᠤᠯᠤᠰ ᠤᠨ ᠲᠠᠷᠢᠶᠠᠯᠠᠩ ᠤᠨ ᠳᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠵᠡᠷᠭᠡ ᠣᠷᠣᠨ ᠪᠦᠰᠡ ᠶᠢᠨ ᠰᠢᠨ᠎ᠡ ᠶᠢ | ᠡᠭᠦᠳᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠳᠤ ᠡᠭᠦᠷᠭᠡᠯᠡᠬᠦ ᠡᠳ᠋ ᠤᠨ ᠵᠠᠰᠠᠭ ᠤᠨ ᠪᠡᠯᠡ ᠮᠥᠩᠭᠦ ᠶᠢ | ᠠᠶᠢᠮᠠᠭ ᠬᠤᠲᠠ ᠶᠢᠨ ᠡᠳ᠋ ᠤᠨ ᠵᠠᠰᠠᠭ ᠨᠢ ᠭᠤᠣᠯ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠥᠪᠡᠷᠲᠡᠭᠡᠨ | ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ | ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠲᠥᠯᠥᠪᠵᠢᠭᠦᠯᠭᠡ᠂ ᠰᠠᠨᠠᠯ ᠵᠡᠷᠭᠡ ᠶᠢ ᠦᠨᠳᠦᠰᠦᠯᠡᠨ ᠵᠣᠬᠢᠬᠤ | ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ᠂ ᠰᠢᠯᠵᠢᠭᠦᠯᠦᠨ ᠥᠭᠬᠦ ᠪᠠᠷ ᠳᠠᠮᠵᠢᠭᠤᠯᠤᠨ ᠨᠢᠭᠡᠳᠦᠯᠲᠡᠢ | ᠲᠥᠯᠥᠪᠯᠡᠨ ᠳᠡᠮᠵᠢᠯᠭᠡ ᠦᠵᠡᠭᠦᠯᠦᠨ᠎ᠡ︔ ᠠᠶᠢᠮᠠᠭ ᠬᠤᠲᠠ ᠨᠢ ᠲᠤᠰ ᠭᠠᠵᠠᠷ ᠣᠷᠣᠨ ᠤ ᠬᠠᠮᠢᠶ᠎ᠠ ᠪᠦᠬᠦᠢ | ᠲᠥᠯᠥᠪᠵᠢᠭᠦᠯᠭᠡ ᠵᠡᠷᠭᠡ ᠶᠢ ᠦᠨᠳᠦᠰᠦᠯᠡᠨ ᠪᠡᠶ᠎ᠡ ᠪᠠᠨ ᠳᠠᠭᠠᠭᠠᠵᠤ ᠥᠷᠨᠢᠭᠦᠯᠦᠭᠰᠡᠨ ᠣᠷᠣᠨ ᠪᠦᠰᠡ ᠶᠢᠨ ᠰᠢᠨ᠎ᠡ ᠶᠢ | ᠡᠭᠦᠳᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠳᠤ ᠡᠭᠦᠷᠭᠡᠯᠡᠬᠦ ᠡᠳ᠋ ᠤᠨ ᠵᠠᠰᠠᠭ ᠤᠨ ᠪᠡᠯᠡ ᠮᠥᠩᠭᠦ ᠶᠢ | ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠵᠢᠷᠭᠤᠭ᠎ᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠦᠨ᠎ᠡ᠃ ᠥᠪᠡᠷᠲᠡᠭᠡᠨ ᠵᠠᠰᠠᠬᠤ | ᠣᠷᠣᠨ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠬᠦ᠂ ᠪᠦᠬᠦ ᠠᠷᠠᠳ ᠤᠨ ᠰᠢᠨᠵᠢᠯᠡᠬᠦ | ᠤᠬᠠᠭᠠᠨ ᠤ ᠮᠡᠳᠡᠯᠭᠡ ᠪᠣᠯᠪᠠᠰᠤᠷᠠᠯ ᠢ ᠳᠡᠭᠡᠭᠰᠢᠯᠡᠭᠦᠯᠬᠦ ᠵᠡᠷᠭᠡ ᠠᠵᠢᠯ ᠥᠷᠨᠢᠭᠦᠯᠬᠦ ᠪᠠᠲᠤᠯᠠᠭ᠎ᠠ ᠶᠢ ᠥᠪᠡᠷᠲᠡᠭᠡᠨ | ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ | ᠪᠣᠯᠭᠠᠨ ᠨᠤᠲᠠᠯᠠᠵᠤ ᠲᠣᠭᠲᠠᠭᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠪᠠ ᠠᠶᠢᠮᠠᠭ | ᠬᠤᠲᠠ ᠶᠢᠨ ᠡᠳ᠋ ᠤᠨ ᠵᠠᠰᠠᠭ ᠨᠢ ᠠᠳᠠᠯᠢ ᠪᠤᠰᠤ ᠪᠠᠶᠢᠳᠠᠯ ᠢᠶᠠᠷ ᠵᠣᠬᠢᠬᠤ ᠵᠠᠷᠤᠯᠭ᠎ᠠ ᠶᠢᠨ ᠬᠠᠷᠢᠭᠤᠴᠠᠯᠭ᠎ᠠ ᠶᠢ | ᠡᠭᠦᠷᠭᠡᠯᠡᠨ᠎ᠡ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠲᠠᠰ ᠳᠠᠪᠬᠤᠷᠭ᠎ᠠ ᠳᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢ ᠲᠥᠭᠡᠮᠡᠯᠵᠢᠭᠦᠯᠬᠦ ᠠᠵᠢᠯ ᠥᠷᠨᠢᠭᠦᠯᠬᠦ ᠪᠠᠲᠤᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ | ᠡᠳ᠋ ᠤᠨ ᠵᠠᠰᠠᠭ ᠨᠢ ᠭᠤᠤᠯ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠠᠶᠢᠮᠠᠭ ᠬᠤᠲᠠ ᠶᠢᠨ ᠳᠡᠰ | ᠳᠠᠪᠬᠤᠷᠭ᠎ᠠ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠥᠷᠨᠢᠭᠦᠯᠬᠦ ᠪᠠᠲᠤᠯᠠᠭ᠎ᠠ ᠳᠤ ᠠᠶᠢᠮᠠᠭ ᠬᠤᠲᠠ ᠶᠢᠨ | ᠡᠳ᠋ ᠤᠨ ᠵᠠᠰᠠᠭ ᠨᠢ ᠭᠤᠤᠯ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ | ᠲᠣᠰ ᠱᠠᠲᠤᠨ ᠤ ᠡᠳ᠋ ᠤᠨ ᠵᠠᠰᠠᠭ ᠨᠢ ᠰᠢᠯᠵᠢᠭᠦᠯᠦᠨ ᠥᠭᠬᠦ ᠪᠠᠷ ᠳᠠᠮᠵᠢᠭᠤᠯᠤᠨ ᠨᠢᠭᠡᠳᠦᠯᠲᠡᠢ ᠲᠥᠯᠥᠪᠯᠡᠨ | ᠳᠡᠮᠵᠢᠯᠭᠡ ᠦᠵᠡᠭᠦᠯᠦᠨ᠎ᠡ᠃ | ︵ᠳᠣᠯᠤᠭ᠎ᠠ︶ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠠ | ᠬᠥᠭᠵᠢᠯᠲᠡ ᠶᠢᠨ ᠪᠦᠲᠦᠭᠡᠨ ᠪᠠᠶᠢᠭᠤᠯᠤᠯᠲᠠ᠃ ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠶᠢ ᠠᠰᠢᠭᠯᠠᠵᠤ | ᠪᠠᠶᠢᠭᠤᠯᠤᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ ᠶᠢᠨ | ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠨᠥᠬᠦᠪᠥᠷᠢ ᠶᠢ ᠬᠠᠷᠢᠶᠠᠯᠠᠭᠳᠠᠬᠤ ᠬᠠᠷᠢᠴᠠᠭ᠎ᠠ ᠶᠣᠰᠣᠭᠠᠷ ᠥᠪᠡᠷᠲᠡᠭᠡᠨ | ᠵᠠᠰᠠᠬᠤ ᠣᠷᠣᠨ ᠪᠤᠶᠤ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠲᠣᠰ | ᠲᠣᠰ ᠨᠤᠲᠠᠯᠠᠵᠤ ᠲᠣᠭᠲᠠᠭᠠᠭᠰᠠᠨ ᠪᠠᠶᠢᠪᠠᠯ᠂ ᠠᠳᠠᠯᠢ ᠱᠠᠲᠤᠨ ᠤ ᠡᠳ᠋ ᠤᠨ ᠵᠠᠰᠠᠭ ᠨᠢ ᠵᠠᠷᠤᠯᠭ᠎ᠠ ᠶᠢᠨ | ᠬᠠᠷᠢᠭᠤᠴᠠᠯᠭ᠎ᠠ ᠶᠢ ᠡᠭᠦᠷᠭᠡᠯᠡᠨ᠎ᠡ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ ᠶᠢᠨ ᠪᠦᠲᠦᠭᠡᠨ | ᠪᠠᠶᠢᠭᠤᠯᠤᠯᠲᠠ ᠶᠢᠨ ᠲᠠᠯ᠎ᠠ ᠪᠠᠷ ᠬᠢ ᠨᠥᠬᠦᠪᠥᠷᠢ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ | ᠶᠠᠪᠤᠳᠠᠯ ᠤᠨ ᠡᠷᠬᠡ ᠪᠣᠯᠭᠠᠨ ᠨᠤᠲᠠᠯᠠᠵᠤ ᠲᠣᠭᠲᠠᠭᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠥᠪᠡᠷᠲᠡᠭᠡᠨ ᠵᠠᠰᠠᠬᠤ | ᠣᠷᠣᠨ ᠤ ᠱᠠᠲᠤᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠨᠢ ᠠᠶᠢᠮᠠᠭ ᠬᠤᠲᠠ ᠶᠢᠨ | ᠨᠠᠶᠢᠳᠠᠭᠰᠠᠨ ᠲᠤᠬᠠᠶᠢᠯᠠᠭᠰᠠᠨ ᠠᠵᠢᠯ ᠢ ᠡᠭᠦᠷᠭᠡᠯᠡᠵᠦ ᠪᠠᠶᠢᠪᠠᠯ᠂ ᠠᠶᠢᠮᠠᠭ ᠬᠤᠲᠠ ᠶᠢᠨ ᠡᠳ᠋ ᠤᠨ ᠵᠠᠰᠠᠭ ᠨᠢ | ᠵᠣᠬᠢᠰᠲᠠᠶ ᠨᠥᠬᠦᠪᠥᠷᠢ ᠣᠯᠭᠤᠨ᠎ᠠ︔ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ | ᠨᠥᠬᠦᠪᠥᠷᠢ ᠶᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠨᠤᠲᠠᠯᠠᠵᠤ | ᠲᠣᠭᠲᠠᠭᠠᠭᠰᠠᠨ ᠪᠠᠶᠢᠪᠠᠯ᠂ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ | ᠡᠭᠦᠷᠭᠡᠯᠡᠨ᠎ᠡ᠃ | ︵ᠨᠠᠢᠮᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠵᠢᠭᠰᠠᠭᠠᠭᠰᠠᠨ ᠦᠭᠡᠢ ᠪᠤᠰᠤᠳ | ᠵᠦᠢᠯ᠃ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠪᠠ ᠬᠠᠮᠲᠤᠷᠠᠯᠴᠠᠭᠠᠨ ᠳᠤ | ᠣᠷᠤᠯᠴᠠᠬᠤ ᠬᠤᠯᠪᠣᠭᠳᠠᠯ ᠪᠥᠬᠦᠢ ᠵᠦᠢᠯᠡᠰ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠭᠠᠳᠠᠭᠠᠳᠤ ᠬᠠᠷᠢᠯᠴᠠᠭ᠎ᠠ ᠭᠠᠳᠠᠭᠠᠳᠤ ᠶᠠᠪᠤᠳᠠᠯ ᠤᠨ | ᠬᠦᠷᠢᠶᠡᠨ ᠤ ᠥᠭᠡᠷᠡᠴᠢᠯᠡᠯᠲᠡ ᠶᠢᠨ ᠲᠥᠰᠦᠯ ᠤᠨ ᠶᠣᠰᠣᠭᠠᠷ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ | ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠠᠷᠤᠯᠭ᠎ᠠ ᠶᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠬᠡᠷᠡᠭᠵᠢᠭᠦᠯᠵᠦ᠂ ᠭᠤᠤᠯᠳᠠᠭᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ | ᠶᠠᠪᠤᠳᠠᠯ ᠤᠨ ᠡᠷᠬᠡ ᠪᠤᠶᠤ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ | ᠵᠠᠰᠠᠭ ᠤᠨ ᠠᠵᠢᠯ ᠶᠠᠪᠤᠳᠠᠯ ᠤᠨ ᠡᠷᠬᠡ ᠶᠢᠨ ᠵᠦᠢᠯᠡᠰ ᠲᠤ ᠬᠡᠷᠡᠭᠯᠡᠨ᠎ᠡ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠠᠮᠢᠶᠠᠷᠤᠯᠲᠠ ᠬᠢᠭᠡᠳ ᠦᠢᠯᠡᠴᠢᠯᠡᠭᠡ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠪᠠ | ᠨᠡᠶᠢᠭᠡᠮ ᠤᠨ ᠪᠤᠰᠤᠳ ᠬᠦᠴᠦᠨ ᠤ ᠪᠠᠶᠢᠭᠤᠯᠤᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ | ᠣᠳᠣ ᠶᠢᠨ ᠬᠡᠷᠡᠭᠵᠢᠭᠦᠯᠵᠦ ᠪᠠᠶᠢᠭ᠎ᠠ ᠬᠠᠮᠢᠶᠠᠷᠤᠯᠲᠠ ᠶᠢᠨ ᠪᠠᠶᠢᠭᠤᠯᠤᠯ ᠪᠠ ᠵᠠᠷᠤᠳᠠᠯ ᠤᠨ ᠠᠷᠭ᠎ᠠ ᠵᠠᠮ ᠢᠶᠠᠷ ᠪᠠᠲᠤᠯᠠᠬᠤ | ᠪᠤᠶᠤ ᠳᠡᠮᠵᠢᠨ᠎ᠡ᠃ ᠵᠢᠭᠰᠠᠭᠠᠭᠰᠠᠨ ᠥᠬᠡᠶ ᠪᠤᠰᠤᠳ ᠵᠦᠢᠯᠡᠰ ᠲᠤ᠂ ᠥᠭᠡᠷᠡᠴᠢᠯᠡᠯᠲᠡ ᠶᠢᠨ ᠶᠡᠷᠦᠩᠬᠡᠶ ᠱᠠᠭᠠᠷᠳᠠᠯᠭ᠎ᠠ | ᠪᠠ ᠵᠦᠢᠯᠡᠰ ᠤᠨ ᠣᠨᠴᠠᠯᠢᠭ ᠶᠣᠰᠣᠭᠠᠷ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠪᠣᠳᠠᠲᠠᠶ ᠲᠣᠭᠲᠠᠭᠠᠨ᠎ᠠ᠃ | ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠨ ᠳᠤ᠂ ᠥᠪᠡᠷᠲᠡᠭᠡᠨ ᠵᠠᠰᠠᠬᠤ ᠣᠷᠣᠨ ᠤ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠳᠤ ᠬᠤᠯᠪᠣᠭᠳᠠᠬᠤ ᠴᠢᠬᠤᠯᠠ ᠶᠡᠭᠡ ᠣᠨᠣᠯ ᠪᠠ ᠪᠣᠳᠠᠲᠤ | ᠠᠰᠠᠭᠤᠳᠠᠯ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠰᠢᠰᠲ᠋ᠧᠮᠵᠢ ᠶᠢᠨ | ᠪᠠᠶᠢᠭᠤᠯᠤᠯᠲᠠ ᠶᠢᠨ ᠴᠢᠬᠤᠯᠠ ᠶᠡᠭᠡ ᠰᠠᠭᠤᠷᠢ ᠣᠨᠣᠯ ᠤᠨ ᠠᠰᠠᠭᠤᠳᠠᠯ ᠤᠨ ᠲᠣᠭᠤᠷᠢᠨ ᠳᠤ ᠥᠷᠨᠢᠭᠦᠯᠦᠭᠰᠡᠨ | ᠰᠤᠳᠤᠯᠭᠠᠨ ᠵᠢᠴᠢ ᠥᠪᠡᠷᠲᠡᠭᠡᠨ ᠵᠠᠰᠠᠬᠤ ᠣᠷᠣᠨ ᠤ ᠳᠡᠭᠡᠳᠦ ᠲᠠᠰ ᠤᠨ ᠣᠶᠤᠨ ᠤ ᠬᠥᠮᠥᠷᠭᠡ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠵᠡᠷᠭᠡ ᠵᠦᠢᠯᠡᠰ ᠲᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ | ᠵᠠᠰᠠᠭ ᠨᠢ ᠭᠤᠤᠯ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠠᠶᠢᠮᠠᠭ ᠬᠤᠲᠠ ᠶᠢᠨ ᠡᠳ᠋ ᠤᠨ ᠵᠠᠰᠠᠭ ᠨᠢ | ᠰᠤᠳᠤᠯᠭᠠᠨ ᠤ ᠡᠭᠦᠷᠭᠡ ᠶᠢᠨ ᠪᠠᠶᠢᠷᠢᠯᠠᠭᠤᠯᠤᠯᠲᠠ ᠪᠠ ᠣᠷᠣᠨ ᠨᠤᠲᠤᠭ ᠤᠨ ᠪᠣᠳᠠᠲᠠᠢ ᠪᠠᠨ ᠦᠨᠳᠦᠰᠦᠯᠡᠨ | ᠢᠳᠡᠪᠬᠢᠲᠡᠶ ᠳᠡᠮᠵᠢᠯᠭᠡ ᠦᠵᠡᠭᠦᠯᠦᠨ᠎ᠡ︔ ᠠᠶᠢᠮᠠᠭ ᠬᠤᠲᠠ ᠨᠢ ᠲᠣᠰ ᠭᠠᠵᠠᠷ ᠣᠷᠣᠨ ᠤ ᠪᠣᠳᠠᠲᠠᠢ ᠲᠠᠢ ᠪᠠᠨ | ᠤᠶᠠᠯᠳᠤᠭᠤᠯᠤᠨ᠂ ᠬᠠᠮᠢᠶ᠎ᠠ ᠪᠦᠬᠦᠢ ᠲᠥᠯᠥᠪᠵᠢᠭᠦᠯᠪᠡ ᠵᠡᠷᠭᠡ ᠶᠢ ᠦᠨᠳᠦᠰᠦᠯᠡᠨ ᠨᠡᠶᠢᠭᠡᠮ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠲᠠᠯ᠎ᠠ ᠶᠢᠨ ᠲᠤᠰᠬᠠᠶ ᠵᠦᠢᠯ ︵ᠰᠠᠭᠤᠷᠢ ᠮᠥᠩᠭᠦ ᠵᠡᠷᠭᠡ︶ ᠢ ᠪᠡᠶ᠎ᠡ ᠪᠠᠨ ᠳᠠᠭᠠᠭᠠᠵᠤ | ᠪᠠᠶᠢᠭᠤᠯᠤᠭᠰᠠᠨ ᠪᠣᠯ᠂ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ | ᠡᠭᠦᠷᠭᠡᠯᠡᠨ᠎ᠡ᠃ | ᠭᠤᠷᠪᠠ᠂ ᠲᠦᠭᠦᠷ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠦᠨᠡᠨ ᠬᠦ ᠴᠢᠩᠭᠠᠳᠬᠠᠬᠤ ᠬᠡᠷᠡᠭᠲᠡᠶ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠶᠠᠪᠤᠳᠠᠯ ᠪᠣᠯ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ | ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠬᠤᠪᠢᠶᠠᠷᠢᠯᠠᠬᠤ ᠥᠭᠡᠷᠡᠴᠢᠯᠡᠯᠲᠡ᠂ ᠣᠲᠣ ᠦᠶ᠎ᠡ ᠶᠢᠨ ᠡᠳ᠋ ᠤᠨ ᠵᠠᠰᠠᠭ ᠤᠨ ᠲᠦᠷᠢᠮ ᠢ ᠲᠦᠷᠭᠡᠳᠬᠡᠨ | ᠪᠠᠶᠢᠭᠤᠯᠬᠤ ᠶᠢᠨ ᠴᠢᠬᠤᠯᠠ ᠠᠭᠤᠯᠭ᠎ᠠ ᠪᠣᠯᠤᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢ ︽ᠳᠥᠷᠪᠡᠨ ᠦᠵᠡᠯ ᠤᠬᠠᠮᠰᠠᠷ︾ ᠢ ᠪᠠᠲᠤ ᠪᠠᠬᠢ ᠪᠤᠢ ᠪᠣᠯᠭᠠᠨ᠂ ︽ᠳᠥᠷᠪᠡᠨ ᠢᠲᠡᠭᠡᠯ︾ ᠢ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠵᠣᠬᠢᠶᠠᠨ ᠪᠠᠶᠢᠭᠤᠯᠵᠤ ᠤᠳᠤᠷᠢᠳᠬᠤ ᠶᠢ | ᠴᠢᠩᠭᠠᠳᠬᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ ᠬᠡᠷᠡᠭᠵᠢᠭᠦᠯᠦᠨ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ | ᠭᠦᠢᠴᠡᠳᠬᠡᠵᠦ᠂ ᠨᠢᠭᠲᠠ ᠵᠣᠬᠢᠴᠠᠭᠤᠯᠵᠤ ᠬᠠᠮᠵᠢᠯᠴᠠᠨ᠂ ᠥᠭᠡᠷᠡᠴᠢᠯᠡᠯᠲᠡ ᠶᠢᠨ ᠠᠵᠢᠯ ᠤᠨ ᠡᠮᠬᠢ ᠵᠢᠷᠤᠮ ᠲᠠᠢ | ᠠᠬᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ︵ᠬᠤᠶᠠᠷ︶ ᠡᠯ᠎ᠡ ᠱᠠᠲᠤᠨ ᠤ ᠡᠳ᠋ ᠤᠨ ᠬᠦᠴᠦᠨ ᠤ ᠪᠠᠲᠤᠯᠠᠭ᠎ᠠ ᠶᠢ ᠴᠢᠩᠭᠠᠷᠠᠭᠤᠯᠬᠤ ᠬᠡᠷᠡᠭᠲᠡᠢ᠃ ᠡᠯ᠎ᠡ | ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ | ᠵᠠᠷᠤᠯᠭ᠎ᠠ ᠶᠢᠨ ᠭᠤᠤᠯᠳᠠᠯᠭ᠎ᠠ ᠲᠠᠢ ᠬᠦᠷᠢᠶ᠎ᠡ ᠪᠣᠯᠭᠠᠬᠤ ᠶᠢ ᠢᠮᠠᠭᠲᠠ ᠪᠠᠷᠢᠮᠲᠠᠯᠠᠨ᠂ ᠲᠤᠰ ᠲᠥᠰᠦᠯ ᠳᠤ | ᠲᠣᠭᠲᠠᠭᠠᠭᠰᠠᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠣᠰᠣᠭᠠᠷ | ᠲᠥᠰᠦᠪ ᠤᠨ ᠲᠤᠬᠢᠷᠠᠭᠤᠯᠤᠯᠳᠠ ᠶᠢ ᠰᠠᠶᠢᠲᠤᠷ ᠬᠢᠵᠦ᠂ ᠡᠳ᠋ ᠤᠨ ᠵᠠᠰᠠᠭ ᠠᠴᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠲᠤ ᠣᠷᠣᠭᠤᠯᠤᠯᠲᠠ ᠬᠢᠬᠦ ᠡᠷᠴᠢᠮ ᠢ ᠦᠷᠭᠦᠯᠵᠢᠯᠡᠨ ᠴᠢᠩᠭᠠᠷᠠᠭᠤᠯᠬᠤ ᠬᠡᠷᠡᠭᠲᠡᠢ᠃ ᠪᠦᠬᠦ ᠨᠡᠶᠢᠭᠡᠮ ᠤᠨ | ᠬᠢᠨ ᠢ ᠬᠥᠲᠥᠯᠥᠨ ᠵᠢᠯᠣᠭᠤᠳᠴᠤ ᠪᠠᠶᠢᠭᠠᠳ ᠰᠤᠳᠤᠯᠤᠨ ᠨᠡᠭᠡᠭᠡᠬᠦ ᠲᠠᠯ᠎ᠠ ᠪᠠᠷ ᠬᠢ ᠣᠷᠣᠭᠤᠯᠤᠯᠲᠠ ᠶᠢ ᠨᠢ | ᠨᠡᠮᠡᠭᠳᠡᠭᠦᠯᠦᠨ᠂ ᠰᠠᠭᠤᠷᠢ ᠰᠤᠳᠤᠯᠭᠠᠨ ᠵᠡᠷᠭᠡ ᠣᠯᠠᠨ ᠨᠡᠶᠢᠲᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠵᠢᠯᠯᠠᠭ᠎ᠠ ᠶᠢ ᠳᠡᠮᠵᠢᠬᠦ ᠡᠷᠴᠢᠮ ᠢ ᠨᠢ ᠴᠢᠩᠭᠠᠷᠠᠭᠤᠯᠵᠦ᠂ ᠲᠣᠭᠲᠠᠭᠤᠨ ᠢᠶᠠᠷ ᠳᠡᠮᠵᠢᠬᠦ ᠪᠠ ᠥᠷᠢᠰᠥᠯᠳᠦᠭᠡᠨ ᠤ | ᠴᠢᠨᠠᠷᠲᠠᠶ ᠳᠡᠮᠵᠢᠬᠦ ᠶᠢ ᠵᠣᠬᠢᠴᠠᠭᠤᠯᠤᠭᠰᠠᠨ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠰᠢᠨᠵᠢᠯᠡᠬᠦ | ᠤᠬᠠᠭᠠᠨ ᠤ ᠰᠤᠳᠤᠯᠭᠠᠨ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠬᠥᠮᠦᠵᠢᠭᠦᠯᠬᠦ ᠪᠠ ᠰᠠᠭᠤᠷᠢᠨ ᠭᠠᠵᠠᠷ | ᠪᠥᠲᠥᠭᠡᠨ ᠪᠠᠶᠢᠭᠤᠯᠬᠤ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ | ︵ᠭᠤᠷᠪᠠ︶ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠶ᠃ | ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠱᠠᠭᠠᠷᠳᠠᠯᠭ᠎ᠠ | ᠶᠣᠰᠣᠭᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠣᠨᠴᠠᠯᠢᠭ ᠲᠠᠢ ᠨᠢᠭᠲᠠ ᠤᠶᠠᠯᠳᠤᠭᠤᠯᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠲᠥᠰᠦᠪ ᠤᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢᠨ ᠲᠣᠭᠲᠠᠴᠠ ᠶᠢ ᠲᠦᠷᠭᠡᠪᠴᠢᠯᠡᠨ ᠪᠠᠶᠢᠭᠤᠯᠵᠦ ᠪᠦᠷᠢᠨᠰᠢᠭᠦᠯᠦᠨ᠂ ᠠᠮᠵᠢᠯᠲᠠ ᠪᠦᠲᠦᠮᠵᠢ ᠶᠢᠨ | ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠵᠤ᠂ ᠡᠳ᠋ ᠤᠨ ᠵᠠᠰᠠᠭ ᠠᠴᠠ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠳᠤ ᠪᠡᠯᠡ ᠮᠥᠩᠭᠦ ᠲᠣᠬᠢᠷᠠᠭᠤᠯᠬᠤ ᠦᠷ᠎ᠡ ᠪᠦᠲᠦᠮᠵᠢ ᠪᠠ ᠬᠡᠷᠡᠭᠯᠡᠬᠦ ᠦᠷ᠎ᠡ ᠠᠰᠢᠭ ᠢ ᠬᠦᠴᠦᠯᠡᠨ | ᠳᠡᠭᠡᠭᠰᠢᠯᠡᠭᠦᠯᠬᠦ ᠬᠡᠷᠡᠭᠲᠡᠢ᠃ ︽ᠬᠡᠨ ᠬᠡᠷᠡᠭᠯᠡᠪᠡᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠳᠤ ᠬᠢᠨᠠᠯᠲᠠ ᠲᠠᠯᠪᠢᠵᠤ ᠬᠠᠷᠢᠭᠤᠴᠠᠯᠭ᠎ᠠ ᠬᠡᠯᠡᠯᠴᠡᠬᠦ ᠪᠠ ᠠᠵᠢᠯ ᠤᠨ ᠰᠢᠯᠭᠠᠨ | ᠬᠢᠨᠠᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠲᠥᠰᠦᠪ ᠤᠨ | ᠬᠠᠮᠢᠶᠠᠷᠤᠯᠲᠠ ᠶᠢᠨ ᠬᠢᠷᠢ ᠲᠦᠪᠰᠢᠨ ᠪᠠ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ | ︵ᠳᠥᠷᠪᠡ︶ ᠬᠠᠮᠢᠶ᠎ᠠ ᠪᠥᠬᠦᠶ ᠥᠭᠡᠷᠡᠴᠢᠯᠡᠯᠲᠡ ᠶᠢ ᠬᠠᠮᠵᠢᠯᠴᠠᠨ ᠭᠦᠨᠵᠡᠭᠡᠶᠢᠷᠡᠭᠦᠯᠬᠦ ᠬᠡᠷᠡᠭᠲᠡᠢ᠃ ᠡᠯ᠎ᠡ | ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠦᠯᠦᠪᠯᠡᠬᠡᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠪᠠᠶᠢᠭᠠᠳ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠢᠮ᠎ᠡ ᠶᠣᠰᠣᠨ ᠳᠤ ᠨᠠᠩ ᠢᠯᠡᠭᠦᠤ ᠨᠡᠶᠢᠴᠡᠭᠦᠯᠦᠭᠰᠡᠨ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠢ ᠨᠠᠩ ᠥᠨᠳᠥᠷ ᠦᠷ᠎ᠡ ᠪᠦᠲᠦᠮᠵᠢᠲᠡᠶ ᠪᠠᠷ ᠲᠣᠬᠢᠷᠠᠭᠤᠯᠤᠭᠰᠠᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠢᠭᠡᠳ ᠠᠵᠤ ᠠᠬᠤᠶ ᠨᠡᠶᠢᠭᠡᠮ ᠤᠨ ᠨᠢᠭᠲᠠ ᠤᠶᠠᠯᠳᠤᠯ ᠢ ᠨᠠᠩ | ᠴᠢᠩᠭᠠᠳᠬᠠᠭᠰᠠᠨ ᠪᠠᠶᠢᠬᠤ ᠬᠡᠷᠡᠭᠲᠡᠶ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ ᠱᠠᠭᠠᠷᠳᠠᠯᠭ᠎ᠠ ᠶᠣᠰᠣᠭᠠᠷ᠂ ᠰᠢᠨᠵᠢᠯᠡᠬᠦ ᠤᠬᠠᠭᠠᠨ ᠤ | ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ | ᠵᠠᠷᠤᠳᠠᠯ ᠢ ᠬᠥᠮᠦᠨ ᠤ ᠪᠦᠲᠦᠭᠡᠯᠴᠢ ᠴᠢᠨᠠᠷᠲᠠᠶ ᠠᠵᠢᠯᠯᠠᠭ᠎ᠠ ᠳᠤ ᠨᠠᠩ ᠰᠠᠶᠢᠨ ᠦᠢᠯᠡᠴᠢᠯᠡᠭᠦᠯᠬᠦ ᠬᠡᠷᠡᠭᠲᠡᠢ᠃ | ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠤᠨ ᠥᠮᠴᠢᠯᠡᠬᠦ ᠡᠷᠬᠡ ᠪᠤᠶᠤ ᠤᠷᠲᠤ ᠬᠤᠭᠤᠴᠠᠭ᠎ᠠ ᠪᠠᠷ ᠬᠡᠷᠡᠭᠯᠡᠬᠦ ᠡᠷᠬᠡ ᠣᠯᠭᠤᠬᠤ ᠶᠢ ᠰᠦᠪᠡᠭᠴᠢᠯᠡᠵᠦ᠂ | ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠢᠳᠡᠪᠬᠢᠵᠢᠯ ᠪᠠ ᠪᠦᠲᠦᠭᠡᠯᠴᠢ ᠴᠢᠨᠠᠷ ᠢ ᠳᠠᠶᠢᠴᠢᠯᠠᠬᠤ | ᠬᠡᠷᠡᠭᠲᠡᠶ᠃ | ︵ᠲᠠᠪᠤ︶ ᠳᠦᠷᠢᠮ ᠤᠳ ᠢ ᠱᠠᠯᠠᠪᠳᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠡᠯ᠎ᠡ ᠭᠠᠵᠠᠷ | ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠤᠰ ᠲᠥᠰᠦᠯ ᠤᠨ ᠬᠤᠯᠪᠣᠭᠳᠠᠯ ᠪᠦᠬᠦᠢ | ᠱᠠᠭᠠᠷᠳᠠᠯᠭ᠎ᠠ ᠶᠢ ᠦᠨᠳᠦᠰᠦᠯᠡᠨ᠂ ᠪᠥᠬᠦ ᠲᠠᠯ᠎ᠠ ᠪᠠᠷ ᠰᠢᠰᠲ᠋ᠧᠮ ᠲᠠᠢ ᠪᠠᠷ ᠳᠢᠭᠯᠡᠵᠦ ᠡᠮᠬᠢᠯᠡᠭᠰᠡᠨ ᠰᠠᠭᠤᠷᠢᠨ ᠳᠡᠭᠡᠷ᠎ᠡ᠂ | ᠬᠠᠮᠢᠶ᠎ᠠ ᠪᠥᠬᠦᠶ ᠬᠠᠮᠢᠶᠠᠷᠤᠯᠲᠠ ᠶᠢᠨ ᠲᠦᠷᠢᠮ ᠢ ᠱᠠᠯᠠᠪᠳᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠢ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠦᠨᠳᠦᠰᠦᠨ ᠵᠢᠷᠤᠮᠵᠢᠯ ᠢᠶᠠᠨ ᠢᠯᠡᠷᠡᠭᠦᠯᠬᠦ ᠶᠢ ᠨᠢ ᠠᠬᠢᠭᠤᠯᠵᠤ᠂ | ᠬᠠᠤᠯᠢᠵᠢᠭᠰᠠᠨ ᠪᠠ ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ | ᠲᠣᠰ ᠲᠥᠰᠦᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | | | ᠰᠤᠷᠭᠠᠨ ᠬᠥᠮᠦᠵᠢᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ | ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ | | | ︽ᠰᠤᠷᠭᠠᠨ ᠬᠥᠮᠦᠵᠢᠯ ᠤᠨ ᠬᠦᠷᠢᠶᠡᠨ ᠳᠠᠬᠢ ᠲᠥᠪ ᠬᠢᠭᠡᠳ ᠣᠷᠣᠨ ᠨᠤᠲᠤᠭ ᠤᠨ ᠡᠳ᠋ ᠤᠨ ᠵᠠᠰᠠᠭ ᠤᠨ | ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ | ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ | ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹ 2019 ︺ 27 ᠳ᠋ᠤᠭᠠᠷ ᠲᠣᠭᠠᠲᠤ︶᠂ ︽ᠣᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ | ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ | ᠲᠠᠷᠬᠠᠭᠠᠭᠰᠠᠨ ︹ 2018 ︺ 46 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠤᠰᠠᠳᠠ᠂ ᠡᠳᠦᠭᠡ ᠰᠤᠷᠭᠠᠨ ᠬᠥᠮᠦᠵᠢᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ | ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠳᠤ ᠳᠣᠤᠷᠠᠬᠢ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ | ᠴᠣᠭᠴᠠᠵᠢᠭᠤᠯᠤᠭᠰᠠᠨ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠵᠦ ᠠᠬᠢᠭᠤᠯᠤᠨ᠂ ︽ᠳᠥᠷᠪᠡᠨ | ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠨᠠᠮ ᠤᠨ | ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠠ ᠴᠢᠩᠭᠠᠳᠬᠠᠨ᠂ ᠲᠣᠭᠲᠠᠭᠤᠨ ᠪᠠᠶᠢᠯᠭᠠᠬᠤ ᠶᠢᠨ ᠳᠠᠭᠠᠤ ᠳᠤ | ᠤᠷᠤᠭᠰᠢᠯᠠᠭᠤᠯᠬᠤ ᠠᠵᠢᠯ ᠤᠨ ᠶᠡᠷᠦᠩᠬᠡᠶ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠣᠨᠣᠯᠵᠢᠬᠤᠨ ᠢ ᠪᠠᠷᠢᠮᠲᠠᠯᠠᠨ᠂ ᠴᠢᠨᠠᠷ ᠰᠠᠶᠢᠲᠠᠶ ᠬᠥᠭᠵᠢᠯᠲᠡ ᠶᠢ ᠪᠠᠷᠢᠮᠲᠠᠯᠠᠨ ᠠᠬᠢᠭᠤᠯᠵᠤ᠂ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠨ᠂ ᠰᠤᠷᠭᠠᠨ ᠬᠥᠮᠦᠵᠢᠯ ᠤᠨ | ᠲᠤᠬᠠᠢ ᠨᠠᠮ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠤᠷᠭᠠᠨ ᠬᠥᠮᠦᠵᠢᠯ ᠤᠨ ᠦᠢᠯᠡᠰ ᠢ | ᠲᠡᠷᠢᠭᠦᠨ ᠪᠠᠶᠢᠷᠢᠨ ᠳᠤ ᠲᠠᠯᠪᠢᠨ᠂ ᠣᠷᠣᠨ ᠤ ᠦᠨᠳᠦᠰᠦᠨ ᠪᠠᠶᠢᠳᠠᠯ ᠠᠴᠠ ᠭᠠᠷᠳᠠᠵᠤ᠂ ᠰᠤᠷᠭᠠᠨ ᠬᠥᠮᠦᠵᠢᠯ ᠤᠨ | ᠬᠦᠷᠢᠶᠡᠨ ᠳᠠᠬᠢ ᠣᠯᠠᠨ ᠨᠡᠶᠢᠲᠡ ᠶᠢᠨ ᠦᠢᠯᠡᠴᠢᠯᠡᠭᠡᠨ ᠤ ᠣᠨᠴᠠᠯᠢᠭ ᠢ ᠦᠨᠳᠦᠰᠦᠯᠡᠨ᠂ ᠰᠤᠷᠭᠠᠨ ᠬᠥᠮᠦᠵᠢᠯ ᠤᠨ | ᠵᠢᠮ᠎ᠡ ᠶᠣᠰᠣ ᠶᠢ ᠵᠢᠷᠤᠮᠯᠠᠵᠤ᠂ ᠲᠥᠪ ᠠᠴᠠ ᠤᠳᠤᠷᠢᠳᠤᠭᠰᠠᠨ᠂ ᠵᠣᠬᠢᠰᠲᠠᠶ ᠡᠷᠬᠡ ᠣᠯᠭᠤᠭᠰᠠᠨ᠂ ᠰᠢᠰᠲ᠋ᠧᠮ ᠨᠢ | ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠰᠠᠨ᠂ ᠡᠷᠬᠡ ᠪᠠ ᠬᠠᠷᠢᠭᠤᠴᠠᠯᠭ᠎ᠠ ᠨᠢ ᠲᠣᠳᠣᠷᠬᠠᠶ᠂ | ᠠᠵᠢᠯᠯᠠᠭᠠᠨ ᠨᠢ ᠥᠨᠳᠥᠷ ᠦᠷ᠎ᠡ ᠪᠦᠲᠦᠮᠵᠢᠲᠡᠢ ᠪᠠᠶᠢᠬᠤ ᠰᠤᠷᠭᠠᠨ ᠬᠥᠮᠦᠵᠢᠯ ᠤᠨ ᠬᠦᠷᠢᠶᠡᠨ ᠳᠠᠬᠢ ᠡᠳ᠋ ᠤᠨ | ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠬᠤᠪᠢᠶᠠᠷᠢᠯᠠᠬᠤ ᠵᠠᠭᠪᠤᠷ ᠢ ᠱᠠᠯᠠᠪᠳᠠᠨ | ᠪᠤᠢ ᠪᠣᠯᠭᠠᠵᠤ᠂ ᠡᠷᠬᠡ ᠪᠠ ᠬᠠᠷᠢᠭᠤᠴᠠᠯᠭ᠎ᠠ ᠨᠢ ᠲᠣᠳᠣᠷᠬᠠᠶ᠂ ᠡᠳ᠋ ᠤᠨ ᠬᠦᠴᠦᠨ ᠨᠢ ᠵᠣᠬᠢᠴᠠᠩᠭᠤᠶ᠂ ᠣᠷᠣᠨ | ᠪᠦᠰᠡ ᠨᠢ ᠲᠡᠩᠴᠡᠭᠦᠷᠢᠲᠡᠶ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠳ᠋ ᠤᠨ ᠵᠠᠰᠠᠭ ᠤᠨ | ᠬᠠᠷᠢᠴᠠᠭ᠎ᠠ ᠶᠢ ᠲᠦᠷᠬᠡᠬᠡᠨ ᠪᠠᠶᠢᠭᠤᠯᠤᠨ᠎ᠠ᠃ | ᠬᠤᠶᠠᠷ᠂ ᠦᠨᠳᠦᠰᠦᠨ ᠵᠠᠷᠴᠢᠮ | — ᠨᠢᠭᠡᠳᠦᠯᠲᠡᠶ ᠤᠳᠤᠷᠢᠳᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ | ᠴᠢᠩᠭᠠᠷᠠᠭᠤᠯᠤᠨ᠎ᠠ᠃ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢ ᠨᠤᠲᠠᠯᠠᠨ ᠲᠣᠭᠲᠠᠭᠠᠬᠤ ᠪᠠ | ᠬᠤᠪᠢᠶᠠᠷᠢᠯᠠᠬᠤ ᠲᠠᠯ᠎ᠠ ᠪᠠᠷ ᠬᠢ ᠲᠥᠪ ᠬᠤᠷᠢᠶᠠᠨ ᠤ ᠰᠢᠢᠳᠪᠦᠷᠢᠯᠡᠬᠦ ᠡᠷᠬᠡ ᠶᠢ ᠲᠣᠳᠣᠷᠬᠠᠢ ᠲᠣᠭᠲᠠᠭᠠᠭᠰᠠᠨ | ᠰᠠᠭᠤᠷᠢᠨ ᠳᠡᠭᠡᠷ᠎ᠡ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢ | ᠲᠣᠭᠲᠠᠭᠠᠯ ᠶᠣᠰᠣᠭᠠᠷ ᠭᠦᠢᠴᠡᠳᠬᠡᠬᠦ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠶᠢᠮᠠᠭ ᠬᠤᠲᠠ ᠵᠢᠴᠢ ᠲᠡᠭᠦᠨ ᠠᠴᠠ ᠳᠣᠷᠣᠭᠰᠢᠬᠢ ᠵᠠᠰᠠᠭ ᠤᠨ | ᠣᠷᠳᠣᠨ ᠤ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠣᠷᠣᠨ ᠪᠦᠰᠡ ᠳᠠᠬᠢ ᠰᠤᠷᠭᠠᠨ | ᠬᠥᠮᠦᠵᠢᠯ ᠤᠨ ᠦᠢᠯᠡᠰ ᠢ ᠬᠥᠭᠵᠢᠭᠦᠯᠬᠦ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ᠎ᠠ᠃ | — ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠬᠤ ᠶᠢ ᠪᠠᠷᠢᠮᠲᠠᠯᠠᠵᠤ᠂ ᠡᠷᠬᠡ ᠪᠠ ᠬᠠᠷᠢᠭᠤᠴᠠᠯᠭ᠎ᠠ ᠶᠢ | ᠲᠣᠳᠣᠷᠬᠠᠢ ᠢᠯᠭᠠᠨ ᠬᠤᠪᠢᠶᠠᠷᠢᠯᠠᠨ᠎ᠠ᠃ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ ᠤᠨ ᠬᠠᠷᠢᠴᠠᠭ᠎ᠠ ᠶᠢ | ᠵᠥᠪ ᠢᠶᠠᠷ ᠰᠶᠢᠳᠪᠦᠷᠢᠯᠡᠵᠦ᠂ ᠰᠤᠷᠭᠠᠨ ᠬᠥᠮᠦᠵᠢᠯ ᠤᠨ ᠬᠦᠷᠢᠶᠡᠨ ᠳᠤ ᠵᠠᠰᠠᠭ ᠤᠨ ᠣᠷᠳᠣᠨ ᠠᠴᠠ ᠣᠯᠠᠨ | ᠨᠡᠶᠢᠲᠡ ᠶᠢᠨ ᠦᠢᠯᠡᠴᠢᠯᠡᠭᠡ ᠬᠠᠩᠭᠠᠬᠤ ᠬᠡᠪᠴᠢᠶ᠎ᠡ ᠪᠠ ᠠᠷᠭ᠎ᠠ ᠮᠠᠶ᠋ᠢᠭ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ | ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠬᠦᠷᠢᠶᠡᠨ ᠳᠠᠬᠢ ᠬᠠᠮᠢᠶ᠎ᠠ ᠪᠦᠬᠦᠢ ᠣᠯᠠᠨ | ᠨᠡᠶᠢᠲᠡ ᠶᠢᠨ ᠦᠢᠯᠡᠴᠢᠯᠡᠭᠡᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠵᠣᠬᠢᠰᠲᠠᠶ ᠬᠤᠪᠢᠶᠠᠷᠢᠯᠠᠨ᠎ᠠ᠃ ᠬᠡᠰᠡᠭ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ | ᠬᠦᠷᠢᠶᠡᠨ ᠳᠠᠬᠢ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠠᠰᠢᠭ ᠬᠦᠷᠲᠡᠬᠦ ᠬᠡᠪᠴᠢᠶ᠎ᠡ᠂ ᠨᠥᠯᠥᠭᠡᠯᠡᠬᠦ ᠬᠡᠮᠵᠢᠶ᠎ᠡ ᠵᠡᠷᠭᠡ ᠶᠢ ᠨᠢ ᠦᠨᠳᠦᠰᠦᠯᠡᠨ᠂ ᠪᠣᠳᠠᠲᠠᠶ | ᠵᠦᠢᠯᠡᠰ ᠢᠶᠠᠷ ᠨᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠵᠠᠭᠠᠭ ᠱᠤᠭᠤᠮ ᠢ ᠨᠢ ᠲᠣᠳᠣᠷᠬᠠᠶ ᠪᠥᠭᠡᠳ | ᠵᠢᠷᠤᠮᠵᠢᠯ ᠲᠠᠢ ᠪᠣᠯᠭᠠᠨ᠎ᠠ᠃ | — ᠭᠤᠤᠯᠳᠠᠯᠭ᠎ᠠ ᠶᠢ ᠨᠢ ᠳᠣᠪᠤᠶᠢᠯᠭᠠᠬᠤ ᠶᠢ ᠪᠠᠷᠢᠮᠲᠠᠯᠠᠵᠤ᠂ ᠪᠠᠲᠤᠯᠠᠭ᠎ᠠ ᠶᠢᠨ ᠬᠢᠵᠠᠭᠠᠷ ᠱᠤᠭᠤᠮ ᠢ | ᠪᠠᠲᠤ ᠰᠠᠬᠢᠨ᠎ᠠ᠃ ᠬᠢᠵᠠᠭᠠᠷ ᠱᠤᠭᠤᠮ ᠢ ᠪᠠᠲᠤ ᠰᠠᠬᠢᠬᠤ᠂ ᠭᠤᠤᠯᠳᠠᠯᠭ᠎ᠠ ᠶᠢ ᠳᠣᠪᠤᠶᠢᠯᠭᠠᠬᠤ᠂ ᠳᠦᠷᠢᠮ ᠢ | ᠲᠡᠭᠦᠯᠳᠡᠷᠵᠢᠭᠦᠯᠬᠦ᠂ ᠵᠢᠱᠢᠯᠲᠡ ᠶᠢ ᠬᠥᠲᠥᠯᠥᠨ ᠵᠢᠯᠣᠭᠤᠳᠬᠤ ᠱᠠᠭᠠᠷᠳᠠᠯᠭ᠎ᠠ ᠶᠣᠰᠣᠭᠠᠷ᠂ ᠠᠯᠪᠠᠨ ᠵᠢᠷᠤᠮ ᠤᠨ | ᠰᠤᠷᠭᠠᠨ ᠬᠥᠮᠦᠵᠢᠯ᠂ ᠰᠤᠷᠤᠭᠴᠢᠳ ᠢ ᠵᠣᠭᠤᠰ ᠢᠶᠠᠷ ᠲᠤᠰᠠᠯᠠᠬᠤ ᠵᠡᠷᠭᠡ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡ ᠶᠢ ᠭᠤᠤᠯᠳᠠᠯᠭ᠎ᠠ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ | ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠬᠢᠷᠠᠮᠵᠢᠲᠠᠢ ᠴᠢᠩᠭᠠᠳᠬᠠᠵᠤ᠂ ᠣᠷᠣᠨ ᠨᠤᠲᠤᠭ ᠤᠨ | ᠵᠠᠰᠠᠭ ᠤᠨ ᠣᠷᠳᠣᠨ ᠤ ᠱᠠᠲᠤ ᠬᠤᠪᠢᠶᠠᠨ ᠬᠠᠷᠢᠭᠤᠴᠠᠬᠤ ᠲᠣᠭᠲᠠᠴᠠ ᠶᠢ ᠴᠢᠩᠭᠠᠷᠠᠭᠤᠯᠤᠨ᠂ ᠤᠯᠤᠰ ᠤᠨ ᠰᠠᠭᠤᠷᠢ | ᠪᠠᠷᠢᠮᠵᠢᠶ᠎ᠠ ︵ᠰᠠᠭᠤᠷᠢ ᠪᠠᠷᠢᠮᠵᠢᠶᠠᠨ ᠤ ᠲᠣᠭᠲᠠᠮᠠᠯ ᠨᠣᠷᠮ᠎ᠠ ᠵᠡᠷᠭᠡ ᠪᠠᠭᠲᠠᠨ᠎ᠠ᠂ ᠳᠣᠷᠣᠭᠰᠢ ᠠᠳᠠᠯᠢ︶ ᠶᠢ | ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠲᠦᠷᠭᠡᠳᠬᠡᠨ ᠠᠬᠢᠭᠤᠯᠤᠨ᠎ᠠ᠃ | — ᠲᠥᠷᠥᠯ ᠬᠤᠪᠢᠶᠠᠨ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠯᠠᠪᠳᠠᠭᠤᠨ | ᠠᠬᠢᠭᠤᠯᠤᠨ᠎ᠠ᠃ᠣᠳᠣ ᠶᠢᠨ ᠬᠡᠷᠡᠭᠵᠢᠭᠦᠯᠵᠦ ᠪᠠᠶᠢᠭ᠎ᠠ ᠰᠤᠷᠭᠠᠨ ᠬᠥᠮᠦᠵᠢᠯ ᠤᠨ ᠲᠠᠯ᠎ᠠ ᠪᠠᠷ ᠬᠢ ᠡᠳ᠋ ᠤᠨ ᠵᠠᠰᠠᠭ ᠤᠨ | ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠶᠡᠷᠦᠩᠬᠡᠶ ᠳᠤ ᠪᠠᠨ ᠲᠣᠭᠲᠠᠭᠤᠨ ᠪᠠᠶᠢᠯᠭᠠᠬᠤ ᠶᠢ ᠪᠠᠲᠤᠯᠠᠭᠰᠠᠨ | ᠰᠠᠭᠤᠷᠢᠨ ᠳᠡᠭᠡᠷ᠎ᠡ᠂ ᠰᠤᠷᠭᠠᠨ ᠬᠥᠮᠦᠵᠢᠯ ᠤᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠯᠦᠭᠡ ᠵᠣᠬᠢᠴᠠᠭᠤᠯᠬᠤ ᠶᠢ | ᠴᠢᠩᠭᠠᠳᠬᠠᠵᠤ᠂ ᠣᠳᠣᠬᠠᠨ ᠤ ᠪᠠ ᠠᠯᠤᠰ ᠬᠡᠲᠦ ᠶᠢ ᠬᠠᠮᠲᠤ ᠳᠤ ᠨᠢ ᠬᠠᠷᠠᠭᠠᠯᠵᠠᠨ᠂ ᠥᠭᠡᠷᠡᠴᠢᠯᠡᠯᠲᠡ ᠶᠢ ᠲᠥᠷᠥᠯ | ᠬᠤᠪᠢᠶᠠᠨ ᠠᠬᠢᠭᠤᠯᠵᠤ᠂ ᠥᠭᠡᠷᠡᠴᠢᠯᠡᠯᠲᠡ ᠶᠢᠨ ᠴᠠᠭ ᠲᠣᠬᠢᠶᠠᠯ᠂ ᠠᠬᠢᠴᠠ ᠪᠠ ᠡᠷᠴᠢᠮ ᠢ ᠵᠣᠬᠢᠰᠲᠠᠶ ᠡᠵᠡᠮᠰᠢᠨ᠎ᠡ᠃ | ᠣᠲᠣ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯᠲᠠ ᠨᠢ ᠨᠡᠯᠢᠶᠡᠳ ᠰᠢᠨᠵᠢᠯᠡᠬᠦ ᠤᠬᠠᠭᠠᠨᠴᠢ ᠪᠥᠭᠡᠳ ᠵᠣᠬᠢᠰᠲᠠᠢ᠂ | ᠪᠦᠲᠦᠮᠵᠢᠲᠡᠢ ᠶᠠᠪᠤᠭᠳᠠᠵᠤ ᠪᠠᠶᠢᠭ᠎ᠠ ᠵᠦᠢᠯᠡᠰ ᠢ ᠨᠤᠲᠠᠯᠠᠨ ᠲᠣᠭᠲᠠᠭᠠᠨ᠎ᠠ︔ ᠤᠳᠤ ᠶᠢᠨ ᠬᠡᠷᠡᠭᠵᠢᠭᠦᠯᠵᠦ ᠪᠠᠶᠢᠭ᠎ᠠ | ᠬᠤᠪᠢᠶᠠᠷᠢᠯᠠᠯᠲᠠ ᠨᠢ ᠵᠦᠢ ᠵᠤᠬᠢᠰ ᠦᠭᠡᠢ ᠪᠣᠯᠪᠠᠴᠤ ᠥᠭᠡᠷᠡᠴᠢᠯᠡᠯᠲᠡ ᠬᠢᠬᠦ ᠨᠥᠬᠦᠴᠡᠯ ᠨᠢ ᠬᠠᠷᠢᠴᠠᠩᠭᠤᠢ ᠪᠠᠷ | ᠪᠣᠯᠪᠠᠰᠤᠷᠠᠩᠭᠤᠶ ᠪᠣᠯᠤᠭᠰᠠᠨ ᠵᠦᠢᠯᠡᠰ ᠲᠤ ᠲᠤᠬᠢᠷᠠᠭᠤᠯᠤᠯᠳᠠ ᠬᠢᠨ᠎ᠠ︔ ᠥᠭᠡᠷᠡᠴᠢᠯᠡᠯᠲᠡ ᠬᠢᠬᠦ ᠨᠥᠬᠦᠴᠡᠯ ᠨᠢ | ᠬᠠᠷᠠᠬᠠᠨ ᠪᠦᠷᠢᠯᠳᠦᠭᠡᠳᠦᠶ ᠵᠦᠢᠯᠡᠰ ᠲᠤ᠂ ᠥᠭᠡᠷᠡᠴᠢᠯᠡᠯᠲᠡ ᠶᠢᠨ ᠴᠢᠭᠯᠡᠯ ᠢ ᠨᠢ ᠲᠣᠳᠣᠷᠬᠠᠢ ᠲᠣᠭᠲᠠᠭᠠᠨ᠂ | ᠤᠳᠤ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯᠲᠠ ᠶᠢᠨ ᠪᠠᠶᠢᠷᠢᠰᠢᠯ ᠢ ᠨᠢ ᠲᠦᠷ ᠦᠷᠭᠦᠯᠵᠢᠯᠡᠭᠦᠯᠵᠦ᠂ ᠴᠠᠭ ᠲᠤ | ᠨᠢ ᠲᠣᠬᠢᠷᠠᠭᠤᠯᠵᠤ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠦᠨ᠎ᠡ᠃ | ᠭᠤᠷᠪᠠ᠂ ᠭᠤᠤᠯ ᠠᠭᠤᠯᠭ᠎ᠠ | ᠳᠡᠭᠡᠷ᠎ᠡ ᠳᠤᠷᠠᠳᠤᠭᠰᠠᠨ ᠶᠡᠷᠦᠩᠬᠡᠶ ᠱᠠᠭᠠᠷᠳᠠᠯᠭ᠎ᠠ ᠪᠠ ᠰᠤᠷᠭᠠᠨ ᠬᠥᠮᠦᠵᠢᠯ ᠤᠨ ᠠᠵᠢᠯ ᠤᠨ ᠣᠨᠴᠠᠯᠢᠭ | ᠶᠣᠰᠣᠭᠠᠷ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠠᠯᠪᠠᠨ ᠵᠢᠷᠤᠮ ᠤᠨ ᠰᠤᠷᠭᠠᠨ ᠬᠥᠮᠦᠵᠢᠯ᠂ ᠰᠤᠷᠤᠭᠴᠢᠳ ᠢ ᠵᠣᠭᠤᠰ ᠢᠶᠠᠷ | ᠲᠤᠰᠠᠯᠠᠬᠤ᠂ ᠪᠤᠰᠤᠳ ᠰᠤᠷᠭᠠᠨ ᠬᠥᠮᠦᠵᠢᠯ ︵ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ | ᠳᠡᠭᠡᠳᠦ ᠵᠡᠷᠭᠡ ᠶᠢᠨ ᠰᠤᠷᠭᠠᠨ ᠬᠥᠮᠦᠵᠢᠯ ᠵᠡᠷᠭᠡ ᠪᠠᠭᠲᠠᠨ᠎ᠠ︶ ᠭᠤᠷᠪᠠᠨ ᠲᠠᠯ᠎ᠠ ᠪᠠᠷ ᠬᠤᠪᠢᠶᠠᠨ᠎ᠠ᠃ | ︵ᠨᠢᠭᠡ︶ ᠠᠯᠪᠠᠨ ᠵᠢᠷᠤᠮ ᠤᠨ ᠰᠤᠷᠭᠠᠨ ᠬᠥᠮᠦᠵᠢᠯ᠃ | ᠠᠯᠪᠠᠨ ᠵᠢᠷᠤᠮ ᠤᠨ ᠰᠤᠷᠭᠠᠨ ᠬᠥᠮᠦᠵᠢᠯ ᠨᠢ ᠶᠡᠷᠦᠩᠬᠡᠶ ᠳᠤ ᠪᠠᠨ ᠥᠪᠡᠷᠲᠡᠭᠡᠨ ᠵᠠᠰᠠᠬᠤ ᠣᠷᠣᠨ ᠬᠢᠭᠡᠳ | ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠶᠢᠵᠤ᠂ ᠪᠣᠳᠠᠲᠠᠢ | ᠵᠦᠢᠯᠡᠰ ᠢᠶᠠᠷ ᠨᠠᠷᠢᠯᠢᠭᠵᠢᠭᠤᠯᠤᠨ᠎ᠠ᠂ ᠡᠭᠦᠨ ᠳᠤ᠂ ᠰᠤᠷᠭᠠᠭᠤᠯᠢ ᠶᠢᠨ ᠡᠳᠦᠷ ᠲᠤᠲᠤᠮ ᠤᠨ ᠠᠵᠢᠯᠯᠠᠭᠠᠨ᠂ | ᠰᠤᠷᠭᠠᠭᠤᠯᠢ ᠶᠢᠨ ᠠᠩᠬᠢ ᠶᠢᠨ ᠪᠠ ᠪᠠᠶᠢᠷᠢ ᠶᠢᠨ ᠠᠮᠤᠷ ᠲᠦᠪᠰᠢᠨ᠂ ᠰᠤᠷᠤᠭᠴᠢᠳ ᠤᠨ ᠰᠤᠷᠤᠯᠭ᠎ᠠ ᠠᠮᠢᠳᠤᠷᠠᠯ | ᠵᠡᠷᠭᠡ ᠪᠠᠶᠢᠩᠭᠤ ᠶᠢᠨ ᠴᠢᠨᠠᠷᠲᠠᠶ ᠵᠦᠢᠯᠡᠰ ᠲᠤ ᠬᠤᠯᠪᠣᠭᠳᠠᠵᠤ ᠪᠠᠶᠢᠬᠤ ᠪᠣᠯᠬᠤᠷ᠂ ᠬᠡᠷᠡᠭᠰᠡᠬᠦ ᠵᠠᠷᠤᠳᠠᠯ ᠢ ᠨᠢ | ᠶᠡᠷᠦ ᠶᠢᠨ ᠪᠠᠶᠢᠳᠠᠯ ᠳᠤ ᠤᠯᠤᠰ ᠤᠨ ᠰᠠᠭᠤᠷᠢ ᠪᠠᠷᠢᠮᠵᠢᠶ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ | ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠳᠡᠰ ᠬᠤᠪᠢᠶᠠᠨ ᠡᠭᠦᠷᠭᠡᠯᠡᠬᠦ ᠬᠠᠷᠢᠴᠠᠯ ᠢ ᠲᠣᠳᠣᠷᠬᠠᠢ | ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠡᠭᠦᠷᠭᠡᠯᠡᠬᠦ ᠬᠡᠰᠡᠭ ᠢ ᠨᠢ ᠬᠠᠮᠲᠤ ᠶᠢᠨ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢ ᠰᠢᠯᠵᠢᠭᠦᠯᠦᠨ ᠥᠭᠬᠦ ᠪᠠᠷ ᠳᠠᠮᠵᠢᠭᠤᠯᠤᠨ ᠲᠣᠬᠢᠷᠠᠭᠤᠯᠤᠨ᠎ᠠ᠃ | ᠱᠠᠲᠤ ᠦᠶᠡᠴᠢ ᠴᠢᠨᠠᠷᠲᠠᠶ ᠡᠭᠦᠷᠭᠡ ᠪᠠ ᠲᠤᠰᠬᠠᠶ ᠵᠦᠢᠯ ᠤᠨ ᠴᠢᠨᠠᠷᠲᠠᠶ ᠠᠵᠢᠯ ᠳᠤ ᠬᠤᠯᠪᠣᠭᠳᠠᠬᠤ ᠵᠦᠢᠯᠡᠰ ᠤᠨ | ᠬᠡᠷᠡᠭᠰᠡᠬᠦ ᠵᠠᠷᠤᠳᠠᠯ ᠢ ᠣᠷᠣᠨ ᠨᠤᠲᠤᠭ ᠤᠨ ᠡᠳ᠋ ᠤᠨ ᠵᠠᠰᠠᠭ ᠨᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠰᠢᠯᠵᠢᠭᠦᠯᠦᠨ ᠥᠭᠬᠦ ᠪᠠᠷ ᠳᠠᠮᠵᠢᠭᠤᠯᠤᠨ ᠨᠢᠭᠡᠳᠦᠯᠲᠡᠶ | ᠲᠥᠯᠥᠪᠯᠡᠨ ᠳᠠᠮᠵᠢᠨ᠎ᠠ᠃ | ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠨᠢ ᠳᠡᠰ ᠬᠤᠪᠢᠶᠠᠨ | ᠬᠠᠷᠢᠴᠠᠯ ᠢᠶᠠᠷ ᠬᠤᠪᠢᠳᠠᠨ ᠡᠭᠦᠷᠭᠡᠯᠡᠨ᠎ᠡ᠂ ᠡᠭᠦᠨ ᠳᠤ᠂ ᠨᠢᠭᠡᠳᠦᠭᠡᠷ ᠳᠡᠰ ᠲᠤ ᠬᠥᠬᠡᠬᠤᠲᠠ᠂ ᠣᠷᠳᠣᠰ ᠬᠤᠲᠠ᠂ | ᠦᠬᠠᠶ ᠬᠤᠲᠠ᠂ ᠮᠠᠨᠵᠤᠤᠷ ᠬᠤᠲᠠ᠂ ᠡᠷᠢᠶᠡᠨ ᠬᠤᠲᠠ 5 ᠬᠤᠲᠠ ᠶᠢ ᠪᠠᠭᠲᠠᠭᠠᠨ᠂ ᠥᠪᠡᠷᠲᠡᠭᠡᠨ ᠵᠠᠰᠠᠬᠤ ᠣᠷᠣᠨ | 30% ᠶᠢ ᠬᠤᠪᠢᠳᠠᠨ ᠡᠭᠦᠷᠭᠡᠯᠡᠵᠦ᠂ ᠡᠯ᠎ᠡ ᠬᠤᠲᠠ 70% ᠶᠢ ᠬᠤᠪᠢᠳᠠᠨ ᠡᠭᠦᠷᠭᠡᠯᠡᠨ᠎ᠡ︔ ᠬᠤᠶᠠᠳᠤᠭᠠᠷ | ᠳᠡᠰ ᠲᠤ ᠪᠤᠭᠤᠲᠤ ᠬᠤᠲᠠ᠂ ᠬᠥᠯᠥᠨ ᠪᠤᠶᠢᠷ ᠬᠤᠲᠠ᠂ ᠰᠢᠯᠢ ᠶᠢᠨ ᠭᠤᠤᠯ ᠠᠶᠢᠮᠠᠭ᠂ ᠠᠯᠠᠱᠠ ᠠᠶᠢᠮᠠᠭ 4 | ᠠᠶᠢᠮᠠᠭ ᠬᠤᠲᠠ ᠶᠢ ᠪᠠᠭᠲᠠᠭᠠᠨ᠂ ᠥᠪᠡᠷᠲᠡᠭᠡᠨ ᠵᠠᠰᠠᠬᠤ ᠣᠷᠣᠨ 50% ᠶᠢ ᠬᠤᠪᠢᠳᠠᠨ ᠡᠭᠦᠷᠭᠡᠯᠡᠵᠦ᠂ ᠡᠯ᠎ᠡ | ᠠᠶᠢᠮᠠᠭ ᠬᠤᠲᠠ 50% ᠶᠢ ᠬᠤᠪᠢᠳᠠᠨ ᠡᠭᠦᠷᠭᠡᠯᠡᠨ᠎ᠡ︔ ᠭᠤᠷᠪᠠᠳᠤᠭᠠᠷ ᠳᠡᠰ ᠲᠤ ᠬᠢᠩᠭᠠᠨ ᠠᠶᠢᠮᠠᠭ᠂ ᠲᠦᠩᠯᠢᠶᠣᠤ | ᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ᠂ ᠪᠠᠶᠠᠨᠨᠠᠭᠤᠷ ᠬᠤᠲᠠ 5 ᠠᠶᠢᠮᠠᠭ ᠬᠤᠲᠠ ᠶᠢ ᠪᠠᠭᠲᠠᠭᠠᠨ᠂ | ᠥᠪᠡᠷᠲᠡᠭᠡᠨ ᠵᠠᠰᠠᠬᠤ ᠣᠷᠣᠨ 70% ᠶᠢ ᠬᠤᠪᠢᠳᠠᠨ ᠡᠭᠦᠷᠭᠡᠯᠡᠵᠦ᠂ ᠡᠯ᠎ᠡ ᠠᠶᠢᠮᠠᠭ ᠬᠤᠲᠠ 30% ᠶᠢ | ᠬᠤᠪᠢᠳᠠᠨ ᠡᠭᠦᠷᠭᠡᠯᠡᠨ᠎ᠡ᠃ | 1. ᠠᠯᠪᠠᠨ ᠬᠡᠷᠡᠭᠯᠡᠭᠡᠨ ᠤ ᠵᠠᠷᠤᠳᠠᠯ ᠤᠨ ᠪᠠᠲᠤᠯᠠᠭ᠎ᠠ᠃ ᠤᠯᠤᠰ ᠤᠨ ᠲᠣᠭᠲᠠᠭᠠᠭᠰᠠᠨ ᠬᠡᠰᠡᠭ ᠲᠤ | ᠲᠥᠪ ᠠᠴᠠ ᠲᠣᠭᠲᠠᠭᠠᠭᠰᠠᠨ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠡᠨᠡ ᠬᠦ ᠰᠠᠭᠤᠷᠢᠨ ᠳᠡᠭᠡᠷ᠎ᠡ | ᠦᠨᠳᠦᠰᠦᠲᠡᠨ ᠤ ᠰᠤᠷᠭᠠᠭᠤᠯᠢ ᠵᠡᠷᠭᠡ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠬᠢᠷᠢ ᠲᠦᠪᠰᠢᠨ ᠢ | ᠲᠣᠭᠲᠠᠭᠠᠯ ᠶᠣᠰᠣᠭᠠᠷ ᠳᠡᠭᠡᠭᠰᠢᠯᠡᠭᠦᠯᠦᠨ᠎ᠡ᠃ ᠤᠯᠤᠰ ᠤᠨ ᠰᠠᠭᠤᠷᠢ ᠪᠠᠷᠢᠮᠵᠢᠶᠠᠨ ᠳᠠᠬᠢ ᠬᠡᠷᠡᠭᠰᠡᠬᠦ ᠵᠠᠷᠤᠳᠠᠯ ᠢ ᠲᠥᠪ | ᠪᠠ ᠣᠷᠣᠨ ᠨᠤᠲᠤᠭ ᠨᠢ 8᠄ 2 ᠢᠶᠠᠷ ᠬᠤᠪᠢᠳᠠᠨ ᠡᠭᠦᠷᠭᠡᠯᠡᠨ᠎ᠡ᠂ ᠣᠷᠣᠨ ᠨᠤᠲᠤᠭ ᠤᠨ ᠬᠤᠪᠢᠳᠠᠨ ᠡᠭᠦᠷᠭᠡᠯᠡᠬᠦ | 20% ᠶᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ ᠤ ᠨᠢᠭᠡᠨᠲᠡ ᠨᠡᠶᠢᠲᠡᠯᠡᠭᠰᠡᠨ ᠠᠯᠪᠠᠨ ᠬᠡᠷᠡᠭᠯᠡᠭᠡᠨ ᠤ | ᠵᠠᠷᠤᠳᠠᠯ ᠢ ᠪᠠᠲᠤᠯᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠᠷ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ | ᠣᠷᠣᠨ ᠬᠢᠭᠡᠳ ᠠᠶᠢᠮᠠᠭ ᠬᠤᠲᠠ ᠨᠢ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ | ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃ | 2. ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ ᠠᠮᠢᠳᠤᠷᠠᠯ ᠤᠨ ᠨᠥᠬᠦᠪᠥᠷᠢ᠃ | ᠤᠯᠤᠰ ᠤᠨ ᠲᠣᠭᠲᠠᠭᠠᠭᠰᠠᠨ ᠬᠡᠰᠡᠭ ᠲᠤ ᠲᠥᠪ ᠠᠴᠠ ᠲᠣᠭᠲᠠᠭᠠᠭᠰᠠᠨ ᠤᠯᠤᠰ ᠤᠨ ᠰᠠᠭᠤᠷᠢ ᠪᠠᠷᠢᠮᠵᠢᠶ᠎ᠠ ᠶᠢ | ᠬᠡᠷᠡᠭᠵᠢᠭᠦᠯᠵᠦ᠂ ᠬᠡᠷᠡᠭᠰᠡᠬᠦ ᠵᠠᠷᠤᠳᠠᠯ ᠢ ᠲᠥᠪ ᠪᠠ ᠣᠷᠣᠨ ᠨᠤᠲᠤᠭ ᠨᠢ 5᠄ 5 ᠪᠠᠷ ᠬᠤᠪᠢᠳᠠᠨ ᠡᠭᠦᠷᠭᠡᠯᠡᠨ᠎ᠡ᠂ | ᠣᠷᠣᠨ ᠨᠤᠲᠤᠭ ᠤᠨ ᠬᠤᠪᠢᠳᠠᠨ ᠡᠭᠦᠷᠭᠡᠯᠡᠬᠦ 50% ᠶᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ ᠤ | ᠨᠡᠶᠢᠲᠡᠯᠡᠭᠰᠡᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ ᠠᠮᠢᠳᠤᠷᠠᠯ ᠤᠨ ᠨᠦᠭᠦᠪᠦᠷᠢ ᠶᠢᠨ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠᠷ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ | ᠬᠤᠲᠠ ᠨᠢ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ | 3 ᠪᠠᠷ ᠬᠤᠪᠢᠳᠠᠨ ᠡᠭᠦᠷᠭᠡᠯᠡᠨ᠎ᠡ᠃ ᠬᠥᠮᠦᠨ ᠠᠮᠠ ᠪᠠᠷ ᠨᠡᠯᠢᠶᠡᠳ ᠴᠥᠭᠡᠨ ᠪᠠᠶᠢᠭ᠎ᠠ ᠦᠨᠳᠦᠰᠦᠲᠡᠨ ᠤ ᠪᠠᠶᠢᠷᠢ ᠳᠤ | ᠰᠠᠭᠤᠭ᠎ᠠ ᠰᠤᠷᠤᠭᠴᠢᠳ ᠲᠤ ᠨᠡᠮᠡᠵᠦ ᠲᠣᠬᠢᠷᠠᠭᠤᠯᠤᠭᠰᠠᠨ ᠠᠮᠢᠳᠤᠷᠠᠯ ᠤᠨ ᠨᠥᠬᠦᠪᠥᠷᠢ ᠶᠢ ᠴᠥᠮ ᠲᠥᠪ ᠤᠨ | ᠡᠳ᠋ ᠤᠨ ᠵᠠᠰᠠᠭ ᠠᠴᠠ ᠡᠭᠦᠷᠭᠡᠯᠡᠨ᠎ᠡ᠃ ᠬᠤᠤᠰ ᠬᠡᠯᠡ ᠪᠠᠷ ᠬᠢᠴᠢᠶᠡᠯᠯᠡᠬᠦ ᠪᠠᠶᠢᠷᠢ ᠳᠤ ᠰᠠᠭᠤᠭ᠎ᠠ ᠰᠤᠷᠤᠭᠴᠢᠳ ᠤᠨ | ᠠᠮᠢᠳᠤᠷᠠᠯ ᠤᠨ ᠨᠥᠬᠦᠪᠥᠷᠢ ᠶᠢ ᠴᠦᠮ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ | ᠡᠭᠦᠷᠭᠡᠯᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠶᠢᠷᠢ ᠳᠤ ᠰᠠᠭᠤᠬᠤ ᠵᠠᠷᠤᠳᠠᠯ ᠤᠨ ᠨᠥᠬᠦᠪᠦᠷᠢ ᠳᠤ | ᠬᠡᠷᠡᠭᠰᠡᠬᠦ ᠵᠠᠷᠤᠳᠠᠯ ᠢ ᠴᠦᠮ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠨᠢ | ᠡᠭᠦᠷᠭᠡᠯᠡᠨ᠎ᠡ᠃ | 3. ᠰᠤᠷᠭᠠᠭᠤᠯᠢ ᠶᠢᠨ ᠠᠩᠬᠢ ᠶᠢᠨ ᠪᠠ ᠪᠠᠶᠢᠷᠢ ᠶᠢᠨ ᠠᠮᠤᠷ ᠲᠦᠪᠰᠢᠨ ᠤ ᠪᠠᠲᠤᠯᠠᠭ᠎ᠠ᠃ ᠮᠠᠯᠵᠢᠬᠤ | ᠲᠠᠷᠢᠶᠠᠯᠠᠬᠤ ᠣᠷᠣᠨ ᠤ ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠠᠩᠬᠢ ᠶᠢᠨ ᠪᠠ ᠪᠠᠶᠢᠷᠢ ᠶᠢᠨ ᠨᠢᠭᠡᠴᠢ | ᠲᠠᠯᠠᠪᠠᠢ ᠶᠢᠨ ᠨᠥᠬᠦᠪᠥᠷᠢ ᠶᠢ ᠲᠥᠰᠦᠭᠡᠯᠡᠨ ᠪᠣᠳᠣᠬᠤ ᠪᠠᠷᠢᠮᠵᠢᠶ᠎ᠠ ᠶᠢ ᠪᠣᠯ ᠤᠯᠤᠰ ᠠᠴᠠ ᠨᠢᠭᠡᠳᠦᠯᠲᠡᠶ ᠲᠣᠭᠲᠠᠭᠠᠵᠤ᠂ | ᠬᠡᠷᠡᠭᠰᠡᠬᠦ ᠵᠠᠷᠤᠳᠠᠯ ᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ 8᠄ | 2 ᠢᠶᠠᠷ ᠬᠤᠪᠢᠳᠠᠨ ᠡᠭᠦᠷᠭᠡᠯᠡᠨ᠎ᠡ᠃ ᠡᠯ᠎ᠡ ᠠᠶᠢᠮᠠᠭ ᠬᠤᠲᠠ ᠨᠢ ᠬᠤᠲᠠ ᠶᠢᠨ ᠠᠯᠪᠠᠨ ᠠᠴᠠ ᠡᠷᠬᠢᠯᠡᠭᠰᠡᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠠᠩᠬᠢ ᠶᠢᠨ ᠪᠠ ᠪᠠᠶᠢᠷᠢ ᠶᠢᠨ ᠠᠮᠤᠷ ᠲᠦᠪᠰᠢᠨ ᠤ | ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠬᠡᠷᠡᠭᠰᠡᠬᠦ ᠵᠠᠷᠤᠳᠠᠯ ᠢ ᠠᠶᠢᠮᠠᠭ ᠬᠤᠲᠠ ᠶᠢᠨ ᠡᠳ᠋ ᠤᠨ ᠵᠠᠰᠠᠭ ᠨᠢ | ᠡᠭᠦᠷᠭᠡᠯᠡᠨ᠎ᠡ᠃ | 4. ᠶᠠᠳᠠᠭᠤ ᠬᠦᠴᠢᠷᠳᠡᠯᠲᠡᠶ ᠭᠠᠵᠠᠷ ᠣᠷᠣᠨ ᠤ ᠰᠤᠷᠤᠭᠴᠢᠳ ᠤᠨ ᠰᠢᠮ᠎ᠡ ᠲᠡᠵᠢᠭᠡᠯᠲᠦ ᠢᠳᠡᠭᠡᠨ | ᠤᠮᠳᠠᠭᠠᠨ ᠤ ᠨᠥᠬᠦᠪᠥᠷᠢ᠃ ᠲᠥᠪ ᠠᠴᠠ ᠲᠣᠭᠲᠠᠭᠠᠭᠰᠠᠨ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ | ᠤᠯᠤᠰ ᠤᠨ ᠲᠤᠷᠰᠢᠯᠲᠠ ᠶᠢᠨ ᠴᠡᠭ ︵ᠮᠠᠨ ᠤ ᠣᠷᠣᠨ ᠳᠠᠬᠢ ᠲᠥᠪᠯᠡᠷᠡᠨ ᠵᠠᠯᠭᠠᠯᠳᠤᠭᠰᠠᠨ ᠣᠨᠴᠠ ᠬᠦᠴᠢᠷᠳᠡᠯᠲᠡᠶ | 8 ᠬᠤᠰᠢᠭᠤ ᠰᠢᠶᠠᠨ ᠪᠣᠯᠤᠨ᠎ᠠ︶ ᠤᠨ ᠬᠡᠷᠡᠭᠰᠡᠬᠦ ᠵᠠᠷᠤᠳᠠᠯ ᠢ ᠲᠥᠪ ᠤᠨ ᠡᠳ᠋ ᠤᠨ ᠵᠠᠰᠠᠭ ᠠᠴᠠ ᠡᠭᠦᠷᠭᠡᠯᠡᠨ᠎ᠡ︔ | ᠥᠪᠡᠷᠲᠡᠭᠡᠨ ᠵᠠᠰᠠᠬᠤ ᠣᠷᠣᠨ ᠤ ᠲᠤᠷᠰᠢᠯᠲᠠ ᠶᠢᠨ ᠴᠡᠭ ︵ᠲᠥᠪᠯᠡᠷᠡᠨ ᠵᠠᠯᠭᠠᠯᠳᠤᠭᠰᠠᠨ ᠣᠨᠴᠠ ᠬᠦᠴᠢᠷᠳᠡᠯᠲᠡᠶ 8 | ᠬᠤᠰᠢᠭᠤ ᠰᠢᠶᠠᠨ ᠠᠴᠠ ᠭᠠᠳᠠᠨᠠᠬᠢ ᠤᠯᠤᠰ ᠤᠨ ᠲᠡᠰ ᠤᠨ ᠶᠠᠳᠠᠭᠤ ᠬᠦᠴᠢᠷᠳᠡᠯᠲᠡᠶ 23 ᠬᠤᠰᠢᠭᠤ ᠰᠢᠶᠠᠨ | ᠪᠣᠯᠣᠨ᠎ᠠ︶ ᠤᠨ ᠬᠡᠷᠡᠭᠰᠡᠬᠦ ᠵᠠᠷᠤᠳᠠᠯ ᠳᠤ᠂ ᠲᠥᠪ ᠠᠴᠠ ᠨᠥᠬᠦᠪᠦᠷᠢᠯᠡᠭᠰᠡᠨ ᠤ ᠳᠠᠷᠠᠭ᠎ᠠ᠂ ᠬᠡᠷᠡᠭᠰᠡᠬᠦ ᠵᠠᠷᠤᠳᠠᠯ ᠢ | ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ | 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃ | 5. ᠪᠠᠶᠢᠩᠭᠤ ᠶᠢᠨ ᠴᠢᠨᠠᠷᠲᠠᠶ ᠪᠤᠰᠤᠳ ᠵᠦᠢᠯᠡᠰ᠃ ᠤᠯᠤᠰ ᠠᠴᠠ ᠲᠣᠭᠲᠠᠭᠠᠭᠰᠠᠨ ᠬᠢᠴᠢᠶᠡᠯ ᠤᠨ ᠪᠢᠴᠢᠭ ᠢ | ᠦᠨ᠎ᠡ ᠲᠥᠯᠥᠪᠦᠷᠢ ᠦᠭᠡᠢ ᠪᠠᠷ ᠬᠠᠩᠭᠠᠬᠤ ᠪᠠ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠢᠨ᠎ᠡ | ᠰᠤᠷᠤᠭᠴᠢᠳ ᠲᠤ ᠵᠢᠩᠬᠢᠨᠢ ᠬᠡᠪᠯᠡᠯ ᠤᠨ ᠰᠤᠷᠤᠭᠴᠢ ᠶᠢᠨ ᠲᠣᠯᠢ ᠪᠢᠴᠢᠭ ᠢ ᠬᠠᠩᠭᠠᠬᠤ ᠳᠤ ᠬᠡᠷᠡᠭᠰᠡᠬᠦ ᠵᠠᠷᠤᠳᠠᠯ ᠢ | ᠲᠥᠪ ᠤᠨ ᠡᠳ᠋ ᠤᠨ ᠵᠠᠰᠠᠭ ᠠᠴᠠ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠢᠴᠢᠶᠡᠯ ᠤᠨ | ᠪᠢᠴᠢᠭ ᠢ ᠦᠨ᠎ᠡ ᠲᠥᠯᠥᠪᠦᠷᠢ ᠦᠭᠡᠢ ᠪᠠᠷ ᠬᠠᠩᠭᠠᠬᠤ ᠪᠠ ᠮᠣᠩᠭᠤᠯ ᠬᠡᠯᠡ ᠪᠠᠷ ᠬᠢᠴᠢᠶᠡᠯᠯᠡᠬᠦ ᠪᠠᠭ᠎ᠠ | ᠰᠤᠷᠭᠠᠭᠤᠯᠢ ᠶᠢᠨ ᠨᠢᠭᠡᠳᠦᠭᠡᠷ ᠣᠨ ᠤ ᠰᠤᠷᠤᠭᠴᠢᠳ ᠲᠤ ᠵᠢᠩᠬᠢᠨᠢ ᠬᠡᠪᠯᠡᠯ ᠤᠨ ᠮᠣᠩᠭᠤᠯ ᠬᠡᠯᠡᠨ ᠤ ᠲᠣᠯᠢ ᠪᠢᠴᠢᠭ ᠢ | ᠬᠠᠩᠭᠠᠬᠤ ᠳᠤ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠡᠭᠦᠷᠭᠡᠯᠡᠨ᠎ᠡ᠃ ᠠᠶᠢᠮᠠᠭ | ᠬᠤᠲᠠ ᠶᠢᠨ ᠲᠣᠭᠲᠠᠭᠠᠭᠰᠠᠨ ᠬᠢᠴᠢᠶᠡᠯ ᠤᠨ ᠪᠢᠴᠢᠭ ᠢ ᠦᠨ᠎ᠡ ᠲᠦᠯᠦᠪᠦᠷᠢ ᠦᠭᠡᠢ ᠪᠠᠷ ᠬᠠᠩᠭᠠᠬᠤ ᠳᠤ ᠬᠡᠷᠡᠭᠰᠡᠬᠦ | ᠵᠠᠷᠤᠳᠠᠯ ᠢ ᠠᠶᠢᠮᠠᠭ ᠬᠤᠲᠠ ᠶᠢᠨ ᠡᠳ᠋ ᠤᠨ ᠵᠠᠰᠠᠭ ᠨᠢ ᠡᠭᠦᠷᠭᠡᠯᠡᠨ᠎ᠡ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠲᠤᠨ ᠳᠠᠬᠢ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ ᠪᠠᠭᠰᠢ ᠨᠠᠷ ᠤᠨ ᠣᠨᠴᠠᠭᠠᠢ | ᠠᠵᠢᠯ ᠤᠨ ᠪᠠᠶᠢᠷᠢ ᠶᠢᠨ ᠲᠥᠯᠥᠪᠯᠡᠭᠡ ᠲᠠᠢ ᠪᠠᠭᠰᠢ ᠶᠢᠨ ᠨᠥᠬᠦᠪᠦᠷᠢ ᠳᠤ ᠬᠡᠷᠡᠭᠰᠡᠬᠦ ᠵᠠᠷᠤᠳᠠᠯ ᠢ ᠠᠶᠢᠮᠠᠭ ᠬᠤᠲᠠ ᠶᠢᠨ | ᠡᠳ᠋ ᠤᠨ ᠵᠠᠰᠠᠭ ᠨᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠠᠴᠠ | ᠴᠠᠯᠢᠩ ᠤᠨ ᠴᠢᠨᠠᠷᠲᠠᠶ ᠨᠥᠬᠦᠪᠥᠷᠢ ᠣᠯᠭᠤᠨ᠎ᠠ᠃ ᠲᠥᠪᠯᠡᠷᠡᠨ ᠵᠠᠯᠭᠠᠯᠳᠤᠭᠰᠠᠨ ᠣᠨᠴᠠ ᠬᠦᠴᠢᠷᠳᠡᠯᠲᠡᠶ ᠭᠠᠵᠠᠷ | ᠣᠷᠣᠨ ᠳᠠᠬᠢ ᠬᠥᠳᠡᠭᠡ ᠲᠣᠰᠬᠤᠨ ᠤ ᠪᠠᠭᠰᠢ ᠨᠠᠷ ᠤᠨ ᠠᠮᠢᠳᠤᠷᠠᠯ ᠤᠨ ᠨᠥᠬᠦᠪᠥᠷᠢ ᠶᠢ ᠥᠪᠡᠷᠲᠡᠭᠡᠨ ᠵᠠᠰᠠᠬᠤ | ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠡᠭᠦᠷᠭᠡᠯᠡᠨ᠎ᠡ᠃ | 6. ᠱᠠᠲᠤ ᠦᠶᠡᠴᠢ ᠴᠢᠨᠠᠷᠲᠠᠶ ᠡᠭᠦᠷᠭᠡ ᠪᠠ ᠲᠤᠰᠬᠠᠶ ᠵᠦᠢᠯ ᠤᠨ ᠴᠢᠨᠠᠷᠲᠠᠶ ᠠᠵᠢᠯ ᠳᠤ ᠬᠤᠯᠪᠣᠭᠳᠠᠬᠤ | ᠵᠦᠢᠯᠡᠰ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠲᠠᠯ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ | ᠳᠡᠭᠡᠭᠰᠢᠯᠡᠭᠦᠯᠦᠨ᠂ ᠣᠳᠣᠬᠢ ᠱᠠᠲᠤᠨ ᠳᠤ ᠬᠤᠲᠠ ᠪᠠᠯᠭᠠᠰᠤᠨ ᠤ ᠰᠤᠷᠭᠠᠭᠤᠯᠢ ᠶᠢᠨ ᠰᠤᠷᠤᠭᠴᠢ ᠣᠯᠠᠨᠲᠠᠶ | ᠠᠩᠭᠢ ᠶᠢ ᠰᠢᠢᠳᠪᠦᠷᠢᠯᠡᠬᠦ᠂ ᠬᠤᠶᠠᠷ ᠲᠥᠷᠥᠯ ᠤᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ | ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠮᠡᠳᠡᠭᠡ ᠵᠠᠩᠭᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢ ᠨᠢ ᠭᠤᠤᠯᠳᠠᠯᠭ᠎ᠠ ᠲᠠᠢ ᠳᠡᠮᠵᠢᠬᠦ ᠳᠤ ᠬᠡᠷᠡᠭᠰᠡᠬᠦ ᠵᠠᠷᠤᠳᠠᠯ ᠢ ᠠᠶᠢᠮᠠᠭ | ᠬᠤᠲᠠ ᠶᠢᠨ ᠡᠳ᠋ ᠤᠨ ᠵᠠᠰᠠᠭ ᠨᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠨᠢ ᠬᠠᠮᠢᠶ᠎ᠠ ᠪᠦᠬᠦᠢ ᠰᠢᠯᠵᠢᠭᠦᠯᠦᠨ ᠥᠭᠬᠦ ᠪᠠᠷ ᠳᠠᠮᠵᠢᠭᠤᠯᠵᠤ ᠨᠢᠭᠡᠳᠦᠯᠲᠡᠶ ᠲᠥᠯᠥᠪᠯᠡᠨ ᠳᠡᠮᠵᠢᠯᠭᠡ | ᠦᠵᠡᠭᠦᠯᠦᠨ᠎ᠡ᠂ ᠬᠤᠶᠢᠰᠢᠳᠠ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ | ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠳᠡᠮᠵᠢᠬᠦ ᠠᠭᠤᠯᠭ᠎ᠠ᠂ ᠬᠡᠪᠴᠢᠶ᠎ᠡ ᠪᠠ ᠭᠤᠤᠯᠳᠠᠯᠭ᠎ᠠ ᠶᠢ ᠴᠠᠭ ᠲᠤ ᠨᠢ | ᠲᠣᠬᠢᠷᠠᠭᠤᠯᠵᠤ ᠲᠣᠬᠢᠷᠠᠭᠤᠯᠤᠯᠲᠠ ᠬᠢᠨ᠎ᠡ᠃ ᠪᠠᠭᠰᠢ ᠨᠠᠷ ᠢ ᠪᠣᠯᠪᠠᠰᠤᠷᠠᠭᠤᠯᠬᠤ ᠠᠵᠢᠯ ᠤᠨ ᠨᠥᠬᠦᠪᠥᠷᠢ ᠳᠤ ᠬᠡᠷᠡᠭᠰᠡᠬᠦ | ᠵᠠᠷᠤᠳᠠᠯ ᠢ ᠠᠶᠢᠮᠠᠭ ᠬᠤᠲᠠ ᠶᠢᠨ ᠡᠳ᠋ ᠤᠨ ᠵᠠᠰᠠᠭ ᠨᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠨᠢ ᠬᠠᠮᠢᠶ᠎ᠠ ᠪᠦᠬᠦᠢ ᠰᠢᠯᠵᠢᠭᠦᠯᠦᠨ ᠦᠭᠬᠦ ᠪᠠᠷ ᠳᠠᠮᠵᠢᠭᠤᠯᠵᠤ ᠨᠢᠭᠡᠳᠦᠯᠲᠡᠶ | ᠲᠥᠯᠥᠪᠯᠡᠨ ᠳᠡᠮᠵᠢᠯᠭᠡ ᠦᠵᠡᠭᠦᠯᠦᠨ᠎ᠡ᠃ ᠵᠠᠬ᠎ᠠ ᠬᠢᠵᠠᠭᠠᠷ ᠤᠨ ᠶᠠᠳᠠᠭᠤ ᠬᠦᠴᠢᠷᠳᠡᠯᠲᠡᠶ ᠭᠠᠵᠠᠷ ᠣᠷᠣᠨ᠂ ᠬᠢᠯᠢ | ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠪᠠ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ | ᠴᠢᠳᠠᠪᠤᠷᠢᠲᠠᠨ ᠤ ᠲᠥᠯᠥᠪᠯᠡᠭᠡ ᠶᠢᠨ ᠪᠠᠭᠰᠢ ᠨᠠᠷ ᠢ ᠰᠣᠩᠭᠤᠨ ᠲᠣᠮᠢᠯᠠᠬᠤ ᠲᠤᠰᠬᠠᠶ ᠠᠵᠢᠯ ᠤᠨ ᠨᠥᠬᠦᠪᠥᠷᠢ ᠳᠤ᠂ | ᠤᠯᠤᠰ ᠠᠴᠠ ᠨᠥᠬᠦᠪᠥᠷᠢ ᠶᠢᠨ ᠪᠠᠷᠢᠮᠵᠢᠶ᠎ᠠ ᠶᠢ ᠨᠢᠭᠡᠳᠦᠯᠲᠡᠶ ᠲᠣᠭᠲᠠᠭᠠᠵᠤ᠂ ᠬᠡᠷᠡᠭᠰᠡᠬᠦ ᠵᠠᠷᠤᠳᠠᠯ ᠢ ᠲᠥᠪ ᠤᠨ | ᠡᠳ᠋ ᠤᠨ ᠵᠠᠰᠠᠭ ᠠᠴᠠ ᠡᠭᠦᠷᠭᠡᠯᠡᠨ᠎ᠡ᠃ | ᠡᠭᠦᠨ ᠠᠴᠠ ᠭᠠᠳᠠᠨ᠎ᠠ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ | ᠨᠠᠷ ᠤᠨ ᠴᠠᠯᠢᠩ ᠤᠨ ᠲᠥᠷᠥ ᠶᠢᠨ ᠪᠣᠳᠣᠯᠭ᠎ᠠ ᠶᠢ ᠪᠠᠲᠤᠳᠬᠠᠨ ᠨᠠᠶᠢᠳᠠᠪᠤᠷᠢᠵᠢᠭᠤᠯᠬᠤ ᠳᠤ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠨᠢ ᠡᠩ ᠤᠨ ᠴᠢᠨᠠᠷᠲᠠᠶ ᠰᠢᠯᠵᠢᠭᠦᠯᠦᠨ ᠥᠭᠬᠦ ᠪᠠᠷ ᠳᠠᠮᠵᠢᠭᠤᠯᠤᠨ ᠠᠶᠢᠮᠠᠭ ᠬᠤᠲᠠ ᠶᠢᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠨᠠᠷ ᠤᠨ ᠴᠠᠯᠢᠩ ᠤᠨ ᠵᠠᠷᠤᠳᠠᠯ ᠢ ᠨᠢᠭᠡᠳᠦᠯᠲᠡᠶ | ᠲᠥᠯᠥᠪᠯᠡᠬᠦ ᠳᠤ ᠦᠷᠭᠦᠯᠵᠢᠯᠡᠨ ᠳᠡᠮᠵᠢᠯᠭᠡ ᠦᠵᠡᠭᠦᠯᠵᠦ᠂ ᠠᠶᠢᠮᠠᠭ ᠬᠤᠲᠠ ᠶᠢᠨ ᠡᠳ᠋ ᠤᠨ ᠵᠠᠰᠠᠭ ᠨᠢ ᠬᠠᠮᠢᠶ᠎ᠠ | ᠪᠦᠬᠦᠢ ᠰᠢᠯᠵᠢᠭᠦᠯᠦᠨ ᠥᠭᠬᠦ ᠪᠠ ᠲᠤᠰ ᠱᠠᠲᠤᠨ ᠤ ᠡᠳ᠋ ᠤᠨ ᠬᠦᠴᠦᠨ ᠢ ᠲᠣᠭᠲᠠᠭᠠᠯ ᠶᠣᠰᠣᠭᠠᠷ ᠨᠢᠭᠡᠳᠦᠯᠲᠡᠢ | ᠬᠡᠷᠡᠭᠯᠡᠵᠦ ᠴᠠᠭ ᠲᠤ ᠨᠢ ᠭᠦᠢᠴᠡᠳ ᠣᠯᠭᠤᠬᠤ ᠶᠢ ᠦᠨᠡᠨ ᠬᠦ ᠪᠠᠲᠤᠯᠠᠨ᠎ᠠ᠃ | ︵ᠬᠤᠶᠠᠷ︶ ᠰᠤᠷᠤᠭᠴᠢᠳ ᠢ ᠵᠣᠭᠤᠰ ᠢᠶᠠᠷ ᠲᠤᠰᠠᠯᠠᠬᠤ᠃ | ᠰᠤᠷᠤᠭᠴᠢᠳ ᠢ ᠵᠣᠭᠤᠰ ᠢᠶᠠᠷ ᠲᠤᠰᠠᠯᠠᠬᠤ ᠪᠣᠯ ᠬᠠᠷᠢᠴᠠᠩᠭᠤᠶ ᠪᠡᠶ᠎ᠡ ᠪᠠᠨ ᠳᠠᠭᠠᠭᠠᠭᠰᠠᠨ ᠪᠦᠷᠢᠨ ᠪᠦᠲᠦᠨ | ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠪᠠᠶᠢᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠵᠡᠷᠭᠡ ᠶᠢ ᠬᠠᠮᠤᠷᠴᠤ᠂ ᠲᠡᠳᠡᠭᠡᠷ ᠢ ᠶᠡᠷᠦᠩᠬᠡᠶ ᠳᠤ ᠨᠢ | ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ | ᠬᠠᠮᠢᠶᠠᠷᠬᠤ ᠡᠷᠬᠡ ᠪᠣᠯᠭᠠᠨ ᠨᠤᠲᠠᠯᠠᠵᠤ ᠲᠣᠭᠲᠠᠭᠠᠬᠤ ᠶᠢᠨ ᠬᠠᠮᠲᠤ᠂ ᠪᠣᠳᠠᠲᠠᠶ ᠵᠦᠢᠯᠡᠰ ᠢᠶᠠᠷ ᠨᠠᠷᠢᠯᠢᠭᠵᠢᠭᠤᠯᠤᠨ᠎ᠠ᠂ | ᠡᠭᠦᠨ ᠳᠤ᠂ ᠤᠷᠮᠠᠰᠢᠭᠤᠯᠬᠤ ᠪᠠ ᠬᠥᠲᠥᠯᠦᠨ ᠵᠢᠯᠣᠭᠤᠳᠬᠤ ᠳᠤ ᠬᠡᠷᠡᠭᠯᠡᠬᠦ ᠵᠦᠢᠯᠡᠰ ᠤᠨ ᠬᠡᠷᠡᠭᠰᠡᠬᠦ ᠵᠠᠷᠤᠳᠠᠯ ᠢ | ᠭᠤᠤᠯᠳᠠᠭᠤ ᠲᠥᠪ ᠬᠢᠭᠡᠳ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠡᠭᠦᠷᠭᠡᠯᠡᠬᠦ᠂ ᠡᠰᠡᠬᠦᠯ᠎ᠡ | ᠬᠠᠷᠢᠶᠠᠯᠠᠭᠳᠠᠬᠤ ᠬᠠᠷᠢᠴᠠᠭ᠎ᠠ ᠵᠡᠷᠭᠡ ᠪᠠᠷ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ | ᠵᠠᠰᠠᠭ ᠨᠢ ᠲᠣᠰ ᠲᠣᠰ ᠡᠭᠦᠷᠭᠡᠯᠡᠨ᠎ᠡ︔ ᠬᠦᠴᠢᠷᠲᠡᠢ ᠶᠢ ᠨᠢ ᠵᠣᠭᠤᠰ ᠢᠶᠠᠷ ᠲᠤᠰᠠᠯᠠᠬᠤ ᠲᠠᠯ᠎ᠠ ᠳᠤ ᠬᠡᠷᠡᠭᠯᠡᠬᠦ | ᠵᠦᠢᠯᠡᠰ ᠤᠨ ᠬᠡᠷᠡᠭᠰᠡᠬᠦ ᠵᠠᠷᠤᠳᠠᠯ ᠢ ᠡᠩ ᠤᠨ ᠪᠠᠶᠢᠳᠠᠯ ᠳᠤ ᠤᠯᠤᠰ ᠤᠨ ᠰᠠᠭᠤᠷᠢ ᠪᠠᠷᠢᠮᠵᠢᠶ᠎ᠠ ᠶᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠨᠢ ᠳᠡᠰ ᠬᠤᠪᠢᠶᠠᠨ ᠡᠭᠦᠷᠭᠡᠯᠡᠬᠦ | ᠬᠠᠷᠢᠴᠠᠯ ᠢ ᠲᠣᠳᠣᠷᠬᠠᠢ ᠲᠣᠭᠲᠠᠭᠠᠨ᠎ᠠ᠃ ᠰᠤᠷᠤᠭᠴᠢᠳ ᠢ ᠵᠣᠭᠤᠰ ᠢᠶᠠᠷ ᠲᠤᠰᠠᠯᠠᠬᠤ ᠳᠤ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠡᠭᠦᠷᠭᠡᠯᠡᠬᠦ ᠬᠡᠰᠡᠭ ᠢ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ | ᠡᠷᠬᠡ ᠶᠢᠨ ᠰᠢᠯᠵᠢᠭᠦᠯᠦᠨ ᠥᠭᠬᠦ ᠪᠠᠷ ᠳᠠᠮᠵᠢᠭᠤᠯᠤᠨ ᠲᠣᠬᠢᠷᠠᠭᠤᠯᠤᠨ᠎ᠠ᠃ | 1. ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠢᠯᠬ᠎ᠠ ᠬᠡᠤᠬᠡᠳ ᠢ ᠵᠣᠭᠤᠰ ᠢᠶᠠᠷ ᠲᠤᠰᠠᠯᠠᠬᠤ᠃ | ᠣᠳᠣᠬᠢ ᠱᠠᠲᠤᠨ ᠳᠤ ᠠᠶᠢᠮᠠᠭ ᠬᠤᠲᠠ ᠨᠢ ᠨᠢᠯᠬ᠎ᠠ ᠬᠡᠤᠬᠡᠳ ᠢ ᠵᠣᠭᠤᠰ ᠢᠶᠠᠷ ᠲᠤᠰᠠᠯᠠᠬᠤ ᠲᠥᠷᠥ ᠶᠢᠨ | ᠪᠣᠳᠣᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠬᠤ ᠶᠢᠨ ᠬᠠᠮᠲᠤ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ | ᠲᠦᠭᠡᠮᠡᠯ ᠬᠠᠷᠠᠭᠠᠯᠵᠠᠬᠤ ᠴᠢᠨᠠᠷᠲᠠᠶ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠬᠦᠷᠲᠡᠵᠦ ᠪᠠᠶᠢᠭ᠎ᠠ ᠭᠡᠷ | ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠬᠡᠤᠬᠡᠳ᠂ ᠥᠨᠥᠴᠢᠨ ᠬᠡᠤᠬᠡᠳ ᠪᠠ ᠵᠡᠮᠳᠡᠭ ᠬᠡᠤᠬᠡᠳ ᠢ ᠵᠣᠭᠤᠰ ᠢᠶᠠᠷ | ᠲᠤᠰᠠᠯᠠᠬᠤ ᠪᠠᠨ ᠦᠨᠡᠨ ᠬᠦ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠱᠠᠩᠨᠠᠵᠤ | ᠲᠤᠰᠠᠯᠠᠬᠤ ᠳᠡᠮᠵᠢᠯᠭᠡ ᠦᠵᠡᠭᠦᠯᠦᠨ᠎ᠡ᠃ | 2. ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠰᠦᠢᠳᠬᠡᠯ ᠢ | ᠬᠡᠯᠲᠦᠷᠢᠭᠦᠯᠬᠦ᠂ ᠦᠨ᠎ᠡ ᠲᠦᠯᠦᠪᠦᠷᠢ ᠦᠭᠡᠶ ᠪᠠᠷ ᠬᠢᠴᠢᠶᠡᠯ ᠤᠨ ᠪᠢᠴᠢᠭ ᠢ ᠬᠠᠩᠭᠠᠬᠤ ︵ᠳᠣᠷᠣᠭᠰᠢ ︽ᠬᠤᠶᠠᠷ ᠢ | ᠬᠡᠯᠲᠦᠷᠢᠭᠦᠯᠬᠦ︾ ᠭᠡᠵᠦ ᠲᠣᠪᠴᠢᠯᠠᠨ᠎ᠠ︶ ᠵᠢᠴᠢ ᠤᠯᠤᠰ ᠤᠨ ᠰᠤᠷᠤᠯᠭ᠎ᠠ ᠶᠢᠨ ᠲᠡᠳᠬᠦᠮᠵᠢ ᠮᠥᠩᠭᠦ᠂ ᠬᠤᠤᠰ | ᠬᠡᠯᠡ ᠪᠠᠷ ᠬᠢᠴᠢᠶᠡᠯᠯᠡᠬᠦ ᠪᠠᠶᠢᠷᠢ ᠳᠤ ᠰᠠᠭᠤᠭᠰᠠᠨ ᠰᠤᠷᠤᠭᠴᠢᠳ ᠤᠨ ᠠᠮᠢᠳᠤᠷᠠᠯ ᠤᠨ ᠨᠥᠬᠦᠪᠦᠷᠢ᠃ ᠤᠯᠤᠰ ᠠᠴᠠ | ᠲᠣᠭᠲᠠᠭᠠᠭᠰᠠᠨ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠨᠥᠬᠦᠪᠥᠷᠢ ᠥᠭᠬᠦ ᠬᠡᠰᠡᠭ ᠲᠤ᠂ ᠲᠥᠪ ᠠᠴᠠ | ᠲᠣᠭᠲᠠᠭᠠᠭᠰᠠᠨ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠬᠡᠷᠡᠭᠰᠡᠬᠦ ᠵᠠᠷᠤᠳᠠᠯ ᠢ ᠲᠥᠪ ᠪᠠ ᠣᠷᠣᠨ | ᠨᠤᠲᠤᠭ ᠨᠢ 8᠄ 2 ᠢᠶᠠᠷ ᠬᠤᠪᠢᠳᠠᠨ ᠡᠭᠦᠷᠭᠡᠯᠡᠵᠦ᠂ ᠣᠷᠣᠨ ᠨᠤᠲᠤᠭ ᠤᠨ ᠬᠤᠪᠢᠳᠠᠨ ᠡᠭᠦᠷᠭᠡᠯᠡᠬᠦ 20% ᠶᠢᠨ | ᠬᠡᠰᠡᠭ ᠵᠢᠴᠢ ᠥᠪᠡᠷᠲᠡᠭᠡᠨ ᠵᠠᠰᠠᠬᠤ ᠣᠷᠣᠨ ᠠᠴᠠ ᠨᠡᠶᠢᠲᠡᠯᠡᠭᠰᠡᠨ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠳᠤ ︽ᠬᠤᠶᠠᠷ ᠢ ᠬᠡᠯᠲᠦᠷᠢᠭᠦᠯᠬᠦ︾ ᠲᠥᠷᠥ ᠶᠢᠨ ᠪᠣᠳᠣᠯᠭ᠎ᠠ᠂ ᠮᠣᠩᠭᠤᠯ ᠬᠡᠯᠡ ᠪᠠᠷ ᠬᠢᠴᠢᠶᠡᠯᠯᠡᠬᠦ ᠪᠠ | ᠰᠣᠯᠣᠩᠭᠤᠰ ᠬᠡᠯᠡ ᠪᠠᠷ ᠬᠢᠴᠢᠶᠡᠯᠯᠡᠬᠦ ᠰᠤᠷᠤᠭᠴᠢᠳ ᠤᠨ ᠬᠡᠷᠡᠭᠰᠡᠬᠦ ᠵᠠᠷᠤᠳᠠᠯ ᠢ ᠴᠦᠮ ᠥᠪᠡᠷᠲᠡᠭᠡᠨ ᠵᠠᠰᠠᠬᠤ | ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠡᠭᠦᠷᠭᠡᠯᠡᠨ᠎ᠡ᠂ ᠪᠤᠰᠤᠳ ᠰᠤᠷᠤᠭᠴᠢᠳ ᠤᠨ ᠬᠡᠷᠡᠭᠰᠡᠬᠦ ᠵᠠᠷᠤᠳᠠᠯ ᠢ | ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ | 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃ ᠡᠩ ᠤᠨ ᠦᠨᠳᠦᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠤᠯᠤᠰ ᠤᠨ ᠰᠤᠷᠤᠯᠭ᠎ᠠ ᠶᠢᠨ ᠲᠡᠳᠭᠦᠮᠵᠢ ᠮᠦᠩᠭᠦ ᠶᠢᠨ ᠨᠦᠬᠦᠪᠦᠷᠢ ᠥᠭᠬᠦ ᠬᠡᠰᠡᠭ ᠲᠤ | ᠲᠥᠪ ᠠᠴᠠ ᠲᠣᠭᠲᠠᠭᠠᠭᠰᠠᠨ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠬᠡᠷᠡᠭᠰᠡᠬᠦ ᠵᠠᠷᠤᠳᠠᠯ ᠢ ᠲᠥᠪ | ᠪᠠ ᠣᠷᠣᠨ ᠨᠤᠲᠤᠭ ᠨᠢ 8᠄ 2 ᠢᠶᠠᠷ ᠬᠤᠪᠢᠳᠠᠨ ᠡᠭᠦᠷᠭᠡᠯᠡᠵᠦ᠂ ᠣᠷᠣᠨ ᠨᠤᠲᠤᠭ ᠤᠨ ᠬᠤᠪᠢᠳᠠᠨ ᠡᠭᠦᠷᠭᠡᠯᠡᠬᠦ | 20% ᠶᠢᠨ ᠬᠡᠰᠡᠭ ᠢ ᠦᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠨᠢᠭᠡᠳᠦᠭᠡᠷ ᠳᠡᠰ ᠤᠨ 3᠄ 7᠂ | ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠤᠰ ᠬᠡᠯᠡ ᠪᠠᠷ ᠬᠢᠴᠢᠶᠡᠯᠯᠡᠬᠦ ᠪᠠᠶᠢᠷᠢ ᠳᠤ ᠰᠠᠭᠤᠭᠰᠠᠨ | ᠰᠤᠷᠤᠭᠴᠢᠳ ᠤᠨ ᠠᠮᠢᠳᠤᠷᠠᠯ ᠤᠨ ᠨᠥᠬᠦᠪᠥᠷᠢ ᠶᠢ ᠴᠦᠮ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ | ᠡᠳ᠋ ᠤᠨ ᠵᠠᠰᠠᠭ ᠨᠢ ᠡᠭᠦᠷᠭᠡᠯᠡᠨ᠎ᠡ᠃ | 3. ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠰᠦᠢᠳᠬᠡᠯ | ᠬᠡᠯᠲᠦᠷᠢᠭᠦᠯᠦᠭᠰᠡᠨ ᠨᠥᠬᠦᠪᠥᠷᠢ᠂ ᠤᠯᠤᠰ ᠤᠨ ᠰᠤᠷᠤᠯᠭ᠎ᠠ ᠶᠢᠨ ᠲᠡᠳᠬᠦᠮᠵᠢ ᠮᠥᠩᠭᠦ ᠪᠠ ᠤᠯᠤᠰ ᠤᠨ | ᠰᠤᠷᠤᠯᠭ᠎ᠠ ᠶᠢᠨ ᠭᠦᠬᠢᠭᠦᠯᠦᠯ ᠤᠨ ᠮᠥᠩᠭᠦ᠂ ᠪᠠᠶᠢᠷᠢ ᠶᠢᠨ ᠰᠦᠢᠳᠬᠡᠯ ᠤᠨ ᠨᠥᠬᠦᠪᠥᠷᠢ᠃ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠰᠦᠢᠳᠬᠡᠯ ᠬᠡᠯᠲᠦᠷᠢᠭᠦᠯᠦᠭᠰᠡᠨ ᠨᠥᠬᠦᠪᠥᠷᠢ᠂ | ᠤᠯᠤᠰ ᠤᠨ ᠰᠤᠷᠤᠯᠭ᠎ᠠ ᠶᠢᠨ ᠲᠡᠳᠬᠦᠮᠵᠢ ᠮᠥᠩᠭᠦᠨ ᠳᠠᠬᠢ ᠤᠯᠤᠰ ᠠᠴᠠ ᠲᠣᠭᠲᠠᠭᠠᠭᠰᠠᠨ ᠬᠡᠰᠡᠭ ᠲᠤ ᠲᠥᠪ ᠠᠴᠠ | ᠲᠣᠭᠲᠠᠭᠠᠭᠰᠠᠨ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠬᠡᠷᠡᠭᠰᠡᠬᠦ ᠵᠠᠷᠤᠳᠠᠯ ᠢ ᠲᠥᠪ ᠪᠠ ᠣᠷᠣᠨ | ᠨᠤᠲᠤᠭ ᠨᠢ 8᠄ 2 ᠢᠶᠠᠷ ᠬᠤᠪᠢᠳᠠᠨ ᠡᠭᠦᠷᠭᠡᠯᠡᠨ᠎ᠡ᠃ ᠣᠷᠣᠨ ᠨᠤᠲᠤᠭ ᠤᠨ ᠬᠤᠪᠢᠳᠠᠨ ᠡᠭᠦᠷᠭᠡᠯᠡᠬᠦ 20% ᠶᠢᠨ | ᠬᠡᠰᠡᠭ ᠵᠢᠴᠢ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠰᠤᠷᠤᠯᠭ᠎ᠠ ᠶᠢᠨ ᠰᠦᠢᠳᠬᠡᠯ ᠬᠡᠯᠲᠦᠷᠢᠭᠦᠯᠦᠭᠰᠡᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠪᠠᠷ | ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠨᠢᠭᠡᠳᠦᠭᠡᠷ ᠳᠡᠰ ᠤᠨ 3᠄ 7᠂ | ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠠᠬᠢ ᠤᠯᠤᠰ ᠤᠨ ᠰᠤᠷᠤᠯᠭ᠎ᠠ ᠶᠢᠨ ᠭᠦᠬᠢᠭᠦᠯᠦᠯ ᠤᠨ | ᠮᠥᠩᠭᠦᠨ ᠤ ᠳᠦᠷᠢᠮ ᠢ ᠬᠡᠷᠡᠭᠵᠢᠭᠦᠯᠬᠦ ᠳᠤ ᠬᠡᠷᠡᠭᠰᠡᠬᠦ ᠵᠠᠷᠤᠳᠠᠯ ᠢ ᠲᠥᠪ ᠤᠨ ᠡᠳ᠋ ᠤᠨ ᠵᠠᠰᠠᠭ ᠡᠭᠦᠷᠭᠡᠯᠡᠨ᠎ᠡ᠃ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠦᠨ᠎ᠡ ᠲᠦᠯᠦᠪᠦᠷᠢ ᠦᠭᠡᠢ ᠪᠠᠷ ᠬᠢᠴᠢᠶᠡᠯ ᠤᠨ ᠪᠢᠴᠢᠭ | ᠬᠠᠩᠭᠠᠬᠤ ᠳᠤ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠨᠢᠭᠡᠳᠦᠭᠡᠷ | ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ | ᠡᠭᠦᠷᠭᠡᠯᠡᠨ᠎ᠡ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠷᠢ ᠳᠤ ᠰᠠᠭᠤᠭᠰᠠᠨ | ᠰᠤᠷᠤᠭᠴᠢᠳ ᠤᠨ ᠪᠠᠶᠢᠷᠢ ᠶᠢᠨ ᠰᠦᠢᠳᠬᠡᠯ ᠤᠨ ᠨᠥᠬᠦᠪᠥᠷᠢ ᠶᠢ ᠴᠦᠮ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠡᠳ᠋ ᠤᠨ ᠵᠠᠰᠠᠭ ᠨᠢ ᠡᠭᠦᠷᠭᠡᠯᠡᠨ᠎ᠡ᠃ | 4. ᠶᠡᠭᠡ ᠳᠡᠭᠡᠳᠦ ᠰᠤᠷᠭᠠᠭᠤᠯᠢ ᠶᠢᠨ ᠤᠯᠤᠰ ᠤᠨ ᠰᠤᠷᠤᠯᠭ᠎ᠠ ᠶᠢᠨ ᠲᠡᠳᠬᠦᠮᠵᠢ ᠮᠥᠩᠭᠦ᠃ ᠶᠡᠭᠡ ᠳᠡᠭᠡᠳᠦ | ᠰᠤᠷᠭᠠᠭᠤᠯᠢ ᠶᠢᠨ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ︵ᠳᠡᠭᠡᠳᠦ ᠵᠡᠷᠭᠡ ᠶᠢᠨ ᠠᠵᠢᠯ ᠮᠡᠷᠭᠡᠵᠢᠯ᠂ | ᠬᠤᠶᠠᠳᠠᠬᠢ ᠪᠠᠺᠠᠯᠧᠷ ᠴᠣᠯᠠ ᠪᠠᠭᠲᠠᠨ᠎ᠠ︶ ᠶᠢᠨ ᠤᠯᠤᠰ ᠤᠨ ᠰᠤᠷᠤᠯᠭ᠎ᠠ ᠶᠢᠨ ᠲᠡᠳᠬᠦᠮᠵᠢ ᠮᠥᠩᠭᠦ ᠳᠤ ᠲᠥᠪ ᠠᠴᠠ | ᠲᠣᠭᠲᠠᠭᠠᠭᠰᠠᠨ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠬᠡᠷᠡᠭᠰᠡᠬᠦ ᠵᠠᠷᠤᠳᠠᠯ ᠢ ᠲᠥᠪ ᠪᠠ ᠣᠷᠣᠨ | ᠨᠤᠲᠤᠭ ᠨᠢ 8᠄ 2 ᠢᠶᠠᠷ ᠬᠤᠪᠢᠳᠠᠨ ᠡᠭᠦᠷᠭᠡᠯᠡᠨ᠎ᠡ᠃ ᠣᠷᠣᠨ ᠨᠤᠲᠤᠭ ᠤᠨ ᠬᠤᠪᠢᠳᠠᠨ ᠡᠭᠦᠷᠭᠡᠯᠡᠬᠦ 20% ᠶᠢᠨ | ᠬᠡᠰᠡᠭ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠬᠢ ᠶᠢ ᠥᠪᠡᠷᠲᠡᠭᠡᠨ | ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠪᠦᠬᠦᠨ ᠢ ᠡᠭᠦᠷᠭᠡᠯᠡᠵᠦ᠂ ᠠᠶᠢᠮᠠᠭ ᠬᠤᠲᠠ ᠶᠢᠨ ᠬᠠᠷᠢᠶ᠎ᠠ | ᠪᠦᠬᠦᠢ ᠶᠡᠭᠡ ᠳᠡᠭᠡᠳᠦ ᠰᠤᠷᠭᠠᠭᠤᠯᠢ ᠶᠢᠨ ᠬᠢ ᠶᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ | ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ | ᠬᠤᠪᠢᠳᠠᠨ ᠡᠭᠦᠷᠭᠡᠯᠡᠨ᠎ᠡ᠃ ᠠᠰᠫᠢᠷᠠᠨᠲ ᠤᠨ ᠤᠯᠤᠰ ᠤᠨ ᠰᠤᠷᠤᠯᠭ᠎ᠠ ᠶᠢᠨ ᠲᠡᠳᠬᠦᠮᠵᠢ ᠮᠥᠩᠭᠦ ᠶᠢᠨ ᠤᠯᠤᠰ ᠠᠴᠠ | ᠲᠣᠭᠲᠠᠭᠠᠭᠰᠠᠨ ᠬᠡᠰᠡᠭ ᠲᠤ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠬᠡᠷᠡᠭᠰᠡᠬᠦ ᠵᠠᠷᠤᠳᠠᠯ ᠢ ᠲᠥᠪ | ᠬᠢᠭᠡᠳ ᠣᠷᠣᠨ ᠨᠤᠲᠤᠭ ᠨᠢ 8᠄ 2 ᠢᠶᠠᠷ ᠬᠤᠪᠢᠳᠠᠨ ᠡᠭᠦᠷᠭᠡᠯᠡᠨ᠎ᠡ᠃ ᠣᠷᠣᠨ ᠨᠤᠲᠤᠭ ᠤᠨᠬᠤᠪᠢᠳᠠᠨ ᠡᠭᠦᠷᠭᠡᠯᠡᠬᠦ | 20% ᠶᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠠᠰᠫᠢᠷᠠᠨᠲ ᠤᠨ ᠬᠠᠮᠢᠶ᠎ᠠ ᠪᠦᠬᠦᠢ | ᠤᠯᠤᠰ ᠤᠨ ᠰᠤᠷᠤᠯᠭ᠎ᠠ ᠶᠢᠨ ᠲᠡᠳᠬᠦᠮᠵᠢ ᠮᠥᠩᠭᠦᠨ ᠤ ᠲᠥᠷᠥ ᠶᠢᠨ ᠪᠣᠳᠣᠯᠭ᠎ᠠ᠂ ᠥᠪᠡᠷᠲᠡᠭᠡᠨ ᠵᠠᠰᠠᠬᠤ ᠣᠷᠣᠨ ᠤ | ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠬᠢ ᠶᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ | ᠡᠳ᠋ ᠤᠨ ᠵᠠᠰᠠᠭ ᠨᠢ ᠡᠭᠦᠷᠭᠡᠯᠡᠵᠦ᠂ ᠠᠶᠢᠮᠠᠭ ᠬᠤᠲᠠ ᠶᠢᠨ ᠬᠠᠷᠢᠶ᠎ᠠ ᠪᠦᠬᠦᠢ ᠶᠡᠭᠡ ᠳᠡᠭᠡᠳᠦ ᠰᠤᠷᠭᠠᠭᠤᠯᠢ ᠶᠢᠨ ᠬᠢ ᠶᠢ | ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ | 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃ | 5. ᠶᠡᠭᠡ ᠳᠡᠭᠡᠳᠦ ᠰᠤᠷᠭᠠᠭᠤᠯᠢ ᠶᠢᠨ ᠤᠯᠤᠰ ᠤᠨ ᠰᠤᠷᠤᠯᠭ᠎ᠠ ᠶᠢᠨ ᠭᠦᠬᠢᠭᠦᠯᠦᠯ ᠤᠨ ᠮᠥᠩᠭᠦ ᠵᠡᠷᠭᠡ | ᠵᠣᠭᠤᠰ ᠢᠶᠠᠷ ᠲᠤᠰᠠᠯᠠᠬᠤ᠃ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ | ᠠᠩᠭᠢ ᠶᠢᠨ ᠤᠯᠤᠰ ᠤᠨ ᠰᠤᠷᠤᠯᠭ᠎ᠠ ᠶᠢᠨ ᠭᠦᠬᠢᠭᠦᠯᠦᠯ ᠤᠨ ᠮᠥᠩᠭᠦ ︵ᠳᠡᠭᠡᠳᠦ ᠵᠡᠷᠭᠡ ᠶᠢᠨ ᠠᠵᠢᠯ ᠮᠡᠷᠭᠡᠵᠢᠯ᠂ | ᠬᠤᠶᠠᠳᠠᠬᠢ ᠪᠠᠺᠠᠯᠧᠷ ᠴᠣᠯᠠ ᠪᠠᠭᠲᠠᠨ᠎ᠠ︶᠂ ᠤᠯᠤᠰ ᠠᠴᠠ ᠵᠣᠷᠢᠭᠵᠢᠭᠤᠯᠬᠤ ᠰᠤᠷᠤᠯᠭ᠎ᠠ ᠶᠢᠨ ᠭᠦᠬᠢᠭᠦᠯᠦᠯ ᠤᠨ | ᠮᠥᠩᠭᠦ᠂ ᠠᠰᠫᠢᠷᠠᠨᠲ ᠤᠨ ᠤᠯᠤᠰ ᠤᠨ ᠰᠤᠷᠤᠯᠭ᠎ᠠ ᠶᠢᠨ ᠭᠥᠬᠢᠭᠦᠯᠦᠯ ᠤᠨ ᠮᠥᠩᠭᠦ᠂ ᠤᠶᠤᠲᠠᠳ ᠤᠨ ᠴᠡᠷᠢᠭ ᠤᠨ | ᠠᠯᠪᠠ ᠬᠠᠭᠠᠬᠤ ᠲᠤᠰᠠᠯᠠᠮᠵᠢ ᠶᠢᠨ ᠮᠥᠩᠭᠦ᠂ ᠴᠡᠷᠢᠭ ᠤᠨ ᠠᠯᠪᠠ ᠠᠴᠠ ᠬᠠᠯᠬᠠᠳ᠋ᠬᠠᠰᠠᠨ ᠪᠠᠶᠢᠯᠳᠤᠭᠴᠢᠳ ᠤᠨ | ᠰᠤᠷᠭᠠᠨ ᠬᠥᠮᠦᠵᠢᠯ ᠤᠨ ᠲᠤᠰᠠᠯᠠᠮᠵᠢ ᠶᠢᠨ ᠬᠡᠷᠡᠭᠰᠡᠬᠦ ᠵᠠᠷᠤᠳᠠᠯ ᠢ ᠲᠥᠪ ᠤᠨ ᠡᠳ᠋ ᠤᠨ ᠵᠠᠰᠠᠭ ᠡᠭᠦᠷᠭᠡᠯᠡᠨ᠎ᠡ᠃ | ᠡᠩ ᠤᠨ ᠶᠡᠭᠡ ᠳᠡᠭᠡᠳᠦ ᠰᠤᠷᠭᠠᠭᠤᠯᠢ ᠳᠠᠬᠢ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ | ᠰᠤᠷᠭᠠᠭᠤᠯᠢ ᠳᠤ ᠣᠷᠣᠭᠰᠠᠨ ᠢ ᠨᠢ ᠵᠣᠭᠤᠰ ᠢᠶᠠᠷ ᠲᠤᠰᠠᠯᠠᠬᠤ᠂ ᠠᠰᠫᠢᠷᠠᠨᠲ ᠤᠨ ᠥᠪᠡᠷᠲᠡᠭᠡᠨ ᠵᠠᠰᠠᠬᠤ ᠣᠷᠣᠨ ᠤ | ᠰᠤᠷᠤᠯᠭ᠎ᠠ ᠶᠢᠨ ᠭᠦᠬᠢᠭᠦᠯᠦᠯ ᠤᠨ ᠮᠥᠩᠭᠦ ᠶᠢᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠡᠳ᠋ ᠤᠨ ᠵᠠᠰᠠᠭ ᠨᠢ ᠡᠭᠦᠷᠭᠡᠯᠡᠨ᠎ᠡ᠃ ᠠᠰᠫᠢᠷᠠᠨᠲ ᠤᠨ ᠰᠤᠷᠤᠯᠭ᠎ᠠ ᠶᠢᠨ ᠰᠤᠷᠤᠯᠭ᠎ᠠ ᠶᠢᠨ ᠭᠦᠬᠢᠭᠦᠯᠦᠯ ᠤᠨ | ᠮᠥᠩᠭᠦ ᠶᠢᠨ ᠬᠡᠷᠡᠭᠰᠡᠬᠦ ᠵᠠᠷᠤᠳᠠᠯ ᠢ ᠶᠡᠭᠡ ᠳᠡᠭᠡᠳᠦ ᠰᠤᠷᠠᠭᠠᠭᠤᠯᠢ ᠶᠢᠨ ᠬᠠᠷᠢᠶᠠᠯᠠᠭᠳᠠᠬᠤ ᠬᠠᠷᠢᠴᠠᠭ᠎ᠠ ᠪᠠᠷ ᠡᠯ᠎ᠡ | ᠱᠠᠲᠤᠨ ᠤ ᠡᠳ᠋ ᠤᠨ ᠵᠠᠰᠠᠭ ᠨᠢ ᠲᠣᠰ ᠲᠣᠰ ᠡᠭᠦᠷᠭᠡᠯᠡᠨ᠎ᠡ᠃ | 6. ᠶᠡᠭᠡ ᠳᠡᠭᠡᠳᠦ ᠰᠤᠷᠭᠠᠭᠤᠯᠢ ᠶᠢᠨ ᠰᠤᠷᠤᠯᠭ᠎ᠠ ᠶᠢᠨ ᠲᠡᠳᠬᠦᠮᠵᠢᠲᠦ ᠵᠢᠭᠡᠯᠡᠯᠭᠡ ᠶᠢᠨ ᠳᠡᠮ ᠬᠦᠤ ᠪᠠ | ᠲᠦᠭᠰᠢᠭᠦᠷᠢ ᠶᠢᠨ ᠲᠦᠯᠦᠪᠦᠷᠢ ᠮᠥᠩᠭᠦ᠃ ᠶᠡᠭᠡ ᠳᠡᠭᠡᠳᠦ ᠰᠤᠷᠭᠠᠭᠤᠯᠢ ᠶᠢᠨ ᠤᠯᠤᠰ ᠤᠨ ᠰᠤᠷᠤᠯᠭ᠎ᠠ ᠶᠢᠨ | ᠲᠡᠳᠬᠦᠮᠵᠢᠲᠦ ᠵᠢᠭᠡᠯᠡᠯᠭᠡ ᠳᠠᠬᠢ ᠡᠳ᠋ ᠤᠨ ᠵᠠᠰᠠᠭ ᠤᠨ ᠳᠡᠮ ᠬᠦᠤ ᠶᠢᠨ ᠪᠡᠯᠡ ᠮᠥᠩᠭᠦ᠂ ᠲᠥᠪ ᠤᠨ ᠪᠠ ᠥᠪᠡᠷᠲᠡᠭᠡᠨ | ᠵᠠᠰᠠᠬᠤ ᠣᠷᠣᠨ ᠠᠴᠠ ᠪᠤᠰᠤᠳ ᠣᠷᠣᠨ ᠨᠤᠲᠤᠭ ᠤᠨ ᠶᠡᠭᠡ ᠳᠡᠭᠡᠳᠦ ᠰᠤᠷᠭᠠᠭᠤᠯᠢ ᠳᠤ ᠰᠢᠯᠭᠠᠨ ᠤᠷᠤᠭᠰᠠᠨ | ᠰᠤᠷᠤᠭᠴᠢᠳ ᠤᠨ ᠵᠢᠭᠡᠯᠡᠯᠭᠡ ᠶᠢᠨ ᠳᠠᠮ ᠬᠦᠦ ᠶᠢ ᠲᠥᠪ ᠤᠨ ᠡᠳ᠋ ᠤᠨ ᠵᠠᠰᠠᠭ ᠡᠭᠦᠷᠭᠡᠯᠡᠨ᠎ᠡ︔ ᠥᠪᠡᠷᠲᠡᠭᠡᠨ | ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠤᠷᠤᠯᠴᠠᠵᠤ ᠪᠠᠶᠢᠪᠠᠯ᠂ ᠶᠡᠭᠡ ᠳᠡᠭᠡᠳᠦ ᠰᠤᠷᠭᠠᠭᠤᠯᠢ ᠶᠢᠨ | ᠬᠠᠷᠢᠶᠠᠯᠠᠭᠳᠠᠬᠤ ᠬᠠᠷᠢᠴᠠᠭ᠎ᠠ ᠪᠠᠷ ᠠᠳᠠᠯᠢ ᠱᠠᠲᠤᠨ ᠤ ᠡᠳ᠋ ᠤᠨ ᠵᠠᠰᠠᠭ ᠨᠢ ᠡᠭᠦᠷᠭᠡᠯᠡᠨ᠎ᠡ᠃ ᠶᠡᠭᠡ ᠳᠡᠭᠡᠳᠦ | ᠰᠤᠷᠭᠠᠭᠤᠯᠢ ᠶᠢᠨ ᠰᠤᠷᠤᠯᠭ᠎ᠠ ᠶᠢᠨ ᠲᠡᠳᠬᠦᠮᠵᠢᠲᠦ ᠵᠢᠭᠡᠯᠡᠯᠭᠡ ᠶᠢᠨ ᠲᠦᠭᠰᠢᠭᠦᠷᠢ ᠶᠢᠨ ᠲᠥᠯᠥᠪᠦᠷᠢ ᠶᠢᠨ ᠮᠥᠩᠭᠦ᠂ | ᠲᠥᠪ ᠤᠨ ᠪᠠ ᠥᠪᠡᠷᠲᠡᠭᠡᠨ ᠵᠠᠰᠠᠬᠤ ᠣᠷᠣᠨ ᠠᠴᠠ ᠪᠤᠰᠤᠳ ᠭᠠᠵᠠᠷ ᠣᠷᠣᠨ ᠤ ᠶᠡᠭᠡ ᠳᠡᠭᠡᠳᠦ ᠰᠤᠷᠭᠠᠭᠤᠯᠢ ᠳᠤ | ᠰᠢᠯᠭᠠᠨ ᠤᠷᠤᠭᠰᠠᠨ ᠰᠤᠷᠤᠭᠴᠢᠳ ᠤᠨ ᠵᠢᠭᠡᠯᠡᠯᠭᠡ ᠶᠢᠨ ᠲᠦᠭᠰᠢᠭᠦᠷᠢ ᠶᠢᠨ ᠲᠦᠯᠦᠪᠦᠷᠢ ᠶᠢᠨ ᠮᠥᠩᠭᠦ ᠶᠢ ᠲᠥᠪ ᠤᠨ | ᠡᠳ᠋ ᠤᠨ ᠵᠠᠰᠠᠭ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠤᠷᠤᠯᠴᠠᠵᠤ | ᠪᠠᠶᠢᠪᠠᠯ᠂ ᠲᠡᠳᠡᠨ ᠤ ᠵᠢᠭᠡᠯᠡᠯᠭᠡ ᠶᠢᠨ ᠲᠦᠭᠰᠢᠭᠦᠷᠢ ᠶᠢᠨ ᠲᠦᠯᠦᠪᠦᠷᠢ ᠶᠢᠨ ᠮᠥᠩᠭᠦ ᠶᠢ ᠲᠥᠪ ᠬᠢᠭᠡᠳ ᠥᠪᠡᠷᠲᠡᠭᠡᠨ | ᠵᠠᠰᠠᠬᠤ ᠣᠷᠣᠨ ᠠᠴᠠ 5᠄ 5 ᠪᠠᠷ ᠬᠤᠪᠢᠳᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠬᠤᠪᠢᠳᠠᠨ | ᠡᠭᠦᠷᠭᠡᠯᠡᠬᠦ 50% ᠶᠢ ᠶᠡᠭᠡ ᠳᠡᠭᠡᠳᠦ ᠰᠤᠷᠭᠠᠭᠤᠯᠢ ᠶᠢᠨ ᠬᠠᠷᠢᠶᠠᠯᠠᠭᠳᠠᠬᠤ ᠬᠠᠷᠢᠴᠠᠭ᠎ᠠ ᠪᠠᠷ ᠡᠯ᠎ᠡ ᠱᠠᠲᠤᠨ ᠤ | ᠡᠳ᠋ ᠤᠨ ᠵᠠᠰᠠᠭ ᠬᠤᠪᠢᠶᠠᠨ ᠡᠭᠦᠷᠭᠡᠯᠡᠨ᠎ᠡ᠃ ᠭᠠᠴᠠᠭ᠎ᠠ ᠲᠣᠰᠬᠤᠨ ᠳᠤ ᠲᠤᠰᠢᠶᠠᠯ ᠡᠭᠦᠷᠭᠡᠯᠡᠭᠰᠡᠨ ᠶᠡᠭᠡ ᠳᠡᠭᠡᠳᠦ | ᠰᠤᠷᠭᠠᠭᠤᠯᠢ ᠶᠢᠨ ᠲᠡᠭᠦᠰᠦᠭᠰᠡᠳ ᠤᠨ ᠤᠯᠤᠰ ᠤᠨ ᠰᠤᠷᠤᠯᠭ᠎ᠠ ᠶᠢᠨ ᠲᠡᠳᠬᠦᠮᠵᠢᠲᠦ ᠵᠢᠭᠡᠯᠡᠯᠭᠡ ᠶᠢ ᠣᠷᠣᠯᠠᠨ | ᠲᠥᠯᠥᠵᠦ ᠵᠣᠭᠤᠰ ᠢᠶᠠᠷ ᠲᠤᠰᠠᠯᠠᠬᠤ ᠳᠤ ᠬᠡᠷᠡᠭᠰᠡᠬᠦ ᠵᠠᠷᠤᠳᠠᠯ ᠢ ᠶᠡᠭᠡ ᠳᠡᠭᠡᠳᠦ ᠰᠤᠷᠭᠠᠭᠤᠯᠢ ᠶᠢᠨ ᠬᠠᠷᠢᠶᠠᠯᠠᠭᠳᠠᠬᠤ | ᠬᠠᠷᠢᠴᠠᠭ᠎ᠠ ᠪᠠᠷ ᠡᠯ᠎ᠡ ᠱᠠᠲᠤᠨ ᠤ ᠡᠳ᠋ ᠤᠨ ᠵᠠᠰᠠᠭ ᠨᠢ ᠲᠤᠰ ᠲᠤᠰ ᠡᠭᠦᠷᠭᠡᠯᠡᠨ᠎ᠡ᠃ | ︵ᠭᠤᠷᠪᠠ︶ ᠪᠤᠰᠤᠳ ᠰᠤᠷᠭᠠᠨ ᠬᠥᠮᠦᠵᠢᠯ᠃ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ | ᠰᠤᠷᠭᠠᠨ ᠬᠥᠮᠦᠵᠢᠯ ᠵᠡᠷᠭᠡ ᠪᠤᠰᠤᠳ ᠰᠤᠷᠭᠠᠨ ᠬᠥᠮᠦᠵᠢᠯ ᠳᠤ᠂ ᠵᠠᠰᠠᠭ ᠤᠨ ᠣᠷᠳᠣᠨ ᠤ ᠣᠷᠣᠭᠤᠯᠤᠯᠲᠠ ᠪᠠᠷ | ᠭᠤᠤᠯ ᠪᠣᠯᠭᠠᠭᠰᠠᠨ᠂ ᠰᠤᠷᠭᠠᠨ ᠬᠥᠮᠦᠵᠢᠯ ᠬᠦᠷᠲᠡᠭᠰᠡᠳ ᠵᠣᠬᠢᠰᠲᠠᠶ ᠬᠤᠪᠢᠳᠠᠨ ᠡᠭᠦᠷᠭᠡᠯᠡᠬᠦ᠂ ᠪᠤᠰᠤᠳ ᠣᠯᠠᠨ | ᠵᠦᠢᠯ ᠤᠨ ᠠᠷᠭ᠎ᠠ ᠵᠠᠮ ᠢᠶᠠᠷ ᠵᠠᠷᠤᠳᠠᠯ ᠴᠤᠭᠯᠠᠭᠤᠯᠬᠤ ᠣᠷᠣᠭᠤᠯᠤᠯᠲᠠ ᠶᠢᠨ ᠲᠣᠭᠲᠠᠴᠠ ᠶᠢ ᠬᠡᠷᠡᠭᠵᠢᠭᠦᠯᠵᠦ᠂ | ᠶᠡᠷᠦᠩᠬᠡᠶ ᠳᠤ ᠪᠠᠨ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ | ᠠᠵᠢᠯ ᠶᠠᠪᠤᠳᠠᠯ ᠤᠨ ᠡᠷᠬᠡ ᠪᠣᠯᠣᠭᠰᠠᠨ ᠪᠠᠶᠢᠪᠠᠯ᠂ ᠬᠡᠷᠡᠭᠰᠡᠬᠦ ᠡᠳ᠋ ᠤᠨ ᠵᠠᠰᠠᠭ ᠤᠨ ᠨᠥᠬᠦᠪᠥᠷᠢ ᠵᠠᠷᠤᠳᠠᠯ ᠢ | ᠭᠤᠤᠯᠳᠠᠭᠤ ᠬᠠᠷᠢᠶᠠᠯᠠᠭᠳᠠᠬᠤ ᠬᠠᠷᠢᠴᠠᠭ᠎ᠠ ᠵᠡᠷᠭᠡ ᠪᠠᠷ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ | ᠡᠳ᠋ ᠤᠨ ᠵᠠᠰᠠᠭ ᠨᠢ ᠲᠣᠰ ᠲᠣᠰ ᠡᠭᠦᠷᠭᠡᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠰᠢᠯᠵᠢᠭᠦᠯᠦᠨ | ᠥᠭᠬᠦ ᠪᠠᠷ ᠳᠠᠮᠵᠢᠭᠤᠯᠤᠨ ᠠᠶᠢᠮᠠᠭ ᠬᠤᠲᠠ ᠳᠤ ᠨᠢᠭᠡᠳᠦᠯᠲᠡᠶ ᠲᠥᠯᠥᠪᠯᠡᠨ ᠳᠡᠮᠵᠢᠯᠭᠡ ᠦᠵᠡᠭᠦᠯᠦᠨ᠎ᠡ᠃ | 1. ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠃ ᠠᠯᠪᠠᠨ ᠠᠴᠠ ᠡᠷᠬᠢᠯᠡᠭᠰᠡᠨ ᠬᠡᠤᠬᠡᠳ ᠤᠨ | ᠴᠡᠴᠡᠷᠯᠢᠭ ᠤᠨ ᠰᠤᠷᠤᠭᠴᠢ ᠨᠢᠭᠡᠪᠦᠷᠢ ᠳᠠᠬᠢ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠪᠠᠷᠢᠮᠵᠢᠶᠠᠨ ᠤ | ᠲᠣᠭᠲᠠᠮᠠᠯ ᠲᠤᠭ᠎ᠠ ᠪᠠ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠤᠬᠡᠳ ᠤᠨ | ᠴᠡᠴᠡᠷᠯᠢᠭ ᠤᠨ ᠨᠥᠬᠦᠪᠥᠷᠢ ᠶᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠨᠢᠭᠡᠳᠦᠭᠡᠷ ᠳᠡᠰ ᠤᠨ | 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠬᠥᠭᠵᠢᠯᠲᠡ ᠶᠢ ᠳᠡᠮᠵᠢᠬᠦ ᠪᠡᠯᠡ ᠮᠥᠩᠭᠦ ᠶᠢ ᠦᠷᠭᠦᠯᠵᠢᠯᠡᠨ ᠲᠣᠬᠢᠷᠠᠭᠤᠯᠵᠤ᠂ ᠣᠷᠣᠨ ᠨᠤᠲᠤᠭ ᠤᠨ ᠬᠢᠨ ᠢ ᠳᠡᠮᠵᠢᠵᠦ | ᠪᠠᠶᠢᠭᠠᠳ ᠤᠯᠠᠨ ᠵᠦᠢᠯ ᠤᠨ ᠬᠡᠯᠪᠡᠷᠢ ᠪᠠᠷ ᠲᠦᠭᠡᠮᠡᠯ ᠬᠠᠷᠠᠭᠠᠯᠵᠠᠯ ᠤᠨ ᠴᠢᠨᠠᠷᠲᠠᠶ ᠡᠬᠢ ᠪᠠᠶᠠᠯᠢᠭ ᠢ ᠥᠷᠭᠡᠳᠬᠡᠨ᠂ | ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠶᠠᠳᠠᠭᠤ ᠬᠦᠴᠢᠷᠳᠡᠯᠲᠡᠢ ᠭᠠᠵᠠᠷ ᠣᠷᠣᠨ | ᠲᠡᠶᠢᠰᠢ ᠭᠤᠤᠯᠳᠠᠯᠭ᠎ᠠ ᠲᠠᠢ ᠬᠡᠯᠪᠠᠶᠢᠯᠭᠡᠨ᠎ᠡ᠃ | 2. ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠃ ᠠᠯᠪᠠᠨ ᠠᠴᠠ | ᠡᠷᠬᠢᠯᠡᠭᠰᠡᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠨᠢᠭᠡᠪᠦᠷᠢ ᠳᠠᠬᠢ ᠠᠯᠪᠠᠨ | ᠬᠡᠷᠡᠭᠯᠡᠭᠡᠨ ᠤ ᠵᠠᠷᠤᠳᠠᠯ ᠤᠨ ᠰᠠᠭᠤᠷᠢ ᠪᠠᠷᠢᠮᠵᠢᠶᠠᠨ ᠤ ᠲᠣᠭᠲᠠᠮᠠᠯ ᠲᠤᠭ᠎ᠠ ᠶᠢ ᠥᠪᠡᠷᠲᠡᠭᠡᠨ ᠵᠠᠰᠠᠬᠤ ᠣᠷᠣᠨ ᠬᠢᠭᠡᠳ | ᠠᠶᠢᠮᠠᠭ ᠬᠤᠲᠠ ᠨᠢ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ | 7᠄ 3 ᠪᠠᠷ ᠬᠤᠪᠢᠳᠠᠨ ᠡᠭᠦᠷᠭᠡᠯᠡᠨ᠎ᠡ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠦᠲᠦᠭᠡᠨ | ᠪᠠᠶᠢᠭᠤᠯᠤᠯᠳᠠ ᠶᠢᠨ ᠵᠠᠷᠤᠳᠠᠯ ᠤᠨ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠨᠢ ᠡᠯ᠎ᠡ ᠭᠠᠵᠠᠷ ᠣᠷᠣᠨ ᠤ ᠡᠳ᠋ ᠤᠨ ᠬᠦᠴᠦᠨ ᠤ ᠪᠠᠶᠢᠳᠠᠯ ᠢ ᠦᠨᠳᠦᠰᠦᠯᠡᠨ᠂ ᠣᠷᠣᠨ | ᠨᠤᠲᠤᠭ ᠤᠨ ᠰᠤᠷᠭᠠᠭᠤᠯᠢ ᠶᠢᠨ ᠠᠩᠬᠢ ᠶᠢᠨ ᠪᠠ ᠪᠠᠶᠢᠷᠢ ᠶᠢᠨ ᠨᠥᠬᠦᠴᠡᠯ ᠢ ᠰᠠᠶᠢᠵᠢᠷᠠᠭᠤᠯᠬᠤ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠵᠣᠬᠢᠰᠲᠠᠶ ᠨᠥᠬᠦᠪᠦᠷᠢ ᠣᠯᠭᠤᠨ᠎ᠠ᠃ | ᠳᠡᠭᠡᠷ᠎ᠡ ᠳᠤᠷᠠᠳᠤᠭᠰᠠᠨ ᠠᠯᠪᠠᠨ ᠵᠢᠷᠤᠮ ᠤᠨ ᠰᠤᠷᠭᠠᠨ ᠬᠥᠮᠦᠵᠢᠯ᠂ ᠰᠤᠷᠤᠭᠴᠢᠳ ᠢ ᠵᠣᠭᠤᠰ ᠢᠶᠠᠷ | ᠲᠤᠰᠠᠯᠠᠬᠤ ᠵᠡᠷᠭᠡ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠠᠮᠢᠶ᠎ᠠ ᠪᠥᠬᠦᠶ ᠪᠣᠳᠠᠲᠠᠶ ᠵᠦᠢᠯᠡᠰ ᠲᠤ᠂ | ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠰᠠᠭᠤᠷᠢ ᠪᠠᠷᠢᠮᠵᠢᠶ᠎ᠠ ᠶᠢ ᠨᠢᠭᠡᠳᠦᠯᠲᠡᠶ ᠲᠣᠭᠲᠠᠭᠠᠬᠤ ᠪᠠ | ᠳᠣᠭᠢᠷᠠᠭᠤᠯᠤᠨ᠎ᠠ︔ ᠠᠶᠢᠮᠠᠭ ᠬᠤᠲᠠ ᠨᠢ ᠤᠯᠤᠰ ᠤᠨ ᠰᠠᠭᠤᠷᠢ ᠪᠠᠷᠢᠮᠵᠢᠶ᠎ᠠ ᠪᠠ ᠥᠪᠡᠷᠲᠡᠭᠡᠨ ᠵᠠᠰᠠᠬᠤ ᠣᠷᠣᠨ ᠤ | ᠪᠠᠷᠢᠮᠵᠢᠶ᠎ᠠ ᠶᠢ ᠴᠦᠮ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠪᠠᠨ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ | ᠬᠡᠷᠪᠡ ᠤᠯᠤᠰ ᠤᠨ ᠰᠠᠭᠤᠷᠢ ᠪᠠᠷᠢᠮᠵᠢᠶ᠎ᠠ ᠪᠠ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠠᠴᠠ ᠥᠨᠳᠥᠷ | ᠪᠠᠶᠢᠯᠭᠠᠬᠤ ᠭᠠᠵᠠᠷ ᠣᠷᠣᠨ ᠤ ᠪᠠᠷᠢᠮᠵᠢᠶ᠎ᠠ ᠶᠢ ᠲᠣᠭᠲᠠᠭᠠᠬᠤ ᠴᠢᠬᠤᠯᠠᠲᠠᠶ ᠪᠣᠯ᠂ ᠳᠡᠰ ᠳᠠᠷᠠᠭᠠᠯᠠᠯ ᠶᠣᠰᠣᠭᠠᠷ ᠳᠡᠭᠡᠳᠦ | ᠱᠠᠲᠤᠨ ᠳᠤ ᠪᠠᠨ ᠤᠷᠢᠳ ᠢᠶᠠᠷ ᠮᠡᠳᠡᠭᠦᠯᠵᠦ ᠳᠠᠩᠰᠠᠯᠠᠭᠤᠯᠤᠭᠰᠠᠨ ᠤ ᠳᠠᠷᠠᠭ᠎ᠠ ᠬᠡᠷᠡᠭᠵᠢᠭᠦᠯᠬᠦ ᠪᠥᠭᠡᠳ ᠬᠡᠲᠦᠷᠡᠵᠦ | ᠭᠠᠷᠤᠭᠰᠠᠨ ᠬᠡᠰᠡᠭ ᠲᠤ ᠬᠡᠷᠡᠭᠰᠡᠬᠦ ᠪᠡᠯᠡ ᠮᠥᠩᠭᠦ ᠶᠢ ᠥᠪᠡᠰᠦᠪᠡᠨ ᠡᠭᠦᠷᠭᠡᠯᠡᠨ᠎ᠡ︔ ᠬᠠᠤᠯᠢ ᠴᠠᠭᠠᠵᠠ ᠬᠠᠤᠯᠢ | ᠲᠣᠭᠲᠠᠭᠠᠯ ᠪᠤᠶᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠠᠰᠲᠠᠭᠠᠨ | ᠲᠣᠭᠲᠠᠭᠠᠯ ᠲᠠᠢ ᠪᠣᠯ᠂ ᠲᠡᠷᠡ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠠᠶᠢᠮᠠᠭ ᠬᠤᠲᠠ ᠨᠢ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ᠂ ᠪᠣᠳᠠᠲᠠᠢ ᠲᠠᠢ ᠪᠠᠨ ᠪᠠ ᠡᠳ᠋ ᠤᠨ ᠬᠦᠴᠦᠨ ᠤ ᠪᠠᠶᠢᠳᠠᠯ ᠲᠠᠢ ᠪᠠᠨ ᠤᠶᠠᠯᠳᠤᠭᠤᠯᠤᠨ | ᠰᠢᠨ᠎ᠡ ᠨᠡᠮᠡᠭᠰᠡᠨ ᠵᠦᠢᠯᠡᠰ ᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠭᠰᠠᠨ | ᠪᠠᠶᠢᠪᠠᠯ᠂ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠦᠨᠳᠦᠰᠦᠲᠡᠨ ᠤ ᠰᠤᠷᠭᠠᠨ ᠬᠥᠮᠦᠵᠢᠯ᠂ ᠣᠨᠴᠠᠭᠠᠢ ᠰᠤᠷᠭᠠᠨ ᠬᠥᠮᠦᠵᠢᠯ᠂ ᠦᠷᠭᠦᠯᠵᠢᠯᠡᠭᠰᠡᠨ ᠰᠤᠷᠭᠠᠨ | ᠬᠥᠮᠦᠵᠢᠯ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠵᠢᠴᠢ ᠶᠡᠭᠡ ᠳᠡᠭᠡᠳᠦ ᠰᠤᠷᠭᠠᠭᠤᠯᠢ᠂ ᠴᠡᠷᠢᠭ ᠠᠩᠭᠢ᠂ | ᠠᠲᠠᠷ ᠬᠠᠭᠠᠯᠪᠤᠷᠢᠯᠠᠯᠲᠠ᠂ ᠣᠢ ᠰᠢᠭᠤᠶ ᠶᠢᠨ ᠲᠠᠯᠠᠪᠠᠢ ᠰᠢᠭᠤᠶᠢᠲᠤ ᠣᠷᠣᠨ᠂ ᠤᠯᠤᠰ ᠤᠨ ᠦᠮᠴᠢᠯᠡᠯᠲᠦ ᠠᠵᠤ | ᠠᠬᠤᠶᠢᠯᠠᠯ ᠤᠨ ᠬᠠᠷᠢᠶ᠎ᠠ ᠪᠣᠯᠬᠤ ᠰᠤᠷᠭᠠᠭᠤᠯᠢ ᠵᠡᠷᠭᠡ ᠶᠢᠨ ᠬᠠᠮᠢᠶᠠᠷᠤᠯᠳᠠ ᠪᠠ ᠡᠳ᠋ ᠤᠨ ᠵᠠᠰᠠᠭ ᠤᠨ ᠳᠡᠮᠵᠢᠬᠦ ᠠᠷᠭ᠎ᠠ | ᠮᠠᠶ᠋ᠢᠭ ᠨᠢ ᠴᠥᠮ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠣᠳᠣ ᠶᠢᠨ ᠬᠡᠷᠡᠭᠵᠢᠭᠦᠯᠵᠦ | ᠪᠠᠶᠢᠭ᠎ᠠ ᠪᠠᠶᠢᠭᠤᠯᠤᠯ ᠪᠠ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ᠃ ᠦᠨᠳᠦᠰᠦᠨ ᠪᠦᠲᠦᠭᠡᠨ | ᠪᠠᠶᠢᠭᠤᠯᠤᠯᠲᠠ ᠶᠢᠨ ᠵᠠᠷᠤᠯᠭ᠎ᠠ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠵᠦ᠂ | ᠭᠤᠤᠯᠳᠠᠭᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠤᠶᠤ ᠥᠪᠡᠷᠲᠡᠭᠡᠨ | ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢᠨ | ᠵᠦᠢᠯᠡᠰ ᠲᠤ ᠬᠡᠷᠡᠭᠯᠡᠨ᠎ᠡ᠃ | ᠳᠥᠷᠪᠡ᠂ ᠲᠦᠭᠦᠷ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠵᠤ᠂ ᠵᠠᠷᠤᠯᠭ᠎ᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠠᠶᠢᠮᠠᠭ ᠬᠤᠲᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ︽ | ᠳᠥᠷᠪᠡᠨ ᠦᠵᠡᠯ ᠤᠬᠠᠮᠰᠠᠷ︾ ᠢ ᠴᠢᠩᠭᠠᠳᠬᠠᠨ᠂ ︽ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ ᠶᠢ ᠦᠨᠡᠨ ᠬᠦ ᠴᠢᠩᠭᠠᠳᠬᠠᠨ᠂ ᠨᠠᠷᠢᠨ | ᠨᠢᠮᠪᠠᠶ ᠲᠣᠬᠢᠷᠠᠭᠤᠯᠤᠨ ᠪᠠᠶᠢᠷᠢᠯᠠᠭᠤᠯᠵᠦ᠂ ᠨᠢᠭᠲᠠ ᠵᠣᠬᠢᠴᠠᠭᠤᠯᠵᠤ ᠬᠠᠮᠵᠢᠯᠴᠠᠨ᠂ ᠲᠤᠰ ᠲᠥᠰᠦᠯ ᠳᠤ | ᠲᠣᠭᠲᠠᠭᠠᠭᠰᠠᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ | ᠬᠤᠪᠢᠶᠠᠷᠢᠯᠠᠯ ᠢ ᠦᠨᠳᠦᠰᠦᠯᠡᠨ᠂ ᠲᠣᠭᠲᠠᠭᠠᠯ ᠶᠣᠰᠣᠭᠠᠷ ᠲᠥᠰᠦᠪ ᠤᠨ ᠲᠣᠬᠢᠷᠠᠭᠤᠯᠤᠯᠲᠠ ᠶᠢ ᠰᠠᠶᠢᠲᠤᠷ ᠬᠢᠵᠦ᠂ | ᠵᠠᠷᠤᠯᠭ᠎ᠠ ᠶᠢᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠤᠨ᠂ ᠰᠤᠷᠭᠠᠨ ᠬᠥᠮᠥᠵᠢᠯ ᠳᠠᠬᠢ ᠡᠳ᠋ ᠤᠨ | ᠵᠠᠰᠠᠭ ᠤᠨ ᠣᠷᠣᠭᠤᠯᠤᠯᠲᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠪᠠᠨ ᠦᠨᠡᠨ ᠬᠦ ᠪᠠᠲᠤᠯᠠᠬᠤ | ᠬᠡᠷᠡᠭᠲᠡᠢ᠃ | ︵ᠬᠤᠶᠠᠷ︶ ᠲᠥᠰᠦᠪ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠪᠡᠯᠡ ᠮᠥᠩᠭᠦᠨ ᠤ ᠦᠷ᠎ᠡ ᠠᠰᠢᠭ ᠢ | ᠳᠡᠭᠡᠭᠰᠢᠯᠡᠭᠦᠯᠬᠦ ᠬᠡᠷᠡᠭᠲᠡᠶ᠃ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ᠰᠤᠷᠭᠠᠨ ᠬᠥᠮᠦᠵᠢᠯ ᠤᠨ ᠬᠦᠷᠢᠶᠡᠨ ᠳᠠᠬᠢ | ᠪᠡᠯᠡ ᠮᠥᠩᠭᠦ ᠲᠣᠬᠢᠷᠠᠭᠤᠯᠤᠭᠰᠠᠨ ᠦᠷ᠎ᠡ ᠪᠦᠲᠦᠮᠵᠢ᠂ ᠬᠡᠷᠡᠭᠯᠡᠭᠰᠡᠨ ᠦᠷ᠎ᠡ ᠠᠰᠢᠭ ᠪᠠ ᠤᠯᠠᠨ ᠨᠡᠶᠢᠲᠡ ᠶᠢᠨ | ᠦᠢᠯᠡᠴᠢᠯᠡᠭᠡᠨ ᠤ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠨᠢ ᠰᠢᠯᠵᠢᠭᠦᠯᠦᠨ ᠥᠭᠬᠦ ᠳᠦᠷᠢᠮ ᠢ ᠥᠭᠡᠷᠡᠴᠢᠯᠡᠬᠦ ᠪᠠ ᠲᠡᠭᠦᠯᠳᠡᠷᠵᠢᠭᠦᠯᠬᠦ ᠶᠡᠷᠦᠩᠬᠡᠶ ᠱᠠᠭᠠᠷᠳᠠᠯᠭ᠎ᠠ ᠶᠢ | ᠦᠨᠳᠦᠰᠦᠯᠡᠨ᠂ ᠬᠠᠮᠢᠶ᠎ᠠ ᠪᠦᠬᠦᠢ ᠪᠡᠯᠡ ᠮᠥᠩᠭᠦᠨ ᠤ ᠠᠷᠭ᠎ᠠ ᠵᠠᠮ ᠢᠶᠠᠷ ᠳᠠᠮᠵᠢᠭᠤᠯᠤᠨ ᠰᠤᠷᠭᠠᠨ ᠬᠥᠮᠦᠵᠢᠯ ᠤᠨ | ᠦᠢᠯᠡᠰ ᠲᠤ ᠦᠷᠭᠦᠯᠵᠢᠯᠡᠨ ᠳᠡᠮᠵᠢᠯᠭᠡ ᠦᠵᠡᠭᠦᠯᠬᠦ ᠬᠡᠷᠡᠭᠲᠡᠢ᠃ ᠡᠯ᠎ᠡ ᠠᠶᠢᠮᠠᠭ ᠬᠤᠲᠠ ᠨᠢ ᠴᠤ ᠭᠡᠳ ᠰᠤᠷᠭᠠᠨ | ᠬᠥᠮᠦᠵᠢᠯ ᠤᠨ ᠰᠢᠯᠵᠢᠭᠦᠯᠦᠨ ᠥᠭᠬᠦ ᠳᠦᠷᠢᠮ ᠢ ᠵᠣᠬᠢᠴᠠᠩᠭᠤᠶ ᠪᠠᠷ ᠲᠡᠭᠦᠯᠳᠡᠷᠵᠢᠭᠦᠯᠬᠦ ᠬᠡᠷᠡᠭᠲᠡᠶ᠃ | ︵ᠭᠤᠷᠪᠠ︶ ᠣᠷᠣᠨ ᠨᠤᠲᠤᠭ ᠤᠨ ᠡᠷᠬᠡ ᠪᠠ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠤ᠂ ᠠᠶᠢᠮᠠᠭ | ᠬᠤᠲᠠ ᠶᠢᠨ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠬᠤ ᠬᠡᠷᠡᠭᠲᠡᠶ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠨᠢ ᠲᠣᠰ ᠲᠥᠰᠦᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠪᠣᠳᠠᠲᠠᠶ ᠲᠠᠢ ᠪᠠᠨ | ᠤᠶᠠᠯᠳᠤᠭᠤᠯᠤᠨ ᠠᠶᠢᠮᠠᠭ ᠬᠤᠲᠠ ᠶᠢᠨ ᠱᠠᠲᠤᠨ ᠠᠴᠠ ᠳᠣᠷᠣᠭᠰᠢᠬᠢ ᠰᠤᠷᠭᠠᠨ ᠬᠥᠮᠥᠵᠢᠯ ᠤᠨ ᠬᠦᠷᠢᠶᠡᠨ ᠳᠠᠬᠢ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠣᠬᠢᠰᠲᠠᠶ ᠬᠤᠪᠢᠶᠠᠷᠢᠯᠠᠬᠤ | ᠬᠡᠷᠡᠭᠲᠡᠶ᠃ ᠠᠶᠢᠮᠠᠭ ᠬᠤᠲᠠ ᠶᠢᠨ ᠡᠭᠦᠷᠭᠡᠯᠡᠬᠦ ᠳᠤ ᠵᠤᠬᠢᠯᠳᠤᠬᠤ ᠰᠤᠷᠭᠠᠨ ᠬᠥᠮᠦᠵᠢᠯ ᠤᠨ ᠬᠦᠷᠢᠶᠡᠨ ᠳᠠᠬᠢ ᠣᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠵᠠᠷᠤᠯᠭ᠎ᠠ ᠶᠢᠨ ᠬᠠᠷᠢᠭᠤᠴᠠᠯᠭ᠎ᠠ ᠶᠢ ᠠᠶᠢᠮᠠᠭ ᠬᠤᠲᠠ ᠡᠭᠦᠷᠭᠡᠯᠡᠵᠦ᠂ | ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠡᠲᠦ ᠶᠡᠭᠡ ᠵᠠᠷᠤᠯᠭ᠎ᠠ ᠶᠢᠨ ᠬᠠᠷᠢᠭᠤᠴᠠᠯᠭ᠎ᠠ | ᠡᠭᠦᠷᠭᠡᠯᠡᠬᠦ ᠠᠴᠠ ᠵᠠᠶᠢᠯᠠᠰᠬᠢᠬᠦ ᠬᠡᠷᠡᠭᠲᠡᠶ᠃ ᠠᠶᠢᠮᠠᠭ ᠬᠤᠲᠠ ᠶᠢᠨ ᠨᠢᠭᠡᠳᠦᠯᠲᠡᠶ ᠲᠥᠯᠥᠪᠯᠡᠨ ᠲᠡᠩᠴᠡᠭᠦᠯᠬᠦ | ᠴᠢᠳᠠᠪᠤᠷᠢ ᠶᠢ ᠴᠢᠩᠭᠠᠳᠬᠠᠵᠤ᠂ ᠬᠦᠴᠢᠷᠳᠡᠯᠲᠡᠶ ᠭᠠᠵᠠᠷ ᠣᠷᠣᠨ ᠳᠤ ᠰᠢᠯᠵᠢᠭᠦᠯᠦᠨ ᠥᠭᠬᠦ ᠡᠷᠴᠢᠮ ᠢ | ᠴᠢᠩᠭᠠᠷᠠᠭᠤᠯᠬᠤ ᠬᠡᠷᠡᠭᠲᠡᠢ᠃ | ︵ᠳᠥᠷᠪᠡ︶ ᠳᠦᠷᠢᠮ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠵᠢᠷᠤᠮᠵᠢᠭᠤᠯᠤᠨ | ᠠᠵᠢᠯᠯᠠᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠠᠶᠢᠮᠠᠭ ᠬᠤᠲᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ | ᠨᠢ ᠲᠤᠰ ᠲᠥᠰᠦᠯ ᠤᠨ ᠵᠣᠷᠢᠭ ᠰᠠᠨᠠᠭ᠎ᠠ ᠶᠣᠰᠣᠭᠠᠷ᠂ ᠪᠦᠬᠦ ᠲᠠᠯ᠎ᠠ ᠪᠠᠷ ᠰᠢᠰᠲ᠋ᠧᠮ ᠲᠠᠢ ᠡᠮᠬᠢᠯᠡᠭᠰᠡᠨ ᠰᠠᠭᠤᠷᠢᠨ | ᠳᠡᠭᠡᠷ᠎ᠡ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠳᠤ ᠱᠠᠯᠠᠪᠳᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ | ᠰᠤᠷᠭᠠᠨ ᠬᠥᠮᠦᠵᠢᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ | ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠴᠠᠭ ᠲᠤ ᠨᠢ ᠲᠣᠬᠢᠷᠠᠭᠤᠯᠤᠨ ᠳᠡᠰ | ᠳᠠᠷᠠᠭᠠᠯᠠᠯ ᠶᠤᠰᠤᠭᠠᠷ ᠦᠨᠳᠦᠰᠦᠨ ᠳᠤ ᠪᠠᠨ ᠵᠢᠷᠤᠮᠵᠢᠭᠤᠯᠵᠤ᠂ ᠬᠠᠤᠯᠢ ᠲᠣᠭᠲᠠᠭᠠᠯ ᠪᠤᠶᠤ ᠵᠠᠰᠠᠭ ᠵᠠᠬᠢᠷᠭᠠᠨ ᠤ | ᠲᠣᠭᠲᠠᠭᠠᠯ ᠳᠦᠷᠢᠮ ᠤᠨ ᠬᠡᠯᠪᠡᠷᠢ ᠪᠠᠷ ᠲᠣᠭᠲᠠᠭᠠᠨ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ | ᠡᠳ᠋ ᠮᠥᠩᠭᠦ ᠬᠠᠮᠢᠶᠠᠷᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ | ︵ᠲᠠᠪᠤ︶ ᠥᠭᠡᠷᠡᠴᠢᠯᠡᠯᠲᠡ ᠶᠢ ᠵᠤᠬᠢᠴᠠᠯᠳᠤᠭᠤᠯᠤᠨ ᠠᠬᠢᠭᠤᠯᠵᠤ᠂ ᠰᠠᠶᠢᠨ ᠦᠢᠯᠡᠳᠦᠯᠴᠡᠯ ᠢ ᠪᠣᠢ ᠪᠣᠯᠭᠠᠬᠤ | ᠬᠡᠷᠡᠭᠲᠡᠢ᠃ ᠰᠤᠷᠭᠠᠨ ᠬᠥᠮᠦᠵᠢᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠬᠤᠪᠢᠶᠠᠷᠢᠯᠠᠬᠤ ᠥᠭᠡᠷᠡᠴᠢᠯᠡᠯᠲᠡ ᠶᠢ ᠰᠤᠷᠭᠠᠨ ᠬᠥᠮᠦᠵᠢᠯ ᠤᠨ ᠬᠦᠷᠢᠶᠡᠨ ᠳᠠᠬᠢ | ᠶᠡᠷᠦᠩᠬᠡᠶᠢᠯᠡᠭᠰᠡᠨ ᠥᠭᠡᠷᠡᠴᠢᠯᠡᠯᠲᠡ ᠲᠠᠢ ᠨᠢᠭᠲᠠ ᠤᠶᠠᠯᠳᠤᠭᠤᠯᠤᠨ᠂ ᠵᠤᠬᠢᠴᠠᠯᠳᠤᠭᠤᠯᠤᠨ ᠠᠬᠢᠭᠤᠯᠵᠤ᠂ ᠰᠠᠶᠢᠨ | ᠦᠢᠯᠡᠳᠦᠯᠴᠡᠭᠦᠯᠦᠨ᠂ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢᠨ ᠬᠠᠮᠲᠤ᠂ ᠰᠤᠷᠭᠠᠨ ᠬᠥᠮᠦᠵᠢᠯ ᠤᠨ | ᠥᠭᠡᠷᠡᠴᠢᠯᠡᠯᠲᠡ ᠬᠥᠭᠵᠢᠯᠲᠡ ᠵᠡᠷᠭᠡ ᠪᠠᠶᠢᠳᠠᠯ ᠢ ᠦᠨᠳᠦᠰᠦᠯᠡᠨ᠂ ᠤᠳᠤ ᠦᠶ᠎ᠡ ᠶᠢᠨ ᠡᠳ᠋ ᠤᠨ ᠵᠠᠰᠠᠭ ᠤᠨ | ᠲᠦᠷᠢᠮ ᠢ ᠲᠦᠷᠭᠡᠪᠴᠢᠯᠡᠨ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠰᠤᠷᠭᠠᠨ ᠬᠥᠮᠦᠵᠢᠯ ᠤᠨ ᠬᠦᠷᠢᠶᠡᠨ ᠳᠠᠬᠢ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ | ᠬᠥᠳᠡᠯᠦᠩᠭᠦᠶ ᠪᠠᠷ ᠲᠣᠬᠢᠷᠠᠭᠤᠯᠤᠨ ᠰᠢᠯᠢᠳᠡᠭᠵᠢᠭᠦᠯᠬᠦ ᠬᠡᠷᠡᠭᠲᠡᠢ᠃ | ᠲᠤᠰ ᠲᠥᠰᠦᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | |