ᠰᠢ ᠶᠢᠨ ᠫᠢᠩ᠄ ︽ᠬᠦᠳᠡᠭᠡ ᠠᠵᠥ ᠠᠬᠤᠢ ᠬᠦᠳᠡᠭᠡ ᠳᠤᠰᠬᠤᠨ ᠳᠠᠷᠢᠶᠠᠴᠢᠨ︾᠎ ᠤ ᠠᠰᠠᠭᠤᠳᠠᠯ ᠢ ᠰᠠᠶᠢᠳᠤᠷ ᠰᠢᠢᠳᠪᠦᠷᠢᠯᠡᠬᠦ ᠶᠢ ᠪᠦᠬᠦ ᠨᠠᠮ ᠤᠨ ᠠᠵᠢᠯ ᠤᠨ ᠭᠤᠤᠯᠳᠠᠯᠭ᠎ᠠ ᠶᠢᠨ ᠭᠤᠤᠯᠳᠠᠯᠭ᠎ᠠ ᠪᠤᠯᠭᠠᠬᠤ ᠶᠢ ᠪᠠᠷᠢᠮᠲᠠᠯᠠᠬᠤ ᠬᠡᠷᠡᠭᠲᠡᠢ
ᠨᠡᠶᠢᠲᠡᠯᠡᠭᠰᠡᠨ ᠴᠠᠭ᠄
2020/12/30
     ᠰᠢ ᠶᠢᠨ ᠫᠢᠩ ᠳᠦᠪ ᠤᠨ ᠬᠦᠳᠡᠭᠡ ᠳᠤᠰᠬᠤᠨ ᠤ ᠠᠵᠢᠯ ᠤᠨ ᠬᠤᠷᠠᠯ ᠳᠡᠬᠡᠷ᠎ᠡ ᠴᠢᠬᠤᠯᠠᠴᠢᠯᠠᠬᠰᠠᠨ ᠨᠢ ︽ᠬᠦᠳᠡᠭᠡ ᠠᠵᠥ ᠠᠬᠤᠢ ᠬᠦᠳᠡᠭᠡ ᠳᠤᠰᠬᠤᠨ ᠳᠠᠷᠢᠶᠠᠴᠢᠨ︾᠎ ᠤ ᠠᠰᠠᠭᠤᠳᠠᠯ ᠢ ᠰᠠᠶᠢᠳᠤᠷ ᠰᠢᠢᠳᠪᠦᠷᠢᠯᠡᠬᠦ ᠶᠢ ᠪᠦᠬᠦ ᠨᠠᠮ ᠤᠨ ᠠᠵᠢᠯ ᠤᠨ ᠭᠤᠤᠯᠳᠠᠯᠭ᠎ᠠ ᠶᠢᠨ ᠭᠤᠤᠯᠳᠠᠯᠭ᠎ᠠ ᠪᠤᠯᠭᠠᠬᠤ ᠶᠢ ᠪᠠᠷᠢᠮᠳᠠᠯᠠᠵᠥ ᠬᠦᠳᠡᠭᠡ ᠠᠵᠥ ᠠᠬᠤᠢ ᠶᠢᠨ ᠴᠢᠨᠠᠷ ᠰᠠᠶᠢᠳᠠᠢ ᠦᠨᠳᠦᠷ ᠦᠷ᠎ᠡ ᠠᠰᠢᠭᠳᠠᠢ ᠪᠠᠶᠢᠬᠤ ᠬᠦᠳᠡᠭᠡ ᠳᠤᠰᠬᠤᠨ ᠤ ᠤᠷᠤᠰᠢᠨ ᠠᠮᠢᠳᠤᠷᠠᠬᠤ ᠳᠤ ᠳᠠᠭᠠᠯᠠᠮᠵᠢᠳᠠᠢ ᠦᠢᠯᠡᠰ ᠡᠷᠬᠢᠯᠡᠬᠦ ᠳᠤ ᠳᠤᠬᠢᠷᠠᠮᠵᠢᠳᠠᠢ ᠪᠠᠶᠢᠬᠤ ᠳᠡᠷᠢᠶᠠᠴᠢᠳ ᠤᠨ ᠴᠢᠨᠡᠬᠡᠯᠢᠭ ᠪᠠᠶᠠᠨ ᠳᠠᠩᠰᠤᠭ ᠪᠠᠶᠢᠬᠤ ᠶᠢ ᠠᠬᠢᠭᠤᠯᠬᠤ ᠬᠡᠷᠡᠭᠳᠡᠢ      ᠯᠢ ᠺᠧ ᠴᠢᠶᠠᠩ ᠬᠤᠷᠠᠯ ᠢ ᠡᠷᠬᠢᠯᠡᠵᠥ ᠯᠢ ᠵᠠᠨ ᠱᠤ᠋  ᠸᠠᠩ ᠶᠠᠩ  ᠸᠠᠩ ᠬᠤ᠋ ᠨᠢᠩ  ᠵᠤᠤ ᠯᠧ ᠵᠢᠢ  ᠬᠠᠨ ᠵᠧᠩ ᠤᠷᠤᠯᠴᠠᠪᠠ      ᠳᠦᠪ ᠤᠨ ᠬᠦᠳᠡᠭᠡ ᠳᠤᠰᠬᠤᠨ ᠤ ᠠᠵᠢᠯ ᠤᠨ ᠬᠤᠷᠠᠯ 12 ᠰᠠᠷ᠎ᠠ ᠶᠢᠨ 28᠎ ᠠᠴᠠ 29᠎ ᠤ ᠡᠳᠤᠷ ᠪᠤᠯᠳᠠᠯ᠎ᠠ ᠪᠡᠬᠡᠵᠢᠩ ᠳᠤ ᠶᠠᠪᠤᠬᠳᠠᠪᠠ᠃ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠷᠢᠬᠦᠯᠡᠭᠴᠢ ᠰᠢ ᠶᠢᠨ ᠫᠢᠩ ᠬᠤᠷᠠᠯ ᠳᠤ ᠤᠷᠤᠯᠴᠠᠬᠰᠠᠨ ᠪᠦᠬᠡᠳ ᠴᠢᠬᠤᠯᠠ ᠶᠠᠷᠢᠶ᠎ᠠ ᠲᠠᠯᠪᠢᠵᠤ᠂ ᠬᠤᠶᠠᠳᠤᠭᠠᠷ ᠵᠠᠭᠤᠨ ᠵᠢᠯ ᠤᠨ ᠳᠡᠮᠡᠴᠡᠬᠦ ᠬᠠᠷᠠᠯᠳᠠ ᠲᠡᠶᠢᠰᠢ ᠤᠷᠤᠭᠰᠢᠯᠠᠬᠤ ᠲᠡᠦᠬᠡ ᠶᠢᠨ ᠵᠠᠩᠬᠢᠯᠠᠭ᠎ᠠ ᠶᠢᠨ ᠴᠠᠭ ᠦᠶ᠎ᠠ ᠳᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠬᠰᠠᠨ ᠦᠷ᠎ᠡ ᠪᠦᠳᠦᠬᠡᠯ ᠢᠶᠠᠨ ᠪᠠᠬᠢᠵᠢᠬᠦᠯᠦᠨ ᠦᠷᠬᠡᠳᠬᠡᠬᠦ᠂ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠪᠦᠬᠦ ᠳᠠᠯ᠎ᠠ ᠪᠠᠷ ᠠᠬᠢᠭᠤᠯᠬᠤ᠂ ᠬᠦᠳᠡᠭᠡ ᠠᠵᠥ ᠠᠬᠤᠢ ᠬᠦᠳᠡᠭᠡ ᠳᠤᠰᠬᠤᠨ ᠤ ᠤᠳᠤᠬᠢᠴᠢᠯᠠᠯᠳᠠ ᠶᠢ ᠳᠦᠷᠬᠡᠳᠬᠡᠬᠦ ᠪᠤᠯ ᠪᠦᠬᠦ ᠨᠠᠮ ᠢᠶᠠᠷ ᠢᠶᠠᠨ ᠳᠡᠬᠡᠳᠤ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠳᠠᠢ ᠶᠡᠭᠡ ᠳᠠᠯ᠎ᠠ ᠳᠤ ᠬᠤᠯᠪᠤᠬᠳᠠᠬᠤ ᠴᠢᠬᠤᠯᠠ ᠶᠡᠭᠡ ᠠᠰᠠᠭᠤᠳᠠᠯ ᠪᠤᠯᠤᠨ᠎ᠠ᠃ ᠰᠢᠨ᠎ᠡ ᠬᠦᠭᠵᠢᠯᠳᠡ ᠶᠢᠨ ᠱᠠᠳᠤᠨ ᠳᠤ ︽ᠬᠦᠳᠡᠭᠡ ᠠᠵᠥ ᠠᠬᠤᠢ ᠬᠦᠳᠡᠭᠡ ᠳᠤᠰᠬᠤᠨ ᠳᠠᠷᠢᠶᠠᠴᠢᠨ︾᠎ ᠤ ᠠᠵᠢᠯ ᠢ ᠰᠠᠶᠢᠳᠤᠷ ᠬᠢᠬᠦ ᠶᠢᠨ ᠴᠢᠬᠤᠯᠠ ᠴᠢᠨᠠᠷ ᠪᠤᠯᠤᠨ ᠳᠤᠯᠭᠠᠮ ᠴᠢᠨᠠᠷ ᠢ ᠪᠦᠬᠦ ᠨᠠᠮ ᠢᠶᠠᠷ ᠢᠶᠠᠨ ᠡᠷᠬᠡᠪᠰᠢ ᠬᠦᠢᠴᠡᠳ ᠳᠠᠨᠢᠵᠥ᠂ ︽ᠬᠦᠳᠡᠭᠡ ᠠᠵᠥ ᠠᠬᠤᠢ ᠬᠦᠳᠡᠭᠡ ᠳᠤᠰᠬᠤᠨ ᠳᠠᠷᠢᠶᠠᠴᠢᠨ︾᠎ ᠤ ᠠᠰᠠᠭᠤᠳᠠᠯ ᠢ ᠰᠠᠶᠢᠳᠤᠷ ᠰᠢᠢᠳᠪᠦᠷᠢᠯᠡᠬᠦ ᠶᠢ ᠪᠦᠬᠦ ᠨᠠᠮ ᠤᠨ ᠠᠵᠢᠯ ᠤᠨ ᠭᠤᠤᠯᠳᠠᠯᠭ᠎ᠠ ᠶᠢᠨ ᠭᠤᠤᠯᠳᠠᠯᠭ᠎ᠠ ᠪᠤᠯᠭᠠᠬᠤ ᠶᠢ ᠪᠠᠷᠢᠮᠳᠠᠯᠠᠵᠥ᠂ ᠪᠦᠬᠦ ᠨᠠᠮ ᠪᠦᠬᠦ ᠨᠡᠶᠢᠬᠡᠮ ᠤᠨ ᠬᠦᠴᠦᠨ ᠢᠶᠠᠷ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠠᠬᠢᠭᠤᠯᠵᠥ᠂ ᠬᠦᠳᠡᠭᠡ ᠠᠵᠥ ᠠᠬᠤᠢ ᠶᠢᠨ ᠴᠢᠨᠠᠷ ᠰᠠᠶᠢᠳᠠᠢ ᠦᠨᠳᠦᠷ ᠦᠷ᠎ᠡ ᠠᠰᠢᠭᠳᠠᠢ ᠪᠠᠶᠢᠬᠤ᠂ ᠬᠦᠳᠡᠭᠡ ᠳᠤᠰᠬᠤᠨ ᠤ ᠤᠷᠤᠰᠢᠨ ᠠᠮᠢᠳᠤᠷᠠᠬᠤ ᠳᠤ ᠳᠠᠭᠠᠯᠠᠮᠵᠢᠳᠠᠢ ᠦᠢᠯᠡᠰ ᠡᠷᠬᠢᠯᠡᠬᠦ ᠳᠤ ᠳᠤᠬᠢᠷᠠᠮᠵᠢᠳᠠᠢ ᠪᠠᠶᠢᠬᠤ ᠳᠡᠷᠢᠶᠠᠴᠢᠳ ᠤᠨ ᠴᠢᠨᠡᠬᠡᠯᠢᠭ ᠪᠠᠶᠠᠨ ᠳᠠᠩᠰᠤᠭ ᠪᠠᠶᠢᠬᠤ ᠶᠢ ᠠᠬᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃
     12 ᠰᠠᠷ᠎ᠠ ᠶᠢᠨ 28᠎ ᠠᠴᠠ 29᠎ ᠤ ᠡᠳᠤᠷ ᠪᠤᠯᠳᠠᠯ᠎ᠠ᠂ ᠲᠦᠪ ᠤᠨ ᠬᠦᠳᠡᠭᠡ ᠲᠤᠰᠬᠤᠨ ᠤ ᠠᠵᠢᠯ ᠤᠨ ᠬᠤᠷᠠᠯ ᠪᠡᠬᠡᠵᠢᠩ ᠳᠤ ᠶᠠᠪᠤᠬᠳᠠᠪᠠ᠃ ᠨᠠᠮ ᠤᠨ ᠲᠦᠪ ᠬᠤᠷᠢᠶᠠᠨ ᠤ ᠶᠠᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠬᠤᠷᠠᠯ ᠳᠤ ᠤᠷᠤᠯᠴᠠᠭᠰᠠᠨ ᠪᠦᠬᠡᠳ ᠴᠢᠬᠤᠯᠠ ᠶᠠᠷᠢᠶ᠎ᠠ ᠲᠠᠯᠪᠢᠵᠠᠢ᠃              ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠰᠢᠤᠸᠠᠢ ᠷᠧᠨ ᠰᠡᠬᠦᠳᠡᠷᠯᠠᠪᠠ      ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶᠠᠨ ᠤ ᠪᠠᠶᠢᠩᠭᠤ ᠶᠢᠨ ᠬᠡᠰᠢᠬᠦᠨ᠂ ᠳᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠬᠤᠷᠠᠯ ᠢ ᠡᠷᠬᠢᠯᠡᠪᠡ᠃ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶᠠᠨ ᠤ ᠪᠠᠶᠢᠩᠭᠤ ᠶᠢᠨ ᠬᠡᠰᠢᠬᠦᠨ ᠯᠢ ᠵᠠᠨ ᠱᠤ᠋᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ ᠬᠤᠷᠠᠯ ᠳᠤ ᠤᠷᠤᠯᠴᠠᠪᠠ᠃      ᠰᠢ ᠶᠢᠨ ᠫᠢᠩ ᠶᠠᠷᠢᠶᠠᠨ ᠳᠠᠭᠠᠨ᠂ ᠮᠠᠨ ᠤ ᠨᠠᠮ ᠪᠠᠶᠢᠭᠤᠯᠤᠬᠳᠠᠬᠰᠠᠨ ᠤ ᠳᠠᠷᠠᠭ᠎ᠠ᠂ ᠳᠤᠮᠳᠠᠳᠤ ᠤᠯᠤᠰ ᠤᠨ ᠬᠤᠪᠢᠰᠬᠠᠯ ᠤᠨ ᠦᠨᠳᠦᠰᠦᠨ ᠠᠰᠠᠭᠤᠳᠠᠯ ᠪᠤᠯ ᠳᠠᠷᠢᠶᠠᠴᠢᠨ ᠤ ᠠᠰᠠᠭᠤᠳᠠᠯ ᠮᠦᠨ ᠬᠡᠳᠡᠭ ᠢ ᠬᠦᠢᠴᠡᠳ ᠳᠠᠨᠢᠵᠥ᠂ ᠦᠷᠬᠡᠨ ᠤᠯᠠᠨ ᠳᠠᠷᠢᠶᠠᠴᠢᠨ ᠳᠤ ᠵᠤᠯ ᠵᠢᠷᠭᠠᠯ ᠡᠳ᠋ᠯᠡᠭᠦᠯᠬᠦ ᠶᠢ ᠴᠢᠬᠤᠯᠠ ᠬᠠᠷᠢᠭᠤᠴᠠᠯᠭ᠎ᠠ ᠪᠠᠨ ᠪᠤᠯᠭᠠᠵᠠᠢ᠃ ᠦᠬᠡᠷᠡᠴᠢᠯᠡᠯᠳᠡ ᠨᠡᠬᠡᠬᠡᠯᠳᠡ ᠬᠢᠭᠰᠡᠨ ᠠᠴᠠ ᠨᠠᠭᠠᠰᠢ᠂ ᠮᠠᠨ ᠤ ᠨᠠᠮ ᠳᠠᠷᠢᠶᠠᠴᠢᠳ ᠢ ᠤᠳᠤᠷᠢᠳᠤᠨ ᠶᠠᠭᠤᠨ ᠤ ᠡᠮᠤᠨ᠎ᠡ ᠦᠬᠡᠷᠡᠴᠢᠯᠡᠯᠳᠡ ᠶᠢᠨ ᠳᠤᠮᠤ ᠬᠦᠰᠢᠬᠡ ᠶᠢ ᠰᠡᠭᠦᠵᠤ᠂ ᠬᠦᠳᠡᠭᠡ ᠳᠤᠰᠬᠤᠨ ᠤ ᠨᠡᠶᠢᠬᠡᠮ ᠤᠨ ᠦᠢᠯᠡᠳᠪᠦᠷᠢᠯᠡᠯ ᠤᠨ ᠬᠦᠴᠦᠨ ᠢ ᠳᠠᠰᠤᠷᠠᠯᠳᠠ ᠦᠬᠡᠢ ᠴᠢᠯᠦᠬᠡᠯᠡᠨ ᠬᠦᠭᠵᠢᠬᠦᠯᠵᠥ᠂ ᠬᠦᠳᠡᠭᠡ ᠳᠤᠰᠬᠤᠨ ᠤ ᠪᠦᠬᠦ ᠳᠠᠯ᠎ᠠ ᠶᠢᠨ ᠳᠠᠪᠰᠢᠯᠳᠠ ᠶᠢ ᠠᠬᠢᠭᠤᠯᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠳᠦᠪ ᠬᠤᠷᠢᠶ᠎ᠠ ᠠᠴᠠ ︽ᠬᠦᠳᠡᠭᠡ ᠠᠵᠥ ᠠᠬᠤᠢ ᠬᠦᠳᠡᠭᠡ ᠳᠤᠰᠬᠤᠨ ᠳᠠᠷᠢᠶᠠᠴᠢᠨ︾᠎ ᠤ ᠠᠰᠠᠭᠤᠳᠠᠯ ᠢ ᠰᠠᠶᠢᠳᠤᠷ ᠰᠢᠢᠳᠪᠦᠷᠢᠯᠡᠬᠦ ᠶᠢ ᠪᠦᠬᠦ ᠨᠠᠮ ᠤᠨ ᠠᠵᠢᠯ ᠤᠨ ᠭᠤᠤᠯᠳᠠᠯᠭ᠎ᠠ ᠶᠢᠨ ᠭᠤᠤᠯᠳᠠᠯᠭ᠎ᠠ ᠪᠤᠯᠭᠠᠬᠤ ᠶᠢ ᠪᠠᠷᠢᠮᠳᠠᠯᠠᠵᠥ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠶᠢᠨ ᠪᠡᠯᠬᠡ ᠳᠡᠮᠳᠡᠭ ᠤᠨ ᠴᠢᠨᠠᠷᠳᠠᠢ ᠢᠨᠵᠧᠨᠧᠷᠢᠩ ᠪᠤᠯᠭᠠᠨ᠂ ᠬᠦᠮᠦᠨ ᠳᠦᠷᠦᠯᠬᠢᠳᠡᠨ ᠤ ᠳᠡᠥᠬᠡᠨ ᠳᠡᠬᠡᠷᠡᠬᠢ ᠤᠷᠢᠳᠦ ᠡᠮᠤᠨ᠎ᠡ ᠪᠠᠶᠢᠭ᠎ᠠ ᠦᠬᠡᠢ ᠬᠦᠷᠢᠶ᠎ᠡ ᠬᠡᠪᠴᠢᠶ᠎ᠡ ᠲᠠᠢ᠂ ᠡᠷᠴᠢᠮ ᠢᠶᠠᠷ ᠬᠠᠮᠤᠭ ᠤᠨ ᠶᠡᠭᠡ᠂ ᠠᠰᠢᠬ ᠬᠦᠷᠳᠡᠬᠡᠭᠰᠡᠨ ᠬᠦᠮᠦᠨ ᠠᠮᠠ ᠪᠠᠷ ᠬᠠᠮᠤᠭ ᠤᠨ ᠤᠯᠠᠨ ᠪᠠᠶᠢᠬᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠵᠤᠬᠢᠶᠠᠨ ᠪᠠᠶᠢᠭᠤᠯᠤᠨ ᠠᠬᠢᠭᠤᠯᠵᠥ᠂ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠤᠨ᠂ ᠬᠦᠳᠡᠭᠡ ᠠᠵᠥ ᠠᠬᠤᠢ ᠬᠦᠳᠡᠭᠡ ᠳᠤᠰᠬᠤᠨ ᠤ ᠳᠡᠥᠬᠡᠳᠤ ᠴᠢᠨᠠᠷᠳᠠᠢ ᠠᠮᠵᠢᠯᠳᠠ ᠶᠢ ᠤᠯᠵᠥ᠂ ᠳᠡᠥᠬᠡᠳᠤ ᠴᠢᠨᠠᠷᠳᠠᠢ ᠬᠤᠪᠢᠰᠤᠯᠳᠠ ᠡᠬᠦᠰᠬᠦ ᠶᠢ ᠠᠬᠢᠭᠤᠯᠪᠠ᠃ ᠬᠦᠳᠡᠭᠡ ᠠᠵᠥ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠬᠦᠴᠦᠨ ᠶᠡᠭᠡ ᠳᠡᠭᠳᠡᠷ ᠲᠤ ᠭᠠᠷᠴᠤ᠂ ᠳᠠᠷᠢᠶᠠᠴᠢᠳ ᠤᠨ ᠤᠷᠤᠯᠭ᠎ᠠ 2010 ᠤᠨ ᠤ ᠬᠢ ᠠᠴᠠ ᠨᠢᠭᠡ ᠳᠠᠬᠢᠨ ᠭᠠᠷᠤᠢ ᠨᠡᠮᠡᠭᠳᠡᠵᠦ᠂ ᠬᠦᠳᠡᠭᠡ ᠳᠤᠰᠬᠤᠨ ᠤ ᠠᠷᠠᠳ ᠤᠨ ᠠᠮᠢᠳᠤᠷᠠᠯ ᠢᠯᠡᠳᠳᠡ ᠰᠠᠶᠢᠵᠢᠷᠠᠵᠥ᠂ ᠬᠦᠳᠡᠭᠡ ᠳᠤᠰᠬᠤᠨ ᠴᠣ᠋ ᠰᠢᠨ᠎ᠠ ᠲᠦᠷᠰᠦ ᠪᠠᠶᠢᠳᠠᠯ ᠲᠠᠢ ᠪᠤᠯᠵᠠᠢ᠃ ᠶᠠᠳᠠᠭᠤ ᠬᠦᠴᠢᠷᠳᠡᠯᠳᠡᠢ ᠭᠠᠵᠠᠷ ᠤᠷᠤᠨ ᠳᠤ ᠳᠡᠭᠷᠢ ᠭᠠᠵᠠᠷ ᠢ ᠳᠤᠩᠰᠤᠯᠭᠠᠮ᠎ᠠ ᠬᠤᠪᠢᠷᠠᠯᠳᠠ ᠭᠠᠷᠴᠤ᠂ ᠳᠤᠮᠳᠠᠳᠤ ᠶᠢᠨ ᠦᠨᠳᠦᠰᠦᠳᠡᠨ ᠢ ᠬᠡᠳᠤᠨ ᠮᠢᠩᠭᠠᠨ ᠵᠢᠯ ᠢᠶᠠᠷ ᠭᠠᠴᠢᠬᠳᠠᠭᠤᠯᠵᠥ ᠪᠠᠶᠢᠬᠰᠠᠨ ᠬᠠᠷᠢᠴᠠᠯᠠᠰᠢᠬᠦᠢ ᠶᠠᠳᠠᠭᠤ ᠬᠦᠴᠢᠷᠳᠡᠯ ᠤᠨ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠳᠡᠥᠬᠡᠳᠤ ᠴᠢᠨᠠᠷᠳᠠᠢ ᠠᠮᠵᠢᠯᠳᠠ ᠤᠯᠵᠤ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠳᠤ ᠴᠢᠬᠤᠯᠠ ᠶᠡᠭᠡ ᠬᠤᠪᠢ ᠨᠡᠮᠡᠷᠢ ᠦᠵᠡᠬᠦᠯᠵᠥ᠂ ᠨᠡᠶᠢᠬᠡᠮ ᠵᠢᠷᠤᠮᠳᠤ ᠤᠳᠤᠬᠢᠴᠢᠯᠠᠬᠰᠠᠨ ᠤᠯᠤᠰ ᠢ ᠪᠦᠬᠦ ᠳᠠᠯ᠎ᠠ ᠪᠠᠷ ᠪᠦᠳᠦᠬᠡᠨ ᠪᠠᠶᠢᠭᠤᠯᠬᠤ ᠰᠢᠨ᠎ᠡ ᠠᠶᠠᠯᠠᠯ ᠢ ᠡᠬᠢᠯᠡᠬᠦᠯᠬᠦ ᠳᠤ ᠪᠠᠳᠤ ᠰᠠᠭᠤᠷᠢ ᠳᠠᠯᠪᠢᠭᠰᠠᠨ ᠪᠠᠶᠢᠨ᠎ᠠ ᠬᠡᠵᠥ ᠵᠢᠭᠠᠵᠥ ᠭᠠᠷᠭᠠᠪᠠ᠃      ᠰᠢ ᠶᠢᠨ ᠫᠢᠩ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠳᠠᠯ᠎ᠠ ᠠᠴᠠ ᠦᠵᠡᠪᠡᠯ᠂ ᠦᠨᠳᠦᠰᠦᠳᠡᠨ ᠰᠡᠷᠬᠦᠨ ᠮᠡᠨᠳᠤᠶ᠎ᠠ ᠭᠡᠪᠡᠯ ᠬᠦᠳᠡᠭᠡ ᠳᠤᠰᠬᠤᠨ ᠢ ᠡᠷᠬᠡᠪᠰᠢ ᠬᠦᠭᠵᠢᠭᠦᠯᠦᠨ ᠮᠠᠨᠳᠤᠭᠤᠯᠬᠤ ᠬᠡᠷᠡᠭᠳᠡᠢ᠃ ᠳᠡᠯᠡᠬᠡᠢ ᠳ᠋ᠠᠬᠢᠨ ᠤ ᠵᠠᠭᠤᠨ ᠵᠢᠯ ᠳᠤ ᠳᠤᠬᠢᠶᠠᠯᠳᠤᠭ᠎ᠠ ᠦᠬᠡᠢ ᠶᠡᠭᠡ ᠬᠤᠪᠢᠰᠤᠯᠳᠠ ᠠᠴᠠ ᠦᠵᠡᠪᠡᠯ᠂ ᠬᠦᠳᠡᠭᠡ ᠠᠵᠥ ᠠᠬᠤᠢ ᠶᠢᠨ ᠦᠨᠳᠦᠰᠦᠨ ᠪᠠᠶᠢᠳᠠᠯ ᠢ ᠳᠤᠬᠳᠠᠪᠤᠷᠢᠵᠢᠭᠤᠯᠬᠤ᠂ ︽ᠬᠦᠳᠡᠭᠡ ᠠᠵᠥ ᠠᠬᠤᠢ ᠬᠦᠳᠡᠭᠡ ᠳᠤᠰᠬᠤᠨ ᠳᠠᠷᠢᠶᠠᠴᠢᠨ︾᠎ ᠤ ᠰᠠᠭᠤᠷᠢ ᠶᠢ ᠰᠠᠶᠢᠳᠤᠷ ᠰᠠᠬᠢᠬᠤ ᠪᠤᠯ ᠬᠤᠪᠢᠷᠠᠯᠳᠠ ᠶᠢ ᠠᠷᠭᠠᠴᠠᠭᠠᠬᠤ᠂ ᠰᠢᠨ᠎ᠡ ᠪᠠᠶᠢᠳᠠᠯ ᠢ ᠡᠬᠦᠳᠬᠦ ᠶᠢᠨ ︽ᠰᠠᠭᠤᠷᠢ ᠴᠢᠯᠠᠭᠤ︾ ᠪᠤᠯᠤᠨ᠎ᠠ᠃ ᠰᠢᠨ᠎ᠡ ᠬᠦᠭᠵᠢᠯᠳᠡ ᠶᠢᠨ ᠪᠠᠶᠢᠷᠢᠰᠢᠯ ᠢ ᠪᠠᠶᠢᠭᠤᠯᠬᠤ ᠳᠤ᠂ ᠪᠠᠶᠢᠯᠳᠤᠬᠤ ᠪᠤᠳᠤᠯᠭ᠎ᠠ ᠶᠢᠨ ᠰᠠᠭᠤᠷᠢ ᠴᠡᠭ ᠢ ᠳᠤᠳᠤᠭᠠᠳᠤ ᠬᠡᠷᠡᠭᠴᠡᠭᠡ ᠶᠢ ᠦᠷᠬᠡᠳᠬᠡᠬᠦ ᠳᠡᠬᠡᠷ᠎ᠡ ᠳᠠᠯᠪᠢᠬᠤ ᠭᠡᠷᠡᠭᠳᠡᠢ᠂ ᠡᠭᠦᠨ ᠳᠤ ᠬᠦᠳᠡᠭᠡ ᠳᠤᠰᠬᠤᠨ ᠯᠤᠳᠤ ᠶᠡᠭᠡ ᠤᠷᠤᠨ ᠵᠠᠢ ᠲᠠᠢ ᠶᠤᠮ᠂ ᠶᠡᠭᠡ ᠬᠤᠪᠢ ᠨᠡᠮᠡᠷᠢ ᠦᠵᠡᠬᠦᠯᠵᠥ ᠪᠤᠯᠬᠤ ᠶᠤᠮ ᠬᠡᠵᠥ ᠴᠢᠬᠤᠯᠠᠴᠢᠯᠠᠪᠠ᠃
     ᠰᠢ ᠶᠢᠨ ᠫᠢᠩ᠂ ᠬᠦᠳᠡᠭᠡ ᠠᠵᠥ ᠠᠬᠤᠢ ᠪᠤᠯ ᠳᠦᠷᠦ ᠶᠢᠨ ᠦᠨᠳᠦᠰᠦ ᠮᠦᠨ᠂ ᠦᠨᠳᠦᠰᠦ ᠪᠠᠬᠢ ᠪᠤᠯ ᠳᠦᠷᠦ ᠲᠦᠪᠰᠢᠨ ᠲᠦᠮᠡᠨ ᠠᠮᠤᠭᠤᠯᠠᠩ ᠪᠠᠶᠢᠳᠠᠭ ᠢ ᠳᠡᠥᠬᠡ ᠪᠠ ᠪᠤᠳᠠᠳᠤ ᠠᠬᠤᠢ ᠪᠢᠳᠡᠨ ᠳᠤ ᠬᠡᠯᠡᠵᠥ ᠦᠭᠪᠡ᠃ ᠪᠢᠳᠡ ᠶᠡᠭᠡ ᠲᠡᠦᠬᠡᠨ ᠦᠵᠡᠯᠳᠡ ᠪᠠᠷ ᠬᠦᠳᠡᠭᠡ ᠠᠵᠥ ᠠᠬᠤᠢ᠂ ᠬᠦᠳᠡᠭᠡ ᠳᠤᠰᠬᠤᠨ᠂ ᠳᠠᠷᠢᠶᠠᠴᠢᠨ ᠤ ᠠᠰᠠᠭᠤᠳᠠᠯ ᠳᠤ ᠬᠠᠨᠳᠤᠬᠤ ᠶᠢ ᠪᠠᠷᠢᠮᠳᠠᠯᠠᠬᠤ ᠬᠡᠷᠡᠭᠳᠡᠢ᠂ ᠭᠠᠭᠴᠠ ᠬᠦ ︽ᠬᠦᠳᠡᠭᠡ ᠠᠵᠥ ᠠᠬᠤᠢ ᠬᠦᠳᠡᠭᠡ ᠳᠤᠰᠬᠤᠨ ᠳᠠᠷᠢᠶᠠᠴᠢᠨ︾᠎ ᠤ ᠠᠰᠠᠭᠤᠳᠠᠯ ᠢ ᠬᠦᠨᠵᠡᠬᠡᠢ ᠤᠢᠢᠯᠠᠭᠠᠪᠠᠯ ᠰᠠᠶ᠋ᠢ ᠮᠠᠨ ᠤ ᠨᠠᠮ᠂ ᠮᠠᠨ ᠤ ᠤᠯᠤᠰ᠂ ᠮᠠᠨ ᠤ ᠦᠨᠳᠦᠰᠦᠳᠡᠨ ᠢᠶᠠᠨ ᠨᠡᠩ ᠰᠠᠶᠢᠳᠦᠷ ᠦᠢᠯᠠᠭᠠᠵᠥ ᠴᠢᠳᠠᠨ᠎ᠠ᠃ ᠨᠡᠶᠢᠬᠡᠮ ᠵᠢᠷᠤᠮᠳᠤ ᠤᠳᠤᠬᠢᠴᠢᠯᠠᠬᠰᠠᠨ ᠤᠯᠤᠰ ᠢ ᠪᠦᠬᠦ ᠳᠠᠯ᠎ᠠ ᠪᠠᠷ ᠪᠦᠳᠦᠬᠡᠨ ᠪᠠᠶᠢᠭᠤᠯᠬᠤ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠡᠨᠳᠤᠯᠳᠡ ᠶᠢ ᠪᠡᠶᠡᠯᠡᠬᠦᠯᠬᠦ ᠶᠢᠨ ᠬᠠᠮᠤᠭ ᠤᠨ ᠬᠠᠳᠠᠭᠤ ᠪᠡᠷᠬᠡᠰᠢᠶᠡᠯᠳᠡᠢ ᠬᠠᠮᠤᠭ ᠤᠨ ᠨᠦᠰᠡᠷ ᠬᠦᠨᠳᠤ ᠡᠬᠦᠷᠬᠡ ᠨᠢ ᠮᠦᠨ ᠬᠦ ᠬᠦᠳᠡᠭᠡ ᠳᠤᠰᠬᠤᠨ ᠳᠤ ᠪᠤᠢ᠂ ᠬᠠᠮᠤᠭ ᠤᠨ ᠦᠷᠬᠡᠨ ᠳᠡᠯᠬᠡᠷ ᠬᠠᠮᠤᠭ ᠤᠨ ᠬᠦᠨ ᠵᠤᠵᠠᠭᠠᠨ ᠰᠠᠭᠤᠷᠢ ᠨᠢ ᠮᠦᠨ ᠬᠦ ᠬᠦᠳᠡᠭᠡ ᠳᠤᠰᠬᠤᠨ ᠳᠤ ᠪᠤᠢ ᠬᠡᠳᠡᠭ ᠢ ᠡᠷᠬᠡᠪᠰᠢ ᠤᠯᠵᠥ ᠬᠠᠷᠠᠬᠤ ᠬᠡᠷᠡᠭᠳᠡᠢ ᠬᠡᠵᠥ ᠵᠢᠭᠠᠵᠥ ᠭᠠᠷᠭᠠᠪᠠ᠃      ᠰᠢ ᠶᠢᠨ ᠫᠢᠩ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠢᠯᠠᠯᠳᠠ ᠤᠯᠤᠬᠰᠠᠨ ᠤ ᠳᠠᠷᠠᠭ᠎ᠠ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠪᠦᠬᠦ ᠳᠠᠯ᠎ᠠ ᠪᠠᠷ ᠠᠬᠢᠭᠤᠯᠤᠨ᠎ᠠ᠂ ᠡᠨᠡ ᠪᠤᠯ ︽ᠬᠦᠳᠡᠭᠡ ᠠᠵᠥ ᠠᠬᠤᠢ ᠬᠦᠳᠡᠭᠡ ᠳᠤᠰᠬᠤᠨ ᠳᠠᠷᠢᠶᠠᠴᠢᠨ︾᠎ ᠤ ᠠᠵᠢᠯ ᠤᠨ ᠭᠤᠤᠯᠳᠠᠯᠭ᠎ᠠ ᠶᠢᠨ ᠳᠡᠥᠬᠡᠳᠤ ᠴᠢᠨᠠᠷᠳᠠᠢ ᠰᠢᠯᠵᠢᠯᠳᠠ ᠮᠦᠨ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠬᠰᠠᠨ ᠦᠷ᠎ᠡ ᠪᠦᠳᠦᠬᠡᠯ ᠢᠶᠠᠨ ᠪᠠᠳᠤ ᠰᠠᠬᠢᠵᠥ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠬᠰᠠᠨ ᠦᠷ᠎ᠡ ᠪᠦᠳᠦᠬᠡᠯ ᠢᠶᠠᠨ ᠪᠠᠬᠢᠵᠢᠬᠦᠯᠦᠨ ᠦᠷᠬᠡᠳᠬᠡᠬᠦ ᠶᠢ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠲᠠᠢ ᠪᠦᠳᠦᠮᠵᠢᠳᠡᠢ ᠵᠤᠯᠭᠠᠭᠤᠯᠬᠤ ᠶᠢ ᠰᠠᠶᠢᠳᠤᠷ ᠬᠢᠬᠦ ᠬᠡᠷᠡᠭᠳᠡᠢ᠂ ᠠᠵᠢᠯ ᠳᠤ ᠬᠤᠭᠤᠰᠤᠨ ᠭᠠᠵᠠᠷ ᠦᠯᠡᠳᠡᠭᠡᠵᠦ ᠪᠤᠯᠬᠤ ᠦᠬᠡᠢ᠂ ᠳᠦᠷᠦ ᠶᠢᠨ ᠪᠤᠳᠤᠯᠭ᠎ᠠ ᠳᠤ ᠬᠤᠭᠤᠰᠤᠨ ᠤᠷᠤᠨ ᠦᠯᠡᠳᠡᠭᠡᠵᠦ ᠪᠤᠯᠬᠤ ᠦᠭᠡᠢ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠦᠳᠡᠯᠦᠩᠭᠦᠢ ᠬᠢᠨᠠᠨ ᠡᠵᠡᠮᠳᠡᠬᠦ ᠪᠠ ᠬᠠᠪᠰᠤᠷᠤᠨ ᠳᠡᠳᠭᠦᠬᠦ ᠲᠤᠭᠳᠠᠴᠠ ᠶᠢ ᠪᠦᠷᠢᠨᠰᠢᠭᠦᠯᠵᠤ᠂ ᠠᠮᠠᠷᠬᠠᠨ ᠳᠠᠬᠢᠨ ᠶᠠᠳᠠᠭᠤᠷᠠᠬᠤ ᠪᠠ ᠶᠠᠳᠠᠭᠤᠷᠠᠬᠤ ᠬᠦᠮᠦᠨ ᠠᠮᠠ ᠶᠢ ᠪᠠᠶᠢᠩᠭᠤ ᠶᠢᠨ ᠴᠢᠨᠠᠷᠳᠠᠢ ᠬᠢᠨᠠᠨ ᠡᠵᠡᠮᠳᠡᠵᠦ᠂ ᠤᠷᠤᠯᠭ᠎ᠠ ᠶᠢᠨ ᠲᠦᠪᠰᠢᠨ ᠤ ᠬᠤᠪᠢᠷᠠᠯᠳᠠ ᠪᠠ ︽ᠬᠤᠶᠠᠷ ᠲᠤ ᠵᠤᠪᠠᠭ᠋ᠤ ᠦᠭᠡᠢ ᠭᠤᠷᠪᠠ ᠶᠢ ᠪᠠᠳᠤᠯᠠᠬᠤ︾᠎ ᠶᠢ ᠪᠠᠬᠢᠵᠢᠭᠦᠯᠦᠭᠰᠡᠨ ᠪᠠᠶᠢᠳᠠᠯ ᠢ ᠭᠤᠤᠯᠳᠠᠯᠭ᠎ᠠ ᠲᠠᠢ ᠬᠢᠨᠠᠨ ᠡᠵᠡᠮᠳᠡᠵᠦ᠂ ᠦᠷᠭᠦᠯᠵᠢᠯᠡᠨ ᠤᠨᠤᠴᠠᠳᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠬᠡᠷᠡᠭᠳᠠᠢ᠃ ᠶᠠᠳᠠᠭᠤ ᠠᠴᠠ ᠠᠩᠭᠢᠵᠢᠷᠠᠭᠰᠠᠨ ᠭᠠᠵᠠᠷ ᠤᠷᠤᠨ ᠢ ᠠᠵᠤ ᠦᠢᠯᠡᠰ ᠢᠶᠠᠷ ᠬᠠᠪᠰᠤᠷᠤᠨ ᠳᠡᠳᠭᠦᠬᠦ ᠶᠢ ᠦᠷᠭᠦᠯᠵᠢᠯᠡᠨ ᠬᠢᠵᠤ᠂ ᠮᠡᠷᠭᠡᠵᠢᠯ᠂ ᠲᠦᠬᠦᠭᠡᠷᠤᠮᠵᠢ᠂ ᠡᠵᠡᠩᠨᠡᠯᠳᠡ ᠪᠤᠷᠤᠯᠠᠭᠤᠯᠭ᠎ᠠ ᠵᠡᠷᠭᠡ ᠳᠤᠳᠠᠭᠤᠳᠠᠯ ᠢ ᠨᠦᠬᠦᠪᠦᠷᠢᠯᠡᠵᠤ᠂ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠬᠤ ᠬᠡᠷᠡᠭᠳᠠᠢ᠃ ᠶᠠᠳᠠᠭᠤ ᠶᠢ ᠳᠡᠳᠬᠦᠬᠦ ᠪᠠᠷ ᠤᠨᠳᠤᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠬᠠᠪᠰᠤᠷᠤᠨ ᠳᠡᠳᠭᠦᠬᠦ ᠶᠢ ᠴᠢᠩᠭᠠᠳᠬᠠᠵᠤ᠂ ᠤᠯᠠᠨ ᠠᠷᠭ᠎ᠠ ᠵᠠᠮ ᠢᠶᠠᠷ ᠠᠵᠢᠯ ᠤᠯᠭᠤᠯᠳᠠ ᠶᠢ ᠠᠬᠢᠭᠤᠯᠵᠤ᠂ ᠢᠵᠢ ᠪᠦᠷᠢᠳᠦᠭᠦᠯᠦᠭᠰᠡᠨ ᠰᠠᠭᠤᠷᠢ ᠲᠦᠬᠦᠭᠡᠷᠤᠮᠵᠢ ᠪᠠ ᠤᠯᠠᠨ ᠨᠡᠶᠢᠳᠡ ᠶᠢᠨ ᠦᠢᠯᠡᠴᠢᠯᠡᠭᠡ ᠶᠢ ᠴᠢᠩᠭᠠᠳᠬᠠᠨ᠂ ᠨᠡᠶᠢᠭᠡᠮ ᠤᠨ ᠬᠠᠮᠢᠶᠠᠷᠤᠯᠳᠠ ᠶᠢ ᠰᠠᠶᠢᠳᠤᠷ ᠬᠢᠵᠤ᠂ ᠨᠡᠭᠦᠯᠭᠡᠭᠰᠡᠨ ᠤᠯᠠᠨ ᠲᠦᠮᠡᠨ ᠤ ᠲᠤᠭᠳᠠᠪᠤᠷᠢᠵᠢᠵᠤ ᠳᠡᠶᠢᠯᠬᠦ᠂ ᠠᠵᠢᠯ ᠤᠯᠵᠤ ᠳᠡᠶᠢᠯᠬᠦ᠂ ᠠᠯᠬᠤᠮ ᠠᠯᠬᠤᠮ ᠢᠶᠠᠷ ᠪᠠᠶᠠᠵᠢᠵᠤ ᠳᠡᠶᠢᠯᠬᠦ ᠶᠢ ᠪᠠᠳᠤᠯᠠᠬᠤ ᠬᠡᠷᠡᠭᠳᠠᠢ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠬᠠᠷᠠᠯᠳᠠ ᠡᠭᠦᠷᠭᠡ ᠶᠢ ᠪᠡᠶᠡᠯᠡᠭᠦᠯᠦᠭᠰᠡᠨ ᠤ ᠳᠠᠷᠠᠭ᠎ᠠ ᠶᠠᠳᠠᠭᠤ ᠠᠴᠠ ᠠᠩᠭᠢᠵᠢᠷᠠᠭᠰᠠᠨ ᠰᠢᠶᠠᠨ ᠳᠤ ᠬᠠᠨᠳᠤᠭᠤᠯᠤᠨ ᠶᠠᠳᠠᠭᠤ ᠠᠴᠠ ᠠᠩᠭᠢᠵᠢᠷᠠᠭᠰᠠᠨ ᠡᠳᠦᠷ ᠠᠴᠠ ᠨᠢ ᠡᠬᠢᠯᠡᠨ 5 ᠵᠢᠯ ᠤᠨ ᠰᠢᠯᠵᠢᠯᠳᠡ ᠶᠢᠨ ᠬᠤᠭᠤᠴᠠᠭ᠎ᠠ ᠲᠤᠬᠢᠷᠠᠭᠤᠯᠬᠤ ᠪᠠᠷ ᠨᠠᠮ ᠤᠨ ᠲᠦᠪ ᠬᠤᠷᠢᠶ᠎ᠠ ᠠᠴᠠ ᠲᠤᠭᠳᠠᠵᠠᠢ᠃ ᠰᠢᠯᠵᠢᠯᠳᠡ ᠶᠢᠨ ᠬᠤᠭᠤᠴᠠᠭᠠᠨ ᠳᠤ ᠭᠤᠤᠯ ᠪᠤᠯᠬᠤ ᠬᠠᠪᠰᠤᠷᠤᠨ ᠳᠡᠳᠭᠦᠬᠦ ᠲᠦᠷᠦ ᠶᠢᠨ ᠪᠤᠳᠤᠯᠭ᠎ᠠ ᠶᠢ ᠲᠤᠭᠳᠠᠭᠤᠨ ᠪᠠᠶᠢᠯᠭᠠᠬᠤ ᠶᠢ ᠪᠠᠳᠤᠯᠠᠬᠤ ᠬᠡᠷᠡᠭᠳᠠᠢ᠃ ᠤᠳᠤᠬᠠᠨ ᠤ ᠬᠠᠪᠰᠤᠷᠤᠨ ᠳᠡᠳᠭᠦᠬᠦ ᠲᠦᠷᠦ ᠶᠢᠨ ᠪᠤᠳᠤᠯᠭ᠎ᠠ ᠶᠢ ᠨᠢᠭᠡᠳ ᠨᠢᠭᠡ ᠪᠠᠷ ᠲᠦᠷᠦᠯ ᠬᠤᠪᠢᠶᠠᠨ ᠰᠢᠯᠢᠳᠡᠭᠵᠢᠭᠦᠯᠦᠨ ᠲᠤᠬᠢᠷᠠᠭᠤᠯᠵᠤ᠂ ᠭᠦᠭ᠂ ᠡᠷᠴᠢᠮ᠂ ᠴᠠᠭ ᠤᠨ ᠬᠢᠵᠠᠭᠠᠷ ᠢ ᠵᠤᠬᠢᠰᠳᠠᠢ ᠡᠵᠡᠮᠳᠡᠨ ᠳᠤᠬᠢᠷᠠᠭᠤᠯᠵᠤ᠂ ᠡᠬᠢ ᠪᠠᠶᠠᠯᠢᠭ ᠢᠶᠠᠨ ᠲᠦᠪᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠢ ᠳᠡᠮᠵᠢᠵᠤ ᠪᠠᠶᠢᠭᠰᠠᠨ ᠠᠴᠠ ᠠᠯᠬᠤᠮ ᠠᠯᠬᠤᠮ ᠢᠶᠠᠷ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠲᠡᠶᠢᠰᠢ ᠯᠠᠪᠳᠠᠭᠤᠨ ᠢᠶᠠᠷ ᠰᠢᠯᠵᠢᠬᠦ ᠶᠢ ᠪᠡᠶᠡᠯᠡᠭᠦᠯᠬᠦ ᠬᠡᠷᠡᠭᠳᠠᠢ ᠭᠡᠵᠤ ᠴᠢᠬᠤᠯᠠᠴᠢᠯᠠᠵᠠᠢ᠃      ᠰᠢ ᠶᠢᠨ ᠫᠢᠩ᠂ ᠠᠮᠤ ᠪᠤᠳᠠᠭᠠᠨ ᠤ ᠠᠮᠤᠷ ᠲᠦᠪᠰᠢᠨ ᠤ ᠰᠠᠨᠠᠭᠠᠴᠢᠯᠠᠭᠠᠳᠤ ᠡᠷᠬᠡ ᠶᠢ ᠪᠠᠳᠤ ᠡᠵᠡᠮᠳᠡᠵᠤ᠂ ᠠᠮᠤ ᠪᠤᠳᠠᠭᠠᠨ ᠤ ᠦᠢᠯᠡᠳᠪᠦᠷᠢᠯᠡᠯ ᠢ ᠵᠢᠯ ᠪᠤᠯᠭᠠᠨ ᠴᠢᠩᠭ᠎ᠠ ᠠᠳᠬᠤᠬᠤ ᠬᠡᠷᠡᠭᠳᠠᠢ᠃ 18 ᠳ᠋ᠦᠩᠰᠢᠭᠤᠷ ᠮᠦ ᠶᠢᠨ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠳᠤ ᠰᠠᠬᠢᠵᠤ᠂ ᠬᠠᠳᠠᠭᠤ ᠴᠢᠩᠭ᠎ᠠ ᠠᠷᠭ᠎ᠠ ᠬᠡᠮᠵᠢᠶ᠎ᠠ ᠶᠢ ᠬᠡᠷᠡᠭᠵᠢᠭᠦᠯᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠬᠤ ᠬᠡᠷᠡᠭᠳᠠᠢ᠃ ᠦᠨᠳᠦᠷ ᠪᠠᠷᠢᠮᠵᠢᠶᠠᠳᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ ᠭᠠᠩ ᠤᠰᠤᠳᠤᠯ ᠤᠨ ᠭᠠᠮᠰᠢᠭ ᠲᠤ ᠳᠠᠭᠠᠷᠢᠭᠳᠠᠭᠰᠠᠨ ᠴᠤ ᠤᠨᠠᠯᠳᠠ ᠪᠠᠨ ᠪᠠᠳᠤᠯᠠᠵᠤ᠂ ᠦᠨᠳᠦᠷ ᠤᠨᠠᠯᠳᠠ ᠲᠤᠭᠳᠠᠭᠤᠨ ᠤᠨᠠᠯᠳᠠ ᠲᠠᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠳᠠᠢ᠃ ᠬᠠᠷ᠎ᠠ ᠬᠦᠷᠦᠰᠦ ᠶᠢ ᠬᠠᠮᠠᠭᠠᠯᠠᠬᠤ ᠶᠢ ᠲᠤᠮᠤ ᠶᠠᠪᠤᠳᠠᠯ ᠪᠤᠯᠭᠠᠨ ᠠᠳᠬᠤᠵᠤ᠂ ᠬᠠᠷ᠎ᠠ ᠬᠦᠷᠦᠰᠦ ᠶᠢ ᠰᠠᠶᠢᠳᠤᠷ ᠠᠰᠢᠡᠡᠯᠠᠵᠤ ᠰᠠᠶᠢᠳᠤᠷ ᠠᠷᠠᠴᠢᠯᠠᠬᠤ ᠬᠡᠷᠡᠭᠳᠠᠢ᠃ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠪᠡᠶ᠎ᠠ ᠪᠠᠨ ᠳᠠᠭᠠᠭᠠᠵᠤ ᠬᠦᠴᠦᠷᠬᠡᠭᠵᠢᠭᠦ ᠶᠢ ᠪᠠᠷᠢᠮᠳᠠᠯᠠᠵᠤ᠂ ᠲᠠᠷᠢᠶᠠᠯᠠᠩ ᠤᠨ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠤᠭᠤᠮᠳᠠ ᠰᠢᠪᠳᠤᠯᠬᠤ ᠶᠢ ᠲᠦᠷᠭᠡᠳᠭᠡᠨ ᠠᠬᠢᠭᠤᠯᠬᠤ ᠬᠡᠷᠡᠭᠳᠠᠢ᠃ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠳᠠᠶᠢᠴᠢᠯᠠᠵᠤ᠂ ᠠᠮᠤ ᠪᠤᠳᠠᠭ᠎ᠠ ᠲᠠᠷᠢᠬᠤ ᠲᠠᠷᠢᠶᠠᠴᠢᠳ ᠲᠤ ᠨᠦᠬᠦᠪᠦᠷᠢ ᠦᠭᠬᠦ ᠶᠢ ᠲᠤᠭᠳᠠᠪᠤᠷᠢᠵᠢᠭᠤᠯᠬᠤ ᠪᠠ ᠴᠢᠩᠭᠠᠳᠬᠠᠨ᠂ ᠬᠤᠳᠠᠯᠳᠤᠨ ᠠᠪᠬᠤ ᠪᠠ ᠨᠦᠭᠡᠴᠡᠯᠡᠬᠦ ᠶᠢ ᠳᠤᠬᠢᠷᠠᠭᠤᠯᠤᠨ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠵᠤ᠂ ᠨᠠᠭᠠᠳᠤ ᠵᠠᠬ᠎ᠠ ᠶᠢᠨ ᠬᠤᠳᠠᠯᠳᠤᠨ ᠠᠪᠬᠤ ᠦᠨ᠎ᠠ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠬᠦ ᠶᠢ ᠪᠠᠷᠢᠮᠳᠠᠯᠠᠵᠤ᠂ ᠪᠦᠬᠦ᠋ᠢᠯᠡ ᠦᠪᠡᠷ ᠤᠨ ᠦᠷᠳᠡᠭ ᠪᠤᠯᠤᠨ ᠤᠷᠤᠯᠭ᠎ᠠ ᠶᠢᠨ ᠳᠠᠭᠠᠳᠬᠠᠯ ᠤᠯᠭᠤᠬᠤ ᠬᠡᠪᠴᠢᠶ᠎ᠠ ᠶᠢ ᠦᠷᠭᠡᠳᠭᠡᠬᠦ ᠬᠡᠷᠡᠭᠳᠠᠢ᠃ ᠤᠷᠤᠨ ᠨᠤᠲᠤᠭ ᠤᠨ ᠡᠯ᠎ᠠ ᠱᠠᠳᠤᠨ ᠤ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠤ᠂ ᠨᠠᠮ ᠵᠠᠰᠠᠭ ᠠᠳᠠᠯᠢᠬᠠᠨ ᠬᠠᠷᠢᠭᠤᠴᠠᠯᠭ᠎ᠠ ᠲᠠᠢ ᠪᠠᠶᠢᠬᠤ ᠶᠢ ᠬᠡᠷᠡᠭᠵᠢᠭᠦᠯᠵᠤ᠂ ︽ᠠᠮᠤ ᠪᠤᠳᠠᠭ᠎ᠠ︾᠎ ᠶᠢᠨ ᠠᠰᠠᠭᠤᠳᠠᠯ ᠢ ᠮᠤᠵᠢ ᠶᠢᠨ ᠳᠠᠷᠤᠭ᠎ᠠ ᠬᠠᠷᠢᠭᠤᠴᠠᠬᠤ ᠪᠦᠭᠡᠳ ᠱᠦᠵᠢ ᠴᠤ ᠬᠠᠷᠢᠭᠤᠴᠠᠬᠤ ᠬᠡᠷᠡᠭᠳᠠᠢ᠃ ᠬᠦᠳᠡᠭᠡ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠭᠦᠨᠵᠡᠭᠡᠢ ᠠᠬᠢᠭᠤᠯᠵᠤ᠂ ᠡᠭᠦᠯᠳᠡᠷ ᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠲᠦᠷᠦᠯ ᠲᠡᠮᠳᠡᠭ ᠡᠭᠦᠳᠬᠦ ᠪᠤᠯᠤᠨ ᠪᠠᠷᠢᠮᠵᠢᠶᠠᠵᠢᠭᠰᠠᠨ ᠦᠢᠯᠡᠳᠪᠦᠷᠢᠯᠡᠯ ᠬᠢᠬᠦ ᠶᠢ ᠠᠬᠢᠭᠤᠯᠬᠤ ᠬᠡᠷᠡᠭᠳᠠᠢ᠃ ᠠᠯᠠᠰᠢᠨ ᠭᠠᠭ᠋ᠠᠢ ᠲᠡᠵᠢᠭᠡᠨ ᠦᠷᠡᠵᠢᠭᠦᠯᠬᠦ ᠦᠢᠯᠡᠰ ᠢ ᠰᠡᠷᠭᠦᠭᠡᠬᠦ ᠶᠢ ᠦᠷᠭᠦᠯᠵᠢᠯᠡᠨ ᠰᠠᠶᠢᠳᠤᠷ ᠠᠳᠬᠤᠵᠤ᠂ ᠠᠵᠤ ᠦᠢᠯᠡᠰ ᠤᠨ ᠲᠤᠭᠳᠠᠭᠤᠨ ᠬᠦᠭᠵᠢᠯᠳᠡ ᠶᠢ ᠠᠬᠢᠭᠤᠯᠬᠤ ᠬᠡᠷᠡᠭᠳᠠᠢ᠃ ᠠᠵᠤ ᠠᠬᠤᠢᠢᠯᠠᠯ ᠤᠨ ᠭᠠᠳᠠᠭᠰᠢ ᠭᠠᠷᠬᠤ ᠶᠢ ᠳᠡᠮᠵᠢᠬᠦ ᠬᠡᠷᠡᠭᠳᠠᠢ᠃ ᠬᠤᠭᠤᠯᠠ ᠤᠮᠳᠠ ᠶᠢ ᠪᠦᠷᠢᠯᠭᠡᠨ ᠰᠦᠢᠳᠭᠡᠬᠦ ᠶᠢ ᠴᠦᠬᠦᠷᠡᠰᠢ ᠦᠭᠡᠢ ᠬᠤᠷᠢᠡᠡᠯᠠᠬᠤ ᠬᠡᠷᠡᠭᠳᠠᠢ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠶᠢᠨ ᠭᠦᠨᠴᠡ᠂ ᠦᠷᠭᠡᠴᠡ ᠪᠠ ᠬᠦᠴᠢᠷ ᠤᠨ ᠬᠡᠮᠵᠢᠶ᠎ᠠ ᠴᠦᠮ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠴᠠ ᠳᠤᠤᠷ᠎ᠠ ᠦᠭᠡᠢ ᠶᠤᠮ᠂ ᠡᠷᠬᠡᠪᠰᠢ ᠦᠵᠦ ᠲᠦᠯᠦᠪᠯᠡᠭᠡ ᠪᠠᠨ ᠴᠢᠩᠭᠠᠳᠬᠠᠵᠤ᠂ ᠨᠡᠩ ᠬᠦᠴᠦᠳᠠᠢ ᠠᠷᠭ᠎ᠠ ᠬᠡᠮᠵᠢᠶ᠎ᠠ᠂ ᠨᠡᠩ ᠬᠦᠴᠦᠷᠬᠡᠭ ᠶᠡᠭᠡ ᠬᠦᠴᠦᠨ ᠢ ᠨᠢᠭᠳᠠᠷᠠᠭᠤᠯᠤᠨ ᠠᠬᠢᠭᠤᠯᠬᠤ ᠬᠡᠷᠡᠭᠳᠠᠢ᠃ ᠨᠢᠭᠡ ᠳᠤ ᠬᠦᠳᠡᠭᠡ ᠲᠤᠰᠬᠤᠨ ᠤ ᠠᠵᠤ ᠦᠢᠯᠡᠰ ᠢ ᠲᠦᠷᠭᠡᠳᠭᠡᠨ ᠬᠦᠭᠵᠢᠭᠦᠯᠵᠤ᠂ ᠠᠵᠤ ᠦᠢᠯᠡᠰ ᠤᠨ ᠬᠦᠭᠵᠢᠯᠳᠡ ᠶᠢᠨ ᠵᠢᠮ᠎ᠠ ᠶᠤᠰᠤᠨ ᠳᠤ ᠵᠤᠬᠢᠴᠠᠭᠤᠯᠤᠨ᠂ ᠤᠷᠤᠨ ᠨᠤᠳᠤᠭ ᠤᠨ ᠦᠪᠡᠷᠮᠢᠴᠠ ᠡᠬᠢ ᠪᠠᠶᠠᠯᠢᠭ ᠲᠤ ᠰᠠᠭᠤᠷᠢᠯᠠᠵᠤ᠂ ᠬᠦᠳᠡᠭᠡ ᠲᠤᠰᠬᠤᠨ ᠤ ᠠᠵᠤ ᠦᠢᠯᠡᠰ ᠤᠨ ᠬᠦᠭᠵᠢᠨ ᠪᠤᠵᠠᠭᠠᠢᠢᠷᠠᠬᠤ ᠶᠢ ᠠᠬᠢᠭᠤᠯᠵᠤ᠂ ᠠᠵᠤ ᠦᠢᠯᠡᠰ ᠤᠨ ᠪᠠᠶᠢᠷᠢᠰᠢᠭᠤᠯᠤᠯᠳᠠ ᠶᠢ ᠰᠢᠯᠢᠳᠡᠭᠵᠢᠭᠦᠯᠤᠨ᠂ ᠠᠰᠢᠭ ᠲᠤᠰᠠ ᠶᠢᠨ ᠬᠤᠯᠪᠤᠭᠠᠨ ᠤ ᠲᠤᠭᠳᠠᠴᠠ ᠶᠢ ᠲᠡᠭᠦᠯᠳᠡᠷᠵᠢᠭᠦᠯᠵᠤ᠂ ᠠᠵᠤ ᠦᠢᠯᠡᠰ ᠤᠨ ᠦᠷᠳᠡᠭ ᠤᠨ ᠨᠡᠮᠡᠭᠳᠡᠯ ᠤᠨ ᠦᠷ᠎ᠠ ᠠᠰᠢᠭ ᠢ ᠲᠠᠷᠢᠶᠠᠴᠢᠳ ᠲᠤ ᠨᠡᠩ ᠤᠯᠠᠨ ᠡᠳ᠋ᠯᠡᠭᠦᠯᠬᠦ ᠬᠡᠷᠡᠭᠳᠠᠢ᠃ ᠬᠤᠶᠠᠷ ᠲᠤ ᠨᠡᠶᠢᠭᠡᠮ ᠵᠢᠷᠤᠮ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠵᠤ᠂ ᠬᠦᠳᠡᠭᠡ ᠲᠤᠰᠬᠤᠨ ᠤ ᠦᠵᠡᠯ ᠰᠠᠨᠠᠭ᠎ᠠ ᠶᠤᠰᠤ ᠰᠤᠷᠳᠠᠬᠤᠨ ᠤ ᠪᠠᠶᠢᠭᠤᠯᠤᠯᠳᠠ ᠶᠢ ᠴᠢᠩᠭᠠᠳᠬᠠᠨ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠪᠠᠳᠠᠷᠠᠭᠤᠯᠤᠨ ᠦᠢᠯᠡᠳᠦᠯᠭᠡᠵᠢᠭᠦᠯᠵᠤ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠤᠨ᠂ ᠬᠦᠳᠡᠭᠡ ᠲᠤᠰᠬᠤᠨ ᠤ ᠬᠠᠭᠤᠴᠢᠨ ᠬᠡᠪ ᠵᠠᠩᠰᠢᠯ ᠢ ᠦᠭᠡᠷᠡᠴᠢᠯᠡᠬᠦ ᠶᠢ ᠠᠬᠢᠭᠤᠯᠵᠤ᠂ ᠬᠦᠳᠡᠭᠡ ᠨᠤᠳᠤᠬ ᠤᠨ ᠪᠤᠯᠪᠠᠰᠤᠨ ᠰᠤᠷᠳᠠᠯ᠂ ᠭᠡᠷ ᠪᠦᠯᠢ ᠶᠢᠨ ᠰᠠᠶᠢᠬᠠᠨ ᠰᠤᠷᠳᠠᠯ᠂ ᠠᠷᠠᠳ ᠢᠷᠭᠡᠳ ᠤᠨ ᠪᠤᠷᠤᠬᠵᠢᠭᠤᠨ ᠰᠤᠷᠳᠠᠯ ᠪᠦᠷᠢᠯᠳᠦᠬᠦ ᠶᠢ ᠠᠬᠢᠭᠤᠯᠬᠤ ᠬᠡᠷᠡᠭᠳᠠᠢ᠃ ᠭᠤᠷᠪᠠ ᠳᠤ ᠬᠦᠳᠡᠭᠡ ᠲᠤᠰᠬᠤᠨ ᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠵᠤ᠂ ᠪᠠᠶᠢᠯᠳᠤᠬᠤ ᠪᠤᠳᠤᠯᠭ᠎ᠠ ᠶᠢᠨ ᠲᠤᠭᠳᠠᠯ ᠬᠦᠴᠦᠨ ᠢᠶᠠᠨ ᠪᠠᠳᠤᠯᠠᠵᠤ᠂ ᠬᠠᠳᠠᠭᠠᠰᠤ ᠬᠠᠳᠠᠬᠤ ᠵᠤᠷᠢᠭ ᠰᠠᠨᠠᠭ᠎ᠠ ᠪᠠᠷ ᠲᠠᠷᠢᠶᠠᠯᠠᠩ ᠤᠨ ᠤᠯᠠᠨ ᠡᠬᠢᠳᠤ ᠪᠤᠬᠢᠷᠳᠤᠯ ᠢ ᠰᠡᠷᠭᠡᠶᠢᠯᠡᠨ ᠵᠠᠰᠠᠬᠤ ᠶᠢ ᠠᠬᠢᠭᠤᠯᠵᠤ᠂ ᠬᠦᠷᠦᠰᠦ ᠰᠢᠷᠤᠢ ᠶᠢᠨ ᠪᠤᠬᠢᠷᠳᠤᠯ᠂ ᠭᠠᠵᠠᠷ ᠳᠤᠤᠷᠠᠬᠢ ᠤᠰᠤ ᠶᠢ ᠬᠡᠳᠦ ᠠᠰᠢᠡᠡᠯᠠᠬᠤ᠂ ᠬᠦᠷᠦᠰᠦ ᠰᠢᠷᠤᠢ ᠶᠢᠨ ᠢᠳᠡᠭᠳᠡᠯ ᠵᠡᠷᠭᠡ ᠶᠢ ᠵᠠᠰᠠᠨ ᠰᠡᠷᠭᠦᠭᠡᠬᠦ ᠶᠢ ᠴᠢᠩᠭᠠᠳᠬᠠᠬᠤ ᠬᠡᠷᠡᠭᠳᠠᠢ᠃ ᠳᠦᠷᠪᠡ ᠳᠤ ᠬᠦᠳᠡᠭᠡ ᠲᠤᠰᠬᠤᠨ ᠤ ᠦᠭᠡᠷᠡᠴᠢᠯᠡᠯᠳᠡ ᠶᠢ ᠭᠦᠨᠵᠡᠭᠡᠶᠢᠷᠡᠭᠦᠯᠵᠤ᠂ ᠬᠦᠳᠡᠭᠡ ᠲᠤᠰᠬᠤᠨ ᠤ ᠭᠤᠤᠯᠳᠠᠯᠭ᠎ᠠ ᠲᠠᠢ ᠬᠦᠷᠢᠶ᠎ᠠ ᠪᠠ ᠵᠠᠩᠭᠢᠯᠠᠭ᠎ᠠ ᠶᠢᠨ ᠭᠤᠭᠴᠤᠭᠠᠨ ᠤ ᠦᠭᠡᠷᠡᠴᠢᠯᠡᠯᠳᠡ ᠶᠢ ᠲᠦᠷᠭᠡᠳᠭᠡᠨ ᠠᠬᠢᠭᠤᠯᠵᠤ᠂ ᠬᠦᠳᠡᠭᠡ ᠲᠤᠰᠬᠤᠨ ᠤ ᠡᠬᠢ ᠪᠠᠶᠠᠯᠢᠭ ᠤᠨ ᠡᠯᠧᠮᠧᠨ᠋ᠲ ᠤᠨ ᠠᠮᠢᠵᠢᠷᠠᠯ ᠤᠨ ᠬᠦᠴᠦᠨ ᠢ ᠬᠦᠭᠵᠢᠭᠡᠵᠤ᠂ ᠬᠦᠳᠡᠭᠡ ᠠᠵᠤ ᠠᠬᠤᠢ ᠶᠢ ᠳᠡᠳᠬᠦᠨ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠤᠨ᠂ ᠦᠨᠳᠦᠰᠦᠨ ᠱᠠᠳᠤ ᠪᠠ ᠤᠯᠠᠨ ᠲᠦᠮᠡᠨ ᠤ ᠡᠭᠦᠳᠦᠯᠳᠡ ᠶᠢ ᠬᠦᠨᠳᠦᠳᠭᠡᠵᠤ᠂ ᠦᠭᠡᠷᠡᠴᠢᠯᠡᠯᠳᠡ ᠶᠢᠨ ᠲᠠᠰᠤᠷᠠᠯᠳᠠ ᠦᠭᠡᠢ ᠰᠢᠨ᠎ᠠ ᠰᠢᠪᠳᠤᠯᠤᠯᠳᠠ ᠲᠠᠢ ᠪᠤᠯᠬᠤ ᠶᠢ ᠠᠬᠢᠭᠤᠯᠬᠤ ᠬᠡᠷᠡᠭᠳᠠᠢ᠃ ᠲᠠᠪᠤ ᠳᠤ ᠬᠦᠳᠡᠭᠡ ᠲᠤᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠵᠤ᠂ ᠤᠯᠠᠨ ᠨᠡᠶᠢᠳᠡ ᠶᠢᠨ ᠰᠠᠭᠤᠷᠢ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠳᠠ ᠶᠢᠨ ᠭᠤᠤᠯᠳᠠᠯᠭ᠎ᠠ ᠶᠢ ᠦᠷᠭᠦᠯᠵᠢᠯᠡᠨ ᠬᠦᠳᠡᠭᠡ ᠲᠤᠰᠬᠤᠨ ᠳᠤ ᠲᠠᠯᠪᠢᠵᠤ᠂ ᠬᠤᠳᠠ ᠬᠦᠳᠡᠭᠡ ᠶᠢᠨ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡ ᠶᠢ ᠲᠡᠩᠴᠡᠭᠦᠷᠢᠰᠢᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠲᠦᠭᠡᠮᠡᠯ ᠬᠠᠷᠠᠭᠠᠯᠵᠠᠯᠳᠤ ᠴᠢᠨᠠᠷᠳᠠᠢ᠂ ᠦᠨᠳᠦᠰᠦᠨ ᠵᠦᠢᠯ ᠢ ᠪᠠᠳᠤᠯᠠᠬᠤ ᠴᠢᠨᠠᠷᠳᠠᠢ᠂ ᠰᠠᠭᠤᠷᠢ ᠴᠢᠨᠠᠷᠳᠠᠢ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠬᠤ ᠶᠢ ᠴᠢᠬᠤᠯᠠᠴᠢᠯᠠᠬᠤ ᠬᠡᠷᠡᠭᠳᠠᠢ᠃ ᠬᠦᠳᠡᠭᠡ ᠲᠤᠰᠬᠤᠨ ᠤ ᠬᠦᠮᠦᠰ ᠤᠨ ᠤᠷᠤᠰᠢᠨ ᠠᠮᠢᠳᠤᠷᠠᠬᠤ ᠤᠷᠴᠢᠨ ᠲᠤᠭᠤᠷᠢᠨ ᠢ ᠴᠡᠭᠴᠡᠯᠡᠨ ᠵᠠᠰᠠᠵᠤ ᠰᠠᠶᠢᠵᠢᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠵᠤᠷᠯᠤᠩ ᠢ ᠦᠭᠡᠷᠡᠴᠢᠯᠡᠨ ᠪᠠᠶᠢᠭᠤᠯᠬᠤ ᠪᠤᠯᠤᠨ ᠪᠤᠬᠢᠷ ᠤᠰᠤ᠂ ᠬᠤᠭ ᠨᠤᠪᠰᠢ ᠶᠢ ᠰᠢᠢᠳᠪᠦᠷᠢᠯᠡᠬᠦ ᠶᠢ ᠭᠤᠤᠯᠳᠠᠯᠭ᠎ᠠ ᠲᠠᠢ ᠰᠠᠶᠢᠳᠤᠷ ᠠᠳᠬᠤᠬᠤ ᠬᠡᠷᠡᠭᠳᠠᠢ᠃ ᠠᠶᠢᠯ ᠲᠤᠰᠬᠤᠨ ᠤ ᠪᠠᠶᠢᠷᠢᠰᠢᠭᠤᠯᠤᠯᠳᠠ ᠪᠠ ᠲᠦᠷᠦᠯ ᠬᠤᠪᠢᠶᠠᠬᠤ ᠠᠵᠢᠯ ᠢ ᠵᠤᠬᠢᠰᠳᠠᠢ ᠲᠤᠭᠳᠠᠭᠠᠵᠤ᠂ ᠤᠯᠠᠮᠵᠢᠯᠠᠯᠳᠤ ᠠᠶᠢᠯ ᠲᠤᠰᠬᠤᠨ ᠪᠤᠯᠤᠨ ᠬᠦᠳᠡᠭᠡ ᠲᠤᠰᠬᠤᠨ ᠤ ᠦᠪᠡᠷᠮᠢᠴᠡ ᠳᠦᠷᠢ ᠳᠦᠷᠬᠦ ᠶᠢ ᠬᠠᠮᠠᠭᠠᠯᠠᠬᠤ ᠶᠢ ᠴᠢᠬᠤᠯᠠᠴᠢᠯᠠᠵᠤ᠂ ᠲᠦᠷᠦᠯ ᠬᠤᠪᠢᠶᠠᠨ ᠵᠢᠯᠤᠭᠤᠳᠬᠤ ᠶᠢ ᠴᠢᠩᠭᠠᠳᠬᠠᠬᠤ ᠬᠡᠷᠡᠭᠳᠠᠢ᠃ ᠵᠢᠷᠭᠤᠭ᠎ᠠ ᠳᠤ ᠬᠤᠳᠠ ᠬᠦᠳᠡᠭᠡ ᠶᠢ ᠠᠭᠤᠰᠤᠯᠴᠠᠭᠤᠯᠤᠨ ᠬᠦᠭᠵᠢᠭᠦᠯᠬᠦ ᠲᠠᠯ᠎ᠠ ᠪᠠᠷ ᠪᠤᠳᠠᠳᠠᠢ ᠦᠷ᠎ᠠ ᠪᠦᠲᠦᠮᠵᠢ ᠤᠯᠬᠤ ᠶᠢ ᠠᠬᠢᠭᠤᠯᠵᠤ᠂ ᠬᠤᠳᠠ ᠬᠦᠳᠡᠭᠡ ᠶᠢ ᠠᠭᠤᠰᠤᠯᠴᠠᠭᠤᠯᠤᠨ ᠬᠦᠭᠵᠢᠭᠦᠯᠬᠦ ᠪᠠᠶᠢᠭᠤᠯᠤᠮᠵᠢ ᠲᠤᠭᠳᠠᠴᠠ ᠶᠢ ᠪᠦᠷᠢᠨᠰᠢᠭᠦᠯᠤᠨ᠂ ᠬᠦᠳᠡᠭᠡ ᠠᠵᠤ ᠠᠬᠤᠢ ᠠᠴᠠ ᠰᠢᠯᠵᠢᠭᠰᠡᠨ ᠬᠦᠮᠦᠨ ᠠᠮᠠ ᠶᠢ ᠬᠤᠳᠠ ᠶᠢᠨ ᠠᠷᠠᠳ ᠪᠤᠯᠭᠠᠬᠤ ᠶᠢ ᠠᠬᠢᠭᠤᠯᠬᠤ ᠬᠡᠷᠡᠭᠳᠠᠢ᠃ ᠬᠤᠰᠢᠭᠤ ᠰᠢᠶᠠᠨ ᠢ ᠬᠤᠳᠠ ᠬᠦᠳᠡᠭᠡ ᠶᠢ ᠠᠭᠤᠰᠤᠯᠴᠠᠭᠤᠯᠤᠨ ᠬᠦᠭᠵᠢᠬᠦᠯᠬᠦ ᠴᠢᠬᠤᠯᠠ ᠭᠠᠷᠳᠠᠴᠠ ᠪᠤᠯᠭᠠᠵᠤ᠂ ᠰᠢᠶᠠᠨ ᠤ ᠱᠠᠳᠤᠨ ᠳᠤ ᠡᠬᠢ ᠪᠡᠶᠡᠯᠢᠬ ᠢ ᠨᠡᠶᠢᠳᠬᠡᠨ ᠭᠡᠷᠡᠭᠯᠡᠬᠦ ᠡᠵᠡᠨ ᠮᠡᠳᠡᠬᠦ ᠡᠷᠬᠡ ᠶᠢ ᠨᠡᠩ ᠢᠯᠡᠭᠦᠦ ᠤᠯᠭᠤᠵᠤ᠂ ᠰᠢᠶᠠᠨ ᠤ ᠬᠤᠳᠠ ᠶᠢᠨ ᠶᠠᠷᠤᠩᠬᠡᠶᠢᠯᠡᠭᠰᠡᠨ ᠤᠢᠢᠯᠡᠴᠢᠯᠡᠬᠡᠨ ᠤ ᠴᠢᠳᠠᠪᠤᠷᠢ ᠶᠢ ᠴᠢᠩᠭᠠᠳᠬᠠᠬᠤ ᠭᠡᠷᠡᠭᠳᠠᠢ᠃ ᠲᠤᠯᠤᠭ᠎ᠠ ᠳᠤ ᠬᠦᠳᠡᠭᠡ ᠲᠤᠰᠬᠤᠨ ᠤ ᠵᠠᠰᠠᠯᠳᠠ ᠶᠢ ᠴᠢᠩᠭᠠᠳᠬᠠᠨ ᠰᠠᠶᠢᠵᠢᠷᠠᠭᠤᠯᠵᠤ᠂ ᠨᠠᠮ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠤᠬᠰᠠᠨ ᠬᠦᠳᠡᠭᠡ ᠲᠤᠰᠬᠤᠨ ᠤ ᠵᠠᠰᠠᠯᠳᠠ ᠶᠢᠨ ᠰᠢᠰᠲ᠋ᠧᠮ ᠢ ᠱᠠᠯᠠᠪᠳᠠᠨ ᠪᠠᠶᠢᠭᠤᠯᠵᠤ᠂ ᠠᠮᠤᠭᠤᠯᠠᠩᠳᠤ ᠬᠦᠳᠡᠭᠡ ᠲᠤᠰᠬᠤᠨ ᠤ ᠪᠠᠶᠢᠭᠤᠯᠤᠯᠳᠠ ᠶᠢ ᠬᠦᠨᠵᠡᠬᠡᠢ ᠠᠬᠢᠭᠤᠯᠵᠤ᠂ ᠬᠦᠳᠡᠭᠡ ᠲᠤᠰᠬᠤᠨ ᠤ ᠵᠠᠰᠠᠯᠳᠠ ᠶᠢᠨ ᠠᠷᠭ᠎ᠠ ᠬᠡᠯᠪᠡᠷᠢ ᠶᠢᠨ ᠰᠢᠨ᠎ᠠ ᠶᠢ ᠡᠬᠦᠳᠴᠤ᠂ ᠬᠦᠳᠡᠭᠡ ᠲᠤᠰᠬᠤᠨ ᠢ ᠴᠢᠳᠠᠮᠠᠭᠠᠢ ᠪᠠᠷ ᠵᠠᠰᠠᠬᠤ ᠲᠦᠪᠰᠢᠨ ᠢ ᠲᠡᠭᠡᠭᠰᠢᠯᠡᠬᠦᠯᠬᠦ ᠭᠡᠷᠡᠭᠳᠠᠢ ᠬᠡᠵᠤ ᠴᠢᠬᠤᠯᠠᠴᠢᠯᠠᠪᠠ᠃      ᠰᠢ ᠶᠢᠨ ᠫᠢᠩ᠂ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾᠎ ᠤ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠭᠡᠷᠡᠭᠳᠠᠢ᠃ ᠡᠯ᠎ᠠ ᠱᠠᠳᠤᠨ ᠤ ᠨᠠᠮ ᠤᠨ ᠬᠤᠷᠢᠶ᠎ᠠ ᠤᠯᠤᠰ ᠲᠦᠷᠤ ᠶᠢᠨ ᠬᠠᠷᠢᠭᠤᠴᠠᠯᠭ᠎ᠠ ᠪᠠᠨ ᠡᠬᠦᠷᠬᠡᠯᠠᠵᠤ᠂ ᠬᠦᠳᠡᠭᠡ ᠠᠵᠤ ᠠᠬᠤᠢ ᠬᠦᠳᠡᠭᠡ ᠲᠤᠰᠬᠤᠨ ᠢ ᠤᠷᠢᠳ ᠢᠶᠠᠷ ᠬᠦᠭᠵᠢᠬᠦᠯᠬᠦ ᠴᠢᠭᠯᠡᠯᠳᠠ ᠶᠢ ᠨᠠᠶᠢᠳᠠᠪᠤᠷᠢᠵᠢᠭᠤᠯᠤᠨ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠨᠡᠩ ᠶᠡᠭᠡ ᠡᠷᠴᠢᠮ ᠢᠶᠠᠷ ᠠᠬᠢᠭᠤᠯᠬᠤ ᠭᠡᠷᠡᠭᠳᠠᠢ᠃ ᠰᠢᠶᠠᠨ ᠤ ᠨᠠᠮ ᠤᠨ ᠬᠤᠷᠢᠶᠠᠨ ᠤ ᠱᠦᠵᠢ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾᠎ ᠤ ᠠᠵᠢᠯ ᠳᠤ ᠭᠤᠤᠯ ᠬᠦᠴᠦ ᠪᠠᠨ ᠲᠠᠯᠪᠢᠵᠤ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ︽ᠡᠮᠤᠨ᠎ᠠ ᠹᠷᠤᠨᠲ ᠤᠨ ᠵᠢᠯᠤᠭᠤᠳᠤᠬᠴᠢ︾ ᠰᠠᠶᠢᠳᠦᠷ ᠪᠤᠯᠬᠤ ᠭᠡᠷᠡᠭᠳᠠᠢ᠃ ᠰᠢᠶᠠᠩ ᠪᠠᠯᠭᠠᠰᠤᠨ ᠤ ᠤᠳᠤᠷᠢᠳᠬᠤ ᠪᠠᠭ᠂ ᠲᠤᠰᠬᠤᠨ ᠤ ︽ᠬᠤᠶᠠᠷ ᠵᠦᠪᠯᠠᠯ︾᠎ ᠤᠨ ᠪᠦᠷᠢᠯᠳᠤᠬᠦᠨ ᠢᠯᠠᠩᠭᠤᠶ᠎ᠠ ᠲᠤᠰᠬᠤᠨ ᠤ ᠨᠠᠮ ᠤᠨ ᠡᠬᠦᠷ ᠤᠨ ᠱᠦᠵᠢ ᠶᠢᠨ ᠤᠷᠤᠨ ᠳᠤ ᠰᠢᠯᠢᠳᠡᠭ ᠭᠠᠷᠮᠠᠭᠠᠢ ᠭᠠᠷ ᠢ ᠲᠤᠬᠢᠷᠠᠭᠤᠯᠬᠤ ᠭᠡᠷᠡᠭᠳᠠᠢ᠃ ᠦᠨᠳᠤᠰᠤᠨ ᠱᠠᠳᠤ ᠶᠢ ᠠᠳᠬᠤᠬᠤ᠂ ᠰᠠᠭᠤᠷᠢ ᠶᠢ ᠪᠠᠳᠤᠳᠬᠠᠵᠤ᠂ ᠦᠨᠳᠤᠰᠤᠨ ᠵᠦᠢᠯ ᠢ ᠪᠠᠬᠢᠵᠢᠬᠦᠯᠬᠦ ᠠᠵᠢᠯ ᠤᠨ ᠤᠳᠤᠷᠢᠳᠤᠮᠵᠢ ᠶᠢ ᠲᠤᠪᠤᠶᠢᠯᠭᠠᠵᠤ᠂ ᠡᠯ᠎ᠠ ᠵᠦᠢᠯ ᠤᠨ ᠡᠬᠢ ᠪᠠᠶᠠᠯᠢᠬ ᠤᠨ ᠦᠨᠳᠤᠰᠤᠨ ᠱᠠᠳᠤᠨ ᠳᠤ ᠤᠴᠢᠬᠤ ᠶᠢ ᠠᠬᠢᠭᠤᠯᠵᠤ᠂ ᠦᠨᠳᠤᠰᠤᠨ ᠱᠠᠳᠤᠨ ᠳᠤ ᠠᠵᠢᠯ ᠬᠢᠵᠤ ᠤᠢᠢᠯᠡᠰ ᠪᠤᠰᠬᠠᠬᠤ ᠳᠤ ᠨᠡᠩ ᠰᠠᠶᠢᠨ ᠨᠦᠬᠦᠴᠠᠯ ᠢ ᠪᠦᠷᠢᠯᠳᠤᠬᠦᠯᠵᠤ ᠦᠭᠬᠦ ᠭᠡᠷᠡᠭᠳᠠᠢ᠃ ᠤᠯᠤᠰ ᠲᠦᠷᠤ ᠶᠢᠨ ᠲᠠᠯ᠎ᠠ ᠪᠠᠷ ᠰᠢᠯᠭᠠᠷᠠᠬᠰᠠᠨ᠂ ᠡᠷᠳᠡᠮ ᠴᠢᠳᠠᠪᠤᠷᠢ ᠪᠠᠷ ᠴᠢᠳᠠᠮᠠᠭᠠᠢ᠂ ᠬᠡᠪ ᠰᠤᠷᠳᠠᠯ ᠰᠢᠯᠢᠳᠡᠭ ᠰᠠᠶᠢᠨ ᠪᠠᠶᠢᠬᠤ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠺᠠᠳ᠋ᠷ ᠤᠨ ᠡᠩᠨᠡᠭᠡ ᠶᠢ ᠪᠠᠶᠢᠭᠤᠯᠵᠤ᠂ ᠨᠢᠬᠡ ᠪᠦᠯᠦᠭ ᠰᠢᠯᠢᠳᠡᠭ ᠺᠠᠳ᠋ᠷ ᠢ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠡᠮᠤᠨ᠎ᠠ ᠹᠷᠤᠨᠲ ᠤᠨ ᠠᠵᠢᠯ ᠤᠨ ᠪᠠᠶᠢᠷᠢᠨ ᠳᠤ ᠰᠤᠩᠭᠤᠨ ᠲᠤᠮᠢᠯᠠᠵᠤ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠺᠠᠳ᠋ᠷ ᠢ ᠬᠦᠮᠤᠵᠢᠬᠦᠯᠤᠨ ᠪᠤᠯᠪᠠᠰᠤᠷᠠᠭᠤᠯᠬᠤ ᠦᠷᠬᠡᠨ ᠠᠭᠤᠳᠠᠮ ᠲᠠᠪᠴᠠᠩ ᠪᠤᠯᠭᠠᠬᠤ ᠭᠡᠷᠡᠭᠳᠠᠢ᠃ ᠡᠯ᠎ᠠ ᠵᠦᠢᠯ ᠤᠨ ᠴᠢᠳᠠᠪᠤᠷᠢᠳᠠᠨ ᠢ ᠳᠠᠳᠠᠵᠤ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠠᠪᠤᠴᠠ ᠳᠤ ᠤᠢᠢᠯᠡᠰ ᠪᠦᠳᠤᠬᠡᠨ ᠭᠠᠪᠢᠶ᠎ᠠ ᠪᠠᠶᠢᠭᠤᠯᠬᠤ ᠪᠠᠷ ᠤᠴᠢᠭᠤᠯᠵᠤ᠂ ᠦᠷᠬᠡᠨ ᠤᠯᠠᠨ ᠲᠠᠷᠢᠶᠠᠴᠢᠨ ᠲᠦᠮᠡᠨ ᠤ ᠢᠳᠡᠪᠬᠢᠵᠢᠯ᠂ ᠰᠠᠨᠠᠭᠠᠴᠢᠯᠭᠠᠳᠤ ᠴᠢᠨᠠᠷ᠂ ᠪᠦᠳᠤᠬᠡᠯᠴᠢ ᠴᠢᠨᠠᠷ ᠢ ᠲᠠᠶᠢᠴᠢᠯᠠᠬᠤ ᠭᠡᠷᠡᠭᠳᠠᠢ ᠬᠡᠵᠤ ᠵᠢᠭᠠᠵᠤ ᠭᠠᠷᠭᠠᠪᠠ᠃
     ᠯᠢ ᠺᠧ ᠴᠢᠶᠠᠩ ᠬᠤᠷᠠᠯ ᠢ ᠡᠷᠬᠢᠯᠡᠬᠦ ᠳᠡᠭᠡᠨ᠂ ᠶᠠᠷᠤᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠮᠠᠨ ᠤ ᠤᠯᠤᠰ ᠤᠨ ᠬᠦᠳᠡᠭᠡ ᠠᠵᠤ ᠠᠬᠤᠢ ᠬᠦᠳᠡᠭᠡ ᠲᠤᠰᠬᠤᠨ ᠤ ᠬᠦᠭᠵᠢᠯᠳᠠ ᠳᠤ ᠤᠯᠤᠬᠰᠠᠨ ᠲᠡᠤᠬᠡᠳᠤ ᠴᠢᠨᠠᠷᠳᠠᠢ ᠠᠮᠵᠢᠯᠳᠠ᠂ ᠡᠭᠦᠰᠦᠭᠰᠡᠨ ᠲᠡᠤᠬᠡᠳᠤ ᠴᠢᠨᠠᠷᠳᠠᠢ ᠬᠤᠪᠢᠰᠤᠯᠳᠠ ᠶᠢ ᠪᠦᠬᠦ ᠲᠠᠯ᠎ᠠ ᠪᠠᠷ ᠳ᠋ᠦᠩᠨᠠᠵᠤ᠂ ᠨᠡᠶᠢᠬᠡᠮ ᠵᠢᠷᠤᠮᠳᠤ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠤᠬᠡᠨ ᠪᠠᠶᠢᠭᠤᠯᠬᠤ ᠪᠦᠬᠦ ᠲᠠᠯ᠎ᠠ ᠠᠴᠠ ᠡᠬᠦᠰᠴᠤ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠬᠦᠳᠡᠭᠡ ᠠᠵᠤ ᠠᠬᠤᠢ ᠬᠦᠳᠡᠭᠡ ᠲᠤᠰᠬᠤᠨ ᠤ ᠤᠳᠤᠬᠢᠴᠢᠯᠠᠯᠳᠠ ᠶᠢ ᠲᠦᠷᠬᠡᠳᠬᠡᠬᠦ ᠴᠢᠬᠤᠯᠠ ᠶᠡᠭᠡ ᠠᠴᠢ ᠬᠤᠯᠪᠤᠬᠳᠠᠯ᠂ ᠵᠢᠯᠤᠭᠤᠳᠬᠤ ᠦᠵᠡᠯ ᠰᠠᠨᠠᠭ᠎ᠠ᠂ ᠶᠠᠷᠤᠩᠬᠡᠢ ᠱᠠᠭᠠᠷᠳᠠᠯᠭ᠎ᠠ ᠶᠢ ᠬᠦᠨᠵᠡᠬᠡᠢ ᠳᠤᠳᠤᠷᠬᠠᠢᠢᠯᠠᠨ ᠦᠬᠦᠯᠠᠵᠤ᠂ ᠰᠢᠨ᠎ᠠ ᠬᠦᠭᠵᠢᠯᠳᠠ ᠶᠢᠨ ᠱᠠᠳᠤᠨ ᠳᠤ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾᠎ ᠤ ᠠᠵᠢᠯ ᠢ ᠰᠠᠶᠢᠳᠤᠷ ᠬᠢᠬᠦ ᠶᠢᠨ ᠠᠯᠢ ᠤᠯᠠᠨ ᠴᠢᠬᠤᠯᠠ ᠶᠡᠭᠡ ᠤᠨᠤᠯ ᠪᠤᠯᠤᠨ ᠤᠢᠢᠯᠡᠳᠤᠯᠬᠡ ᠶᠢᠨ ᠠᠰᠠᠭᠤᠯᠳᠠ ᠶᠢ ᠰᠢᠨᠵᠢᠯᠡᠬᠦ ᠤᠬᠠᠭᠠᠨᠴᠢ ᠪᠠᠷ ᠬᠠᠷᠢᠭᠤᠯᠵᠠᠢ᠃ ᠡᠨᠡ ᠨᠢ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠬᠡᠳᠬᠡᠨ᠂ ᠬᠦᠴᠤᠨ ᠢᠶᠠᠨ ᠨᠢᠬᠳᠠᠷᠠᠭᠤᠯᠵᠤ᠂ ᠰᠢᠨ᠎ᠠ ᠴᠠᠭ ᠦᠶ᠎ᠠ ᠶᠢᠨ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾᠎ ᠤ ᠠᠵᠢᠯ ᠢ ᠰᠠᠶᠢᠳᠤᠷ ᠬᠢᠬᠦ ᠳᠤ ᠲᠦᠢᠯ ᠤᠨ ᠴᠢᠬᠤᠯᠠ ᠵᠢᠯᠤᠭᠤᠳᠬᠤ ᠠᠴᠢ ᠬᠤᠯᠪᠤᠬᠳᠠᠯ ᠲᠠᠢ ᠶᠤᠮ᠃ ᠨᠠᠷᠢᠨ ᠬᠢᠨᠠᠮᠠᠭᠠᠢ ᠰᠤᠷᠤᠯᠴᠠᠨ ᠤᠢᠢᠯᠠᠭᠠᠵᠤ᠂ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠠᠵᠢᠯ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠬᠦᠳᠡᠭᠡ ᠠᠵᠤ ᠠᠬᠤᠢ ᠬᠦᠳᠡᠭᠡ ᠲᠤᠰᠬᠤᠨ ᠢ ᠤᠷᠢᠳ ᠢᠶᠠᠷ ᠬᠦᠭᠵᠢᠬᠦᠯᠬᠦ ᠪᠠᠷ ᠭᠤᠤᠯᠳᠠᠭᠤᠯᠵᠤ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠂ ᠬᠦᠳᠡᠭᠡ ᠠᠵᠤ ᠠᠬᠤᠢ ᠬᠦᠳᠡᠭᠡ ᠲᠤᠰᠬᠤᠨ ᠤ ᠤᠳᠤᠬᠢᠴᠢᠯᠠᠯᠳᠠ ᠶᠢ ᠲᠦᠷᠬᠡᠳᠬᠡᠵᠤ᠂ ᠲᠠᠷᠠᠭ᠎ᠠ ᠵᠢᠯ ᠵᠢᠴᠢ ︽ᠠᠷᠪᠠᠨ ᠲᠦᠷᠪᠡᠳᠤᠭᠡᠷ ᠲᠠᠪᠤᠨ ᠵᠢᠯ︾᠎ ᠤᠨ ᠬᠤᠭᠤᠴᠠᠭᠠᠨ ᠤ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾᠎ ᠤ ᠠᠵᠢᠯ ᠢ ᠰᠠᠶᠢᠳᠤᠷ ᠬᠢᠵᠤ᠂ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠰᠠᠶᠢᠳᠤᠷ ᠨᠠᠶᠢᠳᠠᠪᠤᠷᠢᠵᠢᠭᠤᠯᠬᠤ ᠭᠡᠷᠡᠭᠳᠠᠢ ᠬᠡᠵᠤ ᠵᠢᠭᠠᠵᠤ ᠭᠠᠷᠭᠠᠪᠠ᠃      ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠬᠡᠰᠢᠬᠦᠨ᠂ ᠲᠦᠷᠤ ᠶᠢᠨ ᠶᠠᠪᠤᠳᠠᠯ ᠤᠨ ᠬᠤᠷᠢᠶᠠᠨ ᠤ ᠲᠡᠳ᠋ ᠶᠠᠷᠤᠩᠬᠡᠢ ᠰᠠᠶᠢᠳ ᠬᠤ᠋ ᠴᠦᠨ ᠬᠤᠸᠠ ᠳ᠋ᠦᠩᠨᠡᠯᠳᠠ ᠶᠢᠨ ᠶᠠᠷᠢᠶᠠᠠ ᠳᠠᠭᠠᠨ᠂ ᠶᠠᠷᠤᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠤᠯ ᠰᠢᠨ᠎ᠠ ᠬᠦᠭᠵᠢᠯᠳᠠ ᠶᠢᠨ ᠱᠠᠳᠤᠨ ᠳᠤ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾᠎ ᠤ ᠠᠵᠢᠯ ᠢ ᠰᠠᠶᠢᠳᠤᠷ ᠬᠢᠬᠦ ᠠᠵᠢᠯᠯᠠᠭᠠᠨ ᠤ ᠬᠦᠳᠤᠯᠪᠤᠷᠢ ᠪᠠ ᠦᠨᠳᠤᠰᠤᠨ ᠵᠢᠷᠤᠮᠯᠠᠯ ᠪᠤᠯᠤᠨ᠎ᠠ᠃ ᠶᠠᠷᠤᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ ᠨᠠᠶᠢᠳᠠᠪᠤᠷᠢᠵᠢᠭᠤᠯᠤᠨ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠢ ᠱᠠᠯᠠᠪᠳᠠᠨ ᠲᠦᠯᠦᠪᠵᠢᠭᠦᠯᠵᠦ᠂ ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠳᠤᠯᠤᠭᠰᠠᠨ ᠦᠷ᠎ᠠ ᠪᠦᠲᠦᠭᠡᠯ ᠢ ᠪᠠᠬᠢᠵᠢᠭᠦᠯᠦᠨ ᠦᠷᠬᠡᠳᠬᠡᠬᠦ ᠶᠢ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠲᠠᠢ ᠪᠦᠳᠤᠮᠵᠢᠳᠠᠢ ᠵᠤᠯᠭᠠᠭᠤᠯᠬᠤ ᠶᠢ ᠰᠠᠶᠢᠳᠦᠷ ᠬᠢᠵᠦ᠂ ᠠᠮᠤ ᠪᠤᠳᠠᠭ᠎ᠠ ᠪᠤᠯᠤᠨ ᠬᠦᠳᠡᠭᠡ ᠠᠵᠤ ᠠᠬᠤᠢ ᠶᠢᠨ ᠴᠢᠬᠤᠯᠠ ᠳᠠᠭᠠᠯᠳᠠ ᠪᠦᠲᠦᠭᠡᠭᠳᠡᠭᠦᠨ ᠤ ᠤᠢᠢᠯᠡᠳᠪᠤᠷᠢᠯᠡᠯ ᠬᠠᠩᠭᠠᠯᠭ᠎ᠠ ᠶᠢ ᠰᠠᠶᠢᠳᠤᠷ ᠠᠳᠬᠤᠵᠤ᠂ ᠬᠦᠳᠡᠭᠡ ᠲᠤᠰᠬᠤᠨ ᠤ ᠠᠵᠤ ᠤᠢᠢᠯᠡᠰ ᠢ ᠲᠦᠷᠭᠡᠳᠭᠡᠨ ᠬᠦᠭᠵᠢᠬᠦᠯᠵᠤ᠂ ᠤᠳᠤ ᠦᠶ᠎ᠠ ᠶᠢᠨ ᠬᠦᠳᠡᠭᠡ ᠠᠵᠤ ᠠᠬᠤᠢ ᠶᠢᠨ ᠬᠦᠭᠵᠢᠯᠳᠠ ᠶᠢᠨ ᠦᠨᠳᠦᠰᠦᠨ ᠲᠤᠯᠭᠠᠭᠤᠷᠢᠯᠠᠯ ᠢ ᠪᠠᠬᠢᠵᠢᠬᠦᠯᠤᠨ᠂ ᠲᠠᠷᠢᠮᠠᠯ ᠤᠨ ᠦᠷ᠎ᠠ ᠶᠢᠨ ᠦᠢᠯᠡᠰ ᠤᠨ ᠪᠡᠶ᠎ᠠ ᠪᠠᠨ ᠳᠠᠭᠠᠭᠠᠬᠤ ᠲᠠᠶᠢᠯᠠᠯᠳᠤᠭᠠᠨ ᠢ ᠡᠷᠡᠰ ᠰᠠᠶᠢᠳᠤᠷ ᠬᠢᠵᠦ᠂ ᠬᠦᠳᠡᠭᠡ ᠲᠤᠰᠬᠤᠨ ᠤ ᠪᠦᠳᠤᠬᠡᠨ ᠪᠠᠶᠢᠭᠤᠯᠤᠯᠳᠠ ᠶᠢᠨ ᠠᠵᠢᠯᠯᠠᠭ᠎ᠠ ᠶᠢ ᠪᠦᠬᠦ ᠲᠠᠯ᠎ᠠ ᠪᠠᠷ ᠡᠬᠢᠯᠡᠬᠦᠯᠵᠤ᠂ ᠬᠤᠰᠢᠭᠤ ᠰᠢᠶᠠᠨ ᠤ ᠬᠡᠪᠴᠢᠶᠠᠨ ᠳᠠᠬᠢ ᠬᠤᠳᠠ ᠬᠦᠳᠡᠭᠡ ᠶᠢᠨ ᠠᠭᠤᠰᠤᠯᠴᠠᠭᠰᠠᠨ ᠬᠦᠭᠵᠢᠯᠳᠠ ᠶᠢ ᠠᠬᠢᠭᠤᠯᠵᠤ᠂ ᠬᠦᠳᠡᠭᠡ ᠲᠤᠰᠬᠤᠨ ᠤ ᠵᠠᠰᠠᠯᠳᠠ ᠶᠢ ᠴᠢᠩᠭᠠᠳᠬᠠᠨ ᠰᠠᠶᠢᠵᠢᠷᠠᠭᠤᠯᠵᠤ᠂ ᠵᠤᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ︽ᠠᠷᠪᠠᠨ ᠲᠦᠷᠪᠡᠳᠤᠭᠡᠷ ᠲᠠᠪᠤᠨ ᠵᠢᠯ︾᠎ ᠤᠨ ᠰᠠᠶᠢᠨ ᠡᠬᠢᠯᠡᠯᠳᠡ ᠲᠠᠢ ᠪᠤᠯᠬᠤ ᠶᠢ ᠪᠠᠳᠤᠯᠠᠬᠤ ᠭᠡᠷᠡᠭᠳᠠᠢ ᠬᠡᠵᠤ ᠢᠯᠡᠳᠬᠡᠪᠡ᠃      ᠬᠤᠷᠠᠯ ᠠᠴᠠ ︽ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ ᠬᠦᠳᠡᠭᠡ ᠠᠵᠤ ᠠᠬᠤᠢ ᠬᠦᠳᠡᠭᠡ ᠲᠤᠰᠬᠤᠨ ᠤ ᠤᠳᠤᠬᠢᠴᠢᠯᠠᠯᠳᠠ ᠶᠢ ᠲᠦᠷᠬᠡᠳᠬᠡᠬᠦ ᠲᠤᠬᠠᠢ ᠨᠠᠮ ᠤᠨ ᠲᠦᠪ ᠬᠤᠷᠢᠶ᠎ᠠ ᠲᠦᠷᠤ ᠶᠢᠨ ᠶᠠᠪᠤᠳᠠᠯ ᠤᠨ ᠬᠤᠷᠢᠶᠠᠨ ᠤ ᠰᠠᠨᠠᠯ ︵ᠶᠠᠷᠢᠯᠴᠠᠬᠤ ᠨᠤᠤᠷᠠᠬ︶︾᠎ ᠢ ᠶᠠᠷᠢᠯᠴᠠᠪᠠ᠃      ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠬᠡᠰᠡᠭ ᠬᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠬᠤᠯᠪᠤᠬᠳᠠᠯ ᠪᠦᠬᠦᠢ ᠤᠳᠤᠷᠢᠳᠬᠤ ᠨᠦᠬᠦᠳ ᠬᠤᠷᠠᠯ ᠳᠤ ᠤᠷᠤᠯᠴᠠᠵᠠᠢ᠃      ᠲᠦᠪ ᠤᠨ ᠬᠦᠳᠡᠭᠡ ᠲᠤᠰᠬᠤᠨ ᠤ ᠠᠵᠢᠯ ᠤᠨ ᠤᠳᠤᠷᠢᠳᠬᠤ ᠲᠤᠭᠤᠢᠢᠯᠠᠩ ᠤᠨ ᠪᠦᠷᠢᠯᠳᠤᠬᠦᠨ᠂ ᠡᠯ᠎ᠠ ᠮᠤᠵᠢ ᠦᠪᠡᠷᠳᠡᠬᠡᠨ ᠵᠠᠰᠠᠬᠤ ᠤᠷᠤᠨ ᠰᠢᠭᠤᠳ ᠬᠠᠷᠢᠶ᠎ᠠ ᠬᠤᠳᠠ ᠪᠤᠯᠤᠨ ᠲᠤᠰᠠᠭᠠᠷ ᠲᠦᠯᠤᠪᠯᠡᠬᠡᠳᠤ ᠬᠤᠳᠠ᠂ ᠰᠢᠨᠵᠢᠶᠠᠩ ᠤᠨ ᠤᠢᠢᠯᠡᠳᠪᠤᠷᠢᠯᠡᠯ ᠪᠦᠳᠤᠬᠡᠨ ᠪᠠᠶᠢᠭᠤᠯᠤᠯᠳᠠ ᠶᠢᠨ ᠪᠢᠩᠲ᠋ᠤᠸᠠᠨ ᠤ ᠨᠠᠮ ᠵᠠᠰᠠᠬ ᠤᠨ ᠭᠤᠤᠯ ᠬᠠᠷᠢᠭᠤᠴᠠᠯᠭᠠᠳᠠᠨ ᠨᠦᠬᠦᠳ ᠪᠤᠯᠤᠨ ᠬᠦᠳᠡᠭᠡ ᠠᠵᠤ ᠠᠬᠤᠢ ᠬᠦᠳᠡᠭᠡ ᠲᠤᠰᠬᠤᠨ ᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠳᠠᠨ ᠨᠦᠬᠦᠳ᠂ ᠲᠦᠪ ᠤᠨ ᠪᠠ ᠲᠦᠷᠤ ᠶᠢᠨ ᠪᠠᠶᠢᠭᠤᠯᠭ᠎ᠠ ᠶᠢᠨ ᠬᠤᠯᠪᠤᠬᠳᠠᠯ ᠪᠦᠬᠦᠢ ᠰᠠᠯᠠᠭ᠎ᠠ ᠮᠦᠴᠢᠷ᠂ ᠬᠤᠯᠪᠤᠬᠳᠠᠯ ᠪᠦᠬᠦᠢ ᠠᠷᠠᠳ ᠤᠨ ᠪᠦᠯᠬᠦᠮ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠪᠠᠶᠢᠭᠤᠯᠭ᠎ᠠ ᠶᠢᠨ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠵᠡᠷᠬᠡ ᠬᠤᠷᠠᠯ ᠳᠤ ᠤᠷᠤᠯᠴᠠᠪᠠ᠃ ᠬᠤᠷᠠᠯ ᠨᠢ ᠲᠧᠯᠸᠢᠰ ᠤᠳᠠᠰᠤ ᠬᠤᠷᠠᠯ ᠤᠨ ᠬᠡᠯᠪᠡᠷᠢ ᠪᠠᠷ ᠶᠠᠪᠤᠬᠳᠠᠵᠤ᠂ ᠡᠯ᠎ᠠ ᠮᠤᠵᠢ ᠦᠪᠡᠷᠳᠡᠬᠡᠨ ᠵᠠᠰᠠᠬᠤ ᠤᠷᠤᠨ ᠰᠢᠭᠤᠳ ᠬᠠᠷᠢᠶ᠎ᠠ ᠬᠤᠳᠠ ᠪᠤᠯᠤᠨ ᠰᠢᠨᠵᠢᠶᠠᠩ ᠤᠨ ᠤᠢᠢᠯᠡᠳᠪᠤᠷᠢᠯᠡᠯ ᠪᠦᠳᠤᠬᠡᠨ ᠪᠠᠶᠢᠭᠤᠯᠤᠯᠳᠠ ᠶᠢᠨ ᠪᠢᠩᠲ᠋ᠤᠸᠠᠨ ᠳᠤ ᠬᠤᠪᠢᠶᠠᠷᠢ ᠬᠤᠷᠠᠯ ᠤᠨ ᠲᠠᠯᠠᠪᠠᠢ ᠭᠠᠷᠭᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号