ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ ᠪᠤᠬᠢᠷᠳᠦᠯ ᠦᠬᠡᠢ ᠬᠦᠭᠵᠢᠬᠦᠯᠬᠦ ᠶᠢ ᠪᠠᠷᠢᠮᠳᠠᠯᠠᠨ ᠦᠪᠦᠷ | ᠮᠤᠩᠭᠤᠯ ᠤᠨ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠠ ᠴᠢᠨᠠᠷ ᠰᠠᠶᠢᠳᠠᠢ | ᠬᠦᠭᠵᠢᠯᠳᠡ ᠶᠢ ᠠᠬᠢᠭᠤᠯᠤᠶ᠎ᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠣ ᠯᠢᠨ | ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠳᠤ ᠬᠠᠳᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠠ ᠴᠢᠨᠠᠷ ᠰᠠᠶᠢᠳᠠᠢ ᠬᠦᠭᠵᠢᠯᠳᠡ ᠶᠢᠨ ᠲᠤᠬᠠᠢ | ᠰᠢᠷᠢᠰ ᠴᠢᠬᠤᠯᠠ ᠶᠡᠭᠡ ᠤᠨᠤᠯ ᠪᠠ ᠦᠢᠯᠡᠳᠦᠯᠬᠡ ᠶᠢᠨ ᠠᠰᠠᠭᠤᠳᠠᠯ ᠢ ᠬᠦᠨᠵᠡᠬᠡᠢ ᠦᠬᠦᠯᠡᠵᠦ᠂ ᠬᠠᠳᠤᠨ ᠭᠤᠣᠯ ᠢ | ᠬᠠᠮᠠᠭᠠᠯᠠᠬᠤ ᠪᠤᠯ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠡ ᠮᠠᠨᠳᠤᠯᠳᠠ ᠳᠤ ᠬᠤᠯᠪᠤᠬᠳᠠᠬᠤ ᠮᠢᠩᠭᠠᠨ | ᠣᠨ ᠤ ᠠᠤᠭ᠎ᠠ ᠪᠣᠳᠣᠯᠭ᠎ᠠ ᠮᠦᠨ ᠬᠡᠵᠦ ᠴᠢᠬᠤᠯᠠᠴᠢᠯᠠᠨ᠂ ᠰᠢᠨ᠎ᠡ ᠴᠠᠬ ᠦᠶ᠎ᠡ ᠳᠤ ᠬᠠᠳᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠠ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠳᠤ ᠦᠨᠳᠦᠰᠦᠨ | ᠪᠠᠷᠢᠮᠲᠠᠯᠠᠯ ᠬᠠᠩᠭᠠᠵᠠᠢ᠃ | ᠦᠪᠦᠷ ᠮᠤᠩᠭᠤᠯ ᠤᠨ ᠬᠠᠲᠤᠨ ᠭᠤᠣᠯ ᠤᠨ ᠰᠠᠪᠠ ᠭᠠᠵᠠᠷ ᠤᠨ ᠪᠠ ᠴᠢᠨᠠᠷ ᠰᠠᠶᠢᠳᠠᠢ ᠬᠦᠭᠵᠢᠯᠳᠡ ᠶᠢ | ᠠᠬᠢᠭᠤᠯᠬᠤ ᠪᠠᠴᠢᠮ ᠲᠤᠯᠭᠠᠮ ᠰᠡᠳᠬᠢᠯᠬᠡ᠂ ᠡᠬᠦᠷᠬᠡ ᠬᠠᠷᠢᠭᠤᠴᠠᠯᠭᠠᠳᠤ ᠰᠡᠳᠬᠢᠯᠬᠡ ᠪᠠᠨ ᠦᠨᠡᠨ ᠬᠦ | ᠴᠢᠩᠭᠠᠳᠬᠠᠨ᠎ᠠ | ᠬᠠᠳᠤᠨ ᠭᠤᠤᠯ ᠨᠢᠩᠰᠢᠶᠠ ᠪᠠ ᠦᠪᠦᠷ ᠮᠣᠩᠭᠤᠯ ᠤᠨ ᠠᠭᠤᠯᠵᠠᠷ ᠲᠠᠬᠢ ᠲᠤᠰᠤᠳᠤ ᠭᠤᠣᠯ ᠤᠨ ᠠᠮᠠ ᠪᠠᠷ | ᠥᠪᠥᠷ ᠮᠣᠩᠭᠤᠯ ᠳᠤ ᠤᠷᠤᠰᠤᠨ ᠤᠷᠤᠵᠦ᠂ ᠬᠥᠪᠴᠢ ᠶᠢᠨ ᠡᠯᠡᠰᠦ ᠪᠠ ᠤᠯᠠᠭᠠᠨᠪᠤᠬ᠎ᠠ ᠶᠢᠨ ᠡᠯᠡᠰᠦ ᠬᠤᠶᠠᠷ ᠶᠡᠭᠡ | ᠡᠯᠡᠰᠤ ᠶᠢᠨ ᠲᠤᠮᠳᠠᠭᠤᠷ ᠦᠩᠬᠡᠷᠡᠬᠡᠳ᠂ ᠬᠤᠶᠢᠰᠢ ᠪᠠᠨ ᠤᠷᠤᠰᠤᠨ ᠮᠤᠨᠠ ᠠᠭᠤᠯᠠ ᠳᠤ ᠲᠤᠯᠤᠭᠰᠡᠨ ᠤ ᠳᠠᠷᠠᠭ᠎ᠠ | ᠵᠡᠬᠦᠨᠰᠢ ᠪᠠᠨ ᠮᠤᠷᠤᠶᠢᠬᠰᠠᠨ ᠢᠶᠠᠨ ᠲᠠᠬᠢᠭᠠᠳ ᠡᠮᠦᠨᠡᠰᠢ ᠪᠠᠨ ᠤᠭᠠᠯᠵᠠᠯᠠᠨ ᠤᠷᠤᠰᠴᠤ᠂ ᠮᠤᠨᠠ ᠠᠭᠤᠯᠠ ᠶᠢᠨ | ᠡᠮᠦᠨ᠎ᠡ ᠬᠤᠷᠮᠣᠢ ᠪᠠ ᠤᠷᠳᠤᠰ ᠤᠨ ᠥᠨᠳᠦᠷᠯᠢᠭ ᠲᠤ ᠯᠤᠳᠤ ᠶᠡᠭᠡ ︽几︾ ᠦᠰᠦᠭ ᠤᠨ ᠲᠣᠬᠤᠶᠢᠯᠠᠭᠰᠠᠨ | ᠬᠡᠯᠪᠡᠷᠢ ᠶᠢ ᠪᠦᠷᠢᠯᠳᠦᠬᠦᠯᠦᠭᠰᠡᠨ ᠪᠠᠶᠢᠳᠠᠬ᠃ ᠮᠤᠨᠠ ᠠᠭᠤᠯᠠ ᠵᠡᠬᠦᠨᠰᠢ ᠪᠠᠷᠠᠭᠤᠨᠰᠢ ᠪᠠᠨ ᠬᠡᠳᠦᠨ ᠵᠠᠭᠤᠨ ᠺᠢᠯᠣᠮᠧᠲᠷ | ᠦᠷᠬᠦᠯᠵᠢᠯᠡᠵᠦ᠂ ᠵᠡᠬᠦᠨᠰᠢ ᠪᠠᠨ ᠾᠧᠪᠧᠢ ᠶᠢᠨ ᠬᠤᠶᠢᠳᠤ ᠬᠡᠰᠡᠭ ᠤᠨ ᠠᠭᠤᠯᠠᠷᠬᠠᠬ ᠭᠠᠵᠠᠷ ᠲᠠᠢ ᠵᠠᠯᠭᠠᠯᠳᠤᠵᠦ᠂ | ᠪᠠᠷᠠᠭᠤᠨᠰᠢ ᠪᠠᠨ ᠠᠯᠠᠱᠠ ᠠᠭᠤᠯᠠ᠂ ᠪᠧᠢ ᠳ᠋ᠠ ᠱᠠᠨ ᠠᠭᠤᠯᠠ᠂ ᠳᠡᠯ ᠠᠭᠤᠯᠠ ᠲᠠᠢ ᠵᠠᠯᠭᠠᠯᠳᠤᠵᠤ᠂ ᠬᠠᠲᠤᠨ | ᠭᠤᠣᠯ ᠤᠨ ᠰᠠᠪᠠ ᠭᠠᠵᠠᠷ ᠬᠢᠬᠡᠳ ᠲᠤᠳᠤᠭᠠᠳᠤ ᠬᠠᠭᠤᠷᠠᠢ ᠶᠢᠨ ᠭᠤᠤᠯ᠂ ᠬᠠᠢ ᠾᠧ ᠭᠤᠤᠯ᠂ ᠯᠤᠧᠠᠨ ᠾᠧ | ᠭᠤᠣᠯ ᠤᠨ ᠰᠠᠪᠠ ᠭᠠᠵᠠᠷ ᠤᠨ ᠵᠠᠭᠠᠭ ᠪᠠᠶᠢᠵᠦ᠂ ᠮᠠᠨ ᠤ ᠤᠯᠤᠰ ᠤᠨ ᠤᠮᠠᠷᠠᠳᠤ ᠤᠷᠤᠨ ᠤ ᠠᠮᠢ ᠠᠬᠤᠢ ᠶᠢᠨ | ᠴᠢᠬᠤᠯᠠ ᠬᠠᠯᠬᠠᠪᠴᠢ ᠱᠤᠭᠤᠮ ᠪᠣᠯᠣᠨ᠎ᠠ᠃ ᠦᠪᠦᠷ ᠮᠣᠩᠭᠤᠯ ᠤᠨ ᠬᠠᠳᠤᠨ ᠭᠤᠣᠯ ᠤᠨ ᠰᠠᠪᠠ ᠭᠠᠵᠠᠷ ᠤᠨ 7 | ᠠᠶᠢᠮᠠᠬ ᠬᠤᠳᠠ ᠶᠢᠨ ᠴᠦᠯᠯᠡᠷᠭᠡᠭᠵᠢᠭᠰᠡᠨ ᠭᠠᠵᠠᠷ ᠰᠢᠷᠤᠢ ᠶᠢᠨ ᠲᠠᠯᠠᠪᠠᠢ 5.49 ᠳ᠋ᠦᠩᠰᠢᠭᠤᠷ ᠮᠦ ᠳᠤ ᠬᠦᠷᠴᠤ᠂ | ᠪᠦᠬᠦ ᠤᠷᠤᠨ ᠤ ᠴᠦᠯᠯᠡᠷᠭᠡᠭᠵᠢᠭᠰᠡᠨ ᠭᠠᠵᠠᠷ ᠰᠢᠷᠤᠢ ᠶᠢᠨ ᠲᠠᠯᠠᠪᠠᠢ ᠶᠢᠨ 60.1% ᠶᠢ ᠡᠵᠡᠯᠡᠵᠦ᠂ ᠪᠦᠬᠦ | ᠤᠯᠤᠰ ᠤᠨ ᠴᠥᠯᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠬᠠᠮᠤᠭ ᠶᠡᠭᠡ ᠲᠦᠪᠯᠡᠷᠡᠭᠰᠡᠨ᠂ | ᠬᠤᠣᠷ ᠬᠥᠨᠥᠭᠡᠯ ᠨᠢ ᠬᠠᠮᠤᠭ ᠤᠨ ᠬᠦᠨᠳᠤ ᠨᠤᠴᠢᠳᠠᠢ ᠤᠷᠤᠨ ᠪᠦᠰᠡ ᠶᠢᠨ ᠨᠢᠭᠡ ᠪᠣᠯᠣᠨ᠎ᠠ᠃ ᠰᠠᠪᠠ ᠭᠠᠵᠠᠷ ᠤᠨ | ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠬᠢᠷᠢ ᠵᠡᠷᠬᠡ ᠪᠠᠶᠢᠬᠤ ᠨᠢ ᠦᠪᠦᠷ ᠮᠤᠩᠭᠤᠯ ᠲᠡᠷᠡᠴᠢᠯᠡᠨ | ᠪᠦᠬᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠲᠠᠢ ᠰᠢᠭᠤᠳ ᠬᠤᠯᠪᠤᠬᠳᠠᠳᠠᠬ᠃ | ᠬᠠᠳᠤᠨ ᠭᠤᠣᠯ ᠤᠨ ᠤᠷᠤᠰᠬᠠᠯ ᠥᠪᠥᠷ ᠮᠣᠩᠭᠤᠯ ᠤᠨ ︽几︾ ᠦᠰᠦᠭ ᠤᠨ ᠬᠡᠯᠪᠡᠷᠢᠲᠦ ᠲᠤᠬᠤᠢ ᠳᠤ | ᠪᠣᠷᠣᠲᠣᠬᠤᠢ ᠶᠢᠨ ᠲᠠᠯ᠎ᠠ᠂ ᠲᠦᠮᠡᠳ ᠤᠨ ᠲᠠᠯ᠎ᠠ ᠭᠡᠬᠦ ᠬᠤᠶᠠᠷ ᠶᠡᠭᠡ ᠲᠠᠯ᠎ᠠ ᠭᠠᠵᠠᠷ ᠢ ᠪᠦᠷᠢᠯᠳᠦᠭᠦᠯᠵᠡᠢ᠃ ᠡᠨᠡ ᠬᠦ | ᠤᠷᠤᠨ ᠪᠦᠰᠡ ᠨᠢ ᠤᠮᠠᠷᠠᠳᠤ ᠦᠷᠭᠡᠷᠢᠭ ᠤᠨ 39°10` ᠠᠴᠠ 41°50` ᠤᠨ ᠬᠤᠭᠤᠷᠤᠨᠳᠤ ᠪᠠᠶᠢᠷᠢᠯᠠᠵᠦ᠂ | ᠬᠦᠢᠳᠡᠨ ᠰᠡᠷᠢᠬᠦᠨ ᠠᠵᠦ ᠠᠬᠤᠢ ᠶᠢᠨ ᠪᠦᠰᠡ᠂ ᠲᠠᠷᠢᠶᠠᠯᠠᠩ ᠤᠨ ᠰᠢᠵᠢᠷ ᠠᠯᠳᠠᠨ ᠲᠠᠷᠢᠮᠠᠯ ᠤᠨ ᠪᠦᠰᠡ᠂ ᠮᠠᠯ | ᠠᠵᠦ ᠠᠬᠤᠢ ᠶᠢᠨ ᠰᠢᠵᠢᠷ ᠠᠯᠳᠠᠨ ᠪᠦᠰᠡ ᠳᠤ ᠪᠠᠶᠢᠷᠢᠯᠠᠳᠠᠬ᠃ ᠤᠨᠴᠠᠭᠠᠢ ᠲᠠᠯᠠᠢ ᠶᠢᠨ ᠡᠷᠬᠦᠭᠳᠡᠴᠡ᠂ ᠦᠷᠭᠡᠷᠢᠭ | ᠵᠡᠷᠬᠡ ᠭᠠᠵᠠᠷ ᠵᠦᠢ ᠪᠠ ᠠᠭᠤᠷ ᠠᠮᠢᠰᠬᠤᠯ ᠤᠨ ᠨᠥᠬᠦᠴᠡᠯ ᠨᠢ ᠮᠠᠯ ᠤᠨ ᠰᠢᠮ᠎ᠡ᠂ ᠲᠠᠷᠢᠶᠠᠯᠠᠩ ᠤᠨ | ᠪᠦᠲᠦᠭᠡᠭᠳᠡᠬᠦᠨ ᠤ ᠲᠦᠷᠦᠯ ᠵᠦᠢᠯ ᠤᠯᠠᠨ᠂ ᠶᠠᠰᠤ ᠴᠢᠨᠠᠷ ᠤᠬᠢ ᠰᠠᠶᠢᠨ ᠪᠠᠶᠢᠬᠤ ᠶᠢ ᠲᠤᠭᠳᠠᠭᠠᠵᠦ᠂ ᠪᠣᠬᠢᠷᠲᠤᠯ | ᠦᠭᠡᠢ ᠤᠷᠭᠠᠨᠢᠭ ᠪᠦᠭᠡᠳ ᠪᠠᠰᠠ ᠰᠢᠮ᠎ᠡ ᠲᠡᠵᠢᠭᠡᠯ ᠤᠨ ᠥᠷᠲᠡᠭ ᠢᠶᠠᠷ ᠥᠨᠳᠥᠷ᠂ ᠦᠨᠦᠷ ᠠᠮᠲᠠ ᠨᠢ ᠭᠤᠶᠤ | ᠪᠠᠶᠢᠵᠦ᠂ ︽ᠪᠤᠬᠢᠷᠳᠤᠯ ᠦᠬᠡᠢ ᠥᠪᠥᠷ ᠮᠣᠩᠭᠤᠯ︾ ᠨᠢᠬᠡᠨᠳᠡ ᠤᠷᠤᠨ ᠪᠦᠰᠡ ᠶᠢᠨ ᠴᠢᠨᠠᠷᠳᠠᠢ ᠲᠦᠷᠢ ᠲᠦᠷᠬᠦ | ᠲᠦᠷᠦᠯ ᠲᠡᠮᠳᠡᠭ ᠪᠤᠯᠵᠠᠢ᠃ ᠦᠪᠦᠷ ᠮᠣᠩᠭᠤᠯ ᠤᠨ ᠬᠠᠳᠤᠨ ᠭᠤᠣᠯ ᠤᠨ ᠰᠠᠪᠠ ᠭᠠᠵᠠᠷ ᠤᠨ ᠣᠳᠣᠬᠠᠨ ᠤ | ᠲᠠᠷᠢᠶᠠᠨ ᠭᠠᠵᠠᠷ ᠤᠨ ᠲᠠᠯᠠᠪᠠᠢ 4618 ᠲᠦᠮᠡᠨ ᠮᠦ ᠪᠠᠶᠢᠵᠦ᠂ ᠪᠦᠬᠦ ᠤᠷᠤᠨ ᠤ ᠲᠠᠷᠢᠶᠠᠨ ᠭᠠᠵᠠᠷ ᠤᠨ | ᠲᠠᠯᠠᠪᠠᠢ ᠶᠢᠨ 33.7% ᠶᠢ ᠡᠵᠡᠯᠡᠵᠦ ᠪᠠᠶᠢᠨ᠎ᠠ︔ ᠠᠮᠤ ᠪᠤᠳᠠᠭᠠᠨ ᠤ ᠤᠨᠠᠯᠳᠠ 151 ᠳ᠋ᠦᠩᠰᠢᠭᠤᠷ ᠵᠢᠩ ᠳᠤ | ᠬᠦᠷᠴᠤ᠂ ᠪᠦᠬᠦ ᠤᠷᠤᠨ ᠤ ᠠᠮᠤ ᠪᠤᠳᠠᠭᠠᠨ ᠤ ᠤᠨᠠᠯᠳᠠ ᠶᠢᠨ 21.3% ᠶᠢ ᠡᠵᠡᠯᠡᠵᠤ ᠪᠠᠶᠢᠨ᠎ᠠ︔ ᠠᠮᠢᠳᠤ | ᠮᠠᠯ ᠤᠨ ᠲᠤᠭ᠎ᠠ 2352 ᠲᠦᠮᠡ ᠪᠠᠶᠢᠵᠦ᠂ ᠪᠦᠬᠦ ᠤᠷᠤᠨ ᠤ ᠠᠮᠢᠳᠤ ᠮᠠᠯ ᠤᠨ ᠲᠤᠭᠠᠨ ᠤ 32.7% ᠶᠢ | ᠡᠵᠡᠯᠡᠵᠦ᠂ ᠤᠯᠤᠰ ᠤᠨ ᠮᠠᠯ ᠤᠨ ᠠᠰᠢᠬ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠴᠢᠬᠤᠯᠠ ᠰᠠᠭᠤᠷᠢᠨ ᠪᠣᠯᠣᠨ᠎ᠠ᠃ | ᠪᠤᠷᠤᠳᠤᠬᠤᠢ ᠶᠢᠨ ᠤᠰᠤᠯᠠᠯᠳᠠ ᠶᠢᠨ ᠤᠷᠤᠨ ᠳᠤ ᠠᠯᠢ ᠡᠷᠳᠡ ᠴᠢᠨ ᠬᠠᠨ ᠤ ᠦᠶ᠎ᠡ ᠠᠴᠠ ᠡᠬᠢᠯᠡᠨ ᠤᠰᠤᠨ | ᠰᠤᠪᠠᠬ ᠮᠠᠯᠳᠠᠵᠦ᠂ ᠲᠡᠯᠡᠬᠡᠢ ᠶᠢᠨ ᠤᠰᠤᠯᠠᠯᠳᠠ ᠶᠢᠨ ᠢᠨᠵᠧᠨᠧᠷᠢᠩ ᠤᠨ ᠰᠣᠶᠣᠯ ᠤᠨ ᠦᠪ ᠤᠨ ᠵᠢᠷᠭᠤᠳᠤᠭᠠᠷ | ᠪᠦᠯᠦᠭ ᠤᠨ ᠨᠡᠷᠡᠰ ᠤᠨ ᠪᠦᠷᠢᠳᠬᠡᠯ ᠳᠤ ᠵᠢᠬᠰᠠᠭᠠᠬᠳᠠᠵᠦ᠂ 1961 ᠣᠨ ᠳᠤ ᠪᠦᠲᠦᠬᠡᠨ ᠪᠠᠶᠢᠭᠤᠯᠵᠦ | ᠲᠠᠭᠤᠰᠬᠠᠬᠰᠠᠨ ᠰᠠᠨ ᠱᠧᠩ ᠬᠦᠩ ᠤᠰᠤᠨ ᠠᠰᠢᠬᠯᠠᠯᠳᠠ ᠶᠢᠨ ᠬᠦᠢᠰᠦ ᠪᠠᠷᠢᠯᠭ᠎ᠠ ︽ᠲᠦᠮᠡᠨ ᠭᠠᠵᠠᠷ ᠤᠨ ᠬᠠᠳᠤᠨ | ᠭᠤᠣᠯ ᠤᠨ ᠲᠦᠷᠦᠬᠦᠦ ᠨᠡᠬᠡᠯᠡᠬᠡᠢ︾ ᠬᠡᠵᠦ ᠠᠯᠳᠠᠷᠰᠢᠵᠠᠢ᠃ ᠬᠠᠳᠤᠨ ᠭᠤᠣᠯ ᠤᠨ ᠤᠰᠤᠯᠠᠯᠲᠠ ᠶᠢᠨ ᠤᠷᠤᠨ ᠪᠤᠯ | ᠤᠳᠤᠬᠠᠨ ᠤ ᠠᠽᠢᠶ᠎ᠠ ᠲᠢᠪ ᠤᠨ ᠬᠠᠮᠤᠭ ᠶᠡᠭᠡ ᠤᠷᠤᠰᠬᠠᠯ ᠤᠰᠤ ᠶᠢ ᠲᠠᠳᠠᠬᠤ ᠤᠰᠤᠯᠠᠯᠳᠠ ᠶᠢᠨ ᠤᠷᠤᠨ ᠪᠠᠶᠢᠵᠦ᠂ | ︽ᠲᠡᠭᠷᠢ ᠶᠢᠨ ᠳᠣᠣᠷ᠎ᠠ ᠬᠠᠳᠤᠨ ᠭᠤᠤᠯ ᠪᠣᠷᠣᠲᠣᠬᠤᠢ ᠶᠢ ᠪᠠᠶᠠᠵᠢᠭᠤᠯᠵᠠᠢ︾ ᠬᠡᠰᠡᠨ ᠰᠠᠶᠢᠬᠠᠨ ᠠᠯᠳᠠᠷ ᠲᠠᠢ ᠪᠢᠯᠡ᠃ | | ᠥᠪᠥᠷ ᠮᠣᠩᠭᠤᠯ ᠤᠨ ᠬᠠᠲᠤᠨ ᠭᠤᠣᠯ ᠤᠨ ᠰᠠᠪᠠ ᠭᠠᠵᠠᠷ ᠨᠡᠭᠦᠷᠡᠰᠦ᠂ ᠪᠠᠶᠢᠭᠠᠯᠢ ᠶᠢᠨ ᠰᠢᠲᠠᠮᠠᠬᠠᠢ ᠬᠡᠢ᠂ | ᠰᠠᠯᠬᠢᠨ ᠤ ᠡᠨᠧᠷᠬᠢ᠂ ᠨᠠᠷᠠᠨ ᠤ ᠡᠨᠧᠷᠬᠢ ᠵᠡᠷᠬᠡ ᠡᠨᠧᠷᠬᠢ ᠶᠢᠨ ᠡᠬᠢ ᠪᠠᠶᠠᠯᠢᠭ ᠢᠶᠠᠷ ᠡᠯᠪᠡᠭ ᠪᠠᠶᠢᠵᠦ᠂ ᠨᠡᠬᠦᠷᠡᠰᠤᠨ ᠤ | ᠦᠢᠯᠡᠳᠪᠦᠷᠢᠯᠡᠯ ᠤᠨ ᠴᠢᠳᠠᠪᠤᠷᠢ ᠨᠢ ᠪᠦᠬᠦ ᠤᠯᠤᠰ ᠤᠨ 1/5 ᠶᠢ ᠡᠵᠡᠯᠡᠵᠦ᠂ ᠴᠢᠯᠠᠭᠤᠨ ᠲᠤᠰᠤ᠂ ᠪᠠᠶᠢᠭᠠᠯᠢ ᠶᠢᠨ | ᠰᠢᠲᠠᠮᠠᠬᠠᠢ ᠬᠡᠢ ᠶᠢᠨ ᠬᠠᠳᠠᠭᠠᠯᠠᠬᠳᠠᠴᠠ ᠨᠢ ᠲᠤᠰ ᠲᠤᠰ 6 ᠳ᠋ᠦᠩᠰᠢᠭᠤᠷ ᠲᠤᠨ ᠪᠠ 2 ᠳ᠋ᠦᠩᠰᠢᠭᠤᠷ ᠪᠣᠰᠤᠭ᠎ᠠ | ᠲᠦᠷᠪᠡᠯᠵᠢᠨ ᠮᠧᠲᠷ ᠪᠠᠶᠢᠵᠤ᠂ ᠰᠠᠯᠬᠢᠨ ᠤ ᠡᠨᠧᠷᠬᠢ᠂ ᠨᠠᠷᠠᠨ ᠤ ᠡᠨᠧᠷᠬᠢ ᠶᠢᠨ ᠡᠬᠢ ᠪᠠᠶᠠᠯᠢᠬ ᠢᠶᠠᠷ ᠢᠶᠠᠨ ᠪᠦᠬᠦ | ᠤᠯᠤᠰ ᠲᠤ ᠳᠡᠬᠡᠬᠦᠷ ᠤᠷᠤᠳᠠᠬ᠃ ᠡᠬᠦᠨ ᠳᠤ ᠤᠷᠳᠤᠰ ᠤᠨ ᠨᠡᠬᠦᠷᠡᠰᠤᠨ ᠤ ᠠᠢ ᠰᠠᠪᠠ ᠪᠤᠯ ᠲᠡᠯᠡᠬᠡᠢ ᠲᠡᠬᠡᠷᠡᠬᠢ | ᠤᠨᠴᠠ ᠶᠡᠭᠡ ᠨᠡᠬᠦᠷᠡᠰᠤᠨ ᠤ ᠠᠢ ᠰᠠᠪᠠ ᠶᠢᠨ ᠨᠢᠬᠡ ᠪᠠᠶᠢᠵᠦ᠂ ᠦᠬᠠᠢ ᠶᠢᠨ ᠰᠢᠯᠢᠳᠡᠭ ᠬᠡᠤᠷᠠᠰᠤ ᠨᠢ ᠦᠪᠦᠷ | ᠮᠣᠩᠭᠤᠯ ᠤᠨ ᠨᠢᠬᠡᠨᠳᠡ ᠬᠠᠶᠢᠵᠦ ᠢᠯᠡᠷᠡᠬᠦᠯᠦᠭᠰᠡᠨ ᠬᠠᠳᠠᠭᠠᠯᠠᠬᠳᠠᠴᠠ ᠶᠢᠨ 75% ᠶᠢ ᠡᠵᠡᠯᠡᠵᠦ᠂ ᠤᠷᠳᠤᠰ ᠤᠨ | ᠴᠢᠩ ᠴᠧᠩ ᠴᠢᠯᠠᠭᠤᠨ ᠲᠤᠰᠤᠨ ᠤ ᠠᠢ ᠰᠠᠪᠠ ᠪᠤᠯ 10 ᠳ᠋ᠦᠩᠰᠢᠭᠤᠷ ᠲᠤᠨ ᠤ ᠲᠡᠰ ᠤᠨ ᠲᠤᠮᠤ ᠴᠢᠯᠠᠭᠤᠨ | ᠲᠤᠰᠤᠨ ᠠᠢ ᠰᠠᠪᠠ ᠪᠠᠶᠢᠵᠦ᠂ ᠰᠤᠪᠤᠷᠭ᠎ᠠ ᠪᠠᠶᠢᠭᠠᠯᠢ ᠶᠢᠨ ᠰᠢᠲᠠᠮᠠᠬᠠᠢ ᠬᠡᠢ ᠶᠢᠨ ᠰᠠᠪᠠ ᠪᠣᠯ ᠮᠠᠨ ᠤ ᠤᠯᠤᠰ ᠤᠨ | ᠤᠳᠤᠬᠠᠨ ᠤ ᠠᠩᠬᠠᠳᠠᠬᠴᠢ ᠤᠨᠴᠠ ᠶᠡᠭᠡ ᠬᠡᠯᠪᠡᠷᠢ ᠶᠢᠨ ᠪᠠᠶᠢᠭᠠᠯᠢ ᠶᠢᠨ ᠰᠢᠲᠠᠮᠠᠬᠠᠢ ᠬᠡᠢ ᠶᠢᠨ ᠠᠢ ᠰᠠᠪᠠ ᠪᠣᠯᠣᠨ᠎ᠠ᠃ | ᠬᠠᠳᠤᠨ ᠭᠤᠤᠯ ᠲᠠᠭᠠᠤ ᠶᠢᠨ ᠭᠠᠵᠠᠷ ᠤᠷᠤᠨ ᠤ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠶᠡᠷᠦᠩᠬᠡᠢ | ᠬᠡᠮᠵᠢᠶ᠎ᠡ᠂ ᠰᠢᠨ᠎ᠡ ᠡᠨᠧᠷᠬᠢ ᠶᠢᠨ ᠮᠠᠰᠢᠨ ᠴᠤᠬᠴᠠᠯᠠᠪᠤᠷᠢ ᠶᠢᠨ ᠶᠡᠷᠦᠩᠬᠡᠢ ᠬᠡᠮᠵᠢᠶ᠎ᠡ᠂ ᠭᠠᠳᠠᠬᠰᠢ ᠬᠦᠷᠬᠡᠬᠦ | ᠴᠠᠬᠢᠯᠭᠠᠨ ᠤ ᠬᠡᠮᠵᠢᠶ᠎ᠡ ᠲᠤᠰ ᠲᠤᠰ ᠪᠦᠬᠦ ᠤᠷᠤᠨ ᠤ 64%᠂ 56% ᠪᠠ 44% ᠶᠢ ᠡᠵᠡᠯᠡᠵᠦ ᠪᠠᠶᠢᠨ᠎ᠠ᠃ | ᠡᠨᠡ ᠬᠦ ᠤᠷᠤᠨ ᠪᠦᠰᠡ ᠪᠤᠯ ᠪᠠᠰᠠ ᠴᠤ ᠮᠠᠨ ᠤ ᠤᠯᠤᠰ ᠤᠨ ᠤᠳᠤ ᠦᠶ᠎ᠡ ᠶᠢᠨ ᠨᠡᠬᠦᠷᠡᠰᠤ ᠬᠢᠮᠢ ᠶᠢᠨ ᠠᠵᠦ | ᠦᠢᠯᠡᠳᠪᠦᠷᠢ᠂ ᠲᠡᠮᠦᠷᠯᠢᠭ᠂ ᠬᠤᠪᠤᠷ ᠰᠢᠷᠤᠢ᠂ ᠮᠠᠰᠢᠨ ᠲᠤᠨᠤᠬᠯᠠᠯ ᠦᠢᠯᠡᠳᠬᠦ ᠠᠵᠦ ᠦᠢᠯᠡᠰ ᠤᠨ ᠴᠢᠬᠤᠯᠠ | ᠰᠠᠭᠤᠷᠢᠨ ᠪᠠᠶᠢᠵᠦ᠂ ᠨᠡᠬᠦᠷᠡᠰᠤ ᠪᠠᠷ ᠴᠢᠯᠠᠭᠤᠨ ᠲᠤᠰᠤ ᠦᠢᠯᠡᠳᠬᠦ᠂ ᠨᠡᠬᠦᠷᠡᠰᠤ ᠪᠠᠷ ᠪᠠᠶᠢᠭᠠᠯᠢ ᠶᠢᠨ ᠰᠢᠲᠠᠮᠠᠬᠠᠢ ᠬᠡᠢ | ᠦᠢᠯᠡᠳᠬᠦ᠂ ᠨᠡᠬᠦᠷᠡᠰᠤ ᠪᠠᠷ ᠠᠯᠺᠧᠨ ᠨᠡᠭᠦᠷᠦᠭᠴᠢ ᠦᠢᠯᠡᠳᠬᠦ ᠵᠡᠷᠬᠡ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠦ | ᠦᠢᠯᠡᠳᠪᠦᠷᠢ ᠶᠢᠨ ᠠᠵᠦ ᠦᠢᠯᠡᠰ ᠤᠨ ᠬᠡᠪᠴᠢᠶᠡᠵᠢᠯ ᠪᠠ ᠮᠡᠷᠬᠡᠵᠢᠯ ᠨᠢ ᠤᠯᠤᠰ ᠤᠨ ᠲᠤᠳᠤᠭᠠᠳᠤ ᠭᠠᠳᠠᠭᠠᠳᠤ ᠳᠤ | ᠲᠦᠷᠦᠬᠦᠯᠡᠵᠦ ᠪᠠᠶᠢᠨ᠎ᠠ᠃ | ᠥᠪᠥᠷ ᠮᠣᠩᠭᠤᠯ ᠤᠨ ᠬᠠᠳᠤᠨ ᠭᠤᠣᠯ ᠤᠨ ᠰᠠᠪᠠ ᠭᠠᠵᠠᠷ ᠪᠣᠯ ᠮᠠᠯ ᠠᠵᠤ ᠠᠬᠤᠢ ᠲᠠᠷᠢᠶᠠᠯᠠᠩ | ᠰᠤᠯᠪᠢᠴᠠᠭᠰᠠᠨ ᠪᠦᠰᠡ ᠪᠠ ᠤᠯᠠᠨ ᠦᠨᠳᠦᠰᠦᠳᠡᠨ ᠲᠦᠪᠯᠡᠷᠡᠨ ᠰᠠᠭᠤᠷᠢᠰᠢᠭᠰᠠᠨ ᠤᠷᠤᠨ ᠪᠠᠶᠢᠵᠦ᠂ ᠭᠦᠨ | ᠵᠤᠵᠠᠭᠠᠨ ᠲᠡᠦᠬᠡ ᠰᠤᠶᠤᠯ᠂ ᠦᠨᠳᠦᠰᠦᠳᠡᠨ ᠤ ᠰᠤᠶᠤᠯ ᠪᠤᠯᠤᠨ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠲᠠᠢ | ᠪᠠᠶᠢᠳᠠᠭ᠃ ︽ᠲᠡᠭᠷᠢ ᠴᠡᠯᠡᠶᠢᠨ ᠲᠠᠯ᠎ᠠ ᠨᠡᠯᠦᠶᠢᠭᠡᠳ ᠡᠪᠡᠰᠤᠨ ᠤ ᠳᠤᠯᠤᠭᠠᠢ ᠰᠠᠯᠬᠢᠨ ᠳᠤ ᠨᠠᠶᠢᠭᠤᠬᠤᠶ᠎ᠠ ᠦᠬᠡᠷ | ᠬᠤᠨᠢᠳ ᠤᠨ ᠵᠣ ᠢᠷᠠᠯᠵᠠᠨ᠎ᠠ︾ ᠭᠡᠰᠡᠨ ᠲᠦᠷᠰᠦᠯᠡᠯ ᠪᠤᠯ ᠶᠠᠬ ᠠᠳᠡᠬᠢ ᠥᠩᠭᠡ ᠦᠵᠡᠮᠵᠢ ᠪᠣᠯᠣᠨ᠎ᠠ᠃ ᠬᠠᠳᠤᠨ | ᠭᠤᠤᠯ ᠤᠨ ᠰᠠᠪᠠ ᠭᠠᠵᠠᠷ ᠪᠤᠯ ᠮᠦᠨ ᠴᠦ ᠦᠪᠦᠷ ᠮᠣᠩᠭᠤᠯ ᠤᠨ ᠬᠤᠪᠢᠰᠬᠠᠯᠳᠤ ᠬᠦᠳᠡᠯᠭᠡᠭᠡᠨ ᠤ ᠡᠬᠢ | ᠡᠭᠦᠰᠦᠯ ᠤᠨ ᠭᠠᠵᠠᠷ᠂ ᠦᠪᠦᠷ ᠮᠣᠩᠭᠤᠯ ᠤᠨ ᠶᠠᠫᠤᠨ ᠢ ᠡᠰᠡᠷᠭᠦᠴᠡᠬᠦ ᠲᠡᠮᠡᠴᠡᠯ ᠤᠨ ᠭᠤᠤᠯ ᠲᠤᠯᠤᠯᠳᠤᠭᠠᠨ ᠤ | ᠲᠠᠯᠠᠪᠤᠷ᠂ ᠥᠪᠥᠷ ᠮᠣᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ ᠬᠥᠳᠡᠯᠭᠡᠭᠡᠨ ᠤ ᠭᠤᠣᠯ ᠭᠠᠵᠠᠷ ᠣᠷᠣᠨ | ᠪᠠᠶᠢᠵᠦ᠂ ᠭᠦᠨ ᠵᠤᠵᠠᠭᠠᠨ ᠬᠤᠪᠢᠰᠬᠠᠯᠳᠤ ᠰᠣᠶᠣᠯ ᠢ ᠪᠤᠶᠢᠵᠢᠭᠤᠯᠤᠭᠰᠠᠨ ᠶᠤᠮ᠃ ᠮᠡᠦ ᠽᠧ ᠳ᠋ᠦᠩ ᠥᠪᠡᠷ ᠤᠨ | ᠪᠡᠶ᠎ᠡ ᠪᠠᠷ ᠢᠶᠠᠨ ᠰᠶᠢᠳᠪᠦᠷᠢᠳᠤ ᠪᠣᠳᠣᠯᠭ᠎ᠠ ᠳᠤᠭᠳᠠᠭᠠᠵᠤ ᠪᠠᠶᠢᠭᠤᠯᠤᠭᠰᠠᠨ ᠲᠠᠯᠠᠨ ᠬᠠᠷ᠎ᠠ ᠠᠭᠤᠯᠠ ᠶᠢᠨ ᠶᠠᠫᠤᠨ ᠢ | ᠡᠰᠡᠷᠭᠦᠴᠡᠬᠦ ᠰᠠᠭᠤᠷᠢᠨ ᠪᠤᠯ ᠶᠠᠫᠤᠨ ᠴᠡᠷᠢᠭ ᠪᠠ ᠬᠠᠭᠤᠷᠮᠠᠭ ᠮᠠᠨᠵᠤ ᠶᠢᠨ ᠴᠡᠷᠢᠭ ᠤᠨ ᠪᠠᠷᠠᠭᠤᠨᠰᠢ ᠲᠦᠷᠢᠬᠦ ᠶᠢ | ᠬᠤᠷᠢᠬᠯᠠᠵᠦ᠂ ᠱᠠᠨᠰᠢ ᠭᠠᠨᠰᠤ ᠨᠢᠩᠰᠢᠶᠠ ᠶᠢᠨ ᠬᠢᠵᠠᠭᠠᠷ ᠣᠷᠣᠨ ᠢ ᠬᠠᠮᠠᠭᠠᠯᠠᠬᠤ ᠴᠢᠬᠤᠯᠠ ᠬᠠᠯᠬᠠᠪᠴᠢ ᠪᠦᠭᠡᠳ | ᠳᠤᠮᠳᠠᠳᠤ ᠤᠯᠤᠰ ᠤᠨ ᠡᠪ ᠬᠠᠮᠳᠤ ᠨᠠᠮ ᠤᠨ ᠤᠯᠠᠨ ᠤᠯᠤᠰ ᠤᠨ ᠬᠠᠷᠢᠯᠴᠠᠭᠠᠨ ᠤ ᠴᠢᠬᠤᠯᠠ ᠵᠠᠮ ᠤᠨ ᠨᠢᠭᠡ | ᠪᠠᠶᠢᠵᠦ᠂ ᠤᠮᠠᠷᠠᠳᠤ ᠤᠷᠤᠨ ᠤ ᠲᠠᠶᠢᠰᠤᠨ ᠤ ᠠᠷᠤ ᠲᠠᠯ᠎ᠠ ᠶᠢᠨ ᠲᠠᠶᠢᠨ ᠤ ᠲᠠᠯᠠᠪᠤᠷ ᠨᠡᠭᠡᠭᠡᠬᠦ ᠵᠢᠴᠢ ᠲᠠᠶᠢᠰᠤᠨ ᠤ | ᠠᠷᠤ ᠲᠠᠯ᠎ᠠ ᠳᠤ ᠶᠠᠫᠤᠨ ᠢ ᠡᠰᠡᠷᠭᠦᠴᠡᠬᠦ ᠳᠠᠶᠢᠨ ᠢ ᠪᠠᠷᠢᠮᠳᠠᠯᠠᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠶᠤᠮ᠃ | | ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠠ ᠴᠢᠨᠠᠷ ᠰᠠᠶᠢᠳᠠᠢ | ᠬᠥᠭᠵᠢᠯᠲᠡ ᠶᠢ ᠠᠬᠢᠭᠤᠯᠬᠤ ᠪᠤᠯ ᠦᠪᠦᠷ ᠮᠣᠩᠭᠤᠯ ᠤᠨ ᠪᠦᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ | ᠡᠷᠬᠡᠪᠰᠢ ᠰᠠᠶᠢᠳᠤᠷ ᠡᠭᠦᠷᠭᠡᠯᠡᠬᠦ ᠤᠯᠤᠰ ᠲᠦᠷᠦ ᠶᠢᠨ ᠬᠠᠷᠢᠭᠤᠴᠠᠯᠭ᠎ᠠ ᠪᠠᠶᠢᠵᠦ᠂ ᠮᠦᠨ ᠴᠦ ᠪᠢᠳᠡᠨ ᠤ ᠴᠢᠨᠠᠷ | ᠰᠠᠶᠢᠳᠠᠢ ᠬᠥᠭᠵᠢᠯᠲᠡ ᠶᠢ ᠠᠬᠢᠭᠤᠯᠬᠤ ᠪᠠᠴᠢᠮ ᠲᠤᠯᠭᠠᠮ ᠱᠠᠭᠠᠷᠳᠠᠯᠭ᠎ᠠ ᠪᠠ ᠴᠢᠬᠤᠯᠠ ᠶᠡᠭᠡ ᠠᠵᠠ ᠲᠣᠬᠢᠶᠠᠯ ᠮᠥᠨ᠃ | ᠪᠢᠳᠡ ᠡᠷᠬᠡᠪᠰᠢ ︽ᠳᠥᠷᠪᠡᠨ ᠢᠲᠡᠭᠡᠯ︾ ᠢᠶᠠᠨ ᠪᠠᠳᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠬᠦᠬᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠦᠩᠭᠦᠨ ᠠᠭᠤᠯᠠ ᠮᠦᠨ ᠭᠡᠬᠦ ᠣᠶᠢᠯᠠᠭᠠᠭᠳᠠᠬᠤᠨ ᠢ ᠨᠠᠷᠢᠨ | ᠬᠢᠨᠠᠮᠠᠭᠠᠢ ᠦᠢᠯᠡᠳᠦᠯᠭᠡᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ︽ᠶᠡᠭᠡ ᠬᠠᠮᠠᠭᠠᠯᠠᠯᠲᠠ ᠶᠢ ᠬᠠᠮᠳᠤ ᠪᠠᠷ | ᠰᠠᠶᠢᠳᠤᠷ ᠠᠳᠬᠤᠵᠦ᠂ ᠶᠡᠭᠡ ᠵᠠᠰᠠᠯᠲᠠ ᠶᠢ ᠬᠠᠮᠵᠢᠯᠴᠠᠨ ᠠᠬᠢᠭᠤᠯᠬᠤ︾ ᠴᠢᠬᠤᠯᠠ ᠱᠠᠭᠠᠷᠳᠠᠯᠭ᠎ᠠ ᠶᠤᠰᠤᠭᠠᠷ᠂ ᠠᠮᠢ | ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠦᠯ ᠦᠭᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠭᠰᠠᠨ ᠴᠢᠨᠠᠷ | ᠰᠠᠶᠢᠳᠠᠢ ᠬᠦᠭᠵᠢᠯᠳᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠤᠯᠤᠰ ᠤᠨ ᠠᠮᠢ ᠠᠬᠤᠢ ᠶᠢᠨ | ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ ᠪᠤᠯᠤᠨ ᠬᠠᠳᠤᠨ | ᠭᠤᠣᠯ ᠤᠨ ᠰᠣᠶᠣᠯ ᠢ ᠬᠠᠮᠠᠭᠠᠯᠠᠵᠦ ᠤᠯᠠᠮᠵᠢᠯᠠᠨ ᠬᠦᠭᠵᠢᠭᠦᠯᠬᠦ ᠳᠤ ᠦᠪᠦᠷ ᠮᠤᠩᠭᠤᠯ ᠤᠨ ᠬᠤᠪᠢ ᠨᠡᠮᠡᠷᠢ ᠪᠠᠨ | ᠦᠵᠡᠭᠦᠯᠬᠦ ᠬᠡᠷᠡᠭᠳᠡᠢ᠃ | ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠬᠠᠷᠢᠭᠤᠴᠠᠯᠭ᠎ᠠ ᠶᠢ ᠦᠨᠡᠨ | ᠬᠦ ᠡᠭᠦᠷᠭᠡᠯᠡᠨ᠎ᠡ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠠᠨᠳᠠᠭᠠᠨ ᠰᠡᠷᠭᠦᠬᠦ ᠪᠠᠷ ᠭᠤᠤᠯ ᠪᠤᠯᠭᠠᠵᠤ᠂ ᠠᠭᠤᠯᠠ ᠤᠰᠤ ᠣᠢ | ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ ᠰᠢᠰᠲ᠋ᠧᠮ ᠲᠠᠢ ᠪᠠᠷ ᠵᠠᠰᠠᠬᠤ ᠶᠢ ᠨᠢᠭᠡᠳᠦᠯᠲᠡᠶ | ᠲᠥᠯᠥᠪᠵᠢᠭᠦᠯᠵᠦ᠂ ᠡᠯᠡᠰᠦᠷᠬᠡᠭᠵᠢᠭᠰᠡᠨ ᠭᠠᠵᠠᠷ ᠰᠢᠷᠣᠶ ᠶᠢ ᠪᠢᠲᠡᠭᠦᠮᠵᠢᠯᠡᠨ ᠬᠠᠮᠠᠭᠠᠯᠠᠬᠤ ᠲᠦᠷᠢᠮ ᠢ | ᠨᠠᠶᠢᠳᠠᠪᠤᠷᠢᠵᠢᠭᠤᠯᠤᠨ᠂ ᠪᠥᠬᠦ ᠨᠡᠶᠢᠭᠡᠮ ᠤᠨ ᠬᠦᠴᠦᠨ ᠤ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠳᠤ | ᠣᠷᠣᠯᠴᠠᠬᠤ ᠶᠢ ᠳᠡᠮᠵᠢᠵᠦ᠂ ᠬᠥᠪᠴᠢ ᠶᠢᠨ ᠡᠯᠡᠰᠦ᠂ ᠤᠯᠠᠭᠠᠨᠪᠤᠬ᠎ᠠ ᠶᠢᠨ ᠡᠯᠡᠰᠦ᠂ ᠮᠤᠤᠠᠤᠰᠤ ᠶᠢᠨ ᠡᠯᠡᠰᠦᠷᠬᠡᠭ | ᠭᠠᠵᠠᠷ ᠢ ᠦᠷᠭᠦᠯᠵᠢᠯᠡᠨ ᠵᠠᠰᠠᠵᠤ᠂ ᠬᠠᠲᠤᠨ ᠭᠤᠤᠯ ᠳᠤ ᠤᠷᠤᠰᠤᠨ ᠣᠷᠣᠬᠤ ᠰᠢᠪᠠᠷ ᠰᠢᠷᠣᠢ ᠶᠢ ᠪᠠᠭᠠᠰᠬᠠᠪᠠ᠃ | ᠣᠶᠢᠵᠢᠭᠤᠯᠬᠤ ᠳᠤ ᠲᠣᠬᠢᠷᠠᠮᠵᠢᠲᠠᠢ ᠭᠠᠵᠠᠷ ᠲᠤ ᠤᠶᠢᠵᠢᠭᠤᠯᠵᠦ᠂ ᠡᠪᠡᠰᠤ ᠲᠠᠷᠢᠵᠤ ᠪᠤᠯᠬᠤ ᠭᠠᠵᠠᠷ ᠲᠤᠨᠢ ᠡᠪᠡᠰᠤ | ᠲᠠᠷᠢᠵᠦ᠂ ᠬᠠᠲᠤᠨ ᠭᠤᠣᠯ ᠤᠨ ᠰᠠᠪᠠ ᠭᠠᠵᠠᠷ ᠤᠨ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢᠨ | ᠠᠵᠢᠯᠯᠠᠭ᠎ᠠ ᠶᠢ ᠦᠷᠨᠢᠬᠦᠯᠵᠤ᠂ ᠬᠠᠲᠤᠨ ᠭᠤᠣᠯ ᠳᠠᠭᠠᠤ ᠶᠢᠨ ᠠᠮᠢ ᠠᠬᠤᠢ ᠶᠢᠨ ᠬᠤᠩᠭᠢᠯ ᠢ ᠪᠦᠲᠦᠭᠡᠨ ᠪᠠᠶᠢᠭᠤᠯᠵᠤ᠂ | ᠬᠠᠲᠤᠨ ᠭᠤᠣᠯ ᠤᠨ ᠡᠷᠭᠢ ᠲᠠᠭᠠᠤ ᠵᠢᠴᠢ ᠲᠡᠭᠦᠨ ᠤ ᠰᠠᠯᠪᠤᠷᠢ ᠤᠷᠤᠰᠬᠠᠯ ᠤᠨ ᠰᠠᠪᠠ ᠭᠠᠵᠠᠷ ᠤᠨ ᠤᠰᠤ | ᠰᠢᠷᠣᠢ ᠶᠢᠨ ᠢᠳᠡᠭᠳᠡᠯ ᠢ ᠵᠠᠰᠠᠬᠤ ᠴᠢᠳᠠᠪᠤᠷᠢ ᠶᠢ ᠨᠡᠮᠡᠭᠳᠡᠭᠦᠯᠪᠡ᠃ ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ᠂ | ᠮᠤᠤᠠᠤᠰᠤ ᠶᠢᠨ ᠡᠯᠡᠰᠦᠷᠬᠡᠭ ᠭᠠᠵᠠᠷ ᠤᠨ ᠵᠠᠰᠠᠯᠲᠠ ᠶᠢᠨ ᠨᠣᠷᠮ᠎ᠠ 70% ᠳᠤ ᠬᠦᠷᠪᠡ︔ ᠬᠥᠪᠴᠢ ᠶᠢᠨ ᠡᠯᠡᠰᠦᠨ ᠤ | ᠤᠷᠭᠤᠮᠠᠯ ᠤᠨ ᠪᠦᠷᠬᠦᠴᠡ 53% ᠳᠤ ᠬᠦᠷᠴᠦ᠂ ᠬᠥᠪᠴᠢ ᠶᠢᠨ ᠡᠯᠡᠰᠦᠨ ᠤ ᠵᠠᠰᠠᠯᠲᠠ ᠶᠢᠨ ᠵᠠᠭᠪᠤᠷ ᠢ ᠣᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠠᠴᠠ ︽ᠪᠥᠬᠦ ᠪᠥᠮᠪᠥᠷᠴᠡᠭ ᠤᠨ ᠡᠯᠡᠰᠦᠨ ᠤ ᠠᠮᠢ ᠠᠬᠤᠢ ᠶᠢᠨ ᠠᠵᠤ | ᠠᠬᠤᠢ ᠶᠢᠨ ᠵᠢᠱᠢᠶ᠎ᠡ ᠦᠵᠡᠭᠦᠯᠬᠦ ᠣᠷᠣᠨ︾ ᠢᠶᠠᠷ ᠲᠣᠭᠲᠠᠭᠠᠵᠤ᠂ ᠣᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠣᠷᠴᠢᠨ ᠲᠣᠭᠤᠷᠢᠨ ᠤ ᠱᠠᠩᠨᠠᠯ ᠢ ᠭᠥᠷᠳᠡᠵᠦ᠂ 2017 ᠣᠨ ᠳᠤ ︽ᠣᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠴᠥᠯᠯᠡᠷᠬᠡᠭᠵᠢᠯ ᠢ ᠰᠡᠷᠭᠡᠶᠢᠯᠡᠨ ᠵᠠᠰᠠᠬᠤ ᠨᠡᠶᠢᠲᠡ ᠶᠢᠨ ᠭᠡᠷ᠎ᠡ︾ ᠶᠢᠨ ᠠᠷᠪᠠᠨ | ᠭᠤᠷᠪᠠᠳᠤᠭᠠᠷ ᠤᠳᠠᠭᠠᠨ ᠤ ᠭᠡᠷᠡᠲᠦ ᠲᠠᠯ᠎ᠠ ᠶᠢᠨ ᠶᠡᠭᠡ ᠬᠤᠷᠠᠯ ᠣᠷᠳᠣᠰ ᠬᠤᠲᠠ ᠳᠤ ᠬᠤᠷᠠᠯᠳᠤᠪᠠ︔ | ᠤᠯᠠᠭᠠᠨᠪᠤᠬ᠎ᠠ ᠶᠢᠨ ᠡᠯᠡᠰᠦᠨ ᠤ ᠪᠠᠷᠠᠭᠤᠨ ᠡᠮᠦᠨ᠎ᠡ ᠵᠠᠬ᠎ᠠ ᠳᠤ 110 ᠺᠢᠯᠣᠮᠧᠲᠷ ᠤᠷᠳᠤ᠂ 3 — 15 | ᠺᠢᠯᠣᠮᠧᠲᠷ ᠦᠷᠬᠡᠨ ᠰᠠᠯᠬᠢ ᠶᠢ ᠬᠠᠯᠬᠠᠯᠠᠵᠤ ᠡᠯᠡᠰᠦ ᠶᠢ ᠬᠤᠷᠢᠬᠯᠠᠬᠤ ᠣᠢ ᠶᠢᠨ ᠪᠦᠰᠡ ᠶᠢ ᠪᠠᠶᠢᠭᠤᠯᠵᠤ᠂ ᠣᠶ | ᠰᠢᠭᠤᠶ ᠨᠤᠳᠤᠭ ᠪᠡᠯᠴᠢᠭᠡᠷ ᠤᠨ ᠪᠦᠷᠬᠦᠴᠡ 2000 ᠣᠨ ᠳᠤ 5% ᠪᠠᠶᠢᠭᠰᠠᠨ ᠠᠴᠠ ᠪᠠᠨ ᠳᠡᠭᠡᠭᠰᠢᠯᠡᠭᠡᠳ ᠣᠲᠣ | 50% ᠪᠣᠯᠵᠣ᠂ ᠤᠯᠠᠭᠠᠨᠪᠤᠬ᠎ᠠ ᠶᠢᠨ ᠡᠯᠡᠰᠦᠨ ᠤ ᠵᠡᠭᠦᠨᠰᠢ ᠪᠠᠨ ᠰᠢᠯᠵᠢᠵᠦ ᠡᠮᠦᠨᠡᠰᠢ ᠲᠠᠭᠠᠷᠢᠬᠤ ᠶᠢ ᠪᠦᠲᠦᠮᠵᠢᠲᠡᠶ | ᠬᠤᠷᠢᠬᠯᠠᠪᠠ᠃ ᠤᠯᠠᠭᠠᠨᠰᠤᠬᠠᠢ ᠶᠢᠨ ᠰᠠᠪᠠ ᠭᠠᠵᠠᠷ ᠤᠨ ᠤᠯᠠᠭᠠᠨᠪᠤᠬ᠎ᠠ ᠶᠢᠨ ᠡᠯᠡᠰᠦᠨ ᠤ ᠵᠠᠰᠠᠯᠲᠠ ᠶᠢᠨ ᠣᠷᠣᠨ | ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ | ᠰᠢᠨ᠎ᠡ ᠶᠢ ᠡᠭᠦᠳᠬᠦ ᠰᠠᠭᠤᠷᠢᠨ ᠢᠶᠠᠷ ᠨᠡᠷᠡᠯᠡᠭᠳᠡᠪᠡ᠃ ᠬᠠᠲᠤᠨ ᠭᠤᠤᠯ ᠳᠠᠭᠠᠤ ᠶᠢᠨ 7 ᠠᠶᠢᠮᠠᠭ ᠬᠤᠲᠠ ᠶᠢᠨ ᠣᠶ | ᠰᠢᠭᠤᠢ ᠶᠢᠨ ᠪᠦᠷᠬᠦᠴᠡ 16.28% ᠳᠤ ᠬᠦᠷᠴᠦ᠂ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ | 44.76% ᠳᠤ ᠬᠥᠷᠪᠡ᠃ | ᠬᠠᠲᠤᠨ ᠭᠤᠤᠯ ᠳᠠᠭᠠᠤ ᠶᠢᠨ ᠭᠠᠵᠠᠷ ᠣᠷᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠤᠯᠪᠣᠭᠠᠯᠠᠨ | ᠰᠡᠷᠭᠡᠶᠢᠯᠡᠬᠦ᠂ ᠬᠤᠯᠪᠣᠭᠠᠯᠠᠨ ᠡᠵᠡᠮᠳᠡᠬᠦ᠂ ᠬᠤᠯᠪᠣᠭᠠᠯᠠᠨ ᠬᠤᠷᠰᠢᠯᠴᠠᠬᠤ ᠲᠣᠭᠲᠠᠴᠠ ᠶᠢ ᠪᠠᠶᠢᠭᠤᠯᠵᠤ᠂ ︽ᠬᠥᠬᠡ | ᠣᠭᠲᠠᠷᠭᠤᠶ᠂ ᠴᠡᠩᠭᠡᠭ ᠤᠰᠤ᠂ ᠠᠷᠢᠭᠤᠨ ᠬᠥᠷᠥᠰᠥ︾ ᠶᠢ ᠬᠠᠮᠠᠭᠠᠯᠠᠬᠤ ᠭᠤᠷᠪᠠᠨ ᠶᠡᠭᠡ ᠠᠵᠢᠯᠯᠠᠭ᠎ᠠ ᠶᠢ | ᠬᠡᠷᠡᠭᠵᠢᠭᠦᠯᠦᠨ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠠ ᠣᠷᠴᠢᠨ ᠲᠣᠭᠤᠷᠢᠨ ᠢ ᠶᠡᠷᠦᠩᠬᠡᠶᠢᠯᠡᠨ | ᠵᠠᠰᠠᠬᠤ ᠶᠢ ᠴᠢᠩᠭᠠᠳᠬᠠᠵᠡᠢ᠃ ᠲᠦᠬᠦᠬᠡᠢ ᠨᠡᠭᠦᠷᠡᠰᠤᠨ ᠤ ᠲᠠᠷᠠᠬᠠᠢ ᠰᠢᠲᠠᠭᠠᠯᠭ᠎ᠠ᠂ ᠠᠵᠤ ᠦᠢᠯᠡᠳᠪᠦᠷᠢ᠂ ᠮᠠᠰᠢᠨ | ᠲᠡᠷᠭᠡ ᠵᠡᠷᠭᠡ ᠶᠢᠨ ᠪᠣᠬᠢᠷᠲᠤᠯ ᠢ ᠰᠡᠷᠭᠡᠶᠢᠯᠡᠨ ᠵᠠᠰᠠᠪᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠤᠨ | ᠬᠤᠲᠠ ᠪᠠᠯᠭᠠᠰᠤᠨ ᠤ ᠪᠣᠬᠢᠷ ᠤᠰᠤ ᠶᠢ ᠰᠶᠢᠳᠪᠦᠷᠢᠯᠡᠬᠦ ᠲᠤᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ | ᠵᠢᠴᠢ ᠪᠠᠷᠢᠮᠵᠢᠶ᠎ᠠ ᠶᠢ ᠳᠡᠭᠡᠭᠰᠢᠯᠡᠭᠦᠯᠵᠤ ᠦᠭᠡᠷᠡᠴᠢᠯᠡᠬᠦ ᠶᠢ ᠴᠢᠩᠭᠠᠳᠬᠠᠨ᠂ ᠲᠤᠭᠤᠷᠢᠬ ᠪᠠᠶᠢᠭᠤᠯᠤᠭᠰᠠᠨ ᠬᠤᠳᠠ ᠶᠢᠨ | ᠪᠣᠬᠢᠷ ᠦᠮᠡᠬᠡᠶ ᠤᠰᠤᠨ ᠴᠣᠭᠴᠠ ᠶᠢ ᠦᠨᠳᠦᠰᠦᠨ ᠳᠤ ᠨᠢ ᠠᠷᠢᠯᠭᠠᠪᠠ᠃ ᠬᠥᠷᠥᠰᠥ ᠰᠢᠷᠣᠢ ᠶᠢᠨ ᠪᠣᠬᠢᠷᠲᠤᠯ ᠤᠨ | ᠪᠠᠶᠢᠳᠠᠯ ᠢ ᠨᠠᠷᠢᠨ ᠪᠠᠶᠢᠴᠠᠭᠠᠬᠤ ᠪᠠ ᠭᠤᠣᠯᠳᠠᠯᠭ᠎ᠠ ᠲᠠᠢ ᠠᠵᠢᠯ ᠲᠥᠷᠥᠯ ᠠᠵᠤ ᠠᠬᠤᠶᠢᠯᠠᠯ ᠳᠤ ᠭᠠᠵᠠᠷ ᠰᠢᠷᠤᠢ | ᠬᠡᠷᠡᠭᠯᠡᠬᠦ ᠪᠤᠬᠢᠷᠳᠤᠬᠰᠠᠨ ᠭᠠᠵᠠᠷ ᠰᠢᠷᠤᠢ ᠶᠢᠨ ᠲᠤᠬᠠᠢ ᠪᠠᠶᠢᠴᠠᠭᠠᠯᠳᠡ ᠬᠢᠬᠦ ᠶᠢ ᠠᠬᠢᠭᠤᠯᠵᠤ᠂ ᠬᠥᠷᠥᠰᠥ ᠰᠢᠷᠣᠢ ᠶᠢᠨ | ᠪᠣᠬᠢᠷᠲᠤᠯ ᠢ ᠵᠠᠰᠠᠬᠤ ᠪᠠ ᠰᠡᠷᠭᠦᠭᠡᠬᠦ ᠶᠢ ᠠᠬᠢᠭᠤᠯᠪᠠ᠃ ᠨᠢᠭᠡᠨᠲᠡ ᠪᠤᠢ ᠪᠣᠯᠣᠭᠰᠠᠨ ᠵᠠᠳᠠᠭᠠᠢ ᠠᠭᠤᠷᠬᠠᠢ ᠶᠢᠨ | ︽ᠲᠤᠮᠤ ᠨᠦᠬᠡ︾ ᠶᠢ ᠵᠠᠰᠠᠬᠤ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠪᠠᠷ ᠰᠢᠰᠲ᠋ᠧᠮ ᠲᠠᠢ | ᠵᠠᠰᠠᠵᠤ᠂ ᠤᠭ ᠳᠦᠷᠰᠦ ᠪᠠᠶᠢᠳᠠᠯ ᠢ ᠨᠢ ᠬᠠᠮᠤᠭ ᠤᠨ ᠶᠡᠭᠡ ᠬᠡᠮᠵᠢᠶ᠎ᠡ ᠪᠠᠷ ᠰᠡᠷᠬᠦᠭᠡᠪᠡ᠃ ᠦᠬᠠᠶ ᠬᠤᠲᠠ ᠶᠢᠨ | ᠯᠦᠩ ᠴᠠᠩ ᠨᠡᠭᠦᠷᠡᠰᠦᠨ ᠠᠭᠤᠷᠬᠠᠶ ᠶᠢᠨ ᠲᠤᠭᠤᠷᠢᠬ ᠤᠨ ᠣᠷᠴᠢᠨ ᠲᠣᠭᠤᠷᠢᠨ ᠤ ᠶᠡᠷᠤᠩᠬᠡᠶᠢᠯᠡᠭᠰᠡᠨ ᠵᠠᠰᠠᠯᠳᠡ | ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠣᠷᠴᠢᠨ ᠲᠣᠭᠤᠷᠢᠨ ᠤ ᠵᠠᠰᠠᠯᠳᠠ ᠪᠠ ᠦᠷᠭᠦᠯᠵᠢᠯᠡᠬᠦ | ᠬᠥᠭᠵᠢᠯᠳᠡ ᠶᠢᠨ ᠲᠥᠷᠥᠯ ᠵᠦᠢᠯ ᠳᠤ ᠵᠢᠭᠰᠠᠭᠠᠬᠳᠠᠪᠠ᠃ | ᠥᠪᠥᠷ ᠮᠣᠩᠭᠤᠯ ᠤᠨ ᠬᠠᠲᠤᠨ ᠭᠤᠣᠯ ᠳᠠᠭᠠᠤ ᠭᠠᠵᠠᠷ ᠣᠷᠣᠨ ᠤ ᠤᠰᠤᠨ ᠤ ᠡᠬᠢ ᠪᠠᠶᠠᠯᠢᠭ ᠤᠨ | ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠳᠣᠪᠣᠶᠢᠮ᠎ᠠ ᠪᠤᠢ᠂ ᠠᠵᠤ ᠠᠬᠤᠢ ᠶᠢ ᠬᠥᠭᠵᠢᠭᠦᠯᠬᠦ ᠳᠤ ᠡᠷᠬᠡᠪᠰᠢ ᠤᠰᠤᠨ ᠤ | ᠡᠬᠢ ᠪᠠᠶᠠᠯᠢᠭ ᠳᠤᠲᠠᠭᠳᠠᠵᠤ ᠪᠠᠶᠢᠭ᠎ᠠ ᠡᠨᠡ ᠬᠦ ᠡᠯᠧᠮᠧᠨ᠋ᠲ ᠢ ᠭᠦᠢᠴᠡᠳ ᠪᠣᠳᠣᠯᠬᠢᠯᠠᠵᠤ᠂ ᠤᠰᠤᠨ ᠤ ᠡᠬᠢ | ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠤᠰᠤᠨ ᠤ ᠡᠬᠢ | ᠪᠠᠶᠠᠯᠢᠭ ᠢ ᠨᠡᠭᠡᠭᠡᠨ ᠠᠰᠢᠬᠯᠠᠬᠤ᠂ ᠤᠰᠤ ᠬᠡᠷᠡᠭᠯᠡᠬᠦ ᠠᠰᠢᠭ ᠨᠣᠷᠮ᠎ᠠ᠂ ᠤᠰᠤᠨ ᠤ ᠴᠢᠳᠠᠮᠵᠢᠲᠤ ᠣᠷᠣᠨ ᠤ | ᠪᠣᠬᠢᠷᠲᠤᠯ ᠢ ᠬᠢᠵᠠᠭᠠᠷᠯᠠᠬᠤ ︽ᠭᠤᠷᠪᠠᠨ ᠤᠯᠠᠭᠠᠨ ᠱᠤᠭᠤᠮ︾ ᠢ ᠴᠢᠩᠭ᠎ᠠ ᠰᠠᠬᠢᠵᠤ᠂ ᠲᠡᠬᠢᠨ ᠠᠰᠢᠬᠯᠠᠵᠤ ᠪᠤᠯᠬᠤ | ᠤᠰᠤ᠂ ᠪᠤᠬᠢᠷ ᠤᠰᠤ᠂ ᠪᠣᠷᠣᠭᠠᠨ ᠤ ᠤᠰᠤ ᠶᠢ ᠠᠰᠢᠬᠯᠠᠬᠤ ᠨᠣᠷᠮ᠎ᠠ ᠶᠢ ᠳᠡᠭᠡᠭᠰᠢᠯᠡᠭᠦᠯᠬᠦ ᠬᠡᠷᠡᠭᠳᠡᠢ᠃ ᠤᠰᠤ ᠪᠠᠷ | ᠬᠤᠲᠠ ᠶᠢ ᠲᠣᠭᠲᠠᠭᠠᠵᠤ᠂ ᠤᠰᠤ ᠪᠠᠷ ᠭᠠᠵᠠᠷ ᠢ ᠲᠣᠭᠲᠠᠭᠠᠵᠤ᠂ ᠤᠰᠤ ᠪᠠᠷ ᠬᠥᠮᠥᠨ ᠢ ᠲᠣᠭᠲᠠᠭᠠᠵᠤ᠂ ᠤᠰᠤ ᠪᠠᠷ | ᠦᠢᠯᠡᠳᠪᠦᠷᠢᠯᠡᠯ ᠢ ᠲᠣᠭᠲᠠᠭᠠᠵᠤ᠂ ᠤᠰᠤ ᠶᠢ ᠴᠢᠩᠭ᠎ᠠ ᠠᠷᠪᠢᠯᠠᠵᠤ ᠤᠰᠤ ᠬᠡᠷᠡᠭᠯᠡᠬᠦ ᠶᠢ ᠬᠢᠵᠠᠭᠠᠷᠯᠠᠬᠤ | ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠰᠤ ᠠᠷᠪᠢᠯᠠᠬᠤ ᠠᠵᠤ ᠦᠢᠯᠡᠰ ᠪᠠ ᠤᠰᠤ ᠠᠷᠪᠢᠯᠠᠬᠤ | ᠮᠡᠷᠭᠡᠵᠢᠯ ᠢ ᠡᠷᠴᠢᠮᠲᠡᠢ ᠬᠥᠭᠵᠢᠭᠦᠯᠵᠦ᠂ ᠵᠦᠢ ᠵᠣᠬᠢᠰ ᠦᠭᠡᠢ ᠤᠰᠤ ᠬᠡᠷᠡᠭᠯᠡᠬᠦ ᠱᠠᠭᠠᠷᠳᠠᠯᠭ᠎ᠠ ᠶᠢ ᠡᠷᠡᠰ ᠬᠤᠷᠢᠬᠯᠠᠵᠤ᠂ | ᠤᠰᠤ ᠬᠡᠷᠡᠭᠯᠡᠬᠦ ᠬᠡᠯᠪᠡᠷᠢ ᠶᠢᠨ ᠪᠦᠳᠦᠬᠦᠯᠢᠭ ᠠᠴᠠ ᠠᠷᠪᠢᠯᠠᠵᠤ ᠡᠷᠴᠢᠮᠵᠢᠭᠰᠡᠨ ᠲᠡᠶᠢᠰᠢ ᠰᠢᠯᠵᠢᠬᠦ ᠶᠢ ᠠᠬᠢᠭᠤᠯᠪᠠ᠃ | | ᠶᠡᠷᠦᠩᠬᠡᠢ ᠱᠦᠵᠢ ᠰᠢ ᠶᠢᠨ ᠫᠢᠩ᠂ ︽ᠬᠠᠲᠤᠨ ᠭᠤᠣᠯ ᠢ ᠵᠠᠰᠠᠬᠤ ᠳᠤ ᠭᠤᠣᠯᠳᠠᠯᠭ᠎ᠠ ᠨᠢ ᠬᠠᠮᠠᠭᠠᠯᠠᠬᠤ ᠳᠤ | ᠪᠠᠶᠢᠵᠤ᠂ ᠵᠠᠩᠭᠢᠯᠠᠭ᠎ᠠ ᠨᠢ ᠵᠠᠰᠠᠬᠤ ᠳᠤ ᠪᠣᠢ︾ ᠭᠡᠵᠦ ᠵᠢᠭᠠᠵᠤ ᠭᠠᠷᠭᠠᠪᠠ᠃ ᠬᠠᠲᠤᠨ ᠭᠤᠣᠯ ᠤᠨ ᠰᠠᠪᠠ ᠭᠠᠵᠠᠷ ᠤᠨ | ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠪᠠ ᠵᠠᠰᠠᠬᠤ ᠶᠢᠨ ᠡᠭᠦᠷᠭᠡ ᠬᠦᠨᠳᠦ ᠵᠠᠮ ᠬᠤᠯᠠ᠂ ᠪᠢᠳᠡ | ᠡᠷᠬᠡᠪᠰᠢ ᠪᠦᠬᠦ ᠤᠯᠤᠰ ᠤᠨ ᠶᠡᠭᠡ ᠲᠠᠯ᠎ᠠ ᠶᠢ ᠲᠠᠭᠠᠵᠤ᠂ ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠵᠤ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ | ᠪᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠣᠭᠲᠠᠯ ᠬᠦᠴᠦᠨ ᠢ ᠪᠠᠷᠢᠮᠳᠠᠯᠠᠵᠤ᠂ ᠠᠵᠤ ᠠᠬᠤᠢ ᠶᠢᠨ | ᠪᠦᠲᠦᠭᠡᠨ ᠪᠠᠶᠢᠭᠤᠯᠤᠯᠲᠠ ᠪᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠭᠤᠷᠤᠨᠳᠤ ᠵᠥᠷᠢᠴᠡᠯ | ᠡᠭᠦᠰᠬᠦ ᠦᠶᠡᠰ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢ ᠡᠷᠡᠰ ᠲᠡᠷᠢᠭᠦᠨ ᠪᠠᠶᠢᠷᠢᠨ ᠳᠤ ᠲᠠᠯᠪᠢᠵᠤ᠂ | ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠳᠠᠢ᠃ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠬᠠᠷᠢᠭᠤᠴᠠᠯᠭ᠎ᠠ ᠶᠢ ᠦᠨᠡᠨ | ᠬᠦ ᠡᠭᠦᠷᠭᠡᠯᠡᠨ᠎ᠡ᠃ | ᠶᠡᠷᠦᠩᠬᠡᠢ ᠱᠦᠵᠢ ᠰᠢ ᠶᠢᠨ ᠫᠢᠩ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠵᠡᠷᠭᠡ ᠠᠮᠤ ᠪᠤᠳᠠᠭᠠᠨ ᠤ | ᠭᠤᠣᠯ ᠭᠠᠷᠤᠯᠲᠠ ᠶᠢᠨ ᠣᠷᠣᠨ ᠨᠤᠭᠤᠳ ᠣᠳᠣ ᠦᠶ᠎ᠡ ᠶᠢᠨ ᠲᠠᠷᠢᠶᠠᠯᠠᠩ ᠢ ᠬᠥᠭᠵᠢᠭᠦᠯᠵᠦ᠂ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠪᠣᠷᠣᠲᠣᠬᠤᠶ ᠶᠢᠨ ᠤᠰᠤᠯᠠᠯᠲᠠ ᠶᠢᠨ | ᠣᠷᠣᠨ᠂ ᠲᠦᠮᠡᠳ ᠤᠨ ᠲᠠᠯ᠎ᠠ ᠭᠠᠵᠠᠷ ᠤᠨ ᠭᠠᠵᠠᠷ ᠤᠨ ᠪᠠᠶᠢᠴᠠ ᠨᠢ ᠲᠡᠭᠰᠢᠬᠡᠨ᠂ ᠬᠦᠷᠦᠰᠦ ᠰᠢᠷᠣᠢ ᠨᠢ ᠥᠩ | ᠰᠢᠮᠡᠯᠢᠭ᠂ ᠲᠠᠷᠢᠶᠠᠯᠠᠩ ᠤᠨ ᠪᠦᠲᠦᠭᠡᠭᠳᠡᠬᠦᠨ ᠤ ᠲᠥᠷᠥᠯ ᠵᠦᠢᠯ ᠨᠢ ᠮᠠᠰᠢ ᠣᠯᠠᠨ᠂ ᠪᠤᠭᠤᠳᠠᠢ᠂ ᠨᠣᠬᠠᠢ ᠶᠢᠨ | ᠬᠤᠰᠢᠭᠤ᠂ ᠨᠠᠷᠢᠮᠤ᠂ ᠨᠤᠶᠢᠯ ᠵᠡᠷᠭᠡ ᠠᠮᠤ ᠪᠤᠳᠠᠭᠠᠨ ᠤ ᠲᠠᠷᠢᠮᠠᠯ ᠵᠢᠴᠢ ᠬᠦᠢᠳᠡᠨ ᠰᠡᠷᠢᠭᠦᠨ ᠠᠭᠤᠷ ᠠᠮᠢᠰᠬᠤᠯ ᠳᠤ | ᠵᠤᠬᠢᠴᠠᠬᠰᠠᠨ ᠢᠳᠡᠰᠢᠨ ᠨᠣᠭᠤᠭᠠᠨ ᠤ ᠶᠠᠰᠦ ᠴᠢᠨᠠᠷ ᠨᠢ ᠰᠠᠶᠢᠨ᠃ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ | ᠨᠠᠷᠠᠨ ᠬᠤᠸᠠᠷ ᠤᠨ ᠦᠷ᠎ᠡ ᠶᠢ ᠪᠣᠯᠪᠠᠰᠤᠷᠠᠭᠤᠯᠬᠤ ᠬᠡᠪᠴᠢᠶ᠎ᠡ ᠨᠢ ᠪᠦᠬᠦ ᠤᠯᠤᠰ ᠲᠤ ᠲᠡᠷᠢᠬᠦᠯᠡᠵᠤ᠂ ᠲᠥᠪᠡᠳ | ᠬᠠᠰᠢ ᠶᠢᠨ ᠳᠣᠲᠣᠷ᠎ᠠ ᠲᠥᠪᠡᠳ ᠬᠠᠰᠢ ᠶᠢᠨ ᠤᠯᠠᠭᠠᠨ ᠡᠳ᠋ ᠡᠯᠪᠡᠭ ᠠᠭᠤᠯᠤᠭᠳᠠᠵᠦ᠂ ᠪᠦᠬᠦ ᠤᠯᠤᠰ ᠤᠨ | ᠬᠤᠶᠠᠳᠤᠭᠠᠷ ᠲᠣᠮᠣ ᠲᠥᠪᠡᠳ ᠬᠠᠰᠢ ᠦᠢᠯᠡᠳᠪᠦᠷᠢᠯᠡᠨ ᠡᠳ᠋ᠰᠢᠭᠦᠯᠬᠦ ᠰᠠᠭᠤᠷᠢᠨ ᠪᠤᠯᠵᠠᠢ︔ ᠪᠣᠷᠣᠲᠣᠬᠤᠶ ᠶᠢᠨ | ᠪᠠᠯᠳᠤ ᠬᠡᠮᠬᠡ ᠪᠣᠯ ᠪᠦᠬᠦ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠢᠯᠡᠷᠬᠡᠶᠢᠯᠡᠯᠳᠤ | ᠲᠠᠩᠰᠠᠯᠠᠭᠤᠯᠤᠬᠰᠠᠨ ᠬᠠᠮᠠᠭᠠᠯᠠᠯᠲᠠ ᠶᠢᠨ ᠦᠢᠯᠡᠳᠬᠦᠨ ᠪᠣᠯᠣᠨ᠎ᠠ᠃ ︽ᠲᠡᠭᠷᠢ ᠶᠢᠨ ᠭᠡᠰᠢᠭᠳᠦ ᠪᠣᠷᠣᠲᠣᠬᠤᠢ︾ ᠬᠡᠬᠦ | ᠣᠷᠣᠨ ᠪᠦᠰᠡ ᠶᠢᠨ ᠲᠦᠷᠦᠯ ᠲᠡᠮᠳᠡᠭ ᠨᠢ 2019 ᠣᠨ ᠤ ᠳᠤᠮᠳᠠᠳᠤ ᠤᠯᠤᠰ ᠤᠨ ᠲᠠᠷᠢᠶᠠᠯᠠᠩ ᠤᠨ ᠬᠠᠮᠤᠭ ᠤᠨ | ᠶᠡᠭᠡ ᠨᠥᠯᠥᠭᠡᠯᠡᠬᠦ ᠬᠦᠴᠦᠨ ᠲᠠᠢ ᠲᠦᠷᠦᠯ ᠲᠡᠮᠳᠡᠭ ᠪᠤᠯᠵᠠᠢ᠃ ᠤᠯᠠᠭᠠᠨᠴᠠᠪ ᠬᠤᠲᠠ ᠪᠣᠯ ᠤᠯᠤᠰ ᠤᠨ ᠴᠢᠬᠤᠯᠠ | ᠪᠦᠬᠦᠢ ᠦᠷ᠎ᠡ ᠶᠢᠨ ᠲᠥᠮᠥᠰᠥ᠂ ᠲᠠᠸᠠᠷ ᠤᠨ ᠲᠥᠮᠥᠰᠥ ᠪᠠ ᠲᠤᠰᠬᠠᠢ ᠬᠡᠷᠡᠭᠯᠡᠭᠡᠨ ᠤ ᠲᠥᠮᠥᠰᠥ ᠶᠢ | ᠪᠤᠯᠪᠠᠰᠤᠷᠠᠭᠤᠯᠬᠤ ᠦᠢᠯᠡᠳᠪᠦᠷᠢᠯᠡᠯ ᠤᠨ ᠰᠠᠭᠤᠷᠢᠨ ᠪᠠᠶᠢᠵᠤ᠂ ︽ᠳᠤᠮᠳᠠᠳᠤ ᠤᠯᠤᠰ ᠤᠨ ᠲᠥᠮᠥᠰᠥ ᠶᠢᠨ ᠬᠤᠳᠠ︾ | ᠭᠡᠮᠡᠬᠦ ᠢᠷᠠᠭᠤ ᠠᠯᠳᠠᠷ ᠢ ᠬᠦᠷᠲᠡᠵᠡᠢ᠃ | ᠪᠢᠳᠡ ︽ᠠᠮᠤ ᠪᠤᠳᠠᠭ᠎ᠠ ᠶᠢ ᠪᠠᠳᠤᠯᠠᠬᠤ ᠳᠤ ᠭᠠᠵᠠᠷ ᠰᠢᠷᠦᠢ ᠳᠤ ᠲᠦᠰᠢᠭᠯᠡᠵᠤ᠂ ᠠᠮᠤ ᠪᠤᠳᠠᠭ᠎ᠠ ᠶᠢ | ᠪᠠᠳᠤᠯᠠᠬᠤ ᠳᠤ ᠰᠢᠨᠵᠢᠯᠡᠬᠦ ᠤᠬᠠᠭᠠᠨ ᠲᠧᠭᠨᠢᠭ ᠮᠠᠷᠬᠡᠵᠢᠯ ᠳᠤ ᠲᠦᠰᠢᠭᠯᠡᠬᠦ︾ ᠶᠢ ᠪᠠᠷᠢᠮᠳᠠᠯᠠᠵᠤ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠬᠤᠵᠢᠷᠯᠢᠭ ᠭᠠᠵᠠᠷ ᠢ ᠥᠭᠡᠷᠡᠴᠢᠯᠡᠨ | ᠰᠠᠶᠢᠵᠢᠷᠠᠭᠤᠯᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠲᠠᠷᠢᠶᠠᠨ ᠦᠷ᠎ᠡ ᠶᠢᠨ ᠢᠨᠵᠧᠨᠧᠷᠢᠩ ᠪᠠ ᠣᠷᠣᠨ | ᠪᠦᠰᠡ ᠶᠢᠨ ᠲᠦᠷᠦᠯ ᠲᠡᠮᠳᠡᠭ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠲᠠᠷᠢᠶᠠᠯᠠᠩ ᠤᠨ | ᠦᠢᠯᠡᠳᠪᠦᠷᠢᠯᠡᠯ ᠤᠨ ᠬᠡᠪᠴᠢᠶᠡᠵᠢᠯᠲᠡ᠂ ᠪᠠᠷᠢᠮᠵᠢᠶᠠᠵᠢᠯᠲᠠ᠂ ᠣᠶᠤᠨᠴᠢᠯᠠᠯᠲᠠ ᠶᠢ ᠠᠬᠢᠭᠤᠯᠵᠤ᠂ ᠲᠠᠷᠢᠶᠠᠯᠠᠩ ᠤᠨ | ᠮᠦ ᠪᠦᠷᠢ ᠶᠢᠨ ᠤᠨᠠᠯᠲᠠ ᠶᠢᠨ ᠦᠷ᠎ᠡ ᠠᠰᠢᠭ ᠢ ᠶᠡᠭᠡ ᠪᠠᠷ ᠳᠡᠭᠡᠭᠰᠢᠯᠡᠭᠦᠯᠵᠠᠢ᠃ ᠶᠡᠭᠡ ᠬᠡᠮᠵᠢᠶ᠎ᠡ ᠪᠠᠷ ᠤᠰᠤ | ᠠᠷᠪᠢᠯᠠᠵᠤ᠂ ᠴᠠᠬᠢᠯᠭᠠᠨ ᠠᠷᠪᠢᠯᠠᠬᠰᠠᠨ ᠪᠠ ᠬᠢᠮᠢ ᠶᠢᠨ ᠪᠣᠷᠳᠣᠭᠤᠷ᠂ ᠲᠠᠷᠢᠶᠠᠨ ᠡᠮ᠂ ᠰᠦᠯᠢᠶᠣᠣ ᠪᠦᠷᠬᠦᠪᠴᠢ | ᠬᠡᠷᠡᠭᠯᠡᠬᠦ ᠬᠡᠮᠵᠢᠶ᠎ᠡ ᠶᠢ ᠪᠠᠭᠠᠰᠬᠠᠵᠤ᠂ ᠡᠰᠢ ᠰᠦᠷᠡᠯ ᠢ ᠪᠦᠬᠦᠨ ᠢ ᠲᠡᠵᠢᠭᠡᠯ ᠪᠣᠷᠳᠤᠭ᠎ᠠ ᠪᠣᠯᠭᠠᠬᠤ ᠪᠤᠶᠤ ᠲᠠᠷᠢᠶᠠᠨ | ᠭᠠᠵᠠᠷ ᠲᠤ ᠪᠤᠴᠠᠭᠠᠵᠤ᠂ ᠲᠠᠷᠢᠶᠠᠨ ᠭᠠᠵᠠᠷ ᠤᠨ ᠪᠣᠬᠢᠷᠲᠤᠯ ᠢ ᠶᠡᠭᠡ ᠬᠡᠮᠵᠢᠶ᠎ᠡ ᠪᠠᠷ ᠪᠠᠭᠤᠷᠠᠭᠤᠯᠵᠠᠢ᠃ ᠥᠨᠳᠥᠷ | ᠪᠠᠷᠢᠮᠵᠢᠶᠠᠳᠤ ᠲᠠᠷᠢᠶᠠᠨ ᠭᠠᠵᠠᠷ ᠠᠴᠠ ᠠᠷᠪᠢᠯᠠᠵᠤ ᠭᠠᠷᠭᠠᠬᠰᠠᠨ ᠤᠰᠤ ᠶᠢ ᠠᠮᠢ ᠠᠬᠤᠢ ᠣᠷᠴᠢᠨ ᠲᠣᠭᠤᠷᠢᠨ ᠢ | ᠰᠠᠶᠢᠵᠢᠷᠠᠭᠤᠯᠬᠤ ᠳᠤ ᠬᠡᠷᠡᠭᠯᠡᠵᠡᠢ᠃ | ︽ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ︾ ᠶᠢ ᠪᠠᠷᠢᠮᠲᠠᠯᠠᠨ᠂ ᠦᠨᠳᠦᠰᠦᠨ ᠨᠤᠲᠤᠭ ᠪᠡᠯᠴᠢᠭᠡᠷ ᠢ | ᠬᠠᠮᠠᠭᠠᠯᠠᠬᠤ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠬᠡᠷ ᠰᠡᠷᠬᠦᠭᠡᠬᠦ᠂ ᠮᠠᠯ ᠪᠡᠯᠴᠢᠭᠡᠷ ᠤᠨ ᠲᠡᠩᠴᠡᠭᠦᠷᠢ ᠶᠢ | ᠪᠠᠳᠤᠯᠠᠬᠤ ᠵᠡᠷᠬᠡ ᠳᠦᠷᠢᠮ ᠢ ᠴᠢᠩᠭ᠎ᠠ ᠬᠡᠷᠡᠭᠵᠢᠭᠦᠯᠵᠦ᠂ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ | ᠬᠡᠯᠪᠡᠷᠢ ᠶᠢ ᠬᠤᠪᠢᠷᠠᠭᠤᠯᠪᠠ᠃ ᠠᠮᠤ ᠪᠤᠳᠠᠭᠠᠨ ᠤ ᠲᠠᠷᠢᠮᠠᠯ ᠢ ᠪᠤᠷᠳᠤᠭᠠᠨ ᠤ ᠲᠠᠷᠢᠮᠠᠯ ᠪᠤᠯᠭᠠᠨ ᠬᠤᠪᠢᠷᠠᠭᠤᠯᠵᠤ᠂ | ᠬᠥᠬᠡ ᠲᠠᠷᠤᠰᠢ᠂ ᠴᠠᠷᠭᠠᠰᠤ ᠵᠡᠷᠭᠡ ᠴᠢᠨᠠᠷ ᠰᠠᠶᠢᠲᠠᠢ ᠲᠡᠵᠢᠭᠡᠯ ᠡᠪᠡᠰᠦ ᠪᠣᠷᠳᠤᠭ᠎ᠠ ᠲᠠᠷᠢᠬᠤ ᠲᠠᠯᠠᠪᠠᠢ ᠶᠢ ᠥᠷᠭᠡᠳᠬᠡᠨ᠂ | ᠮᠢᠬᠠᠨ ᠤ ᠦᠬᠡᠷ ᠮᠢᠬᠠᠨ ᠤ ᠬᠤᠨᠢᠨ ᠤ ᠠᠵᠤ ᠦᠢᠯᠡᠰ ᠢ ᠲᠦᠷᠭᠡᠳᠬᠡᠨ ᠬᠥᠭᠵᠢᠭᠦᠯᠪᠡ᠃ | ᠥᠪᠥᠷ ᠮᠣᠩᠭᠤᠯ ᠤᠨ ᠬᠠᠲᠤᠨ ᠭᠤᠣᠯ ᠤᠨ ᠰᠠᠪᠠ ᠭᠠᠵᠠᠷ ᠨᠢ ᠮᠥᠨ ᠴᠦ ᠤᠯᠤᠰ ᠤᠨ ᠴᠢᠬᠤᠯᠠ ᠰᠦ ᠶᠢᠨ | ᠢᠷᠡᠯᠲᠡ ᠶᠢᠨ ᠰᠠᠭᠤᠷᠢᠨ ᠪᠤᠯᠬᠤ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠱᠠᠭᠠᠷᠳᠠᠯᠭ᠎ᠠ | ᠶᠣᠰᠣᠭᠠᠷ ᠪᠢᠳᠡ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠲᠣᠭᠲᠠᠭᠠᠨ ᠬᠡᠷᠡᠭᠵᠢᠬᠦᠯᠵᠤ᠂ ᠲᠠᠭᠠᠭᠤᠯᠤᠬᠴᠢ ᠠᠵᠤ ᠠᠬᠤᠶᠢᠯᠠᠯ ᠤᠨ ᠲᠣᠮᠣ ᠮᠠᠯᠵᠢᠯ ᠤᠨ ᠲᠠᠯᠠᠪᠠᠢ᠂ ᠲᠣᠮᠣ | ᠰᠠᠭᠤᠷᠢᠨ ᠪᠠᠶᠢᠭᠤᠯᠬᠤ ᠶᠢ ᠲᠡᠮᠵᠢᠵᠤ᠂ ᠲᠠᠷᠢᠵᠤ ᠲᠡᠵᠢᠭᠡᠬᠦ ᠡᠳ᠋ᠰᠢᠭᠦᠯᠬᠦ ᠶᠢ ᠨᠢᠭᠡ ᠴᠣᠭᠴᠠᠵᠢᠭᠤᠯᠬᠤ ᠶᠢ ᠠᠬᠢᠭᠤᠯᠵᠡᠢ᠃ | ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠪᠠᠷᠢᠮᠵᠢᠶᠠᠵᠢᠨ᠂ ᠣᠨᠴᠠᠯᠢᠭᠵᠢᠨ | ᠬᠥᠭᠵᠢᠬᠦ ᠶᠢ ᠳᠡᠮᠵᠢᠪᠠ᠃ ᠭᠡᠭᠦᠦ ᠶᠢᠨ ᠰᠦ᠂ ᠢᠩᠬᠡᠨ ᠰᠦ ᠵᠡᠷᠭᠡ ᠣᠨᠴᠠᠯᠢᠭᠲᠤ ᠰᠦ ᠶᠢᠨ ᠢᠷᠡᠯᠲᠡ ᠶᠢᠨ | ᠰᠠᠭᠤᠷᠢᠨ ᠢ ᠪᠤᠶᠢᠵᠢᠭᠤᠯᠤᠨ ᠬᠥᠭᠵᠢᠭᠦᠯᠪᠠ᠃ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠰᠠᠭᠠᠯᠢ ᠶᠢᠨ | ᠦᠨᠢᠶᠡᠨ ᠤ ᠲᠤᠭ᠎ᠠ ᠪᠠ ᠦᠨᠢᠶᠡᠨ ᠰᠦ ᠶᠢᠨ ᠭᠠᠷᠤᠯᠲᠠ ᠨᠢᠭᠡᠨᠲᠡ ᠰᠡᠷᠭᠦᠯᠲᠡ ᠶᠢᠨ ᠴᠢᠨᠠᠷᠲᠠᠢ ᠨᠡᠮᠡᠭᠳᠡᠬᠦ ᠶᠢ | ᠪᠡᠶᠡᠯᠡᠭᠦᠯᠵᠤ᠂ 2020 ᠣᠨ ᠤ ᠪᠦᠬᠦ ᠪᠥᠮᠪᠥᠷᠴᠡᠭ ᠤᠨ ᠰᠦ ᠶᠢᠨ ᠦᠢᠯᠡᠰ ᠤᠨ 20 ᠬᠦᠴᠦᠷᠬᠡᠭ ᠤᠨ | ᠵᠢᠭᠰᠠᠭᠠᠯᠳᠡ ᠳᠤ ᠢᠯᠢ 5 ᠳ᠋ᠤᠭᠠᠷ ᠲᠤ ᠤᠷᠤᠵᠤ᠂ ᠮᠧᠩ ᠨᠢᠦ 8 ᠳ᠋ᠤᠭᠠᠷ ᠲᠤ ᠣᠷᠣᠵᠤ᠂ ᠥᠪᠥᠷ ᠮᠣᠩᠭᠤᠯ ᠤᠨ | ᠤᠯᠠᠮᠵᠢᠯᠠᠯᠲᠤ ᠠᠷᠭ᠎ᠠ ᠪᠠᠷ ᠬᠢᠭᠰᠡᠨ ᠴᠠᠭᠠᠨ ᠢᠳᠡᠭᠡ ᠬᠡᠷᠡᠭᠯᠡᠭᠴᠢᠳ ᠲᠤ ᠬᠠᠯᠠᠭᠤᠨ ᠢᠶᠠᠷ ᠬᠦᠷᠢᠶᠡᠯᠡᠭᠳᠡᠵᠡᠢ᠃ | ᠶᠡᠷᠦᠩᠬᠡᠢ ᠱᠦᠵᠢ ᠰᠢ ᠶᠢᠨ ᠫᠢᠩ ᠤᠨ ᠮᠠᠯ ᠠᠵᠤ ᠠᠬᠤᠢ ᠲᠠᠷᠢᠶᠠᠯᠠᠩ ᠤᠨ ᠣᠳᠣᠬᠢᠴᠢᠯᠠᠯᠲᠠ ᠶᠢ | ᠲᠦᠷᠭᠡᠳᠬᠡᠨ ᠠᠬᠢᠭᠤᠯᠵᠤ᠂ ᠮᠠᠯᠵᠢᠬᠤ ᠣᠷᠣᠨ ᠤ ᠴᠢᠨᠠᠷᠯᠢᠭ ᠪᠥᠭᠡᠳ ᠲᠦᠷᠭᠡᠨ ᠬᠥᠭᠵᠢᠯᠲᠡ ᠶᠢ ᠠᠬᠢᠭᠤᠯᠬᠤ | ᠲᠤᠬᠠᠢ ᠴᠢᠬᠤᠯᠠ ᠱᠠᠭᠠᠷᠳᠠᠯᠭ᠎ᠠ ᠶᠣᠰᠣᠭᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ | ᠠᠵᠢᠯ ᠢ ᠥᠷᠨᠢᠭᠦᠯᠦᠨ᠂ ᠮᠠᠯᠵᠢᠬᠤ ᠣᠷᠣᠨ ᠤ ᠦᠢᠯᠡᠳᠪᠦᠷᠢᠯᠡᠯ ᠤᠨ ᠬᠥᠭᠵᠢᠯᠲᠡ᠂ ᠮᠠᠯᠴᠢᠳ ᠤᠨ ᠠᠮᠢᠳᠤᠷᠠᠯ ᠤᠨ | ᠴᠢᠨᠡᠭᠡᠯᠢᠭᠵᠢᠯ ᠵᠢᠴᠢ ᠲᠠᠯ᠎ᠠ ᠨᠤᠲᠤᠭ ᠤᠨ ᠠᠮᠢ ᠠᠬᠤᠢ ᠶᠢᠨ ᠰᠠᠶᠢᠳᠤᠷ ᠨᠢᠭᠡᠳᠬᠦ ᠶᠢ ᠠᠬᠢᠭᠤᠯᠵᠡᠢ᠃ | ᠤᠯᠤᠰ ᠤᠨ ᠡᠨᠧᠷᠭᠢ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠬᠠᠷᠢᠭᠤᠴᠠᠯᠭ᠎ᠠ ᠶᠢ ᠦᠨᠡᠨ ᠬᠦ | ᠡᠭᠦᠷᠭᠡᠯᠡᠨ᠎ᠡ | ᠶᠡᠷᠦᠩᠬᠡᠢ ᠱᠦᠵᠢ ᠰᠢ ᠶᠢᠨ ᠫᠢᠩ ᠪᠢᠳᠡᠨ ᠢ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠬᠡᠬᠦ ᠡᠨᠡ ᠬᠦ | ᠠᠵᠢᠯ ᠢ ᠰᠠᠶᠢᠳᠤᠷ ᠬᠢᠵᠤ᠂ ᠳᠡᠯᠡᠬᠡᠢ ᠶᠢᠨ ᠡᠨᠧᠷᠭᠢ ᠶᠢᠨ ᠮᠡᠷᠭᠡᠵᠢᠯ ᠤᠨ ᠬᠤᠪᠢᠰᠬᠠᠯ ᠤᠨ ᠰᠢᠨ᠎ᠡ ᠬᠠᠨᠳᠤᠰᠢ ᠶᠢ | ᠳᠠᠭᠠᠵᠤ ᠠᠮᠵᠢᠬᠤ ᠬᠡᠷᠡᠭᠳᠡᠢ ᠭᠡᠵᠤ ᠱᠠᠭᠠᠷᠳᠠᠵᠠᠢ᠃ ᠲᠥᠬᠦᠮᠬᠡᠨ ᠢᠶᠠᠷ ᠨᠡᠭᠦᠷᠡᠰᠦ ᠮᠠᠯᠲᠠᠵᠤ ᠨᠡᠭᠦᠷᠡᠰᠦ ᠬᠤᠳᠠᠯᠳᠤᠬᠤ᠂ | ᠨᠡᠭᠦᠷᠡᠰᠦ ᠰᠢᠳᠠᠭᠠᠵᠤ ᠴᠠᠬᠢᠯᠭᠠᠨ ᠭᠠᠷᠭᠠᠵᠤ ᠪᠠᠶᠢᠬᠰᠠᠨ ᠠᠴᠠ ᠪᠠᠨ ᠣᠳᠣ ᠦᠶ᠎ᠡ ᠶᠢᠨ ᠡᠨᠧᠷᠭᠢ ᠶᠢᠨ ᠠᠵᠤ ᠠᠬᠤᠢ | ᠬᠦᠷᠲᠡᠯ᠎ᠡ᠂ ᠮᠥᠨ ᠴᠢᠨᠠᠷ ᠳᠡᠭᠡᠷ᠎ᠡ ᠪᠠᠨ ᠦᠵᠡᠯ ᠰᠠᠨᠠᠭ᠎ᠠ ᠠᠴᠠ ᠦᠢᠯᠡᠳᠦᠯᠭᠡ ᠬᠦᠷᠲᠡᠯᠡᠬᠢ ᠬᠤᠪᠢᠰᠬᠠᠯ ᠪᠣᠯᠣᠨ᠎ᠠ | ᠬᠡᠳᠡᠭ ᠢ ᠪᠢᠳᠠ ᠭᠦᠨᠵᠡᠭᠡᠢ ᠲᠠᠨᠢᠵᠤ ᠣᠯᠪᠠ᠃ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ | ︽ᠡᠨᠧᠷᠭᠢ ᠶᠢᠨ ᠬᠡᠷᠡᠭᠯᠡᠭᠡᠨ ᠤ ᠬᠤᠪᠢᠰᠬᠠᠯ᠂ ᠡᠨᠧᠷᠭᠢ ᠶᠢᠨ ᠬᠠᠩᠭᠠᠯᠭ᠎ᠠ ᠶᠢᠨ ᠬᠤᠪᠢᠰᠬᠠᠯ᠂ ᠡᠨᠧᠷᠭᠢ ᠶᠢᠨ | ᠮᠡᠷᠭᠡᠵᠢᠯ ᠤᠨ ᠬᠤᠪᠢᠰᠬᠠᠯ᠂ ᠡᠨᠧᠷᠭᠢ ᠶᠢᠨ ᠪᠠᠶᠢᠭᠤᠯᠤᠮᠵᠢ ᠶᠢᠨ ᠬᠤᠪᠢᠰᠬᠠᠯ ᠪᠠ ᠣᠯᠠᠨ ᠤᠯᠤᠰ ᠤᠨ | ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠴᠢᠩᠭᠠᠳᠬᠠᠬᠤ︾ ᠶᠢᠨ ᠡᠨᠧᠷᠭᠢ ᠶᠢᠨ ᠠᠮᠤᠷ ᠲᠦᠪᠰᠢᠨ ᠤ ᠰᠢᠨ᠎ᠡ | ᠪᠠᠶᠢᠯᠳᠤᠬᠤ ᠪᠣᠳᠣᠯᠭ᠎ᠠ ᠶᠢ ᠬᠦᠨᠵᠠᠬᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳ ᠢᠶᠠᠷ | ᠪᠤᠳᠤᠯᠬᠢᠯᠠᠬᠤ ᠪᠣᠬᠢᠷᠲᠤᠯ ᠦᠭᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠨ᠂ ᠣᠳᠣ ᠦᠶ᠎ᠡ ᠶᠢᠨ | ᠡᠨᠧᠷᠭᠢ ᠶᠢᠨ ᠪᠦᠲᠦᠴᠡ ᠶᠢ ᠴᠢᠨᠠᠭᠰᠢᠳᠠ ᠰᠢᠯᠢᠳᠡᠭᠵᠢᠬᠦᠯᠵᠤ᠂ ᠰᠠᠯᠬᠢᠨ ᠤ ᠬᠦᠴᠦᠨ ᠢᠶᠠᠷ ᠴᠠᠬᠢᠯᠭᠠᠨ ᠭᠠᠷᠭᠠᠬᠤ᠂ | ᠭᠡᠷᠡᠯᠴᠢ ᠴᠡᠨᠡᠭ ᠵᠡᠷᠬᠡ ᠠᠵᠤ ᠦᠢᠯᠡᠰ ᠤᠨ ᠬᠡᠪᠴᠢᠶᠠᠵᠢᠨ᠂ ᠰᠠᠭᠤᠷᠢᠵᠢᠨ ᠬᠦᠭᠵᠢᠬᠦ ᠶᠢ ᠡᠮᠬᠢ ᠲᠢᠭᠯᠢᠮ ᠲᠠᠢ | ᠠᠬᠢᠭᠤᠯᠵᠤ᠂ ᠤᠰᠦᠳᠦ᠋ᠷᠦᠭᠴᠢ ᠡᠨᠧᠷᠭᠢ᠂ ᠭᠠᠵᠠᠷ ᠤᠨ ᠢᠯᠴᠢ ᠶᠢᠨ ᠡᠬᠢ ᠪᠠᠶᠠᠯᠢᠭ ᠢ ᠨᠡᠬᠡᠬᠡᠨ ᠠᠰᠢᠬᠯᠠᠬᠤ ᠶᠢ | ᠲᠦᠷᠭᠡᠳᠬᠡᠪᠡ᠃ ᠡᠨᠧᠷᠬᠢ ᠶᠢᠨ ᠣᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ | ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠥᠷᠭᠡᠳᠬᠡᠨ᠂ ᠲᠤᠮᠤ ᠬᠡᠪᠴᠢᠶᠡᠨ ᠤ ᠡᠨᠧᠷᠭᠢ ᠬᠠᠳᠠᠭᠠᠯᠠᠬᠤ᠂ | ᠪᠠᠯ ᠴᠢᠯᠠᠭᠤᠲᠤ ᠠᠯᠺᠧᠨ᠂ ᠬᠤᠪᠣᠷ ᠰᠢᠷᠣᠢ ᠵᠡᠷᠭᠡ ᠬᠦᠷᠢᠶ᠎ᠡ ᠴᠠᠷᠠᠭ᠎ᠠ ᠳᠤ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ | ᠰᠡᠳᠦᠪ ᠢ ᠰᠶᠢᠳᠪᠦᠷᠢᠯᠡᠵᠦ᠂ ᠡᠨᠧᠷᠭᠢ ᠶᠢᠨ ᠴᠡᠪᠡᠷ᠂ ᠥᠨᠳᠥᠷ ᠪᠦᠲᠦᠮᠵᠢᠲᠡᠢ᠂ ᠠᠮᠤᠷ ᠲᠦᠪᠰᠢᠨ᠂ ᠳᠠᠭᠠᠭᠠᠮᠠᠭᠠᠢ | ᠬᠥᠭᠵᠢᠯᠲᠡ ᠶᠢ ᠠᠬᠢᠭᠤᠯᠤᠨ᠎ᠠ᠃ | ᠳᠠᠪᠠᠭᠤᠯᠢᠭ ᠤᠨᠴᠠᠯᠢᠬᠲᠦ ᠠᠵᠤ ᠦᠢᠯᠡᠰ ᠢ ᠠᠮᠢ ᠠᠬᠤᠶᠢᠵᠢᠭᠤᠯᠤᠨ ᠦᠬᠡᠷᠡᠴᠢᠯᠡᠬᠦ᠂ ᠪᠤᠬᠢᠷᠳᠤᠯ | ᠦᠭᠡᠢ ᠪᠠᠷ ᠲᠡᠰ ᠲᠡᠪᠰᠢᠬᠦ ᠶᠢ ᠠᠬᠢᠭᠤᠯᠤᠨ᠂ ᠨᠠᠷᠢᠯᠢᠭ ᠡᠳ᠋ᠰᠢᠬᠦᠯᠦᠨ ᠪᠣᠯᠪᠠᠰᠤᠷᠠᠭᠤᠯᠬᠤ ᠶᠢ ᠬᠥᠭᠵᠢᠭᠦᠯᠵᠦ᠂ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠵᠦ᠂ ᠡᠬᠢ ᠪᠠᠶᠠᠯᠢᠭ ᠢ ᠶᠡᠷᠦᠩᠬᠡᠶᠢᠯᠡᠨ ᠠᠰᠢᠬᠯᠠᠬᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠠᠵᠢᠯ ᠲᠥᠷᠥᠯ ᠳᠤ ᠤᠷᠤᠬᠤ ᠵᠦᠪᠰᠢᠶᠡᠷᠡᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠡᠨᠧᠷᠭᠢ᠂ | ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠭᠤᠯᠬᠤ ᠵᠡᠷᠭᠡ ᠠᠵᠢᠯ ᠲᠥᠷᠥᠯ ᠤᠨ ᠬᠢᠨ ᠤ ᠦᠯᠡᠭᠦᠳᠡᠭᠰᠡᠨ | ᠦᠢᠯᠡᠳᠪᠤᠷᠢᠯᠡᠯ ᠤᠨ ᠴᠢᠳᠠᠪᠤᠷᠢ ᠪᠠᠨ ᠰᠶᠢᠳᠪᠦᠷᠢᠯᠡᠭᠦ ᠶᠢ ᠠᠬᠢᠭᠤᠯᠤᠨ᠎ᠠ᠃ ᠨᠡᠭᠦᠷᠡᠰᠦᠨ ᠤ ᠪᠤᠰᠤ ᠠᠵᠤ ᠦᠢᠯᠡᠰ᠂ | ᠡᠬᠢ ᠪᠠᠶᠠᠯᠢᠭ ᠤᠨ ᠬᠡᠯᠪᠡᠷᠢ ᠶᠢᠨ ᠪᠤᠰᠤ ᠠᠵᠤ ᠦᠢᠯᠡᠰ ᠢ ᠶᠡᠭᠡ ᠪᠠᠷ ᠪᠤᠶᠢᠵᠢᠭᠤᠯᠵᠤ᠂ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠵᠦ᠂ ᠬᠠᠲᠤᠨ ᠭᠤᠣᠯ ᠤᠨ ᠰᠠᠪᠠ ᠭᠠᠵᠠᠷ ᠤᠨ | ᠠᠵᠦ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ᠬᠠᠲᠤᠨ ᠭᠤᠣᠯ ᠤᠨ ᠰᠣᠶᠣᠯ ᠢ ᠬᠠᠮᠠᠭᠠᠯᠠᠵᠦ ᠤᠯᠠᠮᠵᠢᠯᠠᠨ ᠪᠠᠳᠠᠷᠠᠭᠤᠯᠬᠤ ᠴᠢᠬᠤᠯᠠ ᠶᠡᠭᠡ | ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠨ᠎ᠡ | ᠶᠡᠷᠦᠩᠬᠡᠢ ᠱᠦᠵᠢ ᠰᠢ ᠶᠢᠨ ᠫᠢᠩ ︽ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠢ | ᠴᠢᠩᠭᠠᠳᠬᠠᠬᠤ ᠶᠢᠨ ᠠᠯᠤᠰ ᠬᠡᠲᠦ ᠶᠢᠨ ᠪᠠ ᠦᠨᠳᠦᠰᠦᠨ ᠵᠦᠢᠯ ᠪᠣᠯ ᠰᠣᠶᠣᠯ ᠤᠨ ᠬᠠᠮᠲᠦ ᠶᠢᠨ ᠲᠠᠨᠢᠯᠲᠠ ᠶᠢ | ᠴᠢᠩᠭᠠᠳᠬᠠᠨ᠂ ᠦᠨᠳᠦᠰᠦᠲᠡᠨ ᠨᠦᠭᠦᠳ ᠤᠨ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠦᠲᠦᠬᠡᠨ | ᠪᠠᠶᠢᠭᠤᠯᠬᠤ ᠶᠠᠪᠤᠳᠠᠯ ᠪᠣᠯᠣᠨ᠎ᠠ︾ ᠭᠡᠵᠦ ᠴᠢᠬᠤᠯᠠᠴᠢᠯᠠᠪᠠ᠃ ᠬᠠᠲᠤᠨ ᠭᠤᠣᠯ ᠤᠨ ᠰᠣᠶᠣᠯ ᠪᠣᠯ ᠳᠤᠮᠳᠠᠳᠤ ᠶᠢᠨ | ᠦᠨᠳᠦᠰᠦᠲᠡᠨ ᠤ ᠦᠨᠳᠦᠰᠦ ᠪᠠ ᠰᠦᠭ ᠰᠦᠨᠡᠰᠦ ᠮᠥᠨ᠃ ᠥᠪᠥᠷ ᠮᠣᠩᠭᠤᠯ ᠤᠨ ᠬᠠᠲᠤᠨ ᠭᠤᠣᠯ ᠤᠨ ᠰᠠᠪᠠ | ᠭᠠᠵᠠᠷ ᠲᠤ ᠬᠠᠭᠤᠴᠢᠨ ᠴᠢᠯᠠᠭᠤᠨ ᠵᠡᠪᠰᠡᠭ ᠤᠨ ᠴᠠᠬ ᠦᠶ᠎ᠡ ᠶᠢᠨ ︽ᠪᠣᠷᠣᠲᠣᠬᠤᠢ ᠶᠢᠨ ᠬᠥᠮᠦᠨ︾ ᠤ ᠰᠣᠶᠣᠯ ᠤᠨ | ᠪᠠᠭᠤᠷᠢ᠂ ᠳ᠋ᠠ ᠶᠣᠣ ᠶᠢᠨ ᠰᠣᠶᠣᠯ ᠤᠨ ᠪᠠᠭᠤᠷᠢ ᠪᠣᠢ᠃ ᠲᠡᠦᠬᠡᠨ ᠳᠡᠭᠡᠷ᠎ᠡ ᠦᠨᠳᠦᠰᠦᠲᠡᠨ ᠨᠦᠭᠦᠳ ᠠᠳᠡ ᠠᠵᠤ | ᠲᠥᠷᠦᠨ ᠠᠮᠢᠲᠤᠷᠠᠵᠦ᠂ ᠡᠳᠦᠭᠡ ᠪᠣᠯᠲᠠᠯ᠎ᠠ ᠪᠠᠰᠠ ᠮᠠᠰᠢ ᠣᠯᠠᠨ ᠡᠷᠲᠡᠨ ᠤ ᠪᠠᠭᠤᠷᠢ ᠶᠢ ᠬᠠᠲᠠᠭᠠᠯᠠᠵᠦ᠂ ᠴᠢᠨ ᠤ | ᠦᠶ᠎ᠡ ᠶᠢᠨ ᠠᠰ ᠵᠠᠮ᠂ ᠮᠠᠰᠢ ᠣᠯᠠᠨ ᠲᠡᠦᠬᠡᠨ ᠦᠶ᠎ᠡ ᠶᠢᠨ ᠤᠷᠲᠤ ᠴᠠᠭᠠᠨ ᠬᠡᠷᠡᠮ ᠤᠨ ᠪᠠᠭᠤᠷᠢ ᠪᠠᠶᠢᠵᠦ᠂ ᠪᠠᠰᠠ | ᠡᠷᠲᠡᠨ ᠤ ᠨᠡᠭᠦᠳᠡᠯᠴᠢᠨ ᠦᠨᠳᠦᠰᠦᠲᠡᠨ ᠤ ᠠᠮᠢᠳᠤᠷᠠᠯ ᠢ ᠲᠤᠰᠬᠠᠭᠰᠠᠨ ᠮᠤᠨᠠ ᠠᠭᠤᠯᠠ ᠶᠢᠨ ᠬᠠᠳᠠᠨ ᠵᠢᠷᠤᠭ᠂ | ᠠᠯᠠᠱᠠ ᠠᠭᠤᠯᠠ ᠶᠢᠨ ᠬᠠᠳᠠᠨ ᠵᠢᠷᠤᠭ ᠪᠠᠶᠢᠳᠠᠬ᠃ ᠠᠷᠵᠠᠢ ᠴᠢᠯᠠᠭᠤᠨ ᠠᠭᠤᠢ ᠪᠣᠯ ᠮᠠᠨ ᠤ ᠤᠯᠤᠰ ᠤᠨ ᠣᠳᠣ | ᠪᠣᠯᠲᠠᠯ᠎ᠠ ᠤᠯᠵᠦ ᠮᠡᠳᠡᠭᠰᠡᠨ ᠲᠠᠯ᠎ᠠ ᠨᠤᠲᠤᠭ ᠤᠨ ᠭᠠᠵᠠᠷ ᠣᠷᠣᠨ ᠤ ᠬᠡᠪᠴᠢᠶ᠎ᠡ ᠪᠠᠷ ᠬᠠᠮᠤᠭ ᠶᠡᠭᠡ ᠴᠢᠯᠠᠭᠤᠨ | ᠠᠭᠤᠢ ᠶᠢᠨ ᠪᠠᠷᠢᠯᠭ᠎ᠠ ᠶᠢᠨ ᠰᠦᠷᠦᠭᠵᠢᠯ ᠪᠠᠶᠢᠵᠦ᠂ ︽ᠲᠠᠯ᠎ᠠ ᠨᠤᠲᠤᠭ ᠤᠨ ᠳ᠋ᠦᠨᠬᠤᠸᠠᠩ︾ ᠬᠡᠮᠡᠨ ᠨᠡᠷᠡᠯᠡᠭᠳᠡᠪᠡ᠃ | ︽ᠠᠷᠤ ᠭᠠᠵᠠᠷ ᠤᠨ ᠬᠤᠪᠴᠠᠰᠤ ᠶᠢ ᠡᠮᠦᠰᠴᠤ ᠠᠬᠳᠠ ᠬᠦᠯᠦᠭ ᠤᠨᠤᠵᠤ ᠬᠠᠷᠪᠤᠵᠤ ᠨᠠᠮᠨᠠᠬᠤ ᠶᠢ ᠰᠤᠷᠬᠤ︾᠂ | ︽ᠵᠣᠣ ᠵᠢᠶᠦ᠋ᠨ ᠬᠢᠵᠠᠭᠠᠷ ᠲᠤ ᠮᠤᠷᠲᠠᠬᠰᠠᠨ ᠨᠢ︾᠂ ᠲᠦᠧᠧᠪᠠ ᠰᠢᠶᠠᠨᠪᠢ ᠱᠧᠩ ᠯᠧ ᠬᠤᠲᠠ ᠶᠢ ᠪᠠᠶᠢᠭᠤᠯᠤᠭᠰᠠᠨ | ᠵᠡᠷᠭᠡ ᠲᠡᠦᠬᠡᠨ ᠦᠯᠢᠭᠡᠷ ᠤᠳ ᠴᠦᠮ ᠠᠳᠡ ᠡᠬᠦᠰᠴᠦ ᠥᠩᠭᠡᠷᠡᠪᠡ᠃ | ᠪᠢᠳᠡ ᠬᠠᠲᠤᠨ ᠭᠤᠣᠯ ᠤᠨ ᠰᠣᠶᠣᠯ ᠤᠨ ᠴᠠᠭ ᠦᠶ᠎ᠡ ᠶᠢᠨ ᠦᠨ᠎ᠡ ᠥᠷᠲᠡᠭ ᠢ ᠭᠦᠨᠵᠡᠭᠡᠢ ᠠᠭᠤᠳᠠᠯᠵᠤ᠂ | ᠰᠣᠶᠣᠯ ᠤᠨ ᠢᠲᠡᠭᠡᠯ ᠢᠶᠠᠨ ᠪᠠᠲᠤᠳᠬᠠᠵᠤ᠂ ᠲᠡᠦᠬᠡ ᠶᠢᠨ ᠰᠤᠶᠤᠯ ᠤᠨ ᠰᠤᠳᠠᠰᠦ ᠶᠢ ᠦᠷᠭᠦᠯᠵᠢᠯᠡᠭᠦᠯᠦᠨ᠂ | ︽ᠬᠠᠲᠤᠨ ᠭᠤᠣᠯ ᠤᠨ ᠦᠯᠢᠭᠡᠷ︾ ᠢ ᠰᠠᠶᠢᠲᠤᠷ ᠶᠠᠷᠢᠬᠤ ᠬᠡᠷᠡᠭᠲᠡᠢ᠃ ᠰᠣᠶᠣᠯ ᠤᠨ ᠬᠠᠮᠲᠦ ᠶᠢᠨ ᠲᠠᠨᠢᠯᠲᠠ ᠶᠢ | ᠦᠨᠳᠦᠰᠦᠲᠡᠨ ᠤ ᠪᠦᠯᠬᠦᠮᠳᠡᠯ ᠤᠨ ᠦᠨᠳᠦᠰᠦ ᠪᠣᠯᠭᠠᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ | ᠶᠡᠭᠡ ᠪᠠᠷ ᠤᠯᠠᠮᠵᠢᠯᠠᠨ ᠪᠠᠲᠠᠷᠠᠭᠤᠯᠵᠦ᠂ ᠬᠤᠪᠢᠰᠬᠠᠯᠲᠦ ᠰᠣᠶᠣᠯ ᠢ ᠵᠠᠯᠭᠠᠮᠵᠢᠯᠠᠨ᠂ ᠨᠡᠶᠢᠭᠡᠮ ᠵᠢᠷᠤᠮ ᠤᠨ ᠲᠡᠷᠢᠭᠦᠨ ᠤ | ᠰᠣᠶᠣᠯ ᠢ ᠬᠥᠭᠵᠢᠭᠦᠯᠵᠦ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠤᠶᠢᠵᠢᠭᠤᠯᠤᠨ | ᠦᠢᠯᠡᠭᠡᠳᠦᠯᠭᠡᠵᠢᠬᠦᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠭᠤᠤ ᠶᠡᠭᠡ ᠡᠬᠡ ᠤᠯᠤᠰ ᠤᠨ | ᠬᠠᠮᠳᠤ ᠶᠢᠨ ᠲᠠᠨᠢᠯᠳᠠ᠂ ᠳᠤᠮᠳᠠᠳᠤ ᠶᠢᠨ ᠦᠨᠳᠦᠰᠦᠲᠡᠨ ᠤ ᠬᠠᠮᠳᠤ ᠶᠢᠨ ᠲᠠᠨᠢᠯᠳᠠ᠂ ᠳᠤᠮᠳᠠᠳᠤ ᠶᠢᠨ ᠰᠣᠶᠣᠯ ᠤᠨ | ᠬᠠᠮᠳᠤ ᠶᠢᠨ ᠲᠠᠨᠢᠯᠳᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠳᠤ ᠶᠢᠨ ᠲᠠᠨᠢᠯᠳᠠ᠂ ᠲᠤᠮᠲᠠᠲᠦ | ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠬᠠᠮᠳᠤ ᠶᠢᠨ ᠲᠠᠨᠢᠯᠲᠠ ᠶᠢ ᠴᠢᠩᠭᠠᠳᠬᠠᠨ᠎ᠠ᠂ ᠲᠤᠮᠲᠠᠲᠦ ᠶᠢᠨ | ᠦᠨᠳᠦᠰᠦᠲᠡᠨ ᠤ ᠬᠠᠮᠲᠦ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ᠎ᠠ᠃ | ᠥᠪᠥᠷ ᠮᠣᠩᠭᠤᠯ ᠤᠨ ᠬᠠᠲᠤᠨ ᠭᠤᠣᠯ ᠤᠨ ᠰᠠᠪᠠ ᠭᠠᠵᠠᠷ ᠲᠤ ᠲᠠᠯ᠎ᠠ ᠨᠤᠲᠤᠭ᠂ ᠨᠠᠭᠤᠷ ᠪᠦᠷᠢᠳᠦ᠂ ᠨᠤᠭᠤ | ᠭᠠᠵᠠᠷ᠂ ᠡᠯᠡᠰᠦ ᠮᠠᠩᠬ᠎ᠠ ᠵᠡᠷᠭᠡ ᠣᠯᠠᠨ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠪᠣᠢ᠃ ᠡᠭᠦᠨ ᠳᠤ | ᠵᠡᠭᠦᠨᠭᠠᠷ ᠤᠨ ᠬᠠᠲᠤᠨ ᠭᠤᠣᠯ ᠤᠨ ᠲᠣᠮᠣ ᠬᠠᠪᠴᠢᠯ ᠨᠢ ᠲᠤᠮᠲᠠᠲᠦ ᠤᠯᠤᠰ ᠤᠨ 10 ᠲᠤᠮᠤ ᠬᠠᠮᠤᠭ ᠭᠤᠶᠣ | ᠬᠠᠪᠴᠢᠯ ᠤᠨ ᠨᠢᠭᠡ ᠪᠠᠷ ᠦᠨᠡᠯᠡᠭᠳᠡᠭᠰᠡᠨ ᠶᠤᠮ᠃ ᠪᠢᠳᠡ ︽几︾ ᠦᠰᠦᠭ ᠤᠨ ᠬᠡᠯᠪᠡᠷᠢᠲᠦ ᠲᠣᠬᠤᠢ ᠶᠢᠨ | ᠣᠷᠣᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠠᠶᠢᠭᠠᠯᠢ ᠶᠢᠨ | ᠡᠬᠢ ᠪᠠᠶᠠᠯᠢᠭ ᠪᠣᠯᠤᠨ ᠰᠣᠶᠣᠯ ᠤᠨ ᠡᠬᠢ ᠪᠠᠶᠠᠯᠢᠭ ᠢ ᠬᠠᠷᠢᠯᠴᠠᠨ ᠤᠶᠠᠯᠳᠤᠭᠤᠯᠬᠤ ᠶᠢ ᠠᠬᠢᠭᠤᠯᠵᠤ᠂ ᠬᠠᠲᠤᠨ | ᠭᠤᠣᠯ ᠤᠨ ︽几︾ ᠦᠰᠦᠭ ᠤᠨ ᠬᠡᠯᠪᠡᠷᠢᠲᠦ ᠲᠣᠬᠤᠢ ᠶᠢᠨ ᠤᠯᠤᠰ ᠤᠨ ᠴᠡᠴᠡᠷᠯᠢᠭ ᠪᠣᠯᠤᠨ ᠬᠠᠲᠤᠨ | ᠭᠤᠣᠯ ᠤᠨ ᠰᠣᠶᠣᠯ ᠤᠨ ᠥᠪ ᠤᠨ ᠬᠤᠩᠭᠢᠯ ᠢ ᠲᠦᠷᠭᠡᠳᠬᠡᠨ ᠪᠠᠶᠢᠭᠤᠯᠵᠦ᠂ ᠳᠡᠯᠡᠬᠡᠢ ᠳᠡᠭᠡᠷ᠎ᠡ ᠨᠥᠯᠥᠭᠡᠯᠡᠬᠦ | ᠬᠦᠴᠦᠨ ᠲᠠᠢ ᠬᠠᠲᠤᠨ ᠭᠤᠣᠯ ᠤᠨ ︽几︾ ᠦᠰᠦᠭ ᠤᠨ ᠬᠡᠯᠪᠡᠷᠢᠲᠦ ᠲᠣᠬᠤᠢ ᠶᠢᠨ ᠰᠣᠶᠣᠯ ᠵᠢᠭᠤᠯᠴᠢᠯᠠᠯ ᠤᠨ | ᠪᠦᠰᠡ ᠶᠢ ᠪᠠᠶᠢᠭᠤᠯᠤᠨ᠎ᠠ᠃ | ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ | ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠲᠣᠭᠲᠠᠭᠠᠭᠰᠠᠨ ᠴᠢᠬᠤᠯᠠ | ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠮᠥᠨ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠪᠣᠯ ᠪᠢᠳᠡᠨ ᠤ ᠡᠭᠦᠷᠭᠡᠯᠡᠵᠦ ᠪᠠᠶᠢᠭ᠎ᠠ | ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠮᠥᠨ᠃ ᠪᠢᠳᠡ ᠡᠷᠬᠡᠪᠰᠢ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠱᠠᠭᠠᠷᠳᠠᠯᠭ᠎ᠠ ᠶᠣᠰᠣᠭᠠᠷ᠂ ᠡᠬᠦᠷᠬᠡ ᠬᠠᠷᠢᠭᠤᠴᠠᠯᠭ᠎ᠠ ᠪᠠᠨ | ᠵᠤᠷᠢᠬᠲᠠᠢ ᠡᠬᠦᠷᠭᠡᠯᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ | ᠦᠢᠯᠡᠳᠦᠯᠭᠡᠵᠢᠭᠦᠯᠵᠦ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠪᠠᠳᠠᠷᠠᠭᠤᠯᠤᠨ᠂ ᠠᠯᠤᠰ ᠬᠡᠳᠦ ᠶᠢ | ᠲᠦᠯᠦᠪᠵᠢᠬᠦᠯᠬᠦ ᠪᠠᠷ ᠪᠠᠷᠠᠬᠤ ᠦᠭᠡᠢ ᠪᠠᠰᠠ ᠤᠳᠤᠬᠠᠨ ᠳᠤ ᠪᠤᠲᠠᠲᠠᠢ ᠬᠢᠵᠦ᠂ ᠳᠤᠮᠳᠠᠳᠤ ᠶᠢᠨ ᠦᠨᠳᠦᠰᠦᠲᠡᠨ ᠤ | ᠡᠵᠢ ᠭᠤᠣᠯ ᠢᠶᠠᠨ ᠰᠠᠶᠢᠲᠤᠷ ᠬᠠᠮᠠᠭᠠᠯᠠᠬᠤ ᠬᠡᠷᠡᠭᠲᠡᠢ᠃ | |