ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠪᠡ
ᠨᠡᠶᠢᠲᠡᠯᠡᠭᠰᠡᠨ ᠴᠠᠭ᠄
2020/12/31
     12 ᠰᠠᠷ᠎ᠠ ᠶᠢᠨ 30᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠡᠸᠤ ᠶᠠᠩ ᠰᠢᠶᠤᠤ ᠬᠤᠢ ᠨᠡᠶᠢᠭᠡᠮ ᠨᠡᠶᠢᠲᠡ ᠶᠢᠨ ᠠᠩᠬᠠᠷᠤᠯ ᠲᠠᠯᠪᠢᠵᠤ ᠪᠠᠶᠢᠭ᠎ᠠ ᠪᠦᠬᠦ ᠣᠷᠣᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠴᠢᠳᠠᠪᠤᠷᠢ ᠶᠢᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠪᠣᠳᠠᠲᠠᠢ ᠲᠠᠨᠢᠯᠴᠠᠭᠤᠯᠪᠠ᠃      ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠰᠢᠤᠢ ᠬᠤᠩ ᡁᠢ᠂ ᠶᠡᠷᠦᠩᠬᠡᠶᠢᠯᠡᠭᠰᠡᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠡᠷᠬᠢᠯᠡᠭᠴᠢ ᠸᠠᠩ ᠸᠧᠨ ᠷᠦᠢ ᠲᠣᠰ ᠲᠣᠰ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠪᠠ ᠬᠢᠵᠢᠭ ᠤᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠪᠠ ᠪᠣᠳᠠᠲᠠᠶ ᠠᠷᠭ᠎ᠠ ᠬᠡᠮᠵᠢᠶ᠎ᠡ ᠶᠢᠨ ᠲᠤᠬᠠᠶ ᠲᠠᠨᠢᠯᠴᠠᠭᠤᠯᠪᠠ᠃      ᠲᠠᠨᠢᠯᠴᠠᠭᠤᠯᠤᠭᠰᠠᠨ ᠢᠶᠠᠷ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ ᠪᠥᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠯᠡᠳᠲᠡ ᠦᠷ᠎ᠡ ᠪᠦᠲᠦᠮᠵᠢ ᠣᠯᠵᠤ᠂ ᠠᠵᠤ ᠠᠬᠤᠶ ᠨᠡᠶᠢᠭᠡᠮ ᠤᠨ ᠡᠮᠬᠢ ᠳᠢᠭᠯᠢᠮ ᠢ ᠪᠥᠬᠦ ᠲᠠᠯ᠎ᠠ ᠪᠠᠷ ᠰᠡᠷᠭᠦᠭᠡᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠪᠠᠶᠢᠳᠠᠯ ᠳᠤ ᠤᠷᠤᠭᠰᠠᠠ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠴᠢᠩᠭ᠎ᠠ ᠠᠳᠬᠤᠵᠤ ᠪᠣᠳᠠᠲᠠᠢ ᠠᠳᠬᠤᠨ ᠨᠠᠷᠢᠯᠢᠭ ᠠᠳᠬᠤᠵᠤ᠂ ᠮᠠᠨᠵᠤᠤᠷ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠵᠤ᠂ ᠬᠢᠵᠢᠭ ᠤᠨ ᠪᠠᠶᠢᠳᠠᠯ ᠤᠨ ᠦᠷᠭᠦᠯᠵᠢᠯᠡᠨ ᠰᠠᠶᠢᠵᠢᠷᠠᠬᠤ ᠬᠠᠨᠳᠤᠰᠢ ᠶᠢ ᠲᠠᠰᠤᠷᠠᠯᠲᠠ ᠦᠭᠡᠢ ᠪᠠᠬᠢᠵᠢᠭᠦᠯᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号