ᠥᠪᠥᠷ ᠮᠣᠩᠭᠤᠯ ᠣᠷᠣᠨ ᠳᠠᠬᠢ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2020/12/31
      2020 ᠣᠨ ᠤ 12 ᠰᠠᠷ᠎ᠠ ᠶᠢᠨ 30᠎ ᠤ ᠡᠳᠦᠷ ᠤᠨ 7 ᠴᠠᠭ ᠠᠴᠠ 12 ᠰᠠᠷ᠎ᠠ ᠶᠢᠨ 31᠎ ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠣ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 3 ᠨᠡᠮᠡᠭᠳᠡᠵᠦ᠂ 1 ᠡᠪᠡᠳᠴᠢᠲᠡᠨ ︵ᠴᠦᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠦᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠵᠠᠢ︶ ᠡᠷᠡᠭᠦᠯᠵᠢᠵᠦ ᠡᠮᠨᠡᠯᠭᠡ ᠠᠴᠠ ᠭᠠᠷᠪᠠ᠃      ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠃      2020 ᠣᠨ ᠤ 12 ᠰᠠᠷ᠎ᠠ ᠶᠢᠨ 31᠎ ᠤ ᠡᠳᠦᠷ ᠤᠨ 7 ᠴᠠᠭ ᠪᠣᠯᠲᠠᠯ᠎ᠠ᠂ ᠬᠢᠯᠢ ᠶᠢᠨ ᠭᠠᠳᠠᠨ᠎ᠠ ᠠᠴᠠ ᠣᠷᠣᠵᠣ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 23 ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号