ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ | ᠣᠶᠢᠯᠠᠭᠠᠭᠰᠠᠨ ᠢᠶᠠᠷ᠄ 2020 ᠣᠨ ᠳᠤ᠂ ᠪᠥᠬᠦ ᠣᠷᠣᠨ ᠤ 103 ᠬᠤᠰᠢᠭᠤ ᠰᠢᠶᠠᠨ ︵ᠬᠤᠲᠠ᠂ ᠲᠣᠭᠤᠷᠢᠭ︶ | ᠠᠴᠠ 46 ᠬᠤᠰᠢᠭᠤ ᠰᠢᠶᠠᠨ ︵ᠬᠤᠲᠠ᠂ ᠲᠣᠭᠤᠷᠢᠭ︶ ᠨᠢ ᠤᠯᠤᠰ ᠤᠨ ᠲᠠᠰ ᠤᠨ ᠰᠢᠶᠠᠨ ᠤ ᠬᠡᠪᠴᠢᠶᠡᠨ ᠳᠠᠬᠢ | ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠦᠯᠬᠦ ᠪᠥᠲᠥᠭᠡᠨ ᠪᠠᠶᠢᠭᠤᠯᠤᠯᠲᠠ ᠶᠢ | ᠪᠡᠶᠡᠯᠡᠭᠦᠯᠵᠦ᠂ ᠪᠥᠲᠥᠭᠡᠨ ᠪᠠᠶᠢᠭᠤᠯᠤᠭᠰᠠᠨ ᠨᠣᠷᠮ᠎ᠠ ᠨᠢ 45 % ᠳᠤ ᠬᠦᠷᠴᠦ᠂ ᠤᠰᠤᠨ ᠠᠰᠢᠭᠯᠠᠯᠲᠠ ᠶᠢᠨ | ᠶᠠᠮᠤᠨ ᠤ ᠪᠠᠭᠤᠯᠭᠠᠭᠰᠠᠨ 2020 ᠣᠨ ᠳᠠᠬᠢ 40 % ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ | ᠬᠠᠷᠠᠯᠲᠠ ᠶᠢ ᠳᠠᠪᠠᠭᠤᠯᠤᠨ ᠪᠡᠶᠡᠯᠡᠭᠦᠯᠪᠡ᠃ | ᠲᠠᠨᠢᠯᠴᠠᠭᠤᠯᠤᠭᠰᠠᠨ ᠢᠶᠠᠷ᠂ ᠮᠠᠨ ᠤ ᠣᠷᠣᠨ ᠪᠣᠯ ᠤᠮᠠᠷᠠᠲᠤ ᠶᠢᠨ ᠭᠠᠩ ᠬᠠᠭᠤᠷᠠᠶ ᠤᠰᠤ ᠳᠤᠲᠠᠭᠳᠠᠵᠤ | ᠪᠠᠶᠢᠭ᠎ᠠ ᠭᠠᠵᠠᠷ ᠣᠷᠣᠨ ᠪᠠᠶᠢᠵᠤ᠂ ᠤᠰᠤᠨ ᠤ ᠡᠬᠢ ᠪᠠᠶᠠᠯᠢᠭ ᠳᠤᠲᠠᠮᠠᠭ ᠪᠣᠯᠬᠤᠷ ᠬᠡᠷᠬᠢᠨ ᠤᠰᠤᠨ ᠤ ᠡᠬᠢ | ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠪᠠ ᠴᠢᠨᠠᠷ ᠰᠠᠶᠢᠲᠠᠶ ᠬᠥᠭᠵᠢᠭᠦᠯᠬᠦ ᠨᠢ ᠥᠪᠡᠷᠲᠡᠭᠡᠨ ᠵᠠᠰᠠᠬᠤ | ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠢᠭᠡᠨ ᠴᠢᠬᠤᠯᠠ ᠡᠭᠦᠷᠭᠡ ᠪᠣᠯᠵᠠᠢ᠃ ︽ᠠᠷᠪᠠᠨ | ᠭᠤᠷᠪᠠᠳᠤᠭᠠᠷ ᠲᠠᠪᠤᠨ ᠵᠢᠯ︾ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ ᠠᠯᠢ ᠣᠯᠠᠨ ᠲᠦᠷᠢᠮ ᠲᠣᠭᠲᠠᠭᠠᠯ ᠪᠠ ᠵᠢᠯᠣᠭᠤᠳᠬᠤ ᠴᠢᠨᠠᠷᠲᠠᠶ ᠪᠢᠴᠢᠭ ᠮᠠᠲ᠋ᠧᠷᠢᠶᠠᠯ ᠤᠳ ᠢ ᠵᠠᠯᠭᠠᠭ᠎ᠠ ᠪᠠᠷ | ᠨᠡᠶᠢᠲᠡᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭ᠎ᠠ ᠶᠢᠨ | ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ | ᠠᠵᠢᠯᠯᠠᠭ᠎ᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠪᠠ︔ ᠶᠡᠷᠦᠩᠬᠡᠶ | ᠬᠡᠮᠵᠢᠶ᠎ᠡ ᠶᠢ ᠡᠵᠡᠮᠳᠡᠬᠦ᠂ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠵᠦᠶ ᠵᠣᠬᠢᠰᠲᠠᠶ ᠨᠡᠭᠡᠭᠡᠨ ᠬᠥᠭᠵᠢᠭᠦᠯᠬᠦ᠂ | ᠪᠦᠲᠦᠮᠵᠢᠲᠡᠶ ᠬᠠᠮᠠᠭᠠᠯᠠᠬᠤ ᠣᠨᠣᠯᠵᠢᠬᠤᠨ ᠢ ᠪᠠᠲᠤ ᠪᠠᠬᠢ ᠪᠣᠶ ᠪᠤᠯᠭᠠᠨ᠂ ᠣᠷᠣᠨ ᠤ ᠪᠠᠶᠢᠳᠠᠯ ᠪᠠ ᠤᠰᠤᠨ ᠤ | ᠪᠠᠶᠢᠳᠠᠯ ᠳᠤ ᠰᠠᠭᠤᠷᠢᠯᠠᠨ᠂ ᠣᠷᠤᠨ ᠬᠤᠲᠠ ᠰᠢᠶᠠᠨ ᠭᠤᠷᠪᠠᠨ ᠱᠠᠲᠤᠨ ᠤ ᠵᠠᠰᠠᠭ ᠵᠠᠬᠢᠷᠭᠠᠨ ᠤ ᠣᠷᠣᠨ ᠤ ᠤᠰᠤ | ᠬᠡᠷᠡᠭᠯᠡᠬᠦ ᠶᠡᠷᠦᠩᠬᠡᠶ ᠬᠡᠮᠵᠢᠶ᠎ᠡ᠂ ᠤᠰᠤ ᠬᠡᠷᠡᠭᠯᠡᠬᠦ ᠬᠦᠴᠦᠯᠡᠴᠡ ᠶᠢ ᠡᠵᠡᠮᠳᠡᠬᠦ ᠭᠦᠢᠴᠡᠳᠬᠡᠯ ᠲᠤᠭ᠎ᠠ ᠶᠢᠨ | ᠰᠢᠰᠲ᠋ᠧᠮᠵᠢ ᠶᠢ ᠪᠠᠶᠢᠭᠤᠯᠤᠭᠰᠠᠨ ᠤ ᠬᠠᠮᠲᠤ᠂ ᠬᠤᠤᠰ ᠡᠵᠡᠮᠳᠡᠭᠦᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ | ᠬᠠᠮᠢᠶ᠎ᠠ ᠪᠥᠬᠦᠶ ᠰᠢᠯᠭᠠᠨ ᠬᠢᠨᠠᠯᠲᠠ ᠳᠤ ᠣᠷᠤᠭᠤᠯᠪᠠ︔ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠲᠠᠷᠢᠶᠠᠯᠠᠩ᠂ ᠠᠵᠤ ᠦᠢᠯᠡᠳᠪᠦᠷᠢ᠂ ᠬᠤᠲᠠ | ᠪᠠᠯᠭᠠᠰᠤᠨ ᠤ ᠠᠮᠢᠳᠤᠷᠠᠯ ᠵᠡᠷᠭᠡ ᠡᠯ᠎ᠡ ᠠᠵᠢᠯ ᠲᠥᠷᠥᠯ ᠤᠨ ᠤᠰᠤ ᠠᠷᠪᠢᠯᠠᠬᠤ ᠠᠵᠢᠯ ᠢ ᠪᠦᠬᠦ ᠲᠠᠯ᠎ᠠ ᠪᠠᠷ ᠲᠦᠯᠬᠢᠨ | ᠠᠭᠢᠭᠤᠯᠵᠠᠢ᠃ |