ᠰᠢᠨ᠎ᠡ ᠵᠢᠯ ᠠᠴᠠ ᠡᠮᠤᠨᠡᠬᠡᠨ᠂ ᠤᠯᠤᠰ ᠤᠨ ᠲᠡᠷᠢᠬᠦᠯᠡᠭᠴᠢ ᠰᠢ ᠶᠢᠨ ᠫᠢᠩ ᠲᠦᠪ ᠤᠨ ᠷᠠᠳᠢᠣ᠋ ᠲᠧᠯᠸᠢᠰ ᠤᠨ | ᠶᠡᠷᠤᠩᠬᠡᠢ ᠬᠤᠷᠢᠶ᠎ᠡ ᠪᠤᠯᠤᠨ ᠢᠨᠲ᠋ᠧᠷ ᠰᠦᠯᠵᠢᠶ᠎ᠡ ᠪᠠᠷ ᠲᠠᠮᠵᠢᠭᠤᠯᠤᠨ᠂ 2019 ᠤᠨ ᠤ ᠰᠢᠨ᠎ᠡ ᠵᠢᠯ ᠤᠨ ᠪᠠᠶᠠᠷ ᠤᠨ | ᠦᠬᠡ ᠨᠡᠶᠢᠳᠡᠯᠡᠪᠡ᠃ ᠪᠦᠬᠦ ᠠᠭᠤᠯᠭ᠎ᠠ ᠨᠢ ᠲᠤᠤᠷᠠᠬᠢ ᠮᠡᠳᠤ᠄ | ᠤᠯᠠᠨ ᠢᠶᠠᠷ ᠢᠶᠠᠨ ᠰᠠᠶᠢᠨ ᠪᠠᠶᠢᠵᠠᠭᠠᠨ᠎ᠠ ᠤᠤ︕ ︽ᠤᠨ ᠵᠢᠯ ᠤᠷᠴᠢᠨ ᠡᠷᠭᠢᠯᠳᠤᠵᠤ᠂ ᠦᠩᠬᠡᠷᠡᠨ ᠤᠳᠬᠤ | ᠴᠠᠭ ᠮᠦᠴᠡ ᠤᠰᠤᠨ ᠤ ᠤᠷᠤᠰᠬᠠᠯ ᠮᠡᠳᠤ︾᠃ 2019 ᠤᠨ ᠤᠳᠠᠯ ᠦᠬᠡᠢ ᠬᠦᠷᠴᠤ ᠢᠷᠡᠬᠦ ᠪᠤᠯᠤᠯ᠎ᠠ᠂ ᠪᠢ | ᠪᠡᠭᠡᠵᠢᠩ ᠠᠴᠠ ᠲᠡ ᠪᠦᠬᠦᠨ ᠳᠤ ᠰᠢᠨ᠎ᠡ ᠵᠢᠯ ᠤᠨ ᠰᠠᠶᠢᠨ ᠰᠠᠶᠢᠬᠠᠨ ᠵᠦᠩᠨᠡᠯ ᠲᠡᠪᠰᠢᠬᠦᠯᠵᠥ ᠪᠠᠶᠢᠨ᠎ᠠ︕ | 2018 ᠤᠨ ᠢ ᠪᠢᠳᠡ ᠮᠠᠰᠢ ᠤᠳᠬ᠎ᠠ ᠳᠡᠭᠦᠯᠳᠡᠷ ᠦᠩᠬᠡᠷᠡᠬᠡᠵᠦ᠂ ᠮᠠᠰᠢ ᠪᠠᠳᠦ ᠢᠳᠡᠬᠡᠯ ᠲᠠᠢ ᠶᠠᠪᠤᠵᠦ | ᠢᠷᠡᠯ᠎ᠡ᠃ ᠡᠨᠡ ᠨᠢᠬᠡ ᠵᠢᠯ ᠳᠤ᠂ ᠪᠢᠳᠡ ᠡᠯ᠎ᠡ ᠵᠦᠢᠯ ᠤᠨ ᠠᠶᠤᠯ ᠲᠦᠭᠰᠢᠬᠦᠷᠢ ᠦᠷᠢᠰᠦᠯᠳᠦᠬᠡᠨ ᠢ ᠢᠯᠠᠨ ᠲᠠᠪᠠᠵᠥ᠂ | ᠠᠵᠥ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠵᠥ᠂ ᠰᠢᠨ᠎ᠡ ᠬᠠᠭᠤᠴᠢᠨ ᠬᠦᠳᠡᠯᠬᠡᠬᠦ ᠡᠨᠧᠷᠬᠢ ᠶᠢᠨ | ᠰᠤᠯᠢᠬᠳᠠᠯ ᠢ ᠲᠦᠷᠬᠡᠳᠬᠡᠵᠥ᠂ ᠠᠵᠥ ᠠᠬᠤᠢ ᠶᠢᠨ ᠠᠵᠢᠯᠯᠠᠭᠠᠨ ᠵᠤᠬᠢᠰᠳᠠᠢ ᠬᠡᠪᠴᠢᠶᠡᠨ ᠳᠤ ᠪᠠᠶᠢᠬᠤ ᠶᠢ ᠪᠠᠳᠤᠯᠠᠪᠠ᠃ | ᠬᠦᠬᠡ ᠲᠡᠭᠷᠢ᠂ ᠬᠦᠬᠡᠮᠳᠦᠭ ᠤᠰᠤ᠂ ᠴᠡᠪᠡᠷ ᠬᠦᠷᠦᠰᠦ ᠶᠢ ᠬᠠᠮᠠᠭᠠᠯᠠᠬᠤ ᠲᠠᠶᠢᠯᠠᠯᠳᠤᠭᠠᠨ ᠢ ᠤᠷᠤᠭᠰᠢᠳᠠᠢ | ᠠᠬᠢᠭᠤᠯᠵᠥ᠂ ᠠᠷᠠᠳ ᠤᠨ ᠠᠮᠢᠳᠤᠷᠠᠯ ᠤᠨ ᠡᠯ᠎ᠡ ᠵᠦᠢᠯ ᠤᠨ ᠦᠢᠯᠡᠰ ᠲᠦᠷᠬᠡᠨ ᠬᠦᠭᠵᠢᠵᠥ᠂ ᠠᠷᠠᠳ ᠤᠨ | ᠠᠮᠢᠳᠤᠷᠠᠯ ᠦᠷᠬᠦᠯᠵᠢᠯᠡᠨ ᠰᠠᠶᠢᠵᠢᠷᠠᠪᠠ᠃ ᠪᠡᠬᠡᠵᠢᠩ ᠲᠢᠶᠠᠨᠵᠢᠨ ᠡᡁᠧᠪᠸᠢ ᠶᠢᠨ ᠬᠠᠮᠵᠢᠯᠴᠠᠭᠰᠠᠠ ᠬᠦᠭᠵᠢᠯᠳᠡ᠂ | ᠬᠦᠬᠡᠮᠦ᠋ᠷᠡᠨ ᠤ ᠠᠵᠥ ᠠᠬᠤᠢ ᠶᠢᠨ ᠪᠦᠰᠡ ᠶᠢᠨ ᠬᠦᠭᠵᠢᠯᠳᠡ᠂ ᠭᠤᠸᠠᠩᠳᠦ᠋ᠩ ᠰᠢᠶᠠᠩᠭᠠᠩ ᠤᠤᠮᠧᠨ ᠤ ᠶᠡᠭᠡ | ᠪᠤᠯᠤᠩ ᠤᠨ ᠤᠷᠤᠨ ᠤ ᠪᠦᠳᠦᠬᠡᠨ ᠪᠠᠶᠢᠭᠤᠯᠤᠯᠳᠠ ᠵᠡᠷᠬᠡ ᠤᠯᠤᠰ ᠤᠨ ᠪᠠᠶᠢᠯᠳᠤᠬᠤ ᠪᠤᠳᠤᠯᠭ᠎ᠠ ᠶᠢ ᠲᠤᠭᠳᠠᠭᠤᠨ ᠢᠶᠠᠷ | ᠬᠡᠷᠡᠭᠵᠢᠬᠦᠯᠪᠡ᠃ ᠪᠢ ᠡᠯ᠎ᠡ ᠭᠠᠵᠠᠷ ᠲᠤ ᠰᠢᠨᠵᠢᠯᠡᠨ ᠪᠠᠶᠢᠴᠠᠭᠠᠬᠤ ᠳᠠᠭᠠᠨ᠄ ᠬᠦᠬᠡᠮᠦ᠋ᠷᠡᠨ ᠤ ᠬᠤᠶᠠᠷ ᠬᠦᠪᠡᠭᠡ | ᠨᠤᠭᠤᠭᠠᠨ ᠦᠩᠬᠡ ᠪᠠᠷ ᠴᠢᠮᠡᠭᠯᠡᠭᠳᠡᠵᠥ᠂ ᠭᠤᠷᠪᠠᠨ ᠮᠦᠷᠡᠨ ᠤ ᠲᠦᠮᠡᠨ ᠮᠦ ᠶᠢᠨ ᠡᠬᠡ ᠭᠠᠵᠠᠷ ᠨᠡᠷᠡᠮᠵᠢᠳᠤ | ᠲᠤᠳᠤᠷᠭ᠎ᠠ ᠲᠠᠪᠠᠯᠭᠠᠯᠠᠨ ᠬᠠᠯᠢᠭᠤᠷᠠᠵᠥ᠂ ᠱᠧᠨᠵᠧᠨ ᠤ ᠴᠢᠶᠠᠨᠬᠠᠢ ᠦᠷᠨᠢᠬᠦᠨ ᠬᠦᠭᠵᠢᠵᠥ᠂ ᠱᠠᠩᠬᠠᠢ ᠶᠢᠨ | ᠵᠠᠩᠵᠢᠶᠠᠩ ᠠᠮᠢᠵᠢᠷᠡᠯ ᠤᠨ ᠬᠦᠴᠦᠨ ᠢᠶᠠᠷ ᠪᠢᠯᠬᠠᠵᠥ᠂ ᠰᠢᠶᠠᠩᠭᠠᠩ ᠵᠦᠬᠠᠢ ᠤᠤᠮᠧᠨ ᠤ ᠶᠡᠭᠡ ᠬᠦᠬᠦᠷᠬᠡ ᠭᠤᠷᠪᠠᠨ | ᠭᠠᠵᠠᠷ ᠢ ᠬᠤᠯᠪᠤᠭᠰᠠᠠ ᠪᠠᠶᠢᠬᠤ ᠶᠢ ᠤᠯᠵᠥ ᠬᠠᠷᠠᠯ᠎ᠠ᠃ ᠡᠳᠡᠭᠡᠷ ᠠᠮᠵᠢᠯᠳᠡ ᠶᠢ ᠪᠤᠯ ᠪᠦᠬᠦ ᠤᠯᠤᠰ ᠤᠨ | ᠦᠨᠳᠦᠰᠦᠳᠡᠨ ᠨᠦᠭᠦᠳ ᠤᠨ ᠠᠷᠠᠳ ᠲᠦᠮᠡᠨ ᠬᠠᠨᠴᠤᠢ ᠰᠢᠮᠠᠯᠠᠨ ᠴᠢᠷᠮᠡᠶᠢᠨ ᠠᠵᠢᠯᠯᠠᠵᠥ ᠪᠠᠶᠢᠭᠠᠳ ᠤᠯᠤᠭᠰᠠᠠ | ᠶᠤᠮ᠂ ᠰᠢᠨ᠎ᠡ ᠴᠠᠭ ᠦᠶ᠎ᠡ ᠶᠢᠨ ᠡᠷᠡᠯᠬᠡᠭᠯᠡᠨ ᠲᠡᠮᠡᠴᠡᠭᠴᠢᠳ ᠬᠦᠯᠥᠰᠦ ᠪᠠᠨ ᠤᠷᠤᠰᠬᠠᠵᠥ ᠪᠠᠶᠢᠭᠠᠳ ᠤᠯᠵᠥ | ᠢᠷᠡᠭᠰᠡᠡ ᠶᠤᠮ᠃ | ᠡᠨᠡ ᠵᠢᠯ ᠳᠤ᠂ ᠲᠤᠮᠳᠠᠳᠤ ᠤᠯᠤᠰ ᠤᠨ ᠦᠢᠯᠡᠳᠬᠦᠢ᠂ ᠲᠤᠮᠳᠠᠳᠤ ᠤᠯᠤᠰ ᠤᠨ ᠡᠬᠦᠳᠬᠦᠢ᠂ ᠲᠤᠮᠳᠠᠳᠤ | ᠤᠯᠤᠰ ᠤᠨ ᠵᠤᠬᠢᠶᠠᠬᠤᠢ ᠵᠡᠷᠬᠡ ᠪᠠᠷ ᠬᠦᠴᠦᠯᠡᠵᠥ᠂ ᠲᠤᠮᠳᠠᠳᠤ ᠤᠯᠤᠰ ᠤᠨ ᠲᠦᠷᠰᠦ ᠪᠠᠶᠢᠳᠠᠯ ᠢ ᠦᠷᠬᠦᠯᠵᠢᠯᠡᠨ | ᠬᠤᠪᠢᠷᠠᠭᠤᠯᠪᠠ᠃ ᠴᠠᠩ ᠡᠸ᠋ ᠲᠦᠷᠪᠡᠳᠤᠭᠡᠷ ᠬᠠᠶᠢᠭᠤᠷ ᠢ ᠠᠮᠵᠢᠯᠳᠡ ᠲᠠᠢ ᠬᠠᠷᠪᠤᠵᠥ᠂ ᠬᠤᠶᠠᠳᠠᠬᠢ ᠨᠢᠰᠬᠡᠯ ᠤᠨ | ᠰᠠᠭᠤᠷᠢ ᠤᠩᠭᠤᠴᠠ ᠲᠤᠷᠰᠢᠨ ᠠᠶᠠᠯᠠᠵᠥ᠂ ᠤᠯᠤᠰ ᠲᠠᠭᠠᠨ ᠦᠢᠯᠡᠳᠪᠤᠷᠢᠯᠡᠭᠰᠡᠡ ᠲᠤᠮᠤ ᠬᠡᠯᠪᠡᠷᠢ ᠶᠢᠨ ᠬᠠᠭᠤᠷᠠᠢ | ᠲᠠᠯᠠᠢ ᠬᠤᠶᠠᠷ ᠬᠡᠷᠡᠭᠴᠡᠭᠡᠳᠤ ᠨᠢᠰᠬᠡᠯ ᠤᠰᠤᠨ ᠲᠡᠬᠡᠷ᠎ᠡ ᠠᠩᠬᠠᠨ ᠤ ᠨᠢᠰᠦᠯᠳᠡ ᠬᠢᠵᠥ᠂ ᠲᠤᠬᠢᠭᠤᠷ ᠲᠤᠯᠤᠭᠠᠨ | ᠤᠳᠤ ᠠᠶᠠᠯᠠᠯ ᠵᠠᠮᠴᠢᠯᠠᠭᠤᠷ ᠪᠦᠬᠦ ᠪᠦᠮᠪᠦᠷᠴᠡᠭ ᠤᠨ ᠲᠤᠤᠷ ᠲᠤ ᠤᠷᠤᠬᠤ ᠢᠳᠡᠷᠬᠡᠭ ᠠᠯᠬᠤᠮ ᠢ ᠠᠯᠬᠤᠪᠠ᠃ ᠠᠳᠡ᠂ | ᠪᠢ ᠰᠢᠨᠵᠢᠯᠡᠬᠦ ᠤᠬᠠᠭᠠᠨᠳᠠᠳ ᠲᠤ᠂ ᠢᠨᠵᠧᠨᠧᠷ ᠨᠠᠷ ᠲᠤ᠂ ︽ᠶᠡᠭᠡ ᠤᠯᠤᠰ ᠤᠨ ᠤᠷᠠᠨ ᠲᠠᠷᠬᠠᠳ︾ ᠲᠤ᠂ | ᠪᠦᠳᠦᠬᠡᠨ ᠪᠠᠶᠢᠭᠤᠯᠤᠬᠴᠢᠳ ᠪᠤᠯᠤᠨ ᠤᠷᠤᠯᠴᠠᠭᠰᠠᠳ ᠲᠤ ᠬᠦᠨᠳᠦᠳᠬᠡᠯ ᠲᠡᠪᠰᠢᠬᠦᠯᠵᠥ ᠪᠠᠶᠢᠨ᠎ᠠ︕ | ᠡᠨᠡ ᠨᠢᠭᠡ ᠵᠢᠯ ᠳᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠠᠴᠠ ᠮᠠᠰᠢ ᠤᠯᠠᠨ | ᠪᠠᠶᠠᠷ ᠤᠨ ᠴᠢᠮᠡᠭᠡ ᠤᠯᠠᠮᠵᠢᠯᠠᠬᠳᠠᠪᠠ᠃ ᠪᠦᠬᠦ ᠤᠯᠤᠰ ᠲᠤ ᠲᠠᠬᠢᠭᠠᠳ 125 ᠶᠠᠳᠠᠭᠤ ᠬᠦᠴᠢᠷᠳᠡᠯᠲᠡᠢ ᠰᠢᠶᠠᠨ | ᠰᠢᠯᠭᠠᠨ ᠪᠠᠶᠢᠴᠠᠭᠠᠯᠳᠡ ᠶᠢ ᠦᠩᠭᠡᠷᠡᠬᠡᠨ ᠶᠠᠳᠠᠭᠤ ᠠᠴᠠ ᠠᠩᠬᠢᠵᠢᠷᠠᠵᠤ᠂ ᠬᠦᠳᠡᠭᠡ ᠲᠤᠰᠬᠤᠨ ᠤ ᠶᠠᠳᠠᠭᠤ | ᠬᠦᠴᠢᠷᠲᠡᠯᠲᠡᠢ 1000 ᠲᠦᠮᠡᠨ ᠬᠦᠮᠦᠨ ᠠᠮᠠ ᠶᠠᠳᠠᠭᠤ ᠠᠴᠠ ᠠᠩᠬᠢᠵᠢᠷᠠᠪᠠ᠃ ᠦᠮᠠᠨ ᠢ ᠡᠰᠡᠷᠭᠦᠴᠡᠬᠦ 17 | ᠵᠦᠢᠯ ᠤᠨ ᠡᠮ ᠤᠨ ᠦᠨ᠎ᠡ ᠶᠢ ᠬᠢᠮᠳᠠᠷᠠᠭᠤᠯᠬᠤ ᠶᠢᠨ ᠵᠡᠷᠭᠡ ᠪᠠᠷ ᠡᠮᠴᠢᠯᠡᠭᠡᠨ ᠤ ᠳᠠᠭᠠᠳᠬᠠᠯ ᠤᠨ ᠭᠠᠷᠴᠠᠬ ᠲᠤ | ᠤᠷᠤᠭᠤᠯᠵᠤ᠂ ᠡᠪᠡᠳᠴᠢᠨ ᠠᠴᠠ ᠪᠤᠯᠵᠥ ᠶᠠᠳᠠᠭᠤᠷᠠᠬᠤ ᠠᠰᠠᠭᠤᠳᠠᠯ ᠤᠯᠠᠮ ᠴᠢᠨᠠᠬᠰᠢᠲᠠ ᠰᠢᠢᠳᠪᠦᠷᠢᠯᠡᠭᠳᠡᠪᠡ᠃ ᠪᠢ | ᠦᠷᠬᠦᠯᠵᠢ ᠶᠠᠳᠠᠭᠤ ᠠᠴᠠ ᠠᠩᠬᠢᠵᠢᠷᠠᠭᠤᠯᠬᠤ ᠡᠮᠦᠨ᠎ᠡ ᠹᠷᠤᠨᠲ ᠲᠤ ᠴᠢᠷᠮᠠᠶᠢᠨ ᠲᠡᠮᠡᠴᠡᠵᠦ ᠪᠠᠶᠢᠭ᠎ᠠ ᠨᠦᠬᠦᠳ ᠢ | ᠰᠠᠨᠠᠭᠠᠯᠵᠠᠵᠤ ᠶᠠᠪᠤᠳᠠᠬ ᠶᠤᠮ᠂ ᠲᠤᠰᠬᠤᠨ ᠳᠤ ᠰᠠᠭᠤᠭ᠎ᠠ 280 ᠭᠠᠷᠤᠢ ᠲᠦᠮᠡᠨ ᠺᠠᠳ᠋ᠷ᠂ ᠨᠢᠭᠡᠳᠦᠭᠡᠷ ᠱᠦᠵᠢ | ᠠᠵᠢᠯ ᠳᠠᠭᠠᠨ ᠮᠠᠰᠢ ᠴᠢᠷᠮᠠᠶᠢᠵᠤ ᠪᠠᠶᠢᠨ᠎ᠠ᠂ ᠶᠡᠭᠡ ᠰᠠᠶᠢᠨ ᠶᠠᠪᠤᠳᠠᠯ᠂ ᠪᠡᠶ᠎ᠡ ᠪᠡᠶ᠎ᠡ ᠶᠢᠨ ᠡᠷᠡᠭᠦᠯ ᠮᠡᠨᠳᠦ ᠪᠠᠨ ᠵᠠᠪᠠᠯ | ᠠᠩᠬᠠᠷᠴᠤ ᠶᠠᠪᠤᠭᠠᠷᠠᠢ᠃ | ᠪᠢ ᠢᠮᠠᠬᠲᠠ ᠬᠦᠴᠢᠷᠳᠡᠯᠲᠡᠢ ᠤᠯᠠᠨ ᠲᠦᠮᠡᠨ ᠢ ᠰᠡᠳᠭᠢᠯ ᠳᠡᠭᠡᠨ ᠪᠤᠳᠤᠵᠤ ᠶᠠᠪᠤᠳᠠᠬ᠃ ᠰᠧᠴᠤᠸᠠᠨ ᠤ | ᠯᠢᠶᠠᠩᠱᠠᠨ ᠤ ᠰᠠᠨᠾᠧ ᠲᠤᠰᠬᠤᠨ ᠳᠤ᠂ ᠪᠢ ᠢ ᠦᠨᠳᠦᠰᠦᠲᠡᠨ ᠤ ᠲᠤᠰᠬᠤᠨ ᠤ ᠠᠷᠠᠳ ᠵᠢᠬᠤᠶᠧᠴᠢᠤ᠂ | ᠵᠢᠶᠧᠯᠢᠶ᠋ᠸᠧᠠᠮᠦ ᠶᠢᠨ ᠬᠡᠷ ᠪᠦᠯᠢ ᠶᠢᠨ ᠬᠢᠨ ᠢ ᠡᠷᠬᠢᠨ ᠦᠵᠡᠪᠡ᠃ ᠱᠠᠨᠳᠦ᠋ᠩ ᠤᠨ ᠵᠢᠨᠠᠨ ᠤ ᠰᠠᠨ ᠵᠢᠶᠠᠨ ᠰᠢ | ᠲᠤᠰᠬᠤᠨ ᠳᠤ᠂ ᠪᠢ ᠵᠤᠤ ᠱᠦᠨ ᠯᠢ ᠶᠢᠨ ᠬᠢᠨ ᠲᠠᠢ ᠵᠤᠭᠤᠬᠳᠠᠪᠠ᠃ ᠯᠢᠶᠤᠤᠨᠢᠩ ᠤᠨ ᠹᠦᠱᠦ᠋ᠨ ᠤ ᠳ᠋ᠦᠩ ᠬᠤᠸᠠ | ᠶᠤᠸᠠᠨ ᠨᠡᠶᠢᠭᠡᠮ ᠲᠤᠭᠤᠷᠢᠬ ᠲᠤ᠂ ᠪᠢ ᠴᠧᠨ ᠢᠤᠢ ᠹᠠᠩ ᠤᠨ ᠭᠡᠷ ᠲᠤ ᠬᠦᠷᠴᠤ ᠠᠶᠤᠯ ᠠᠴᠠ ᠵᠠᠶᠢᠯᠠᠭᠤᠯᠤᠨ | ᠨᠡᠭᠦᠯᠭᠡᠵᠤ ᠳᠦᠪᠬᠢᠨᠡᠭᠦᠯᠦᠭᠰᠡᠡ ᠪᠠᠶᠢᠳᠠᠯ ᠢ ᠤᠢᠢᠯᠠᠭᠠᠪᠠ᠃ ᠭᠤᠸᠠᠩᠳᠦ᠋ᠩ ᠤᠨ ᠴᠢᠩᠶᠤᠸᠠᠨ ᠤ ᠯᠢᠶᠠᠨᠵᠠᠩ | ᠲᠤᠰᠬᠤᠨ ᠳᠤ᠂ ᠪᠢ ᠶᠠᠳᠠᠭᠤ ᠬᠦᠴᠢᠷᠳᠡᠯᠲᠡᠢ ᠡᠷᠦᠬᠡ ᠯᠦ ᠢ ᠾᠧ ᠲᠠᠢ ᠶᠠᠳᠠᠭᠤ ᠠᠴᠠ ᠠᠩᠬᠢᠵᠢᠷᠠᠭᠤᠯᠬᠤ | ᠠᠷᠭ᠎ᠠ ᠶᠢ ᠶᠠᠷᠢᠯᠴᠠᠪᠠ᠃ ᠲᠡᠳᠡᠨ ᠤ ᠦᠨᠡᠨᠴᠢ ᠪᠤᠷᠤᠬᠵᠢᠭᠤᠨ ᠵᠢᠰᠦ ᠴᠢᠷᠠᠢ ᠤᠳᠤ ᠴᠦ ᠮᠢᠨᠤ ᠲᠠᠷᠢᠬᠢᠨ ᠳᠤ | ᠲᠤᠳᠤᠷᠠᠬᠰᠠᠭᠠᠷ ᠪᠠᠶᠢᠨ᠎ᠠ᠃ ᠰᠢᠨ᠎ᠡ ᠵᠢᠯ ᠬᠦᠷᠴᠤ ᠢᠷᠡᠬᠦ ᠲᠠᠰᠢᠷᠠᠮ ᠢᠶᠠᠷ᠂ ᠨᠤᠲᠤᠬ ᠤᠨ ᠠᠬ᠎ᠠ ᠳᠡᠭᠦᠦ ᠨᠠᠷ ᠤᠨ | ᠠᠮᠢᠳᠤᠷᠠᠯ ᠡᠳᠦᠷ ᠠᠴᠠ ᠡᠳᠦᠷ ᠦᠭᠡᠳᠡᠯᠡᠨ ᠰᠠᠶᠢᠵᠢᠷᠠᠵᠤ᠂ ᠤᠯᠠᠮ ᠠᠴᠠ ᠤᠯᠠᠮ ᠰᠠᠶᠢᠨ ᠰᠠᠶᠢᠬᠠᠨ ᠪᠤᠯᠬᠤ ᠶᠢ | ᠬᠦᠰᠡᠨ ᠵᠦᠩᠨᠡᠵᠦ ᠪᠠᠶᠢᠨ᠎ᠠ᠃ | ᠡᠨᠡ ᠨᠢᠭᠡ ᠵᠢᠯ ᠳᠤ᠂ ᠪᠢᠳᠠ ᠦᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠤᠢ ᠶᠢ ᠦᠪᠡᠳᠡᠭᠰᠢ | ᠶᠡᠭᠡ ᠪᠠᠷ ᠪᠡᠯᠭᠡᠯᠡᠵᠦ᠂ ᠨᠠᠮ ᠪᠤᠯᠤᠨ ᠤᠯᠤᠰ ᠤᠨ ᠪᠠᠶᠢᠭᠤᠯᠤᠮᠵᠢ ᠳᠤ ᠰᠢᠰᠲᠧᠮᠲᠤ ᠴᠢᠨᠠᠷᠲᠠᠢ᠂ ᠪᠦᠬᠦᠯᠢ ᠴᠤᠬᠴᠠᠲᠤ | ᠴᠢᠨᠠᠷᠲᠠᠢ᠂ ᠳᠠᠬᠢᠨ ᠪᠠᠶᠢᠭᠤᠯᠬᠤ ᠴᠢᠨᠠᠷᠲᠠᠢ ᠦᠭᠡᠷᠡᠴᠢᠯᠡᠯᠲᠡ ᠬᠢᠵᠦ᠂ 100 ᠭᠠᠷᠤᠢ ᠵᠦᠢᠯ ᠤᠨ ᠴᠢᠬᠤᠯᠠ | ᠦᠭᠡᠷᠡᠴᠢᠯᠡᠯᠲᠡ ᠶᠢᠨ ᠠᠷᠭ᠎ᠠ ᠭᠡᠮᠵᠢᠶ᠎ᠡ ᠶᠢ ᠲᠤᠭᠳᠠᠭᠠᠵᠥ᠂ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ | ᠤᠯᠠᠨ ᠤᠯᠤᠰ ᠤᠨ ᠭᠠᠳᠠᠭᠠᠳᠤ ᠤᠷᠤᠭᠤᠯᠤᠯᠲᠠ ᠶᠢᠨ ᠦᠵᠡᠰᠬᠦᠯᠡᠩ ᠤᠨ ᠴᠤᠬᠯᠠᠭᠠᠨ ᠢ ᠡᠷᠬᠢᠯᠡᠵᠦ᠂ ᠬᠠᠶᠢᠨᠠᠨ ᠤ | ᠴᠢᠯᠦᠭᠡᠲᠤ ᠠᠷᠠᠯᠵᠢᠶᠠᠨ ᠤ ᠲᠤᠷᠰᠢᠯᠲᠠ ᠶᠢᠨ ᠤᠷᠤᠨ ᠢ ᠡᠬᠢᠯᠡᠨ ᠪᠠᠶᠢᠭᠤᠯᠪᠠ᠃ ᠳᠡᠯᠡᠬᠡᠢ ᠨᠡᠶᠢᠲᠡ ᠪᠠᠷ ᠢᠶᠠᠨ | ᠦᠭᠡᠷᠡᠴᠢᠯᠡᠯᠲᠡ ᠨᠡᠭᠡᠭᠡᠯᠲᠡ ᠬᠢᠭᠰᠡᠨ ᠳᠤᠮᠳᠠᠳᠤ ᠤᠯᠤᠰ ᠬᠤᠷᠳᠤᠴᠠ ᠪᠠᠨ ᠲᠦᠷᠭᠡᠳᠭᠡᠵᠤ ᠪᠠᠶᠢᠬᠤ ᠶᠢ ᠤᠯᠵᠤ | ᠦᠵᠡᠵᠦ᠂ ᠦᠭᠡᠷᠡᠴᠢᠯᠡᠯᠲᠡ ᠨᠡᠭᠡᠭᠡᠯᠲᠡ ᠶᠢ ᠡᠴᠤᠰ ᠲᠤᠨᠢ ᠲᠤᠯᠲᠠᠯ᠎ᠠ ᠬᠢᠬᠦ ᠳᠤᠮᠳᠠᠳᠤ ᠤᠯᠤᠰ ᠤᠨ ᠡᠷᠴᠢ ᠵᠤᠷᠢᠬ ᠢ | ᠤᠯᠵᠤ ᠦᠵᠡᠪᠡ᠃ ᠮᠠᠨ ᠤ ᠦᠭᠡᠷᠡᠴᠢᠯᠡᠯᠲᠡ ᠬᠢᠬᠦ ᠠᠯᠬᠤᠭ᠎ᠠ ᠵᠤᠬᠰᠤᠩᠭᠤᠢᠢᠷᠠᠬᠤ ᠦᠬᠡᠢ ᠶᠤᠮ᠂ ᠨᠡᠭᠡᠭᠡᠯᠲᠡ ᠶᠢᠨ | ᠡᠭᠦᠳᠡ ᠪᠠᠨ ᠶᠠᠪᠤᠬᠤ ᠲᠤᠳᠤᠮ ᠤᠯᠠᠮ ᠶᠡᠭᠡ ᠨᠡᠭᠡᠭᠡᠨ᠎ᠡ᠃ | ᠡᠨᠡ ᠵᠢᠯ᠂ ᠶᠡᠭᠡ ᠲᠡᠭᠡᠳᠤ ᠰᠤᠷᠭᠠᠭᠤᠯᠢ ᠶᠢᠨ ᠰᠤᠷᠤᠬᠴᠢ ᠡᠯᠰᠡᠬᠦ ᠨᠢᠬᠡᠳᠤᠯᠳᠠᠢ ᠰᠢᠯᠭᠠᠯᠳᠠ ᠶᠢ | ᠰᠡᠷᠬᠦᠭᠡᠭᠰᠡᠨ ᠤ ᠲᠠᠷᠠᠭᠠᠬᠢ ᠠᠩᠬᠠᠳᠤᠭᠠᠷ ᠪᠦᠯᠦᠭ ᠤᠨ ᠤᠶᠤᠳᠠᠨ ᠤ ᠤᠯᠠᠩᠬᠢ ᠨᠢ ᠠᠵᠢᠯ ᠠᠴᠠ ᠪᠠᠨ ᠠᠮᠠᠷᠠᠵᠤ᠂ | 2000 ᠤᠨ ᠠᠴᠠ ᠰᠡᠬᠦᠯᠡᠷ ᠲᠦᠷᠦᠭᠰᠡᠨ ᠦᠯᠡᠮᠵᠢᠬᠡᠨ ᠬᠡᠤᠬᠡᠳ ᠶᠡᠭᠡ ᠲᠡᠭᠡᠳᠤ ᠰᠤᠷᠭᠠᠭᠤᠯᠢ ᠳᠤ ᠤᠷᠤᠬᠰᠠᠨ ᠢ | ᠪᠢ ᠠᠩᠬᠠᠷᠴᠤ ᠮᠡᠳᠡᠪᠡ᠃ 1 ᠳ᠋ᠦᠩᠰᠢᠭᠤᠷ ᠭᠠᠷᠤᠢ ᠡᠷᠤᠬᠡ ᠠᠮᠠ ᠶᠢᠨ ᠬᠠᠷᠢᠶ᠎ᠠ ᠦᠬᠡᠢ ᠬᠦᠮᠤᠨ ᠠᠮᠠ ᠬᠤᠳᠠ ᠳᠤ | ᠡᠷᠤᠬᠡ ᠠᠮᠠ ᠶᠢᠨ ᠲᠠᠩᠰᠠ ᠪᠠᠨ ᠤᠷᠤᠭᠤᠯᠬᠤ ᠠᠵᠢᠯᠯᠠᠭ᠎ᠠ ᠦᠷᠬᠦᠯᠵᠢᠯᠠᠨ ᠶᠠᠪᠤᠬᠳᠠᠵᠤ᠂ 1300 ᠲᠦᠮᠡᠨ ᠬᠦᠮᠤᠨ | ᠬᠤᠳᠠ ᠪᠠᠯᠭᠠᠰᠤᠨ ᠳᠤ ᠠᠵᠢᠯ ᠤᠯᠵᠤ᠂ ᠲᠦᠬᠦᠮ ᠪᠦᠳᠤᠴᠠᠳᠤ ᠤᠷᠤᠨ ᠰᠠᠭᠤᠴᠠ ᠶᠢᠨ ᠠᠰᠠᠭᠤᠳᠠᠯ ᠢ | ᠰᠢᠢᠳᠪᠤᠷᠢᠯᠠᠬᠦ 580 ᠲᠦᠮᠡᠨ ᠢᠵᠢ ᠤᠷᠤᠨ ᠰᠠᠭᠤᠴᠠ ᠶᠢᠨ ᠪᠠᠷᠢᠯᠭ᠎ᠠ ᠡᠬᠢᠯᠠᠵᠤ᠂ ᠬᠤᠳᠠ ᠶᠢᠨ ᠰᠢᠨ᠎ᠡ ᠠᠷᠠᠳ | ᠲᠤᠯᠠᠭᠠᠨ ᠪᠦᠯᠢᠶᠠᠨ ᠤᠷᠤᠨ ᠰᠠᠭᠤᠴᠠ ᠲᠠᠢ ᠪᠤᠯᠵᠠᠢ᠃ ᠰᠢᠶᠠᠩᠭᠠᠩ ᠤᠤᠮᠧᠨ ᠤ ᠮᠠᠰᠢ ᠤᠯᠠᠨ ᠰᠠᠭᠤᠭᠠᠯᠢ ᠠᠷᠠᠳ | ᠤᠷᠤᠰᠢᠨ ᠰᠠᠭᠤᠬᠤ ᠦᠨᠡᠮᠯᠡᠯ ᠲᠠᠢ ᠪᠤᠯᠵᠤ᠂ ᠰᠢᠶᠠᠩᠭᠠᠩ ᠪᠦᠬᠦ ᠤᠯᠤᠰ ᠤᠨ ᠲᠦᠷᠬᠡᠨ ᠤ ᠲᠡᠮᠤᠷ ᠵᠠᠮ ᠤᠨ | ᠲᠤᠤᠷ ᠲᠤ ᠤᠷᠤᠬᠰᠠᠨ ᠪᠠᠶᠢᠨ᠎ᠠ᠃ ᠤᠷᠤᠬᠰᠢᠯᠠᠵᠤ ᠪᠠᠶᠢᠭ᠎ᠠ ᠳᠤᠮᠳᠠᠳᠤ ᠤᠯᠤᠰ ᠴᠡᠴᠡᠭᠯᠠᠯ ᠬᠦᠭᠵᠢᠯ ᠤᠨ | ᠠᠮᠢᠵᠢᠷᠠᠯ ᠤᠨ ᠬᠦᠴᠦᠨ ᠢᠶᠠᠷ ᠪᠢᠯᠬᠠᠵᠤ ᠪᠠᠶᠢᠨ᠎ᠠ᠃ ᠪᠢᠳᠠ ᠪᠦᠭᠦᠳᠡᠭᠡᠷ ᠴᠢᠷᠮᠠᠶᠢᠨ ᠳᠡᠮᠡᠴᠡᠵᠦ ᠪᠠᠶᠢᠨ᠎ᠠ᠂ ᠪᠢᠳᠠ | ᠪᠦᠬᠦᠳᠡᠭᠡᠷ ᠬᠦᠰᠡᠯ ᠵᠡᠬᠦᠳᠤ ᠪᠠᠨ ᠬᠦᠬᠡᠬᠡᠴᠡᠯᠳᠦᠭᠴᠢ ᠮᠦᠨ᠃ | ᠡᠨᠡ ᠬᠦ ᠴᠠᠬ ᠮᠦᠴᠠ ᠳᠤ᠂ ᠪᠢ ᠤᠨᠴᠠᠭᠠᠢᠢᠯᠠᠨ ᠵᠠᠷᠢᠮ ᠡᠷᠬᠢᠮ ᠬᠦᠨᠳᠤᠳᠤ ᠬᠦᠮᠦᠰ ᠤᠨ ᠨᠡᠷ᠎ᠡ ᠶᠢ | ᠲᠤᠷᠠᠳᠤᠮᠠᠷ ᠪᠠᠶᠢᠨ᠎ᠠ᠃ ᠡᠨᠡ ᠵᠢᠯ᠂ ᠤᠬᠳᠠᠷᠭᠤᠢ ᠳᠤ ︽ᠨᠠᠨ ᠷᠧᠨ ᠳ᠋ᠦᠩ ᠤᠳᠤᠨ︾ ᠨᠡᠮᠡᠭᠳᠠᠵᠤ᠂ ᠪᠦᠬᠦ | ᠴᠡᠷᠢᠭ ᠤᠨ ᠪᠠᠭᠠᠳᠤᠷ ᠵᠢᠱᠢᠶᠡᠴᠢ ᠶᠢᠨ ᠬᠦᠷᠦᠭ ᠲᠤ ᠯᠢᠨ ᠵᠢᠶᠦ᠋ᠨ ᠳ᠋ᠧ ᠪᠤᠯᠤᠨ ᠵᠠᠩ ᠴᠤᠤ ᠬᠤᠶᠠᠷ ᠨᠦᠬᠦᠷ | ᠨᠠᠮᠡᠭᠳᠠᠵᠠᠢ᠃ ᠪᠢᠳᠠ 32 ᠵᠢᠯ ᠠᠷᠠᠯ ᠢ ᠰᠠᠬᠢᠵᠤ ᠤᠯᠤᠰ ᠢᠶᠠᠨ ᠬᠠᠮᠠᠭᠠᠯᠠᠬᠰᠠᠨ ᠸᠠᠩ ᠵᠢᠢ ᠼᠠᠢ᠂ ᠲᠤᠷᠰᠢᠯᠳᠠ ᠶᠢᠨ | ᠲᠠᠪᠴᠠᠩ ᠢ ᠬᠠᠮᠠᠭᠠᠯᠠᠬᠤ ᠶᠢᠨ ᠲᠦᠯᠤᠬᠡ ᠴᠡᠬᠡᠵᠢ ᠲᠦᠷᠤᠨ ᠤᠷᠤᠵᠤ᠂ ᠪᠠᠭᠠᠳᠤᠷᠯᠢᠬ ᠢᠶᠠᠷ ᠪᠡᠶ᠎ᠠ ᠦᠷᠡᠭᠳᠡᠭᠰᠡᠨ | ᠬᠤᠸᠠᠩ ᠴᠢᠶᠦ᠋ᠨ᠂ ᠰᠦᠩ ᠶᠤᠸᠠᠢ ᠼᠠᠢ᠂ ᠵᠢᠶᠠᠩ ᠺᠠᠢ ᠪᠢᠨ ᠨᠦᠬᠦᠷ ᠵᠢᠴᠢ ᠤᠯᠤᠰ ᠭᠦᠷᠦᠨ ᠤ ᠲᠦᠯᠤᠬᠡ ᠠᠷᠠᠳ | ᠲᠦᠮᠡᠨ ᠤ ᠲᠦᠯᠤᠬᠡ ᠠᠮᠢ ᠪᠡᠶ᠎ᠠ ᠪᠠᠨ ᠵᠤᠷᠢᠭᠤᠯᠤᠬᠰᠠᠨ ᠪᠤᠰᠤᠳ ᠪᠠᠭᠠᠳᠤᠷᠴᠤᠳ ᠢᠶᠠᠨ ᠪᠠᠳᠤ ᠴᠡᠬᠡᠵᠢᠯᠡᠬᠦ ᠭᠡᠷᠡᠭᠳᠠᠢ᠃ | ᠲᠡᠳᠡᠨᠡᠷ ᠪᠤᠯ ᠰᠢᠨ᠎ᠠ ᠴᠠᠬ ᠦᠶ᠎ᠠ ᠶᠢᠨ ᠬᠠᠮᠤᠬ ᠤᠨ ᠬᠠᠶᠢᠷᠠᠳᠠᠢ ᠬᠦᠮᠤᠨ᠂ ᠪᠢᠳᠡᠨ ᠤ ᠡᠭᠦᠷᠢᠳᠡ ᠲᠤᠷᠠᠰᠤᠨ | ᠰᠠᠨᠠᠭᠠᠯᠵᠠᠵᠤ ᠰᠤᠷᠤᠯᠴᠠᠭᠤᠰᠢᠳᠠᠢ ᠬᠦᠮᠤᠰ ᠮᠦᠨ᠃ | ᠡᠨᠡ ᠨᠢᠭᠡ ᠵᠢᠯ ᠳᠤ᠂ ᠪᠠᠰᠠ ᠰᠢᠨ᠎ᠠ ᠬᠠᠭᠤᠴᠢᠨ ᠨᠠᠶᠢᠵᠠ ᠳᠤᠮᠳᠠᠳᠤ ᠤᠯᠤᠰ ᠲᠤ ᠤᠯᠠᠨ ᠢᠷᠠᠵᠠᠢ᠃ ᠪᠢᠳᠠ | ᠪᠦᠸᠧ ᠣᠣ ᠳᠠᠬᠢ ᠠᠽᠢᠶ᠎ᠠ ᠲᠢᠪ ᠤᠨ ᠶᠠᠷᠢᠶᠠᠨ ᠤ ᠲᠠᠪᠴᠠᠩ ᠤᠨ ᠤᠨ ᠤ ᠬᠤᠷᠠᠯ᠂ ᠱᠠᠩᠬᠠᠢ ᠶᠢᠨ | ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢᠨ ᠴᠢᠩᠳᠤᠤ ᠳᠠᠬᠢ ᠲᠦᠷᠤᠬᠦᠴᠤᠳ ᠤᠨ ᠬᠤᠷᠠᠯ᠂ ᠳᠤᠮᠳᠠᠳᠤ | ᠠᠹᠷᠢᠺᠠ ᠶᠢᠨ ᠬᠠᠮᠳᠤᠷᠠᠯᠴᠠᠭ᠎ᠠ ᠶᠢᠨ ᠶᠠᠷᠢᠶᠠᠨ ᠤ ᠲᠠᠪᠴᠠᠩ ᠤᠨ ᠪᠡᠬᠡᠵᠢᠩ ᠳᠠᠬᠢ ᠲᠦᠷᠤᠬᠦᠴᠤᠳ ᠤᠨ ᠬᠤᠷᠠᠯ ᠵᠡᠷᠬᠡ | ᠭᠤᠤᠯ ᠲᠠᠯᠠᠪᠤᠷ ᠤᠨ ᠭᠠᠳᠠᠭᠠᠳᠤ ᠶᠠᠪᠤᠳᠠᠯ ᠤᠨ ᠠᠵᠢᠯᠯᠠᠭ᠎ᠠ ᠶᠢ ᠡᠷᠬᠢᠯᠡᠵᠤ᠂ ᠳᠤᠮᠳᠠᠳᠤ ᠤᠯᠤᠰ ᠤᠨ ᠵᠤᠷᠢᠯᠳᠠ ᠶᠢ | ᠲᠤᠷᠠᠳᠴᠤ᠂ ᠳᠤᠮᠳᠠᠳᠤ ᠤᠯᠤᠰ ᠤᠨ ᠲᠠᠭᠤᠨ ᠢ ᠲᠠᠮᠵᠢᠭᠤᠯᠪᠠ᠃ ᠪᠢ ᠬᠠᠮᠳᠤ ᠠᠵᠢᠯᠯᠠᠬᠰᠡᠳ ᠲᠠᠢ ᠪᠠᠨ ᠲᠠᠪᠤᠨ | ᠲᠢᠪ ᠢᠶᠠᠷ ᠠᠶᠢᠯᠴᠢᠯᠠᠵᠤ᠂ ᠮᠠᠰᠢ ᠤᠯᠠᠨ ᠴᠢᠬᠤᠯᠠ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠳᠤ ᠤᠷᠤᠯᠴᠠᠵᠤ᠂ | ᠡᠯ᠎ᠡ ᠤᠯᠤᠰ ᠤᠨ ᠤᠳᠤᠷᠢᠳᠬᠤ ᠬᠦᠮᠦᠰ ᠲᠠᠢ ᠰᠠᠨᠠᠯ ᠢᠶᠠᠨ ᠦᠷᠭᠡᠨ ᠢᠶᠠᠷ ᠰᠤᠯᠢᠯᠴᠠᠵᠤ᠂ ᠨᠦᠬᠦᠷᠯᠡᠯ ᠢᠶᠠᠨ | ᠵᠤᠵᠠᠭᠠᠳᠬᠠᠵᠤ᠂ ᠢᠳᠡᠬᠡᠯᠴᠡᠭᠡ ᠪᠠᠨ ᠨᠡᠮᠡᠭᠳᠡᠬᠦᠯᠵᠤ᠂ ᠮᠠᠨ ᠤ ᠨᠠᠶᠢᠵᠠ ᠶᠢᠨ ᠬᠦᠷᠢᠶ᠎ᠡ ᠪᠠᠨ ᠦᠷᠬᠡᠳᠬᠡᠪᠡ᠃ | 2019 ᠤᠨ ᠳᠤ᠂ ᠪᠢᠳᠠ ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠮᠠᠨᠳᠤᠯᠡᠭᠰᠡᠨ 70 ᠵᠢᠯ ᠤᠨ | ᠤᠢ ᠶᠢ ᠦᠪᠡᠳᠡᠭᠰᠢ ᠶᠡᠭᠡ ᠪᠠᠷ ᠪᠡᠯᠭᠡᠯᠡᠬᠦ ᠪᠤᠯᠤᠨ᠎ᠡ᠃ 70 ᠵᠢᠯ ᠬᠠᠷᠰᠢ ᠰᠠᠭᠠᠳ ᠢ ᠢᠯᠡᠨ ᠲᠠᠪᠠᠵᠤ᠂ 70 ᠵᠢᠯ | ᠬᠦᠴᠢᠷ ᠪᠡᠷᠭᠡᠰᠢᠶᠠᠯ ᠢ ᠲᠤᠭᠤᠯᠪᠠ᠃ ᠠᠷᠠᠳ ᠲᠦᠮᠡᠨ ᠪᠤᠯ ᠪᠦᠬᠦᠳᠠ ᠨᠠᠶᠢᠷᠠᠮᠳᠠᠬᠤ ᠤᠯᠤᠰ ᠤᠨ ᠪᠠᠳᠤ ᠪᠠᠬᠢ | ᠦᠨᠳᠦᠰᠦ ᠰᠠᠭᠤᠷᠢ ᠮᠦᠨ᠂ ᠠᠷᠠᠳ ᠲᠦᠮᠡᠨ ᠪᠤᠯ ᠪᠢᠳᠠ ᠤ ᠲᠦᠷᠦ ᠪᠠᠷᠢᠬᠤ ᠬᠠᠮᠤᠭ ᠤᠨ ᠶᠡᠭᠡ ᠬᠦᠴᠦᠨ ᠴᠢᠳᠠᠯ | ᠮᠦᠨ᠃ ᠤᠯᠠᠨ ᠵᠢᠯ ᠤᠨ ᠲᠤᠷᠰᠢ᠂ ᠲᠤᠮᠳᠠᠳᠤ ᠤᠯᠤᠰ ᠤᠨ ᠠᠷᠠᠳ ᠲᠦᠮᠡᠨ ᠦᠪᠡᠷ ᠤᠨ ᠬᠦᠴᠦ ᠪᠠᠷ ᠢᠶᠠᠨ | ᠲᠡᠭᠵᠢᠷᠠᠵᠤ᠂ ᠲᠡᠰᠪᠤᠷᠢ ᠬᠠᠳᠠᠭᠤᠵᠢᠯᠳᠠᠢ ᠲᠠᠮᠠᠴᠡᠵᠤ᠂ ᠲᠡᠯᠡᠭᠡᠢ ᠳ᠋ᠠᠬᠢᠨ ᠤ ᠠᠩᠬᠠᠷᠤᠯ ᠢ ᠲᠠᠳᠠᠬᠰᠡᠨ ᠲᠤᠮᠳᠠᠳᠤ | ᠤᠯᠤᠰ ᠤᠨ ᠭᠠᠶᠢᠬᠠᠮᠰᠢᠭ ᠢ ᠡᠬᠦᠳᠴᠠᠢ᠃ ᠰᠢᠨ᠎ᠡ ᠠᠶᠠᠨ ᠵᠠᠮ ᠳᠤ᠂ ᠪᠠᠷᠠᠭᠠᠨ ᠡᠭᠦᠯᠡ ᠬᠤᠶᠢᠯᠠᠷᠠᠵᠤ᠂ ᠰᠠᠯᠬᠢ | ᠲᠠᠪᠠᠯᠭᠠᠨ ᠳᠤ ᠴᠤᠬᠢᠬᠳᠠᠬᠰᠠᠨ ᠴᠤ᠂ ᠪᠢᠳᠠ ᠠᠷᠠᠳ ᠲᠦᠮᠡᠨ ᠢ ᠴᠢᠩᠭ᠎ᠠ ᠲᠦᠰᠢᠭᠯᠡᠵᠤ᠂ ᠦᠪᠡᠷ ᠤᠨ | ᠬᠦᠴᠤ ᠪᠠᠷ ᠢᠶᠠᠨ ᠲᠡᠭᠵᠢᠷᠠᠵᠤ᠂ ᠲᠠᠰᠪᠤᠷᠢ ᠬᠠᠳᠠᠭᠤᠵᠢᠯᠳᠠᠢ ᠲᠠᠮᠡᠴᠡᠬᠦ ᠶᠢ ᠪᠠᠷᠢᠮᠳᠠᠯᠠᠵᠤ᠂ ᠬᠠᠳᠠᠨ ᠪᠠᠳᠤ ᠢᠳᠡᠭᠡᠯ | ᠵᠤᠷᠢᠭ᠂ ᠦᠷᠯᠦᠭᠡ ᠦᠳᠡᠰᠢ ᠲᠠᠢ ᠲᠡᠮᠡᠴᠡᠬᠦ ᠡᠷᠴᠢ ᠵᠤᠷᠢᠭ᠂ ᠨᠤᠭᠤᠷᠠᠰᠢ ᠦᠭᠡᠢ ᠴᠢᠷᠮᠠᠶᠢᠬᠤ ᠬᠠᠳᠠᠭᠤ ᠵᠤᠷᠢᠭ ᠢᠶᠠᠷ | ᠨᠢᠭᠡ ᠨᠢᠭᠡ ᠠᠯᠬᠤᠮ ᠢᠶᠠᠷ ᠲᠡᠤᠭᠡᠨ ᠳᠤ ᠭᠠᠷᠤᠭ᠎ᠠ ᠦᠭᠡᠢ ᠠᠭᠤᠤ ᠶᠡᠭᠡ ᠦᠢᠯᠡᠰ ᠢ ᠤᠷᠤᠬᠰᠢ ᠠᠬᠢᠭᠤᠯᠬᠤ | ᠭᠡᠷᠡᠭᠳᠠᠢ᠃ | 2019 ᠤᠨ ᠳᠤ᠂ ᠠᠵᠠ ᠲᠤᠬᠢᠶᠠᠯ ᠪᠠᠶᠢᠬᠤ ᠮᠦᠷᠳᠡᠭᠡᠨ ᠪᠠᠰᠠ ᠦᠷᠢᠰᠦᠯᠳᠦᠭᠡᠨ ᠪᠠᠶᠢᠬᠤ ᠪᠤᠯᠤᠨ᠎ᠠ᠂ | ᠤᠯᠠᠨ ᠢᠶᠠᠷ ᠢᠶᠠᠨ ᠬᠠᠮᠳᠤ ᠪᠠᠷ ᠴᠢᠷᠮᠠᠶᠢᠵᠤ᠂ ᠬᠠᠮᠳᠤ ᠪᠠᠷ ᠲᠠᠮᠡᠴᠡᠬᠦ ᠬᠡᠷᠡᠭᠳᠠᠢ᠃ ᠭᠠᠶᠢᠯᠢ ᠶᠢ ᠪᠠᠭᠠᠰᠬᠠᠵᠤ | ᠰᠦᠢᠳᠭᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠳᠦᠮᠵᠢ | ᠭᠠᠷᠭᠠᠵᠤ᠂ ᠠᠵᠤ ᠠᠬᠤᠢᠢᠯᠡᠯ ᠤᠨ ᠲᠠᠷᠤᠭᠠᠰᠤ ᠶᠢ ᠬᠦᠡᠭᠭᠡᠷᠡᠭᠦᠯᠬᠦ ᠬᠡᠷᠡᠭᠳᠠᠢ᠃ ᠡᠯ᠎ᠡ ᠵᠦᠢᠯ ᠤᠨ ᠴᠢᠳᠠᠪᠤᠷᠢᠳᠠᠨ ᠢ | ᠦᠨᠡᠨ ᠰᠡᠳᠬᠢᠯ ᠠᠴᠠ ᠪᠠᠨ ᠬᠦᠨᠳᠦᠳᠭᠡᠵᠤ᠂ ᠲᠡᠳᠡ ᠨᠠᠷ ᠤᠨ ᠰᠢᠨ᠎ᠡ ᠶᠢ ᠡᠬᠦᠳᠬᠦ ᠡᠬᠦᠳᠤᠨ ᠪᠦᠳᠦᠭᠡᠬᠦ | ᠠᠮᠢᠵᠢᠷᠠᠯ ᠤᠨ ᠬᠦᠴᠤᠨ ᠢ ᠬᠦᠢᠴᠡᠳ ᠬᠦᠭᠵᠢᠭᠡᠬᠦ ᠭᠡᠷᠡᠭᠳᠠᠢ᠃ ᠦᠨᠳᠦᠰᠦᠨ ᠱᠠᠳᠤᠨ ᠤ ᠺᠠᠳ᠋ᠷ ᠤᠨ ᠬᠦᠰᠡᠯ | ᠪᠤᠳᠤᠯ ᠢ ᠰᠤᠨᠤᠰᠴᠤ᠂ ᠵᠤᠷᠢᠬᠳᠠᠢ ᠪᠠᠷ ᠬᠠᠷᠢᠭᠤᠴᠠᠯᠭ᠎ᠠ ᠡᠬᠦᠷᠭᠡᠯᠡᠵᠤ ᠵᠢᠳᠬᠦᠯ ᠴᠢᠷᠮᠠᠶᠢᠯᠭ᠎ᠠ ᠭᠠᠷᠭᠠᠳᠠᠭ ᠺᠠᠳ᠋ᠷ ᠢ | ᠠᠵᠢᠯᠯᠠᠬᠤ ᠵᠤᠷᠢᠭ᠂ ᠴᠢᠷᠮᠠᠶᠢᠬᠤ ᠬᠠᠷᠠᠯᠳᠠ ᠲᠠᠢ ᠪᠤᠯᠭᠠᠬᠤ ᠭᠡᠷᠡᠭᠳᠠᠢ᠃ ᠬᠦᠳᠡᠭᠡ ᠲᠤᠰᠬᠤᠨ ᠤ 1000 ᠭᠠᠷᠤᠢ | ᠲᠦᠮᠡᠨ ᠶᠠᠳᠠᠭᠤ ᠬᠦᠴᠢᠷᠳᠠᠯᠳᠠᠢ ᠬᠦᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠡᠬᠦᠷᠭᠡ ᠶᠢ ᠲᠤᠬᠳᠠᠬᠰᠡᠨ | ᠬᠤᠭᠤᠴᠠᠭᠠᠨ ᠳᠤ ᠪᠠᠶᠠᠯᠡᠬᠦᠯᠵᠤ᠂ ᠬᠠᠷᠠᠯᠳᠠ ᠳᠠᠭᠠᠨ ᠬᠦᠷᠬᠦ ᠪᠠᠷ ᠴᠦᠬᠦᠷᠠᠰᠢ ᠦᠭᠡᠢ ᠲᠡᠮᠡᠴᠡᠬᠦ ᠬᠡᠷᠡᠭᠳᠠᠢ᠃ | ᠴᠡᠷᠢᠭ ᠤᠨ ᠠᠯᠪᠠ ᠠᠴᠠ ᠬᠠᠯᠠᠬᠳᠠᠬᠰᠡᠳ ᠢ ᠬᠠᠯᠠᠮᠵᠢᠯᠠᠨ ᠬᠠᠶᠢᠷᠠᠯᠠᠬᠤ ᠭᠡᠷᠡᠭᠳᠠᠢ᠂ ᠲᠠᠳᠠ ᠨᠠᠷ ᠤᠯᠤᠰ ᠭᠦᠷᠦᠨ ᠢ | ᠬᠠᠮᠠᠭᠠᠯᠠᠬᠤ ᠳᠤ ᠬᠤᠪᠢ ᠨᠡᠮᠠᠷᠢ ᠦᠵᠡᠬᠦᠯᠦᠭᠰᠡᠨ ᠶᠤᠮ᠃ ᠡᠨᠡ ᠦᠶ᠎ᠡ ᠳᠤ᠂ ᠲᠦᠷᠭᠡᠨ ᠬᠦᠷᠭᠡᠭᠴᠢ᠂ ᠤᠷᠴᠢᠨ | ᠲᠤᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯᠴᠢᠨ᠂ ᠲᠦᠷᠢᠶᠠᠰᠤᠨ ᠮᠠᠰᠢᠨ ᠤ ᠵᠢᠯᠤᠭᠤᠴᠢ ᠵᠢᠴᠢ ᠲᠦᠭ | ᠲᠦᠮᠡᠨ ᠬᠦᠳᠡᠯᠮᠤᠷᠢᠴᠢᠨ ᠪᠠᠰᠠ ᠰᠢᠷᠭᠠᠭᠤ ᠬᠠᠳᠠᠭᠤᠵᠢᠯᠳᠠᠢ ᠠᠵᠢᠯᠯᠠᠵᠤ ᠪᠠᠶᠢᠨ᠎ᠡ᠂ ᠪᠢᠳᠠ ᠡᠳᠡᠭᠡᠷ ᠰᠠᠶᠢᠨ | ᠰᠠᠶᠢᠬᠠᠨ ᠠᠮᠢᠳᠤᠷᠠᠯ ᠢ ᠴᠤᠬᠴᠠᠯᠠᠬᠴᠢ᠂ ᠬᠠᠮᠠᠭᠠᠯᠠᠬᠴᠢ ᠳᠤ ᠲᠠᠯᠠᠷᠬᠠᠬᠤ ᠭᠡᠷᠡᠭᠳᠠᠢ᠃ ᠲᠠ ᠨᠠᠷ ᠵᠦᠳᠡᠷᠠᠯᠡ᠃ | ᠲᠡᠯᠡᠭᠡᠢ ᠳ᠋ᠠᠬᠢᠨ ᠢ ᠪᠠᠷᠠᠯᠠᠬᠤᠶᠡ᠂ ᠪᠢᠳᠠ ᠴᠢᠪ ᠬᠡᠮᠡᠨ ᠵᠠᠭᠤᠨ ᠵᠢᠯ ᠳᠤ ᠪᠠᠶᠢᠭ᠎ᠠ ᠦᠭᠡᠢ ᠶᠡᠭᠡ | ᠬᠤᠪᠢᠰᠤᠯᠳᠠ ᠳᠤ ᠲᠤᠯᠭᠠᠷᠠᠵᠤ ᠪᠠᠶᠢᠨ᠎ᠡ᠃ ᠲᠡᠯᠡᠭᠡᠢ ᠳ᠋ᠠᠬᠢᠨ ᠭᠡᠷᠬᠢᠨ ᠬᠤᠪᠢᠷᠠᠬᠰᠡᠨ ᠴᠤ ᠲᠤᠮᠳᠠᠳᠤ ᠤᠯᠤᠰ ᠤᠨ | ᠤᠯᠤᠰ ᠤᠨ ᠡᠷᠭᠡ ᠮᠠᠳᠠᠯ ᠪᠠ ᠠᠮᠤᠷ ᠲᠦᠪᠰᠢᠨ ᠢ ᠬᠠᠮᠠᠭᠠᠯᠠᠬᠤ ᠢᠳᠡᠭᠡᠯ ᠪᠤᠯᠤᠨ ᠵᠤᠷᠢᠭ ᠬᠤᠪᠢᠷᠠᠬᠤ ᠦᠭᠡᠢ᠂ | ᠲᠤᠮᠳᠠᠳᠤ ᠤᠯᠤᠰ ᠲᠡᠯᠡᠭᠡᠢ ᠶᠢᠨ ᠡᠩᠭᠡ ᠲᠠᠶᠢᠪᠤᠩ ᠢ ᠬᠠᠮᠠᠭᠠᠯᠠᠬᠤ᠂ ᠬᠠᠮᠳᠤ ᠪᠠᠷ ᠬᠦᠭᠵᠢᠬᠦ ᠶᠢ ᠠᠬᠢᠭᠤᠯᠬᠤ | ᠦᠨᠡᠨᠴᠢ ᠰᠡᠳᠬᠢᠯ ᠪᠤᠯᠤᠨ ᠰᠠᠶᠢᠨ ᠰᠠᠨᠠᠭ᠎ᠠ ᠬᠤᠪᠢᠷᠠᠬᠤ ᠦᠭᠡᠢ᠃ ᠪᠢᠳᠠ ︽ᠨᠢᠭᠡ ᠪᠦᠰᠡ ᠨᠢᠭᠡ ᠵᠠᠮ︾ ᠢ | ᠬᠠᠮᠳᠤ ᠪᠠᠷ ᠪᠦᠳᠦᠭᠡᠨ ᠪᠠᠶᠢᠭᠤᠯᠬᠤ ᠠᠵᠢᠯ ᠢ ᠢᠳᠡᠪᠬᠢᠳᠠᠢ ᠠᠬᠢᠭᠤᠯᠵᠤ᠂ ᠬᠦᠮᠦᠨ ᠲᠦᠷᠦᠯᠬᠢᠳᠠᠨ ᠤ ᠬᠤᠪᠢ | ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠬᠤ ᠶᠢ ᠦᠷᠬᠦᠯᠵᠢᠯᠡᠨ ᠠᠬᠢᠭᠤᠯᠵᠤ᠂ ᠨᠡᠩ ᠴᠡᠴᠡᠭᠯᠡᠨ ᠬᠦᠭᠵᠢᠭᠰᠡᠨ | ᠰᠠᠶᠢᠨ ᠰᠠᠶᠢᠬᠠᠨ ᠲᠡᠯᠡᠭᠡᠢ ᠶᠢᠷᠳᠢᠨᠴᠤ ᠶᠢ ᠪᠦᠳᠦᠭᠡᠨ ᠪᠠᠶᠢᠭᠤᠯᠬᠤ ᠶᠢᠨ ᠲᠦᠯᠦᠭᠡ ᠴᠦᠬᠦᠷᠡᠰᠢ ᠦᠭᠡᠢ ᠴᠢᠷᠮᠠᠶᠢᠨ᠎ᠠ᠃ | ᠰᠢᠨ᠎ᠡ ᠵᠢᠯ ᠤᠨ ᠬᠤᠨᠭ᠍ᠬᠤ ᠶᠢᠨ ᠲᠠᠭᠤᠨ ᠤᠳᠠᠯ ᠦᠭᠡᠢ ᠲᠤᠤᠭᠠᠷᠬᠤ ᠪᠤᠯᠤᠯ᠎ᠡ᠂ ᠪᠢᠳᠠ ᠪᠦᠬᠦᠳᠡᠭᠡᠷ ᠢᠳᠡᠭᠡᠯ | ᠬᠦᠰᠡᠯᠡᠩ ᠲᠦᠬᠦᠷᠡᠩ ᠢᠶᠠᠷ 2019 ᠤᠨ ᠤ ᠬᠦᠷᠴᠤ ᠢᠷᠠᠬᠦ ᠶᠢ ᠬᠠᠮᠳᠤ ᠪᠠᠷ ᠤᠬᠳᠤᠵᠠᠭᠠᠶᠡ᠃ | ᠲᠤᠮᠳᠠᠳᠤ ᠤᠯᠤᠰ ᠲᠤ ᠢᠷᠦᠭᠡᠯ ᠲᠡᠪᠰᠢᠬᠦᠯᠦᠶ᠎ᠡ︕ ᠲᠡᠯᠡᠭᠡᠢ ᠳ᠋ᠠᠬᠢᠨ ᠳᠤ ᠢᠷᠦᠭᠡᠯ ᠲᠡᠪᠰᠢᠬᠦᠯᠦᠶ᠎ᠡ︕ | ᠲᠠ ᠪᠦᠬᠦᠨ ᠳᠤ ᠲᠠᠯᠠᠷᠬᠠᠯᠡ︕ |