ᠰᠢᠨ᠎ᠡ ᠵᠢᠯ ᠠᠴᠠ ᠡᠮᠤᠨᠡᠬᠡᠨ᠂ ᠤᠯᠤᠰ ᠤᠨ ᠲᠡᠷᠢᠬᠦᠯᠡᠭᠴᠢ ᠰᠢ ᠶᠢᠨ ᠫᠢᠩ ᠲᠤᠮᠳᠠᠳᠤ ᠤᠯᠤᠰ ᠤᠨ ᠤᠯᠠᠨ | ᠤᠯᠤᠰ ᠤᠨ ᠷᠠᠳᠢᠣ᠋ ᠨᠡᠪᠳᠡᠷᠡᠬᠦᠯᠬᠡ ᠶᠢᠨ ᠬᠤᠷᠢᠶ᠎ᠠ᠂ ᠲᠦᠪ ᠤᠨ ᠠᠷᠠᠳ ᠤᠨ ᠷᠠᠳᠢᠣ᠋ ᠨᠡᠪᠳᠡᠷᠡᠬᠦᠯᠬᠡ ᠶᠢᠨ ᠬᠤᠷᠢᠶ᠎ᠠ᠂ | ᠲᠦᠪ ᠤᠨ ᠲᠧᠯᠸᠢᠰ ᠬᠤᠷᠢᠶ᠎ᠠ᠂ ᠲᠤᠮᠳᠠᠳᠤ ᠤᠯᠤᠰ ᠤᠨ ᠤᠯᠠᠨ ᠤᠯᠤᠰ ᠤᠨ ᠲᠧᠯᠸᠢᠰ ᠬᠤᠷᠢᠶ᠎ᠠ ︵ᠲᠤᠮᠳᠠᠳᠤ | ᠤᠯᠤᠰ ᠤᠨ ᠪᠦᠮᠪᠦᠷᠴᠡᠭ ᠤᠨ ᠲᠧᠯᠸᠢᠰ ᠬᠤᠷᠢᠶ᠎ᠠ︶ ᠪᠤᠯᠤᠨ ᠢᠨᠲ᠋ᠧᠷ ᠰᠦᠯᠵᠢᠶ᠎ᠡ ᠪᠠᠷ ᠲᠠᠮᠵᠢᠭᠤᠯᠤᠨ 2017 | ᠤᠨ ᠤ ᠰᠢᠨ᠎ᠡ ᠵᠢᠯ ᠤᠨ ᠪᠠᠶᠠᠷ ᠤᠨ ᠦᠬᠡ ᠨᠡᠶᠢᠳᠡᠯᠡᠪᠡ᠃ ᠪᠦᠬᠦ ᠠᠭᠤᠯᠭ᠎ᠠ ᠨᠢ ᠲᠤᠤᠷᠠᠬᠢ ᠮᠠᠳᠤ᠄ | 2016 ᠤᠨ ᠤᠳᠠᠯ ᠦᠭᠡᠢ ᠦᠩᠬᠡᠷᠡᠨ᠂ ᠰᠢᠨ᠎ᠡ ᠵᠢᠯ ᠤᠨ ᠬᠤᠨᠭ᠍ᠬᠤᠨ ᠲᠠᠭᠤᠨ ᠲᠤᠤᠭᠠᠷᠠᠬᠤ ᠪᠤᠯᠤᠯ᠎ᠠ᠃ | ᠡᠨᠡᠬᠦ ᠬᠠᠭᠤᠴᠢᠨ ᠵᠢᠯ ᠢᠶᠠᠨ ᠦᠳᠡᠵᠥ ᠰᠢᠨ᠎ᠡ ᠵᠢᠯ ᠢᠶᠠᠨ ᠤᠬᠳᠤᠬᠤ ᠪᠠᠶᠠᠷᠲᠦ ᠮᠦᠴᠡ ᠳᠤ᠂ ᠪᠢ ᠪᠦᠬᠦ ᠤᠯᠤᠰ ᠤᠨ | ᠦᠨᠳᠦᠰᠦᠳᠡᠨ ᠨᠦᠭᠦᠳ ᠤᠨ ᠠᠷᠠᠳ ᠲᠦᠮᠡᠨ ᠳᠤ᠂ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠤᠷᠤᠨ ᠤ ᠠᠬ᠎ᠠ | ᠲᠡᠬᠦᠤ ᠨᠡᠷ᠂ ᠤᠤᠮᠧᠨ ᠤᠨᠴᠠᠭᠠᠢ ᠵᠠᠰᠠᠭ ᠵᠠᠬᠢᠷᠭᠠᠨ ᠤ ᠤᠷᠤᠨ ᠤ ᠠᠬ᠎ᠠ ᠲᠡᠬᠦᠤ ᠨᠡᠷ᠂ ᠲᠠᠶᠢᠸᠠᠨ ᠤ ᠠᠬ᠎ᠠ ᠲᠡᠬᠦᠤ | ᠨᠠᠷ ᠪᠤᠯᠤᠨ ᠭᠠᠳᠠᠭᠠᠳᠤ ᠳᠤ ᠰᠠᠭᠤᠭ᠎ᠠ ᠬᠠᠷᠢᠶᠠᠳᠤ ᠨᠡᠷ ᠲᠤ᠂ ᠲᠡᠯᠡᠬᠡᠢ ᠶᠢᠨ ᠡᠯ᠎ᠡ ᠤᠯᠤᠰ ᠡᠯ᠎ᠡ ᠭᠠᠵᠠᠷ ᠤᠷᠤᠨ ᠤ | ᠨᠠᠶᠢᠵᠠ ᠨᠡᠷ ᠲᠤ ᠰᠢᠨ᠎ᠡ ᠵᠢᠯ ᠤᠨ ᠢᠷᠦᠬᠡᠯ ᠵᠦᠩᠨᠡᠯ ᠲᠡᠪᠰᠢᠬᠦᠯᠵᠥ ᠪᠠᠶᠢᠨ᠎ᠠ︕ | 2016 ᠤᠨ ᠨᠢ ᠲᠤᠮᠳᠠᠳᠤ ᠤᠯᠤᠰ ᠤᠨ ᠠᠷᠠᠳ ᠲᠦᠮᠡᠨ ᠳᠤ ᠠᠪᠴᠦ ᠬᠡᠯᠡᠪᠡᠯ ᠶᠡᠷᠤ ᠪᠤᠰᠤ ᠶᠢᠨ ᠨᠢᠬᠡ | ᠵᠢᠯ ᠮᠥᠨ ᠪᠦᠭᠡᠳ ᠮᠠᠷᠳᠠᠭᠳᠠᠰᠢ ᠦᠭᠡᠢ ᠨᠢᠬᠡ ᠵᠢᠯ ᠪᠠᠶᠢᠵᠥ᠂ ︽ᠠᠷᠪᠠᠨ ᠭᠤᠷᠪᠠᠳᠤᠭᠠᠷ ᠲᠠᠪᠤᠨ ᠵᠢᠯ︾ ᠢ ᠰᠠᠶᠢᠨ | ᠰᠠᠶᠢᠬᠠᠨ ᠡᠬᠢᠯᠡᠯᠳᠡ ᠲᠠᠢ ᠪᠤᠯᠭᠠᠪᠠ᠃ ᠪᠢᠳᠡ ᠰᠢᠨ᠎ᠡ ᠬᠦᠭᠵᠢᠯᠳᠡ ᠶᠢᠨ ᠤᠢᠢᠯᠠᠭᠠᠬᠳᠠᠬᠤᠨ ᠢ ᠢᠳᠡᠪᠬᠢᠳᠡᠢ | ᠦᠢᠯᠡᠳᠦᠯᠬᠡᠵᠢᠬᠦᠯᠵᠥ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠠᠬᠢᠴᠠ ᠶᠢ ᠲᠦᠷᠭᠡᠳᠭᠡᠵᠥ᠂ ᠮᠠᠨ ᠤ | ᠤᠯᠤᠰ ᠤᠨ ᠠᠵᠥ ᠠᠬᠤᠢ ᠶᠢᠨ ᠨᠡᠮᠡᠭᠳᠡᠯ ᠦᠷᠬᠦᠯᠵᠢᠯᠡᠨ ᠲᠡᠯᠡᠬᠡᠢ ᠶᠢᠨ ᠡᠮᠤᠨ᠎ᠡ ᠡᠩᠨᠡᠬᠡᠨ ᠳᠤ ᠤᠷᠤᠬᠤ ᠶᠢ | ᠠᠬᠢᠭᠤᠯᠪᠠ᠃ ᠪᠢᠳᠡ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠶᠢ ᠢᠳᠡᠪᠬᠢᠳᠡᠢ ᠠᠬᠢᠭᠤᠯᠵᠥ᠂ | ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠳᠤ ᠴᠢᠬᠤᠯᠠ ᠠᠯᠬᠤᠮ ᠢ ᠠᠯᠬᠤᠵᠥ᠂ | ᠤᠯᠤᠰ ᠤᠨ ᠪᠠᠳᠤᠯᠠᠨ ᠬᠠᠮᠠᠭᠠᠯᠠᠯᠳᠡ ᠪᠤᠯᠤᠨ ᠴᠡᠷᠢᠭ ᠠᠩᠬᠢ ᠶᠢᠨ ᠦᠭᠡᠷᠡᠴᠢᠯᠡᠯᠳᠡ ᠳᠤ ᠴᠢᠬᠤᠯᠠ ᠶᠡᠭᠡ | ᠰᠢᠪᠳᠤᠯᠤᠯᠳᠡ ᠲᠠᠢ ᠪᠤᠯᠵᠥ᠂ ᠡᠯ᠎ᠡ ᠬᠦᠷᠢᠶᠡᠨ ᠤ ᠲᠦᠷᠪᠡᠨ ᠨᠢᠷᠤᠭᠤ ᠨᠠᠢᠮᠠᠨ ᠲᠤᠯᠭᠠᠭᠤᠷᠢ ᠶᠢᠨ ᠰᠢᠨᠵᠢ ᠴᠢᠨᠠᠷᠳᠠᠢ | ᠦᠭᠡᠷᠡᠴᠢᠯᠡᠯᠳᠡ ᠶᠢᠨ ᠭᠤᠤᠯ ᠴᠤᠭᠴᠠ ᠶᠢᠨ ᠪᠦᠳᠦᠬᠦᠪᠴᠢ ᠲᠦᠰᠦᠪ ᠢ ᠦᠨᠳᠦᠰᠦᠨ ᠳᠡᠭᠡᠨ ᠲᠤᠭᠳᠠᠭᠠᠭᠰᠠᠠ | ᠪᠠᠶᠢᠨ᠎ᠠ᠃ ᠪᠢᠳᠡ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠢᠳᠡᠪᠬᠢᠳᠡᠢ ᠠᠬᠢᠭᠤᠯᠵᠥ᠂ ᠬᠠᠤᠯᠢ | ᠴᠠᠭᠠᠵᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠬᠡᠶᠢᠷᠡᠬᠦᠯᠤᠨ ᠬᠠᠤᠯᠢ ᠴᠠᠭᠠᠵᠠ ᠶᠢᠨ ᠲᠦᠪ | ᠭᠤᠤᠯᠴᠢ ᠶᠢ ᠪᠦᠬᠦ ᠬᠦᠴᠦᠨ ᠢᠶᠠᠷ ᠢᠶᠠᠨ ᠠᠬᠢᠭᠤᠯᠵᠥ᠂ ᠨᠡᠶᠢᠭᠡᠮ ᠤᠨ ᠡᠷᠬᠡ ᠲᠡᠭᠰᠢ ᠰᠢᠳᠤᠷᠭᠤ ᠶᠤᠰᠤ ᠶᠢ | ᠬᠠᠮᠠᠭᠠᠯᠠᠪᠠ᠃ ᠪᠢᠳᠡ ᠪᠦᠬᠦ ᠲᠠᠯ᠎ᠠ ᠪᠠᠷ ᠨᠡᠮ ᠢ ᠴᠢᠩᠭ᠎ᠠ ᠵᠠᠰᠠᠬᠤ ᠶᠢ ᠢᠳᠡᠪᠬᠢᠳᠡᠢ ᠠᠬᠢᠭᠤᠯᠵᠥ᠂ ︽ᠪᠠᠷᠰ | ᠢᠯᠠᠭ᠎ᠠ ᠶᠢ ᠵᠡᠷᠬᠡᠪᠡᠷ ᠴᠤᠬᠢᠬᠤ︾ ᠶᠢ ᠡᠷᠡᠰ ᠭᠤᠶᠢᠪᠢᠰᠢ ᠦᠭᠡᠢ ᠪᠠᠷᠢᠮᠳᠠᠯᠠᠵᠥ᠂ ᠤᠯᠤᠰ ᠲᠦᠷᠦ ᠶᠢᠨ ᠠᠮᠢ | ᠠᠬᠤᠢ ᠶᠢ ᠦᠷᠬᠦᠯᠵᠢᠯᠡᠨ ᠴᠡᠪᠡᠷᠰᠢᠬᠦᠯᠵᠥ᠂ ᠨᠠᠮ ᠤᠨ ᠰᠤᠷᠳᠠᠯ᠂ ᠵᠠᠰᠠᠭ ᠤᠨ ᠰᠤᠷᠳᠠᠯ ᠪᠤᠯᠤᠨ ᠨᠡᠶᠢᠭᠡᠮ ᠤᠨ | ᠰᠤᠷᠳᠠᠯ ᠦᠷᠬᠦᠯᠵᠢᠯᠡᠨ ᠰᠠᠶᠢᠵᠢᠷᠠᠪᠠ᠃ | 2016 ᠤᠨ ᠳᠤ᠂ ︽ᠳᠤᠮᠳᠠᠳᠤ ᠤᠯᠤᠰ ᠤᠨ ᠲᠡᠭᠷᠢ ᠶᠢᠨ ᠨᠢᠳᠦᠨ︾ ᠳᠤᠷᠠᠨ ᠠᠰᠢᠬᠯᠠᠯᠳᠠ ᠳᠤ | ᠤᠷᠤᠭᠰᠠᠨ᠂ ︽ᠦ᠋ ᠺᠦᠩ︾ ᠨᠡᠷᠡᠮᠵᠢᠲᠦ ᠳᠠᠭᠠᠭᠤᠯᠢ ᠤᠳᠤ ᠲᠤᠭᠤᠷᠢᠯᠲᠠ ᠶᠢᠨ ᠵᠠᠮ ᠳᠠᠭᠠᠨ ᠨᠢᠭᠡᠨᠲᠡ ᠨᠢᠭᠡ ᠵᠢᠯ | ᠠᠵᠢᠯᠯᠠᠭᠰᠠᠨ᠂ ︽ᠮᠦᠸᠧᠽᠢ︾ ᠨᠡᠷᠡᠮᠵᠢᠲᠦ ᠳᠠᠭᠠᠭᠤᠯᠢ ᠤᠳᠤ ᠶᠢ ᠤᠭᠲᠠᠷᠠᠭᠤᠢ ᠳᠤ ᠬᠠᠷᠪᠤᠭᠰᠠᠨ᠂ ᠬᠤᠪᠢᠯᠭᠠᠨ | ᠤᠩᠭᠤᠴᠠ ᠠᠷᠪᠠᠨ ᠨᠢᠭᠡᠳᠦᠭᠡᠷ ᠪᠤᠯᠤᠨ ᠲᠡᠭᠷᠢ ᠶᠢᠨ ᠤᠷᠳᠤᠨ ᠬᠤᠶᠠᠳᠤᠭᠠᠷ ᠰᠠᠨᠰᠠᠷ ᠢᠶᠠᠷ ᠠᠶᠠᠯᠠᠭᠰᠠᠨ᠂ | ᠤᠯᠢᠮᠫᠢᠺ ᠤᠨ ᠪᠡᠶ᠎ᠠ ᠶᠢᠨ ᠲᠠᠮᠢᠷ ᠤᠨ ᠴᠤᠭᠯᠠᠭᠠᠨ ᠳᠤ ᠳᠤᠮᠳᠠᠳᠤ ᠤᠯᠤᠰ ᠤᠨ ᠲᠠᠮᠢᠷᠴᠢᠳ ᠰᠢᠯᠢᠳᠡᠭ ᠬᠢᠷᠢ | ᠪᠦᠲᠦᠮᠵᠢ ᠤᠯᠤᠭᠰᠠᠨ᠂ ᠳᠤᠮᠳᠠᠳᠤ ᠤᠯᠤᠰ ᠤᠨ ᠡᠮᠡᠭᠲᠡᠢ ᠶᠢᠨ ᠠᠯᠠᠭᠠᠳᠠᠬᠤ ᠪᠦᠮᠪᠦᠭᠡ ᠶᠢᠨ ᠠᠩᠭᠢ 12 ᠵᠢᠯ ᠤᠨ | ᠳᠠᠷᠠᠭ᠎ᠠ ᠤᠯᠢᠮᠫᠢᠺ ᠤᠨ ᠬᠠᠮᠤᠭ ᠤᠨ ᠦᠨᠳᠦᠷ ᠱᠠᠩᠨᠠᠯ ᠤᠨ ᠲᠠᠶᠢᠰᠠᠨ ᠳᠤ ᠳᠠᠬᠢᠨᠲᠠ ᠭᠠᠷᠤᠭᠰᠠᠨ ᠁ ᠪᠠᠰᠠ | ᠦᠭᠡᠷᠡᠴᠢᠯᠡᠯᠲᠡ ᠪᠠᠷ ᠲᠠᠮᠵᠢᠨ ᠬᠦᠳᠡᠭᠡ ᠲᠤᠰᠬᠤᠨ ᠠᠴᠠ ᠰᠢᠯᠵᠢᠭᠰᠡᠨ ᠬᠦᠮᠦᠨ ᠠᠮᠠ ᠬᠤᠲᠠ ᠶᠢᠨ ᠠᠷᠠᠳ | ᠪᠤᠯᠬᠤ ᠳᠤ ᠨᠡᠩ ᠳᠦᠭᠦᠮ ᠪᠤᠯᠤᠭᠰᠠᠨ᠂ ᠤᠯᠠᠨ ᠶᠠᠳᠠᠭᠤ ᠬᠦᠴᠢᠷᠳᠡᠯᠲᠡᠢ ᠭᠠᠵᠠᠷ ᠤᠷᠤᠨ ᠤ ᠬᠡᠤᠬᠡᠳ ᠤᠨ | ᠰᠤᠷᠭᠠᠭᠤᠯᠢ ᠳᠤ ᠤᠷᠤᠬᠤ ᠨᠦᠬᠦᠴᠡᠯ ᠰᠠᠶᠢᠵᠢᠷᠠᠭᠰᠠᠨ᠂ ᠤᠯᠠᠨ ᠲᠦᠮᠡᠨ ᠪᠤᠰᠤᠳ ᠭᠠᠵᠠᠷ ᠠᠴᠠ ᠪᠡᠶ᠎ᠠ ᠶᠢᠨ | ᠦᠨᠡᠮᠯᠡᠯ ᠠᠪᠴᠤ ᠪᠤᠯᠬᠤ ᠪᠤᠯᠵᠤ ᠡᠶᠢᠰᠢ ᠲᠡᠶᠢᠰᠢ ᠭᠦᠶᠦᠬᠦ ᠬᠡᠷᠡᠭ ᠦᠭᠡᠢ ᠪᠤᠯᠤᠭᠰᠠᠨ᠂ ᠤᠷᠲᠦ ᠬᠤᠭᠤᠴᠠᠭ᠎ᠠ ᠪᠠᠷ | ᠡᠷᠦᠬᠡ ᠠᠮᠠ ᠶᠢᠨ ᠳᠠᠩᠰᠠ ᠦᠭᠡᠢ ᠪᠠᠶᠢᠭᠰᠠᠠ ᠬᠦᠮᠦᠰ ᠡᠷᠦᠬᠡ ᠠᠮᠠ ᠪᠠᠨ ᠳᠠᠩᠰᠠᠯᠠᠭᠤᠯᠵᠤ ᠲᠠᠶᠢᠯᠬᠦ ᠪᠤᠯᠤᠭᠰᠠᠨ᠂ | ᠤᠯᠠᠨ ᠠᠷᠠᠳ ᠲᠦᠮᠡᠨ ᠦᠪᠡᠷ ᠤᠨ ᠭᠡᠷ ᠪᠦᠯᠢ ᠶᠢᠨ ᠡᠮᠴᠢ ᠲᠠᠢ ᠪᠤᠯᠤᠭᠰᠠᠨ᠂ ᠭᠤᠤᠯ ᠮᠦᠷᠡᠨ ᠪᠦᠷᠢ ᠴᠦᠮ | ︽ᠳᠠᠷᠤᠭ᠎ᠠ︾ ᠲᠠᠢ ᠪᠤᠯᠤᠭᠰᠠᠨ ᠁ ᠡᠳᠡᠭᠡᠷ ᠪᠦᠬᠦᠨ ᠪᠢᠳᠡᠨ ᠢ ᠲᠤᠩ ᠪᠠᠶᠠᠷᠯᠠᠭᠤᠯᠵᠥ ᠪᠠᠶᠢᠨ᠎ᠠ᠃ | 2016 ᠤᠨ ᠳᠤ᠂ ᠦᠵᠡᠰᠭᠦᠯᠡᠩᠲᠦ ᠰᠠᠶᠢᠬᠠᠨ ᠰᠢ ᠬᠤ᠋ ᠨᠠᠭᠤᠷ ᠤᠨ ᠬᠦᠪᠡᠭᠡᠨ ᠳᠤ ᠪᠢᠳᠡ ᠬᠤᠷᠢᠨ | ᠤᠯᠤᠰ ᠤᠨ ᠪᠦᠯᠦᠭᠯᠡᠯ ᠤᠨ ᠤᠳᠤᠷᠢᠳᠬᠤ ᠬᠦᠮᠦᠰ ᠤᠨ ᠠᠷᠪᠠᠨ ᠨᠢᠭᠡᠳᠦᠭᠡᠷ ᠤᠳᠠᠭ᠎ᠠ ᠶᠢᠨ ᠲᠦᠷᠦᠭᠦᠴᠤᠳ ᠤᠨ | ᠬᠤᠷᠠᠯ ᠢ ᠡᠷᠬᠢᠯᠡᠨ ᠬᠤᠷᠠᠯᠳᠤᠭᠤᠯᠵᠥ᠂ ᠳᠡᠯᠡᠬᠡᠢ ᠳ᠋ᠠᠬᠢᠨ ᠳᠤ ᠳᠤᠮᠳᠠᠳᠤ ᠤᠯᠤᠰ ᠤᠨ ᠤᠢ ᠤᠬᠠᠭᠠᠨ᠂ ᠳᠤᠮᠳᠠᠳᠤ | ᠤᠯᠤᠰ ᠤᠨ ᠲᠦᠰᠦᠯ ᠢᠶᠠᠨ ᠡᠷᠭᠦᠨ ᠳᠡᠪᠰᠢᠭᠦᠯᠵᠤ᠂ ᠳᠡᠯᠡᠬᠡᠢ ᠳ᠋ᠠᠬᠢᠨ ᠳᠤ ᠳᠤᠮᠳᠠᠳᠤ ᠤᠯᠤᠰ ᠤᠨ ᠰᠠᠭᠤᠭᠳᠠᠯ᠂ | ᠳᠤᠮᠳᠠᠳᠤ ᠤᠯᠤᠰ ᠤᠨ ᠴᠤᠭ ᠵᠢᠪᠬᠤᠭ᠎ᠠ ᠶᠢ ᠭᠠᠶᠢᠬᠠᠭᠤᠯᠪᠠ᠃ ︽ᠨᠢᠭᠡ ᠪᠦᠰᠡ ᠨᠢᠭᠡ ᠵᠠᠮ︾ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠽᠢᠶ᠎ᠠ ᠲᠢᠪ ᠤᠨ ᠰᠠᠭᠤᠷᠢ ᠲᠦᠬᠦᠭᠡᠷᠤᠮᠵᠢ ᠶᠢᠨ ᠪᠡᠯᠡ | ᠤᠷᠤᠭᠤᠯᠤᠯᠲᠠ ᠶᠢᠨ ᠪᠠᠩᠭᠢ ᠵᠢᠩᠭᠢᠨᠢ ᠪᠠᠷ ᠠᠵᠢᠯ ᠡᠬᠢᠯᠡᠪᠡ᠃ ᠪᠢᠳᠡ ᠨᠠᠶᠢᠷᠠᠮᠳᠠᠯ ᠬᠦᠭᠵᠢᠯᠲᠠ ᠶᠢ ᠪᠠᠷᠢᠮᠲᠠᠯᠠᠨ᠂ | ᠨᠤᠲᠤᠭ ᠳᠡᠪᠢᠰᠭᠡᠷ ᠤᠨ ᠡᠷᠬᠡ ᠮᠡᠳᠡᠯ ᠪᠤᠯᠤᠨ ᠳᠠᠯᠠᠢ ᠲᠠᠩᠭᠢᠰ ᠤᠨ ᠡᠷᠬᠡ ᠠᠰᠢᠭ ᠢᠶᠠᠨ ᠡᠷᠡᠰ ᠬᠠᠮᠠᠭᠠᠯᠠᠪᠠ᠃ ᠬᠡᠨ | ᠬᠡᠷᠪᠡ ᠡᠨᠡᠬᠦ ᠠᠰᠠᠭᠤᠳᠠᠯ ᠳᠡᠭᠡᠷ᠎ᠠ ᠡᠯᠳᠡᠪ ᠢᠶᠠᠷ ᠭᠦᠷᠢᠮᠳᠡᠪᠡᠯ ᠳᠤᠮᠳᠠᠳᠤᠴᠤᠳ ᠯᠠᠪᠲᠠᠢ ᠵᠦᠪᠰᠢᠶᠡᠷᠡᠬᠦ ᠦᠭᠡᠢ ᠶᠤᠮ︕ | 2016 ᠤᠨ ᠳᠤ᠂ ᠤᠯᠠᠨ ᠭᠠᠵᠠᠷ ᠲᠤ ᠪᠠᠶᠢᠭᠠᠯᠢ ᠶᠢᠨ ᠭᠠᠮᠰᠢᠭ ᠪᠤᠯᠤᠨ ᠠᠮᠤᠷ ᠲᠦᠪᠰᠢᠨ ᠤ ᠠᠳᠡᠯ | ᠭᠠᠷᠴᠤ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠪᠤᠯᠤᠨ ᠦᠢᠯᠡᠳᠪᠦᠷᠢᠯᠡᠯ ᠠᠮᠢᠳᠤᠷᠠᠯ ᠳᠤ ᠬᠦᠨᠳᠦ | ᠨᠤᠴᠢᠲᠠᠢ ᠬᠤᠬᠢᠷᠠᠯ ᠤᠴᠠᠷᠠᠭᠤᠯᠪᠠ᠃ ᠡᠭᠦᠨ ᠤ ᠲᠦᠯᠦᠭᠡ ᠪᠢᠳᠡ ᠲᠦᠢᠯ ᠢᠶᠠᠷ ᠡᠮᠭᠡᠨᠢᠨ ᠵᠤᠪᠠᠯ᠎ᠠ᠃ ᠳᠤᠮᠳᠠᠳᠤ | ᠤᠯᠤᠰ ᠤᠨ ᠡᠩᠬᠡ ᠲᠠᠶᠢᠪᠤᠩ ᠢ ᠬᠠᠮᠠᠭᠠᠯᠠᠬᠤ ᠴᠡᠷᠢᠭ ᠠᠩᠭᠢ ᠶᠢᠨ ᠬᠡᠳᠦᠨ ᠨᠦᠬᠦᠷ ᠪᠠᠭᠠᠲᠤᠷᠯᠢᠭ ᠢᠶᠠᠷ ᠪᠡᠶ᠎ᠡ | ᠦᠷᠡᠭᠳᠡᠵᠤ᠂ ᠳᠡᠯᠡᠬᠡᠢ ᠶᠢᠨ ᠡᠩᠬᠡ ᠲᠠᠶᠢᠪᠤᠩ ᠤᠨ ᠲᠦᠯᠦᠭᠡ ᠡᠷᠬᠢᠮ ᠨᠠᠨᠳᠢᠨ ᠠᠮᠢ ᠨᠠᠰᠤ ᠪᠠᠨ ᠵᠤᠷᠢᠭᠤᠯᠪᠠ᠃ | ᠪᠢᠳᠡ ᠲᠡᠳᠡᠨᠠᠷ ᠢ ᠲᠤᠩ ᠰᠠᠨᠠᠭᠠᠯᠵᠠᠵᠤ ᠪᠠᠶᠢᠨ᠎ᠠ᠂ ᠲᠡᠳᠡᠨ ᠤ ᠭᠡᠷ ᠤᠨ ᠬᠦᠮᠦᠰ ᠢ ᠰᠠᠶᠢᠲᠤᠷ ᠬᠠᠷᠠᠭᠠᠯᠵᠠᠨ | ᠬᠠᠯᠠᠮᠵᠢᠯᠠᠬᠤ ᠬᠡᠷᠡᠭᠲᠡᠢ᠃ | 2016 ᠤᠨ ᠳᠤ᠂ ᠳᠤᠮᠳᠠᠳᠤ ᠤᠯᠤᠰ ᠤᠨ ᠡᠪ ᠬᠠᠮᠲᠦ ᠨᠠᠮ ᠪᠠᠶᠢᠭᠤᠯᠤᠭᠳᠠᠭᠰᠠᠨ 95 ᠵᠢᠯ ᠤᠨ ᠤᠢ ᠶᠢ | ᠦᠪᠡᠳᠡᠭᠰᠢ ᠶᠡᠬᠡᠪᠡᠷ ᠪᠡᠯᠭᠡᠯᠡᠵᠤ᠂ ᠳᠤᠮᠳᠠᠳᠤ ᠤᠯᠤᠰ ᠤᠨ ᠠᠵᠢᠯᠴᠢᠨ ᠲᠠᠷᠢᠶᠠᠴᠢᠨ ᠤ ᠤᠯᠠᠭᠠᠨ ᠴᠡᠷᠢᠭ ᠤᠨ ᠤᠷᠲᠦ | ᠵᠠᠮ ᠤᠨ ᠳᠠᠶᠢᠨ ᠤ ᠢᠯᠠᠯᠲᠠ ᠤᠯᠤᠭᠰᠠᠨ 80 ᠵᠢᠯ ᠤᠨ ᠤᠢ ᠶᠢ ᠳᠤᠷᠠᠰᠬᠠᠪᠠ᠃ ᠪᠢᠳᠡ ᠳᠤᠮᠳᠠᠳᠤ ᠤᠯᠤᠰ ᠤᠨ | ᠠᠷᠠᠳ ᠲᠦᠮᠡᠨ ᠪᠤᠯᠤᠨ ᠳᠤᠮᠳᠠᠳᠤ ᠶᠢᠨ ᠦᠨᠳᠦᠰᠦᠲᠡᠨ ᠳᠤ ᠬᠤᠪᠢ ᠨᠡᠮᠡᠷᠢ ᠦᠵᠡᠭᠦᠯᠦᠭᠰᠡᠨ ᠤᠷᠢᠳᠤᠰ ᠢᠶᠠᠨ ᠪᠠᠲᠦ | ᠴᠡᠭᠡᠵᠢᠯᠡᠵᠤ᠂ ᠤᠭ ᠰᠠᠨᠠᠭ᠎ᠠ ᠪᠠᠨ ᠦᠯᠦ ᠮᠠᠷᠲᠠᠵᠤ ᠦᠷᠭᠦᠯᠵᠢᠯᠡᠨ ᠤᠷᠤᠭᠰᠢᠯᠠᠬᠤ ᠬᠡᠷᠡᠭᠲᠡᠢ᠃ | ︽ᠰᠢᠨ᠎ᠠ ᠬᠠᠭᠤᠴᠢᠨ ᠰᠤᠯᠢᠬᠳᠠᠵᠤ ᠡᠳᠤᠷ ᠬᠤᠨᠤᠬ ᠡᠬᠡᠯᠵᠢᠯᠠᠨ ᠦᠩᠬᠡᠷᠡᠮᠤᠢ︾᠃ ᠤᠳᠠᠯ ᠦᠬᠡᠢ ᠬᠦᠷᠴᠤ | ᠢᠷᠡᠬᠦ 2017 ᠤᠨ ᠳᠤ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠤᠳᠤᠭᠡᠷ ᠤᠳᠠᠭ᠎ᠠ ᠶᠢᠨ ᠪᠦᠬᠦ | ᠤᠯᠤᠰ ᠤᠨ ᠲᠦᠯᠤᠬᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠵᠤ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ | ᠪᠡᠶᠡᠯᠡᠬᠦᠯᠬᠦ᠂ ᠦᠬᠡᠷᠡᠴᠢᠯᠠᠯᠳᠠ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ᠂ ᠪᠦᠬᠦ ᠲᠠᠯ᠎ᠠ ᠪᠠᠷ ᠬᠠᠤᠯᠢ ᠪᠠᠷ | ᠤᠯᠤᠰ ᠢᠶᠠᠨ ᠵᠠᠰᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠲᠦᠯᠤᠬᠡ ᠦᠷᠬᠦᠯᠵᠢᠯᠠᠨ ᠴᠢᠷᠮᠠᠶᠢᠨ᠎ᠠ᠃ | ᠲᠡᠭᠷᠢ ᠠᠴᠠ ᠱᠠᠯᠪᠢᠩ ᠤᠨᠠᠬᠤ ᠶᠤᠰᠤ ᠦᠬᠡᠢ᠂ ᠴᠢᠷᠮᠠᠶᠢᠨ ᠲᠡᠮᠡᠴᠡᠪᠠᠯ ᠰᠠᠶ᠋ᠢ ᠬᠦᠰᠡᠯ ᠵᠡᠬᠦᠳᠤ ᠲᠡᠷᠬᠡᠯᠰᠢᠬᠦ ᠶᠤᠮ᠃ | ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠠᠶᠠᠨ ᠳᠤ ᠨᠢᠬᠡ ᠬᠦᠮᠦᠨ ᠢ ᠴᠤ ᠡᠩᠨᠡᠭᠡ ᠠᠴᠠ ᠪᠠᠨ | ᠬᠤᠴᠤᠷᠤᠭᠤᠯᠵᠤ ᠪᠤᠯᠬᠤ ᠦᠬᠡᠢ︕ ᠨᠢᠬᠡ ᠵᠢᠯ ᠤᠨ ᠲᠤᠷᠰᠢ᠂ 1000 ᠭᠠᠷᠤᠢ ᠲᠦᠮᠡᠨ ᠶᠠᠳᠠᠭᠤ ᠬᠦᠴᠢᠷᠳᠠᠯᠳᠠᠢ | ᠬᠦᠮᠤᠨ ᠠᠮᠠ ᠶᠢ ᠶᠠᠳᠠᠭᠤ ᠠᠴᠠ ᠠᠩᠬᠢᠵᠢᠷᠠᠭᠤᠯᠪᠠ᠃ ᠶᠠᠳᠠᠭᠤ ᠠᠴᠠ ᠠᠩᠬᠢᠵᠢᠷᠠᠭᠤᠯᠬᠤ ᠡᠮᠤᠨ᠎ᠠ ᠹᠷᠤᠨᠲ ᠲᠤ | ᠲᠡᠮᠡᠴᠡᠵᠤ ᠪᠠᠶᠢᠭ᠎ᠠ ᠨᠦᠬᠦᠳ ᠵᠦᠳᠡᠷᠡᠯ᠎ᠠ᠂ ᠪᠢ ᠨᠦᠬᠦᠳ ᠲᠠᠨᠠᠷ ᠲᠤ ᠬᠦᠨᠳᠤᠳᠬᠡᠯ ᠲᠡᠪᠰᠢᠬᠦᠯᠵᠤ ᠪᠠᠶᠢᠨ᠎ᠠ᠃ | ᠰᠢᠨ᠎ᠠ ᠵᠢᠯ ᠪᠤᠯᠬᠤ ᠲᠠᠰᠢᠷᠠᠮ ᠳᠤ᠂ ᠮᠢᠨᠤ ᠬᠠᠮᠤᠬ ᠠᠴᠠ ᠰᠠᠨᠠᠭᠠᠰᠢᠷᠠᠵᠥ ᠪᠠᠶᠢᠭ᠎ᠠ ᠨᠢ ᠮᠦᠨ ᠯᠠ ᠬᠦᠴᠢᠷᠳᠠᠯ ᠲᠠᠢ | ᠤᠯᠠᠨ ᠲᠦᠮᠡᠨ ᠪᠤᠯᠤᠨ᠎ᠠ᠂ ᠲᠡᠳᠡᠨ ᠤ ᠢᠳᠡᠵᠤ ᠤᠤᠭᠤᠬᠤ ᠠᠰᠠᠭᠤᠳᠠᠯ ᠨᠢ ᠬᠢᠷᠢ ᠵᠡᠷᠭᠡ ᠪᠠᠶᠢᠬᠤ᠂ ᠰᠠᠭᠤᠵᠤ | ᠪᠠᠷᠢᠵᠤ ᠪᠠᠶᠢᠭ᠎ᠠ ᠨᠢ ᠶᠠᠮᠠᠷ ᠵᠡᠷᠭᠡ ᠪᠠᠶᠢᠬᠤ᠂ ᠰᠢᠨ᠎ᠠ ᠵᠢᠯ ᠴᠠᠭᠠᠨ ᠰᠠᠷ᠎ᠠ ᠪᠠᠨ ᠰᠠᠶᠢᠨ ᠰᠠᠶᠢᠬᠠᠨ ᠦᠩᠬᠡᠷᠡᠬᠡᠵᠤ | ᠲᠡᠶᠢᠯᠬᠦ ᠡᠰᠡᠬᠦ ᠳᠤ ᠰᠠᠨᠠᠭ᠎ᠠ ᠲᠠᠯᠪᠢᠵᠤ ᠪᠠᠶᠢᠨ᠎ᠠ᠃ ᠪᠢ ᠭᠡᠰᠡᠭ ᠤᠯᠠᠨ ᠲᠦᠮᠡᠨ ᠤ ᠠᠵᠢᠯ ᠤᠯᠭᠤᠯᠳᠠ᠂ ᠦᠷ᠎ᠠ | ᠬᠡᠤᠬᠡᠳ ᠤᠨ ᠬᠢᠨᠢ ᠰᠤᠷᠭᠠᠨ ᠬᠦᠮᠤᠵᠢᠯ᠂ ᠡᠪᠡᠳᠴᠢᠨ ᠢᠶᠠᠨ ᠦᠵᠡᠬᠦᠯᠬᠦ᠂ ᠤᠷᠤᠨ ᠰᠠᠭᠤᠴᠠ ᠵᠡᠷᠬᠡ ᠲᠠᠯ᠎ᠠ ᠪᠠᠷ | ᠪᠠᠰᠠ ᠵᠠᠷᠢᠮ ᠬᠦᠴᠢᠷᠳᠠᠯ ᠲᠠᠢ ᠪᠠᠶᠢᠬᠤ ᠶᠢ ᠤᠢᠢᠯᠠᠭᠠᠪᠠ᠃ ᠡᠳᠡᠬᠡᠷ ᠠᠰᠠᠭᠤᠳᠠᠯ ᠢ ᠲᠠᠰᠤᠷᠠᠯᠳᠠ ᠦᠬᠡᠢ | ᠰᠢᠢᠳᠪᠤᠷᠢᠯᠡᠬᠦ ᠪᠤᠯ ᠨᠠᠮ ᠪᠤᠯᠤᠨ ᠵᠠᠰᠠᠬ ᠤᠨ ᠤᠷᠳᠤᠨ ᠤ ᠵᠠᠶᠢᠯᠠᠭᠤᠯᠵᠤ ᠪᠤᠯᠤᠰᠢ ᠦᠬᠡᠢ ᠬᠠᠷᠢᠭᠤᠴᠠᠯᠭ᠎ᠠ ᠪᠣᠯᠤᠨ᠎ᠠ᠃ | ᠪᠦᠬᠦ ᠨᠠᠮ ᠪᠦᠬᠦ ᠨᠡᠶᠢᠬᠡᠮ ᠢᠶᠠᠷ ᠢᠶᠠᠨ ᠦᠷᠬᠦᠯᠵᠢᠯᠠᠨ ᠶᠠᠳᠠᠭᠤ ᠬᠦᠴᠢᠷᠳᠠᠯᠳᠠᠢ ᠬᠦᠮᠤᠨ ᠠᠮᠠ ᠪᠤᠯᠤᠨ ᠶᠠᠳᠠᠭᠤ | ᠬᠦᠴᠢᠷᠳᠠᠯᠳᠠᠢ ᠤᠯᠠᠨ ᠲᠦᠮᠡᠨ ᠢ ᠬᠠᠯᠠᠮᠵᠢᠯᠠᠨ ᠬᠠᠪᠰᠤᠷᠴᠤ᠂ ᠦᠬᠡᠷᠡᠴᠢᠯᠠᠯᠳᠠ ᠬᠦᠭᠵᠢᠯᠳᠠ ᠶᠢᠨ ᠦᠷ᠎ᠠ | ᠪᠦᠳᠤᠬᠡᠯ ᠢ ᠨᠡᠩ ᠤᠯᠠᠨ ᠬᠦᠮᠥᠰ ᠲᠤ ᠡᠳ᠋ᠯᠡᠬᠦᠯᠵᠤ᠂ ᠠᠷᠠᠳ ᠲᠦᠮᠡᠨ ᠤ ᠠᠮᠢᠳᠤᠷᠠᠯ ᠢ ᠨᠡᠩ ᠰᠠᠶᠢᠨ ᠰᠠᠶᠢᠬᠠᠨ ᠵᠤᠯ | ᠵᠢᠷᠭᠠᠯ ᠲᠠᠢ ᠪᠤᠯᠭᠠᠬᠤ ᠭᠡᠷᠡᠭᠳᠠᠢ᠃ | ᠲᠡᠭᠡᠷ᠎ᠡ ᠲᠤᠤᠷ᠎ᠠ ᠱᠠᠳᠤ ᠪᠠᠷ ᠢᠶᠠᠨ ᠬᠠᠮᠳᠤ ᠶᠢᠨ ᠬᠦᠰᠡᠯ ᠵᠤᠷᠢᠯᠲᠠ ᠲᠠᠢ ᠪᠠᠶᠢᠵᠤ ᠰᠡᠳᠬᠢᠯ ᠨᠢᠬᠡᠳᠤᠨ | ᠬᠦᠴᠤ ᠪᠠᠨ ᠬᠠᠮᠳᠤᠳᠬᠠᠪᠠᠯ ᠰᠠᠶ᠋ᠢ ᠢᠯᠠᠯᠳᠠ ᠶᠢ ᠲᠡᠮᠡᠴᠡᠨ ᠤᠯᠵᠤ ᠲᠡᠶᠢᠯᠤᠨ᠎ᠠ᠃ ᠮᠠᠨ ᠤ 13 ᠳ᠋ᠦᠩᠰᠢᠭᠤᠷ | ᠭᠠᠷᠤᠢ ᠠᠷᠠᠳ ᠲᠦᠮᠡᠨ ᠰᠡᠳᠬᠢᠯ ᠨᠢᠬᠡᠳᠤᠨ ᠬᠦᠴᠤ ᠪᠠᠨ ᠬᠠᠮᠳᠤᠳᠬᠠᠵᠤ᠂ ᠮᠠᠨ ᠤ ᠨᠠᠮ ᠠᠷᠠᠳ ᠲᠦᠮᠡᠨ ᠲᠠᠢ | ᠡᠬᠦᠷᠢᠳᠠ ᠬᠠᠮᠳᠤ ᠪᠠᠶᠢᠵᠤ᠂ ᠤᠯᠠᠨ ᠢᠶᠠᠷ ᠢᠶᠠᠨ ᠬᠠᠨᠴᠤᠢ ᠰᠢᠮᠠᠯᠠᠵᠤ ᠭᠠᠪᠰᠢᠭᠠᠢᠢᠯᠠᠨ ᠤᠷᠤᠪᠠᠯ᠂ ᠪᠢᠳᠠ ᠯᠠᠪᠳᠠᠶ | ᠮᠠᠨ ᠤ ᠡᠨᠡ ᠨᠢᠬᠡ ᠦᠶ᠎ᠠ ᠶᠢᠨ ᠬᠦᠮᠤᠰ ᠤᠨ ᠤᠷᠲᠦ ᠵᠠᠮ ᠤᠨ ᠠᠶᠠᠨ ᠵᠠᠮ ᠢ ᠰᠠᠶᠢᠬᠠᠨ ᠠᠶᠠᠯᠠᠵᠥ ᠲᠡᠶᠢᠯᠬᠦ ᠶᠤᠮ᠃ | ᠳᠤᠮᠳᠠᠳᠤᠴᠤᠳ ᠶᠠᠷᠤ ᠠᠴᠠ ︽ᠪᠦᠬᠦ ᠪᠦᠮᠪᠦᠷᠴᠡᠭ ᠢᠶᠠᠷ ᠢᠶᠠᠨ ᠡᠪ ᠲᠡᠮ ᠢᠶᠠᠨ ᠤᠯᠤᠯᠴᠠᠭᠰᠠᠠ ᠨᠢᠬᠡᠨ ᠶᠡᠭᠡ | ᠬᠡᠷ ᠪᠦᠯᠢ ᠪᠤᠯᠬᠤ︾ ᠶᠢ ᠵᠤᠷᠢᠬᠰᠠᠭᠠᠷ ᠢᠷᠡᠵᠠᠢ᠃ ᠳᠤᠮᠳᠠᠳᠤ ᠤᠯᠤᠰ ᠤᠨ ᠠᠷᠠᠳ ᠲᠦᠮᠡᠨ ᠦᠪᠡᠰᠤᠪᠡᠨ ᠰᠠᠶᠢᠨ | ᠰᠠᠶᠢᠬᠠᠨ ᠠᠮᠢᠳᠤᠷᠠᠬᠤ ᠶᠢ ᠬᠦᠰᠡᠬᠦ ᠪᠠᠷ ᠪᠠᠷᠠᠬᠤ ᠦᠬᠡᠢ᠂ ᠡᠯ᠎ᠠ ᠤᠯᠤᠰ ᠤᠨ ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠬᠤ ᠶᠢ ᠴᠦ ᠬᠦᠰᠡᠳᠡᠭ᠃ ᠤᠳᠤᠬᠠᠨ ᠳᠤ ᠲᠠᠶᠢᠨ ᠲᠠᠵᠢᠨ ᠪᠤᠯᠤᠨ ᠶᠠᠳᠠᠭᠤ ᠬᠦᠴᠢᠷᠳᠠᠯ ᠮᠦᠨ ᠯᠠ ᠬᠡᠰᠡᠭ | ᠤᠯᠤᠰ ᠪᠤᠯᠤᠨ ᠭᠠᠵᠠᠷ ᠤᠷᠤᠨ ᠢ ᠭᠠᠴᠢᠭᠳᠠᠭᠤᠯᠵᠤ᠂ ᠡᠪᠡᠳᠴᠢᠨ ᠡᠮᠭᠡᠭ ᠪᠤᠯᠤᠨ ᠭᠠᠢ ᠭᠠᠮᠰᠢᠬ ᠴᠤ ᠴᠠᠬ | ᠢᠮᠠᠬᠳᠠ ᠬᠦᠮᠤᠰ ᠢ ᠵᠤᠪᠠᠭᠠᠵᠤ ᠪᠠᠶᠢᠨ᠎ᠠ᠃ ᠲᠡᠯᠡᠬᠡᠢ ᠨᠡᠶᠢᠬᠡᠮ ᠢᠶᠠᠷ ᠢᠶᠠᠨ ᠭᠠᠷ ᠬᠤᠯᠪᠤᠯᠴᠠᠨ᠂ ᠬᠦᠮᠤᠨ | ᠲᠦᠷᠤᠯᠬᠢᠳᠠᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢᠨ ᠣᠶᠢᠯᠠᠭᠠᠭᠳᠠᠬᠤᠨ ᠢ ᠪᠠᠷᠢᠮᠳᠠᠯᠠᠵᠤ᠂ ᠮᠠᠨ ᠤ | ᠡᠨᠡᠬᠦ ᠤᠳᠤᠨ ᠪᠦᠮᠪᠦᠷᠴᠡᠭ ᠢᠶᠠᠨ ᠨᠡᠩ ᠡᠩᠬᠡ ᠲᠡᠶᠢᠪᠤᠩ᠂ ᠨᠡᠩ ᠬᠦᠭᠵᠢᠨ ᠮᠠᠨᠳᠤᠬᠰᠠᠨ ᠪᠦᠮᠪᠦᠷᠴᠡᠭ ᠪᠤᠯᠭᠠᠨ | ᠪᠦᠳᠤᠬᠡᠨ ᠪᠠᠶᠢᠭᠤᠯᠬᠤ ᠶᠢ ᠪᠢ ᠴᠢᠩ ᠰᠡᠳᠬᠢᠯ ᠠᠴᠠ ᠪᠠᠨ ᠬᠦᠰᠡᠵᠤ ᠪᠠᠶᠢᠨ᠎ᠠ᠃ | ᠪᠢᠳᠠ ᠪᠦᠬᠦᠨ ᠰᠢᠨ᠎ᠠ ᠵᠢᠯ ᠤᠨ ᠬᠤᠨᠭ᠍ᠬᠤ ᠶᠢᠨ ᠲᠠᠭᠤᠨ ᠢ ᠢᠳᠡᠬᠡᠯ ᠲᠦᠬᠦᠷᠡᠩ ᠢᠶᠠᠷ ᠤᠬᠳᠤᠶ᠎ᠠ︕ | ᠤᠯᠠᠨ ᠳᠤ ᠲᠠᠯᠠᠷᠬᠠᠯ᠎ᠠ᠃ |