| | | 12 ᠳ᠋ᠤᠭᠠᠷ ᠰᠠᠷ᠎ᠠ ᠶᠢᠨ 5 ᠤ ᠡᠳᠦᠷ᠂ ᠢᠯᠢ ᠶᠢᠨ ᠴᠡᠯᠡᠭᠡᠷ ᠲᠠᠯ᠎ᠠ ᠶᠢᠨ ᠰᠣᠳᠣᠨ ᠰᠦ ᠶᠢᠨ ᠰᠠᠭᠤᠷᠢᠨ | ᠭᠠᠵᠠᠷ ᠲᠤ 60 ᠰᠠᠭᠠᠯᠢ ᠶᠢᠨ ᠦᠨᠢᠶ᠎ᠡ ᠶᠢ ᠡᠷᠭᠢᠯᠳᠦᠭᠦᠯᠦᠨ ᠰᠠᠭᠠᠬᠤ ᠲᠦᠬᠦᠭᠡᠷᠦᠮᠵᠢ ᠪᠠᠷ ᠬᠠᠮᠲᠤ ᠳᠤᠨᠢ ᠰᠠᠭᠠᠵᠤ | ᠪᠠᠶᠢᠪᠠ᠃ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠨᠢ ᠠᠮᠤ ᠪᠤᠳᠠᠭ᠎ᠠ ᠶᠢ | ᠪᠣᠷᠳᠤᠭ᠎ᠠ ᠪᠣᠯᠭᠠᠨ ᠥᠭᠡᠷᠡᠴᠢᠯᠡᠬᠦ ᠲᠤᠷᠰᠢᠯᠲᠠ ᠪᠠᠷ ᠭᠠᠷᠳᠠᠯ ᠪᠣᠯᠭᠠᠵᠤ᠂ ᠲᠡᠵᠢᠭᠡᠬᠦ ᠶᠢᠨ ᠲᠥᠯᠥᠭᠡ ᠲᠠᠷᠢᠬᠤ᠂ | ᠲᠠᠷᠢᠵᠤ ᠲᠡᠵᠢᠭᠡᠬᠦ ᠶᠢ ᠤᠶᠠᠯᠳᠤᠭᠤᠯᠬᠤ ᠶᠢ ᠬᠦᠴᠦᠯᠡᠨ ᠠᠬᠢᠭᠤᠯᠵᠤ᠂ ᠲᠠᠷᠢᠵᠤ ᠲᠡᠵᠢᠭᠡᠬᠦ ᠶᠢ ᠬᠠᠷᠢᠯᠴᠠᠨ | ᠠᠬᠢᠭᠤᠯᠤᠭᠰᠠᠨ ᠡᠪᠡᠰᠦ ᠪᠡᠯᠴᠢᠭᠡᠷ ᠮᠠᠯ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠭᠪᠤᠷ ᠢ | ᠪᠤᠢ ᠪᠣᠯᠭᠠᠨ᠂ ᠥᠪᠥᠷ ᠮᠣᠩᠭᠤᠯ ᠤᠨ ᠣᠳᠣ ᠦᠶ᠎ᠡ ᠶᠢᠨ ᠮᠠᠯ ᠠᠵᠤ ᠠᠬᠤᠢ ᠶᠢᠨ ᠲᠦᠷᠭᠡᠨ ᠬᠥᠭᠵᠢᠯᠲᠡ ᠶᠢ | ᠠᠬᠢᠭᠤᠯᠵᠤ᠂ ᠬᠤᠨᠢᠨ ᠮᠢᠬᠠᠨ ᠤ ᠭᠠᠷᠤᠯᠲᠠ ᠵᠢᠴᠢ ᠰᠠᠭᠠᠯᠢ ᠶᠢᠨ ᠦᠨᠢᠶᠡᠨ ᠤ ᠲᠤᠭ᠎ᠠ ᠪᠠ ᠰᠦ ᠶᠢᠨ ᠭᠠᠷᠤᠯᠲᠠ | ᠪᠦᠬᠦ ᠤᠯᠤᠰ ᠲᠤ ᠨᠢᠭᠡᠳᠦᠭᠡᠷ ᠪᠠᠶᠢᠷᠢᠨ ᠳᠤ ᠲᠣᠳᠤᠷᠠᠨ᠂ ᠦᠬᠡᠷ ᠤᠨ ᠮᠢᠬᠠᠨ ᠤ ᠭᠠᠷᠤᠯᠲᠠ ᠪᠦᠬᠦ ᠤᠯᠤᠰ ᠲᠤ | ᠬᠤᠶᠠᠳᠤᠭᠠᠷ ᠪᠠᠶᠢᠷᠢᠨ ᠳᠤ ᠲᠣᠳᠤᠷᠠᠵᠤ᠂ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢ | ᠰᠢᠯᠢᠳᠡᠭᠵᠢᠭᠦᠯᠬᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ᠂ | ᠠᠵᠤ ᠦᠢᠯᠡᠰ ᠤᠨ ᠳᠡᠰ ᠳᠡᠪᠰᠢᠬᠦ ᠶᠢ ᠲᠦᠯᠬᠢᠨ ᠠᠬᠢᠭᠤᠯᠬᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠬᠡᠷᠡᠭᠯᠡᠭᠡᠨ ᠤ ᠳᠡᠰ ᠳᠡᠪᠰᠢᠬᠦ ᠱᠠᠭᠠᠷᠳᠠᠯᠭ᠎ᠠ ᠶᠢ ᠬᠠᠩᠭᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ᠂ 2020 | ᠣᠨ ᠳᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠮᠤ ᠪᠤᠳᠠᠭ᠎ᠠ ᠶᠢ ᠪᠣᠷᠳᠤᠭ᠎ᠠ ᠪᠣᠯᠭᠠᠨ ᠦᠭᠡᠷᠡᠴᠢᠯᠡᠬᠦ | ᠲᠤᠷᠰᠢᠯᠲᠠ ᠶᠢᠨ ᠠᠵᠢᠯ ᠤᠨ ᠬᠢᠨᠠᠨ ᠰᠢᠯᠭᠠᠯᠲᠠ ᠳᠤ ᠪᠥᠬᠦ ᠤᠯᠤᠰ ᠲᠤ ᠲᠡᠷᠢᠭᠦᠯᠡᠪᠡ᠃ |