ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠪᠠ  ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ ᠵᠣᠬᠢᠴᠠᠭᠤᠯᠤᠯᠳᠠ ᠶᠢᠨ ᠳᠤᠭᠤᠶᠢᠯᠠᠩ ᠪᠥᠬᠦᠳᠡ ᠬᠤᠷᠠᠯ ᠬᠤᠷᠠᠯᠳᠤᠭᠤᠯᠪᠠ ᠵᠠᠩ ᠱᠣᠤ ᠴᠦᠨ ᠬᠤᠷᠠᠯ ᠢ ᠡᠷᠬᠢᠯᠡᠨ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2020/12/7
     12 ᠰᠠᠷ᠎ᠠ ᠶᠢᠨ 4᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ ᠵᠣᠬᠢᠴᠠᠭᠤᠯᠤᠯᠲᠠ ᠶᠢᠨ ᠳᠤᠭᠤᠶᠢᠯᠠᠩ ᠪᠥᠬᠦᠳᠡ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠵᠣᠬᠢᠴᠠᠭᠤᠯᠤᠯᠲᠠ ᠶᠢᠨ ᠳᠤᠭᠤᠶᠢᠯᠠᠩ ᠤᠨ ᠳᠠᠷᠤᠭ᠎ᠠ ᠵᠠᠩ ᠱᠣᠤ ᠴᠦᠨ ᠬᠤᠷᠠᠯ ᠢ ᠡᠷᠭᠢᠯᠡᠨ ᠶᠠᠷᠢᠶ᠎ᠠ ᠲᠠᠯᠪᠢᠵᠠᠶ᠃      ᠬᠤᠷᠠᠯ ᠠᠴᠠ᠂ ᠮᠠᠨ ᠤ ᠣᠷᠣᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠨᠢ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ᠂ ᠤᠴᠢᠷ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠠ ᠠᠰᠢᠬ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠵᠡᠷᠭᠡ ᠲᠠᠯ᠎ᠠ ᠪᠠᠷ ᠴᠥᠭᠡᠨ ᠪᠤᠰᠤ ᠲᠣᠪᠤᠶᠢᠮ᠎ᠠ ᠠᠰᠠᠭᠤᠳᠠᠯ ᠣᠷᠣᠰᠢᠵᠤ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠬᠢᠳᠤᠭᠠᠨ ᠢᠷ ᠢ ᠳᠣᠲᠣᠭᠰᠢ ᠪᠠᠨ ᠬᠠᠨᠳᠤᠭᠤᠯᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠳᠤᠲᠠᠭᠤᠳᠠᠯ ᠢᠶᠠᠨ ᠠᠯᠢ ᠲᠦᠷᠭᠡᠨ ᠢᠶᠠᠷ ᠨᠥᠬᠦᠪᠥᠷᠢᠯᠡᠬᠦ ᠬᠡᠷᠡᠭᠲᠡᠶ ᠬᠡᠵᠤ ᠵᠢᠭᠠᠵᠤ ᠭᠠᠷᠭᠠᠪᠠ᠃      ᠬᠤᠷᠠᠯ ᠠᠴᠠ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠬᠤᠯᠠ ᠦᠬᠡᠢ ᠬᠢᠨᠠᠨ ᠵᠥᠪᠰᠢᠶᠡᠷᠡᠯ᠂ ᠵᠤᠬᠢᠰ ᠦᠭᠡᠢ ᠰᠦᠢᠳᠬᠡᠯ ᠬᠤᠷᠢᠶᠠᠬᠤ᠂ ᠴᠢᠬᠤᠯᠠ ᠦᠭᠡᠢ ᠭᠡᠷᠡᠴᠢᠯᠡᠯᠲᠡ ᠶᠢ ᠡᠷᠡᠰ ᠬᠦᠴᠦᠨ ᠦᠭᠡᠢ ᠪᠣᠯᠭᠠᠬᠤ ᠬᠡᠷᠡᠭᠲᠡᠢ᠃ ︽ᠬᠤᠶᠠᠷ ᠢ ᠲᠣᠬᠢᠶᠠᠯᠳᠤᠯ ᠢᠶᠠᠷ ᠬᠢᠵᠦ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠭᠦᠨᠵᠡᠭᠡᠶ ᠬᠡᠷᠡᠭᠵᠢᠭᠦᠯᠵᠦ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠶᠡᠭᠡ ᠪᠠᠷ ᠬᠡᠷᠡᠭᠵᠢᠭᠦᠯᠵᠦ᠂ ᠪᠠᠭᠲᠠᠭᠠᠮᠵᠢᠲᠠᠶ ᠪᠣᠯᠭᠤᠮᠵᠢᠲᠠᠶ ᠬᠢᠨᠠᠯᠲᠠ ᠬᠠᠮᠢᠶᠠᠷᠤᠯᠲᠠ ᠶᠢ ᠢᠳᠡᠪᠬᠢᠲᠡᠶ ᠰᠦᠪᠡᠭᠴᠢᠯᠡᠬᠦ ᠭᠡᠷᠡᠭᠳᠠᠢ᠃ ᠦᠢᠯᠡᠴᠢᠯᠡᠭᠡᠨ ᠤ ᠴᠢᠳᠠᠪᠤᠷᠢ ᠪᠠᠨ ᠴᠢᠨᠠᠬᠰᠢᠳᠠ ᠴᠢᠩᠭᠠᠷᠠᠭᠤᠯᠵᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠮᠧᠩ ᠰᠤ᠋ ᠪᠠᠨ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠷᠥᠯ ᠲᠡᠮᠳᠡᠭ ᠢ ᠬᠦᠴᠦ ᠪᠠᠨ ᠲᠥᠪᠯᠡᠷᠡᠭᠦᠯᠦᠨ ᠴᠤᠬᠴᠠᠯᠠᠬᠤ ᠬᠡᠷᠡᠭᠲᠡᠶ ᠬᠡᠵᠤ ᠱᠠᠭᠠᠷᠳᠠᠪᠠ᠃      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠬᠤᠳᠠᠯᠳᠤᠭ᠎ᠠ ᠡᠵᠡᠩᠨᠡᠬᠦ ᠣᠷᠴᠢᠨ ᠨᠦᠬᠦᠴᠠᠯ ᠢ ᠰᠢᠯᠢᠳᠡᠭᠵᠢᠭᠦᠯᠬᠦ ᠲᠦᠷᠢᠮ︾᠎ ᠢ ᠰᠠᠶᠢᠲᠤᠷ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠴᠢᠨᠠᠬᠰᠢᠳᠠ ᠪᠣᠳᠠᠲᠠᠶᠢᠵᠢᠭᠤᠯᠵᠦ᠂ ᠦᠨᠡᠯᠡᠨ ᠵᠢᠱᠢᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ ᠬᠡᠵᠤ ᠴᠢᠬᠤᠯᠠᠴᠢᠯᠠᠪᠠ᠃      ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠤᠯᠤᠰ ᠤᠨ ︿ᠲᠠᠯᠪᠢᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢ ᠬᠦᠨᠵᠡᠭᠡᠶᠢᠷᠡᠬᠦᠯᠵᠦ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠠᠯ ᠢ ᠰᠢᠯᠢᠳᠡᠭᠵᠢᠭᠦᠯᠬᠦ ᠲᠧᠯᠸᠢᠰ ᠤᠳᠠᠰᠤ ᠬᠤᠷᠠᠯ ᠤᠨ ᠭᠤᠤᠯᠳᠠᠯᠭ᠎ᠠ ᠲᠠᠢ ᠡᠭᠦᠷᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ ᠠᠵᠢᠯ ᠢ ᠬᠤᠪᠢᠶᠠᠷᠢᠯᠠᠬᠤ ᠲᠥᠰᠦᠯ︾᠎ ᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号