ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠲᠤᠬᠠᠢ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2020/12/8
      ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠲᠤᠬᠠᠢ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠶᠢᠨ ᠠᠩᠬᠠᠨ ᠤ ᠬᠤᠭᠤᠴᠠᠭ᠎ᠠ ᠨᠢ 12 ᠳ᠋ᠤᠭᠠᠷ ᠰᠠᠷ᠎ᠠ ᠶᠢᠨ 6᠎ ᠤ ᠡᠳᠦᠷ ᠬᠥᠬᠡᠬᠤᠲᠠ ᠳᠤ ᠬᠢᠴᠢᠶᠡᠯ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠭᠡᠳᠦ ᠰᠤᠷᠭᠠᠭᠤᠯᠢ ᠶᠢᠨ ᠠᠵᠢᠯ ᠤᠨ ᠬᠤᠷᠢᠶ᠎ᠠ ᠶᠢᠨ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠤᠸᠠᠩ ᠶᠠ ᠯᠢ ᠠᠩᠭᠢ ᠡᠷᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠥᠭᠡᠮᠡᠯᠵᠢᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠥᠬᠦ ᠲᠠᠯ᠎ᠠ ᠪᠠᠷ ᠣᠨᠣᠪᠴᠢᠲᠠᠶ ᠣᠶᠢᠯᠠᠭᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠰᠬᠠᠢ ᠰᠡᠳᠦᠪᠲᠦ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠤᠯᠤᠰ ᠲᠥᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠡᠷᠡᠰ ᠰᠠᠶᠢᠲᠤᠷ ᠬᠢᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠬᠦ ᠪᠠᠲᠤ ᠪᠠᠬᠢ ᠪᠤᠢ ᠪᠣᠯᠭᠠᠬᠤ ᠪᠠᠷ ᠪᠣᠯᠪᠠ᠃      ᠬᠤᠸᠠᠩ ᠶᠠ ᠯᠢ ᠠᠩᠭᠢ ᠡᠷᠬᠢᠯᠡᠬᠦ ᠶᠣᠰᠣᠯᠠᠯ ᠳᠡᠭᠡᠷ᠎ᠡ ᠴᠢᠬᠤᠯᠠᠴᠢᠯᠠᠭᠰᠠᠨ ᠨᠢ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠣᠨᠣᠯ ᠤᠨ ᠵᠡᠪᠰᠡᠭᠯᠡᠯ ᠢ ᠤᠬᠠᠮᠰᠠᠷ ᠠᠴᠠ ᠪᠠᠨ ᠴᠢᠩᠭᠠᠳᠬᠠᠵᠤ᠂ ᠦᠵᠡᠯ ᠰᠠᠨᠠᠭᠠᠨ ᠤ ᠰᠠᠭᠤᠷᠢ ᠶᠢ ᠪᠠᠲᠤᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠯᠳᠠᠭ᠎ᠠ ᠪᠤᠷᠤᠭᠤ ᠶᠢ ᠡᠷᠡᠰ ᠵᠠᠯᠠᠷᠠᠭᠤᠯᠵᠤ᠂ ᠤᠯᠤᠰ ᠲᠥᠷᠥ ᠶᠢᠨ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ᠠᠵᠢᠯ ᠤᠨ ᠭᠤᠤᠯᠳᠠᠯᠭ᠎ᠠ ᠪᠠᠨ ᠲᠣᠪᠤᠶᠢᠯᠭᠠᠨ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠤᠷᠲᠤ ᠬᠤᠭᠤᠴᠠᠭ᠎ᠠ ᠪᠠᠷ ᠪᠠᠷᠢᠮᠲᠠᠯᠠᠬᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ︽ᠬᠤᠶᠠᠷ ᠢ ᠬᠠᠮᠠᠭᠠᠯᠠᠬᠤ︾ ᠵᠣᠷᠢᠭ ᠰᠠᠨᠠᠭ᠎ᠠ ᠶᠢ ᠡᠷᠡᠰ ᠦᠢᠯᠡᠳᠦᠯᠭᠡᠵᠢᠭᠦᠯᠬᠦ ᠬᠡᠷᠡᠭᠲᠡᠢ ᠭᠡᠪᠡ᠃      ᠬᠤᠸᠠᠩ ᠶᠠ ᠯᠢ ᠱᠠᠭᠠᠷᠳᠠᠭᠰᠠᠨ ᠨᠢ᠂ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠰᠤᠷᠭᠠᠭᠤᠯᠢ ᠨᠤᠭᠤᠳ ᠬᠠᠷᠢᠶ᠎ᠠ ᠭᠠᠵᠠᠷ ᠤᠨ ᠢᠶᠠᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠳᠣᠤᠷ᠎ᠠ᠂ ᠢᠵᠢ ᠪᠦᠷᠢᠳᠦᠭᠦᠯᠬᠦ ᠲᠥᠰᠦᠯ ᠢᠶᠠᠨ ᠤᠯᠠᠮ ᠨᠢᠭᠡ ᠠᠯᠬᠤᠮ ᠪᠦᠷᠢᠨᠰᠢᠭᠦᠯᠵᠦ᠂ ᠪᠠᠭᠰᠢ ᠶᠢᠨ ᠪᠠᠲᠤᠯᠠᠭ᠎ᠠ ᠶᠢ ᠴᠢᠩᠭᠠᠷᠠᠭᠤᠯᠵᠤ᠂ ᠪᠠᠭᠰᠢ ᠶᠢᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠢ ᠪᠥᠬᠦ ᠲᠠᠯ᠎ᠠ ᠪᠠᠷ ᠵᠣᠬᠢᠶᠠᠨ ᠪᠠᠶᠢᠭᠤᠯᠬᠤ ᠬᠡᠷᠡᠭᠲᠡᠢ᠃ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠬᠢᠬᠦ ᠶᠢ ᠰᠠᠶᠢᠲᠤᠷ ᠠᠩᠬᠠᠷᠴᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤ ᠨᠢ ᠬᠠᠷᠢᠭᠤᠯᠲᠠ ᠥᠭᠬᠦ ᠬᠡᠷᠡᠭᠲᠡᠢ᠃ ᠬᠠᠷᠢᠭᠤᠴᠠᠯᠭ᠎ᠠ ᠶᠢᠨ ᠬᠡᠯᠬᠢᠶ᠎ᠡ ᠶᠢ ᠤᠯᠠᠮ ᠨᠢᠭᠡ ᠠᠯᠬᠤᠮ ᠴᠢᠩᠭᠠᠯᠠᠵᠤ᠂ ᠡᠯ᠎ᠡ ᠵᠦᠢᠯ ᠤᠨ ᠡᠭᠦᠷᠭᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠠᠯᠬᠤᠮ ᠠᠯᠬᠤᠮ ᠢᠶᠠᠷ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠪᠡ᠃      ᠣᠶᠢᠯᠠᠭᠠᠭᠰᠠᠨ ᠢᠶᠠᠷ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠰᠬᠠᠢ ᠰᠡᠳᠦᠪᠲᠦ ᠪᠣᠯᠪᠠᠰᠤᠷᠠᠭᠤᠯᠤᠯ ᠨᠢ 2020 ᠣᠨ ᠤ 12 ᠳ᠋ᠤᠭᠠᠷ ᠰᠠᠷ᠎ᠠ ᠶᠢᠨ 6᠎ ᠤ ᠡᠳᠦᠷ ᠠᠴᠠ 2021 ᠣᠨ ᠤ 3 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠦᠷᠭᠦᠯᠵᠢᠯᠡᠵᠦ᠂ ᠪᠥᠯᠥᠭ ᠱᠠᠲᠤ ᠳᠠᠪᠬᠤᠷᠭ᠎ᠠ ᠬᠤᠪᠢᠶᠠᠨ ᠪᠣᠯᠪᠠᠰᠤᠷᠠᠭᠤᠯᠬᠤ ᠪᠠᠷ ᠳᠠᠮᠵᠢᠨ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠥᠷᠭᠡᠨ ᠤᠯᠠᠨ ᠺᠠᠳ᠋ᠷ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠤᠳᠤᠷᠢᠳᠬᠤ ᠪᠠᠭ ᠪᠣᠯᠤᠨ ᠪᠠᠭᠰᠢ ᠠᠵᠢᠯᠲᠠᠨ ᠢ ᠬᠠᠮᠤᠷᠴᠤ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠱᠠᠲᠤᠨ ᠳᠤ 3 ᠬᠤᠭᠤᠴᠠᠭᠠᠨ ᠤ ᠪᠣᠯᠪᠠᠰᠤᠷᠠᠯ ᠤᠨ ᠠᠩᠭᠢ ᠡᠷᠬᠢᠯᠡᠬᠦ ᠪᠣᠯᠤᠨ᠎ᠠ᠃ ᠠᠩᠬᠠᠨ ᠤ ᠬᠤᠭᠤᠴᠠᠭᠠᠨ ᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ 3 ᠡᠳᠦᠷ ᠤᠨ ᠬᠤᠭᠤᠴᠠᠭ᠎ᠠ ᠲᠠᠢ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠰᠤᠷᠭᠠᠨ ᠬᠥᠮᠦᠵᠢᠯ ᠤᠨ ᠶᠠᠮᠤᠨ ᠤ ᠵᠢᠭᠠᠬᠤ ᠮᠠᠲ᠋ᠧᠷᠢᠶᠠᠯ ᠤᠨ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠭᠠᠭᠤᠯᠢ ᠶᠢᠨ ᠲᠤᠰᠬᠠᠶ ᠮᠡᠷᠭᠡᠵᠢᠯᠲᠡᠨ ᠢ ᠤᠷᠢᠵᠤ ᠲᠥᠪᠯᠡᠷᠡᠭᠦᠯᠦᠨ ᠬᠢᠴᠢᠶᠡᠯᠯᠡᠭᠦᠯᠵᠦ᠂ ᠲᠥᠪᠯᠡᠷᠡᠭᠦᠯᠦᠨ ᠪᠢᠲᠡᠭᠦᠮᠵᠢᠯᠡᠨ ᠰᠤᠷᠤᠯᠴᠠᠬᠤ᠂ ᠬᠤᠪᠢ ᠬᠥᠮᠦᠨ ᠪᠡᠶ᠎ᠡ ᠪᠠᠨ ᠳᠠᠭᠠᠭᠠᠵᠤ ᠰᠤᠷᠤᠯᠴᠠᠬᠤ᠂ ᠰᠠᠨᠠᠯ ᠰᠣᠯᠢᠯᠴᠠᠨ ᠰᠤᠳᠤᠯᠤᠨ ᠶᠠᠷᠢᠯᠴᠠᠵᠤ ᠰᠤᠷᠤᠯᠴᠠᠬᠤ᠂ ᠣᠯᠤᠯᠲᠠ ᠲᠥᠷᠥᠭᠳᠡᠯ ᠢᠶᠠᠨ ᠪᠢᠴᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠦᠬᠦ ᠣᠷᠣᠨ ᠤ ᠥᠷᠭᠡᠨ ᠤᠯᠠᠨ ᠰᠤᠷᠭᠠᠨ ᠬᠥᠮᠦᠵᠢᠯ ᠤᠨ ᠠᠵᠢᠯᠲᠠᠳ ᠢ ᠬᠥᠮᠦᠵᠢᠭᠦᠯᠦᠨ ᠵᠢᠯᠣᠭᠤᠳᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠨᠠᠮ ᠤᠨ ᠲᠥᠪ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号