ᠪᠦ᠋ ᠰᠢᠶᠤᠤ ᠯᠢᠨ ᠤᠯᠠᠭᠠᠨᠬᠠᠳᠠ ᠬᠤᠳᠠ ᠳᠤ ᠯᠢᠶᠤᠤ ᠤᠯᠤᠰ ᠤᠨ ᠦᠶ᠎ᠠ ᠶᠢᠨ ᠡᠤ ᠠᠨ ᠵᠸᠦ ᠶᠢᠨ ᠰᠤᠪᠤᠷᠭ᠎ᠠ ᠶᠢᠨ ᠬᠠᠮᠠᠭᠠᠯᠠᠯᠳᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/12/9
     12 ᠰᠠᠷ᠎ᠠ ᠶᠢᠨ 8᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠤᠯᠠᠭᠠᠨᠬᠠᠳᠠ ᠬᠤᠳᠠ ᠶᠢᠨ ᠠᠤᠬᠠᠨ ᠬᠤᠰᠢᠭᠤᠨ ᠳᠤ ᠬᠦᠷᠴᠦ᠂ ᠯᠢᠶᠤᠤ ᠤᠯᠤᠰ ᠤᠨ ᠦᠶ᠎ᠠ ᠶᠢᠨ ᠡᠤ ᠠᠨ ᠵᠸᠦ ᠶᠢᠨ ᠰᠤᠪᠤᠷᠭ᠎ᠠ ᠶᠢᠨ ᠬᠠᠮᠠᠭᠠᠯᠠᠯᠳᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃      ᠯᠢᠶᠤᠤ ᠤᠯᠤᠰ ᠤᠨ ᠦᠶ᠎ᠠ ᠶᠢᠨ ᠡᠤ ᠠᠨ ᠵᠸᠦ ᠶᠢᠨ ᠰᠤᠪᠤᠷᠭ᠎ᠠ ᠪᠤᠯ ᠠᠤᠬᠠᠨ ᠬᠤᠰᠢᠭᠤᠨ ᠤ ᠹᠧᠩ ᠱᠸᠦ ᠰᠢᠶᠠᠩ ᠤᠨ ᠴᠠᠭᠠᠨ ᠰᠤᠪᠤᠷᠭ᠎ᠠ ᠲᠤᠰᠬᠤᠨ ᠳᠤ ᠪᠠᠶᠢᠷᠢᠯᠠᠭ᠎ᠠ ᠨᠠᠢᠮᠠᠯᠵᠢᠨ ᠭᠡᠯᠪᠡᠷᠢ ᠶᠢᠨ ᠨᠢᠬᠳᠠ ᠰᠠᠷᠠᠪᠴᠢᠳᠦ ᠲᠤᠭᠤᠰᠬᠠᠨ ᠪᠦᠲᠦᠴᠡᠲᠦ ᠰᠤᠪᠤᠷᠭ᠎ᠠ ᠪᠠᠶᠢᠵᠦ᠂ ᠤᠳᠤ ᠪᠤᠯᠳᠠᠯ᠎ᠠ ᠦᠯᠡᠳᠡᠵᠦ ᠪᠠᠶᠢᠭ᠎ᠠ ᠯᠢᠶᠤᠤ ᠤᠯᠤᠰ ᠤᠨ ᠦᠶ᠎ᠠ ᠶᠢᠨ ᠰᠤᠪᠤᠷᠭ᠎ᠠ ᠳᠤᠮᠳᠠᠬᠢ ᠪᠠᠶᠢᠭᠤᠯᠤᠭᠰᠠᠨ ᠤᠨ ᠨᠢ ᠬᠠᠮᠤᠭ ᠡᠷᠳᠡ᠂ ᠯᠢᠶᠤᠤ ᠤᠯᠤᠰ ᠤᠨ ᠡᠷᠳᠡ ᠳᠤᠮᠳᠠ ᠦᠶ᠎ᠠ ᠶᠢᠨ ᠰᠤᠪᠤᠷᠭ᠎ᠠ ᠪᠠᠷᠢᠬᠤ ᠤᠨᠴᠠᠯᠢᠭ ᠢ ᠬᠠᠮᠤᠭ ᠰᠠᠶᠢᠨ ᠢᠯᠡᠷᠡᠭᠦᠯᠵᠤ ᠪᠠᠶᠢᠲᠠᠭ ᠲᠤᠭᠤᠰᠬᠠᠨ ᠰᠤᠪᠤᠷᠭ᠎ᠠ ᠪᠤᠯᠬᠤᠷ ᠮᠠᠰᠢ ᠦᠨᠳᠦᠷ ᠰᠤᠳᠤᠯᠭᠠᠨ ᠤ ᠦᠷᠳᠡᠭ ᠲᠠᠢ ᠶᠤᠮ᠃ ᠠᠮᠵᠢᠨ ᠠᠪᠤᠷᠠᠵᠤ ᠪᠠᠬᠢᠵᠢᠬᠦᠯᠬᠦ ᠪᠠ ᠰᠡᠯᠪᠢᠨ ᠵᠠᠰᠠᠬᠤ ᠪᠠᠷ ᠳᠠᠮᠵᠢᠵᠦ᠂ ᠤᠳᠤᠬᠠᠨ ᠳᠤ ᠯᠢᠶᠤᠤ ᠤᠯᠤᠰ ᠤᠨ ᠦᠶ᠎ᠠ ᠶᠢᠨ ᠡᠤ ᠠᠨ ᠵᠸᠦ ᠶᠢᠨ ᠰᠤᠪᠤᠷᠭ᠎ᠠ ᠶᠢᠨ 5 ᠳ᠋ᠤᠭᠠᠷ ᠲᠠᠪᠬᠤᠷᠯᠢᠭ ᠠᠴᠠ ᠳᠡᠭᠡᠭᠰᠢᠬᠢ ᠰᠤᠪᠤᠷᠭᠠᠨ ᠤ ᠰᠠᠷᠠᠪᠴᠢ ᠶᠢ ᠪᠦᠬᠦᠨ ᠢ ᠪᠠᠬᠢᠵᠢᠬᠦᠯᠦᠨ ᠰᠡᠯᠪᠢᠵᠦ ᠳᠠᠭᠤᠰᠬᠤ ᠶᠢᠨ ᠬᠠᠮᠳᠦ ᠭᠡᠰᠡᠭ ᠲᠠᠪᠬᠤᠷᠯᠢᠭ ᠲᠤ ᠪᠤᠯᠤᠳ ᠮᠤᠰᠬᠢᠷᠠᠭ᠎ᠠ ᠬᠢᠨᠵᠢ ᠪᠠᠷ ᠪᠦᠷᠢᠯᠳᠦᠭᠰᠡᠨ ᠴᠠᠭᠠᠷᠢᠭ ᠤᠬᠰᠠᠷᠠᠵᠦ᠂ ᠰᠤᠪᠤᠷᠭ᠎ᠠ ᠶᠢᠨ ᠠᠮᠤᠷ ᠲᠦᠪᠰᠢᠨ ᠪᠠ ᠲᠤᠭᠳᠠᠭᠤᠨ ᠴᠢᠨᠠᠷ ᠢ ᠳᠡᠭᠡᠭᠰᠢᠯᠡᠬᠦᠯᠵᠡᠢ᠃      ᠪᠦ᠋ ᠰᠢᠶᠤᠤ ᠯᠢᠨ ᠯᠢᠶᠤᠤ ᠤᠯᠤᠰ ᠤᠨ ᠦᠶ᠎ᠠ ᠶᠢᠨ ᠡᠤ ᠠᠨ ᠵᠸᠦ ᠶᠢᠨ ᠰᠤᠪᠤᠷᠭ᠎ᠠ ᠶᠢ ᠪᠠᠬᠢᠵᠢᠬᠦᠯᠦᠨ ᠰᠡᠯᠪᠢᠨ ᠵᠠᠰᠠᠬᠤ ᠲᠦᠰᠦᠯ ᠢ ᠲᠤᠭᠳᠠᠭᠠᠬᠤ ᠪᠠ ᠭᠡᠷᠡᠭᠵᠢᠬᠦᠯᠦᠨ ᠠᠬᠢᠭᠤᠯᠤᠭᠰᠠᠨ ᠪᠠᠶᠢᠳᠠᠯ ᠢ ᠬᠦᠨᠵᠡᠭᠡᠢ ᠤᠢᠢᠯᠠᠭᠠᠵᠦ᠂ ᠰᠡᠯᠪᠢᠨ ᠵᠠᠰᠠᠬᠤ ᠵᠠᠮ ᠢᠶᠠᠷ ᠰᠤᠪᠤᠷᠭ᠎ᠠ ᠶᠢᠨ 5 ᠳ᠋ᠤᠭᠠᠷ ᠲᠠᠪᠬᠤᠷᠯᠢᠭ ᠲᠤ ᠭᠠᠷᠴᠦ᠂ ᠪᠠᠬᠢᠵᠢᠬᠦᠯᠦᠨ ᠰᠡᠯᠪᠢᠨ ᠵᠠᠰᠠᠬᠤ ᠢᠨᠵᠧᠨᠧᠷᠢᠩ ᠤᠨ ᠠᠬᠢᠴᠠ ᠶᠢ ᠨᠠᠷᠢᠨ ᠤᠢᠢᠯᠠᠭᠠᠪᠠ᠃ ᠪᠦ᠋ ᠰᠢᠶᠤᠤ ᠯᠢᠨ᠂ ᠲᠡᠦᠭᠡ ᠰᠤᠶᠤᠯ ᠤᠨ ᠦᠪ ᠢ ᠰᠠᠶᠢᠳᠤᠷ ᠬᠠᠮᠠᠭᠠᠯᠠᠨ ᠤᠯᠠᠮᠵᠢᠯᠠᠬᠤ ᠪᠤᠯ ᠲᠡᠦᠭᠡ ᠳᠤ ᠬᠠᠷᠢᠭᠤᠴᠠᠵᠦ᠂ ᠠᠷᠠᠳ ᠲᠦᠮᠡᠨ ᠳᠤ ᠬᠠᠷᠢᠭᠤᠴᠠᠵᠦ ᠪᠠᠶᠢᠭ᠎ᠠ ᠶᠠᠪᠤᠳᠠᠯ ᠮᠦᠨ᠃ ᠶᠡᠷᠦᠩᠭᠡᠢ ᠱᠦᠵᠢ ᠰᠢ ᠶᠢᠨ ᠫᠢᠩ ᠤᠨ ᠲᠡᠦᠭᠡ ᠶᠢᠨ ᠲᠤᠷᠠᠰᠬᠠᠯᠳᠦ ᠵᠦᠢᠯᠡᠰ ᠤᠨ ᠠᠵᠢᠯ ᠤᠨ ᠲᠤᠬᠠᠢ ᠴᠢᠬᠤᠯᠠ ᠦᠬᠦᠯᠡᠯᠳᠠ ᠪᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠤᠯᠤᠰ ᠲᠦᠷᠦ ᠶᠢᠨ ᠵᠤᠬᠰᠤᠴᠠ ᠪᠠᠨ ᠦᠨᠡᠨ ᠬᠦ ᠳᠡᠭᠡᠭᠰᠢᠯᠡᠬᠦᠯᠦᠨ᠂ ᠬᠠᠭᠤᠴᠢᠨ ᠪᠠᠭᠤᠷᠢ ᠶᠢ ᠠᠭᠤᠳᠠᠯᠤᠨ ᠢᠯᠡᠷᠡᠬᠦᠯᠵᠦ ᠬᠠᠮᠠᠭᠠᠯᠠᠨ ᠠᠰᠢᠬᠯᠠᠬᠤ ᠠᠵᠢᠯ ᠢ ᠲᠦᠷᠭᠡᠳᠭᠡᠨ ᠠᠬᠢᠭᠤᠯᠵᠦ᠂ ᠬᠠᠭᠤᠴᠢ ᠰᠤᠳᠤᠯᠤᠯ ᠤᠨ ᠠᠵᠢᠯ ᠪᠠ ᠲᠡᠦᠭᠡ ᠶᠢᠨ ᠰᠤᠳᠤᠯᠭᠠᠨ ᠢ ᠴᠢᠩᠭᠠᠳᠬᠠᠨ᠂ ᠲᠡᠦᠭᠡ ᠶᠢᠨ ᠳᠤᠷᠠᠰᠬᠠᠯᠳᠦ ᠵᠦᠢᠯᠡᠰ ᠤᠨ ᠦᠷᠳᠡᠭ ᠢ ᠠᠭᠤᠳᠠᠯᠤᠨ ᠲᠠᠶᠢᠯᠪᠤᠷᠢᠯᠠᠬᠤ ᠠᠵᠢᠯ ᠢ ᠰᠠᠶᠢᠳᠤᠷ ᠬᠢᠵᠦ᠂ ᠲᠡᠦᠭᠡ ᠶᠢᠨ ᠳᠤᠷᠠᠰᠬᠠᠯᠳᠦ ᠵᠦᠢᠯᠡᠰ ᠤᠨ ᠦᠯᠢᠭᠡᠷ ᠢ ᠰᠠᠶᠢᠬᠠᠨ ᠶᠠᠷᠢᠵᠦ᠂ ᠰᠤᠶᠤᠯ ᠤᠨ ᠢᠳᠡᠭᠡᠯ ᠢᠶᠠᠨ ᠨᠡᠮᠡᠭᠳᠡᠬᠦᠯᠦᠨ᠂ ᠳᠤᠮᠳᠠᠳᠤ ᠶᠢᠨ ᠦᠨᠳᠦᠰᠦᠳᠡᠨ ᠤ ᠬᠠᠮᠳᠦ ᠴᠤᠬᠴᠠ ᠶᠢᠨ ᠤᠬᠠᠮᠰᠠᠷ ᠢ ᠳᠠᠰᠤᠷᠠᠯᠳᠠ ᠦᠭᠡᠢ ᠪᠠᠳᠤ ᠴᠤᠬᠴᠠᠯᠠᠬᠤ ᠭᠡᠷᠡᠭᠲᠡᠢ ᠭᠡᠵᠦ ᠵᠢᠭᠠᠵᠦ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号