ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2020/12/9
    2020 ᠣᠨ ᠤ 12 ᠰᠠᠷ᠎ᠠ ᠶᠢᠨ 8᠎ ᠤ ᠡᠳᠦᠷ ᠤᠨ 7 ᠴᠠᠭ ᠠᠴᠠ 12 ᠰᠠᠷ᠎ᠠ ᠶᠢᠨ 9᠎ ᠤ ᠡᠳᠦᠷ ᠤᠨ 7  ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠢᠨ᠎ᠡ ᠪᠠᠷ ᠨᠡᠮᠡᠭᠳᠡᠭᠰᠡᠨ ᠲᠤᠲᠤᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠᠶᠢᠬᠤ ᠦᠭᠡᠢ᠃ ᠮᠠᠨᠵᠤᠤᠷ ᠬᠤᠲᠠ ᠶᠢᠨ 1 ᠰᠡᠵᠢᠭᠯᠡᠯᠲᠡᠢ ᠡᠪᠡᠳᠴᠢᠨ ᠤ ᠵᠢᠱᠢᠶ᠎ᠡ ᠶᠢ ᠰᠡᠵᠢᠭ ᠠᠴᠠ ᠭᠠᠷᠭᠠᠪᠠ᠃              2020 ᠣᠨ ᠤ 12 ᠰᠠᠷ᠎ᠠ ᠶᠢᠨ 9᠎ ᠤ ᠡᠳᠦᠷ ᠤᠨ 7 ᠴᠠᠭ ᠪᠣᠯᠲᠠᠯ᠎ᠠ᠂ ᠲᠤᠬᠠᠢ ᠶᠢᠨ ᠭᠠᠵᠠᠷ ᠤᠨ  ᠲᠣᠳᠣᠯᠠᠭᠰᠠᠨ ᠡᠪᠡᠳᠴᠢᠨ ᠤ ᠵᠢᠱᠢᠶ᠎ᠡ 26᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠰᠠᠳ 2 ᠪᠠᠶᠢᠵᠤ᠂ ᠪᠦᠬᠦᠨ ᠢ ᠮᠠᠨᠵᠤᠤᠷ ᠬᠤᠲᠠ ᠶᠢᠨ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠲᠠᠬᠤᠯ ᠡᠪᠡᠳᠴᠢᠨ ᠤ ᠰᠣᠳᠤᠯᠤᠯ ᠤᠨ ᠪᠠᠶᠢᠴᠠᠭᠠᠯᠲᠠ ᠪᠠ ᠡᠬᠢ ᠡᠭᠦᠰᠦᠯ ᠢ ᠮᠦᠷᠳᠡᠨ ᠡᠷᠢᠬᠦ ᠠᠵᠢᠯ ᠢ ᠥᠷᠭᠦᠯᠵᠢᠯᠡᠨ ᠬᠢᠵᠦ ᠪᠠᠶᠢᠨ᠎ᠠ᠃ 1437 ᠨᠢᠭᠲᠠ ᠣᠶᠢᠷᠠᠲᠤᠭᠰᠠᠳ ᠢ ᠪᠠᠶᠢᠴᠠᠭᠠᠨ ᠣᠯᠵᠤ᠂ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ  ᠠᠵᠢᠭᠯᠠᠯᠲᠠ ᠬᠢᠵᠦ ᠪᠣᠢ᠃            ᠣᠳᠣᠬᠠᠨ ᠳᠤ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠲᠣᠯᠠᠭᠰᠠᠨ ᠡᠪᠡᠳᠴᠢᠨ ᠤ ᠵᠢᠱᠢᠶ᠎ᠡ 1  ᠪᠠᠶᠢᠵᠤ᠂ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠤᠶᠢᠷᠠᠲᠤᠭᠰᠠᠳ ᠢ ᠨᠢ  ᠪᠦᠬᠦᠨ ᠢ ᠲᠣᠭᠲᠠᠭᠰᠠᠨ ᠭᠠᠵᠠᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂  ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃    
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号