ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠪᠠ ᠵᠠᠩ ᠱᠣᠤ ᠴᠦᠨ  ᠡᠸᠤ ᠶᠠᠩ ᠰᠢᠶᠤᠤ ᠬᠤᠶ ᠣᠷᠣᠯᠴᠠᠪᠠ
ᠨᠡᠶᠢᠲᠡᠯᠡᠭᠰᠡᠨ ᠴᠠᠭ᠄
2020/12/9
     12 ᠳ᠋ᠤᠭᠠᠷ ᠰᠠᠷ᠎ᠠ ᠶᠢᠨ 7᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠵᠤ᠂ ᠮᠠᠨᠵᠤᠤᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠨᠡᠪᠲᠡᠷᠡᠭᠦᠯᠦᠨ ᠮᠡᠳᠡᠭᠡᠯᠡᠵᠦ᠂ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠵᠠᠩ ᠱᠣᠤ ᠴᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠡᠸᠤ ᠶᠠᠩ ᠰᠢᠶᠤᠤ ᠬᠤᠶ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠪᠤᠳᠠᠯ ᠢ ᠦᠨᠡᠨ ᠬᠦ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠣᠯᠭᠠᠬᠤ ᠬᠡᠷᠡᠭᠲᠡᠶ᠂ ᠥᠴᠦᠬᠡᠨ ᠴᠦ ᠰᠤᠯᠠᠷᠠᠭᠤᠯᠬᠤ ᠪᠠ ᠭᠤᠷᠢᠳᠠᠬᠤ ᠪᠣᠳᠣᠯ ᠲᠠᠢ ᠪᠠᠶᠢᠵᠤ ᠣᠭᠲᠣ ᠪᠣᠯᠬᠤ ᠦᠭᠡᠶ᠃ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠢᠮᠠᠭᠲᠠ ᠰᠠᠶᠢᠲᠤᠷ ᠨᠠᠶᠢᠳᠠᠪᠤᠷᠢᠵᠢᠭᠤᠯᠵᠤ᠂ ᠬᠤᠷᠢᠭ᠎ᠠ ᠱᠤᠭᠤᠮ ᠤᠨ ᠰᠡᠳᠬᠢᠬᠦᠶ ᠶᠢ ᠴᠢᠩᠭᠠᠳᠬᠠᠵᠤ᠂ ︽ᠬᠥᠮᠦᠨ᠂ ᠪᠣᠳᠠᠰ︾᠎ ᠢ ᠵᠡᠷᠭᠡᠪᠡᠷ ᠰᠡᠷᠭᠡᠶᠢᠯᠡᠬᠦ ᠶᠢ ᠪᠠᠷᠢᠮᠲᠠᠯᠠᠨ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠬᠢᠯᠢ ᠶᠢᠨ ᠪᠣᠭᠤᠮᠲᠠ ᠶᠢᠨ ᠬᠠᠮᠢᠶᠠᠷᠤᠨ ᠡᠵᠡᠮᠳᠡᠬᠦ ᠶᠢ ᠴᠢᠩᠭ᠎ᠠ ᠠᠳᠬᠤᠵᠤ᠂ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠪᠠ ᠪᠡᠯᠡᠳᠬᠡᠯ ᠲᠥᠰᠦᠯ ᠤᠨ ᠰᠣᠷᠢᠯᠲᠠ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠭᠠᠳᠠᠭᠠᠳᠤ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ ᠪᠠᠨ ᠳᠠᠬᠢᠨ ᠡᠭᠦᠰᠬᠦ ᠶᠢ ᠰᠡᠷᠭᠡᠶᠢᠯᠡᠬᠦ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ᠂ ᠡᠯ᠎ᠡ ᠠᠵᠢᠯᠯᠠᠬᠤ ᠳᠤᠭᠤᠶᠢᠯᠠᠩ᠂ ᠡᠯ᠎ᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾᠎ ᠶᠢ ᠪᠣᠳᠠᠲᠠᠶᠢᠵᠢᠭᠤᠯᠵᠤ᠂ ᠵᠢᠯᠣᠭᠤᠳᠤᠨ ᠲᠣᠬᠢᠷᠠᠭᠤᠯᠬᠤ ᠪᠠᠨ ᠴᠢᠩᠭᠠᠳᠬᠠᠨ᠂ ᠠᠵᠢᠯ ᠤᠨ ᠰᠢᠮᠳᠠᠭᠤᠯᠤᠨ ᠵᠢᠯᠣᠭᠤᠳᠬᠤ ᠪᠠᠨ ᠴᠢᠩᠭᠠᠷᠠᠭᠤᠯᠤᠨ᠂ ᠠᠯᠳᠠᠰᠢ ᠣᠰᠣᠯ ᠢ ᠴᠠᠭ ᠲᠤᠬᠠᠶ ᠳᠤ ᠨᠢ ᠵᠠᠯᠠᠷᠠᠭᠤᠯᠵᠤ᠂ ᠬᠢᠵᠢᠭ ᠤᠨ ᠪᠠᠶᠢᠳᠠᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠬᠤ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号