| | | 2 ᠰᠠᠷ᠎ᠠ ᠶᠢᠨ 9 ᠤ ᠡᠳᠤᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠥᠷᠥ | ᠬᠠᠤᠯᠢ ᠴᠠᠭᠠᠵᠠ ᠶᠢᠨ ᠬᠤᠷᠢᠶ᠎ᠠ ᠶᠢᠨ ᠳᠡᠳ᠋ ᠱᠦᠵᠢ ᠯᠢ ᠭᠠᠩ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠷᠪᠠᠨ | ᠬᠤᠶᠠᠳᠤᠭᠠᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠲᠡᠭᠡᠷ᠎ᠠ ᠥᠪᠡᠷᠲᠡᠭᠡᠨ ᠵᠠᠰᠠᠬᠤ ᠣᠷᠣᠨ ᠤ | ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠥᠪᠡᠷᠲᠡᠭᠡᠨ | ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠠᠤᠯᠢ | ᠴᠠᠭᠠᠵᠠ ᠶᠢᠨ ᠲᠢᠩᠬᠢᠮ ᠬᠠᠮᠲᠤᠷᠠᠨ ᠭᠠᠷ ᠤᠨ ᠥᠰᠥᠭ ᠵᠢᠷᠤᠭᠰᠠᠨ ︽ᠶᠠᠪᠤᠭᠤᠯ ᠬᠥᠮᠦᠨ ᠠᠮᠠ ᠪᠠ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠠᠶᠤᠯ ᠶᠡᠬᠡᠲᠡᠶ ᠭᠤᠤᠯᠳᠠᠯᠭ᠎ᠠ ᠲᠠᠢ ᠬᠥᠮᠦᠰ ᠦᠨᠡᠨ ᠪᠣᠳᠠᠲᠠᠶ ᠪᠠᠷ | ᠭᠤᠶᠤᠴᠢᠯᠠᠨ ᠮᠡᠳᠡᠭᠦᠯᠵᠦ ᠳᠠᠩᠰᠠᠯᠠᠭᠤᠯᠬᠤ ᠲᠤᠬᠠᠶ ᠵᠠᠷᠯᠠᠯ︾ ᠢ ᠮᠡᠳᠡᠭᠳᠡᠪᠠ᠃ | ᠯᠢ ᠭᠠᠨᠭ᠌ ᠤᠨ ᠲᠠᠨᠢᠯᠴᠠᠭᠤᠯᠤᠬᠰᠠᠨ ᠢᠶᠠᠷ᠂ ᠣᠳᠣᠬᠠᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠶᠠᠭ ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠤᠢ᠂ | ᠶᠠᠪᠤᠭᠤᠯ ᠬᠥᠮᠦᠨ ᠠᠮᠠ ᠵᠢᠴᠢ ᠬᠢᠵᠢᠭ ᠤᠨ ᠭᠤᠤᠯᠳᠠᠯᠭ᠎ᠠ ᠲᠠᠢ ᠭᠠᠵᠠᠷ ᠣᠷᠣᠨ ᠳᠤ ᠣᠷᠣᠰᠢᠨ ᠰᠠᠭᠤᠭᠰᠠᠨ ᠪᠠ | ᠵᠢᠭᠤᠯᠴᠢᠯᠠᠬᠰᠠᠨ ᠥᠡᠭᠭᠡᠷᠡᠯᠳᠠ᠂ ᠣᠨᠣᠰᠢᠯᠠᠭᠰᠠᠨ ᠡᠪᠡᠳᠴᠢᠨ ᠤ ᠵᠢᠱᠢᠶ᠎ᠡ ᠲᠠᠢ ᠨᠢᠭᠲᠠ ᠣᠶᠢᠷᠠᠲᠤᠭᠰᠠᠨ | ᠥᠡᠭᠭᠡᠷᠡᠯᠳᠠ ᠲᠠᠢ ᠵᠡᠷᠭᠡ ᠬᠥᠮᠦᠰ ᠦᠨᠡᠨ ᠪᠣᠳᠠᠲᠠᠶ ᠪᠠᠷ ᠭᠤᠶᠤᠴᠢᠯᠠᠨ ᠮᠡᠳᠡᠭᠦᠯᠵᠦ ᠳᠠᠩᠰᠠᠯᠠᠭᠤᠯᠬᠤ ᠪᠤᠯ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠯᠠᠭ᠎ᠠ ᠶᠢᠨ ︽ᠡᠷᠲᠡ ᠢᠯᠡᠷᠡᠭᠦᠯᠦᠨ᠂ ᠡᠷᠲᠡ ᠮᠡᠳᠡᠭᠦᠯᠵᠦ᠂ | ᠡᠷᠲᠡ ᠲᠤᠰᠠᠭᠠᠷᠯᠠᠨ᠂ ᠡᠷᠲᠡ ᠡᠮᠨᠡᠭᠦᠯᠬᠦ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠭᠤᠭᠴᠤᠭ᠎ᠠ | ᠮᠥᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠪ ᠤᠨ ᠡᠮᠬᠢ ᠵᠢᠷᠤᠮ ᠢ ᠬᠠᠮᠠᠭᠠᠯᠠᠵᠤ᠂ ᠠᠷᠠᠳ ᠣᠯᠠᠨ ᠤ | ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠨ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠵᠦ ᠬᠤᠷᠢᠭᠯᠠᠨ ᠠᠷᠢᠯᠭᠠᠬᠤ ᠲᠠᠶᠢᠯᠠᠯᠳᠤᠭᠠᠨ ᠤ ᠪᠥᠬᠦ ᠲᠠᠯ᠎ᠠ ᠶᠢᠨ ᠢᠯᠠᠯᠲᠠ ᠶᠢ ᠣᠯᠬᠤ ᠶᠢᠨ | ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ | ᠵᠠᠰᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠦᠬᠡ ᠠᠮᠠ ᠶᠢ ᠳᠡᠩᠰᠡᠯᠡᠬᠤ | ᠲᠦᠷᠢᠮ︾ ᠪᠣᠯᠤᠨ ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠬᠠᠷᠢᠭᠤᠴᠠᠯᠭ᠎ᠠ ᠶᠢ | ᠤᠯᠠᠮ ᠨᠢᠭᠡ ᠠᠯᠬᠤᠮ ᠴᠢᠩᠭᠠᠳᠬᠠᠨ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠵᠡᠷᠭᠡ | ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠨ᠂ ᠲᠤᠰ ︽ᠵᠠᠷᠯᠠᠯ︾ ᠢ ᠲᠤᠬᠳᠠᠭᠠᠬᠰᠠᠨ ᠶᠤᠮ ᠬᠡᠵᠡᠢ᠃ ︽ | ᠵᠠᠷᠯᠠᠯ︾ ᠤᠨ ᠠᠭᠤᠯᠭ᠎ᠠ ᠨᠢ ᠳᠤᠤᠷᠠᠬᠢ ᠮᠡᠲᠦ᠄ | ᠨᠢᠭᠡ᠂ ᠶᠠᠮᠠᠷᠪᠠ ᠨᠢᠭᠡᠴᠢ ᠪᠣᠯᠤᠨ ᠬᠤᠪᠢ ᠬᠥᠮᠦᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠨᠡᠶᠢᠲᠡᠯᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ ᠪᠠ ᠵᠠᠷᠯᠢᠭ ᠢ ᠳᠠᠭᠠᠵᠤ᠂ ᠬᠢᠵᠢᠭ ᠢ | ᠰᠡᠷᠭᠡᠶᠢᠯᠡᠨ ᠡᠵᠡᠮᠳᠡᠬᠦ ᠪᠠᠶᠢᠭᠤᠯᠤᠮᠵᠢ᠂ ᠡᠮᠴᠢᠯᠡᠭᠡᠨ ᠤ ᠪᠠᠶᠢᠭᠤᠯᠤᠮᠵᠢ ᠵᠡᠷᠭᠡ ᠰᠠᠯᠠᠭ᠎ᠠ ᠮᠥᠴᠢᠷ ᠤᠨ ᠠᠪᠤᠭᠰᠠᠨ | ᠬᠤᠯᠪᠣᠭᠳᠠᠯ ᠪᠦᠬᠦᠢ ᠳᠠᠩᠰᠠᠯᠠᠨ ᠪᠠᠶᠢᠴᠠᠭᠠᠬᠤ ᠶᠢ ᠤᠬᠠᠮᠰᠠᠷ ᠠᠴᠠ ᠪᠠᠨ ᠬᠦᠯᠢᠶᠡᠵᠦ᠂ ᠪᠠᠶᠢᠭᠤᠯᠭ᠎ᠠ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠳ ᠨᠡᠶᠢᠭᠡᠮ ᠲᠣᠭᠤᠷᠢᠭ᠂ ᠪᠠᠶᠢᠭᠤᠯᠭ᠎ᠠ ᠨᠢᠭᠡᠴᠢ ᠶᠢᠨ ᠢᠶᠠᠨ | ᠢᠯᠭᠠᠨ ᠪᠠᠶᠢᠴᠠᠭᠠᠬᠤ᠂ ᠬᠢᠨᠠᠨ ᠬᠡᠮᠵᠢᠬᠦ ᠪᠠ ᠬᠠᠮᠢᠶᠠᠷᠬᠤ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃ ᠬᠤᠪᠢ | ᠬᠥᠮᠦᠨ ᠤ ᠮᠡᠳᠡᠭᠡ ᠵᠠᠩᠭᠢ ᠪᠠᠨ ᠰᠠᠨᠠᠭᠠᠴᠢᠯᠠᠭ᠎ᠠ ᠠᠴᠠ ᠪᠠᠨ ᠦᠨᠡᠨ ᠪᠣᠳᠠᠲᠠᠶ ᠪᠠᠷ ᠮᠡᠳᠡᠭᠦᠯᠦᠨ ᠳᠠᠩᠰᠠᠯᠠᠭᠤᠯᠵᠤ᠂ | ᠡᠪᠡᠳᠴᠢᠨ ᠤ ᠪᠠᠶᠢᠳᠠᠯ᠂ ᠵᠢᠭᠤᠯᠴᠢᠯᠠᠬᠰᠠᠨ ᠥᠡᠭᠭᠡᠷᠡᠯᠳᠠ᠂ ᠨᠢᠭᠲᠠ ᠣᠶᠢᠷᠠᠲᠤᠭᠰᠠᠨ ᠬᠥᠮᠦᠰ ᠵᠡᠷᠭᠡ ᠬᠠᠮᠢᠶ᠎ᠠ | ᠪᠦᠬᠦᠢ ᠪᠠᠶᠢᠳᠠᠯ ᠢ ᠮᠡᠳᠡᠭᠦᠯᠬᠦ ᠬᠡᠷᠡᠭᠲᠡᠶ᠂ ᠤᠳᠠᠭᠠᠰᠢᠷᠠᠭᠤᠯᠤᠨ ᠮᠡᠳᠡᠭᠦᠯᠬᠦ᠂ ᠣᠷᠬᠢᠭᠳᠠᠭᠤᠯᠤᠨ ᠮᠡᠳᠡᠭᠦᠯᠬᠦ᠂ ᠨᠢᠭᠤᠨ | ᠲᠠᠯᠳᠠᠯᠠᠬᠤ ᠵᠢᠴᠢ ᠬᠤᠳᠠᠯ ᠬᠠᠭᠤᠷᠮᠠᠬ ᠢᠶᠠᠷ ᠮᠡᠳᠡᠭᠦᠯᠵᠦ ᠪᠣᠯᠬᠤ ᠦᠭᠡᠢ᠃ | ᠬᠤᠶᠠᠷ᠂ 2020 ᠣᠨ ᠤ 1 ᠰᠠᠷ᠎ᠠ ᠶᠢᠨ 1 ᠤ ᠡᠳᠦᠷ ᠠᠴᠠ ᠨᠠᠭᠠᠰᠢ ᠮᠠᠨ ᠤ ᠣᠷᠣᠨ ᠳᠤ ᠢᠷᠡᠭᠰᠡᠨ | ᠶᠠᠪᠤᠭᠤᠯ ᠬᠥᠮᠦᠨ ᠠᠮᠠ ︵ᠬᠤᠲᠠ ᠰᠢᠶᠠᠨ ᠠᠯᠤᠰᠯᠠᠨ ᠤᠷᠤᠰᠢᠨ ᠰᠠᠭᠤᠭ᠎ᠠ ᠬᠥᠮᠦᠰ︶ ᠪᠦᠬᠦᠨ ᠰᠠᠭᠤᠭ᠎ᠠ | ᠭᠠᠵᠠᠷ ᠤᠨ ᠢᠶᠠᠨ ᠬᠠᠷᠢᠶᠠᠯᠠᠭᠳᠠᠬᠤ ᠲᠣᠮᠢᠯᠠᠭᠰᠠᠨ ᠰᠠᠯᠪᠤᠷᠢ ᠪᠤᠶᠤ ᠨᠡᠶᠢᠭᠡᠮ ᠲᠣᠭᠤᠷᠢᠭ ᠲᠤ | ᠰᠠᠨᠠᠭᠠᠴᠢᠯᠠᠭ᠎ᠠ ᠠᠴᠠ ᠪᠠᠨ ᠲᠦᠷ ᠰᠠᠭᠤᠬᠤ ᠳᠠᠩᠰᠠᠯᠠᠯᠲᠡ ᠬᠢᠯᠭᠡᠬᠦ ᠪᠠᠷ ᠭᠤᠶᠤᠴᠢᠯᠠᠨ ᠮᠡᠳᠡᠭᠦᠯᠬᠦ ᠬᠡᠷᠡᠭᠲᠡᠶ᠃ ᠲᠦᠷ | ᠰᠠᠭᠤᠬᠤ ᠪᠠᠷ ᠭᠤᠶᠤᠴᠢᠯᠠᠨ ᠮᠡᠳᠡᠭᠦᠯᠬᠦ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠪᠤᠭᠤᠯ | ᠬᠥᠮᠦᠨ ᠠᠮᠠ ᠶᠢ ᠭᠤᠶᠤᠴᠢᠯᠠᠨ ᠮᠡᠳᠡᠭᠦᠯᠵᠦ ᠳᠠᠩᠰᠠᠯᠠᠨ ᠲᠡᠮᠳᠡᠭᠯᠡᠬᠦ︾ ᠬᠤᠶᠠᠷ ᠬᠡᠮᠵᠢᠯᠳᠦ ᠺᠤᠳ᠋ ᠢ ᠰᠢᠷᠪᠢᠵᠥ᠂ | ᠦᠪᠠᠷᠰᠡᠳ ᠢᠶᠠᠨ ᠭᠤᠶᠤᠴᠢᠯᠠᠨ ᠮᠡᠳᠡᠭᠦᠯᠵᠦ ᠳᠠᠩᠰᠠᠯᠠᠨ ᠲᠡᠮᠳᠡᠭᠯᠡᠵᠥ ᠪᠤᠯᠤᠨ᠎ᠠ᠃ | ᠭᠤᠷᠪᠠ᠂ ︽ᠬᠡᠨ ᠠᠵᠢᠯᠴᠢᠨ ᠬᠡᠷᠡᠭᠯᠡᠪᠡᠯ ᠬᠡᠨ ᠬᠠᠷᠢᠭᠤᠴᠠᠬᠤ︾᠂ ︽ᠬᠡᠨ ᠲᠦᠷᠢᠶᠡᠰᠦᠯᠡᠪᠡᠯ ᠬᠡᠨ | ᠬᠠᠷᠢᠭᠤᠴᠠᠬᠤ︾᠂ ︽ᠬᠡᠨ ᠦᠯᠡᠳᠡᠭᠡᠨ ᠠᠪᠤᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠶᠠᠪᠤᠭᠤᠯ ᠬᠥᠮᠦᠨ | ᠠᠮᠠ ᠰᠠᠨᠠᠭᠠᠴᠢᠯᠠᠭ᠎ᠠ ᠠᠴᠠ ᠪᠠᠨ ᠲᠦᠷ ᠰᠠᠭᠤᠬᠤ ᠪᠠᠷ ᠭᠤᠶᠤᠴᠢᠯᠠᠨ ᠮᠡᠳᠡᠭᠦᠯᠦᠭᠰᠡᠨ ᠦᠭᠡᠢ ᠪᠠᠶᠢᠪᠠᠯ᠂ ᠪᠠᠶᠢᠭᠤᠯᠭ᠎ᠠ | ᠨᠢᠭᠡᠴᠢ ᠶᠢᠨ ᠬᠢᠨ ᠬᠦᠯᠦᠰᠦᠯᠡᠭᠰᠡᠨ ᠪᠤᠯ ᠪᠠᠶᠢᠭᠤᠯᠭ᠎ᠠ ᠨᠢᠭᠡᠴᠢ ᠨᠢ ᠬᠠᠷᠢᠭᠤᠴᠠᠨ ᠱᠠᠯᠠᠪᠳᠠᠭᠤᠯᠵᠤ ᠭᠤᠶᠤᠴᠢᠯᠠᠨ | ᠮᠡᠳᠡᠭᠦᠯᠬᠦ ᠬᠡᠷᠡᠭᠲᠡᠶ︔ ᠭᠡᠷ ᠪᠠᠶᠢᠰᠢᠩ ᠲᠦᠷᠢᠶᠡᠰᠦᠯᠡᠨ ᠰᠠᠭᠤᠵᠤ ᠪᠠᠶᠢᠪᠠᠯ᠂ ᠭᠡᠷ ᠪᠠᠶᠢᠰᠢᠩ | ᠲᠦᠷᠢᠶᠡᠰᠦᠯᠡᠭᠦᠯᠦᠭᠴᠢ ᠨᠢ ᠬᠠᠷᠢᠭᠤᠴᠠᠨ ᠭᠤᠶᠤᠴᠢᠯᠠᠵᠤ ᠮᠡᠳᠡᠭᠦᠯᠬᠦ ᠭᠡᠷᠡᠭᠳᠠᠢ︔ ᠲᠥᠷᠥᠯ ᠰᠠᠳᠤᠨ ᠨᠠᠶᠢᠵᠠ | ᠨᠥᠬᠦᠳ ᠢᠶᠠᠨ ᠲᠦᠰᠢᠵᠦ ᠰᠠᠭᠤᠭᠰᠠᠨ ᠪᠣᠯ᠂ ᠲᠦᠰᠢᠭᠯᠡᠭᠰᠡᠨ ᠭᠡᠷ ᠪᠦᠯᠢ ᠶᠢᠨ ᠡᠷᠦᠬᠡ ᠶᠢᠨ ᠡᠵᠡᠨ ᠬᠠᠷᠢᠭᠤᠴᠠᠨ | ᠱᠠᠯᠠᠪᠳᠠᠭᠤᠯᠵᠤ ᠭᠤᠶᠤᠴᠢᠯᠠᠨ ᠮᠡᠳᠡᠭᠦᠯᠭᠦ ᠬᠡᠷᠡᠭᠲᠡᠶ᠃ ᠬᠤᠪᠧᠶ ᠬᠢᠭᠡᠳ ᠭᠤᠸᠠᠩᠳᠦ᠋ᠩ᠂ ᠵᠧᠵᠢᠶᠠᠩ᠂ ᠾᠧᠨᠠᠨ᠂ | ᠬᠤᠨᠠᠨ ᠵᠡᠷᠭᠡ ᠬᠢᠵᠢᠭ ᠤᠨ ᠪᠠᠶᠢᠳᠠᠯ ᠤᠨ ᠭᠤᠤᠯᠳᠠᠯᠭ᠎ᠠ ᠲᠠᠢ ᠭᠠᠵᠠᠷ ᠣᠷᠣᠨ ᠢᠶᠠᠷ ᠵᠢᠭᠤᠯᠴᠢᠯᠠᠭᠰᠠᠨ | ᠥᠡᠭᠭᠡᠷᠡᠯᠳᠠ ᠲᠠᠢ ᠬᠥᠮᠦᠰ ᠢ ᠣᠯᠵᠤ ᠮᠡᠳᠡᠪᠡᠯ᠂ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ᠂ ᠨᠡᠶᠢᠭᠡᠮ ᠲᠣᠭᠤᠷᠢᠭ | ᠪᠣᠯᠤᠨ ᠲᠤᠬᠠᠶ ᠶᠢᠨ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠤ ᠮᠡᠳᠡᠭᠦᠯᠬᠦ | ᠬᠡᠷᠡᠭᠲᠡᠶ᠃ | ᠳᠦᠷᠪᠡ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠲᠠᠢ ᠡᠪᠡᠳᠴᠢᠲᠡᠨ ᠪᠤᠶᠤ ᠰᠡᠵᠢᠭᠯᠡᠯᠲᠡᠶ ᠡᠪᠡᠳᠴᠢᠲᠡᠨ᠂ | ᠡᠪᠡᠳᠴᠢᠨ ᠤ ᠪᠠᠶᠢᠳᠠᠯ᠂ ᠶᠠᠪᠤᠵᠥ ᠰᠠᠭᠤᠭᠰᠠᠨ ᠥᠡᠭᠭᠡᠷᠡᠯᠳᠠ᠂ ᠨᠢᠭᠲᠠ ᠣᠶᠢᠷᠠᠲᠤᠭᠰᠠᠨ ᠬᠥᠮᠦᠨ ᠵᠡᠷᠭᠡ ᠮᠡᠳᠡᠭᠡ | ᠵᠠᠩᠭᠢ ᠪᠠᠨ ᠨᠢᠭᠤᠨ ᠳᠠᠯᠳᠠᠯᠠᠭᠰᠠᠨ ᠪᠤᠶᠤ ᠬᠤᠳᠠᠯ ᠢᠶᠠᠷ ᠮᠡᠳᠡᠭᠦᠯᠵᠦ᠂ ᠰᠢᠨ᠎ᠡ ᠲᠢᠲᠢᠮᠯᠢᠭ ᠠᠭᠤᠰᠬᠢᠨ ᠥᠷᠪᠢᠰᠥᠯ ᠢ | ᠵᠣᠷᠢᠭᠤᠳᠠ ᠲᠠᠷᠬᠠᠭᠠᠭᠰᠠᠨ ᠪᠤᠶᠤ ᠸᠢᠷᠦ᠋ᠰ ᠤᠨ ᠲᠠᠷᠬᠠᠬᠤ ᠠᠶᠤᠯ ᠬᠦᠨᠦᠭᠡᠯ ᠢ ᠪᠤᠢ ᠪᠤᠯᠭᠠᠵᠤ᠂ ᠤᠯᠠᠨ | ᠨᠡᠶᠢᠲᠡ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠪᠠᠶᠢᠪᠠᠯ᠂ ᠠᠶᠤᠯ ᠲᠠᠢ ᠠᠷᠭ᠎ᠠ ᠪᠠᠷ | ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠶᠠᠯ᠎ᠠ ᠪᠠᠷ ᠡᠷᠡᠭᠦᠤ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ | ᠲᠠᠪᠤ᠂ ᠶᠠᠪᠤᠭᠤᠯ ᠬᠥᠮᠦᠨ ᠠᠮᠠ ᠰᠠᠨᠠᠭᠠᠴᠢᠯᠠᠭ᠎ᠠ ᠠᠴᠠ ᠪᠠᠨ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠳᠤ | ᠲᠦᠷ ᠰᠠᠭᠤᠬᠤ ᠳᠠᠩᠰᠠᠯᠠᠯᠲᠠ ᠬᠢᠯᠭᠡᠬᠦ ᠪᠠᠷ ᠮᠡᠳᠡᠭᠦᠯᠦᠭᠰᠡᠨ ᠥᠬᠡᠶ᠂ ᠠᠵᠢᠯᠴᠢᠨ ᠬᠡᠷᠡᠭᠯᠡᠬᠦ ᠨᠢᠭᠡᠴᠢ᠂ | ᠲᠦᠷᠢᠶᠡᠰᠦᠯᠡᠭᠦᠯᠦᠭᠰᠡᠨ ᠬᠡᠷ ᠪᠠᠶᠢᠰᠢᠩ ᠤᠨ ᠡᠵᠡᠨ᠂ ᠨᠠᠶᠢᠳᠠᠭᠳᠠᠭᠰᠠᠨ ᠬᠡᠷ ᠪᠦᠯᠢ ᠶᠢᠨ ᠡᠷᠦᠬᠡ ᠶᠢᠨ ᠡᠵᠡᠨ | ᠱᠠᠯᠠᠪᠳᠠᠭᠤᠯᠤᠨ ᠮᠡᠳᠡᠭᠦᠯᠬᠦ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠥᠬᠡᠶ᠂ ᠤᠳᠠᠭᠠᠰᠢᠷᠠᠭᠤᠯᠤᠨ | ᠮᠡᠳᠡᠭᠦᠯᠦᠭᠰᠡᠨ᠂ ᠣᠷᠬᠢᠭᠳᠠᠭᠤᠯᠤᠨ ᠮᠡᠳᠡᠭᠦᠯᠦᠭᠰᠡᠨ᠂ ᠳᠠᠷᠤᠭᠠᠳ ᠮᠡᠳᠡᠭᠦᠯᠦᠭᠰᠡᠨ ᠥᠬᠡᠶ᠂ ᠬᠤᠳᠠᠯ ᠢᠶᠠᠷ | ᠮᠡᠳᠡᠭᠦᠯᠦᠭᠰᠡᠨ ᠪᠠᠶᠢᠪᠠᠯ᠂ ᠬᠠᠮᠢᠶ᠎ᠠ ᠪᠥᠬᠦᠶ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠴᠢᠩᠭ᠎ᠠ ᠪᠥᠭᠡᠳ | ᠬᠦᠨᠳᠦ ᠪᠠᠷ ᠰᠢᠢᠳᠭᠡᠨ᠎ᠠ᠃ | ᠵᠢᠷᠭᠤᠭ᠎ᠠ᠂ ᠥᠢ ᠤᠯᠠᠨ ᠶᠠᠪᠤᠭᠤᠯ ᠬᠥᠮᠦᠨ ᠠᠮᠠ ᠢᠯᠠᠩᠭᠤᠶ᠎ᠠ ᠬᠢᠵᠢᠭ ᠤᠨ ᠪᠠᠶᠢᠳᠠᠯ ᠤᠨ | ᠭᠤᠤᠯᠳᠠᠯᠭ᠎ᠠ ᠲᠠᠢ ᠭᠠᠵᠠᠷ ᠣᠷᠣᠨ ᠠᠴᠠ ᠮᠠᠨ ᠤ ᠣᠷᠣᠨ ᠳᠤ ᠢᠷᠡᠭᠰᠡᠨ ᠬᠥᠮᠦᠰ᠂ ᠬᠢᠵᠢᠭ ᠤᠨ ᠪᠠᠶᠢᠳᠠᠯ ᠤᠨ | ᠭᠤᠤᠯᠳᠠᠯᠭ᠎ᠠ ᠲᠠᠢ ᠭᠠᠵᠠᠷ ᠣᠷᠣᠨ ᠳᠤ ᠣᠴᠢᠭᠠᠳ ᠮᠠᠨ ᠤ ᠣᠷᠣᠨ ᠳᠤ ᠪᠤᠴᠠᠵᠤ ᠢᠷᠡᠭᠰᠡᠨ ᠬᠥᠮᠦᠰ ᠪᠠ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠶ ᠡᠪᠡᠳᠴᠢᠨ ᠤ | ᠵᠢᠱᠢᠶ᠎ᠡ ᠪᠠ ᠬᠢᠨᠠᠨ ᠬᠡᠮᠵᠢᠭᠰᠡᠨ ᠳ᠋ᠦᠩ ᠨᠢ ᠠᠷᠭ᠎ᠠ ᠴᠢᠨᠠᠷ ᠢᠯᠡᠷᠡᠭᠰᠡᠨ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠳᠠᠭᠴᠢ ᠵᠡᠷᠭᠡ ᠲᠠᠢ ᠨᠢᠬᠲᠠ ᠤᠢᠢᠷᠠᠳᠤᠭᠴᠢᠳ ᠱᠠᠭᠠᠷᠳᠠᠯᠭ᠎ᠠ ᠶᠣᠰᠣᠭᠠᠷ ᠳᠠᠩᠰᠠᠯᠠᠨ ᠮᠡᠳᠡᠭᠦᠯᠦᠭᠰᠡᠨ | ᠦᠭᠡᠢ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠨᠡᠶᠢᠭᠡᠮ ᠲᠣᠭᠤᠷᠢᠭ ᠪᠠ ᠲᠤᠬᠠᠶ ᠶᠢᠨ | ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠴᠠᠭ ᠲᠤᠬᠠᠶ ᠳᠤᠨᠢ ᠢᠯᠡᠴᠢᠯᠡᠨ ᠮᠡᠳᠡᠭᠦᠯᠬᠦ | ᠬᠡᠷᠡᠭᠲᠡᠶ᠃ | ᠲᠣᠰ ᠵᠠᠷᠯᠠᠯ ᠢ ᠨᠡᠶᠢᠲᠡᠯᠡᠭᠰᠡᠨ ᠴᠠᠭ ᠠᠴᠠ ᠡᠬᠢᠯᠡᠨ᠂ 2 ᠰᠠᠷ᠎ᠠ ᠶᠢᠨ 10 ᠤ ᠡᠳᠦᠷ ᠤᠨ 18 ᠴᠠᠭ | ᠪᠣᠯᠲᠠᠯ᠎ᠠ᠂ ᠳᠠᠩᠰᠠᠯᠠᠭᠤᠯᠵᠤ ᠲᠡᠮᠳᠡᠭᠯᠡᠭᠦᠯᠦᠭᠰᠡᠨ ᠦᠭᠡᠢ ᠬᠢᠵᠢᠭ ᠤᠨ ᠪᠠᠶᠢᠳᠠᠯ ᠤᠨ ᠭᠤᠤᠯᠳᠠᠯᠭ᠎ᠠ ᠲᠠᠢ ᠭᠠᠵᠠᠷ | ᠣᠷᠣᠨ ᠠᠴᠠ ᠮᠠᠨ ᠤ ᠣᠷᠣᠨ ᠳᠤ ᠢᠷᠡᠭᠰᠡᠨ ᠬᠥᠮᠦᠰ᠂ ᠬᠢᠵᠢᠭ ᠤᠨ ᠭᠤᠤᠯᠳᠠᠯᠭ᠎ᠠ ᠲᠠᠢ ᠭᠠᠵᠠᠷ ᠣᠷᠣᠨ ᠳᠤ | ᠣᠴᠢᠭᠠᠳ ᠮᠠᠨ ᠤ ᠣᠷᠣᠨ ᠳᠤ ᠪᠤᠴᠠᠵᠤ ᠢᠷᠡᠭᠰᠡᠨ ᠬᠥᠮᠦᠰ ᠪᠣᠯᠤᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠣᠨᠣᠰᠢᠯᠠᠭᠰᠠᠨ᠂ ᠰᠡᠵᠢᠭᠯᠡᠯᠲᠡᠶ ᠡᠪᠡᠳᠴᠢᠨ ᠤ ᠵᠢᠱᠢᠶ᠎ᠡ ᠬᠢᠭᠡᠳ ᠬᠢᠨᠠᠨ ᠬᠡᠮᠵᠢᠭᠰᠡᠨ ᠳ᠋ᠦᠩ ᠨᠢ | ᠠᠷᠭ᠎ᠠ ᠴᠢᠨᠠᠷ ᠢᠯᠡᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠵᠡᠷᠭᠡ ᠲᠠᠢ ᠨᠢᠬᠲᠠ | ᠤᠢᠢᠷᠠᠳᠤᠭᠴᠢᠳ ᠡᠷᠬᠡᠪᠰᠢ ᠲᠤᠬᠠᠶ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠬᠦ | ᠪᠠᠶᠢᠭᠤᠯᠤᠮᠵᠢ ᠳᠤ ᠰᠠᠨᠠᠭᠠᠴᠢᠯᠠᠭ᠎ᠠ ᠠᠴᠠ ᠪᠠᠨ ᠳᠠᠩᠰᠠᠯᠠᠭᠤᠯᠬᠤ ᠬᠡᠷᠡᠭᠲᠡᠶ᠃ 2020 ᠣᠨ ᠤ 1 ᠰᠠᠷ᠎ᠠ ᠠᠴᠠ | ᠨᠠᠭᠠᠰᠢᠬᠢ ᠶᠠᠪᠤᠭᠤᠯ ᠬᠥᠮᠦᠨ ᠠᠮᠠ ᠭᠤᠶᠤᠴᠢᠯᠠᠨ ᠮᠡᠳᠡᠭᠦᠯᠵᠦ ᠳᠠᠩᠰᠠᠯᠠᠭᠤᠯᠤᠭᠰᠠᠨ ᠥᠬᠡᠶ ᠪᠣᠯ᠂ 2 ᠰᠠᠷ᠎ᠠ ᠶᠢᠨ | 12 ᠤᠨ ᠡᠳᠦᠷ ᠤᠨ 18 ᠴᠠᠭ ᠠᠴᠠ ᠡᠮᠦᠨ᠎ᠡ ᠰᠠᠨᠠᠭᠠᠴᠢᠯᠠᠭ᠎ᠠ ᠠᠴᠠ ᠪᠠᠨ ᠰᠠᠭᠤᠭ᠎ᠠ ᠭᠠᠵᠠᠷ ᠤᠨ ᠬᠠᠷᠢᠶ᠎ᠠ | ᠲᠣᠮᠢᠯᠠᠭᠰᠠᠨ ᠰᠠᠯᠪᠤᠷᠢ ᠪᠤᠶᠤ ᠨᠡᠶᠢᠭᠡᠮ ᠲᠣᠭᠤᠷᠢᠭ ᠲᠤ ᠬᠦᠷᠴᠦ ᠲᠦᠷ ᠰᠠᠭᠤᠬᠤ ᠳᠠᠩᠰᠠᠯᠠᠯᠲᠠ ᠬᠢᠯᠭᠡᠬᠦ ᠪᠠᠷ | ᠭᠤᠶᠤᠴᠢᠯᠠᠨ ᠮᠡᠳᠡᠭᠦᠯᠬᠦ ᠬᠡᠷᠡᠭᠲᠡᠶ᠃ ᠵᠠᠷᠯᠠᠯ ᠢ ᠨᠡᠶᠢᠲᠡᠯᠡᠭᠰᠡᠨ ᠤ ᠳᠠᠷᠠᠭ᠎ᠠ ᠮᠠᠨ ᠤ ᠣᠷᠣᠨ ᠳᠤ ᠢᠷᠡᠭᠰᠡᠨ ᠶᠠᠪᠤᠭᠤᠯ | ᠬᠥᠮᠦᠨ ᠠᠮᠠ ᠲᠦᠷ ᠰᠠᠭᠤᠬᠤ ᠭᠠᠵᠠᠷ ᠲᠤ ᠢᠷᠡᠭᠰᠡᠨ ᠳᠤᠬᠠᠢ ᠶᠢᠨ ᠡᠳᠦᠷ ᠲᠡᠭᠡᠨ ᠲᠦᠷ ᠰᠠᠭᠤᠬᠤ ᠳᠠᠩᠰᠠᠯᠠᠯᠲᠠ | ᠬᠢᠯᠭᠡᠬᠦ ᠪᠠᠷ ᠭᠤᠶᠤᠴᠢᠯᠠᠨ ᠮᠡᠳᠡᠭᠦᠯᠬᠦ ᠬᠡᠷᠡᠭᠲᠡᠶ᠃ ᠲᠣᠭᠲᠠᠭᠰᠠᠨ ᠬᠤᠭᠤᠴᠠᠭᠠᠨ ᠳᠣᠲᠣᠷ᠎ᠠ ᠳᠠᠩᠰᠠᠯᠠᠭᠤᠯᠵᠤ | ᠮᠡᠳᠡᠭᠦᠯᠬᠦ ᠡᠭᠦᠷᠭᠡ ᠪᠠᠨ ᠭᠦᠢᠴᠡᠳᠬᠡᠬᠦ ᠶᠢ ᠲᠡᠪᠴᠢᠭᠰᠡᠨ ᠪᠤᠶᠤ ᠪᠤᠰᠤᠳ ᠬᠦᠨᠳᠦ ᠨᠣᠴᠢᠲᠠᠶ ᠦᠷ᠎ᠡ ᠳ᠋ᠦᠩ | ᠭᠠᠷᠭᠠᠭᠰᠠᠨ ᠪᠠᠶᠢᠪᠠᠯ᠂ ᠬᠠᠤᠯᠢ ᠶᠣᠰᠣᠭᠠᠷ ᠴᠢᠩᠭ᠎ᠠ ᠰᠢᠢᠳᠬᠡᠨ᠎ᠠ᠃ |