| | | 2 ᠰᠠᠷ᠎ᠠ ᠶᠢᠨ 12 ᠤᠨ ᠡᠳᠤᠷ ᠥᠪᠡᠷᠳᠡᠬᠡᠨ ᠵᠠᠰᠠᠬᠤ ᠤᠷᠤᠨ ᠤ ᠰᠢᠨ᠎ᠠ ᠲᠢᠳᠢᠮᠯᠢᠭ ᠠᠭᠤᠰᠬᠢᠨ | ᠥᠷᠪᠢᠰᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠥᠭᠤᠳᠬᠤ ᠭᠠᠵᠠᠷ ᠠᠷᠪᠠᠨ | ᠵᠢᠷᠭᠤᠳᠤᠭᠠᠷ ᠤᠳᠠᠭ᠎ᠠ ᠶᠢᠨ ᠰᠤᠨᠢᠨ ᠮᠡᠳᠡᠭᠡ ᠨᠡᠶᠢᠳᠠᠯᠠᠬᠦ ᠬᠤᠷᠠᠯ ᠬᠢᠪᠡ᠃ ᠬᠤᠷᠠᠯ ᠲᠡᠭᠡᠷ᠎ᠠ᠂ ᠥᠪᠡᠷᠲᠡᠭᠡᠨ ᠵᠠᠰᠠᠬᠤ | ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ | ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ | ᠬᠤᠯᠪᠤᠬᠳᠠᠯ ᠪᠥᠬᠦᠢ ᠪᠠᠶᠢᠭᠤᠯᠭ᠎ᠠ ᠨᠢᠬᠡᠴᠢ ᠶᠢᠨ ᠬᠠᠷᠢᠭᠤᠴᠠᠯᠭᠠᠳᠠᠨ ᠬᠢᠵᠢᠭ ᠤᠨ ᠪᠠᠶᠢᠳᠠᠯ ᠲᠠᠢ ᠬᠤᠯᠪᠤᠬᠳᠠᠬᠰᠠᠨ | ᠰᠤᠷᠪᠤᠯᠵᠢᠯᠠᠬᠴᠢ ᠶᠢᠨ ᠠᠰᠠᠭᠤᠯᠳᠠ ᠶᠢ ᠬᠠᠷᠢᠭᠤᠯᠪᠠ᠃ | ᠰᠤᠷᠪᠤᠯᠵᠢᠯᠠᠬᠴᠢ ᠄ ᠡᠯ᠎ᠡ ᠠᠵᠢᠯ ᠲᠥᠷᠥᠯ ᠤᠨ ᠬᠢᠨ ᠤ ᠦᠢᠯᠡᠳᠪᠦᠷᠢᠯᠡᠯ ᠢᠶᠠᠨ ᠰᠡᠷᠭᠦᠭᠡᠬᠦ ᠶᠢ ᠳᠠᠭᠠᠯᠳᠤᠨ᠂ | ᠨᠡᠭᠦᠷᠡᠰᠦ᠂ ᠴᠠᠬᠢᠯᠭᠠᠨ ᠬᠦᠴᠦ᠂ ᠪᠠᠶᠢᠭᠠᠯᠢ ᠶᠢᠨ ᠰᠢᠲᠠᠮᠠᠬᠠᠶ ᠬᠡᠶ ᠵᠡᠷᠭᠡ ᠡᠨᠧᠷᠭᠢ ᠶᠢᠨ ᠬᠡᠷᠡᠭᠴᠡᠭᠡ ᠱᠠᠭᠠᠷᠳᠠᠯᠭ᠎ᠠ | ᠵᠠᠶᠢᠯᠠᠰᠢ ᠥᠬᠡᠶ ᠨᠡᠮᠡᠭᠳᠡᠬᠦ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦ᠂ ᠴᠠᠬᠢᠯᠭᠠᠨ᠂ ᠪᠠᠶᠢᠭᠠᠯᠢ ᠶᠢᠨ | ᠰᠢᠲᠠᠮᠠᠬᠠᠶ ᠬᠡᠶ ᠵᠡᠷᠭᠡ ᠠᠵᠤ ᠠᠬᠤᠶᠢᠯᠠᠯ ᠤᠨ ᠦᠢᠯᠡᠳᠪᠦᠷᠢᠯᠡᠯ ᠤᠨ ᠪᠠᠶᠢᠳᠠᠯ ᠶᠠᠮᠠᠷ ᠪᠠᠶᠢᠬᠤ ᠪᠣᠶ︖ ᠠᠵᠢᠯᠴᠢᠨ | ᠬᠡᠷᠡᠭᠯᠡᠬᠦ ᠲᠠᠯ᠎ᠠ ᠪᠠᠷ ᠪᠠᠴᠢᠮ ᠤᠤ︖ ᠭᠦᠢᠴᠡᠳ ᠬᠠᠩᠭᠠᠯᠭ᠎ᠠ ᠶᠢ ᠪᠠᠳᠤᠯᠠᠵᠦ ᠴᠢᠳᠠᠨ᠎ᠠ ᠤᠤ︖ | ᠵᠠᠩ ᠵᠠᠨ ᠵᠢᠶᠦ᠋ᠨ ︵ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠳᠡᠳ᠋ ᠳᠠᠷᠤᠭ᠎ᠠ︶᠄ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠪᠥᠬᠦ ᠣᠷᠣᠨ | ᠤ ᠡᠨᠧᠷᠭᠢ ᠶᠢᠨ ᠰᠢᠰᠲ᠋ᠧᠮ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠣᠬᠢᠷᠠᠭᠤᠯᠤᠯᠲᠠ ᠪᠠᠨ | ᠴᠢᠩᠭᠠᠳᠬᠠᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠡᠨᠧᠷᠭᠢ ᠶᠢᠨ ᠦᠢᠯᠡᠳᠪᠦᠷᠢᠯᠡᠯ ᠬᠠᠩᠭᠠᠯᠭ᠎ᠠ | ᠶᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃ | ᠡᠩ ᠲᠡᠷᠢᠭᠦᠨ ᠳᠤ᠂ ᠪᠢᠳᠡ ᠡᠨᠧᠷᠭᠢ ᠶᠢᠨ ᠬᠡᠪ ᠤᠨ ᠦᠢᠯᠡᠳᠪᠦᠷᠢᠯᠡᠯ ᠤᠨ ᠬᠠᠩᠭᠠᠯᠭ᠎ᠠ ᠶᠢ ᠪᠦᠬᠦ ᠬᠦᠴᠦᠨ | ᠢᠶᠠᠷ ᠢᠶᠠᠨ ᠪᠠᠲᠤᠯᠠᠵᠥ ᠪᠤᠢ᠃ ᠨᠡᠭᠦᠷᠡᠰᠦᠨ ᠠᠭᠤᠷᠬᠠᠶ ᠶᠢᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠲᠦᠷᠭᠡᠳᠬᠡᠵᠦ᠂ | ᠨᠡᠭᠦᠷᠡᠰᠦᠨ ᠤ ᠬᠠᠩᠭᠠᠯᠭ᠎ᠠ ᠶᠢ ᠬᠡᠪ ᠤᠨ ᠪᠠᠶᠢᠳᠠᠯ ᠳᠤ ᠣᠷᠣᠭᠤᠯᠤᠨ᠎ᠠ᠃ 2 ᠰᠠᠷ᠎ᠠ ᠶᠢᠨ 11 ᠤ ᠡᠳᠦᠷ ᠪᠣᠯᠲᠠᠯ᠎ᠠ | ᠪᠥᠬᠦ ᠣᠷᠣᠨ ᠳᠤ ᠨᠡᠶᠢᠲᠡ 73 ᠨᠡᠭᠦᠷᠡᠰᠦᠨ ᠠᠭᠤᠷᠬᠠᠶ ᠠᠵᠢᠯ ᠢᠶᠠᠨ ᠰᠡᠷᠭᠦᠭᠡᠨ ᠦᠢᠯᠡᠳᠪᠦᠷᠢᠯᠡᠵᠦ᠂ 2.41 | ᠳ᠋ᠦᠩᠰᠢᠭᠤᠷ ᠲᠣᠨ ᠦᠢᠯᠡᠳᠪᠦᠷᠢᠯᠡᠬᠦ ᠴᠢᠳᠠᠪᠤᠷᠢ ᠲᠠᠢ ᠪᠣᠯᠪᠠ︔ ᠪᠥᠬᠦ ᠣᠷᠣᠨ ᠤ ᠬᠡᠪ ᠤᠨ ᠦᠢᠯᠡᠳᠪᠦᠷᠢᠯᠡᠯ ᠲᠠᠢ | ᠨᠡᠭᠦᠷᠡᠰᠦᠨ ᠠᠭᠤᠷᠬᠠᠶ 113 ᠪᠣᠯᠵᠣ᠂ ᠦᠢᠯᠡᠳᠪᠦᠷᠢᠯᠡᠬᠦ ᠴᠢᠳᠠᠪᠤᠷᠢ ᠨᠢ 6.57 ᠳ᠋ᠦᠩᠰᠢᠭᠤᠷ ᠲᠣᠨ ᠳᠤ | ᠬᠦᠷᠴᠦ᠂ 2019 ᠣᠨ ᠤ ᠵᠢᠯ ᠤᠨ ᠰᠡᠭᠦᠯᠴᠢ ᠶᠢᠨ ᠨᠡᠭᠦᠷᠡᠰᠦᠨ ᠠᠭᠤᠷᠬᠠᠶ ᠶᠢᠨ ᠦᠢᠯᠡᠳᠪᠦᠷᠢᠯᠡᠬᠦ ᠴᠢᠳᠠᠪᠤᠷᠢ | ᠶᠢᠨ 68.3% ᠪᠤᠯᠵᠥ ᠪᠤᠢ᠃ 2 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠬᠢᠨ 26 ᠠᠭᠤᠷᠬᠠᠢ ᠠᠵᠢᠯ ᠢᠶᠠᠨ | ᠰᠡᠷᠭᠦᠭᠡᠬᠦ ᠪᠣᠯᠤᠨ᠎ᠠ᠂ ᠵᠢᠱᠢᠯᠲᠡ ᠪᠠᠷ 3 ᠰᠠᠷ᠎ᠠ ᠶᠢᠨ ᠰᠡᠭᠦᠯᠴᠢ ᠪᠠᠷ ᠪᠦᠬᠦᠨ ᠢᠶᠠᠷ ᠢᠶᠠᠨ ᠦᠢᠯᠡᠳᠪᠦᠷᠢᠯᠡᠯ ᠢᠶᠠᠨ | ᠰᠡᠷᠭᠦᠭᠡᠨ ᠠᠵᠢᠯ ᠢᠶᠠᠨ ᠰᠡᠷᠭᠦᠭᠡᠬᠦ ᠪᠤᠯᠤᠨ᠎ᠠ᠃ | 2 ᠰᠠᠷ᠎ᠠ ᠶᠢᠨ 11 ᠤ ᠡᠳᠦᠷ ᠪᠥᠬᠦ ᠣᠷᠣᠨ ᠳᠤ 176 ᠲᠦᠮᠡᠨ ᠲᠣᠨ ᠨᠡᠭᠦᠷᠡᠰᠦ ᠦᠢᠯᠡᠳᠪᠦᠷᠢᠯᠡᠵᠦ᠂ | 2 ᠰᠠᠷ᠎ᠠ ᠶᠢᠨ 1 ᠤ ᠡᠳᠦᠷ ᠤᠨ ᠬᠢ ᠠᠴᠠ 17% ᠪᠠᠷ ᠨᠡᠮᠡᠭᠳᠡᠵᠦ᠂ ᠲᠦᠷᠦᠭᠦᠤ ᠵᠢᠯ ᠤᠨ ᠠᠳᠠᠯᠢ ᠬᠤᠭᠤᠴᠠᠭᠠᠨ | ᠤ ᠬᠢ ᠠᠴᠠ ᠪᠠᠨ 80% ᠪᠠᠷ ᠨᠡᠮᠡᠭᠳᠡᠵᠡᠶ︔ ᠪᠥᠬᠦ ᠣᠷᠣᠨ ᠳᠤ188 ᠲᠦᠮᠡᠨ ᠲᠣᠨ ᠨᠡᠭᠦᠷᠡᠰᠦ ᠪᠣᠷᠣᠯᠠᠭᠤᠯᠵᠤ᠂ | 2 ᠰᠠᠷ᠎ᠠ ᠶᠢᠨ 1 ᠤ ᠡᠳᠦᠷ ᠤᠨ ᠬᠢ ᠠᠴᠠ 55 ᠲᠦᠮᠡᠨ ᠲᠣᠨ ᠨᠡᠮᠡᠭᠳᠡᠪᠡ︔ ᠣᠷᠳᠣᠰ ᠬᠤᠳᠠ ᠶᠢᠨ ᠨᠡᠬᠦᠷᠡᠰᠥᠨ | ᠤ ᠪᠣᠷᠣᠯᠠᠭᠤᠯᠤᠯᠲᠠ ᠶᠢᠨ ᠬᠡᠮᠵᠢᠶ᠎ᠡ 2 ᠰᠠᠷ᠎ᠠ ᠶᠢᠨ 1 ᠤ ᠡᠳᠦᠷ ᠤᠨ 71 ᠲᠦᠮᠡᠨ ᠲᠣᠨ ᠪᠠᠶᠢᠭᠰᠠᠨ ᠠᠴᠠ ᠪᠠᠨ | ᠨᠡᠮᠡᠭᠳᠡᠭᠡᠳ 117 ᠲᠦᠮᠡᠨ ᠲᠣᠨ ᠪᠣᠯᠵᠠᠶ᠃ ᠴᠠᠬᠢᠯᠭᠠᠨ ᠬᠦᠴᠦᠨ ᠤ ᠦᠢᠯᠡᠳᠪᠦᠷᠢᠯᠡᠯ ᠤᠨ ᠬᠠᠩᠭᠠᠯᠭ᠎ᠠ ᠬᠡᠪ ᠤᠨ | ᠪᠠᠶᠢᠳᠠᠯ ᠲᠠᠢ᠃ ᠴᠠᠬᠢᠯᠭᠠᠨ ᠬᠠᠩᠭᠠᠬᠤ ᠠᠵᠤ ᠠᠬᠤᠶᠢᠯᠠᠯ ᠴᠦᠮ ᠬᠡᠪ ᠤᠨ ᠶᠣᠰᠣᠭᠠᠷ ᠦᠢᠯᠡᠳᠪᠦᠷᠢᠯᠡᠵᠦ᠂ | ᠴᠠᠬᠢᠯᠭᠠᠨ ᠬᠦᠴᠦᠨ ᠤ ᠬᠠᠩᠭᠠᠯᠭ᠎ᠠ ᠭᠦᠢᠴᠡᠳ ᠪᠤᠢ᠃ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ | ᠲᠣᠤᠷ ᠤᠨ ᠬᠠᠮᠤᠭ ᠤᠨ ᠶᠡᠭᠡ ᠴᠠᠬᠢᠯᠭᠠᠨ ᠬᠠᠩᠭᠠᠬᠤ ᠳᠠᠭᠠᠭᠠᠴᠠ ᠨᠢ ᠪᠠᠭ᠎ᠠ ᠬᠡᠮᠵᠢᠶ᠎ᠡ ᠪᠠᠷ ᠨᠡᠮᠡᠭᠳᠡᠪᠡ᠃ ᠥᠪᠥᠷ | ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠲᠣᠤᠷ ᠤᠨ ᠬᠠᠮᠤᠭ ᠤᠨ ᠶᠡᠭᠡ ᠴᠠᠬᠢᠯᠭᠠᠨ ᠬᠠᠩᠭᠠᠬᠤ ᠳᠠᠭᠠᠭᠠᠴᠠ | ᠢᠯᠡᠳᠲᠡ ᠪᠠᠭᠤᠷᠠᠵᠤ᠂ ᠡᠨᠡ ᠵᠢᠯ ᠠᠴᠠ ᠨᠠᠭᠠᠰᠢ ᠬᠠᠮᠤᠭ ᠤᠨ ᠶᠡᠭᠡ ᠴᠠᠬᠢᠯᠭᠠᠨ ᠬᠠᠩᠭᠠᠬᠤ ᠳᠠᠭᠠᠭᠠᠴᠠ ᠨᠢ 3050 | ᠲᠦᠮᠡᠨ ᠺᠢᠯᠣᠸᠠᠲ ᠪᠤᠯᠵᠤ᠂ ᠠᠳᠠᠯᠢ ᠬᠤᠭᠤᠴᠠᠭᠠᠨ ᠤ ᠬᠢ ᠠᠴᠠ ᠪᠠᠨ 8% ᠪᠠᠷ ᠨᠡᠮᠡᠭᠳᠡᠵᠠᠢ᠃ | ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠬᠠᠩᠭᠠᠯᠭ᠎ᠠ ᠭᠦᠢᠴᠡᠳ ᠪᠤᠢ᠃ ᠴᠢᠯᠠᠭᠤᠨ ᠲᠣᠰᠣ | ᠪᠠᠶᠢᠭᠠᠯᠢ ᠶᠢᠨ ᠰᠢᠲᠠᠮᠠᠬᠠᠢ ᠬᠡᠢ ᠦᠢᠯᠡᠳᠪᠦᠷᠢᠯᠡᠬᠦ ᠠᠵᠤ ᠠᠬᠤᠶᠢᠯᠠᠯ ᠪᠦᠬᠦᠨ ᠢᠶᠠᠷ ᠢᠶᠠᠨ ᠬᠡᠪ ᠤᠨ ᠶᠣᠰᠣᠭᠠᠷ | ᠦᠢᠯᠡᠳᠪᠦᠷᠢᠯᠡᠵᠦ᠂ 2 ᠰᠠᠷ᠎ᠠ ᠶᠢᠨ 11 ᠤ ᠡᠳᠦᠷ ᠪᠤᠯᠳᠠᠯ᠎ᠠ ᠴᠢᠯᠠᠭᠤᠨ ᠲᠣᠰᠣᠨ ᠤ ᠬᠢᠮᠢ ᠶᠢᠨ ᠠᠵᠤ | ᠦᠢᠯᠡᠳᠪᠦᠷᠢ ᠶᠢᠨ ᠬᠥᠮᠥᠷᠭᠡ ᠳᠤ ᠬᠠᠳᠠᠭᠠᠯᠠᠵᠤ ᠪᠠᠶᠢᠭ᠎ᠠ ᠪᠣᠯᠪᠠᠰᠤᠷᠠᠭᠤᠯᠤᠭᠰᠠᠨ ᠴᠢᠯᠠᠭᠤᠨ ᠲᠣᠰᠣ 64 ᠲᠦᠮᠡᠨ | ᠲᠣᠨ ᠳᠤ ᠬᠦᠷᠴᠦ᠂ 2 ᠰᠠᠷ᠎ᠠ ᠶᠢᠨ ᠡᠬᠢᠨ ᠤ 60 ᠲᠦᠮᠡᠨ ᠲᠣᠨ ᠠᠴᠠ 4 ᠲᠦᠮᠡᠨ ᠲᠣᠨ ᠨᠡᠮᠡᠭᠳᠡᠵᠡᠶ᠃ | ᠪᠠᠶᠢᠭᠠᠯᠢ ᠶᠢᠨ ᠰᠢᠲᠠᠮᠠᠬᠠᠶ ᠬᠡᠶ ᠶᠢᠨ ᠬᠠᠩᠭᠠᠯᠭ᠎ᠠ ᠭᠦᠢᠴᠡᠳ ᠪᠠᠶᠢᠵᠤ᠂ 2 ᠰᠠᠷ᠎ᠠ ᠶᠢᠨ 11 ᠤ ᠡᠳᠦᠷ ᠪᠤᠯᠳᠠᠯ᠎ᠠ | ᠪᠥᠬᠦ ᠣᠷᠣᠨ ᠤ ᠳᠠᠮᠵᠢᠭᠤᠯᠬᠤ ᠬᠤᠭᠤᠯᠠᠶ ᠶᠢᠨ ᠪᠠᠶᠢᠭᠠᠯᠢ ᠶᠢᠨ ᠰᠢᠲᠠᠮᠠᠬᠠᠶ ᠬᠡᠶ ᠶᠢᠨ ᠬᠠᠩᠭᠠᠯᠭ᠎ᠠ 1216 ᠲᠦᠮᠡᠨ | ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ | 18% ᠪᠠᠷ ᠪᠠᠭᠤᠷᠠᠪᠠ︔ ᠬᠢᠮᠢ ᠶᠢᠨ ᠠᠵᠤ ᠦᠢᠯᠡᠳᠪᠦᠷᠢ ᠶᠢᠨ ᠬᠡᠷᠡᠭᠯᠡᠭᠰᠡᠨ ᠪᠠᠶᠢᠭᠠᠯᠢ ᠶᠢᠨ ᠰᠢᠳᠠᠮᠠᠬᠠᠢ ᠬᠡᠢ | 156 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ 45% ᠪᠠᠷ ᠨᠡᠮᠡᠭᠳᠡᠪᠡ᠃ | ᠳᠠᠷᠠᠭᠠᠯᠠᠪᠠᠯ᠂ ᠡᠨᠧᠷᠭᠢ ᠶᠢᠨ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠪᠠᠶᠢᠳᠠᠯ ᠬᠡᠪᠡᠯ᠂ ᠬᠡᠷᠡᠭᠴᠡᠭᠡ ᠶᠢ | ᠦᠨᠳᠦᠰᠦᠨ ᠳᠡᠭᠡᠨ ᠬᠠᠩᠭᠠᠵᠤ ᠲᠡᠶᠢᠯᠵᠦ ᠪᠤᠢ᠃ ᠨᠡᠭᠦᠷᠡᠰᠦᠨ ᠤ ᠠᠵᠢᠯ ᠲᠥᠷᠥᠯ ᠢ ᠶᠡᠭᠡ ᠲᠥᠯᠥᠪ ᠭᠤᠷᠪᠠᠨ | ᠵᠦᠢᠯ ᠤᠨ ᠪᠠᠶᠢᠳᠠᠯ ᠳᠤ ᠬᠤᠪᠢᠶᠠᠵᠤ ᠪᠣᠯᠤᠨ᠎ᠠ᠄ ᠪᠥᠬᠦ ᠣᠷᠣᠨ ᠤ ᠨᠡᠭᠦᠷᠡᠰᠦᠨ ᠤ ᠦᠢᠯᠡᠳᠪᠦᠷᠢᠯᠡᠯ ᠤᠨ 70% ᠶᠢ | ᠡᠵᠡᠯᠡᠬᠦ ᠭᠤᠤᠯ ᠭᠠᠷᠤᠯᠲᠠ ᠶᠢᠨ ᠣᠷᠣᠨ ᠣᠷᠳᠣᠰ ᠬᠤᠳᠠ ᠪᠠᠷ ᠵᠢᠱᠢᠶᠠᠯᠠᠬᠦ ᠳᠤ ᠨᠢᠭᠡ ᠳᠤ᠂ 28 ᠨᠡᠭᠦᠷᠡᠰᠦᠨ | ᠠᠭᠤᠷᠬᠠᠶ ᠴᠠᠭᠠᠨ ᠰᠠᠷ᠎ᠠ ᠶᠢᠨ ᠬᠤᠭᠤᠴᠠᠭᠠᠨ ᠳᠤ ᠦᠢᠯᠡᠳᠪᠦᠷᠢᠯᠡᠯ ᠢᠶᠠᠨ ᠵᠣᠭᠰᠣᠭᠠᠭᠰᠠᠨ ᠥᠬᠡᠶ᠂ ᠡᠳᠡᠭᠡᠷ | ᠨᠡᠭᠦᠷᠡᠰᠦᠨ ᠠᠭᠤᠷᠬᠠᠶ ᠶᠢᠨ ᠠᠵᠢᠯᠴᠢᠳ ᠦᠨᠳᠦᠰᠦᠨ ᠳᠡᠭᠡᠨ ᠠᠵᠢᠯ ᠤᠨ ᠪᠠᠶᠢᠷᠢᠨ ᠳᠠᠭᠠᠨ ᠪᠠᠶᠢᠨ᠎ᠠ︔ ᠬᠤᠶᠠᠷ ᠲᠤ᠂ | 66 ᠨᠡᠭᠦᠷᠡᠰᠦᠨ ᠠᠭᠤᠷᠬᠠᠶ ᠶᠢᠨ ᠦᠢᠯᠡᠳᠪᠦᠷᠢᠯᠡᠯ ᠲᠦᠷ ᠴᠠᠭ ᠵᠣᠭᠰᠣᠭᠰᠠᠨ ᠪᠣᠯᠪᠠᠴᠤ ᠠᠵᠢᠯᠳᠠᠨ ᠠᠵᠢᠯᠴᠢᠨ ᠨᠢ | ᠦᠨᠳᠦᠰᠦᠨ ᠳᠡᠭᠡᠨ ᠴᠥᠮ ᠠᠭᠤᠷᠬᠠᠶ ᠶᠢᠨ ᠣᠷᠣᠨ ᠳᠤ ᠡᠭᠡᠯᠵᠢᠯᠡᠨ ᠠᠵᠢᠯᠯᠠᠵᠤ ᠠᠮᠠᠷᠠᠨ᠂ ᠨᠡᠭᠦᠷᠡᠰᠦᠨ ᠠᠭᠤᠷᠬᠠᠶ | ᠶᠢᠨ ᠦᠢᠯᠡᠳᠪᠦᠷᠢᠯᠡᠯ ᠢᠶᠠᠨ ᠰᠡᠷᠭᠦᠭᠡᠬᠦ ᠨᠥᠬᠦᠴᠡᠯ ᠳᠤ ᠨᠡᠶᠢᠴᠡᠵᠦ ᠪᠠᠶᠢᠬᠤ ᠪᠠᠶᠢᠳᠠᠯ ᠳᠣᠤᠷ᠎ᠠ᠂ ᠪᠢᠳᠡ ᠠᠵᠢᠯ ᠢᠶᠠᠨ | ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠵᠣᠬᠢᠶᠠᠨ ᠪᠠᠶᠢᠭᠤᠯᠪᠠ᠃ ᠴᠠᠬᠢᠯᠭᠠᠨ ᠬᠦᠴᠦᠨ ᠤ ᠠᠵᠢᠯ | ᠲᠦᠷᠦᠯ ᠳᠤ ᠴᠠᠬᠢᠯᠭᠠᠨ ᠭᠠᠷᠭᠠᠬᠤ ᠠᠵᠤ ᠠᠬᠤᠶᠢᠯᠠᠯ ᠪᠠ ᠴᠠᠬᠢᠯᠭᠠᠨ ᠬᠠᠩᠭᠠᠬᠤ ᠠᠵᠤ ᠠᠬᠤᠶᠢᠯᠠᠯ ᠴᠥᠮ | ᠠᠵᠢᠯᠴᠢᠨ ᠬᠡᠷᠡᠭᠯᠡᠬᠦ ᠳᠤ ᠬᠦᠴᠢᠷᠳᠡᠭᠰᠡᠨ ᠪᠠᠶᠢᠳᠠᠯ ᠦᠭᠡᠢ᠃ ᠴᠢᠯᠠᠭᠤᠨ ᠲᠤᠰᠤ ᠪᠠᠶᠢᠭᠠᠯᠢ ᠶᠢᠨ ᠰᠢᠳᠠᠮᠠᠬᠠᠢ ᠬᠡᠢ | ᠶᠢᠨ ᠠᠵᠢᠯ ᠲᠥᠷᠥᠯ ᠪᠦᠬᠦ ᠲᠠᠯ᠎ᠠ ᠪᠠᠷ ᠬᠡᠪ ᠤᠨ ᠦᠢᠯᠡᠳᠪᠦᠷᠢᠯᠡᠯ ᠢᠶᠠᠨ ᠵᠣᠬᠢᠶᠠᠨ ᠪᠠᠶᠢᠭᠤᠯᠵᠤ᠂ ᠠᠵᠢᠯᠴᠢᠨ | ᠬᠡᠷᠡᠭᠯᠡᠬᠦ ᠱᠠᠭᠠᠷᠳᠠᠯᠭ᠎ᠠ ᠶᠢ ᠦᠨᠳᠦᠰᠦᠨ ᠳᠡᠭᠡᠨ ᠬᠠᠩᠭᠠᠵᠥ ᠪᠤᠢ᠃ | ᠡᠯ᠎ᠡ ᠠᠵᠢᠯ ᠲᠥᠷᠥᠯ ᠤᠨ ᠬᠢᠨ ᠤ ᠦᠢᠯᠡᠳᠪᠦᠷᠢᠯᠡᠯ ᠢᠶᠠᠨ ᠰᠡᠷᠭᠦᠭᠡᠵᠦ ᠠᠵᠢᠯ ᠢᠶᠠᠨ ᠰᠡᠷᠭᠦᠭᠡᠬᠦ ᠶᠢ | ᠳᠠᠭᠠᠯᠳᠤᠨ᠂ ᠡᠨᠧᠷᠭᠢ ᠶᠢᠨ ᠬᠡᠷᠡᠭᠴᠡᠭᠡ ᠠᠯᠬᠤᠮ ᠠᠯᠬᠤᠮ ᠢᠶᠠᠷ ᠨᠡᠮᠡᠭᠳᠡᠬᠦ ᠪᠣᠯᠤᠨ᠎ᠠ᠃ ᠪᠢᠳᠡ ᠵᠢᠯᠣᠭᠤᠳᠬᠤ | ᠭᠠᠵᠠᠷ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠡᠨᠧᠷᠭᠢ ᠶᠢᠨ ᠦᠢᠯᠡᠳᠪᠦᠷᠢᠯᠡᠯ ᠤᠨ ᠬᠠᠩᠭᠠᠯᠭ᠎ᠠ | ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠬᠡᠶ ᠥᠷᠲᠡᠭᠡ | ᠶᠢᠨ ᠬᠤᠷᠢᠭᠯᠠᠨ ᠠᠷᠢᠯᠭᠠᠬᠤ ᠳᠠᠶᠢᠯᠠᠯᠳᠤᠭᠠᠨ ᠤ ᠡᠷᠡᠰ ᠢᠯᠠᠯᠲᠠ ᠶᠢ ᠤᠯᠬᠤ ᠳᠤ ᠬᠤᠪᠢ ᠨᠡᠮᠡᠷᠢ ᠦᠵᠡᠭᠦᠯᠦᠨ᠎ᠡ᠃ | ᠰᠤᠷᠪᠤᠯᠵᠢᠯᠠᠬᠴᠢ ᠄ ᠣᠳᠣᠬᠠᠨ ᠳᠤ ᠨᠢᠭᠡᠨᠲᠡ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ | ᠣᠷᠣᠭᠰᠠᠨ ᠪᠥᠭᠡᠳ ᠬᠢᠵᠢᠭ ᠤᠨ ᠪᠠᠶᠢᠳᠠᠯ ᠢ ᠡᠵᠡᠮᠳᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠵᠠᠢ᠃ ᠵᠠᠰᠠᠮᠠᠯ ᠵᠠᠮ᠂ | ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠰᠠᠯᠠᠭ᠎ᠠ ᠮᠥᠴᠢᠷ ᠬᠢᠵᠢᠭ ᠢ ᠰᠡᠷᠭᠡᠶᠢᠯᠡᠬᠦ ᠶᠢ | ᠪᠠᠲᠤᠯᠠᠭᠰᠠᠨ ᠤᠷᠢᠲᠠᠯ ᠳᠣᠤᠷ᠎ᠠ ᠡᠳ᠋ ᠪᠣᠳᠠᠰ ᠤᠨ ᠲᠡᠭᠡᠭᠡᠪᠦᠷᠢ ᠶᠢᠨ ᠰᠠᠭᠠᠳ ᠥᠬᠡᠶ ᠨᠡᠪᠲᠡᠷᠡᠬᠦ ᠪᠠ ᠬᠥᠮᠦᠰ ᠤᠨ | ᠭᠠᠳᠠᠭᠰᠢ ᠭᠠᠷᠬᠤ ᠶᠢ ᠬᠡᠷᠬᠢᠨ ᠪᠠᠲᠤᠯᠠᠬᠤ ᠪᠣᠶ︖ | ᠶᠥᠨ ᠸᠧᠨ ᠵᠢᠩ ︵ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ | ᠳᠡᠳ᠋ ᠳᠠᠷᠤᠭ᠎ᠠ︶᠄ ᠴᠠᠭᠠᠨ ᠰᠠᠷ᠎ᠠ ᠶᠢᠨ ᠵᠥᠭᠡᠭᠡᠪᠦᠷᠢ ᠳᠠᠭᠤᠰᠬᠤ ᠪᠣᠯᠲᠠᠯ᠎ᠠ ᠪᠠᠰᠠ ᠨᠢᠭᠡ ᠭᠠᠷᠠᠭ ᠪᠠᠶᠢᠨ᠎ᠠ᠂ ᠡᠯ᠎ᠡ | ᠭᠠᠵᠠᠷ ᠤᠨ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠳᠠᠭᠠᠯᠳᠤᠨ᠂ | ᠦᠢᠷ᠎ᠡ ᠶᠢᠨ ᠬᠤᠭᠤᠴᠠᠭᠠᠨ ᠳᠤ ᠠᠵᠢᠯ ᠤᠨ ᠪᠠᠶᠢᠷᠢᠨ ᠳᠠᠭᠠᠨ ᠪᠤᠴᠠᠬᠤ ᠬᠥᠮᠦᠰ ᠨᠡᠯᠢᠶᠡᠳ ᠲᠥᠪᠯᠡᠷᠡᠵᠦ ᠪᠤᠢ᠃ | ᠵᠠᠮ ᠬᠠᠷᠢᠯᠴᠠᠭᠠᠨ ᠤ ᠪᠠᠲᠤᠯᠠᠭ᠎ᠠ ᠶᠢᠨ ᠳᠤᠭᠤᠶᠢᠯᠠᠩ ᠲᠥᠷᠥ ᠶᠢᠨ ᠶᠠᠪᠤᠳᠠᠯ ᠤᠨ ᠬᠤᠷᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ | ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠠᠳᠬᠤᠵᠤ᠂ ᠨᠦᠭᠦᠭᠡ ᠲᠠᠯ᠎ᠠ ᠪᠠᠷ ᠲᠡᠭᠡᠭᠡᠪᠦᠷᠢ | ᠶᠢᠨ ᠰᠠᠭᠠᠳ ᠦᠭᠡᠶ ᠨᠡᠪᠲᠡᠷᠡᠬᠦ ᠶᠢ ᠠᠳᠬᠤᠵᠤ᠂ ᠬᠢᠵᠢᠭ ᠤᠨ ᠪᠠᠶᠢᠳᠠᠯ ᠵᠠᠮ ᠬᠠᠷᠢᠯᠴᠠᠭ᠎ᠠ ᠲᠡᠭᠡᠭᠡᠪᠦᠷᠢ ᠪᠠᠷ ᠳᠠᠮᠵᠢᠨ | ᠲᠠᠷᠬᠠᠬᠤ ᠶᠢ ᠡᠷᠡᠰ ᠬᠤᠷᠢᠭᠯᠠᠵᠤ᠂ ᠨᠡᠶᠢᠭᠡᠮ ᠤᠨ ᠲᠡᠷᠭᠡ ᠬᠥᠰᠬᠡ ᠪᠣᠯᠤᠨ ᠬᠥᠮᠦᠰ ᠤᠨ ᠬᠡᠪ ᠤᠨ ᠶᠣᠰᠣᠭᠠᠷ | ᠭᠠᠳᠠᠭᠰᠢ ᠭᠠᠷᠬᠤ ᠶᠢ ᠪᠠᠲᠤᠯᠠᠵᠥ ᠪᠤᠢ᠃ ᠪᠢᠳᠡ ᠭᠤᠤᠯᠳᠠᠭᠤ ᠳᠣᠤᠷᠠᠬᠢ ᠮᠡᠲᠦ ᠠᠷᠭ᠎ᠠ ᠬᠡᠮᠵᠢᠶ᠎ᠡ ᠠᠪᠴᠤ ᠪᠤᠢ᠄ | ᠨᠢᠭᠡ᠂ ᠵᠠᠰᠠᠮᠠᠯ ᠵᠠᠮ ᠤᠨ ᠰᠠᠭᠠᠳ ᠦᠭᠡᠢ ᠨᠡᠪᠲᠡᠷᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠨ᠎ᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠵᠠᠰᠠᠮᠠᠯ ᠵᠠᠮ ᠤᠨ ᠵᠠᠮ ᠬᠠᠷᠢᠯᠴᠠᠭ᠎ᠠ ᠶᠢ | ᠪᠠᠲᠤᠯᠠᠨ ᠰᠠᠭᠠᠳ ᠦᠭᠡᠶ ᠨᠡᠪᠲᠡᠷᠡᠭᠦᠯᠬᠦ ᠠᠵᠢᠯ ᠢ ᠰᠠᠶᠢᠲᠤᠷ ᠬᠢᠵᠦ ᠬᠥᠮᠦᠰ ᠲᠡᠷᠭᠡ ᠬᠥᠰᠬᠡ ᠶᠢᠨ ᠬᠡᠪ ᠤᠨ | ᠶᠤᠰᠤᠭᠠᠷ ᠨᠡᠪᠲᠡᠷᠡᠬᠦ ᠶᠢ ᠦᠨᠡᠨ ᠬᠦ ᠪᠠᠲᠤᠯᠠᠬᠤ ᠲᠤᠬᠠᠶ ᠮᠡᠳᠡᠭᠳᠡᠯ︾ ᠪᠣᠯᠤᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠶᠠᠮᠤᠨ ᠤ ︽ᠨᠢᠭᠡ ᠶᠢ ᠲᠠᠰᠤᠯᠵᠤ ᠭᠤᠷᠪᠠ ᠶᠢ ᠲᠠᠰᠤᠯᠳᠠᠭᠤᠯᠬᠤ︾ ᠱᠠᠭᠠᠷᠳᠠᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠡᠯ᠎ᠡ ᠠᠶᠢᠮᠠᠭ ᠬᠤᠲᠠ ᠶᠢ ᠤᠯᠠᠮ ᠨᠢᠭᠡ ᠠᠯᠬᠤᠮ ᠱᠠᠯᠠᠪᠳᠠᠭᠤᠯᠵᠤ ᠪᠠᠶᠢᠭᠠᠳ ᠬᠠᠷᠢᠶ᠎ᠠ | ᠤᠷᠤᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠵᠠᠮ ᠬᠠᠷᠢᠯᠴᠠᠭ᠎ᠠ ᠶᠢ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠵᠢᠷᠤᠮᠵᠢᠭᠤᠯᠤᠨ ᠰᠢᠯᠢᠳᠡᠭᠵᠢᠭᠦᠯᠵᠥ ᠪᠤᠢ᠃ ᠲᠠᠷᠠᠭᠠᠴᠢ ᠶᠢᠨ ᠠᠯᠬᠤᠮ | ᠳᠤ ᠪᠢᠳᠡ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠯᠪᠠᠨ | ᠰᠦᠯᠵᠢᠶ᠎ᠡ ᠪᠠᠷ ᠳᠠᠮᠵᠢᠭᠤᠯᠤᠨ᠂ ᠪᠥᠬᠦ ᠣᠷᠣᠨ ᠤ ᠵᠠᠰᠠᠮᠠᠯ ᠵᠠᠮ ᠤᠨ ᠮᠤᠵᠢ ᠶᠢᠨ ᠵᠠᠭᠠᠭ ᠢᠶᠠᠷ ᠭᠠᠷᠬᠤ ᠡᠭᠦᠳᠡ ᠶᠢᠨ | ᠨᠡᠪᠲᠡᠷᠡᠬᠦ ᠪᠠᠶᠢᠳᠠᠯ ᠢ ᠨᠡᠶᠢᠲᠡᠯᠡᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠲᠥᠬᠦᠮ ᠦᠵᠡᠭᠦᠯᠦᠨ᠎ᠡ᠃ | ᠲᠡᠭᠡᠭᠡᠪᠦᠷᠢ ᠶᠢᠨ ᠬᠦᠴᠦᠨ ᠤ ᠪᠠᠲᠤᠯᠠᠭ᠎ᠠ ᠶᠢ ᠰᠠᠶᠢᠲᠤᠷ ᠠᠳᠬᠤᠬᠤ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ | ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠲᠡᠷᠭᠡᠨ ᠠᠩᠭᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ︽ᠨᠢᠭᠡ ᠰᠤᠷᠭᠠᠭᠤᠯᠢ ᠳᠤ ᠨᠢᠭᠡ ᠲᠡᠷᠭᠡ︾ ᠵᠡᠷᠭᠡ ᠦᠢᠯᠡᠴᠢᠯᠡᠭᠡᠨ ᠤ ᠵᠠᠭᠪᠤᠷ ᠬᠠᠩᠭᠠᠵᠤ᠂ ᠬᠦᠯᠦᠰᠦᠨ ᠲᠠᠷᠢᠶᠠᠴᠢᠨ᠂ | ᠰᠤᠷᠤᠭᠴᠢ ᠵᠡᠷᠭᠡ ᠬᠥᠮᠥᠰ ᠤᠨ ᠭᠠᠳᠠᠭᠰᠢ ᠭᠠᠷᠬᠤ ᠶᠢ ᠦᠨᠡᠨ ᠬᠦ ᠪᠠᠲᠤᠯᠠᠨ᠎ᠠ᠃ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠣᠷᠣᠨ ᠨᠤᠲᠤᠭ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠭᠰᠠᠨ | ᠬᠦᠯᠦᠰᠦᠨ ᠲᠠᠷᠢᠶᠠᠴᠢᠳ ᠤᠨ ᠠᠵᠢᠯ ᠤᠨ ᠪᠠᠶᠢᠷᠢᠨ ᠳᠠᠭᠠᠨ ᠪᠤᠴᠠᠬᠤ ᠲᠡᠷᠭᠡ ᠬᠦᠰᠭᠡ ᠠᠴᠠ ᠲᠥᠷᠭᠡᠨ ᠤ ᠵᠠᠮ ᠤᠨ | ᠰᠦᠢᠳᠬᠡᠯ ᠬᠤᠷᠢᠶᠠᠬᠤ ᠦᠭᠡᠶ᠂ ᠴᠠᠭᠠᠨ ᠰᠠᠷ᠎ᠠ ᠶᠢᠨ ᠵᠦᠭᠡᠭᠡᠪᠦᠷᠢ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ | ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃ ᠡᠭᠦᠨ ᠤ ᠬᠠᠮᠲᠤ᠂ ᠥᠷᠲᠡᠭᠡ ᠲᠠᠯᠠᠪᠠᠶ ᠶᠢᠨ ᠬᠢᠵᠢᠭ ᠢ | ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠡᠭᠡᠯᠵᠢ ᠶᠢᠨ | ᠲᠡᠷᠭᠡᠨ ᠤ ᠬᠠᠮᠢᠶᠠᠷᠤᠯᠲᠠ ᠪᠠᠨ ᠴᠢᠩᠭᠠᠳᠬᠠᠨ᠂ ᠠᠶᠠᠨᠴᠢᠳ ᠤᠨ ᠰᠠᠭᠤᠳᠠᠯ ᠤᠨ ᠠᠴᠢᠶᠠᠯᠠᠬᠤ ᠨᠣᠷᠮ᠎ᠠ ᠶᠢ | 50% ᠠᠴᠠ ᠳᠣᠷᠣᠭᠰᠢ ᠪᠠᠶᠢᠯᠭᠠᠬᠤ ᠶᠢ ᠴᠢᠩᠭ᠎ᠠ ᠡᠵᠡᠮᠳᠡᠵᠥ᠂ ᠠᠶᠠᠨᠴᠢᠳ ᠲᠡᠷᠭᠡᠨ ᠳᠤ ᠰᠠᠭᠤᠬᠤ ᠶᠠᠪᠤᠴᠠ ᠳᠤ | ᠡᠷᠬᠡᠪᠰᠢ ᠠᠮᠠᠪᠴᠢ ᠵᠡᠭᠦᠵᠦ᠂ ᠲᠠᠷᠠᠬᠠᠶ ᠪᠤᠲᠠᠷᠬᠠᠶ ᠰᠠᠭᠤᠵᠤ᠂ ᠥᠪᠡᠷᠰᠡᠳ ᠢ ᠪᠠᠨ ᠬᠠᠮᠠᠭᠠᠯᠠᠬᠤ ᠶᠢ ᠰᠠᠶᠢᠲᠤᠷ | ᠭᠦᠢᠴᠡᠳᠭᠡᠬᠦ ᠬᠡᠷᠡᠭᠲᠡᠶ ᠭᠡᠵᠦ ᠱᠠᠭᠠᠷᠳᠠᠪᠠ᠃ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠶᠠᠨᠴᠢᠳ ᠤᠨ | ᠮᠡᠳᠡᠭᠡ ᠵᠠᠩᠭᠢ ᠶᠢ ᠲᠡᠮᠳᠡᠭᠯᠡᠬᠦ ᠳᠦᠷᠢᠮ ᠢ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠵᠤ᠂ ᠮᠡᠳᠡᠭᠡ ᠵᠠᠩᠭᠢ ᠶᠢ | ᠮᠥᠷᠳᠡᠵᠦ ᠳᠡᠶᠢᠯᠬᠦ ᠪᠣᠯᠭᠠᠨ᠎ᠠ᠃ | ᠬᠤᠶᠠᠷ᠂ ᠲᠡᠮᠦᠷ ᠵᠠᠮ ᠤᠨ ᠲᠠᠯ᠎ᠠ ᠪᠠᠷ᠂ ︽ᠭᠤᠷᠪᠠ ᠶᠢ ᠡᠷᠬᠡᠪᠰᠢ ᠪᠠᠲᠤᠯᠠᠬᠤ︾ ᠶᠢ ᠭᠡᠷᠡᠭᠵᠢᠬᠦᠯᠵᠥ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠲᠠᠷᠬᠠᠭᠠᠨ ᠲᠡᠭᠡᠭᠡᠪᠦᠷᠢᠯᠡᠬᠦ ᠬᠡᠷᠡᠭᠴᠡᠭᠡ ᠱᠠᠭᠠᠷᠳᠠᠯᠭ᠎ᠠ | ᠶᠢ ᠪᠦᠬᠦᠨ ᠢ ᠭᠥᠯᠢᠶᠡᠨ ᠠᠪᠴᠤ ᠰᠢᠢᠳᠪᠦᠷᠢᠯᠡᠨ᠎ᠡ︔ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠠᠷᠠᠭ᠎ᠠ | ᠲᠡᠬᠡᠬᠡᠪᠤᠷᠢᠯᠡᠬᠦ ᠲᠡᠮᠦᠷ ᠵᠠᠮ ᠤᠨ ᠦᠢᠯᠡᠴᠢᠯᠡᠭᠡᠨ ᠤ ᠬᠦᠰᠡᠯ ᠱᠠᠭᠠᠷᠳᠠᠯᠭ᠎ᠠ ᠶᠢ ᠪᠦᠬᠦᠨ ᠢ ᠬᠠᠩᠭᠠᠨ᠎ᠠ︔ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠠᠷᠠᠭ᠎ᠠ ᠶᠢᠨ ᠲᠡᠭᠡᠭᠡᠪᠦᠷᠢ ᠶᠢᠨ ᠠᠮᠤᠷ ᠲᠦᠪᠰᠢᠨ ᠰᠠᠭᠠᠳ ᠦᠭᠡᠢ | ᠨᠡᠪᠲᠡᠷᠡᠬᠦ ᠶᠢ ᠡᠷᠬᠡᠪᠰᠢ ᠪᠠᠳᠤᠯᠠᠨ᠎ᠠ᠃ | ᠭᠤᠷᠪᠠ᠂ ᠠᠷᠠᠳ ᠤᠨ ᠠᠭᠠᠷ ᠤᠨ ᠲᠡᠭᠡᠭᠡᠪᠦᠷᠢ ᠶᠢᠨ ᠲᠠᠯ᠎ᠠ ᠪᠠᠷ᠂ ᠣᠶᠢᠷ᠎ᠠ ᠶᠢᠨ ᠬᠤᠭᠤᠴᠠᠭᠠᠨ ᠤ ᠲᠤᠭ᠎ᠠ | ᠪᠠᠷᠢᠮᠲᠠ ᠶᠢᠨ ᠪᠦᠷᠢᠳᠬᠡᠯ ᠢ ᠦᠨᠳᠦᠰᠦᠯᠡᠪᠡᠯ᠂ ᠠᠷᠠᠳ ᠤᠨ ᠠᠭᠠᠷ ᠤᠨ ᠲᠡᠭᠡᠭᠡᠪᠦᠷᠢ ᠶᠢᠨ ᠠᠶᠠᠨᠴᠢᠳ ᠤᠨ | ᠲᠡᠭᠡᠭᠡᠪᠦᠷᠢ ᠶᠢᠨ ᠬᠡᠮᠵᠢᠶ᠎ᠡ ᠥᠩᠭᠡᠷᠡᠭᠰᠡᠨ ᠵᠢᠯ ᠠᠴᠠ ᠪᠠᠨ ᠪᠠᠭᠤᠷᠠᠵᠤ᠂ ᠨᠢᠰᠤᠯᠳᠠ ᠪᠠᠨ ᠵᠤᠬᠰᠤᠭᠠᠬᠰᠠᠨ ᠡᠭᠡᠯᠵᠢ | ᠶᠢᠨ ᠨᠢᠰᠬᠡᠯ 180 ᠭᠠᠷᠤᠶ ᠤᠳᠠᠭ᠎ᠠ ᠪᠣᠯᠪᠠ᠃ ᠭᠡᠪᠡᠴᠦ ᠬᠢᠵᠢᠭ ᠢ ᠰᠡᠷᠭᠡᠶᠢᠯᠡᠬᠦ ᠪᠠᠶᠢᠳᠠᠯ ᠬᠦᠨᠳᠦ ᠬᠡᠴᠡᠭᠦᠤ | ᠪᠠᠶᠢᠬᠤ ᠶᠢ ᠦᠨᠳᠦᠰᠦᠯᠡᠨ᠂ ᠡᠯ᠎ᠡ ᠨᠢᠰᠬᠡᠯ ᠤᠨ ᠪᠠᠭᠤᠳᠠᠯ᠂ ᠠᠭᠠᠷ ᠤᠨ ᠲᠡᠭᠡᠭᠡᠪᠦᠷᠢ ᠶᠢᠨ ᠺᠣᠮᠫᠠᠨᠢ ᠨᠢᠭᠡᠨᠲᠡ ᠲᠤᠰ | ᠲᠤᠰ ᠤᠨ ᠠᠵᠢᠯᠯᠠᠭᠠᠨ ᠤ ᠪᠠᠶᠢᠳᠠᠯ ᠵᠢᠴᠢ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠲᠠᠢ ᠪᠠᠨ ᠤᠶᠠᠯᠳᠤᠭᠤᠯᠤᠨ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠴᠠᠭᠠᠨ ᠰᠠᠷ᠎ᠠ ᠶᠢᠨ ᠲᠡᠭᠡᠭᠡᠪᠦᠷᠢ ᠶᠢᠨ | ᠪᠠᠲᠤᠯᠠᠭ᠎ᠠ ᠶᠢᠨ ᠪᠡᠯᠡᠳᠬᠡᠯ ᠲᠥᠰᠦᠯ ᠲᠣᠭᠲᠠᠭᠠᠵᠤ᠂ ᠬᠢᠵᠢᠭ ᠤᠨ ᠪᠠᠶᠢᠳᠠᠯ ᠳᠤ ᠬᠤᠯᠪᠣᠭᠳᠠᠬᠤ ᠡᠭᠡᠯᠵᠢ ᠶᠢᠨ | ᠨᠢᠰᠬᠡᠯ ᠤᠨ ᠪᠠᠲᠤᠯᠠᠭ᠎ᠠ ᠶᠢᠨ ᠠᠵᠢᠯ ᠤᠨ ᠲᠥᠰᠦᠯ ᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ | ᠠᠶᠠᠨᠴᠢᠳ ᠤᠨ ᠶᠠᠪᠤᠵᠤ ᠰᠠᠭᠤᠬᠤ ᠬᠡᠷᠡᠭᠴᠡᠭᠡ ᠶᠢ ᠪᠠᠲᠤᠯᠠᠵᠥ ᠪᠤᠢ᠃ | ᠰᠤᠷᠪᠤᠯᠵᠢᠯᠠᠬᠴᠢ ᠄ ᠬᠤᠶᠠᠳᠤᠭᠠᠷ 14 ᠡᠳᠦᠷ ᠤᠨ ᠬᠢᠵᠢᠭ ᠢ ᠰᠡᠷᠭᠡᠶᠢᠯᠡᠬᠦ ᠬᠤᠭᠤᠴᠠᠭᠠᠨ ᠤ ᠲᠤᠬᠠᠶ ᠶᠠᠷᠢᠶ᠎ᠠ | ᠬᠡᠯᠡᠯᠴᠡᠭᠡ ᠨᠡᠯᠢᠶᠡᠳ ᠣᠯᠠᠨ ᠪᠠᠶᠢᠨ᠎ᠠ᠂ ᠪᠢᠳᠡ ᠬᠡᠷᠬᠢᠨ ᠣᠶᠢᠯᠠᠭᠠᠪᠠᠯ ᠵᠣᠬᠢᠬᠤ ᠪᠤᠶ︖ ᠠᠵᠢᠯ ᠦᠢᠯᠡᠳᠪᠦᠷᠢᠯᠡᠯ | ᠢᠶᠠᠨ ᠰᠡᠷᠭᠦᠭᠡᠭᠰᠡᠨ ᠠᠬᠤᠶ ᠪᠠᠶᠢᠳᠠᠯ ᠳᠣᠤᠷ᠎ᠠ᠂ ᠨᠡᠶᠢᠭᠡᠮ ᠤᠨ ᠬᠠᠮᠢᠶᠠᠷᠤᠨ ᠡᠵᠡᠮᠳᠡᠬᠦ ᠲᠠᠯ᠎ᠠ ᠪᠠᠷ ᠪᠢᠳᠡ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠨᠠᠷᠢᠯᠢᠭ ᠣᠨᠣᠪᠴᠢᠲᠠᠶ ᠴᠢᠨᠠᠷ ᠢ ᠬᠡᠷᠬᠢᠨ ᠳᠡᠭᠡᠭᠰᠢᠯᠡᠭᠦᠯᠬᠦ | ᠪᠣᠶ︖ | ᠬᠥᠬᠡ ︵ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠡᠳ᠋ ᠳᠠᠷᠤᠭ᠎ᠠ︶᠄ | ᠣᠶᠢᠷ᠎ᠠ ᠳᠤ ᠬᠤᠶᠠᠳᠤᠭᠠᠷ 14 ᠡᠳᠦᠷ ᠤᠨ ᠬᠢᠵᠢᠭ ᠢ ᠰᠡᠷᠭᠡᠶᠢᠯᠡᠬᠦ ᠬᠤᠭᠤᠴᠠᠭ᠎ᠠ ᠶᠢᠨ ᠲᠤᠬᠠᠶ ᠠᠰᠠᠭᠤᠳᠠᠯ ᠢ | ᠨᠡᠶᠢᠭᠡᠮ ᠨᠡᠶᠢᠲᠡ ᠪᠠᠷ ᠢᠶᠠᠨ ᠥᠷᠭᠡᠨ ᠢᠶᠠᠷ ᠠᠩᠬᠠᠷᠴᠤ ᠪᠠᠶᠢᠨ᠎ᠠ᠂ ᠠᠨᠠᠭᠠᠬᠤ ᠤᠬᠠᠭᠠᠨ ᠤ ᠮᠡᠷᠭᠡᠵᠢᠯᠳᠠᠳ | ᠬᠠᠯᠳᠠᠪᠤᠷᠢᠲᠤ ᠡᠪᠡᠳᠴᠢᠨ ᠤ ᠬᠠᠯᠳᠠᠪᠤᠷᠢᠯᠠᠬᠤ ᠵᠢᠮ᠎ᠡ ᠶᠣᠰᠣ ᠪᠠᠷ 14 ᠡᠳᠦᠷ ᠪᠣᠯ ᠨᠢᠭᠡ ᠣᠷᠭᠢᠯ ᠤᠨ ᠬᠤᠭᠤᠴᠠᠭ᠎ᠠ᠂ | ᠶᠡᠷᠦ ᠳᠡᠭᠡᠨ ᠬᠤᠶᠠᠷ ᠭᠤᠷᠪᠠᠨ ᠣᠷᠭᠢᠯ ᠪᠣᠶ ᠬᠡᠳᠡᠭ᠃ ᠨᠢᠭᠡᠳᠦᠭᠡᠷ ᠣᠷᠭᠢᠯ ᠨᠢ ᠨᠢᠭᠡᠳᠦᠭᠡᠷ ᠦᠶ᠎ᠡ ᠶᠢᠨ | ᠡᠪᠡᠳᠴᠢᠲᠡᠨ ᠤ ᠡᠪᠡᠳᠴᠢᠯᠡᠬᠦ ᠣᠷᠭᠢᠯ᠂ ᠬᠤᠶᠠᠳᠤᠭᠠᠷ ᠣᠷᠭᠢᠯ ᠨᠢ ᠬᠤᠶᠠᠳᠤᠭᠠᠷ᠂ ᠭᠤᠷᠪᠠᠳᠤᠭᠠᠷ ᠦᠶ᠎ᠡ ᠶᠢᠨ | ᠡᠪᠡᠳᠴᠢᠲᠡᠨ ᠤ ᠡᠪᠡᠳᠴᠢᠯᠡᠬᠦ ᠣᠷᠭᠢᠯ ᠪᠣᠯᠤᠨ᠎ᠠ᠃ ᠰᠡᠷᠭᠡᠶᠢᠯᠡᠯᠲᠡ ᠪᠠᠨ ᠵᠣᠬᠢᠰᠲᠠᠶ ᠪᠠᠶᠢᠯᠭᠠᠳᠠᠭ ᠯᠠ ᠶᠤᠮ ᠪᠣᠯ | ᠣᠷᠭᠢᠯ ᠤᠨ ᠬᠡᠮᠵᠢᠶ᠎ᠡ ᠳᠠᠷᠠᠭᠠᠯᠠᠨ ᠪᠠᠭᠤᠷᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯ ᠨᠡᠶᠢᠭᠡᠮ | ᠳᠠᠶᠠᠭᠠᠷ ᠤᠨ ᠬᠠᠮᠲᠤ ᠶᠢᠨ ᠬᠠᠷᠢᠭᠤᠴᠠᠯᠭ᠎ᠠ᠂ ᠣᠯᠠᠨ ᠢᠶᠠᠷ ᠢᠶᠠᠨ ᠱᠠᠭᠠᠷᠳᠠᠯᠭ᠎ᠠ ᠶᠣᠰᠣᠭᠠᠷ ᠴᠤᠭᠯᠠᠭᠠᠨ ᠬᠢᠬᠦ ᠦᠭᠡᠢ᠂ | ᠭᠠᠷ ᠢᠶᠠᠨ ᠢᠯᠡᠭᠦᠬᠡᠨ ᠤᠬᠢᠶᠠᠵᠤ᠂ ᠠᠮᠠᠪᠴᠢ ᠵᠡᠭᠦᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠳᠤ | ᠢᠳᠡᠪᠬᠢᠲᠡᠶ ᠬᠠᠮᠵᠢᠯᠴᠠᠬᠤ ᠶᠢ ᠰᠠᠨᠠᠭᠤᠯᠵᠤ ᠪᠠᠶᠢᠨ᠎ᠠ᠃ | ᠬᠢᠵᠢᠭ ᠤᠨ ᠪᠠᠶᠢᠳᠠᠯ ᠪᠣᠯ ᠵᠠᠷᠯᠢᠭ ᠮᠥᠨ᠂ ᠰᠡᠷᠭᠡᠶᠢᠯᠡᠨ ᠡᠵᠡᠮᠳᠡᠬᠦ ᠪᠣᠯ ᠬᠠᠷᠢᠭᠤᠴᠠᠯᠭ᠎ᠠ ᠮᠥᠨ᠂ ︽ | ᠡᠭᠦᠳᠡ ᠪᠠᠨ ᠰᠠᠶᠢᠲᠤᠷ ᠰᠠᠬᠢᠵᠤ᠂ ᠪᠤᠰᠤᠳ ᠬᠥᠮᠥᠨ ᠢ ᠰᠠᠶᠢᠲᠤᠷ ᠬᠠᠷᠠᠬᠤ︾ ᠪᠣᠯ ᠣᠳᠣᠬᠠᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠴᠢᠬᠤᠯᠠ ᠠᠴᠠ ᠴᠢᠬᠤᠯᠠ ᠵᠦᠢᠯ ᠮᠥᠨ᠃ ᠪᠥᠬᠦ ᠣᠷᠣᠨ ᠤ ᠤᠯᠤᠰ | ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ᠂ ᠦᠨᠳᠦᠰᠦᠨ ᠱᠠᠲᠤᠨ ᠤ ᠺᠠᠳ᠋ᠷᠴᠤᠳ ᠡᠨᠡ ᠬᠦ ᠴᠠᠭ ᠮᠥᠴᠡ ᠳᠤ | ᠶᠠᠭ ᠬᠢᠵᠢᠭ ᠤᠨ ᠪᠠᠶᠢᠳᠠᠯ ᠢ ᠡᠰᠡᠷᠭᠦᠴᠡᠬᠦ ᠡᠮᠦᠨ᠎ᠡ ᠹᠷᠣᠨᠲ ᠲᠤ ᠡᠷᠡᠯᠬᠡᠭᠯᠡᠨ ᠲᠡᠮᠡᠴᠡᠵᠦ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠢᠯᠣᠭᠤᠳᠬᠤ ᠭᠠᠵᠠᠷ ᠤᠨ ᠠᠵᠢᠯ ᠤᠨ ᠪᠠᠶᠢᠷᠢᠯᠠᠭᠤᠯᠤᠯᠲᠠ ᠶᠢ ᠪᠥᠬᠦ ᠬᠦᠴᠦᠨ ᠢᠶᠠᠷ ᠢᠶᠠᠨ ᠲᠤᠭᠤᠰᠢᠯᠠᠭᠤᠯᠵᠥ | ᠪᠠᠶᠢᠨ᠎ᠠ᠃ ᠨᠢᠭᠡ᠂ ᠨᠠᠷᠢᠯᠢᠭ ᠣᠨᠣᠪᠴᠢᠲᠠᠶ ᠰᠡᠷᠭᠡᠶᠢᠯᠡᠨ ᠡᠵᠡᠮᠳᠡᠵᠦ᠂ ᠬᠠᠮᠢᠶᠠᠷᠤᠨ ᠡᠵᠡᠮᠳᠡᠬᠦ ᠠᠵᠢᠯ ᠢ ᠨᠠᠩ | ᠴᠢᠩᠭ᠎ᠠ ᠠᠳᠬᠤᠵᠤ᠂ ᠨᠠᠩ ᠨᠠᠷᠢᠯᠢᠭ ᠨᠠᠶᠢᠳᠠᠪᠤᠷᠢᠵᠢᠭᠤᠯᠵᠤ᠂ ᠨᠠᠩ ᠪᠣᠳᠠᠲᠠᠶ ᠠᠵᠢᠯ ᠬᠢᠬᠦ ᠬᠡᠷᠡᠭᠲᠡᠶ᠃ 2 ᠰᠠᠷ᠎ᠠ | ᠶᠢᠨ 4 ᠤ ᠡᠳᠦᠷ ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ︽ᠡᠪᠡᠳᠴᠢᠲᠡᠨ ᠲᠠᠢ ᠨᠢᠬᠲᠠ ᠣᠶᠢᠷᠠᠳᠤᠬᠰᠠᠳ ᠢ | ᠬᠠᠮᠵᠢᠨ ᠪᠠᠶᠢᠴᠠᠭᠠᠬᠤ ᠲᠤᠬᠠᠶ ᠪᠠᠴᠢᠮ ᠮᠡᠳᠡᠭᠳᠡᠯ︾ ᠨᠡᠶᠢᠲᠡᠯᠡᠵᠦ᠂ ᠣᠨᠣᠰᠢᠯᠠᠭᠳᠠᠭᠰᠠᠨ ᠡᠪᠡᠳᠴᠢᠲᠡᠨ ᠸᠠᠨ | ᠣᠪᠣᠭᠲᠤ ᠲᠠᠢ ᠣᠶᠢᠷᠠᠳᠤᠭᠴᠢ ᠶᠢ ᠪᠠᠶᠢᠴᠠᠭᠠᠨ ᠯᠠᠪᠯᠠᠬᠤ ᠶᠠᠪᠤᠴᠠ ᠳᠤ ᠥᠪᠡᠷᠲᠡᠭᠡᠨ ᠵᠠᠰᠠᠬᠤ ᠣᠷᠣᠨ᠂ | ᠬᠥᠬᠡᠬᠤᠲᠠ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠡᠯᠡᠳᠬᠡᠯ ᠲᠥᠰᠦᠯ ᠢ ᠲᠦᠷᠭᠡᠨ | ᠡᠬᠢᠯᠡᠭᠦᠯᠵᠦ᠂ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠣᠯᠠᠨ ᠲᠦᠮᠡᠨ ᠢ ᠥᠷᠭᠡᠨ ᠢᠶᠠᠷ ᠳᠠᠶᠢᠴᠢᠯᠠᠬᠤ | ᠶᠢᠨ ᠬᠠᠮᠲᠤ ᠬᠤᠯᠪᠣᠭᠳᠠᠯ ᠪᠥᠬᠦᠶ ᠲᠠᠯ᠎ᠠ ᠶᠢᠨ ᠬᠢᠨ ᠲᠠᠢ ᠬᠠᠮᠲᠤᠷᠠᠨ᠂ ᠲᠣᠮᠣ ᠳ᠋ᠠᠶᠢᠲ᠋ᠠ ᠶᠢᠨ ᠠᠷᠭ᠎ᠠ ᠪᠠᠷᠢᠯ ᠢ | ᠠᠰᠢᠭᠯᠠᠨ ᠨᠠᠷᠢᠯᠢᠭ ᠣᠨᠣᠪᠴᠢᠲᠠᠶ ᠵᠠᠳᠠᠯᠤᠯᠲᠠ ᠬᠢᠵᠦ᠂ ᠨᠢᠭᠡᠳ ᠨᠢᠭᠡ ᠪᠠᠷ ᠰᠢᠭᠰᠢᠨ ᠪᠠᠶᠢᠴᠠᠭᠠᠪᠠ᠃ ᠡᠴᠦᠰ ᠲᠡᠭᠡᠨ | 30 ᠴᠠᠭ ᠵᠠᠷᠤᠴᠠᠭᠤᠯᠵᠤ᠂ 2 ᠰᠠᠷ᠎ᠠ ᠶᠢᠨ 6 ᠤ ᠡᠳᠦᠷ ᠤᠨ ᠥᠷᠯᠥᠭᠡ ᠶᠢᠨ 9 ᠴᠠᠭ ᠲᠤ AY1754 | ᠲᠦᠷᠢᠶᠡᠰᠦᠨ ᠮᠠᠰᠢᠨ ᠳᠤ ᠰᠠᠭᠤᠭᠰᠠᠨ 155 ᠠᠶᠠᠨᠴᠢᠨ ᠢ ᠪᠠᠶᠢᠴᠠᠭᠠᠨ ᠳᠣᠲᠣᠯᠠᠵᠠᠢ᠃ ᠲᠦᠷᠦᠭᠦᠬᠡᠨ ᠨᠡᠶᠢᠭᠡᠮ | ᠤᠨ ᠬᠠᠮᠢᠶᠠᠷᠤᠨ ᠡᠵᠡᠮᠳᠡᠬᠦ ᠳᠤᠭᠤᠶᠢᠯᠠᠩ ︽ᠵᠠᠮ ᠬᠠᠷᠢᠯᠴᠠᠭᠠᠨ ᠤ ᠺᠠᠷᠲ ᠤᠨ ᠬᠤᠪᠢ ᠬᠥᠮᠦᠨ ᠤ ᠮᠡᠳᠡᠭᠡ | ᠵᠠᠩᠭᠢ ᠶᠢᠨ ᠥᠪᠡᠰᠦᠪᠡᠨ ᠦᠢᠯᠡᠴᠢᠯᠡᠬᠦ ᠳᠡᠩᠰᠡᠯᠡᠯᠲᠡ ᠶᠢᠨ ᠰᠢᠰᠲ᠋ᠧᠮ︾᠂ ︽ᠰᠠᠭᠤᠭᠠᠯᠢ ᠠᠷᠠᠳ ᠤᠨ ᠲᠣᠭᠤᠷᠢᠭ | ᠤᠨ ᠣᠷᠣᠵᠤ ᠭᠠᠷᠬᠤ ᠬᠥᠮᠦᠰ ᠤᠨ ᠥᠪᠡᠰᠦᠪᠡᠨ ᠦᠢᠯᠡᠴᠢᠯᠡᠬᠦ ᠳᠡᠩᠰᠡᠯᠡᠯᠲᠡ ᠶᠢᠨ ᠰᠢᠰᠲ᠋ᠧᠮ︾᠂ ︽ᠶᠠᠪᠤᠭᠤᠯ | ᠬᠥᠮᠦᠨ ᠠᠮᠠ ᠶᠢᠨ ᠥᠪᠡᠰᠦᠪᠡᠨ ᠦᠢᠯᠡᠴᠢᠯᠡᠬᠦ ᠳᠡᠩᠰᠡᠯᠡᠯᠲᠡ ᠶᠢᠨ ᠰᠢᠰᠲ᠋ᠧᠮ︾ ᠵᠡᠷᠭᠡ 3 ᠰᠢᠰᠲ᠋ᠧᠮ ᠪᠠ ᠪᠤᠰᠤᠳ | ᠮᠡᠳᠡᠭᠡ ᠵᠠᠩᠭᠢᠴᠢᠯᠠᠯᠲᠠ᠂ ᠤᠶᠤᠨᠴᠢᠯᠠᠬᠰᠠᠨ ᠬᠡᠷᠡᠭᠯᠡᠭᠡᠨ ᠤ ᠰᠢᠨ᠎ᠡ ᠶᠢ ᠡᠭᠦᠳᠴᠦ᠂ ᠣᠯᠠᠨ ᠲᠦᠮᠡᠨ ᠡᠭᠦᠨ ᠢ ᠮᠠᠰᠢ | ᠶᠡᠭᠡ ᠳᠡᠮᠵᠢᠵᠦ᠂ ᠢᠳᠡᠪᠬᠢᠲᠡᠶ ᠪᠠᠷ ᠭᠤᠶᠤᠴᠢᠯᠠᠨ ᠮᠡᠳᠡᠭᠦᠯᠵᠦ ᠳᠡᠩᠰᠡᠯᠡᠨ ᠲᠡᠮᠳᠡᠭᠯᠡᠪᠡ᠃ ᠣᠬᠤᠷᠬᠠᠨ ᠬᠤᠶᠠᠷ | ᠡᠳᠦᠷ ᠤᠨ ᠳᠣᠲᠣᠷ᠎ᠠ ᠶᠠᠪᠤᠭᠤᠯ ᠬᠥᠮᠦᠨ ᠠᠮᠠ ᠶᠢᠨ ᠮᠡᠳᠡᠭᠦᠯᠦᠭᠰᠡᠨ ᠲᠤᠭ᠎ᠠ 22 ᠲᠦᠮᠡ ᠳᠤ ᠬᠦᠷᠴᠦ᠂ | ᠣᠳᠣᠬᠠᠨ ᠳᠤ ᠬᠥᠮᠦᠨ ᠤ ᠲᠤᠭ᠎ᠠ ᠪᠠᠰᠠ ᠨᠡᠮᠡᠭᠳᠡᠵᠦ᠂ ᠨᠠᠷᠢᠯᠢᠭ ᠣᠨᠣᠪᠴᠢᠲᠠᠶ ᠰᠡᠷᠭᠡᠶᠢᠯᠡᠨ ᠡᠵᠡᠮᠳᠡᠬᠦ ᠳᠤ | ᠳᠡᠮᠵᠢᠯᠭᠡ ᠬᠠᠩᠭᠠᠭᠰᠠᠨ ᠪᠠᠶᠢᠨ᠎ᠠ᠃ | ᠬᠤᠶᠠᠷ᠂ ᠪᠣᠭᠤᠮᠲᠠ ᠶᠢ ᠴᠢᠩᠭ᠎ᠠ ᠰᠠᠬᠢᠵᠤ᠂ ᠦᠢᠯᠡᠳᠪᠦᠷᠢᠯᠡᠯ ᠢᠶᠠᠨ ᠰᠡᠷᠭᠦᠭᠡᠵᠦ ᠠᠵᠢᠯ ᠢᠶᠠᠨ | ᠰᠡᠷᠭᠦᠭᠡᠬᠦ ᠶᠢᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠨ᠎ᠠ᠃ ᠠᠵᠢᠯ ᠢᠶᠠᠨ ᠰᠡᠷᠭᠦᠭᠡᠬᠦ ᠪᠠ | ᠦᠢᠯᠡᠳᠪᠦᠷᠢᠯᠡᠯ ᠢᠶᠠᠨ ᠰᠡᠷᠭᠦᠭᠡᠬᠦ ᠨᠢ ᠵᠠᠯᠭᠠᠭ᠎ᠠ ᠪᠠᠷ ᠡᠬᠢᠯᠡᠵᠦ᠂ ᠶᠠᠪᠤᠭᠤᠯ ᠬᠥᠮᠦᠨ ᠠᠮᠠ ᠶᠢᠨ ᠬᠢᠵᠢᠭ ᠢ | ᠰᠡᠷᠭᠡᠶᠢᠯᠡᠬᠦ ᠪᠠ ᠬᠠᠮᠢᠶᠠᠷᠤᠨ ᠡᠵᠡᠮᠳᠡᠬᠦ ᠠᠵᠢᠯ ᠢ ᠬᠡᠷᠬᠢᠨ ᠰᠠᠶᠢᠲᠤᠷ ᠬᠢᠬᠦ ᠨᠢ ᠨᠢᠭᠡᠨᠲᠡ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠭᠤᠤᠯᠳᠠᠯᠭ᠎ᠠ ᠪᠣᠯᠤᠭᠰᠠᠨ ᠪᠥᠭᠡᠳ ᠮᠦᠨ ᠴᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠪᠡᠷᠬᠡ ᠠᠰᠠᠭᠤᠳᠠᠯ ᠪᠤᠯᠵᠥ ᠪᠤᠢ᠃ ᠳᠡᠭᠡᠷ᠎ᠡ ᠤᠳᠠᠭᠠᠨ ᠤ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ 5 ᠰᠠᠯᠠᠭ᠎ᠠ ᠮᠥᠴᠢᠷ ᠨᠢᠭᠡᠨᠲᠡ ︽ | ᠵᠠᠷᠯᠠᠯ︾ ᠨᠡᠶᠢᠲᠡᠯᠡᠵᠦ᠂ 1 ᠰᠠᠷ᠎ᠠ ᠶᠢᠨ 1 ᠤ ᠡᠳᠦᠷ ᠠᠴᠠ ᠨᠠᠭᠠᠰᠢ ᠮᠠᠨ ᠤ ᠣᠷᠣᠨ ᠳᠤ ᠢᠷᠡᠭᠰᠡᠨ ᠶᠠᠪᠤᠭᠤᠯ | ᠬᠥᠮᠦᠨ ᠠᠮᠠ ︵ᠬᠤᠲᠠ ᠰᠢᠶᠠᠨ ᠠᠯᠤᠰᠯᠠᠨ ᠰᠠᠭᠤᠭ᠎ᠠ ᠬᠥᠮᠦᠰ︶ ᠪᠦᠬᠦᠨ 2 ᠰᠠᠷ᠎ᠠ ᠶᠢᠨ 12 ᠤᠨ ᠡᠳᠦᠷ ᠤᠨ | 18 ᠴᠠᠭ ᠠᠴᠠ ᠡᠮᠦᠨ᠎ᠡ ᠰᠠᠨᠠᠭᠠᠴᠢᠯᠠᠭ᠎ᠠ ᠠᠴᠠ ᠪᠠᠨ ᠰᠠᠭᠤᠭ᠎ᠠ ᠭᠠᠵᠠᠷ ᠤᠨ ᠬᠠᠷᠢᠶ᠎ᠠ ᠣᠷᠣᠨ ᠤ ᠲᠣᠮᠢᠯᠠᠭᠰᠠᠨ | ᠰᠠᠯᠪᠤᠷᠢ ᠪᠤᠶᠤ ᠨᠡᠶᠢᠭᠡᠮ ᠲᠣᠭᠤᠷᠢᠭ ᠲᠤ ᠭᠤᠶᠤᠴᠢᠯᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ ᠭᠡᠵᠦ ᠱᠠᠭᠠᠷᠳᠠᠪᠠ᠃ | ᠣᠳᠣᠬᠠᠨ ᠳᠤ ᠡᠨᠡ ᠬᠦ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ | ᠭᠤᠷᠪᠠ᠂ ᠬᠠᠮᠢᠶᠠᠷᠤᠯᠲᠠ ᠪᠠᠨ ᠵᠢᠷᠤᠮᠵᠢᠭᠤᠯᠵᠤ᠂ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠠᠵᠢᠯ ᠢ | ᠦᠨᠡᠨ ᠬᠦ ᠴᠢᠩᠭᠠᠳᠬᠠᠨ᠎ᠠ᠃ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ | ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠶᠢᠨ ᠲᠤᠰᠠᠳᠠ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ | ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠪᠢᠳᠡ ᠨᠡᠶᠢᠭᠡᠮ | ᠲᠣᠭᠤᠷᠢᠭ ︵ᠲᠣᠰᠬᠤᠨ᠂ ᠭᠠᠴᠠᠭ᠎ᠠ︶ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠭᠤᠤᠯᠳᠠᠯᠭ᠎ᠠ ᠲᠠᠢ ᠴᠢᠩᠭᠠᠳᠬᠠᠵᠥ ᠪᠤᠢ᠃ | ᠰᠤᠷᠪᠤᠯᠵᠢᠯᠠᠬᠴᠢ ᠄ ᠣᠶᠢᠷ᠎ᠠ ᠳᠤ ᠬᠤᠪᠧᠶ ᠮᠤᠵᠢ ᠶᠢᠨ ᠣᠨᠣᠰᠢᠯᠠᠭᠰᠠᠨ ᠡᠪᠡᠳᠴᠢᠲᠠᠨ ᠲᠠᠰᠤᠷᠠᠯᠲᠠ ᠤᠢᠭᠡᠢ | ᠨᠡᠮᠡᠭᠳᠡᠵᠦ᠂ ᠡᠮ ᠡᠮᠨᠡᠯᠭᠡ ᠶᠢᠨ ᠡᠬᠢ ᠪᠠᠶᠠᠯᠢᠭ ᠤᠨ ᠬᠡᠷᠡᠭᠴᠡᠭᠡ ᠴᠤ ᠲᠠᠰᠤᠷᠠᠯᠲᠠ ᠤᠢᠭᠡᠢ ᠥᠷᠭᠡᠵᠢᠵᠡᠶ᠃ | ᠣᠳᠣᠬᠠᠨ ᠳᠤ ᠮᠠᠨ ᠤ ᠣᠷᠣᠨ ᠤ ᠪᠠᠶᠢᠳᠠᠯ ᠢ ᠶᠡᠷᠦᠩᠬᠡᠶ ᠳᠤᠨᠢ ᠠᠪᠴᠤ ᠦᠵᠡᠪᠡᠯ ᠨᠡᠯᠢᠶᠡᠳ ᠲᠣᠭᠲᠠᠭᠤᠨ ᠪᠠᠶᠢᠨ᠎ᠠ᠂ | ᠲᠡᠭᠡᠪᠡᠯ᠂ ᠪᠢᠳᠡ ᠤᠳᠠᠭᠠᠨ ᠳᠠᠭᠠᠭᠠᠮᠠᠭᠠᠶ ᠳᠠᠶᠢᠨ ᠬᠢᠬᠦ ᠪᠡᠯᠡᠳᠬᠡᠯ ᠢᠶᠠᠨ ᠰᠠᠶᠢᠨ ᠬᠢᠭᠰᠡᠨ ᠤᠤ︖ | ᠸᠠᠩ ᠵᠠᠨ ᠭᠦᠸᠧ ︵ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠡᠷᠡᠬᠦᠯ | ᠮᠡᠨᠳᠤ ᠶᠢᠨ ᠵᠦᠪᠯᠡᠯ ᠤᠨ ᠳᠡᠳ᠋ ᠡᠷᠬᠢᠯᠡᠭᠴᠢ︶᠄ ᠮᠠᠨ ᠤ ᠣᠷᠣᠨ ᠤ ᠰᠢᠨ᠎ᠡ ᠪᠠᠷ ᠨᠡᠮᠡᠭᠳᠡᠭᠰᠡᠨ ᠣᠨᠣᠰᠢᠯᠠᠭᠰᠠᠨ | ᠡᠪᠡᠳᠴᠢᠲᠠᠨ ᠠᠴᠠ ᠦᠵᠡᠪᠡᠯ᠂ ᠮᠠᠨ ᠤ ᠣᠷᠣᠨ ᠤ ᠬᠢᠵᠢᠭ ᠤᠨ ᠪᠠᠶᠢᠳᠠᠯ ᠣᠳᠣᠬᠠᠨ ᠳᠤ ᠶᠡᠷᠦᠩᠬᠡᠶ ᠳᠡᠭᠡᠨ | ᠲᠣᠭᠲᠠᠭᠤᠨ ᠪᠠᠶᠢᠨ᠎ᠠ᠃ ᠡᠨᠡ ᠨᠢ ᠲᠦᠷᠦᠭᠦᠴᠢ ᠶᠢᠨ ᠬᠤᠭᠤᠴᠠᠭᠠᠨ ᠤ ᠮᠠᠨ ᠤ ᠣᠷᠣᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠣᠳᠠᠲᠠᠶ ᠦᠷ᠎ᠡ ᠪᠦᠲᠦᠮᠵᠢ ᠣᠯᠤᠭᠰᠠᠨ ᠢ ᠬᠠᠷᠠᠭᠤᠯᠵᠤ ᠪᠠᠶᠢᠬᠤ ᠪᠠᠷ | ᠪᠠᠷᠠᠬᠤ ᠥᠬᠡᠶ᠂ ᠮᠠᠨ ᠤ ᠣᠷᠣᠨ ᠤ ᠣᠳᠣᠬᠠᠨ ᠤ ᠬᠢᠵᠢᠭ ᠤᠨ ᠪᠠᠶᠢᠳᠠᠯ ᠮᠥᠨ ᠬᠦ ᠳᠡᠯᠭᠡᠷᠡᠬᠦ ᠡᠬᠢᠨ ᠤ | ᠬᠤᠭᠤᠴᠠᠭᠠᠨ ᠳᠤ ᠣᠷᠣᠰᠢᠵᠤ ᠪᠠᠶᠢᠬᠤ ᠶᠢ ᠬᠠᠷᠠᠭᠤᠯᠵᠤ ᠪᠠᠶᠢᠨ᠎ᠠ᠃ ᠤᠯᠤᠰ ᠤᠨ ︽ᠨᠢᠭᠡ ᠬᠥᠯᠭᠡ ᠰᠢᠲᠠᠷ᠎ᠠ︾ | ᠶᠢᠨ ᠲᠣᠬᠢᠷᠠᠭᠤᠯᠤᠯᠲᠠ ᠶᠣᠰᠣᠭᠠᠷ᠂ ᠮᠠᠨ ᠤ ᠪᠣᠳᠠᠲᠠᠶ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯ ᠮᠥᠨ ᠴᠦ | ᠬᠢᠵᠢᠭ ᠤᠨ ᠪᠠᠶᠢᠳᠠᠯ ᠢ ᠬᠤᠷᠢᠭᠯᠠᠨ ᠠᠷᠢᠯᠭᠠᠬᠤ ᠳᠠᠶᠢᠯᠠᠯᠳᠤᠭᠠᠨ ᠢ ᠰᠠᠶᠢᠲᠤᠷ ᠬᠢᠬᠦ ᠶᠠᠪᠤᠳᠠᠯ ᠪᠣᠯᠤᠨ᠎ᠠ᠃ ᠭᠠᠷᠴᠤ | ᠮᠡᠳᠡᠬᠦ ᠬᠢᠵᠢᠭ ᠤᠨ ᠳᠡᠯᠭᠡᠷᠡᠬᠦ ᠪᠠ ᠲᠠᠷᠬᠠᠬᠤ ᠪᠠᠶᠢᠳᠠᠯ ᠢ ᠠᠷᠭᠠᠴᠠᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠡᠮ ᠡᠮᠨᠡᠯᠭᠡ ᠶᠢᠨ ᠰᠡᠷᠭᠡᠶᠢᠯᠡᠨ ᠡᠵᠡᠮᠳᠡᠬᠦ ᠲᠠᠯ᠎ᠠ ᠪᠠᠷ ᠨᠢᠭᠡᠨᠲᠡ ᠠᠷᠭᠠᠴᠠᠭᠠᠬᠤ ᠪᠡᠯᠡᠳᠬᠡᠯ ᠪᠠ ᠦᠷᠭᠦᠯᠵᠢᠯᠡᠬᠦ | ᠴᠢᠨᠠᠷᠲᠠᠶ ᠲᠣᠬᠢᠷᠠᠭᠤᠯᠤᠯᠲᠠ ᠬᠢᠭᠰᠡᠨ ᠪᠠᠶᠢᠨ᠎ᠠ᠃ | ᠶᠡᠷᠦᠩᠬᠡᠶ ᠲᠣᠬᠢᠷᠠᠭᠤᠯᠤᠯᠲᠠ ᠪᠣᠯ᠂ ᠬᠠᠤᠯᠢ ᠶᠣᠰᠣᠭᠠᠷ᠂ ᠰᠢᠨᠵᠢᠯᠡᠬᠦ ᠤᠬᠠᠭᠠᠨᠴᠢ᠂ ᠵᠢᠷᠤᠮᠵᠢᠭᠤᠨ᠂ ᠡᠮᠬᠢ | ᠵᠢᠷᠤᠮ ᠲᠠᠢ ᠪᠠᠶᠢᠯᠭᠠᠬᠤ ᠵᠠᠷᠴᠢᠮ ᠶᠣᠰᠣᠭᠠᠷ᠂ ᠰᠢᠨᠵᠢᠯᠡᠬᠦ ᠤᠬᠠᠭᠠᠨᠴᠢ ᠪᠠᠷ ᠤᠷᠢᠳᠴᠢᠯᠠᠨ ᠮᠠᠭᠠᠳᠯᠠᠵᠤ᠂ ᠬᠠᠷᠢᠶ᠎ᠠ | ᠭᠠᠵᠠᠷ ᠲᠤᠨᠢ ᠬᠠᠮᠢᠶᠠᠷᠤᠭᠤᠯᠬᠤ᠂ ᠱᠠᠲᠤ ᠬᠤᠪᠢᠶᠠᠨ ᠠᠷᠭᠠᠴᠠᠭᠠᠬᠤ ᠶᠢ ᠪᠠᠷᠢᠮᠲᠠᠯᠠᠨ᠎ᠠ᠃ ᠪᠣᠳᠠᠲᠠᠶ ᠡᠮᠨᠡᠨ ᠵᠠᠰᠠᠬᠤ | ᠲᠠᠯ᠎ᠠ ᠪᠠᠷ᠂ ᠭᠤᠤᠯᠳᠠᠭᠤ ᠡᠮᠴᠢᠯᠡᠭᠡᠨ ᠤ ᠪᠠᠶᠢᠭᠤᠯᠤᠮᠵᠢ ᠶᠢᠨ ᠣᠷᠣ᠂ ᠠᠵᠢᠯᠲᠠᠨ᠂ ᠲᠤᠨᠤᠬ ᠲᠥᠬᠦᠭᠡᠷᠦᠮᠵᠢ ᠵᠡᠷᠭᠡ | ᠲᠠᠯ᠎ᠠ ᠠᠴᠠ ᠪᠣᠳᠠᠲᠠᠶ ᠪᠡᠯᠡᠳᠬᠡᠯ ᠠᠵᠢᠯ ᠬᠢᠵᠡᠶ᠃ | ᠡᠮᠴᠢᠯᠡᠭᠡᠨ ᠤ ᠪᠠᠶᠢᠭᠤᠯᠤᠮᠵᠢ ᠪᠣᠯᠤᠨ ᠣᠷᠣ ᠶᠢᠨ ᠲᠠᠯ᠎ᠠ ᠪᠠᠷ᠂ ᠮᠠᠨ ᠤ ᠣᠷᠣᠨ ᠤ ᠬᠥᠮᠦᠨ ᠠᠮᠠ ᠵᠢᠴᠢ | ᠣᠳᠣ ᠶᠢᠨ ᠪᠠᠶᠢᠭ᠎ᠠ ᠡᠮᠴᠢᠯᠡᠭᠡᠨ ᠤ ᠪᠠᠶᠢᠭᠤᠯᠤᠮᠵᠢ ᠶᠢᠨ ᠲᠠᠷᠬᠠᠯᠲᠠ ᠶᠢᠨ ᠪᠠᠶᠢᠳᠠᠯ ᠢ ᠦᠨᠳᠦᠰᠦᠯᠡᠨ᠂ ᠣᠳᠣᠬᠠᠨ | ᠤ 113 ᠲᠣᠭᠲᠠᠬᠰᠠᠨ ᠴᠡᠭ ᠤᠨ ᠡᠮᠨᠡᠯᠭᠡ ᠶᠢᠨ ᠬᠤᠷᠢᠶᠠᠨ ᠤ ᠰᠠᠭᠤᠷᠢᠨ ᠳᠡᠭᠡᠷ᠎ᠡ ᠪᠠᠰᠠ 34 ᠪᠡᠯᠡᠳᠬᠡᠯ ᠡᠮᠨᠡᠯᠭᠡ | ᠶᠢᠨ ᠬᠤᠷᠢᠶ᠎ᠠ ᠪᠡᠯᠡᠳᠬᠡᠵᠡᠶ᠃ ᠣᠳᠣᠬᠠᠨ ᠳᠤ ᠮᠠᠨ ᠤ ᠣᠷᠣᠨ ᠤ ᠣᠨᠣᠰᠢᠯᠠᠭᠰᠠᠨ ᠡᠪᠡᠳᠴᠢᠲᠡᠨ ᠪᠠ ᠰᠡᠵᠢᠭᠯᠡᠯᠲᠡᠶ | ᠡᠪᠡᠳᠴᠢᠲᠡᠨ ᠤ ᠣᠯᠠᠩᠬᠢ ᠶᠢ ᠨᠢ ᠠᠶᠢᠮᠠᠭ ᠬᠤᠲᠠ ᠶᠢᠨ ᠱᠠᠲᠤᠨ ᠤ ᠲᠣᠭᠲᠠᠭᠰᠠᠨ ᠴᠡᠭ ᠤᠨ ᠡᠮᠨᠡᠯᠭᠡ ᠶᠢᠨ | ᠬᠤᠷᠢᠶ᠎ᠠ ᠳᠤ ᠲᠥᠪᠯᠡᠷᠡᠭᠦᠯᠦᠨ ᠠᠪᠤᠷᠠᠨ ᠵᠠᠰᠠᠵᠤ ᠪᠠᠶᠢᠨ᠎ᠠ᠂ ᠬᠡᠳᠦᠨ ᠡᠪᠡᠳᠴᠢᠲᠡᠨ ᠢ ᠨᠢ ᠲᠣᠰ ᠬᠤᠰᠢᠭᠤ ᠰᠢᠶᠠᠨ | ᠤ ᠱᠠᠲᠤᠨ ᠤ ᠮᠠᠰᠢ ᠰᠠᠶᠢᠨ ᠲᠣᠭᠲᠠᠬᠰᠠᠨ ᠴᠡᠭ ᠤᠨ ᠡᠮᠨᠡᠯᠭᠡ ᠶᠢᠨ ᠬᠤᠷᠢᠶ᠎ᠠ ᠳᠤ ᠠᠪᠤᠷᠠᠨ ᠵᠠᠰᠠᠵᠤ ᠪᠠᠶᠢᠨ᠎ᠠ᠃ | ᠡᠲᠡᠭᠡᠷ ᠲᠣᠭᠲᠠᠬᠰᠠᠨ ᠴᠡᠭ ᠤᠨ ᠡᠮᠨᠡᠯᠭᠡ ᠶᠢᠨ ᠬᠤᠷᠢᠶ᠎ᠠ ᠶᠢᠨ ᠣᠳᠣᠬᠠᠨ ᠳᠤ ᠠᠪᠤᠷᠠᠨ ᠡᠮᠨᠡᠬᠦ ᠳᠤ ᠬᠡᠷᠡᠭᠯᠡᠵᠦ | ᠪᠣᠯᠬᠤ ᠣᠷᠣ 3359 ᠪᠠᠶᠢᠵᠤ᠂ ᠡᠭᠦᠨ ᠳᠤ ᠨᠢᠭᠡᠨᠲᠡ ᠪᠡᠯᠡᠳᠬᠡᠭᠰᠡᠨ᠂ ᠴᠠᠭ ᠢᠮᠠᠭᠲᠠ ᠬᠡᠷᠡᠭᠯᠡᠵᠦ ᠪᠣᠯᠬᠤ ᠣᠷᠣ | 2511 ᠪᠠᠶᠢᠨ᠎ᠠ᠃ ᠲᠤᠰᠬᠠᠶ ᠮᠡᠷᠭᠡᠵᠢᠯ ᠤᠨ ᠠᠵᠢᠯᠲᠠᠨ ᠪᠠ ᠲᠤᠰᠬᠠᠶ ᠮᠡᠷᠭᠡᠵᠢᠯ ᠤᠨ ᠲᠥᠬᠦᠭᠡᠷᠦᠮᠵᠢ ᠶᠢᠨ | ᠲᠠᠯ᠎ᠠ ᠪᠠᠷ᠂ ᠣᠳᠣᠬᠠᠨ ᠳᠤ ᠨᠢᠭᠡᠨᠲᠡ 2387 ᠲᠤᠰᠬᠠᠶ ᠰᠠᠯᠠᠭᠠᠨ ᠤ ᠡᠮᠴᠢ᠂ 4317 ᠰᠤᠪᠢᠯᠠᠭᠴᠢ ᠶᠢ | ᠪᠡᠯᠡᠳᠬᠡᠵᠦ᠂ ᠭᠤᠤᠯ ᠪᠣᠯᠬᠤ ᠡᠮᠴᠢᠯᠡᠭᠡᠨ ᠤ ᠲᠥᠬᠦᠭᠡᠷᠦᠮᠵᠢ ᠪᠤᠯᠬᠤ ᠠᠮᠢᠰᠬᠤᠯ ᠤᠨ ᠮᠠᠰᠢᠨ᠂ ᠵᠢᠷᠦᠬᠡᠨ ᠴᠤᠬᠢᠯᠭ᠎ᠠ | ᠶᠢᠨ ᠬᠢᠨᠠᠨ ᠬᠠᠮᠠᠭᠠᠯᠠᠬᠤ ᠵᠡᠷᠭᠡ ᠲᠤᠰᠬᠠᠶ ᠮᠡᠷᠭᠡᠵᠢᠯ ᠤᠨ ᠲᠥᠬᠦᠭᠡᠷᠦᠮᠵᠢ 966 ᠪᠠᠶᠢᠬᠤ ᠶᠢᠨ ᠬᠠᠮᠲᠤ᠂ | ᠥᠪᠡᠷᠲᠡᠭᠡᠨ ᠵᠠᠰᠠᠬᠤ ᠣᠷᠣᠨ ᠪᠠᠰᠠ 8 ᠰᠠᠯᠠᠭ᠎ᠠ 62 ᠬᠥᠮᠦᠨ ᠢᠶᠠᠷ ᠪᠦᠷᠢᠯᠳᠦᠭᠰᠡᠨ ᠡᠮᠴᠢᠯᠡᠭᠡᠨ ᠤ ᠠᠪᠤᠷᠠᠨ | ᠵᠠᠰᠠᠬᠤ ᠲᠤᠰᠬᠠᠶ ᠮᠡᠷᠭᠡᠵᠢᠯᠲᠡᠨ ᠤ ᠡᠩᠨᠡᠭᠡ ᠶᠢ ᠵᠣᠬᠢᠶᠠᠨ ᠪᠠᠶᠢᠭᠤᠯᠵᠤ᠂ ᠴᠠᠭ ᠢᠮᠠᠭᠲᠠ ᠡᠯ᠎ᠡ ᠭᠠᠵᠠᠷ ᠲᠤ ᠬᠦᠷᠴᠦ | ᠠᠪᠤᠷᠠᠨ ᠵᠠᠰᠠᠬᠤ ᠠᠵᠢᠯ ᠢ ᠳᠡᠮᠵᠢᠵᠤ ᠪᠤᠢ᠃ ᠪᠢᠳᠡ ᠣᠳᠣ ᠶᠢᠨ ᠬᠤᠷᠢᠭᠯᠠᠨ ᠠᠷᠢᠯᠭᠠᠬᠤ ᠳᠠᠶᠢᠯᠠᠯᠳᠤᠭᠠᠨ ᠢ | ᠰᠠᠶᠢᠲᠤᠷ ᠬᠢᠵᠦ᠂ ᠡᠨᠡ ᠤᠳᠠᠭᠠᠨ ᠤ ᠠᠷᠠᠳ ᠤᠨ ᠳᠠᠶᠢᠨ ᠢ ᠰᠠᠶᠢᠲᠤᠷ ᠬᠢᠪᠡᠯ᠂ ᠳᠠᠷᠠᠭ᠎ᠠ ᠠᠯᠬᠤᠮ ᠤᠨ | ᠦᠷᠭᠦᠯᠵᠢᠯᠡᠬᠦ ᠴᠢᠨᠠᠷᠲᠠᠶ ᠠᠵᠢᠯ ᠳᠤ ᠰᠠᠶ᠋ᠢ ᠰᠠᠨᠠᠭᠠᠴᠢᠯᠠᠭᠠᠲᠤ ᠡᠷᠬᠡ ᠲᠠᠢ ᠪᠣᠯᠤᠨ᠎ᠠ᠃ | ᠰᠤᠷᠪᠤᠯᠵᠢᠯᠠᠬᠴᠢ ᠄ ᠨᠡᠶᠢᠭᠡᠮ ᠨᠡᠶᠢᠲᠡ ᠶᠢᠨ ᠬᠢᠨ ᠮᠠᠨ ᠤ ᠣᠷᠣᠨ ᠤ ᠰᠡᠷᠭᠡᠶᠢᠯᠡᠨ ᠡᠵᠡᠮᠳᠡᠬᠦ ᠡᠳ᠋ ᠪᠠᠷᠠᠭ᠎ᠠ | ᠪᠣᠯᠤᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠪᠠᠲᠤᠯᠠᠭ᠎ᠠ ᠶᠢᠨ ᠪᠠᠶᠢᠳᠠᠯ ᠢ ᠢᠮᠠᠭᠲᠠ ᠠᠩᠬᠠᠷᠤᠭᠰᠠᠭᠠᠷ | ᠢᠷᠡᠭᠰᠡᠨ ᠪᠥᠭᠡᠳ ᠥᠩᠭᠡᠷᠡᠭᠰᠡᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠠᠮᠢᠳᠤᠷᠠᠯ ᠤᠨ ᠴᠢᠬᠤᠯᠠ | ᠬᠡᠷᠡᠭᠯᠡᠭᠡᠨ ᠤ ᠵᠦᠢᠯ ᠤᠨ ᠪᠠᠲᠤᠯᠠᠭ᠎ᠠ ᠨᠢ ᠬᠦᠴᠦᠲᠡᠶ᠂ ᠬᠢᠵᠢᠭ ᠢ ᠰᠡᠷᠭᠡᠶᠢᠯᠡᠬᠦ ᠡᠳ᠋ ᠪᠠᠷᠠᠭ᠎ᠠ ᠨᠢ ᠴᠦ ᠪᠡᠯᠡᠳᠬᠡᠯ ᠲᠠᠢ | ᠪᠥᠭᠡᠳ ᠡᠮᠬᠢ ᠵᠠᠮᠪᠠᠷᠠᠭ᠎ᠠ ᠲᠠᠢ ᠭᠡᠰᠡᠨ ᠪᠠᠶᠢᠨ᠎ᠠ᠂ ᠲᠠᠭᠡᠪᠡᠯ ᠴᠠᠭᠠᠨ ᠰᠠᠷ᠎ᠠ ᠶᠢᠨ ᠠᠷᠪᠠᠨ ᠲᠠᠪᠤᠨ ᠠᠴᠠ ᠰᠡᠭᠦᠯᠡᠷ | ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠵᠡᠷᠭᠡ ᠪᠠᠶᠢᠳᠠᠯ ᠤᠨ ᠬᠤᠪᠢᠷᠠᠯᠲᠠ ᠶᠢ ᠳᠠᠭᠠᠯᠳᠤᠨ᠂ | ᠲᠠᠷᠠᠭᠠᠴᠢ ᠶᠢᠨ ᠠᠯᠬᠤᠮ ᠤᠨ ᠪᠠᠲᠤᠯᠠᠭ᠎ᠠ ᠶᠢᠨ ᠪᠠᠶᠢᠳᠠᠯ ᠨᠢ ᠶᠠᠮᠠᠷ ᠵᠡᠷᠭᠡ ᠪᠣᠶ︖ | ᠵᠢᠩ ᠢᠦᠶ ᠯᠢᠨ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ︶᠄ ᠥᠪᠡᠷᠲᠡᠭᠡᠨ ᠵᠠᠰᠠᠬᠤ ᠣᠷᠣᠨ ᠭᠡᠨᠡᠳᠲᠡ | ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠶᠡᠭᠡ ᠬᠡᠷᠡᠭ ᠤᠨ ᠨᠢᠭᠡᠳᠦᠭᠡᠷ ᠳᠡᠰ ᠤᠨ | ᠠᠵᠢᠯᠯᠠᠭ᠎ᠠ ᠶᠢ ᠡᠬᠢᠯᠡᠬᠦᠯᠥᠭᠰᠡᠨ ᠠᠴᠠ ᠨᠠᠭᠠᠰᠢ᠂ ᠪᠥᠬᠦ ᠣᠷᠣᠨ ᠤ ᠡᠯ᠎ᠡ ᠭᠠᠵᠠᠷ ᠤᠨ ᠬᠢᠨ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ᠰᠡᠷᠭᠡᠶᠢᠯᠡᠨ ᠡᠵᠡᠮᠳᠡᠬᠦ ᠡᠳ᠋ ᠪᠠᠷᠠᠭ᠎ᠠ ᠶᠢᠨ ᠪᠠᠲᠤᠯᠠᠭ᠎ᠠ ᠶᠢᠨ ᠠᠵᠢᠯ ᠤᠨ | ᠱᠠᠭᠠᠷᠳᠠᠯᠭ᠎ᠠ ᠶᠣᠰᠣᠭᠠᠷ᠂ ᠡᠳ᠋ ᠪᠠᠷᠠᠭᠠᠨ ᠤ ᠢᠷᠡᠯᠲᠡ ᠶᠢ ᠥᠷᠭᠡᠨ ᠢᠶᠠᠷ ᠵᠣᠬᠢᠶᠠᠨ ᠪᠠᠶᠢᠭᠤᠯᠵᠤ᠂ ᠠᠵᠤ ᠠᠬᠤᠶᠢᠯᠠᠯ | ᠤᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠵᠤ᠂ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ | ᠬᠠᠩᠭᠠᠯᠭ᠎ᠠ ᠪᠠ ᠦᠨᠳᠦᠰᠦᠨ ᠬᠡᠷᠡᠭᠴᠡᠭᠡ ᠶᠢ ᠪᠦᠲᠦᠮᠵᠢᠲᠡᠶ ᠪᠠᠲᠤᠯᠠᠪᠠ᠃ ᠭᠡᠪᠡᠴᠦ ᠡᠮᠨᠡᠯᠭᠡ ᠳᠤ ᠬᠡᠷᠡᠭᠯᠡᠬᠦ ᠠᠮᠠᠪᠴᠢ | ︵ᠭᠤᠣᠯᠳᠠᠭᠤ ᠡᠮᠴᠢᠯᠡᠭᠡᠨ ᠳᠤ ᠬᠡᠷᠡᠭᠯᠡᠬᠦ N95 ᠠᠮᠠᠪᠴᠢ᠂ ᠡᠮᠨᠡᠯᠭᠡ ᠳᠤ ᠬᠡᠷᠡᠭᠯᠡᠬᠦ ᠭᠠᠳᠠᠷ ᠰᠠᠯᠠᠭᠠᠨ ᠤ | ᠠᠮᠠᠪᠴᠢ︶᠂ ᠡᠮᠨᠡᠯᠭᠡ ᠳᠤ ᠬᠡᠷᠡᠭᠯᠡᠬᠦ ᠰᠡᠷᠭᠡᠶᠢᠯᠡᠨ ᠬᠠᠮᠠᠭᠠᠯᠠᠬᠤ ᠬᠤᠪᠴᠠᠰᠤ ᠪᠣᠯᠤᠨ ᠲᠤᠰᠠᠭᠠᠷᠯᠠᠬᠤ ᠬᠤᠪᠴᠠᠰᠤ᠂ | ᠨᠢᠳᠦ ᠬᠠᠮᠠᠭᠠᠯᠠᠬᠤ ᠰᠢᠯ ᠵᠡᠷᠭᠡ ᠬᠡᠰᠡᠭ ᠰᠡᠷᠭᠡᠶᠢᠯᠡᠨ ᠡᠵᠡᠮᠳᠡᠬᠦ ᠬᠡᠷᠡᠭᠰᠡᠯ ᠪᠠᠰᠠ ᠨᠡᠯᠢᠶᠡᠳ ᠳᠤᠲᠠᠭᠳᠠᠵᠤ᠂ ᠬᠢᠵᠢᠭ | ᠤᠨ ᠪᠠᠶᠢᠳᠠᠯ ᠤᠨ ᠬᠤᠪᠢᠷᠠᠯᠲᠠ ᠶᠢ ᠳᠠᠭᠠᠯᠳᠤᠨ᠂ ᠨᠠᠩ ᠣᠯᠠᠨ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠬᠦ ᠪᠠ | ᠠᠵᠢᠯᠲᠠᠨ ᠠᠵᠢᠯᠴᠢᠨ ᠤ ᠠᠵᠢᠯ ᠤᠨ ᠪᠠᠶᠢᠷᠢᠨ ᠳᠠᠭᠠᠨ ᠪᠤᠴᠠᠬᠤ ᠵᠠᠮ ᠳᠤ ᠰᠡᠷᠭᠡᠶᠢᠯᠡᠨ ᠡᠵᠡᠮᠳᠡᠬᠦ ᠬᠡᠷᠡᠭᠰᠡᠯ ᠤᠨ | ᠬᠡᠷᠡᠭᠴᠡᠭᠡ ᠤᠯᠠᠮ ᠨᠢᠭᠡ ᠠᠯᠬᠤᠮ ᠨᠡᠮᠡᠭᠳᠡᠬᠦ ᠪᠣᠯᠤᠨ᠎ᠠ᠃ ᠡᠭᠦᠨ ᠳᠤ ᠪᠢᠳᠡ ᠪᠡᠯᠡᠳᠬᠡᠬᠦ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠡᠳ᠋ ᠪᠣᠳᠠᠰ ᠤᠨ ᠬᠠᠩᠭᠠᠯᠭ᠎ᠠ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ | ᠨᠢᠭᠡ᠂ ᠵᠠᠬᠢᠶᠠᠯᠠᠨ ᠠᠪᠬᠤ ᠡᠳ᠋ ᠪᠣᠳᠠᠰ ᠢ ᠡᠷᠲᠡᠬᠡᠨ ᠠᠪᠴᠢᠷᠠᠬᠤ ᠶᠢ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ | ᠤ ᠲᠣᠰ ᠱᠠᠲᠤ ᠪᠠ ᠡᠯ᠎ᠡ ᠠᠶᠢᠮᠠᠭ ᠬᠤᠲᠠ ᠴᠥᠮ ᠵᠣᠬᠢᠬᠤ ᠲᠣᠭᠠᠨ ᠤ ᠰᠡᠷᠭᠡᠶᠢᠯᠡᠨ ᠡᠵᠡᠮᠳᠡᠬᠦ ᠡᠳ᠋ ᠪᠠᠷᠠᠭ᠎ᠠ | ᠵᠠᠬᠢᠶᠠᠯᠠᠨ ᠠᠪᠴᠠᠶ᠃ ᠬᠤᠶᠠᠷ᠂ ᠬᠠᠮᠢᠶ᠎ᠠ ᠪᠦᠬᠦᠢ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠶᠢ | ᠢᠳᠡᠪᠬᠢᠲᠡᠢ ᠠᠬᠢᠭᠤᠯᠤᠨ᠎ᠠ᠃ ᠪᠢᠳᠡ ᠠᠵᠤ ᠠᠬᠤᠶᠢᠯᠠᠯ ᠢ ᠢᠳᠡᠪᠬᠢᠲᠡᠶ ᠪᠠᠷ ᠬᠠᠪᠰᠤᠷᠴᠤ ᠬᠤᠪᠣᠷ ᠴᠤᠬᠠᠭ | ᠲᠦᠭᠦᠬᠡᠶ ᠮᠠᠲ᠋ᠧᠷᠢᠶᠠᠯ ᠤᠨ ᠬᠠᠩᠭᠠᠯᠭ᠎ᠠ᠂ ᠬᠥᠳᠡᠯᠮᠦᠷᠢ ᠬᠦᠴᠦᠨ ᠤ ᠬᠠᠩᠭᠠᠯᠭ᠎ᠠ᠂ ᠪᠡᠯᠡ ᠮᠥᠩᠭᠦᠨ ᠤ ᠪᠠᠲᠤᠯᠠᠭ᠎ᠠ᠂ | ᠬᠢᠷᠢ ᠬᠡᠮ ᠢ ᠰᠡᠷᠭᠦᠭᠡᠬᠦ ᠵᠡᠷᠭᠡ ᠲᠠᠯ᠎ᠠ ᠶᠢᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢᠨ ᠬᠠᠮᠲᠤ᠂ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠤᠨ ᠨᠢᠭᠡᠨ ᠳᠡᠳ᠋ ᠳᠠᠷᠤᠭ᠎ᠠ ᠲᠣᠬᠢᠷᠠᠭᠤᠯᠤᠨ ᠲᠤᠰ ᠬᠡᠷᠡᠭ | ᠢ ᠬᠠᠷᠢᠭᠤᠴᠠᠭᠤᠯᠵᠤ᠂ ᠵᠠᠷᠢᠮ ᠡᠮᠨᠡᠯᠭᠡ ᠳᠤ ᠬᠡᠷᠡᠭᠯᠡᠬᠦ ᠡᠳ᠋ ᠪᠣᠳᠠᠰ ᠢ ᠦᠢᠯᠡᠳᠪᠦᠷᠢᠯᠡᠬᠦ ᠠᠵᠤ ᠠᠬᠤᠶᠢᠯᠠᠯ ᠴᠤ ᠶᠠᠭ | ᠱᠠᠯᠠᠪᠳᠠᠨ ᠲᠦᠭᠦᠬᠡᠶ ᠮᠠᠲ᠋ᠧᠷᠢᠶᠠᠯ ᠬᠤᠳᠠᠯᠳᠤᠨ ᠠᠪᠴᠤ᠂ ᠦᠢᠯᠡᠳᠪᠦᠷᠢᠯᠡᠯ ᠢᠶᠠᠨ ᠵᠣᠬᠢᠶᠠᠨ ᠪᠠᠶᠢᠭᠤᠯᠵᠤ᠂ | ᠠᠰᠢᠭᠯᠠᠯᠲᠠ ᠳᠤ ᠣᠷᠣᠭᠤᠯᠤᠨ ᠪᠠᠷᠠᠭ᠎ᠠ ᠭᠠᠷᠭᠠᠵᠤ ᠪᠠᠶᠢᠨ᠎ᠠ᠃ ᠡᠭᠦᠨ ᠤ ᠬᠠᠮᠲᠤ᠂ ᠪᠢᠳᠡ ᠪᠠᠰᠠ ᠨᠥᠬᠦᠴᠡᠯ | ᠪᠦᠷᠢᠳᠦᠭᠰᠡᠨ ᠠᠵᠤ ᠠᠬᠤᠶᠢᠯᠠᠯ ᠤᠨ ᠦᠢᠯᠡᠳᠪᠦᠷᠢᠯᠡᠯ ᠢ ᠬᠤᠪᠢᠷᠠᠭᠤᠯᠵᠤ᠂ ᠡᠮᠴᠢᠯᠡᠭᠡᠨ ᠳᠤ ᠬᠡᠷᠡᠭᠯᠡᠬᠦ ᠬᠠᠮᠠᠭᠠᠯᠠᠯᠲᠠ | ᠶᠢᠨ ᠬᠡᠷᠡᠭᠰᠡᠯ ᠦᠢᠯᠡᠳᠪᠦᠷᠢᠯᠡᠬᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠪᠡ᠃ ᠭᠤᠷᠪᠠ᠂ ᠰᠡᠷᠭᠡᠶᠢᠯᠡᠨ | ᠡᠵᠡᠮᠳᠡᠬᠦ ᠡᠳ᠋ ᠪᠣᠳᠠᠰ ᠢ ᠰᠢᠨᠵᠢᠯᠡᠬᠦ ᠤᠬᠠᠭᠠᠨᠴᠢ ᠡᠮᠬᠢ ᠵᠢᠷᠤᠮ ᠲᠠᠢ ᠬᠤᠪᠢᠶᠠᠷᠢᠯᠠᠨ᠎ᠠ᠃ ᠪᠢᠳᠡ ᠪᠠᠴᠢᠮ ᠪᠠᠶᠢᠳᠠᠯ ᠢ | ᠠᠷᠭᠠᠴᠠᠭᠠᠬᠤ᠂ ᠭᠤᠤᠯᠳᠠᠯᠭ᠎ᠠ ᠶᠢ ᠪᠠᠲᠤᠯᠠᠬᠤ᠂ ᠪᠠᠭᠤᠷᠠᠶ ᠲᠠᠯ᠎ᠠ ᠶᠢ ᠪᠠᠲᠤᠯᠠᠬᠤ ᠬᠤᠪᠢᠶᠠᠷᠢᠯᠠᠯᠲᠠ ᠶᠢᠨ ᠵᠠᠷᠴᠢᠮ ᠢ | ᠪᠠᠷᠢᠮᠲᠠᠯᠠᠵᠤ᠂ ᠬᠢᠵᠢᠭ ᠢ ᠰᠡᠷᠭᠡᠶᠢᠯᠡᠬᠦ ᠠᠵᠢᠯ ᠤᠨ ᠰᠢᠨᠵᠢ ᠴᠢᠨᠠᠷ ᠪᠠ ᠳᠠᠭᠠᠳᠬᠠᠯ ᠬᠤᠪᠢᠶᠠᠬᠤ ᠵᠡᠷᠭᠡ ᠳᠡᠰ ᠢ | ᠦᠨᠳᠦᠰᠦᠯᠡᠨ᠂ ᠡᠯ᠎ᠡ ᠠᠶᠢᠮᠠᠭ ᠬᠤᠲᠠ ᠶᠢᠨ ᠬᠢᠨ ᠢ ᠱᠠᠭᠠᠷᠳᠠᠨ ᠪᠠᠴᠢᠮ ᠳᠤᠲᠠᠭᠳᠠᠵᠤ ᠪᠠᠶᠢᠭ᠎ᠠ ᠡᠮᠴᠢᠯᠡᠭᠡᠨ ᠤ ᠡᠳ᠋ | ᠪᠣᠳᠠᠰ ᠢ ᠬᠤᠪᠢᠶᠠᠷᠢᠯᠠᠬᠤ ᠲᠥᠰᠦᠯ ᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠡᠪᠡᠳᠴᠢᠨ ᠤ ᠵᠢᠱᠢᠶ᠎ᠡ ᠶᠢ | ᠬᠦᠯᠢᠶᠠᠨ ᠠᠪᠴᠤ ᠠᠪᠤᠷᠠᠨ ᠵᠠᠰᠠᠬᠤ ᠡᠮᠨᠡᠯᠭᠡ ᠶᠢᠨ ᠬᠤᠷᠢᠶ᠎ᠠ᠂ ᠲᠤᠰᠠᠭᠠᠷᠯᠠᠨ ᠠᠵᠢᠭᠯᠠᠬᠤ ᠡᠮᠨᠡᠯᠭᠡ ᠵᠢᠨᠬᠤᠷᠢᠶ᠎ᠠ᠂ | ᠭᠤᠤᠯᠳᠠᠯᠭ᠎ᠠ ᠲᠠᠢ ᠬᠢᠨᠠᠨ ᠡᠵᠡᠮᠳᠡᠬᠦ ᠣᠷᠣᠨ ᠪᠦᠰᠡ ᠪᠠ ᠰᠠᠭᠤᠭᠠᠯᠢ ᠠᠷᠠᠳ ᠤᠨ ᠲᠣᠭᠤᠷᠢᠭ᠂ ᠡᠯ᠎ᠡ ᠲᠥᠷᠥᠯ ᠤᠨ | ᠵᠠᠮ ᠬᠠᠷᠢᠯᠴᠠᠭᠠᠨ ᠤ ᠪᠠᠶᠢᠴᠠᠭᠠᠯᠲᠠ ᠶᠢᠨ ᠥᠷᠲᠡᠭᠡ ᠴᠡᠭ᠂ ᠬᠥᠮᠦᠨ ᠣᠯᠠᠨ ᠴᠤᠭᠯᠠᠷᠠᠬᠤ ᠭᠠᠵᠠᠷ ᠵᠡᠷᠭᠡ ᠶᠢᠨ | ᠳᠠᠷᠠᠭᠠᠯᠠᠯ ᠢᠶᠠᠷ ᠪᠠᠲᠤᠯᠠᠭ᠎ᠠ ᠬᠠᠩᠭᠠᠵᠤ᠂ ᠰᠡᠷᠭᠡᠶᠢᠯᠡᠨ ᠡᠵᠡᠮᠳᠡᠬᠦ ᠬᠢᠵᠠᠭᠠᠷ ᠲᠠᠢ ᠡᠳ᠋ ᠪᠣᠳᠠᠰ ᠢ ᠬᠠᠮᠤᠭ ᠤᠨ | ᠴᠢᠬᠤᠯᠠ ᠭᠠᠵᠠᠷ ᠲᠤ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ | ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠪᠠᠲᠤᠯᠠᠭ᠎ᠠ ᠶᠢᠨ ᠲᠠᠯ᠎ᠠ ᠪᠠᠷ᠂ ᠣᠳᠣᠬᠠᠨ ᠤ ᠪᠠᠶᠢᠳᠠᠯ | ᠠᠴᠠ ᠦᠵᠡᠪᠡᠯ ᠢᠳᠡᠰᠢᠨ ᠨᠣᠭᠤᠭ᠎ᠠ᠂ ᠮᠢᠬᠠᠨ ᠤ ᠵᠦᠢᠯ᠂ ᠠᠮᠤ ᠪᠤᠳᠠᠭ᠎ᠠ ᠲᠣᠰᠣ ᠵᠡᠷᠭᠡ ᠶᠢᠨ ᠦᠨ᠎ᠡ ᠬᠠᠩᠰᠢ | ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠂ ᠭᠡᠪᠡᠴᠦ ᠪᠠᠰᠠ ᠪᠠᠷᠠᠭᠠᠨ ᠤ ᠢᠷᠡᠯᠲᠡ ᠶᠢᠨ ᠵᠠᠮ ᠳᠠᠩ ᠴᠤᠯᠭᠤᠶ᠂ ᠪᠥᠭᠡᠮ | ᠢᠶᠠᠷ ᠬᠤᠳᠠᠯᠳᠤᠬᠤ ᠵᠠᠬ᠎ᠠ ᠳᠡᠯᠭᠡᠭᠦᠷ ᠠᠴᠠ ᠡᠭᠦᠳᠡᠨ ᠳᠡᠯᠭᠡᠭᠦᠷ ᠲᠤ ᠬᠦᠷᠴᠦ ᠳᠣᠭᠢᠷᠠᠭᠤᠯᠤᠨ ᠬᠦᠷᠭᠡᠬᠦ ᠳᠤ | ᠬᠦᠴᠢᠷᠲᠡᠶ᠂ ᠠᠵᠢᠯᠴᠢᠨ ᠬᠡᠷᠡᠭᠯᠡᠬᠦ ᠳᠤ ᠬᠦᠴᠢᠷᠳᠡᠵᠦ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ |