| | | 2 ᠰᠠᠷ᠎ᠠ ᠶᠢᠨ 16 ᠤ ᠡᠲᠦᠷ᠂ ᠦᠪᠡᠷᠳᠡᠭᠡᠨ ᠵᠠᠰᠠᠬᠤ ᠤᠷᠤᠨ ᠤ ᠰᠢᠨ᠎ᠠ ᠲᠢᠳᠢᠮᠯᠢᠭ ᠠᠭᠤᠰᠬᠢᠨ | ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠬᠦ ᠠᠵᠢᠯ ᠤᠨ ᠵᠢᠯᠤᠭᠤᠳᠬᠤ ᠭᠠᠵᠠᠷ ᠰᠤᠨᠢᠨ ᠮᠡᠳᠡᠭᠡ | ᠨᠠᠶᠢᠳᠠᠯᠠᠬᠦ ᠬᠤᠷᠠᠯ ᠬᠢᠵᠤ᠂ ᠦᠪᠡᠷᠲᠡᠭᠡᠨ ᠵᠠᠰᠬᠠᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠬ ᠪᠠ ᠨᠡᠶᠢᠭᠡᠮ | ᠤᠨ ᠪᠠᠲᠤᠯᠠᠭ᠎ᠠ ᠶᠢᠨ ᠲᠢᠩᠬᠢᠮ ᠤᠨ ᠲᠡᠳ᠋ ᠲᠠᠷᠤᠭ᠎ᠠ ᠸᠠᠩ ᠶᠠᠨ ᠹᠧᠩ᠂ ᠦᠪᠡᠷᠲᠡᠭᠡᠨ ᠵᠠᠰᠬᠠᠤ ᠤᠷᠤᠨ ᠤ ᠠᠵᠢᠯ | ᠤᠯᠭᠤᠬᠤ ᠦᠢᠯᠡᠴᠢᠯᠡᠭᠡᠨ ᠤ ᠲᠤᠪᠴᠢᠶ᠎ᠠ ᠶᠢᠨ ᠲᠠᠷᠤᠭ᠎ᠠ ᠸᠠᠩ ᠯᠢᠨ ᠲᠤᠰ ᠲᠤᠰ ᠬᠢᠵᠢᠭ ᠤᠨ ᠪᠠᠶᠢᠲᠠᠯ ᠤᠨ | ᠬᠤᠭᠤᠴᠠᠭᠠᠨ ᠳᠠᠬᠢ ᠬᠦᠲᠡᠯᠮᠦᠷᠢ ᠶᠢᠨ ᠬᠠᠷᠢᠴᠠᠭ᠎ᠠ ᠪᠠ ᠠᠵᠢᠯ ᠤᠯᠭᠤᠬᠤ ᠠᠰᠠᠭᠤᠲᠠᠯ ᠤᠨ ᠲᠤᠬᠠᠢ | ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠪᠠ᠃ | ᠰᠤᠷᠪᠤᠯᠵᠢᠯᠠᠬᠴᠢ᠄ ᠬᠢᠵᠢᠭ ᠤᠨ ᠪᠠᠶᠢᠲᠠᠯ ᠡᠭᠦᠰᠦᠭᠰᠡᠨ ᠠᠴᠠ ᠨᠠᠭᠠᠰᠢ᠂ ᠡᠯ᠎ᠡ ᠲᠦᠷᠦᠯ ᠤᠨ ᠠᠵᠢᠯ ᠤᠯᠬᠤ | ᠬᠦᠰᠡᠯ ᠲᠠᠢ ᠬᠦᠮᠦᠰ ᠠᠵᠢᠯ ᠤᠯᠭᠤᠬᠤ ᠶᠢ ᠮᠠᠰᠢ ᠠᠩᠬᠠᠷᠴᠤ ᠪᠠᠶᠢᠨ᠎ᠠ᠂ ᠤᠳᠤᠬᠠᠨ ᠳᠤ᠂ ᠮᠠᠨ ᠤ ᠤᠷᠤᠨ ᠤ | ᠠᠵᠢᠯ ᠤᠯᠭᠤᠯᠲᠠ ᠶᠢᠨ ᠪᠠᠶᠢᠲᠠᠯ ᠶᠠᠮᠠᠷ ᠪᠤᠢ︖ | ᠸᠠᠩ ᠯᠢᠨ᠄ ᠮᠠᠨ ᠤ ᠠᠵᠢᠯ ᠤᠯᠵᠣ ᠠᠵᠢᠯ ᠠᠯᠲᠠᠭᠰᠠᠨ ᠪᠠᠶᠢᠳᠠᠯ ᠤᠨ ᠬᠢᠨᠠᠨ ᠬᠡᠮᠵᠢᠯᠲᠡ ᠪᠠ ᠵᠠᠳᠠᠯᠤᠯᠲᠠ ᠶᠢ | ᠦᠨᠳᠦᠰᠦᠯᠡᠪᠡᠯ᠂ ᠬᠢᠵᠢᠭ ᠤᠨ ᠪᠠᠶᠢᠲᠠᠯ ᠤᠨ ᠨᠦᠯᠦᠭᠡ ᠠᠴᠠ ᠪᠤᠯᠵᠦ᠂ ᠬᠦᠲᠡᠯᠮᠦᠷᠢ ᠬᠦᠴᠦᠨ ᠤ ᠵᠠᠬ᠎ᠠ | ᠲᠡᠯᠭᠡᠭᠦᠷ ᠲᠤ ᠴᠦ ᠡᠲᠦᠷ ᠲᠡᠲᠦᠢ ᠬᠤᠪᠢᠷᠠᠯᠲᠠ ᠭᠠᠷᠴᠤ᠂ ᠬᠢᠵᠢᠭ ᠤᠨ ᠪᠠᠶᠢᠲᠠᠯ ᠤᠨ ᠨᠦᠯᠦᠭᠡ ᠶᠢ ᠬᠦᠨᠳᠦ | ᠬᠦᠷᠲᠡᠭᠰᠡᠨ ᠠᠵᠢᠯ ᠲᠦᠷᠦᠯ ᠠᠵᠦ ᠠᠬᠤᠢᠢᠯᠠᠯ ᠤᠨ ᠠᠵᠢᠯ ᠤᠨ ᠪᠠᠶᠢᠷᠢ ᠶᠢ ᠲᠤᠬᠲᠠᠪᠤᠷᠢᠵᠢᠭᠤᠯᠬᠤ ᠲᠠᠷᠤᠯᠲᠠ | ᠨᠡᠮᠡᠭᠲᠡᠵᠡᠢ᠃ ᠶᠡᠷᠦᠩᠬᠡᠢ ᠳᠤᠨᠢ ᠠᠪᠴᠤ ᠦᠵᠡᠪᠡᠯ᠂ ᠤᠳᠤᠬᠠᠨ ᠤ ᠠᠵᠢᠯ ᠣᠯᠭᠤᠬᠤ ᠪᠠᠶᠢᠲᠠᠯ ᠨᠡᠯᠢᠶᠡᠳ | ᠪᠤᠳᠤᠯᠢᠶᠠᠨᠲᠠᠢ ᠪᠦᠭᠡᠳ ᠬᠦᠨᠳᠦ ᠨᠤᠴᠢᠲᠠᠢ ᠪᠠᠶᠢᠨ᠎ᠠ᠂ ᠪᠦᠬᠦ ᠤᠷᠤᠨ ᠤ ᠠᠵᠢᠯ ᠣᠯᠭᠤᠬᠤ ᠪᠠᠶᠢᠲᠠᠯ | ᠶᠡᠷᠦᠩᠭᠡᠢ ᠳᠡᠭᠡᠨ ᠲᠤᠬᠲᠠᠭᠤᠨ ᠪᠠᠶᠢᠭ᠎ᠠ ᠦᠨᠳᠦᠰᠦᠨ ᠪᠠᠶᠢᠲᠠᠯ ᠬᠤᠪᠢᠷᠠᠭᠠᠳᠤᠢ ᠪᠠᠶᠢᠨ᠎ᠠ᠃ | ᠠᠯᠢ ᠤᠯᠠᠨ ᠢᠵᠢ ᠪᠦᠷᠢᠲᠦᠭᠰᠡᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠦᠢᠯᠡᠲᠦᠯ ᠢᠶᠠᠨ ᠡᠬᠢᠯᠡᠨ | ᠪᠠᠲᠠᠷᠠᠭᠤᠯᠵᠣ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠡᠪ ᠤᠨ ᠠᠵᠢᠯ ᠤᠯᠵᠣ ᠠᠵᠢᠯ ᠠᠯᠲᠠᠭᠰᠠᠨ ᠪᠠᠶᠢᠳᠠᠯ ᠢ | ᠪᠦᠷᠢᠳᠬᠡᠨ ᠵᠠᠳᠠᠯᠬᠤ ᠶᠢ ᠪᠠᠷᠢᠮᠲᠠᠯᠠᠬᠰᠠᠨ ᠤ ᠰᠠᠭᠤᠷᠢᠨ ᠲᠡᠭᠡᠷ᠎ᠡ᠂ 5000 ᠠᠵᠦ ᠠᠬᠤᠢᠢᠯᠠᠯ ᠤᠨ ᠠᠵᠢᠯ | ᠠᠯᠲᠠᠭᠰᠠᠨ ᠪᠠᠶᠢᠳᠠᠯ ᠢ ᠬᠦᠲᠡᠯᠦᠩᠬᠦᠢ ᠪᠠᠷ ᠬᠢᠨᠠᠨ ᠬᠡᠮᠵᠢᠬᠦ ᠶᠢ ᠦᠷᠭᠦᠯᠵᠢᠯᠡᠨ ᠬᠢᠵᠦ᠂ ᠴᠠᠭᠠᠨ ᠰᠠᠷ᠎ᠠ ᠶᠢᠨ | ᠲᠠᠷᠠᠭᠠᠬᠢ ᠠᠵᠢᠯ ᠤᠯᠭᠤᠭᠰᠠᠨ ᠪᠠᠶᠢᠲᠠᠯ ᠢ ᠲᠦᠷᠬᠡᠨ ᠪᠠᠶᠢᠴᠠᠭᠠᠬᠤ ᠬᠡᠪᠴᠢᠶ᠎ᠡ ᠶᠢ ᠦᠷᠭᠡᠳᠬᠡᠵᠦ᠂ ᠠᠵᠢᠯ | ᠣᠯᠭᠤᠭᠰᠠᠨ ᠪᠠᠶᠢᠳᠠᠯ᠂ ᠬᠦᠯᠦᠰᠦᠨ ᠮᠠᠯᠴᠢᠨ ᠲᠠᠷᠢᠶᠠᠴᠢᠨ ᠤ ᠰᠢᠯᠵᠢᠯᠲᠡ᠂ ᠬᠥᠮᠦᠨ ᠤ ᠬᠦᠴᠦᠨ ᠤ ᠡᠬᠢ ᠪᠠᠶᠠᠯᠢᠭ | ᠤᠨ ᠵᠠᠬ᠎ᠠ ᠳᠡᠯᠭᠡᠭᠦᠷ ᠵᠡᠷᠭᠡ ᠪᠠᠶᠢᠲᠠᠯ ᠢ ᠨᠢᠬᠲᠠ ᠬᠢᠨᠠᠨ ᠬᠡᠮᠵᠢᠬᠦ ᠪᠠ ᠰᠤᠳᠤᠯᠤᠨ ᠮᠠᠭᠠᠳᠯᠠᠵᠦ᠂ ᠠᠷᠭᠠᠴᠠᠭᠠᠬᠤ | ᠠᠷᠭ᠎ᠠ ᠬᠡᠮᠵᠢᠶ᠎ᠡ ᠶᠢ ᠤᠷᠢᠳᠴᠢᠯᠡᠨ ᠰᠤᠳᠤᠯᠵᠦ᠂ ᠰᠡᠷᠡᠮᠵᠢᠯᠡᠭᠦᠯᠬᠦ ᠲᠤᠬᠲᠠᠴᠠ ᠪᠠᠶᠢᠭᠤᠯᠤᠨ᠎ᠠ᠃ | ᠰᠤᠷᠪᠤᠯᠵᠢᠯᠠᠬᠴᠢ᠄ ᠦᠪᠡᠷᠲᠡᠭᠡᠨ ᠵᠠᠰᠬᠠᠤ ᠤᠷᠤᠨ ᠤ ᠨᠡᠶᠢᠲᠡᠯᠡᠭᠰᠡᠨ ᠠᠵᠢᠯ ᠤᠯᠭᠤᠬᠤ ᠶᠢ ᠱᠠᠲᠤᠴᠢ | ᠴᠢᠨᠠᠷᠲᠠᠢ ᠲᠡᠮᠵᠢᠬᠦ ᠲᠦᠷᠦ ᠶᠢᠨ ᠪᠤᠳᠤᠯᠭ᠎ᠠ ᠶᠢ ᠲᠠᠨᠢᠯᠴᠠᠭᠤᠯᠤᠭᠠᠳ ᠦᠭᠭᠦᠨ᠎ᠡ ᠤᠤ︖ | ᠸᠠᠩ ᠯᠢᠨ ᠄ ᠬᠢᠵᠢᠭ ᠤᠨ ᠪᠠᠶᠢᠲᠠᠯ ᠡᠭᠦᠰᠦᠭᠰᠡᠨ ᠠᠴᠠ ᠨᠠᠭᠠᠰᠢ᠂ ᠦᠪᠡᠷᠲᠡᠭᠡᠨ ᠵᠠᠰᠬᠠᠤ ᠤᠷᠤᠨ ᠱᠠᠲᠤᠴᠢ | ᠴᠢᠨᠠᠷᠲᠠᠢ ᠤᠨᠴᠠᠭᠠᠢ ᠲᠦᠷᠦ ᠶᠢᠨ ᠪᠤᠳᠤᠯᠭ᠎ᠠ ᠬᠡᠷᠡᠭᠵᠢᠭᠦᠯᠦᠨ ᠲᠡᠮᠵᠢᠵᠦ ᠪᠠᠶᠢᠭ᠎ᠠ ᠨᠢ ᠲᠠᠷᠤᠢ ᠬᠡᠮᠵᠢᠶ᠎ᠡ ᠶᠢ | ᠬᠠᠲᠠᠭᠠᠯᠠᠵᠦ᠂ ᠨᠡᠮᠡᠭᠲᠡᠯ ᠢ ᠠᠬᠢᠭᠤᠯᠬᠤ ᠶᠢᠨ ᠲᠦᠯᠦᠭᠡ ᠶᠤᠮ᠃ | ᠨᠢᠭᠡ᠂ ᠠᠵᠦ ᠠᠬᠤᠢᠢᠯᠠᠯ ᠢ ᠳᠡᠮᠵᠢᠨ ᠠᠵᠢᠯ ᠤᠨ ᠪᠠᠶᠢᠷᠢ ᠶᠢ ᠲᠤᠬᠲᠠᠪᠤᠷᠢᠵᠢᠭᠤᠯᠬᠤ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠦᠨ᠎ᠡ᠃ | ᠬᠤᠶᠠᠷ᠂ ᠭᠤᠤᠯᠲᠠᠯᠭ᠎ᠠ ᠲᠠᠢ ᠠᠵᠦ ᠠᠬᠤᠢᠢᠯᠠᠯ ᠤᠨ ᠠᠵᠢᠯᠴᠢᠨ ᠬᠡᠷᠡᠭᠯᠡᠬᠦ ᠶᠢ ᠪᠠᠲᠤᠯᠠᠨ᠎ᠠ᠃ | ᠭᠤᠷᠪᠠ᠂ ᠰᠦᠯᠵᠢᠶᠡᠨ ᠲᠡᠭᠡᠷᠡᠬᠢ ᠠᠵᠢᠯ ᠮᠡᠷᠭᠡᠵᠢᠯ ᠤᠨ ᠪᠤᠯᠪᠠᠰᠤᠷᠠᠯ ᠢ ᠢᠲᠡᠪᠬᠢᠲᠡᠢ ᠪᠠᠷ ᠬᠦᠲᠦᠯᠦᠨ | ᠵᠢᠯᠤᠭᠤᠳᠴᠤ ᠵᠤᠬᠢᠶᠠᠨ ᠪᠠᠶᠢᠭᠤᠯᠤᠨ᠎ᠠ᠃ | ᠲᠦᠷᠪᠡ᠂ ᠦᠢᠯᠡᠰ ᠪᠤᠰᠬᠠᠬᠤ ᠪᠠᠷ ᠠᠵᠢᠯ ᠤᠯᠭᠤᠬᠤ ᠶᠢ ᠲᠠᠶᠢᠴᠢᠯᠠᠨ ᠲᠡᠮᠵᠢᠬᠦ ᠡᠷᠴᠢᠮ ᠢᠶᠠᠨ | ᠴᠢᠩᠭᠠᠷᠠᠭᠤᠯᠤᠨ᠎ᠠ᠃ | ᠲᠠᠪᠤ᠂ ᠠᠮᠢᠳᠤᠯᠢᠬ ᠢᠶᠠᠷ ᠠᠵᠢᠯᠴᠢᠨ ᠬᠡᠷᠡᠭᠯᠡᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠃ | ᠰᠤᠷᠪᠤᠯᠵᠢᠯᠠᠬᠴᠢ᠄ ᠠᠵᠢᠯ ᠣᠯᠭᠤᠬᠤ ᠦᠢᠯᠡᠴᠢᠯᠡᠭᠡᠨ ᠤ ᠲᠠᠯ᠎ᠠ ᠪᠠᠷ ᠶᠠᠮᠠᠷ ᠠᠷᠭᠠᠴᠠᠭᠠᠬᠤ ᠬᠡᠮᠵᠢᠶ᠎ᠡ | ᠠᠪᠤᠭᠰᠠᠨ ᠪᠣᠶ︖ | ᠸᠠᠩ ᠯᠢᠨ᠄ ᠨᠢᠭᠡ᠂ ᠰᠦᠯᠵᠢᠶᠡᠨ ᠳᠡᠭᠡᠷ᠎ᠠ ᠠᠵᠢᠯᠴᠢᠨ ᠡᠯᠰᠡᠬᠦ ᠠᠵᠢᠯᠯᠠᠭ᠎ᠠ ᠶᠢ ᠶᠡᠭᠡ ᠪᠠᠷ ᠥᠷᠨᠢᠭᠦᠯᠦᠨ᠎ᠡ᠃ | ᠪᠦᠬᠦ ᠣᠷᠣᠨ ᠤ ᠡᠯ᠎ᠡ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠶᠢᠨ | ᠰᠦᠯᠵᠢᠶᠡᠨ ᠳᠡᠭᠡᠷᠡᠬᠢ ᠦᠢᠯᠡᠴᠢᠯᠡᠭᠡᠨ ᠤ ᠴᠢᠳᠠᠮᠵᠢ ᠶᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠬᠦᠴᠦᠨ ᠤ | ᠡᠷᠬᠢᠯᠡᠭᠰᠡᠨ ᠡᠯ᠎ᠡ ᠲᠥᠷᠥᠯ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢ | ᠢᠳᠡᠪᠬᠢᠲᠡᠶ ᠬᠦᠳᠦᠯᠦᠨ ᠵᠢᠯᠣᠭᠤᠳᠴᠤ᠂ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠬᠥᠳᠡᠯᠦᠩᠭᠦᠶ ᠪᠠᠷ | ᠨᠡᠶᠢᠲᠡᠯᠡᠨ᠎ᠠ᠃ ᠬᠤᠶᠠᠷ᠂ ᠰᠦᠯᠵᠢᠶᠡᠨ ᠳᠡᠭᠡᠷᠡᠬᠢ ᠲᠠᠩᠬᠢᠮ᠂ ᠰᠦᠯᠵᠢᠶᠡᠨ ᠳᠡᠭᠡᠷᠡᠬᠢ ᠭᠦᠢᠴᠡᠳᠬᠡᠬᠦ ᠴᠢᠳᠠᠮᠵᠢ ᠶᠢ | ᠪᠠᠳᠠᠷᠠᠭᠤᠯᠤᠨ᠎ᠠ᠃ ᠰᠦᠯᠵᠢᠶᠡᠨ ᠳᠡᠭᠡᠷ᠎ᠡ ᠲᠤᠬᠠᠶᠢᠯᠠᠭᠰᠠᠨ ᠠᠵᠢᠯ ᠭᠦᠢᠴᠡᠳᠬᠡᠬᠦ᠂ ᠤᠷᠢᠨ ᠡᠯᠰᠡᠬᠦ ᠦᠢᠯᠡᠴᠢᠯᠡᠭᠡ᠂ | ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ︽ᠭᠤᠷᠪᠠᠨ ᠵᠢᠭᠰᠠᠭᠠᠯᠲᠠ︾ ᠨᠡᠶᠢᠲᠡᠯᠡᠵᠤ᠂ ᠬᠥᠮᠦᠨ | ᠬᠡᠷᠡᠭᠯᠡᠬᠦ ᠨᠢᠭᠡᠴᠢ ᠪᠠ ᠬᠥᠳᠡᠯᠮᠦᠷᠢᠴᠢᠳ ᠢ ᠬᠥᠲᠥᠯᠥᠨ ᠵᠢᠯᠣᠭᠤᠳᠴᠤ ᠥᠪᠡᠷᠲᠡᠭᠡᠨ ᠵᠠᠰᠠᠬᠤ ᠣᠷᠣᠨ ᠤ ᠠᠵᠢᠯ | ᠣᠯᠭᠤᠬᠤ ᠰᠦᠯᠵᠢᠶᠡᠨ ᠤ ᠦᠢᠯᠡᠴᠢᠯᠡᠭᠡᠨ ᠤ ᠲᠠᠩᠬᠢᠮ ᠳᠤ ᠬᠠᠮᠢᠶ᠎ᠠ ᠪᠦᠬᠦᠢ ᠠᠵᠢᠯ ᠣᠯᠭᠤᠬᠤ ᠦᠢᠯᠡᠴᠢᠯᠡᠭᠡᠨ ᠤ | ᠲᠤᠬᠠᠶᠢᠯᠠᠭᠰᠠᠨ ᠠᠵᠢᠯ ᠢ ᠭᠦᠢᠴᠡᠳᠬᠡᠯᠭᠡᠨ᠎ᠡ᠃ ᠭᠤᠷᠪᠠ᠂ ᠭᠤᠤᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ | ᠦᠢᠯᠡᠴᠢᠯᠡᠭᠡ ᠶᠢ ᠳᠣᠪᠤᠶᠢᠯᠭᠠᠨ᠎ᠠ᠃ | ᠰᠤᠷᠪᠤᠯᠵᠢᠯᠠᠭᠴᠢ᠄ ᠲᠡᠭᠡᠪᠡᠯ ᠬᠥᠳᠡᠯᠮᠦᠷᠢᠴᠢᠳ ᠢ ᠬᠠᠮᠠᠭᠠᠯᠠᠬᠤ ᠲᠠᠯ᠎ᠠ ᠪᠠᠷ ᠶᠠᠮᠠᠷ ᠪᠣᠳᠠᠲᠠᠶ ᠲᠣᠬᠢᠷᠠᠭᠤᠯᠤᠯᠲᠠ | ᠬᠢᠭᠰᠡᠨ ᠪᠤᠢ︖ | ᠸᠠᠩ ᠯᠢᠨ᠄ ᠨᠢᠭᠡ ᠳᠤ᠂ ᠬᠥᠳᠡᠯᠮᠦᠷᠢᠴᠢᠳ ᠢ ᠬᠥᠲᠥᠯᠥᠨ ᠵᠢᠯᠣᠭᠤᠳᠴᠤ ᠡᠷᠡᠭᠦᠯ ᠬᠠᠮᠠᠭᠠᠯᠠᠯ ᠤᠨ ᠠᠵᠢᠯ ᠢ | ᠰᠠᠶᠢᠲᠤᠷ ᠬᠢᠨ᠎ᠠ᠃ ᠡᠯ᠎ᠡ ᠭᠠᠵᠠᠷ ᠤᠨ ᠬᠢᠨ ᠢ ᠬᠦᠳᠦᠯᠦᠨ ᠵᠢᠯᠣᠭᠤᠳᠴᠤ ᠮᠠᠯᠴᠢᠨ ᠲᠠᠷᠢᠶᠠᠴᠢᠳ ᠲᠤ ᠵᠤᠷᠢᠭᠤᠯᠤᠨ | ᠰᠡᠷᠭᠡᠶᠢᠯᠡᠬᠦ ᠭᠠᠷ ᠠᠪᠣᠯᠭ᠎ᠠ ᠨᠠᠶᠢᠷᠠᠭᠤᠯᠤᠨ ᠲᠠᠷᠬᠠᠭᠠᠵᠤ᠂ ᠭᠤᠤᠯᠳᠠᠯᠭ᠎ᠠ ᠲᠠᠢ ᠬᠢᠵᠢᠭ ᠤᠨ ᠣᠷᠣᠨ ᠠᠴᠠ | ᠨᠤᠲᠤᠭ ᠲᠠᠭᠠᠨ ᠪᠤᠴᠠᠭᠰᠠᠨ ᠬᠥᠳᠡᠯᠮᠦᠷᠢᠴᠢᠳ ᠲᠤ ᠲᠣᠬᠤᠨᠢᠭᠤᠯᠬᠤ ᠴᠠᠬᠢᠮ ᠮᠡᠳᠡᠭᠡ᠂ ᠠᠯᠪᠠᠨ ᠵᠠᠷ ᠶᠠᠪᠤᠭᠤᠯᠬᠤ | ᠵᠡᠷᠭᠡ ᠬᠡᠯᠪᠡᠷᠢ ᠪᠠᠷ ᠲᠡᠳᠡᠨ ᠤ ᠡᠷᠡᠭᠦᠯ ᠮᠡᠨᠳᠦ ᠪᠠ ᠠᠮᠢᠳᠤᠷᠠᠯ ᠤᠨ ᠪᠠᠶᠢᠳᠠᠯ ᠢ ᠨᠢ ᠬᠠᠯᠠᠮᠵᠢᠯᠠᠵᠤ᠂ ᠲᠣᠬᠤᠨᠢᠭᠤᠯᠬᠤ | ᠪᠠ ᠵᠢᠯᠣᠭᠤᠳᠬᠤ ᠠᠵᠢᠯ ᠢ ᠳᠣᠬᠢᠳᠠᠢ ᠬᠢᠨ᠎ᠡ᠃ | ᠬᠤᠶᠠᠷ ᠲᠤ᠂ ᠠᠵᠤ ᠠᠬᠤᠶᠢᠯᠠᠯ ᠢ ᠬᠦᠳᠦᠯᠦᠨ ᠵᠢᠯᠣᠭᠤᠳᠴᠣ ᠡᠷᠡᠭᠦᠯ ᠬᠠᠮᠠᠭᠠᠯᠠᠯ ᠤᠨ ᠠᠵᠢᠯ ᠢ ᠰᠠᠶᠢᠲᠤᠷ | ᠬᠢᠨ᠎ᠡ᠃ ᠠᠵᠤ ᠠᠬᠤᠶᠢᠯᠠᠯ ᠠᠵᠢᠯ ᠲᠥᠷᠥᠯ ᠢᠯᠠᠩᠭᠤᠶ᠎ᠠ ᠬᠥᠳᠡᠯᠮᠦᠷᠢ ᠬᠦᠴᠦ ᠨᠢᠭᠲᠠᠷᠠᠭᠰᠠᠨ ᠬᠡᠯᠪᠡᠷᠢ ᠶᠢᠨ ᠠᠵᠤ | ᠠᠬᠤᠶᠢᠯᠠᠯ ᠤᠨ ᠠᠳᠠᠯᠢ ᠪᠤᠰᠤ ᠣᠨᠴᠠᠯᠢᠭ ᠲᠤ ᠴᠢᠭᠯᠡᠭᠦᠯᠦᠨ᠂ ᠡᠷᠡᠭᠦᠯ ᠬᠠᠮᠠᠭᠠᠯᠠᠯ ᠢ ᠪᠠᠶᠢᠴᠠᠭᠠᠨ ᠰᠢᠯᠭᠠᠬᠤ | ᠬᠡᠮᠵᠢᠭᠦᠷᠯᠢᠭ ᠵᠢᠴᠢ ᠡᠮ ᠤᠨ ᠵᠦᠢᠯ ᠤᠨ ᠲᠣᠬᠢᠷᠠᠭᠤᠯᠤᠯᠲᠠ ᠵᠡᠷᠭᠡ ᠠᠵᠢᠯ ᠢ ᠰᠠᠶᠢᠲᠤᠷ ᠬᠢᠵᠦ᠂ ᠬᠥᠳᠡᠯᠮᠦᠷᠢᠴᠢᠳ | ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ᠂ ᠴᠢᠬᠤᠯᠠ ᠪᠦᠬᠦᠢ ᠰᠡᠷᠭᠡᠶᠢᠯᠡᠨ ᠬᠠᠮᠠᠭᠠᠯᠠᠬᠤ | ᠠᠷᠭ᠎ᠠ ᠬᠡᠮᠵᠢᠶ᠎ᠡ ᠬᠠᠩᠭᠠᠨ᠎ᠠ᠃ | ᠰᠤᠷᠪᠤᠯᠵᠢᠯᠠᠭᠴᠢ᠄ ᠤᠶᠤᠲᠠᠳ ᠲᠤ ᠠᠵᠢᠯ ᠣᠯᠭᠤᠬᠤ ᠪᠣᠯ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ | ᠭᠤᠤᠯᠳᠠᠯᠭ᠎ᠠ ᠮᠥᠨ᠂ ᠣᠳᠣᠬᠠᠨ ᠪᠤᠯ ᠶᠠᠭ ᠤᠶᠤᠲᠠᠳ ᠲᠤ ᠠᠵᠢᠯ ᠣᠯᠭᠤᠬᠤ ᠤᠯᠠᠷᠢᠯ᠂ ᠥᠪᠡᠷᠲᠡᠭᠡᠨ ᠵᠠᠰᠠᠬᠤ | ᠣᠷᠣᠨ ᠠᠴᠠ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠤᠶᠤᠲᠠᠳ ᠲᠤ ᠠᠵᠢᠯ ᠣᠯᠭᠤᠬᠤ ᠲᠠᠯ᠎ᠠ ᠪᠠᠷ ᠶᠠᠮᠠᠷ | ᠪᠣᠳᠠᠲᠠᠶ ᠠᠷᠭ᠎ᠠ ᠬᠡᠮᠵᠢᠶ᠎ᠡ ᠠᠪᠬᠤ ᠪᠤᠢ︖ | ᠸᠠᠩ ᠯᠢᠨ᠄ ᠨᠢᠭᠡ ᠳᠤ᠂ ᠰᠦᠯᠵᠢᠶᠡᠨ ᠳᠡᠭᠡᠷ᠎ᠡ ᠠᠵᠢᠯᠲᠠᠨ ᠡᠯᠰᠡᠨ᠎ᠠ᠃ ᠲᠤᠬᠠᠶ ᠶᠢᠨ ᠲᠠᠯᠠᠪᠠᠶ ᠶᠢᠨ ᠤᠷᠢᠬᠤ | ᠠᠵᠢᠯᠯᠠᠭ᠎ᠠ ᠶᠢ ᠲᠦᠷ ᠵᠣᠭᠰᠣᠭᠠᠵᠤ᠂ ᠤᠤᠯ ᠤᠨ ᠲᠤᠭᠲᠠᠭᠰᠠᠨ 2 ᠰᠠᠷ᠎ᠠ ᠶᠢᠨ 29 ᠠᠴᠠ 3 ᠰᠠᠷ᠎ᠠ ᠶᠢᠨ 1 ᠤ | ᠡᠳᠦᠷ ᠪᠣᠯᠲᠠᠯ᠎ᠠ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠡᠷᠭᠢᠯᠡᠬᠦ ᠪᠠᠷ | ᠪᠠᠶᠢᠭᠰᠠᠨ ︽2020 ᠣᠨ ᠤ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ | ᠣᠯᠭᠤᠬᠤ ᠵᠥᠪᠳᠡᠯᠴᠡᠭᠡᠷ ᠤᠨ ᠴᠣᠭᠯᠠᠭᠠᠨ ᠵᠢᠴᠢ ᠬᠠᠪᠤᠷ ᠤᠨ ᠤᠯᠠᠷᠢᠯ ᠤᠨ ᠴᠢᠳᠠᠪᠤᠷᠢᠲᠠᠨ ᠤ ᠡᠭᠦᠯᠡᠨ | ᠦᠢᠯᠡᠴᠢᠯᠡᠭᠡ ᠶᠢᠨ ᠰᠣᠯᠢᠯᠴᠠᠬᠤ ᠬᠤᠷᠠᠯ︾ ᠢ ︽2020 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠰᠦᠯᠵᠢᠶᠡᠨ ᠳᠡᠭᠡᠷ᠎ᠡ ᠡᠯᠰᠡᠬᠦ ᠰᠠᠷ᠎ᠠ ᠶᠢᠨ ᠠᠵᠢᠯᠯᠠᠭ᠎ᠠ | ᠵᠢᠴᠢ ᠬᠠᠪᠤᠷ ᠤᠨ ᠤᠯᠠᠷᠢᠯ ᠤᠨ ᠰᠦᠯᠵᠢᠶᠡᠨ ᠳᠡᠭᠡᠷ᠎ᠡ ᠡᠯᠰᠡᠬᠦ ᠬᠤᠷᠠᠯ︾ ᠪᠣᠯᠭᠠᠨ ᠥᠭᠡᠷᠡᠴᠢᠯᠡᠵᠦ᠂ ᠴᠠᠭ ᠢ ᠨᠢ 2 | ᠰᠠᠷ᠎ᠠ ᠶᠢᠨ 21 ᠠᠴᠠ 3 ᠰᠠᠷ᠎ᠠ ᠶᠢᠨ 7 ᠤ ᠡᠳᠦᠷ ᠪᠣᠯᠭᠠᠨ ᠲᠣᠬᠢᠷᠠᠭᠤᠯᠵᠤ᠂ 16 ᠡᠳᠦᠷ ᠤᠷᠲᠤᠳᠬᠠᠪᠠ᠃ | ᠡᠭᠦᠨ ᠤ ᠬᠠᠮᠲᠤ᠂ ᠶᠡᠭᠡ ᠳᠡᠭᠡᠳᠦ ᠰᠤᠷᠭᠠᠭᠤᠯᠢ ᠪᠠ ᠬᠥᠮᠦᠨ ᠬᠡᠷᠡᠭᠯᠡᠬᠦ ᠨᠢᠭᠡᠴᠢ ᠶᠢᠨ ᠢᠨᠲ᠋ᠧᠷ ᠰᠦᠯᠵᠢᠶ᠎ᠡ ᠶᠢ | ᠠᠰᠢᠬᠯᠠᠨ ᠬᠠᠩᠭᠠᠯᠭ᠎ᠠ ᠬᠡᠷᠡᠭᠴᠡᠭᠡ ᠪᠠᠨ ᠵᠣᠯᠭᠠᠭᠤᠯᠬᠤ ᠶᠢ ᠵᠣᠷᠢᠭᠵᠢᠭᠤᠯᠵᠤ᠂ ᠰᠦᠯᠵᠢᠶᠡᠨ ᠳᠡᠭᠡᠷ᠎ᠡ ᠨᠢᠭᠤᠷᠲᠠᠨ | ᠰᠢᠯᠭᠠᠬᠤ᠂ ᠰᠦᠯᠵᠢᠶᠡᠨ ᠳᠡᠭᠡᠷ᠎ᠡ ᠭᠡᠷ᠎ᠡ ᠲᠣᠭᠲᠠᠬᠤ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠶᠢ ᠬᠡᠷᠡᠭᠵᠢᠭᠦᠯᠦᠨ᠎ᠠ᠃ | | ᠬᠤᠶᠠᠷ ᠲᠤ᠂ ᠰᠦᠯᠵᠢᠶᠡᠨ ᠳᠡᠭᠡᠷ᠎ᠠ ᠦᠢᠯᠡᠰ ᠪᠤᠰᠬᠠᠬᠤ ᠪᠣᠯᠪᠠᠰᠤᠷᠠᠯ ᠡᠷᠬᠢᠯᠡᠨ᠎ᠠ᠃ ︽ᠠᠵᠢᠯ ᠣᠯᠭᠤᠵᠤ | ᠦᠢᠯᠡᠰ ᠪᠤᠰᠬᠠᠬᠤ ᠦᠢᠯᠡᠴᠢᠯᠡᠭᠡᠨ ᠤ ᠵᠠᠮᠴᠢᠯᠠᠭᠤᠷ︾ ᠵᠢᠷᠭᠢᠶ᠎ᠠ ᠶᠢᠨ ᠣᠯᠠᠨ ᠨᠡᠶᠢᠲᠡ ᠶᠢᠨ ᠲᠠᠪᠴᠠᠩ ︽ᠳ᠋ᠦᠩ | ᠶᠦᠨ ᠴᠢ ᠴᠤᠸᠠᠩ ᠳᠠᠭᠤᠷᠢᠶᠠᠮᠠᠯ ᠪᠣᠯᠪᠠᠰᠤᠷᠠᠯ ᠤᠨ ᠰᠢᠰᠲ᠋ᠧᠮ︾ ᠳᠤ ᠲᠦᠰᠢᠭᠯᠡᠨ ᠦᠢᠯᠡᠰ ᠪᠤᠰᠬᠠᠬᠤ ᠪᠣᠯᠪᠠᠰᠤᠷᠠᠯ | ᠢ ᠢᠳᠡᠪᠬᠢᠲᠡᠶ ᠥᠷᠨᠢᠭᠦᠯᠦᠨ᠎ᠡ᠃ | ᠭᠤᠷᠪᠠ ᠳᠤ᠂ ᠲᠥᠷᠥ ᠶᠢᠨ ᠪᠣᠳᠣᠯᠭ᠎ᠠ ᠪᠠᠷ ᠲᠡᠳᠬᠦᠬᠦ ᠶᠢ ᠴᠢᠩᠭᠠᠳᠬᠠᠨ᠎ᠠ᠃ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠴᠢᠮ ᠬᠡᠷᠡᠭᠰᠡᠬᠦ ᠡᠳ᠋ ᠪᠣᠳᠠᠰ ᠢ ᠦᠢᠯᠡᠳᠪᠦᠷᠢᠯᠡᠵᠦ᠂ ᠲᠣᠬᠢᠷᠠᠭᠤᠯᠤᠨ ᠬᠦᠷᠭᠡᠵᠤ ᠪᠠᠶᠢᠭ᠎ᠠ | ᠠᠵᠤ ᠠᠬᠤᠶᠢᠯᠠᠯ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠨᠢᠭᠡ ᠤᠶᠤᠲᠠᠨ ᠳᠤ ᠠᠵᠢᠯ ᠣᠯᠭᠤᠵᠤ 1 ᠵᠢᠯ ᠠᠴᠠ | ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠬᠤ ᠶᠢᠨ ᠬᠠᠮᠲᠤ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ | ᠰᠦᠢᠳᠬᠡᠯ ᠲᠤᠰᠢᠶᠠᠭᠰᠠᠨ ᠪᠣᠯ᠂ ᠠᠵᠤ ᠠᠬᠤᠶᠢᠯᠠᠯ ᠳᠤ ᠬᠥᠮᠦᠨ ᠪᠦᠷᠢ 1000 ᠲᠥᠭᠦᠷᠢᠭ ᠤᠨ ᠶᠤᠰᠤᠭᠠᠷ ᠨᠢᠭᠡ | ᠤᠳᠠᠭ᠎ᠠ ᠶᠢᠨ ᠴᠢᠨᠠᠷᠲᠠᠶ ᠠᠵᠢᠯ ᠣᠯᠭᠤᠭᠰᠠᠨ ᠨᠥᠬᠦᠪᠥᠷᠢ ᠣᠯᠭᠤᠨ᠎ᠠ᠃ ᠡᠵᠡᠩᠨᠡᠯᠲᠡ ᠶᠢᠨ ᠴᠢᠨᠠᠷᠲᠠᠶ ᠬᠥᠮᠦᠨ ᠤ | ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ | ᠵᠣᠬᠢᠶᠠᠨ ᠪᠠᠶᠢᠭᠤᠯᠤᠨ ᠠᠵᠤ ᠠᠬᠤᠶᠢᠯᠠᠯ ᠳᠤ ᠣᠴᠢᠭᠤᠯᠵᠤ ᠠᠵᠢᠯ ᠣᠯᠭᠤᠬᠤ ᠶᠢᠨ ᠬᠠᠮᠲᠤ 1 ᠵᠢᠯ ᠠᠴᠠ ᠳᠡᠭᠡᠭᠰᠢ | ᠬᠥᠳᠡᠯᠮᠦᠷᠢ ᠶᠢᠨ ᠭᠡᠷ᠎ᠡ ᠲᠣᠭᠲᠠᠵᠤ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠪᠣᠯ ᠬᠥᠮᠦᠨ | ᠪᠦᠷᠢ ᠳᠤ 100 ᠲᠥᠭᠦᠷᠢᠭ ᠤᠨ ᠠᠵᠢᠯ ᠣᠯᠭᠤᠨ ᠦᠢᠯᠡᠰ ᠪᠤᠰᠬᠠᠬᠰᠠᠨ ᠦᠢᠯᠡᠴᠢᠯᠡᠭᠡᠨ ᠤ ᠨᠥᠬᠦᠪᠥᠷᠢ | ᠣᠯᠭᠤᠨ᠎ᠠ᠃ | ᠰᠤᠷᠪᠤᠯᠵᠢᠯᠠᠬᠴᠢ᠄ ᠠᠵᠤ ᠠᠬᠤᠢᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠤᠷᠢᠯᠡᠯ ᠢᠶᠠᠨ ᠰᠡᠷᠭᠦᠭᠡᠬᠦ ᠶᠢ | ᠲᠠᠭᠠᠯᠳᠤᠨ ᠬᠦᠯᠦᠰᠦᠨ ᠠᠵᠢᠯᠴᠢᠨ ᠬᠤᠳᠠ ᠳᠤ ᠪᠤᠴᠠᠵᠤ ᠠᠵᠢᠯ ᠤᠨ ᠪᠠᠶᠢᠷᠢ ᠳᠠᠭᠠᠨ ᠪᠤᠴᠠᠬᠤ ᠪᠤᠯᠤᠨ᠎ᠠ᠃ | ᠬᠦᠯᠦᠰᠦᠨ ᠠᠵᠢᠯᠴᠢᠨ ᠤ ᠬᠠᠮᠢᠶᠠᠷᠤᠯᠳᠠ ᠦᠢᠯᠡᠴᠢᠯᠡᠭᠡᠨ ᠤ ᠲᠠᠯ᠎ᠠ ᠪᠠᠷ ᠠᠵᠤ ᠠᠬᠤᠢᠢᠯᠠᠯ ᠳᠤ ᠶᠠᠮᠠᠷ | ᠱᠠᠭᠠᠷᠳᠠᠯᠭ᠎ᠠ ᠲᠠᠢ ᠪᠤᠢ︖ | ᠸᠡᠩ ᠯᠢᠨ᠄ ᠨᠢᠭᠡ ᠳᠤ᠂ ᠠᠵᠢᠯ ᠢᠶᠠᠨ ᠰᠡᠷᠭᠦᠬᠡᠵᠦ ᠦᠢᠯᠡᠳᠪᠤᠷᠢᠯᠡᠯ ᠢᠶᠠᠨ ᠰᠡᠷᠭᠦᠭᠡᠭᠰᠡᠨ ᠠᠵᠤ | ᠠᠬᠤᠢᠢᠯᠠᠯ ᠳᠤ ᠭᠤᠤᠯ ᠬᠠᠷᠢᠭᠤᠴᠠᠯᠭᠠᠳᠠᠨ ᠬᠠᠷᠢᠭᠤᠴᠠᠬᠤ ᠲᠤᠳᠤᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠲᠤᠬᠳᠠᠴᠠ ᠪᠠᠶᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠰᠦᠯ ᠪᠠ | ᠪᠠᠴᠢᠮ ᠠᠷᠭᠠᠴᠠᠭᠠᠬᠤ ᠲᠦᠰᠦᠯ ᠲᠤᠭᠳᠠᠭᠠᠵᠤ᠂ ᠠᠵᠤ ᠠᠬᠤᠢᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠᠴᠢᠮ ᠠᠷᠭᠠᠴᠠᠭᠠᠬᠤ ᠡᠮᠬᠢ ᠲᠠᠷᠠᠭᠠᠯᠠᠯ᠂ ᠲᠤᠰᠬᠠᠢ ᠬᠠᠮᠢᠶᠠᠷᠬᠤ ᠬᠦᠮᠦᠨ ᠵᠢᠴᠢ ᠠᠵᠢᠯ ᠤᠨ | ᠬᠠᠷᠢᠭᠤᠴᠠᠯᠭ᠎ᠠ ᠶᠢ ᠲᠤᠳᠤᠷᠬᠠᠢᠢᠯᠠᠵᠤ᠂ ᠠᠵᠤ ᠠᠬᠤᠢᠢᠯᠠᠯ ᠤᠨ ᠬᠠᠮᠢᠶᠠᠷᠤᠯᠳᠠ ᠶᠢᠨ ᠠᠵᠢᠯᠳᠠᠨ ᠠᠴᠠ | ᠦᠢᠯᠡᠳᠪᠤᠷᠢᠯᠡᠯ ᠤᠨ ᠲᠠᠰᠤᠭ ᠠᠩᠭᠢ ᠲᠤᠭᠤᠢᠢᠯᠠᠩ᠂ ᠡᠮᠦᠨ᠎ᠡ ᠹᠷᠤᠨᠲ ᠤᠨ ᠠᠵᠢᠯᠳᠠᠨ ᠬᠦᠷᠳᠡᠯᠡᠬᠢ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠦᠬᠦ ᠬᠦᠮᠦᠨ ᠤ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠯᠳᠦᠬᠦᠯᠦᠨ᠎ᠠ᠃ | ᠬᠤᠶᠠᠷ ᠲᠤ᠂ ᠠᠵᠢᠯ ᠤᠨ ᠪᠠᠶᠢᠷᠢ ᠳᠠᠭᠠᠨ ᠪᠤᠴᠠᠬᠰᠠᠨ ᠬᠦᠮᠦᠨ ᠤ ᠡᠷᠡᠬᠦᠯ ᠮᠡᠨᠳᠦ ᠶᠢ ᠮᠡᠳᠡᠬᠦᠯᠬᠦ ᠲᠦᠷᠢᠮ ᠢ | ᠴᠢᠩᠭ᠎ᠠ ᠬᠡᠷᠡᠭᠵᠢᠬᠦᠯᠵᠦ᠂ ︽ᠨᠢᠭᠡ ᠬᠦᠮᠦᠨ ᠨᠢᠭᠡ ᠲᠠᠩᠰᠠ︾ ᠶᠢᠨ ᠶᠤᠰᠤᠭᠠᠷ ᠲᠠᠩᠰᠠᠯᠠᠨ ᠪᠠᠶᠢᠴᠠᠭᠠᠬᠤ ᠠᠵᠢᠯ ᠢ | ᠰᠠᠶᠢᠳᠤᠷ ᠬᠢᠵᠤ᠂ ᠲᠦᠷᠦᠯ ᠬᠤᠪᠢᠶᠠᠨ ᠠᠵᠢᠯᠳᠠᠨ ᠤ ᠠᠵᠢᠯ ᠤᠨ ᠪᠠᠶᠢᠷᠢ ᠳᠠᠭᠠᠨ ᠪᠤᠴᠠᠬᠤ ᠶᠢ ᠬᠦᠳᠦᠯᠦᠨ | ᠵᠢᠯᠣᠭᠤᠳᠣᠨ᠎ᠠ᠃ ᠤᠷᠤᠨ ᠤ ᠭᠠᠳᠠᠨᠠᠬᠢ ᠬᠢᠵᠢᠭ ᠤᠨ ᠪᠠᠶᠢᠳᠠᠯ ᠬᠦᠨᠳᠦ ᠭᠠᠵᠠᠷ ᠤᠷᠤᠨ ᠵᠢᠴᠢ ᠬᠢᠵᠢᠭ ᠤᠨ ᠪᠠᠶᠢᠳᠠᠯ | ᠤᠨ ᠭᠤᠤᠯᠳᠠᠯᠭ᠎ᠠ ᠲᠠᠢ ᠭᠠᠵᠠᠷ ᠤᠷᠤᠨ ᠪᠤᠰᠤ ᠪᠣᠯᠪᠠᠴᠣ ᠭᠢᠵᠢᠭ ᠤᠨ ᠪᠠᠶᠢᠳᠠᠯ ᠬᠦᠨᠳᠦ ᠭᠤᠤᠯᠳᠠᠯᠭ᠎ᠠ ᠲᠠᠢ ᠭᠠᠵᠠᠷ | ᠤᠷᠤᠨ ᠢᠶᠠᠷ ᠵᠤᠭᠠᠴᠠᠭᠰᠠᠨ ᠦᠡᠭᠭᠡᠷᠡᠯᠳᠠ ᠲᠠᠢ ᠪᠤᠶᠤ ᠬᠢᠵᠢᠭ ᠤᠨ ᠪᠠᠶᠢᠳᠠᠯ ᠬᠦᠨᠳᠦ ᠭᠤᠤᠯᠳᠠᠯᠭ᠎ᠠ ᠲᠠᠢ ᠭᠠᠵᠠᠷ | ᠤᠷᠤᠨ ᠤ ᠬᠦᠮᠦᠰ ᠲᠠᠢ ᠨᠢᠬᠳᠡ ᠤᠢᠢᠷᠠᠳᠤᠬᠰᠠᠨ ᠦᠡᠭᠭᠡᠷᠡᠯᠳᠠ ᠲᠠᠢ ᠠᠵᠢᠯᠳᠠᠨ ᠢ ᠲᠦᠷ ᠠᠵᠢᠯ ᠳᠤ ᠭᠠᠷᠭᠠᠬᠤ | ᠦᠭᠡᠢ ᠪᠤᠶᠤ ᠠᠵᠢᠯ ᠤᠨ ᠪᠠᠶᠢᠷᠢ ᠳᠤᠨᠢ ᠪᠤᠴᠠᠭᠤᠯᠬᠤ ᠦᠭᠡᠢ᠃ ︽ᠬᠤᠶᠠᠷ ᠦᠡᠭᠭᠡᠷᠡᠯᠳᠠ︾ ᠲᠠᠢ ᠠᠵᠢᠯᠳᠠᠨ ᠵᠠᠪᠠᠯ | ᠠᠵᠢᠯ ᠳᠤ ᠭᠠᠷᠬᠤ ᠪᠤᠶᠤ ᠠᠵᠢᠯ ᠤᠨ ᠪᠠᠶᠢᠷᠢ ᠳᠠᠭᠠᠨ ᠪᠤᠴᠠᠬᠤ ᠴᠢᠬᠤᠯᠠ ᠲᠠᠢ ᠪᠣᠯ ᠡᠷᠭᠡᠪᠰᠢ ᠭᠡᠷ ᠲᠤᠨᠢ ᠪᠤᠶᠤ | ᠲᠦᠪᠯᠡᠷᠡᠭᠦᠯᠦᠨ 14 ᠡᠳᠦᠷ ᠲᠤᠰᠠᠭᠠᠷᠯᠠᠬᠤ ᠱᠠᠭᠠᠷᠳᠠᠯᠭ᠎ᠠ ᠶᠢ ᠴᠢᠩᠭ᠎ᠠ ᠬᠡᠷᠡᠭᠵᠢᠬᠦᠯᠦᠨ᠎ᠡ᠃ ᠲᠤᠰᠠᠭᠠᠷᠯᠠᠬᠤ | ᠬᠤᠭᠤᠴᠠᠭ᠎ᠠ ᠨᠢ ᠲᠠᠭᠤᠰᠤᠬᠰᠠᠨ ᠤ ᠲᠠᠷᠠᠭ᠎ᠠ᠂ ᠡᠮᠴᠢᠯᠡᠭᠡᠨ ᠤ ᠠᠵᠢᠯᠳᠠᠨ ᠨᠤᠳᠠᠯᠠᠨ ᠵᠦᠪᠰᠢᠶᠠᠷᠡᠭᠰᠡᠨ ᠤ ᠲᠠᠷᠠᠭ᠎ᠠ | ᠰᠠᠶ᠋ᠢ ᠠᠵᠢᠯ ᠤᠨ ᠪᠠᠶᠢᠷᠢ ᠳᠠᠭᠠᠨ ᠪᠤᠴᠠᠵᠤ ᠪᠤᠯᠤᠨ᠎ᠠ᠃ | ᠭᠤᠷᠪᠠ ᠳᠤ᠂ ᠠᠵᠢᠯᠳᠠᠨ ᠤ ᠡᠷᠡᠬᠦᠯ ᠮᠡᠨᠳᠦ ᠶᠢ ᠰᠡᠷᠭᠡᠶᠢᠯᠡᠨ ᠬᠠᠮᠠᠭᠠᠯᠠᠬᠤ ᠪᠠ ᠬᠢᠨᠠᠨ ᠪᠠᠶᠢᠴᠠᠭᠠᠬᠤ ᠶᠢ | ᠴᠢᠩᠭᠠᠳᠬᠠᠨ᠎ᠠ᠃ ᠠᠵᠢᠯᠳᠠᠨ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠬᠤ ᠠᠵᠢᠯ ᠢᠶᠠᠨ ᠰᠠᠶᠢᠳᠤᠷ ᠬᠢᠵᠤ᠂ | ᠡᠷᠭᠡᠪᠰᠢ ᠠᠮᠠᠪᠴᠢ ᠵᠡᠬᠦᠵᠦ᠂ ᠬᠦᠮᠦᠰ ᠤᠨ ᠴᠤᠬᠯᠠᠷᠠᠬᠤ ᠶᠢ ᠪᠠᠭᠠᠰᠬᠠᠵᠤ᠂ ᠨᠢᠭᠡᠳᠦᠯᠳᠡᠢ ᠬᠤᠭᠤᠯᠠ ᠢᠳᠡᠬᠦ ᠦᠭᠡᠢ᠃ | ᠦᠢᠯᠡᠳᠪᠤᠷᠢ᠂ ᠬᠤᠭᠤᠯᠠᠨ ᠬᠡᠷ ᠵᠡᠷᠭᠡ ᠭᠠᠵᠠᠷ ᠲᠤ ᠪᠡᠶ᠎ᠠ ᠶᠢᠨ ᠬᠠᠯᠠᠭᠤᠨ ᠢ ᠬᠡᠮᠵᠢᠬᠦ ᠴᠡᠭ ᠲᠤᠬᠢᠷᠠᠭᠤᠯᠵᠤ᠂ | ᠡᠳᠦᠷ ᠪᠦᠷᠢ ᠠᠵᠢᠯᠳᠠᠨ ᠤ ᠪᠡᠶ᠎ᠠ ᠶᠢᠨ ᠪᠠᠶᠢᠳᠠᠯ ᠢ ᠬᠢᠨᠠᠨ ᠪᠠᠶᠢᠴᠠᠭᠠᠵᠤ᠂ ᠬᠤᠪᠢ ᠬᠦᠮᠦᠨ ᠤ ᠡᠷᠡᠬᠦᠯ ᠮᠡᠨᠳᠦ ᠶᠢ | ᠮᠡᠳᠡᠬᠦᠯᠬᠦ ᠲᠦᠷᠢᠮ ᠢ ᠬᠡᠷᠡᠭᠵᠢᠬᠦᠯᠵᠦ᠂ ᠤᠨᠴᠠᠭᠠᠢ ᠪᠠᠶᠢᠳᠠᠯ ᠪᠠᠶᠢᠪᠠᠯ ᠲᠤᠬᠳᠠᠭᠠᠯ ᠶᠤᠰᠤᠭᠠᠷ ᠲᠡᠭᠡᠭᠰᠢ ᠮᠡᠳᠡᠬᠦᠯᠦᠨ᠎ᠡ᠃ | ᠬᠠᠯᠠᠭᠤᠷᠠᠬᠰᠠᠨ ᠪᠠᠶᠢᠳᠠᠯ ᠲᠠᠢ ᠠᠵᠢᠯᠳᠠᠨ ᠢ ᠴᠠᠭ ᠲᠠᠷᠤᠢ ᠳᠤᠨᠢ ᠲᠤᠬᠠᠢ ᠶᠢᠨ ᠭᠠᠵᠠᠷ ᠤᠨ ᠡᠷᠡᠬᠦᠯ ᠬᠠᠮᠠᠭᠠᠯᠠᠯ | ᠡᠷᠡᠬᠦᠯ ᠮᠡᠨᠳᠦ ᠶᠢᠨ ᠰᠠᠯᠠᠭ᠎ᠠ ᠮᠦᠴᠢᠷ ᠲᠤ ᠮᠡᠳᠡᠬᠦᠯᠵᠦ᠂ ᠬᠠᠮᠢᠶ᠎ᠠ ᠪᠦᠬᠦᠢ ᠲᠤᠬᠳᠠᠭᠠᠯ ᠶᠤᠰᠤᠭᠠᠷ ᠡᠮᠨᠡᠨ ᠵᠠᠰᠠᠬᠤ | ᠪᠤᠶᠤ ᠲᠤᠰᠠᠭᠠᠷᠯᠠᠨ᠎ᠠ᠃ | ᠰᠤᠷᠪᠤᠯᠵᠢᠯᠠᠬᠴᠢ᠄ ᠬᠦᠯᠦᠰᠦᠨ ᠠᠵᠢᠯᠴᠢᠨ ᠬᠤᠳᠠ ᠳᠤ ᠪᠤᠴᠠᠵᠤ ᠠᠵᠢᠯ ᠤᠨ ᠪᠠᠶᠢᠷᠢ ᠳᠠᠭᠠᠨ ᠪᠤᠴᠠᠬᠤ ᠳᠤ | ᠶᠠᠭᠤ ᠶᠢ ᠠᠩᠬᠠᠷᠬᠤ ᠪᠤᠢ︖ | ᠸᠡᠩ ᠯᠢᠨ᠄ ᠬᠦᠯᠦᠰᠦᠨ ᠠᠵᠢᠯᠴᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠢᠳᠡᠪᠬᠢᠳᠡᠢ | ᠤᠷᠤᠯᠴᠠᠵᠤ᠂ ᠬᠦᠮᠦᠰ ᠲᠠᠢ ᠴᠤᠬᠯᠠᠷᠠᠬᠤ ᠪᠠ ᠤᠢᠢᠷᠠᠳᠤᠬᠤ ᠪᠠᠨ ᠪᠠᠭᠠᠰᠬᠠᠵᠤ᠂ ᠬᠤᠪᠢ ᠬᠦᠮᠦᠨ ᠪᠠ ᠤᠯᠠᠨ | ᠨᠡᠶᠢᠳᠡ ᠶᠢᠨ ᠲᠠᠯᠠᠪᠤᠷ ᠤᠨ ᠡᠷᠡᠬᠦᠯ ᠬᠠᠮᠠᠭᠠᠯᠠᠯ ᠢ ᠠᠩᠬᠠᠷᠴᠦ᠂ ᠠᠮᠤᠷ ᠲᠦᠪᠰᠢᠨ ᠢᠳᠡᠭᠡᠨ ᠤᠮᠳᠠᠭᠠᠨ ᠤ | ᠲᠠᠳᠬᠠᠯ ᠢᠶᠠᠨ ᠪᠠᠳᠤᠯᠠᠵᠤ᠂ ᠵᠦᠪ ᠤᠨᠤᠪᠴᠢᠳᠠᠢ ᠠᠷᠭ᠎ᠠ ᠵᠠᠮ ᠢᠶᠠᠷ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠪᠠ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠡᠵᠡᠮᠰᠢᠬᠦ ᠬᠡᠷᠡᠭᠳᠡᠢ᠃ | ᠬᠤᠳᠠ ᠳᠤ ᠪᠤᠴᠠᠬᠤ ᠠᠴᠠ ᠡᠮᠦᠨ᠎ᠠ᠂ ᠰᠡᠷᠭᠡᠶᠢᠯᠡᠨ ᠡᠵᠡᠮᠳᠡᠬᠦ ᠡᠳ᠋ ᠪᠤᠳᠠᠰ ᠢᠶᠠᠨ ᠪᠡᠯᠡᠳᠭᠡᠵᠦ᠂ ᠬᠤᠳᠠ ᠳᠤ | ᠪᠤᠴᠠᠬᠰᠠᠨ ᠤ ᠲᠠᠷᠠᠭ᠎ᠠ ᠲᠤᠬᠠᠢ ᠶᠢᠨ ᠭᠠᠵᠠᠷ ᠤᠨ ᠰᠡᠷᠭᠡᠶᠢᠯᠡᠨ ᠡᠵᠡᠮᠳᠡᠬᠦ ᠰᠠᠯᠠᠭ᠎ᠠ ᠮᠦᠴᠢᠷ ᠲᠠᠢ ᠬᠠᠷᠢᠯᠴᠠᠭ᠎ᠠ ᠪᠠᠨ | ᠴᠢᠩᠭᠠᠳᠬᠠᠵᠤ᠂ ᠴᠠᠭ ᠲᠠᠷᠤᠢ ᠳᠤᠨᠢ ᠭᠠᠳᠠᠨ᠎ᠠ ᠭᠠᠷᠴᠤ ᠠᠵᠢᠯᠯᠠᠬᠰᠠᠨ ᠪᠠᠶᠢᠳᠠᠯ ᠢᠶᠠᠨ ᠲᠤᠬᠠᠢ ᠶᠢᠨ ᠭᠠᠵᠠᠷ ᠤᠨ | ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠰᠠᠯᠠᠭ᠎ᠠ ᠮᠦᠴᠢᠷ ᠲᠤ ᠮᠡᠳᠡᠬᠦᠯᠬᠦ | ᠬᠡᠷᠡᠭᠳᠡᠢ᠃ | ᠰᠤᠷᠪᠤᠯᠵᠢᠯᠠᠬᠴᠢ᠄ ᠭᠠᠳᠠᠬᠰᠢ ᠭᠠᠷᠬᠤ ᠦᠭᠡᠢ ᠪᠠᠷ ᠲᠦᠯᠦᠪᠯᠡᠭᠰᠡᠨ ᠬᠦᠯᠦᠰᠦᠨ ᠠᠵᠢᠯᠴᠢᠨ ᠳᠤ ᠶᠠᠮᠠᠷ ᠰᠢᠤ | ᠲᠠᠮᠵᠢᠯᠭᠡ ᠶᠢᠨ ᠲᠦᠷᠦ ᠶᠢᠨ ᠪᠤᠳᠤᠯᠭ᠎ᠠ ᠠᠪᠬᠤ ᠪᠤᠢ︖ | ᠸᠠᠩ ᠯᠢᠨ᠄ ᠭᠠᠳᠠᠬᠰᠢ ᠭᠠᠷᠬᠤ ᠦᠭᠡᠢ ᠪᠤᠯ ᠰᠦᠯᠵᠢᠶᠡᠨ ᠲᠡᠭᠡᠷᠡᠬᠢ ᠲᠤᠬᠠᠢᠢᠯᠠᠬᠰᠠᠨ ᠠᠵᠢᠯ ᠤᠨ ᠮᠡᠷᠭᠡᠵᠢᠯ | ᠴᠢᠳᠠᠪᠣᠷᠢ ᠶᠢᠨ ᠪᠤᠯᠪᠠᠰᠤᠷᠠᠯ ᠳᠤ ᠤᠷᠤᠯᠴᠠᠬᠤ ᠶᠢ ᠬᠦᠳᠦᠯᠦᠨ ᠵᠢᠯᠣᠭᠤᠳᠴᠣ᠂ ᠲᠠᠨᠢᠯᠴᠠᠭᠤᠯᠭ᠎ᠠ ᠪᠠᠷ ᠲᠠᠮᠵᠢᠨ | ᠲᠤᠬᠠᠢ ᠶᠢᠨ ᠭᠠᠵᠠᠷ ᠣᠶᠢᠷ᠎ᠠ ᠬᠠᠪᠢ ᠪᠠᠷ ᠨᠢ ᠠᠵᠢᠯ ᠤᠯᠭᠤᠨ᠎ᠠ᠃ ᠲᠦᠷ ᠭᠠᠳᠠᠬᠰᠢ ᠭᠠᠷᠴᠤ ᠲᠡᠶᠢᠯᠬᠦ ᠦᠭᠡᠢ | ᠬᠡᠪᠡᠴᠦ ᠠᠵᠢᠯ ᠤᠯᠬᠤ ᠬᠦᠰᠡᠯ ᠲᠠᠢ ᠬᠦᠯᠦᠰᠦᠨ ᠠᠵᠢᠯᠴᠢᠨ ᠳᠤ ᠨᠢᠭᠡ ᠪᠦᠯᠦᠭ ᠲᠤᠬᠠᠢ ᠶᠢᠨ ᠭᠠᠵᠠᠷ ᠣᠶᠢᠷ᠎ᠠ | ᠬᠠᠪᠢ ᠪᠠᠷ ᠨᠢ ᠠᠵᠢᠯ ᠤᠯᠭᠤᠬᠤ ᠠᠵᠢᠯ ᠤᠨ ᠪᠠᠶᠢᠷᠢ ᠭᠠᠷᠭᠠᠵᠤ᠂ ᠦᠢᠯᠡᠰ ᠪᠤᠰᠬᠠᠬᠤ ᠬᠦᠰᠡᠯ ᠲᠠᠢ ᠳᠤᠨᠢ | ᠲᠤᠬᠠᠢ ᠶᠢᠨ ᠭᠠᠵᠠᠷ ᠤᠨ ᠦᠢᠯᠡᠰ ᠪᠤᠰᠬᠠᠬᠤ ᠲᠠᠮᠵᠢᠯᠭᠡ ᠶᠢᠨ ᠲᠦᠷᠦ ᠶᠢᠨ ᠪᠤᠳᠤᠯᠭ᠎ᠠ ᠶᠢ ᠠᠳᠠᠯᠢᠬᠠᠨ ᠬᠦᠷᠳᠡᠭᠡᠵᠦ᠂ | ᠦᠢᠯᠡᠰ ᠪᠤᠰᠬᠠᠬᠤ ᠨᠦᠬᠦᠪᠦᠷᠢ ᠶᠢ ᠨᠢᠭᠡ ᠤᠳᠠᠭ᠎ᠠ ᠳᠤ ᠤᠯᠭᠤᠵᠤ᠂ ᠦᠨᠡᠨ ᠬᠦ ᠬᠦᠴᠢᠷᠳᠡᠯ ᠲᠠᠢ ᠳᠤᠨᠢ ᠲᠤᠬᠳᠠᠭᠠᠯ | ᠶᠤᠰᠤᠭᠠᠷ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠲᠤᠬᠢᠷᠠᠭᠤᠯᠤᠨ᠎ᠠ᠃ | ᠰᠤᠷᠪᠤᠯᠵᠢᠯᠠᠬᠴᠢ᠄ ᠲᠤᠬᠠᠢᠢᠯᠠᠬᠰᠠᠨ ᠠᠵᠢᠯ ᠤᠨ ᠮᠡᠷᠭᠡᠵᠢᠯ ᠴᠢᠳᠠᠪᠣᠷᠢ ᠶᠢᠨ ᠪᠤᠯᠪᠠᠰᠤᠷᠠᠯ ᠪᠤᠯ ᠠᠵᠢᠯ | ᠤᠯᠭᠤᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠬᠢᠵᠢᠭ ᠤᠨ ᠬᠤᠭᠤᠴᠠᠭᠠᠨ ᠤ ᠬᠦᠳᠡᠯᠮᠦᠷᠢᠴᠢᠳ | ᠬᠡᠷᠬᠢᠨ ᠰᠦᠯᠵᠢᠶᠠᠨ ᠳᠡᠭᠡᠷᠡᠬᠢ ᠪᠣᠯᠪᠠᠰᠤᠷᠠᠯ ᠳᠤ ᠣᠷᠣᠯᠴᠠᠬᠤ ᠪᠤᠢ︖ | ᠸᠡᠩ ᠯᠢᠨ᠄ ᠬᠢᠵᠢᠭ ᠤᠨ ᠬᠤᠭᠤᠴᠠᠭᠠᠨ ᠳᠤ᠂ ᠪᠦᠬᠦ ᠤᠷᠤᠨ ᠤ ᠡᠯ᠎ᠡ ᠲᠦᠷᠦᠯ ᠤᠨ ᠪᠤᠯᠪᠠᠰᠤᠷᠠᠯ ᠤᠨ | ᠪᠠᠶᠢᠭᠤᠯᠤᠮᠵᠢ ᠶᠢᠨ ᠪᠣᠳᠠᠳᠣ ᠪᠤᠯᠪᠠᠰᠤᠷᠠᠯ ᠢ ᠲᠦᠷ ᠵᠤᠬᠰᠤᠭᠠᠵᠤ᠂ ᠰᠦᠯᠵᠢᠶᠠᠨ ᠲᠡᠭᠡᠷᠡᠭᠢ ᠪᠤᠯᠪᠠᠰᠤᠷᠠᠯ ᠢ ᠵᠤᠬᠢᠶᠠᠨ | ᠪᠠᠶᠢᠭᠤᠯᠵᠤ ᠦᠷᠨᠢᠭᠦᠯᠦᠨ᠎ᠡ᠃ | ᠨᠢᠭᠡ ᠳᠤ᠂ ᠰᠦᠯᠵᠢᠶᠠᠨ ᠲᠡᠭᠡᠷᠡᠭᠢ ᠪᠤᠯᠪᠠᠰᠤᠷᠠᠯ ᠤᠨ ᠲᠠᠪᠴᠠᠩ ᠢ ᠨᠡᠶᠢᠳᠡᠯᠡᠨ᠎ᠡ᠃ ᠪᠢᠳᠡ ᠨᠢᠭᠡᠨᠳᠡ | ᠨᠢᠭᠡᠳᠦᠭᠡᠷ ᠪᠦᠯᠦᠭ ᠤᠨ ᠰᠦᠯᠵᠢᠶᠠᠨ ᠲᠡᠭᠡᠷᠡᠭᠢ ᠪᠤᠯᠪᠠᠰᠤᠷᠠᠯ ᠤᠨ ᠲᠠᠪᠴᠠᠩ ᠤᠨ ᠨᠡᠷᠡᠰ ᠢ ᠨᠡᠶᠢᠳᠡᠯᠡᠪᠡ᠂ ᠤᠯᠤᠰ | ᠤᠨ ᠲᠠᠰ ᠤᠨ ᠲᠤᠮᠳᠠᠳᠤ ᠤᠯᠤᠰ ᠤᠨ ᠤᠯᠤᠰ ᠤᠨ ᠠᠵᠢᠯᠳᠠᠨ ᠤ ᠶᠠᠪᠤᠳᠠᠯ ᠴᠢᠳᠠᠪᠤᠷᠢᠳᠠᠨ ᠤ ᠪᠤᠯᠪᠠᠰᠤᠷᠠᠯ ᠤᠨ | ᠰᠦᠯᠵᠢᠶ᠎ᠡ ᠵᠡᠷᠭᠡ 5 ᠲᠠᠪᠴᠠᠩ᠂ ᠦᠪᠦᠷ ᠮᠤᠩᠭᠤᠯ ᠤᠨ ᠤᠨᠢᠨ ᠲᠡᠭᠡᠷ᠎ᠠ ᠨᠢ ᠶᠠᠳᠠᠭᠤ ᠠᠴᠠ ᠠᠩᠭᠢᠵᠢᠷᠠᠭᠤᠯᠬᠤ | ᠠᠵᠢᠯ ᠤᠯᠭᠤᠬᠤ ᠦᠢᠯᠡᠰ ᠪᠤᠰᠬᠠᠬᠤ ᠰᠤᠷᠤᠯᠴᠠᠯᠭ᠎ᠠ ᠶᠢᠨ ᠲᠠᠪᠴᠡᠩ ᠵᠡᠷᠭᠡ 13 ᠪᠤᠯᠪᠠᠰᠤᠷᠠᠯ ᠤᠨ ᠲᠠᠪᠴᠡᠩ ᠪᠣᠢ᠂ | ᠤᠢᠢᠷ᠎ᠠ ᠳᠤ ᠦᠷᠬᠦᠯᠵᠢᠯᠡᠨ ᠨᠡᠶᠢᠳᠡᠯᠡᠬᠦ ᠪᠣᠯᠣᠨ᠎ᠠ᠂ ᠤᠯᠠᠨ ᠢᠶᠠᠷ ᠢᠶᠠᠨ ᠵᠠᠰᠠᠭ ᠤᠨ ᠶᠠᠪᠤᠳᠠᠯ ᠤᠨ ᠰᠦᠯᠵᠢᠶ᠎ᠠ ᠪᠠ | ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠢᠩᠭᠢᠮ ᠤᠨ ᠠᠯᠪᠠᠨ ᠤ ᠰᠦᠯᠵᠢᠶ᠎ᠠ ᠶᠢ | ᠠᠩᠬᠠᠷᠤᠭᠠᠷᠠᠢ᠃ | ᠬᠤᠶᠠᠷ ᠲᠤ᠂ ᠲᠦᠭᠦᠮ ᠲᠦᠳᠡ ᠪᠤᠯᠪᠠᠰᠤᠷᠠᠯ ᠤᠨ ᠦᠢᠯᠡᠴᠢᠯᠡᠭᠡ ᠶᠢ ᠬᠠᠨᠭ᠍ᠭᠠᠨ᠎ᠠ᠃ ᠡᠯ᠎ᠠ ᠭᠠᠵᠠᠷ ᠢ | ᠲᠤᠬᠠᠢᠢᠯᠠᠬᠰᠠᠨ ᠠᠵᠢᠯ ᠤᠨ ᠮᠡᠷᠭᠡᠵᠢᠯ ᠴᠢᠳᠠᠪᠣᠷᠢ ᠪᠠᠨ ᠲᠡᠭᠡᠭᠰᠢᠯᠡᠬᠦᠯᠬᠦ ᠠᠵᠢᠯᠯᠠᠭ᠎ᠠ ᠦᠷᠨᠢᠬᠦᠯᠬᠦ ᠶᠢ | ᠵᠤᠷᠢᠬᠵᠢᠭᠤᠯᠤᠨ ᠳᠡᠮᠵᠢᠵᠦ᠂ ᠮᠡᠳᠡᠭᠡ ᠵᠠᠩᠭᠢᠴᠢᠯᠠᠭᠰᠠᠨ ᠠᠷᠭ᠎ᠠ ᠪᠠᠷ ᠬᠦᠳᠡᠯᠮᠦᠷᠢᠴᠢᠳ ᠤᠨ ᠪᠤᠯᠪᠠᠰᠤᠷᠠᠯ ᠤᠨ | ᠬᠦᠰᠡᠯ ᠱᠠᠭᠠᠷᠳᠠᠯᠭ᠎ᠠ ᠶᠢ ᠴᠤᠬᠯᠠᠭᠤᠯᠤᠨ᠂ ᠰᠦᠯᠵᠢᠶᠠᠨ ᠲᠡᠭᠡᠷᠡᠭᠢ ᠪᠤᠯᠪᠠᠰᠤᠷᠠᠯ ᠤᠨ ᠡᠬᠢ ᠪᠠᠶᠠᠯᠢᠭ ᠲᠤ | ᠲᠦᠰᠢᠭᠯᠡᠨ᠂ ᠸᠢᠳᠢᠣ᠋ ᠪᠤᠯᠪᠠᠰᠤᠷᠠᠯ᠂ ᠠᠯᠤᠰ ᠡᠵᠡᠮᠰᠢᠯᠳᠦ ᠪᠤᠯᠪᠠᠰᠤᠷᠠᠯ ᠦᠷᠨᠢᠬᠦᠯᠦᠨ᠎ᠡ᠃ | ᠭᠤᠷᠪᠠ ᠳᠤ᠂ ᠰᠦᠯᠵᠢᠶᠠᠨ ᠲᠡᠭᠡᠷᠡᠭᠢ ᠪᠤᠯᠪᠠᠰᠤᠷᠠᠯ ᠤᠨ ᠨᠦᠬᠦᠪᠤᠷᠢ ᠶᠢᠨ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠣᠨ᠎ᠠ᠃ ᠠᠵᠤ ᠠᠬᠤᠢᠢᠯᠠᠯ ᠠᠵᠢᠯᠳᠠᠨ ᠢᠶᠠᠨ ᠵᠤᠬᠢᠶᠠᠨ ᠪᠠᠶᠢᠭᠤᠯᠵᠤ ᠰᠦᠯᠵᠢᠶᠠᠨ ᠲᠡᠭᠡᠷᠡᠭᠢ | ᠪᠤᠯᠪᠠᠰᠤᠷᠠᠯ ᠳᠤ ᠤᠷᠤᠯᠴᠠᠭᠤᠯᠣᠬᠰᠠᠨ ᠳᠤ ᠲᠤᠬᠳᠠᠭᠠᠯ ᠶᠤᠰᠤᠭᠠᠷ ᠨᠦᠬᠦᠪᠤᠷᠢ ᠣᠯᠭᠤᠬᠤ ᠬᠡᠪᠴᠢᠶᠡᠨ ᠳᠤ | ᠤᠷᠤᠭᠤᠯᠤᠨ᠎ᠠ᠃ | ᠰᠤᠷᠪᠤᠯᠵᠢᠯᠠᠬᠴᠢ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠣᠨᠣᠰᠢᠯᠠᠭᠰᠠᠨ | ᠡᠪᠡᠳᠴᠢᠨ ᠤ ᠵᠢᠱᠢᠶ᠎ᠠ᠂ ᠰᠡᠵᠢᠭᠯᠡᠯᠲᠡᠢ ᠡᠪᠡᠳᠴᠢᠨ ᠤ ᠵᠢᠱᠢᠶ᠎ᠠ᠂ ᠨᠢᠬᠲᠠ ᠤᠢᠢᠷᠠᠲᠤᠬᠰᠠᠳ ᠢ ᠲᠤᠰᠠᠭᠠᠷᠯᠠᠨ ᠡᠮᠨᠡᠨ | ᠵᠠᠰᠠᠬᠤ ᠬᠤᠭᠤᠴᠠᠭ᠎ᠠ ᠡᠰᠡᠬᠦᠯ᠎ᠡ ᠲᠠᠬᠤᠯ ᠡᠪᠡᠳᠴᠢᠨ ᠤ ᠠᠵᠢᠬᠯᠠᠯᠳᠠ ᠶᠢᠨ ᠬᠤᠭᠤᠴᠠᠭᠠᠨ ᠳᠤ ᠴᠢᠨᠠᠬᠰᠢᠯᠠᠨ | ᠲᠤᠰᠠᠭᠠᠷᠯᠠᠬᠤ ᠠᠷᠭ᠎ᠠ ᠬᠡᠮᠵᠢᠶ᠎ᠡ ᠠᠪᠣᠭᠰᠠᠨ ᠠᠴᠠ ᠪᠤᠯᠵᠦ ᠬᠡᠪ ᠤᠨ ᠬᠦᠳᠡᠯᠮᠦᠷᠢ ᠬᠦᠴᠦ ᠬᠠᠩᠭᠠᠵᠦ ᠲᠡᠶᠢᠯᠬᠦ ᠦᠬᠡᠢ | ᠠᠵᠦ ᠠᠬᠤᠢᠢᠯᠠᠯ ᠤᠨ ᠠᠵᠢᠯᠲᠠᠨ ᠵᠢᠴᠢ ᠠᠵᠦ ᠠᠬᠤᠢᠢᠯᠠᠯ ᠠᠵᠢᠯ ᠢᠶᠠᠨ ᠰᠡᠷᠬᠦᠭᠡᠵᠦ ᠦᠢᠯᠡᠳᠪᠦᠷᠢᠯᠡᠯ ᠢᠶᠠᠨ | ᠰᠡᠷᠬᠦᠭᠡᠭᠰᠡᠨ ᠤ ᠳᠠᠷᠠᠭᠠᠬᠢ ᠠᠵᠢᠯᠲᠠᠨ ᠤ ᠡᠷᠬᠡ ᠠᠰᠢᠭ ᠢ ᠬᠡᠷᠬᠢᠨ ᠪᠠᠲᠤᠯᠠᠬᠤ ᠪᠤᠢ︖ | ᠸᠠᠩ ᠶᠠᠨ ᠹᠧᠩ ᠄ ᠡᠨᠡᠬᠦ ᠠᠰᠠᠭᠤᠳᠠᠯ ᠤᠨ ᠲᠤᠭᠤᠷᠢᠨ ᠳᠤ᠂ ᠪᠢᠳᠡ ᠰᠢᠨ᠎ᠡ ᠳᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠤ ᠬᠦᠳᠡᠯᠮᠦᠷᠢ ᠶᠢᠨ ᠬᠠᠷᠢᠴᠠᠭᠠᠨ ᠤ | ᠠᠰᠠᠭᠤᠳᠠᠯ ᠤᠨ ᠮᠡᠳᠡᠭᠳᠡᠯ ᠵᠡᠷᠭᠡ ᠲᠦᠷᠦ ᠶᠢᠨ ᠪᠤᠳᠤᠯᠭ᠎ᠠ ᠶᠢᠨ ᠴᠢᠨᠠᠷᠳᠠᠢ ᠪᠢᠴᠢᠭ ᠮᠠᠲ᠋ᠧᠷᠢᠶᠠᠯ ᠲᠠᠷᠬᠠᠭᠠᠵᠦ᠂ | ᠭᠤᠤᠯᠳᠠᠭᠤ ᠭᠤᠷᠪᠠᠨ ᠲᠠᠯ᠎ᠠ ᠶᠢᠨ ᠱᠠᠭᠠᠷᠳᠠᠯᠭ᠎ᠠ ᠳᠤᠷᠠᠳᠴᠠᠢ᠃ ᠨᠢᠭᠡ ᠳᠤ᠂ ᠬᠢᠵᠢᠭ ᠤᠨ ᠬᠤᠭᠤᠴᠠᠭᠠᠨ ᠳᠤ ᠠᠵᠦ | ᠠᠬᠤᠢᠢᠯᠠᠯ ᠠᠵᠢᠯᠲᠠᠨ ᠤ ᠬᠦᠳᠡᠯᠮᠦᠷᠢ ᠶᠢᠨ ᠭᠡᠷ᠎ᠡ ᠶᠢ ᠲᠤᠷ᠎ᠠ ᠪᠠᠷ ᠢᠶᠠᠨ ᠬᠦᠴᠦᠨ ᠦᠭᠡᠢ ᠪᠣᠯᠭᠠᠵᠣ ᠪᠤᠯᠬᠤ ᠦᠬᠡᠢ᠃ | ᠬᠤᠶᠠᠷ ᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠬᠦᠮᠦᠨ ᠬᠡᠷᠡᠭᠯᠡᠬᠦ ᠠᠰᠠᠭᠤᠳᠠᠯ | ᠢ ᠠᠮᠢᠳᠤᠯᠢᠭ ᠢᠶᠠᠷ ᠰᠢᠢᠳᠪᠦᠷᠢᠯᠡᠬᠦ ᠬᠡᠷᠡᠭᠲᠡᠢ᠃ ᠭᠤᠷᠪᠠ ᠳᠤ᠂ ᠨᠦᠬᠦᠴᠡᠯ ᠲᠠᠢ ᠠᠵᠦ ᠠᠬᠤᠢᠢᠯᠠᠯ ᠠᠵᠢᠯᠲᠠᠨ ᠢᠶᠠᠨ | ᠲᠤᠬᠢᠷᠠᠭᠤᠯᠵᠦ᠂ ᠤᠲᠠᠰᠦ᠂ ᠰᠦᠯᠵᠢᠶ᠎ᠡ ᠵᠡᠷᠭᠡ ᠠᠮᠢᠳᠤᠯᠢᠭ ᠠᠷᠭ᠎ᠠ ᠪᠠᠷ ᠭᠡᠷ ᠲᠡᠭᠡᠨ ᠠᠵᠢᠯ ᠤᠨ ᠡᠬᠦᠷᠬᠡ ᠪᠠᠨ | ᠪᠠᠶᠡᠯᠡᠬᠦᠯᠵᠦ ᠪᠤᠯᠤᠨ᠎ᠠ᠃ ᠲᠤᠬᠲᠠᠭᠠᠯ ᠳᠤ ᠨᠡᠶᠢᠴᠡᠭᠰᠡᠨ ᠦᠢᠯᠡᠳᠪᠦᠷᠢᠯᠡᠯ ᠢᠶᠠᠨ ᠰᠡᠷᠬᠦᠭᠡᠭᠰᠡᠨ ᠠᠵᠦ ᠠᠬᠤᠢᠢᠯᠠᠯ ᠤᠨ | ᠠᠵᠢᠯᠲᠠᠨ ᠲᠠᠢ ᠪᠠᠨ ᠵᠦᠪᠳᠡᠯᠴᠡᠵᠦ ᠠᠮᠢᠳᠤᠯᠢᠭ ᠢᠶᠠᠷ ᠠᠵᠢᠯ ᠤᠨ ᠴᠠᠭ ᠢᠶᠠᠨ ᠲᠤᠬᠢᠷᠠᠭᠤᠯᠬᠤ ᠶᠢ ᠵᠤᠷᠢᠬᠵᠢᠭᠤᠯᠤᠨ᠎ᠠ᠃ | ᠭᠡᠪᠡᠴᠦ ᠠᠵᠢᠯᠲᠠᠨ ᠤ ᠴᠠᠯᠢᠩ ᠤᠯᠭᠤᠮᠵᠢ ᠶᠢ ᠪᠠᠲᠤᠯᠠᠬᠤ ᠬᠡᠷᠡᠭᠲᠡᠢ᠃ | ᠰᠤᠷᠪᠤᠯᠵᠢᠯᠠᠬᠴᠢ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠬᠦ ᠪᠠ ᠡᠮᠨᠡᠨ ᠵᠠᠰᠠᠬᠤ ᠠᠵᠢᠯ | ᠳᠤᠮᠲᠠ᠂ ᠡᠮᠴᠢ ᠰᠤᠪᠢᠯᠠᠬᠴᠢ ᠵᠢᠴᠢ ᠬᠠᠮᠢᠶ᠎ᠠ ᠪᠦᠬᠦᠢ ᠠᠵᠢᠯᠲᠠᠨ ᠠᠵᠢᠯ ᠤᠨ ᠬᠠᠷᠢᠭᠤᠴᠠᠯᠭ᠎ᠠ ᠪᠠᠨ ᠬᠦᠢᠴᠡᠳᠭᠡᠬᠦ | ᠶᠠᠪᠤᠴᠠ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠬᠠᠯᠳᠠᠪᠤᠷᠢᠯᠠᠬᠰᠠᠨ ᠪᠤᠯ ᠠᠵᠢᠯ ᠠᠴᠠ ᠪᠣᠯᠣᠭᠰᠠᠨ | ᠬᠡᠮᠳᠦᠯ ᠢᠶᠠᠷ ᠲᠤᠬᠲᠠᠭᠠᠬᠤ ᠤᠤ︖ | ᠸᠠᠩ ᠶᠠᠨ ᠹᠧᠩ ᠄ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠲᠤᠯᠠᠭ᠎ᠠ ᠶᠢᠨ ᠶᠠᠮᠤᠨ᠂ | ᠡᠳ᠋ ᠤᠨ ᠵᠠᠰᠠᠭ ᠤᠨ ᠶᠠᠮᠤᠨ᠂ ᠡᠷᠡᠬᠦᠯ ᠬᠠᠮᠠᠭᠠᠯᠠᠯ ᠡᠷᠡᠬᠦᠯ ᠮᠡᠨᠲᠦ ᠶᠢᠨ ᠵᠦᠪᠯᠡᠯ ᠤᠨ ᠠᠵᠢᠯ ᠤᠨ | ᠬᠠᠷᠢᠭᠤᠴᠠᠯᠭ᠎ᠠ ᠪᠠᠨ ᠬᠦᠢᠴᠡᠳᠭᠡᠬᠦ ᠠᠴᠠ ᠪᠤᠯᠵᠦ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠬᠠᠯᠳᠠᠪᠤᠷᠢᠯᠠᠬᠰᠠᠨ | ᠡᠮᠴᠢ ᠰᠤᠪᠢᠯᠠᠬᠴᠢ ᠶᠢᠨ ᠪᠠᠲᠤᠯᠠᠭ᠎ᠠ ᠶᠢᠨ ᠠᠰᠠᠭᠤᠳᠠᠯ ᠤᠨ ᠲᠤᠬᠠᠢ ᠮᠡᠳᠡᠭᠳᠡᠯ ᠤᠨ ᠱᠠᠭᠠᠷᠳᠠᠯᠭ᠎ᠠ ᠶᠤᠰᠤᠭᠠᠷ᠂ ᠡᠨᠡ | ᠬᠦ ᠪᠠᠶᠢᠳᠠᠯ ᠢ ᠠᠵᠢᠯ ᠠᠴᠠ ᠪᠤᠯᠤᠬᠰᠠᠨ ᠬᠡᠮᠲᠦᠯ ᠳᠤ ᠲᠤᠭᠠᠴᠠᠵᠦ᠂ ᠬᠠᠥᠯᠢ ᠶᠤᠰᠤᠭᠠᠷ ᠠᠵᠢᠯ ᠠᠴᠠ ᠪᠤᠯᠤᠬᠰᠠᠨ | ᠬᠡᠮᠳᠦᠯ ᠤᠨ ᠳᠠᠭᠠᠳᠬᠠᠯ ᠬᠦᠷᠲᠡᠭᠡᠨ᠎ᠡ᠃ ᠤᠯᠤᠰ ᠤᠨ ᠱᠠᠭᠠᠷᠳᠠᠯᠭ᠎ᠠ ᠶᠢ ᠦᠨᠳᠦᠰᠦᠯᠡᠵᠦ᠂ ᠪᠢᠳᠡ ᠠᠵᠢᠯ ᠠᠴᠠ | ᠪᠤᠯᠤᠬᠰᠠᠨ ᠬᠡᠮᠲᠦᠯ ᠤᠨ ᠬᠢᠨᠠᠨ ᠲᠤᠬᠲᠠᠭᠠᠯᠲᠠ᠂ ᠴᠠᠯᠢᠩ ᠤᠯᠭᠤᠮᠵᠢ ᠳᠤ ᠲᠤᠭᠠᠴᠠᠭ᠎ᠠ ᠬᠢᠬᠦ ᠰᠠᠭᠠᠳ ᠦᠬᠡᠢ | ᠨᠡᠪᠲᠡᠷᠡᠬᠦ ᠵᠠᠮ ᠢ ᠨᠡᠪᠲᠡᠷᠡᠬᠦᠯᠵᠦ᠂ ᠴᠠᠭ ᠲᠤᠬᠠᠢ ᠳᠤᠨᠢ ᠠᠵᠢᠯ ᠠᠴᠠ ᠪᠤᠯᠤᠬᠰᠠᠨ ᠬᠡᠮᠲᠦᠯ ᠤᠨ ᠡᠯ᠎ᠡ ᠲᠦᠷᠦᠯ ᠤᠨ | ᠴᠠᠯᠢᠩ ᠤᠯᠭᠤᠮᠵᠢ ᠶᠢ ᠬᠦᠷᠲᠡᠭᠡᠬᠦ ᠶᠢ ᠪᠠᠲᠤᠯᠠᠨ᠎ᠠ᠃ | ᠰᠤᠷᠪᠤᠯᠵᠢᠯᠠᠬᠴᠢ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠦᠢᠯᠡᠳᠪᠦᠷᠢᠯᠡᠯ | ᠡᠵᠡᠩᠨᠡᠯᠲᠡ ᠨᠢ ᠬᠦᠴᠢᠷᠳᠡᠯ ᠲᠠᠢ ᠠᠵᠦ ᠠᠬᠤᠢᠢᠯᠠᠯ ᠨᠡᠶᠢᠬᠡᠮ ᠤᠨ ᠳᠠᠭᠠᠳᠬᠠᠯ ᠤᠨ ᠰᠦᠢᠳᠭᠡᠯ ᠢᠶᠠᠨ ᠲᠤᠰᠢᠶᠠᠬᠤ | ᠲᠠᠯ᠎ᠠ ᠪᠠᠷ ᠶᠠᠮᠠᠷ ᠰᠢᠤ ᠠᠷᠭ᠎ᠠ ᠬᠡᠮᠵᠢᠶ᠎ᠡ ᠪᠠᠶᠢᠬᠤ ᠪᠤᠢ︖ | ᠸᠠᠩ ᠶᠠᠨ ᠹᠧᠩ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠵᠠᠷᠢᠮ ᠠᠵᠦ | ᠠᠬᠤᠢᠢᠯᠠᠯ ᠲᠦᠷ ᠴᠠᠭ ᠤᠨ ᠴᠢᠨᠠᠷᠲᠠᠢ ᠦᠢᠯᠡᠳᠪᠦᠷᠢᠯᠡᠯ ᠡᠵᠡᠩᠨᠡᠯᠲᠡ ᠶᠢᠨ ᠬᠦᠴᠢᠷᠳᠡᠯ ᠳᠤ ᠲᠤᠯᠭᠠᠷᠠᠵᠦ᠂ ᠨᠡᠶᠢᠬᠡᠮ | ᠤᠨ ᠳᠠᠭᠠᠳᠬᠠᠯ ᠤᠨ ᠰᠦᠢᠳᠭᠡᠯ ᠢᠶᠠᠨ ᠲᠤᠰᠢᠶᠠᠵᠦ ᠲᠡᠶᠢᠯᠬᠦ ᠦᠬᠡᠢ ᠪᠤᠯᠵᠠᠢ᠂ ᠠᠵᠦ ᠠᠬᠤᠢᠢᠯᠠᠯ ᠤᠨ ᠳᠠᠷᠤᠭᠠᠰᠦ | ᠶᠢ ᠬᠦᠩᠭᠡᠷᠡᠬᠦᠯᠵᠦ᠂ ᠠᠵᠢᠯ ᠤᠯᠭᠤᠬᠤ ᠠᠵᠢᠯ ᠤᠨ ᠪᠠᠶᠢᠷᠢ ᠶᠢ ᠲᠤᠬᠲᠠᠪᠤᠷᠢᠵᠢᠭᠤᠯᠬᠤ ᠶᠢᠨ ᠲᠦᠯᠦᠭᠡ ᠪᠢᠳᠡ | ᠱᠠᠲᠣᠴᠢ ᠴᠢᠨᠠᠷᠲᠠᠢ ᠪᠠᠷ ᠠᠵᠢᠯ ᠠᠴᠠ ᠪᠤᠯᠤᠬᠰᠠᠨ ᠬᠡᠮᠳᠦᠯ ᠤᠨ ᠳᠠᠭᠠᠳᠬᠠᠯ ᠤᠨ ᠰᠦᠢᠳᠭᠡᠯ ᠤᠨ ᠨᠤᠷᠮ᠎ᠠ ᠶᠢ | ᠪᠠᠭᠤᠷᠠᠭᠤᠯᠬᠤ ᠠᠷᠭ᠎ᠠ ᠬᠡᠮᠵᠢᠶ᠎ᠡ ᠠᠪᠴᠦ᠂ ᠠᠵᠦ ᠠᠬᠤᠢᠢᠯᠠᠯ ᠤᠨ ᠨᠡᠶᠢᠬᠡᠮ ᠤᠨ ᠳᠠᠭᠠᠳᠬᠠᠯ ᠤᠨ ᠰᠦᠢᠳᠭᠡᠯ ᠢᠶᠠᠨ | ᠲᠤᠰᠢᠶᠠᠬᠤ ᠴᠠᠭ ᠢ ᠬᠤᠶᠢᠰᠢᠯᠠᠭᠤᠯᠬᠤ ᠶᠢ ᠵᠦᠪᠰᠢᠶᠡᠷᠡᠬᠦ ᠪᠤᠯᠤᠨ᠎ᠠ᠃ ᠨᠢᠭᠡ ᠳᠤ᠂ ᠦᠷᠬᠦᠯᠵᠢᠯᠡᠨ ᠱᠠᠲᠦᠴᠢ | ᠴᠢᠨᠠᠷᠲᠠᠢ ᠠᠵᠢᠯ ᠠᠴᠠ ᠪᠤᠯᠤᠬᠰᠠᠨ ᠬᠡᠮᠲᠦᠯ ᠤᠨ ᠳᠠᠭᠠᠳᠬᠠᠯ ᠤᠨ ᠰᠦᠢᠳᠭᠡᠯ ᠢ ᠪᠠᠭᠤᠷᠠᠭᠤᠯᠵᠦ᠂ ᠡᠨᠡ ᠬᠦ | ᠬᠤᠭᠤᠴᠠᠭ᠎ᠠ ᠶᠢ 2021 ᠣᠨ ᠤ 4 ᠰᠠᠷ᠎ᠠ ᠶᠢᠨ 30 ᠪᠤᠯᠲᠠᠯ᠎ᠠ ᠤᠷᠲᠤᠳᠬᠠᠨ᠎ᠠ᠃ ᠬᠤᠶᠠᠷ ᠲᠤ᠂ ᠨᠠᠰᠤᠵᠢᠯ᠂ | ᠠᠵᠢᠯ ᠠᠴᠠ ᠪᠤᠯᠤᠬᠰᠠᠨ ᠬᠡᠮᠲᠦᠯ᠂ ᠠᠵᠢᠯ ᠠᠯᠳᠠᠬᠰᠠᠨ ᠳᠠᠭᠠᠳᠬᠠᠯ ᠤᠨ ᠰᠦᠢᠳᠭᠡᠯ ᠢᠶᠠᠨ ᠲᠤᠰᠢᠶᠠᠬᠤ ᠶᠢ | ᠬᠤᠶᠢᠰᠢᠯᠠᠭᠤᠯᠬᠤ ᠶᠢ ᠵᠦᠪᠰᠢᠶᠡᠷᠡᠵᠦ᠂ ᠰᠦᠢᠳᠭᠡᠯ ᠲᠤᠰᠢᠶᠠᠬᠤ ᠴᠠᠭ ᠢ ᠬᠠᠮᠤᠭ ᠤᠨ ᠤᠷᠲᠦ ᠳᠠᠭᠠᠨ 6 ᠰᠠᠷ᠎ᠠ | ᠶᠢᠨ ᠬᠤᠭᠤᠴᠠᠭ᠎ᠠ ᠲᠠᠢ ᠬᠤᠶᠢᠰᠢᠯᠠᠭᠤᠯᠵᠦ ᠪᠤᠯᠤᠨ᠎ᠠ᠃ ᠬᠢᠵᠢᠭ ᠤᠨ ᠪᠠᠶᠢᠳᠠᠯ ᠤᠨ ᠨᠦᠯᠦᠭᠡ ᠶᠢ ᠨᠡᠯᠢᠶᠡᠳ ᠶᠡᠭᠡ | ᠬᠦᠷᠲᠡᠭᠰᠡᠨ ᠠᠵᠦ ᠠᠬᠤᠢᠢᠯᠠᠯ ᠨᠠᠰᠤᠵᠢᠯ ᠤᠨ ᠳᠠᠭᠠᠳᠬᠠᠯ ᠤᠨ ᠰᠦᠢᠳᠭᠡᠯ ᠢ ᠳᠣᠰᠢᠶᠠᠬᠤ ᠴᠠᠬ ᠢ 9 ᠰᠠᠷ᠎ᠠ ᠶᠢᠨ | ᠰᠡᠬᠦᠯᠴᠢ ᠬᠦᠷᠲᠡᠯ᠎ᠡ ᠬᠤᠶᠢᠰᠢᠯᠠᠭᠤᠯᠵᠦ ᠪᠤᠯᠤᠨ᠎ᠠ᠃ |