2 ᠰᠠᠷ᠎ᠠ ᠶᠢᠨ 16 ᠤ ᠦᠳᠡ ᠶᠢᠨ ᠬᠤᠶᠢᠨ᠎ᠠ᠂ ᠮᠠᠨ ᠤ ᠣᠷᠣᠨ ᠤ ᠵᠢᠷᠭᠤᠳᠤᠭᠠᠷ ᠪᠦᠯᠦᠭ ᠬᠤᠪᠸᠢ ᠶᠢ | ᠲᠤᠰᠠᠯᠠᠬᠤ ᠡᠮᠴᠢᠯᠡᠭᠡᠨ ᠤ ᠠᠩᠬᠢ ᠶᠢᠨ 112 ᠪᠦᠷᠢᠯᠳᠦᠬᠦᠨ ᠬᠤᠪᠸᠢ ᠮᠤᠵᠢ ᠳᠤ ᠬᠦᠷᠴᠤ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠵᠤ ᠠᠪᠤᠷᠠᠨ ᠲᠤᠰᠠᠯᠠᠬᠤ ᠡᠭᠦᠷᠭᠡ ᠭᠦᠢᠴᠡᠳᠬᠡᠬᠦ ᠪᠠᠷ | ᠬᠦᠬᠡᠬᠤᠳᠠ ᠠᠴᠠ ᠮᠤᠷᠳᠠᠵᠠᠢ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ | ᠳᠡᠳ᠋ ᠶᠡᠷᠦᠩᠬᠡᠶ ᠵᠢᠯᠣᠭᠤᠳᠣᠭᠴᠢ ᠡᠸᠤ ᠶᠠᠩ ᠰᠢᠶᠤᠤ ᠬᠤᠶ ᠨᠢᠰᠬᠡᠯ ᠤᠨ ᠪᠠᠭᠤᠳᠠᠯ ᠳᠤ ᠬᠦᠷᠴᠦ ᠡᠮᠴᠢᠯᠡᠭᠡᠨ ᠤ | ᠠᠩᠭᠢ ᠶᠢᠨ ᠬᠢᠨ ᠢ ᠦᠳᠡᠨ ᠮᠣᠷᠳᠠᠭᠤᠯᠪᠠ᠃ | ᠡᠸᠤ ᠶᠠᠩ ᠰᠢᠶᠤᠤ ᠬᠤᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ | ᠲᠦᠯᠦᠭᠡᠯᠡᠨ ᠡᠮᠴᠢᠯᠡᠭᠡᠨ ᠤ ᠠᠩᠭᠢ ᠶᠢᠨ ᠭᠡᠰᠢᠬᠦᠳ ᠲᠤ ᠡᠷᠬᠢᠮ ᠲᠠᠭᠡᠳᠤ ᠬᠦᠨᠳᠤᠳᠭᠡᠯ ᠲᠠᠪᠰᠢᠬᠦᠯᠵᠤ᠂ ᠴᠢᠩ | ᠰᠡᠳᠬᠢᠯ ᠠᠴᠠ ᠪᠠᠨ ᠲᠠᠯᠠᠷᠬᠠᠵᠤ ᠪᠠᠶᠢᠭ᠎ᠠ ᠪᠠᠨ ᠢᠯᠡᠳᠭᠡᠪᠠ᠃ ᠲᠡᠷᠡ ᠡᠮᠴᠢ ᠰᠤᠪᠢᠯᠠᠭᠴᠢᠳ ᠲᠤ ᠭᠡᠳᠤᠨ | ᠱᠠᠭᠠᠷᠳᠠᠯᠭ᠎ᠠ ᠲᠤᠷᠠᠳᠪᠠ᠄ ᠡᠷᠭᠡᠪᠰᠢ ᠥᠪᠡᠷ ᠢ ᠪᠠᠨ ᠰᠠᠶᠢᠲᠤᠷ ᠬᠠᠮᠠᠭᠠᠯᠠᠵᠤ᠂ ᠪᠠᠷᠢᠮᠵᠢᠶ᠎ᠠ ᠶᠣᠰᠣᠭᠠᠷ ᠰᠠᠶᠢᠲᠤᠷ | ᠰᠡᠷᠭᠡᠶᠢᠯᠡᠨ ᠬᠠᠮᠠᠭᠠᠯᠠᠬᠤ ᠬᠡᠷᠡᠭᠲᠡᠶ︔ ᠴᠤᠴᠠᠯᠳᠠ ᠦᠭᠡᠢ ᠴᠢᠷᠮᠠᠶᠢᠨ ᠠᠵᠢᠯᠯᠠᠵᠤ᠂ ᠥᠪᠡᠷ ᠤᠨ ᠲᠤᠬᠠᠶᠢᠯᠠᠭᠰᠠᠨ | ᠠᠵᠢᠯ ᠢᠶᠠᠨ ᠰᠠᠶᠢᠲᠤᠷ ᠬᠢᠵᠦ᠂ ᠥᠪᠥᠷ ᠮᠣᠩᠭᠤᠯ ᠤᠨ ᠡᠮ ᠡᠮᠨᠡᠯᠭᠡ ᠶᠢᠨ ᠠᠵᠢᠯᠲᠠᠨ ᠤ ᠰᠠᠶᠢᠨ ᠰᠠᠶᠢᠬᠠᠨ ᠳᠦᠷᠢ | ᠲᠥᠷᠬᠦ ᠶᠢ ᠢᠯᠡᠷᠡᠭᠦᠯᠬᠦ ᠬᠡᠷᠡᠭᠲᠡᠶ︔ ᠤᠯᠠᠨ ᠢᠶᠠᠷ ᠢᠶᠠᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠵᠢᠯᠤᠭᠤᠳᠤᠯᠭ᠎ᠠ ᠶᠢ | ᠡᠷᠡᠰ ᠲᠠᠭᠠᠬᠤ ᠶᠢ ᠬᠦᠰᠡᠵᠤ ᠪᠠᠶᠢᠨ᠎ᠠ︔ ᠤᠯᠠᠨ ᠢᠶᠠᠷ ᠢᠶᠠᠨ ᠠᠮᠤᠷ ᠠᠮᠤᠭᠤᠯᠠᠩ᠂ ᠡᠷᠡᠭᠦᠯ ᠮᠠᠨᠳᠤ᠂ | ᠢᠯᠠᠯᠲᠠ ᠲᠠᠢ ᠪᠠᠷ ᠪᠤᠴᠠᠵᠤ ᠢᠷᠡᠬᠦ ᠶᠢ ᠬᠦᠰᠡᠵᠦ ᠪᠠᠶᠢᠨ᠎ᠠ ᠭᠡᠪᠠ᠃ | ᠣᠶᠢᠯᠠᠭᠠᠭᠰᠠᠨ ᠢᠶᠠᠷ᠂ ᠲᠣᠰ ᠪᠦᠯᠦᠭ ᠤᠨ ᠡᠮᠴᠢᠯᠡᠭᠡᠨ ᠤ ᠠᠩᠭᠢ ᠳᠤ 1 ᠳᠠᠭᠠᠭᠤᠯᠤᠭᠴᠢ᠂ 1 | ᠬᠤᠯᠪᠣᠭᠠᠴᠢᠨ ᠲᠤᠬᠢᠷᠠᠭᠤᠯᠵᠤ᠂ 110 ᠡᠮᠴᠢ ᠰᠤᠪᠢᠯᠠᠭᠴᠢ ᠨᠢ ᠲᠣᠰ ᠲᠣᠰ ᠬᠥᠬᠡᠬᠤᠲᠠ᠂ ᠪᠤᠭᠤᠲᠤ ᠬᠤᠲᠠ᠂ | ᠣᠷᠳᠣᠰ ᠬᠤᠲᠠ᠂ ᠤᠯᠠᠭᠠᠨᠴᠠᠪ ᠬᠤᠲᠠ ᠵᠡᠷᠭᠡ 4 ᠠᠶᠢᠮᠠᠭ ᠬᠤᠲᠠ ᠶᠢᠨ ᠡᠮᠨᠡᠯᠭᠡ ᠶᠢᠨ ᠬᠤᠷᠢᠶ᠎ᠠ ᠠᠴᠠ ᠢᠷᠡᠵᠦ᠂ | ᠡᠭᠦᠨ ᠳᠤ 30 ᠡᠮᠴᠢ᠂ 80 ᠰᠤᠪᠢᠯᠠᠭᠴᠢ ᠪᠤᠢ᠃ |