ᠮᠠᠨ ᠤ ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ ᠰᠡᠳᠬᠢᠴᠡ ᠶᠢᠨ ᠲᠤᠰᠠᠯᠠᠮᠵᠢ ᠶᠢᠨ ᠬᠠᠯᠠᠮᠰᠢᠯ ᠤᠲᠠᠰᠤ ᠪᠠ ᠰᠦᠯᠵᠢᠶᠡᠨ  ᠳᠡᠭᠡᠷ᠎ᠡ ᠬᠠᠪᠰᠤᠷᠤᠨ ᠵᠢᠯᠣᠭᠤᠳᠬᠤ ᠦᠶᠯᠡᠴᠢᠯᠡᠭᠡ ᠶᠢ ᠵᠠᠯᠭᠠᠭ᠎ᠠ ᠪᠠᠷ ᠨᠡᠪᠲᠡᠷᠡᠭᠦᠯᠪᠡ
ᠨᠡᠶᠢᠲᠡᠯᠡᠭᠰᠡᠨ ᠴᠠᠭ᠄
2020/2/18
     ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠰᠡᠳᠬᠢᠴᠡ ᠶᠢᠨ ᠲᠤᠰᠠᠯᠠᠮᠵᠢ ᠶᠢ ᠡᠬᠢᠯᠡᠭᠦᠯᠦᠭᠰᠡᠨ ᠤ ᠳᠠᠷᠠᠭ᠎ᠠ᠂ ᠬᠡᠳᠦᠨ ᠡᠳᠦᠷ ᠤᠨ ᠲᠤᠷᠰᠢ᠂ ᠮᠠᠨ ᠤ ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ ᠰᠡᠳᠬᠢᠴᠡ ᠶᠢᠨ ᠲᠤᠰᠠᠯᠠᠮᠵᠢ ᠶᠢᠨ ᠬᠠᠯᠠᠮᠰᠢᠯ ᠤᠲᠠᠰᠤ ᠪᠠ ᠰᠦᠯᠵᠢᠶᠡᠨ ᠳᠡᠭᠡᠷ᠎ᠡ ᠬᠠᠪᠰᠤᠷᠤᠨ ᠵᠢᠯᠣᠭᠤᠳᠬᠤ ᠦᠶᠯᠡᠴᠢᠯᠡᠭᠡ ᠶᠢ ᠵᠠᠯᠭᠠᠭ᠎ᠠ ᠪᠠᠷ ᠨᠡᠪᠲᠡᠷᠡᠭᠦᠯᠵᠦ᠂ ᠣᠯᠠᠨ ᠵᠦᠶᠯ ᠤᠨ ᠬᠡᠯᠪᠡᠷᠢ ᠪᠠᠷ ᠳᠠᠮᠵᠢᠭᠤᠯᠤᠨ ᠥᠷᠭᠡᠨ ᠣᠯᠠᠨ ᠪᠠᠭᠰᠢ ᠰᠤᠷᠤᠭᠴᠢᠳ ᠲᠤ ᠰᠡᠳᠬᠢᠴᠡ ᠶᠢᠨ ᠲᠠᠯ᠎ᠠ ᠶᠢᠨ ᠦᠨᠡᠨ ᠬᠦ ᠪᠦᠲᠦᠮᠵᠢᠲᠡᠶ ᠦᠶᠯᠡᠴᠢᠯᠡᠭᠡ ᠬᠠᠩᠭᠠᠵᠤ ᠪᠤᠢ᠃      ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠨᠢ ᠪᠥᠬᠦ ᠣᠷᠣᠨ ᠳᠤ ᠬᠠᠨᠳᠤᠭᠤᠯᠤᠨ ᠰᠢᠨ᠎ᠡ ᠲᠢᠲᠢᠮᠯᠢᠭ  ᠠᠭᠤᠰᠬᠢᠨ ᠦᠷᠪᠢᠰᠦᠯ ᠢ ᠡᠰᠡᠷᠭᠦᠴᠡᠬᠦ ᠰᠡᠳᠬᠢᠴᠡ ᠶᠢᠨ ᠵᠥᠪᠯᠡᠯᠭᠡ ᠥᠭᠬᠦ ᠪᠠ ᠵᠠᠯᠠᠵᠤ ᠵᠢᠯᠣᠭᠤᠳᠬᠤ ᠲᠤᠰᠠᠯᠠᠮᠵᠢ ᠶᠢᠨ ᠦᠶᠯᠡᠴᠢᠯᠡᠭᠡ ᠶᠢ ᠡᠬᠢᠯᠡᠭᠦᠯᠪᠡ᠃ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠨᠢ ᠲᠤᠰ ᠰᠤᠷᠭᠠᠭᠤᠯᠢ ᠶᠢᠨ APP᠎ ᠪᠠᠷ ᠳᠠᠮᠵᠢᠭᠤᠯᠤᠨ ᠰᠦᠯᠵᠢᠶᠡᠨ ᠳᠡᠭᠡᠷᠡᠬᠢ ᠰᠡᠳᠬᠢᠴᠡ ᠶᠢᠨ ᠬᠠᠪᠰᠤᠷᠤᠨ ᠵᠢᠯᠣᠭᠤᠳᠣᠯᠭ᠎ᠠ ᠬᠠᠩᠭᠠᠵᠤ᠂  ᠰᠤᠷᠤᠭᠴᠢᠳ ᠲᠣᠰ ᠡᠳᠦᠷ ᠤᠨ ᠰᠦᠯᠵᠢᠶᠡᠨ ᠳᠡᠭᠡᠷᠡᠬᠢ ᠵᠢᠵᠢᠭᠦᠷᠯᠡᠭᠴᠢ ᠶᠢ ᠨᠡᠮᠡᠵᠦ ᠰᠦᠯᠵᠢᠶᠡᠨ ᠳᠡᠭᠡᠷ᠎ᠡ ᠵᠥᠪᠯᠡᠯᠭᠡ ᠠᠪᠴᠤ ᠪᠣᠯᠤᠨ᠎ᠠ᠂ ᠪᠠᠰᠠ QQ ᠴᠤᠭᠯᠠᠷᠠᠯ ᠢᠶᠠᠷ ᠳᠠᠮᠵᠢᠭᠤᠯᠤᠨ ᠬᠠᠯᠠᠮᠰᠢᠯ ᠤᠲᠠᠰᠤ ᠪᠠᠷ ᠰᠡᠳᠬᠢᠴᠡ ᠶᠢᠨ ᠬᠠᠪᠰᠤᠷᠤᠨ ᠵᠢᠯᠣᠭᠤᠳᠣᠯᠭ᠎ᠠ ᠬᠢᠬᠦ ᠪᠠᠷ ᠪᠣᠯᠵᠤᠵᠤ ᠪᠣᠯᠤᠨ᠎ᠠ᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠰᠤᠷᠤᠭᠴᠢᠳ ᠰᠤᠷᠭᠠᠭᠤᠯᠢ ᠶᠢᠨ ᠰᠡᠳᠬᠢᠴᠡ ᠶᠢᠨ ᠵᠥᠪᠯᠡᠯᠭᠡ ᠶᠢᠨ ᠲᠥᠪ ᠤᠨ QQ ᠨᠣᠮᠧᠷ ᠢᠶᠠᠷ ᠵᠥᠪᠯᠡᠯᠭᠡ ᠬᠢᠬᠦ ᠪᠠᠷ ᠪᠣᠯᠵᠣᠨ ᠲᠣᠭᠲᠠᠵᠤ᠂ ᠰᠡᠳᠬᠢᠴᠡ ᠶᠢᠨ ᠵᠥᠪᠯᠡᠭᠴᠢ ᠠᠴᠠ ᠪᠣᠯᠵᠤᠵᠤ ᠲᠣᠭᠲᠠᠭᠰᠠᠨ ᠴᠠᠭ ᠤᠨ ᠳᠣᠲᠣᠷ᠎ᠠ ᠵᠥᠪᠯᠡᠯᠭᠡ ᠠᠪᠬᠤ ᠰᠣᠷᠣᠭᠴᠢ ᠲᠠᠢ ᠬᠤᠯᠪᠣᠭ᠎ᠠ ᠠᠪᠴᠤ᠂ ᠤᠳᠠᠭ᠎ᠠ ᠪᠦᠷᠢ ᠶᠢᠨ ᠦᠶᠯᠡᠴᠢᠯᠡᠬᠦ ᠴᠠᠭ ᠨᠢ ᠪᠠᠷᠤᠭ 30 ᠮᠢᠨᠦ᠋ᠲ ᠪᠣᠯᠤᠨ᠎ᠠ᠃ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠶᠢᠨ ᠰᠣᠷᠣᠭᠴᠢᠳ ︽ᠣᠶᠤᠨ ᠰᠠᠨᠠᠭᠠᠨ ᠤ ᠵᠠᠪᠢ — ᠥᠪᠥᠷ ᠮᠣᠩᠭᠤᠯ ᠤᠨ ᠡᠳ᠋ ᠤᠨ ᠵᠠᠰᠠᠭ ᠤᠨ ᠶᠡᠭᠡ ᠰᠤᠷᠭᠠᠭᠤᠯᠢ ᠶᠢᠨ ᠰᠡᠳᠬᠢᠴᠡ ᠶᠢᠨ ᠲᠥᠪ︾ ᠸᠢᠴᠠᠲ ᠤᠨ ᠣᠯᠠᠨ ᠨᠡᠶᠢᠲᠡ ᠶᠢᠨ ᠲᠠᠪᠴᠠᠩ ᠵᠡᠷᠭᠡ ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠰᠡᠳᠬᠢᠴᠡ ᠶᠢᠨ ᠵᠥᠪᠯᠡᠯᠭᠡ ᠠᠪᠬᠤ ᠪᠠᠷ ᠤᠷᠢᠳᠴᠢᠯᠠᠨ ᠪᠣᠯᠵᠣᠵᠤ ᠪᠣᠯᠤᠨ᠎ᠠ᠃ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠎ ᠨᠢ ︽ᠬᠥᠬᠡᠬᠤᠲᠠ ᠶᠢᠨ ᠠᠵᠢᠯ ᠮᠡᠷᠭᠡᠵᠢᠯ ᠤᠨ ᠣᠶᠤᠨ ᠰᠠᠨᠠᠭᠠᠨ ᠤ ᠬᠡᠷ ᠣᠷᠣᠨ︾ ᠸᠢᠴᠠᠲ ᠤᠨ ᠣᠯᠠᠨ ᠨᠡᠶᠢᠲᠡ ᠎ ᠶᠢᠨ ᠲᠠᠪᠴᠠᠩ ᠢᠶᠠᠷ ᠳᠠᠮᠵᠢᠭᠤᠯᠤᠨ᠂ ᠪᠠᠭᠰᠢ ᠰᠤᠷᠤᠭᠴᠢᠳ ᠲᠤ ᠰᠡᠳᠬᠢᠴᠡ ᠶᠢᠨ ᠲᠤᠰᠬᠠᠶ ᠮᠡᠷᠭᠡᠵᠢᠯ ᠤᠨ ᠮᠡᠳᠡᠯᠭᠡ ᠎ ᠶᠢ ᠲᠦᠭᠡᠮᠡᠯᠵᠢᠭᠦᠯᠬᠦ ᠶᠢᠨ ᠬᠠᠮᠲᠤ ᠪᠠᠰᠠ ᠰᠡᠳᠬᠢᠴᠡ ᠶᠢᠨ ᠬᠠᠪᠰᠤᠷᠤᠨ ᠵᠢᠯᠣᠭᠤᠳᠣᠯᠭ᠎ᠠ ᠶᠢᠨ ᠤᠷᠢᠳᠴᠢᠯᠠᠨ ᠪᠣᠯᠵᠣᠬᠤ ᠦᠶᠯᠡᠴᠢᠯᠡᠭᠡ ᠬᠠᠩᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号