ᠮᠠ ᠰᠢᠦᠸᠠᠢ ᠵᠢᠶᠦ᠋ᠨ ᠤᠷᠳᠤᠰ ᠬᠤᠳᠠ ᠦᠬᠠᠢ ᠬᠤᠳᠠ ᠳᠤ ᠪᠠᠶᠢᠴᠠᠭᠠᠨ ᠰᠤᠳᠤᠯᠤᠯᠳᠠ ᠬᠢᠬᠦ ᠳᠡᠭᠡᠨ ᠴᠢᠬᠤᠯᠠᠴᠢᠯᠠᠭᠰᠠᠨ ᠨᠢ ᠢᠳᠡᠬᠡᠯ ᠵᠤᠷᠢᠭ ᠢᠶᠠᠨ ᠪᠠᠳᠤᠳᠬᠠᠵᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠤ ᠠᠬᠤᠢ ᠨᠡᠶᠢᠬᠡᠮ ᠤᠨ ᠬᠦᠭᠵᠢᠯᠳᠠ ᠶᠢᠨ ᠡᠯ᠎ᠡ ᠵᠦᠢᠯ ᠤᠨ ᠠᠵᠢᠯ ᠢ ᠢᠳᠠᠪᠬᠢᠳᠠᠢ ᠠᠷᠭᠠᠴᠠᠭᠠᠵᠤ ᠨᠢᠬᠡᠳᠦᠯᠳᠡᠢ ᠲᠦᠯᠦᠪᠵᠢᠬᠦᠯᠦᠨ ᠰᠠᠶᠢᠳᠤᠷ ᠠᠳᠬᠤᠬᠤ ᠬᠡᠷᠡᠭᠳᠡᠢ
ᠨᠡᠶᠢᠲᠡᠯᠡᠭᠰᠡᠨ ᠴᠠᠭ᠄
2020/2/19
     2 ᠰᠠᠷ᠎ᠠ ᠶᠢᠨ 16᠎ ᠠᠴᠠ 18᠎ ᠤ ᠡᠳᠦᠷ ᠪᠤᠯᠳᠠᠯ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠎ ᠤ ᠪᠠᠶᠢᠩᠭᠤ ᠶᠢᠨ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠬᠦᠯᠡᠭᠴᠢ᠂ ᠦᠪᠡᠷᠳᠡᠬᠡᠨ ᠵᠠᠰᠠᠬᠤ ᠤᠷᠤᠨ ᠤ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠪᠠᠶᠢᠩᠭᠤ ᠶᠢᠨ ᠲᠡᠳ᠋ ᠶᠡᠷᠦᠩᠬᠡᠢ ᠵᠢᠯᠤᠭᠤᠳᠤᠬᠴᠢ ᠮᠠ ᠰᠢᠦᠸᠠᠢ ᠵᠢᠶᠦ᠋ᠨ ᠤᠷᠳᠤᠰ ᠬᠤᠳᠠ ᠪᠤᠯᠤᠨ ᠦᠬᠠᠢ ᠬᠤᠳᠠ ᠳᠤ᠂ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ᠂ ᠠᠵᠤ ᠠᠬᠤᠢᠢᠯᠠᠯ ᠤᠨ ᠠᠵᠢᠯ ᠢᠶᠠᠨ ᠰᠡᠷᠬᠦᠬᠡᠵᠤ ᠦᠢᠯᠡᠳᠪᠦᠷᠢᠯᠡᠯ ᠢᠶᠠᠨ ᠰᠡᠷᠬᠦᠬᠡᠬᠦ᠂ ᠴᠢᠬᠤᠯᠠ ᠶᠡᠭᠡ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ᠂ ᠠᠶᠤᠯᠬᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠤᠭᠤᠳᠪᠠ᠃      ᠪᠠᠶᠢᠴᠠᠭᠠᠨ ᠰᠤᠳᠤᠯᠬᠤ ᠲᠤᠭᠤᠢᠢᠯᠠᠩ ᠤᠨ ᠬᠢᠨ ᠤᠷᠳᠤᠰ ᠬᠤᠳᠠ ᠶᠢᠨ ᠬᠢᠶ᠎ᠠ ᠪᠠᠭᠰᠢ ᠲᠤᠭᠤᠷᠢᠭ ᠤᠨ ᠯᠠᠨ ᠱᠧᠩ ᠶᠤᠸᠠᠨ ᠰᠠᠭᠤᠭᠠᠯᠢ ᠠᠷᠠᠳ ᠤᠨ ᠲᠤᠭᠤᠷᠢᠭ᠂ ᠦᠬᠠᠢ ᠬᠤᠳᠠ ᠶᠢᠨ ᠭᠠᠯᠳᠤ ᠲᠡᠷᠬᠡᠨ ᠤ ᠦᠷᠳᠡᠭᠡ᠂ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠲᠤᠮᠤ ᠳ᠋ᠠᠶᠢᠲ᠋ᠠ ᠶᠢᠨ ᠲᠦᠪ᠂ ᠤᠳᠠ ᠶᠢᠨ ᠲᠤᠬᠤᠢ ᠲᠤᠭᠤᠷᠢᠭ ᠤᠨ ᠰᠢᠨ ᠰᠢᠨ ᠵᠤᠴᠢᠳ ᠤᠨ ᠪᠠᠭᠤᠳᠠᠯ ᠤᠨ ᠲᠤᠰᠠᠭᠠᠷᠯᠠᠬᠤ ᠴᠡᠭ ᠵᠡᠷᠬᠡ ᠭᠠᠵᠠᠷ ᠲᠤ ᠬᠦᠷᠴᠤ᠂ ᠡᠭᠡᠯᠵᠢᠯᠡᠨ ᠵᠢᠵᠢᠬᠦᠷᠯᠡᠵᠤ ᠪᠠᠶᠢᠬᠤ᠂ ᠵᠢᠬᠰᠠᠭᠠᠨ ᠪᠠᠶᠢᠴᠠᠭᠠᠵᠤ ᠲᠠᠮᠳᠡᠭᠯᠡᠵᠤ ᠪᠠᠶᠢᠬᠤ᠂ ᠬᠦᠮᠦᠨ ᠢ ᠬᠠᠮᠢᠶᠠᠷᠤᠨ ᠡᠵᠡᠮᠳᠡᠬᠦ ᠪᠠ ᠲᠤᠰᠠᠭᠠᠷᠯᠠᠵᠤ ᠪᠠᠶᠢᠬᠤ ᠵᠡᠷᠭᠡ ᠪᠠᠶᠢᠳᠠᠯ ᠢ ᠨᠠᠷᠢᠨ ᠤᠢᠢᠯᠠᠭᠠᠪᠠ᠃ ᠤᠷᠳᠤᠰ ᠬᠤᠳᠠ ᠶᠢᠨ ᠵᠦᠩ ᠲᠢᠶᠠᠨ ᠡᠾᠧ ᠴᠤᠸᠠᠩ ᠡᠨᠧᠷᠬᠢ ᠶᠢᠨ ᠬᠢᠵᠠᠭᠠᠷᠳᠤ ᠺᠤᠮᠫᠠᠨᠢ᠂ ᠦᠬᠠᠢ ᠬᠤᠳᠠ ᠶᠢᠨ ᠵᠢᠩ ᠶᠦᠨ ᠲᠦᠩ ᠰᠢᠨ᠎ᠠ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠵᠡᠷᠬᠡ 12 ᠠᠵᠤ ᠠᠬᠤᠢᠢᠯᠠᠯ ᠳᠤ᠂ ᠮᠠ ᠰᠢᠦᠸᠠᠢ ᠵᠢᠶᠦ᠋ᠨ ᠲᠤᠬᠠᠢ ᠶᠢᠨ ᠭᠠᠵᠠᠷ ᠎ ᠤᠨ ᠬᠠᠷᠢᠭᠤᠴᠠᠯᠭᠠᠳᠠᠨ ᠨᠦᠬᠦᠷ ᠲᠤ᠂ ᠡᠷᠭᠡᠪᠰᠢ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠲᠤᠭᠤᠰᠢᠯᠠᠭᠤᠯᠤᠨ ᠨᠠᠶᠢᠳᠠᠪᠦᠷᠢᠵᠢᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠬᠡᠶᠢᠯᠡᠵᠤ ᠬᠤᠯᠪᠤᠭᠠᠯᠠᠨ ᠡᠵᠡᠮᠳᠡᠬᠦ ᠲᠤᠬᠳᠠᠴᠠ ᠶᠢᠨ ︽ᠰᠢᠨᠵᠢᠯᠡᠬᠦ ᠤᠬᠠᠭᠠᠨᠴᠢ ᠪᠠᠷ ᠰᠡᠷᠬᠡᠶᠢᠯᠡᠨ ᠡᠵᠡᠮᠳᠡᠵᠤ ᠤᠨᠤᠴᠠᠳᠠᠢ ᠪᠠᠷ ᠠᠷᠭ᠎ᠠ ᠪᠤᠳᠤᠯᠭ᠎ᠠ ᠭᠡᠷᠡᠭᠵᠢᠬᠦᠯᠵᠤ ᠭᠠᠵᠠᠷ ᠤᠷᠤᠨ ᠬᠤᠪᠢᠶᠠᠨ ᠲᠠᠰ ᠵᠡᠷᠭᠡ ᠬᠤᠪᠢᠶᠠᠵᠤ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠎ ᠢ ᠰᠡᠷᠬᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠬᠦ ᠲᠤᠬᠠᠢ ᠵᠢᠯᠤᠭᠤᠳᠬᠤ ᠰᠠᠨᠠᠯ︾ ᠵᠢᠴᠢ ᠦᠪᠡᠷᠳᠡᠬᠡᠨ ᠵᠠᠰᠬᠠᠤ ᠤᠷᠤᠨ ᠤ ᠰᠠᠨᠠᠯ ᠱᠠᠭᠠᠷᠳᠠᠯᠭ᠎ᠠ ᠶᠤᠰᠤᠭᠠᠷ᠂ ᠲᠦᠷᠦᠯ ᠬᠤᠪᠢᠶᠠᠨ ᠵᠢᠯᠤᠭᠤᠳᠴᠤ᠂ ᠤᠨᠤᠴᠠᠳᠠᠢ ᠪᠠᠷ ᠠᠷᠭ᠎ᠠ ᠪᠤᠳᠤᠯᠭ᠎ᠠ ᠭᠡᠷᠡᠭᠵᠢᠬᠦᠯᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠤ ᠠᠬᠤᠢ ᠨᠡᠶᠢᠬᠡᠮ ᠤᠨ ᠬᠦᠭᠵᠢᠯᠳᠠ ᠶᠢᠨ ᠡᠯ᠎ᠡ ᠵᠦᠢᠯ ᠤᠨ ᠠᠵᠢᠯ ᠢ ᠨᠢᠬᠡᠳᠦᠯᠳᠡᠢ ᠲᠦᠯᠦᠪᠵᠢᠬᠦᠯᠦᠨ ᠰᠠᠶᠢᠳᠤᠷ ᠠᠳᠬᠤᠬᠤ ᠬᠡᠷᠡᠭᠳᠡᠢ᠃ ᠠᠵᠤ ᠠᠬᠤᠢᠢᠯᠠᠯ ᠤᠨ ᠵᠦᠢ ᠵᠤᠬᠢᠰᠳᠡᠢ ᠡᠮᠬᠢ ᠵᠢᠷᠦᠮ ᠲᠠᠢ ᠪᠠᠷ ᠠᠵᠢᠯᠳᠠᠨ ᠠᠵᠢᠯᠴᠢᠨ ᠤ ᠠᠵᠢᠯ ᠤᠨ ᠪᠠᠶᠢᠷᠢ ᠳᠠᠭᠠᠨ ᠭᠠᠷᠬᠤ ᠲᠤᠬᠢᠷᠠᠭᠤᠯᠤᠯᠳᠠ ᠶᠢ ᠲᠡᠮᠵᠢᠵᠤ᠂ ᠲᠦᠷᠦᠯ ᠬᠤᠪᠢᠶᠠᠵᠤ ᠲᠤᠰᠠᠭᠠᠷᠯᠠᠬᠤ ᠠᠷᠭ᠎ᠠ ᠠᠪᠴᠠᠯ ᠢ ᠴᠢᠩᠭ᠎ᠠ ᠨᠠᠶᠢᠳᠠᠪᠦᠷᠢᠵᠢᠭᠤᠯᠤᠨ᠂ ᠠᠵᠢᠯ ᠢᠶᠠᠨ ᠰᠡᠷᠬᠦᠬᠡᠵᠤ ᠦᠢᠯᠡᠳᠪᠦᠷᠢᠯᠡᠯ ᠢᠶᠠᠨ ᠰᠡᠷᠬᠦᠬᠡᠬᠦ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠪᠦᠬᠦ ᠬᠡᠯᠬᠢᠶᠠᠵᠢᠯ ᠤᠨ ᠵᠤᠬᠢᠴᠠᠩᠭᠤᠢ ᠡᠷᠬᠢᠯᠳᠠ ᠶᠢ ᠠᠬᠢᠭᠤᠯᠵᠤ᠂ ᠠᠵᠤ ᠠᠬᠤᠢ ᠨᠡᠶᠢᠬᠡᠮ ᠤᠨ ᠡᠮᠬᠢ ᠵᠢᠷᠦᠮ ᠲᠠᠢ ᠪᠠᠷ ᠰᠡᠷᠬᠦᠬᠡᠬᠦ ᠶᠢ ᠪᠡᠶᠡᠯᠡᠬᠦᠯᠬᠦ ᠬᠡᠷᠡᠭᠳᠡᠢ᠃ ᠨᠢᠬᠡ ᠠᠵᠤ ᠠᠬᠤᠢᠢᠯᠠᠯ ᠳᠤ ᠨᠢᠬᠡ ᠠᠷᠭ᠎ᠠ ᠪᠤᠳᠤᠯᠭ᠎ᠠ ᠠᠪᠬᠤ᠂ ᠨᠢᠬᠡ ᠵᠦᠢᠯ ᠳᠤ ᠨᠢᠬᠡ ᠠᠷᠭ᠎ᠠ ᠪᠤᠳᠤᠯᠭ᠎ᠠ ᠠᠪᠬᠤ ᠪᠠᠷ ᠲᠡᠮᠵᠢᠭᠤᠯᠤᠨ᠂ ᠴᠢᠬᠤᠯᠠ ᠶᠡᠭᠡ ᠲᠦᠷᠦᠯ ᠵᠦᠢᠯ ᠤᠨ ᠭᠤᠷᠪᠠᠨ ᠱᠠᠳᠤᠨ ᠤ ᠲᠠᠭᠠᠭᠠᠴᠢᠯᠠᠯᠳᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠬᠦᠯᠵᠤ ᠂ ᠨᠠᠷᠢᠨ ᠲᠠᠩᠰᠠ ᠶᠢᠨ ᠬᠠᠮᠢᠶᠠᠷᠤᠯᠳᠠ ᠪᠤᠯᠤᠨ ᠭᠠᠷᠠᠭ ᠤᠨ ᠲᠤᠬᠢᠷᠠᠭᠤᠯᠤᠯᠳᠠ ᠶᠢ ᠬᠡᠷᠡᠭᠵᠢᠬᠦᠯᠵᠤ᠂ ᠴᠢᠬᠤᠯᠠ ᠶᠡᠭᠡ ᠲᠦᠷᠦᠯ ᠵᠦᠢᠯ᠂ ᠴᠢᠬᠤᠯᠠ ᠶᠡᠭᠡ ᠢᠨᠵᠧᠨᠧᠷᠢᠩ ᠤᠨ ᠡᠮᠬᠢ ᠵᠢᠷᠦᠮ ᠲᠠᠢ ᠪᠠᠷ ᠠᠬᠢᠬᠤ ᠶᠢ ᠪᠠᠳᠤᠯᠠᠬᠤ ᠬᠡᠷᠡᠭᠳᠡᠢ᠃ ᠠᠶᠤᠯᠬᠦᠢ ᠦᠢᠯᠡᠳᠪᠦᠷᠢᠯᠡᠯ ᠢ ᠠᠵᠤ ᠠᠬᠤᠢᠢᠯᠠᠯ ᠤᠨ ᠠᠵᠢᠯ ᠢᠶᠠᠨ ᠰᠡᠷᠬᠦᠬᠡᠵᠤ ᠦᠢᠯᠡᠳᠪᠦᠷᠢᠯᠡᠯ ᠢᠶᠠᠨ ᠰᠡᠷᠬᠦᠬᠡᠬᠦ ᠎ ᠶᠢᠨ ᠤᠷᠢᠳᠠᠯ ᠪᠠ ᠬᠤᠷᠢᠭ᠎ᠠ ᠱᠤᠭᠤᠮ ᠪᠤᠯᠭᠠᠵᠤ᠂ ᠤᠯᠠᠮ ᠴᠢᠨᠠᠬᠰᠢᠳᠠ ᠨᠠᠷᠢᠯᠢᠬᠵᠢᠭᠤᠯᠤᠨ ᠪᠤᠳᠠᠳᠠᠶᠢᠵᠢᠭᠤᠯᠵᠤ᠂ ᠠᠶᠤᠯᠬᠦᠢ ᠦᠢᠯᠡᠳᠪᠦᠷᠢᠯᠡᠯ ᠤᠨ ᠠᠳᠡᠯ ᠭᠠᠷᠬᠤ ᠠᠴᠠ ᠡᠷᠡᠰ ᠵᠠᠶᠢᠯᠡᠰᠬᠢᠬᠦ ᠬᠡᠷᠡᠭᠳᠡᠢ ᠬᠡᠵᠤ ᠵᠠᠬᠢᠵᠤ ᠰᠠᠨᠠᠭᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号