ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠡᠭᠦᠰᠦᠭᠰᠡᠨ ᠠᠴᠠ ᠨᠠᠭᠠᠰᠢ᠂ ᠥᠪᠥᠷ ᠮᠣᠩᠭᠤᠯ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠣᠰᠣᠭᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠠᠵᠢᠯ ᠢᠶᠠᠨ | ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠶᠢ ᠡᠮᠬᠢ ᠵᠢᠷᠤᠮ ᠲᠠᠢ ᠳᠥᠯᠭᠢᠨ ᠠᠬᠢᠭᠤᠯᠪᠠ᠃ 2 ᠳ᠋ᠤᠭᠠᠷ ᠰᠠᠷ᠎ᠠ | ᠶᠢᠨ 16 ᠤ ᠡᠳᠦᠷ ᠪᠣᠯᠲᠠᠯ᠎ᠠ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ 1547 ᠠᠵᠤ ᠦᠶᠯᠡᠳᠪᠦᠷᠢ | ᠶᠢᠨ ᠠᠵᠤ ᠠᠬᠤᠶᠢᠯᠠᠯ ᠠᠵᠢᠯ ᠢᠶᠠᠨ ᠰᠡᠷᠭᠦᠭᠡᠵᠦ᠂ ᠠᠵᠢᠯ ᠢᠶᠠᠨ ᠰᠡᠷᠭᠦᠭᠡᠭᠰᠡᠨ ᠨᠣᠷᠮ᠎ᠠ ᠨᠢ 56.2% ᠪᠣᠯᠪᠠ᠃ | ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠭᠰᠡᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ | ᠶᠡᠷᠦᠩᠬᠡᠶ ᠲᠤᠭ᠎ᠠ 61 ᠲᠦᠮᠡᠨ ᠬᠥᠮᠦᠨ ᠪᠠᠶᠢᠵᠤ᠂ 40 ᠲᠦᠮᠡᠨ ᠬᠥᠮᠦᠨ ᠨᠢᠭᠡᠨᠲᠡ ᠠᠵᠢᠯ ᠤᠨ ᠪᠠᠶᠢᠷᠢ ᠳᠤ ᠪᠠᠨ | ᠪᠤᠴᠠᠵᠤ᠂ ᠠᠵᠢᠯ ᠤᠨ ᠪᠠᠶᠢᠷᠢ ᠳᠤ ᠪᠠᠨ ᠪᠤᠴᠠᠭᠰᠠᠨ ᠨᠣᠷᠮ᠎ᠠ 65.5% ᠳᠤ ᠬᠦᠷᠴᠡᠶ᠃ | ᠠᠵᠤ ᠠᠬᠤᠶᠢᠯᠠᠯ ᠤᠨ ᠠᠵᠢᠯ ᠦᠶᠯᠡᠳᠪᠦᠷᠢᠯᠡᠯ ᠢᠶᠠᠨ ᠰᠡᠷᠭᠦᠭᠡᠬᠦ ᠳᠤ ᠨᠥᠬᠦᠴᠡᠯ ᠪᠦᠷᠢᠯᠳᠦᠭᠦᠯᠵᠦ ᠥᠭᠪᠡ᠃ | ᠥᠪᠡᠷᠲᠡᠭᠡᠨ ᠵᠠᠰᠠᠬᠤ ᠣᠷᠣᠨ ᠤ ᠠᠵᠤ ᠦᠶᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠠᠴᠠ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢᠭᠡᠪᠦᠷᠢ ᠳᠤ 2 ᠲᠣᠨ ᠠᠷᠢᠭᠤᠳᠬᠠᠬᠤ ᠬᠡᠷᠡᠭᠰᠡᠯ ᠢ ᠦᠨ᠎ᠡ | ᠲᠥᠯᠥᠪᠦᠷᠢ ᠦᠭᠡᠢ ᠪᠠᠷ ᠲᠦᠭᠡᠭᠡᠨ ᠥᠭᠴᠦ᠂ ᠪᠠᠰᠠ ᠡᠯ᠎ᠡ ᠲᠥᠷᠥᠯ ᠤᠨ ᠬᠦᠷᠢᠶᠡᠯᠡᠩ ᠲᠣᠭᠤᠷᠢᠭ ᠲᠤ ᠨᠢᠭᠡ | ᠪᠦᠯᠦᠭ ᠠᠮᠠᠪᠴᠢ᠂ ᠮᠠᠩᠨᠠᠶ ᠶᠢᠨ ᠳᠤᠯᠠᠭᠠᠨ ᠤ ᠬᠡᠮᠵᠢᠭᠦᠷ ᠵᠡᠷᠭᠡ ᠬᠢᠵᠢᠭ ᠢ ᠰᠡᠷᠭᠡᠶᠢᠯᠡᠨ ᠡᠵᠡᠮᠳᠡᠬᠦ ᠬᠡᠷᠡᠭᠰᠡᠯ ᠢ | ᠪᠡᠯᠡᠳᠬᠡᠨ ᠥᠭᠴᠦ᠂ ᠠᠵᠤ ᠠᠬᠤᠶᠢᠯᠠᠯ ᠤᠨ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠤᠷᠢᠲᠠᠯ ᠳᠣᠤᠷ᠎ᠠ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠤᠷᠤᠭᠰᠢᠲᠠᠶ | ᠰᠡᠷᠭᠦᠭᠡᠬᠦ ᠶᠢ ᠪᠠᠲᠤᠯᠠᠵᠠᠢ᠃ | ᠲᠦᠷᠦᠯ ᠬᠤᠪᠢᠶᠠᠨ ᠡᠮᠬᠢ ᠵᠢᠷᠤᠮ ᠲᠠᠢ ᠪᠠᠷ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠪᠠ᠃ | ᠣᠳᠣᠬᠠᠨ ᠳᠤ᠂ ᠪᠦᠬᠦ ᠣᠷᠣᠨ ᠳᠤ ᠨᠢᠭᠡᠨᠲᠡ 10 ᠡᠷᠦᠬᠡ ᠠᠷᠢᠭᠤᠳᠬᠠᠬᠤ ᠬᠡᠷᠡᠭᠰᠡᠯ ᠤᠨ ᠠᠵᠤ ᠠᠬᠤᠶᠢᠯᠠᠯ | ᠦᠢᠯᠡᠳᠪᠦᠷᠢᠯᠡᠯ ᠢᠶᠠᠨ ᠰᠡᠷᠭᠦᠭᠡᠵᠦ᠂ ᠰᠫᠢᠷᠲ᠂ ᠠᠷᠢᠭᠤᠳᠬᠠᠬᠤ ᠰᠢᠩᠭᠡᠨ ᠵᠡᠷᠭᠡ ᠨᠢ ᠵᠠᠬ᠎ᠠ ᠳᠡᠯᠭᠡᠭᠦᠷ ᠤᠨ | ᠬᠡᠷᠡᠭᠴᠡᠭᠡ ᠶᠢ ᠦᠨᠳᠦᠰᠦᠨ ᠳᠤ ᠪᠠᠨ ᠬᠠᠩᠭᠠᠵᠤ ᠳᠡᠶᠢᠯᠵᠤ ᠪᠤᠢ᠃ 2 ᠠᠵᠤ ᠠᠬᠤᠶᠢᠯᠠᠯ ᠨᠢᠭᠡᠨᠲᠡ ᠬᠠᠮᠠᠭᠠᠯᠠᠯᠲᠠ | ᠶᠢᠨ ᠬᠤᠪᠴᠠᠰᠤ ᠦᠶᠯᠡᠳᠪᠦᠷᠢᠯᠡᠬᠦ ᠨᠥᠬᠦᠴᠡᠯ ᠢ ᠪᠦᠷᠢᠯᠳᠦᠭᠦᠯᠵᠦ᠂ 2 ᠠᠵᠤ ᠠᠬᠤᠶᠢᠯᠠᠯ ᠠᠮᠠᠪᠴᠢ ᠦᠶᠯᠡᠳᠪᠦᠷᠢᠯᠡᠬᠦ | ᠨᠥᠬᠦᠴᠡᠯ ᠢ ᠪᠦᠷᠢᠯᠳᠦᠭᠦᠯᠵᠡᠶ᠃ ᠥᠪᠡᠷᠲᠡᠭᠡᠨ ᠵᠠᠰᠠᠬᠤ ᠣᠷᠣᠨ ᠤ ᠠᠵᠤ ᠦᠶᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ ᠨᠢ ᠣᠷᠣᠨ ᠤ ᠲᠤᠲᠤᠭᠠᠳᠤᠬᠢ ᠨᠡᠭᠦᠷᠡᠰᠦ ᠬᠢᠮᠢ ᠶᠢᠨ ᠠᠵᠤ ᠦᠶᠯᠡᠳᠪᠦᠷᠢ᠂ | ᠴᠢᠯᠠᠭᠤᠨ ᠲᠣᠰᠣ ᠬᠢᠮᠢ ᠶᠢᠨ ᠠᠵᠤ ᠠᠬᠤᠶᠢᠯᠠᠯ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ | ᠪᠥᠭᠡᠭᠡᠨᠡᠷᠡᠯ ᠡᠲ᠋ᠧᠡ᠂ ᠪᠥᠭᠡᠭᠡᠨᠡᠷᠡᠯ ᠫᠷᠤᠫᠧᠨ ᠵᠡᠷᠭᠡ ᠡᠮᠴᠢᠯᠡᠭᠡᠨ ᠳᠤ ᠬᠡᠷᠡᠭᠯᠡᠬᠦ ᠮᠠᠲ᠋ᠧᠷᠢᠶᠠᠯ ᠤᠨ ᠳᠡᠭᠡᠳᠦ ᠤᠷᠤᠰᠬᠠᠯ | ᠤᠨ ᠦᠶᠯᠡᠳᠬᠦᠨ ᠤ ᠦᠶᠯᠡᠳᠪᠦᠷᠢᠯᠡᠯ ᠤᠨ ᠬᠡᠪᠴᠢᠶ᠎ᠡ ᠶᠢ ᠨᠢ ᠥᠷᠭᠡᠳᠬᠡᠪᠡ᠃ ᠪᠦᠬᠦ ᠣᠷᠣᠨ ᠤ ᠭᠤᠤᠯᠳᠠᠯᠭ᠎ᠠ ᠲᠠᠢ | ᠬᠢᠨᠠᠨ ᠡᠵᠡᠮᠳᠡᠬᠦ 125 ᠭᠤᠣᠯᠳᠠᠯᠭᠠᠲᠤ ᠬᠤᠳᠠᠯᠳᠤᠭ᠎ᠠ ᠠᠷᠠᠯᠵᠢᠶᠠᠨ ᠤ ᠭᠦᠶᠯᠭᠡᠭᠡᠨ ᠤ ᠠᠵᠤ ᠠᠬᠤᠶᠢᠯᠠᠯ ᠠᠵᠢᠯ | ᠢᠶᠠᠨ ᠰᠡᠷᠭᠦᠭᠡᠵᠦ᠂ ᠢᠳᠡᠰᠢᠨ ᠨᠣᠭᠤᠭ᠎ᠠ᠂ ᠮᠢᠬ᠎ᠠ ᠥᠨᠳᠡᠭᠡ ᠰᠦ ᠵᠡᠷᠭᠡ ᠠᠮᠢᠳᠤᠷᠠᠯ ᠤᠨ ᠴᠢᠬᠤᠯᠠ ᠬᠡᠷᠡᠭᠯᠡᠭᠡᠨ ᠤ | ᠵᠦᠶᠯ ᠤᠨ ᠬᠠᠩᠭᠠᠯᠭ᠎ᠠ ᠶᠢ ᠪᠠᠲᠤᠯᠠᠪᠠ᠃ | ᠠᠵᠤ ᠠᠬᠤᠶᠢᠯᠠᠯ ᠤᠨ ᠦᠶᠯᠡᠳᠪᠦᠷᠢᠯᠡᠯ ᠢᠶᠠᠨ ᠰᠡᠷᠭᠦᠭᠡᠬᠦ ᠳᠤ ᠪᠥᠬᠦ ᠶᠠᠪᠤᠴᠠ ᠶᠢᠨ ᠦᠶᠯᠡᠴᠢᠯᠡᠭᠡ ᠬᠠᠩᠭᠠᠪᠠ᠃ | ᠥᠪᠡᠷᠲᠡᠭᠡᠨ ᠵᠠᠰᠠᠬᠤ ᠣᠷᠣᠨ ᠤ ᠠᠵᠤ ᠦᠶᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠠᠴᠠ ᠲᠤᠰᠬᠠᠶ | ᠬᠥᠮᠥᠨ ᠲᠣᠬᠢᠷᠠᠭᠤᠯᠵᠤ ᠲᠦᠭᠦᠬᠡᠶ ᠮᠠᠲ᠋ᠧᠷᠢᠶᠠᠯ ᠤᠨ ᠬᠠᠩᠭᠠᠯᠭ᠎ᠠ᠂ ᠬᠥᠳᠡᠯᠮᠦᠷᠢ ᠬᠦᠴᠦᠨ ᠤ ᠬᠠᠩᠭᠠᠯᠭ᠎ᠠ᠂ ᠪᠠᠯᠠ | ᠮᠥᠩᠭᠦ ᠶᠢᠨ ᠬᠡᠷᠡᠭᠴᠡᠭᠡ ᠱᠠᠭᠠᠷᠳᠠᠯᠭ᠎ᠠ᠂ ᠬᠢᠷᠢ ᠴᠢᠳᠠᠮᠵᠢ ᠶᠢ ᠰᠡᠷᠭᠦᠭᠡᠬᠦ᠂ ᠦᠶᠯᠡᠳᠬᠦᠨ ᠢ ᠬᠦᠷᠭᠡᠵᠦ ᠪᠠᠶᠢᠴᠠᠭᠠᠬᠤ | ᠵᠡᠷᠭᠡ ᠲᠠᠯ᠎ᠠ ᠶᠢᠨ ᠠᠰᠠᠭᠤᠳᠠᠯ ᠢ ᠴᠠᠭ ᠲᠤᠬᠠᠶ ᠳᠤ ᠨᠢ ᠵᠣᠬᠢᠴᠠᠭᠤᠯᠤᠨ ᠰᠢᠢᠳᠪᠦᠷᠢᠯᠡᠪᠡ᠃ ᠡᠭᠦᠨ ᠤ ᠬᠠᠮᠲᠤ᠂ ᠵᠠᠮ | ᠬᠠᠷᠢᠯᠴᠠᠭᠠᠨ ᠤ ᠵᠠᠮ ᠤᠨ ᠶᠠᠪᠤᠳᠠᠯ ᠤᠨ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠵᠤ᠂ ᠡᠯ᠎ᠡ ᠭᠠᠵᠠᠷ ᠤᠳ | ᠳᠤᠷ᠎ᠠ ᠪᠠᠷ ᠢᠶᠠᠨ ᠬᠢᠵᠢᠭ ᠪᠠᠶᠢᠴᠠᠭᠠᠬᠤ ᠴᠡᠭ᠂ ᠪᠠᠶᠢᠴᠠᠭᠠᠨ ᠬᠡᠮᠵᠢᠬᠦ ᠥᠷᠲᠡᠭᠡ ᠪᠠᠶᠢᠭᠤᠯᠬᠤ ᠶᠢ ᠴᠢᠩᠭ᠎ᠠ | ᠴᠠᠭᠠᠵᠠᠯᠠᠨ᠂ ᠲᠦᠭᠦᠬᠡᠶ ᠮᠠᠲ᠋ᠧᠷᠢᠶᠠᠯ ᠢ ᠬᠤᠳᠠᠯᠳᠤᠨ ᠣᠷᠣᠭᠤᠯᠬᠤ᠂ ᠦᠶᠯᠡᠳᠬᠦᠨ ᠢ ᠭᠠᠳᠠᠭᠰᠢ ᠲᠡᠭᠡᠭᠡᠪᠦᠷᠢᠯᠡᠬᠦ | ᠵᠡᠷᠭᠡ ᠠᠰᠠᠭᠤᠳᠠᠯ ᠢ ᠴᠢᠷᠮᠠᠶᠢᠨ ᠰᠢᠢᠳᠪᠦᠷᠢᠯᠡᠪᠡ᠃ | ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠪᠠ᠃ ᠥᠪᠡᠷᠲᠡᠭᠡᠨ ᠵᠠᠰᠠᠬᠤ ᠣᠷᠣᠨ | ᠤ ᠠᠵᠤ ᠦᠶᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠨᠢ ᠠᠵᠤ ᠠᠬᠤᠶᠢᠯᠠᠯ ᠤᠨ ᠠᠵᠢᠯ ᠢᠶᠠᠨ | ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠶᠢ ᠲᠦᠯᠬᠢᠨ ᠠᠬᠢᠭᠤᠯᠬᠤ ᠤᠯᠤᠰ ᠤᠨ ᠬᠤᠯᠪᠣᠭᠳᠠᠯ ᠪᠦᠬᠦᠢ | ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠢᠵᠢᠭ ᠢ ᠰᠡᠷᠭᠡᠶᠢᠯᠡᠬᠦ ᠡᠳ᠋ ᠪᠠᠷᠠᠭ᠎ᠠ ᠦᠶᠯᠡᠳᠪᠦᠷᠢᠯᠡᠬᠦ ᠠᠵᠤ | ᠠᠬᠤᠶᠢᠯᠠᠯ ᠪᠣᠯᠤᠨ ᠦᠶᠯᠡᠳᠪᠦᠷᠢᠯᠡᠵᠦ ᠡᠵᠡᠩᠨᠡᠬᠦ ᠳᠤ ᠬᠦᠴᠢᠷᠲᠡᠶ ᠳᠤᠮᠳᠠ ᠵᠢᠵᠢᠭ ᠠᠵᠤ ᠠᠬᠤᠶᠢᠯᠠᠯ ᠤᠨ | ᠬᠥᠭᠵᠢᠯᠲᠡ ᠶᠢ ᠳᠡᠮᠵᠢᠬᠦ ︽ᠠᠷᠪᠠᠨ ᠲᠠᠪᠤᠨ ᠵᠤᠷᠪᠤᠰ︾ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ | ᠶᠢ ᠰᠤᠳᠤᠯᠤᠨ ᠲᠣᠭᠲᠠᠭᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ | ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ︽ᠡᠳᠦᠷ ᠤᠨ ᠲᠣᠬᠢᠷᠠᠭᠤᠯᠤᠯᠲᠠ ︾ ᠶᠢᠨ ᠳᠦᠷᠢᠮ᠂ | ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠠᠵᠢᠯ ᠦᠶᠯᠡᠳᠪᠦᠷᠢᠯᠡᠯ ᠢᠶᠠᠨ ᠰᠡᠷᠭᠦᠭᠡᠬᠦ ︽ᠭᠠᠷᠠᠭ ᠤᠨ | ᠲᠣᠬᠢᠷᠠᠭᠤᠯᠤᠯᠲᠠ︾ ᠶᠢᠨ ᠳᠦᠷᠢᠮ ᠢ ᠪᠠᠶᠢᠭᠤᠯᠵᠤ᠂ ᠪᠦᠬᠦ ᠣᠷᠣᠨ ᠤ ᠠᠵᠤ ᠠᠬᠤᠶᠢᠯᠠᠯ ᠤᠨ ᠠᠵᠢᠯ ᠢᠶᠠᠨ | ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠭᠰᠡᠨ ᠪᠠᠶᠢᠳᠠᠯ ᠢ ᠴᠠᠭ ᠲᠤᠬᠠᠶ ᠳᠤ ᠨᠢ ᠪᠦᠬᠦ ᠲᠠᠯ᠎ᠠ ᠪᠠᠷ ᠡᠵᠡᠮᠰᠢᠵᠦ | ᠪᠤᠢ᠃ |