ᠮᠠᠨ ᠤ ᠤᠷᠤᠨ ᠤ ᠳᠤᠯᠤᠳᠤᠭᠠᠷ ᠪᠦᠯᠦᠭ ᠬᠤᠪᠸᠢ ᠶᠢ ᠲᠤᠰᠠᠯᠠᠬᠤ ᠡᠮᠴᠢᠯᠡᠭᠡᠨ ᠤ ᠠᠩᠬᠢ ᠬᠥᠬᠡᠬᠤᠲᠠ ᠠᠴᠠ ᠮᠤᠷᠳᠠᠪᠠ  ᠡᠸᠤ ᠶᠠᠩ ᠰᠢᠶᠤᠤ ᠬᠤᠶ ᠨᠢᠰᠬᠡᠯ ᠤᠨ ᠪᠠᠭᠤᠳᠠᠯ ᠳᠤ ᠬᠦᠷᠴᠦ ᠦᠳᠡᠨ ᠮᠣᠷᠳᠠᠭᠤᠯᠵᠠᠢ
ᠨᠡᠶᠢᠲᠡᠯᠡᠭᠰᠡᠨ ᠴᠠᠭ᠄
2020/2/19
     2 ᠰᠠᠷ᠎ᠠ ᠶᠢᠨ 18᠎ ᠤ ᠦᠳᠡ ᠶᠢᠨ ᠬᠤᠶᠢᠨᠡᠬᠢ 4 ᠴᠠᠭ ᠲᠤ᠂ ᠮᠠᠨ ᠤ ᠣᠷᠣᠨ ᠤ ᠳᠤᠯᠤᠳᠤᠭᠠᠷ ᠪᠦᠯᠦᠭ ᠬᠤᠪᠸᠢ ᠶᠢ ᠲᠤᠰᠠᠯᠠᠬᠤ ᠡᠮᠴᠢᠯᠡᠭᠡᠨ ᠤ ᠠᠩᠬᠢ ᠶᠢᠨ 148 ᠭᠡᠰᠢᠬᠦᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠎ ᠤᠨ ᠬᠢᠵᠢᠭ ᠲᠠᠢ ᠲᠡᠮᠡᠴᠡᠵᠤ ᠠᠪᠤᠷᠠᠨ ᠲᠤᠰᠠᠯᠠᠬᠤ ᠡᠭᠦᠷᠭᠡ ᠭᠦᠢᠴᠡᠳᠬᠡᠬᠦ ᠪᠠᠷ ᠬᠦᠬᠡᠬᠤᠳᠠ ᠠᠴᠠ ᠬᠤᠪᠸᠢ ᠵᠦᠭ ᠮᠤᠷᠳᠠᠪᠠ᠃ ᠡᠬᠦᠨ ᠳᠤ ᠦᠪᠤᠷ ᠮᠤᠩᠭᠤᠯ ᠤᠨ ᠠᠵᠢᠯ ᠲᠦᠷᠦᠯ ᠢᠶᠠᠷ ᠬᠤᠪᠸᠢ ᠶᠢ ᠲᠤᠰᠠᠯᠠᠬᠤ 5 ᠵᠤᠬᠢᠴᠠᠭᠤᠯᠤᠭᠴᠢ ᠡᠮᠴᠢᠯᠡᠭᠡᠨ ᠤ ᠠᠩᠬᠢ ᠶᠢᠨ ᠬᠢᠨ ᠲᠠᠢ ᠬᠠᠮᠳᠤ ᠮᠤᠷᠳᠠᠵᠠᠢ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠡᠸᠤ ᠶᠠᠩ ᠰᠢᠶᠤᠤ ᠬᠤᠶ ᠨᠢᠰᠬᠡᠯ ᠤᠨ ᠪᠠᠭᠤᠳᠠᠯ ᠳᠤ ᠬᠦᠷᠴᠦ ᠡᠮᠴᠢᠯᠡᠭᠡᠨ ᠤ ᠠᠩᠭᠢ ᠶᠢᠨ ᠬᠢᠨ ᠢ ᠦᠳᠡᠨ ᠮᠣᠷᠳᠠᠭᠤᠯᠪᠠ᠃      ᠡᠸᠤ ᠶᠠᠩ ᠰᠢᠶᠤᠤ ᠬᠤᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠦᠯᠦᠭᠡᠯᠡᠨ ᠡᠮᠴᠢᠯᠡᠭᠡᠨ ᠤ ᠠᠩᠭᠢ ᠶᠢᠨ ᠭᠡᠰᠢᠬᠦᠳ ᠲᠤ ᠡᠷᠬᠢᠮ ᠲᠠᠭᠡᠳᠤ ᠬᠦᠨᠳᠤᠳᠭᠡᠯ ᠲᠠᠪᠰᠢᠬᠦᠯᠵᠤ᠂ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠭ᠎ᠠ ᠪᠠᠨ ᠢᠯᠡᠳᠭᠡᠪᠠ᠃ ᠲᠡᠷᠡ ᠤᠯᠠᠨ ᠢᠶᠠᠷ ᠢᠶᠠᠨ ᠬᠠᠮᠠᠭᠠᠯᠠᠯᠳᠠ ᠶᠢ ᠰᠠᠶᠢᠳᠤᠷ ᠬᠢᠵᠤ᠂ ᠠᠮᠤᠷ ᠲᠦᠪᠰᠢᠨ ᠪᠠᠶᠢᠬᠤ ᠶᠢ ᠪᠠᠳᠤᠯᠠᠨ᠂ ᠵᠢᠯᠤᠭᠤᠳᠤᠯᠭ᠎ᠠ ᠶᠢ ᠲᠠᠭᠠᠵᠤ᠂ ᠰᠠᠬᠢᠯᠭ᠎ᠠ ᠪᠠᠳᠤ ᠶᠢ ᠵᠢᠷᠤᠮᠯᠠᠨ᠂ ᠡᠬᠦᠷᠭᠡ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠵᠤ᠂ ᠴᠢᠷᠮᠠᠶᠢᠨ ᠠᠵᠢᠯᠯᠠᠵᠤ᠂ ᠬᠢᠵᠢᠭ ᠲᠠᠢ ᠲᠠᠮᠠᠴᠡᠬᠦ ᠡᠬᠦᠷᠭᠡ ᠪᠠᠨ ᠠᠮᠵᠢᠯᠳᠠ ᠲᠠᠢ ᠪᠠᠶᠠᠯᠠᠬᠦᠯᠤᠨ᠂ ᠠᠮᠤᠷ ᠠᠮᠤᠭᠤᠯᠠᠩ ᠢᠶᠠᠷ ᠪᠤᠴᠠᠨ ᠢᠷᠠᠵᠤ᠂ ᠨᠠᠮ ᠪᠠ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠦᠯᠦ ᠬᠦᠰᠡᠷᠳᠡᠬᠦᠯᠬᠦ ᠶᠢ ᠬᠦᠰᠡᠵᠤ ᠪᠠᠶᠢᠨ᠎ᠠ ᠭᠡᠪᠠ᠃      ᠣᠶᠢᠯᠠᠭᠠᠭᠰᠠᠨ ᠢᠶᠠᠷ᠂ ᠲᠤᠰ ᠪᠦᠯᠦᠭ ᠡᠮᠴᠢᠯᠡᠭᠡᠨ ᠤ ᠠᠩᠬᠢ ᠶᠢᠨ ᠭᠡᠰᠢᠭᠦᠳ ᠢ ᠥᠪᠡᠷᠲᠡᠭᠡᠨ ᠵᠠᠰᠠᠬᠤ ᠣᠷᠣᠨ ᠪᠠ ᠬᠡᠰᠡᠭ ᠠᠶᠢᠮᠠᠭ ᠬᠤᠲᠠ ᠶᠢᠨ 15 ᠡᠮᠨᠡᠯᠭᠡ ᠶᠢᠨ ᠬᠤᠷᠢᠶ᠎ᠠ ᠠᠴᠠ ᠰᠤᠩᠭᠤᠵᠤ ᠠᠪᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号