ᠸᠠᠩ ᠯᠢ ᠰᠢᠶᠠ ᠥᠪᠥᠷ ᠮᠣᠩᠭᠤᠯ ᠤᠨ ᠳᠥᠷᠪᠡᠳᠦᠭᠡᠷ ᠡᠮᠨᠡᠯᠭᠡ ᠶᠢᠨ ᠬᠤᠷᠢᠶᠠᠨ ᠤ ᠬᠤᠶᠠᠳᠤᠭᠠᠷ ᠪᠦᠯᠦᠭ ᠎ ᠤᠨ ᠡᠭᠡᠯᠵᠢᠯᠡᠨ ᠠᠮᠠᠷᠠᠭᠰᠠᠨ ᠨᠢᠭᠡᠳᠦᠭᠡᠷ ᠹᠷᠣᠨᠲ ᠤᠨ ᠡᠮᠴᠢ ᠰᠤᠪᠢᠯᠠᠭᠴᠢ ᠶᠢ ᠲᠣᠬᠤᠨᠢᠭᠤᠯᠪᠠ ᠰᠣᠷᠭᠤᠭ ᠴᠡᠴᠡᠭ ᠢ ᠰᠢᠨ᠎ᠡ ᠴᠠᠭ ᠦᠶ᠎ᠡ ᠶᠢᠨ ᠬᠠᠮᠤᠭ ᠤᠨ ᠬᠠᠶᠢᠷᠠᠳᠠᠢ ᠬᠥᠮᠥᠨ ᠳᠤ ᠬᠦᠷᠭᠡᠨ᠎ᠡ
ᠨᠡᠶᠢᠲᠡᠯᠡᠭᠰᠡᠨ ᠴᠠᠭ᠄
2020/2/21
     ᠬᠠᠮᠤᠭ ᠤᠨ ᠰᠠᠶᠢᠬᠠᠨ ᠰᠣᠷᠭᠤᠭ ᠴᠡᠴᠡᠭ ᠢ ᠴᠢᠮ᠎ᠠ ᠳᠤ ᠡᠷᠭᠦᠨ ᠪᠠᠷᠢᠵᠤ᠂ ᠬᠠᠮᠤᠭ ᠤᠨ ᠭᠦᠨ ᠳᠣᠲᠣᠨᠣ ᠮᠡᠨᠳᠦᠴᠢᠯᠡᠯ ᠬᠦᠷᠭᠡᠵᠦ ᠪᠠᠶᠢᠨ᠎ᠠ᠃ 2 ᠰᠠᠷ᠎ᠠ ᠶᠢᠨ 20᠎ ᠤ ᠡᠳᠦᠷ ᠤᠨ ᠦᠳᠡ ᠶᠢᠨ ᠦᠶᠡᠰ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ ᠰᠢᠨ᠎ᠡ ᠬᠤᠲᠠ ᠲᠣᠭᠤᠷᠢᠭ ᠲᠤ ᠪᠠᠶᠢᠭ᠎ᠠ ᠷᠦᠩ ᠲᠠᠢ ᠵᠣᠴᠢᠳ ᠤᠨ ᠪᠠᠭᠤᠳᠠᠯ ᠳᠤ ᠬᠦᠷᠴᠦ ᠂ ᠠᠳᠡ ᠲᠥᠪᠯᠡᠷᠡᠭᠦᠯᠦᠨ ᠪᠢᠲᠡᠭᠦᠮᠵᠢᠯᠡᠵᠤ᠂ ᠡᠭᠡᠯᠵᠢᠯᠡᠨ ᠠᠮᠠᠷᠠᠬᠤ ᠭᠡᠵᠦ ᠪᠠᠶᠢᠭ᠎ᠠ ᠥᠪᠥᠷ ᠮᠣᠩᠭᠤᠯ ᠤᠨ ᠳᠥᠷᠪᠡᠳᠦᠭᠡᠷ ᠡᠮᠨᠡᠯᠭᠡ ᠶᠢᠨ ᠬᠤᠷᠢᠶᠠᠨ ᠤ ᠬᠤᠶᠠᠳᠤᠭᠠᠷ ᠪᠦᠯᠦᠭ ᠤᠨ ᠨᠢᠭᠡᠳᠦᠭᠡᠷ ᠹᠷᠣᠨᠲ ᠤᠨ ᠡᠮᠴᠢ ᠰᠤᠪᠢᠯᠠᠭᠴᠢ ᠎ ᠶᠢ ᠲᠣᠬᠤᠨᠢᠭᠤᠯᠵᠤ᠂ ᠨᠠᠮ ᠪᠠ ᠵᠠᠰᠠᠭ ᠤᠨ ᠣᠷᠳᠣᠨ ᠤ ᠮᠡᠨᠳᠦᠴᠢᠯᠡᠭᠡ ᠶᠢ ᠬᠦᠷᠭᠡᠵᠦ᠂ ᠲᠠ ᠨᠠᠷ ᠪᠤᠯ ᠰᠢᠨ᠎ᠡ ᠴᠠᠭ ᠦᠶ᠎ᠡ ᠶᠢᠨ ᠬᠠᠮᠤᠭ ᠤᠨ ᠬᠠᠶᠢᠷᠠᠳᠠᠢ ᠬᠥᠮᠦᠨ ᠮᠥᠨ ᠭᠡᠪᠡ᠃      40 ᠨᠡᠷᠡᠰ ᠡᠮᠴᠢ ᠰᠤᠪᠢᠯᠠᠭᠴᠢ ᠶᠢ ᠠᠴᠢᠬᠰᠠᠨ ᠮᠠᠰᠢᠨ ᠲᠡᠷᠭᠡ ᠰᠠᠭᠤᠭ᠎ᠠ ᠭᠠᠵᠠᠷ ᠲᠤ ᠣᠷᠣᠬᠤ ᠦᠶᠡᠰ᠂ ᠠᠯᠢ ᠡᠷᠳᠡ ᠬᠦᠯᠢᠶᠡᠵᠦ ᠪᠠᠶᠢᠭᠰᠠᠨ ᠬᠥᠬᠡᠬᠤᠲᠠ ᠶᠢᠨ ᠰᠣᠶᠣᠯ ᠰᠤᠨᠢᠨ ᠮᠡᠳᠡᠭᠡ ᠷᠠᠳᠢᠣ᠋ ᠲᠧᠯᠸᠢᠰ ᠤᠨ ᠲᠣᠪᠴᠢᠶ᠎ᠠ ᠎ ᠶᠢᠨ ᠠᠵᠢᠯᠲᠠᠨ ᠪᠣᠯᠤᠨ ᠪᠠᠭᠤᠳᠠᠯ ᠤᠨ ᠠᠵᠢᠯᠲᠠᠨ ᠠᠴᠠ ︽ᠨᠢᠭᠡᠳᠦᠭᠡᠷ ᠹᠷᠣᠨᠲ ᠤᠨ ᠡᠷᠡᠭᠦᠯ ᠮᠡᠨᠳᠤ ᠶᠢᠨ ᠡᠯᠴᠢ ᠲᠠᠨᠤᠰ ᠵᠦᠳᠡᠷᠡᠯ᠎ᠡ᠂ ᠲᠠ ᠨᠠᠷ ᠤᠨ ᠠᠮᠤᠷ ᠲᠦᠪᠰᠢᠨ ᠢᠶᠠᠷ ᠬᠡᠷ ᠲᠡᠭᠡᠨ ᠬᠠᠷᠢᠬᠤ ᠶᠢ ᠪᠠᠶᠠᠷᠯᠠᠨ ᠤᠭᠲᠤᠵᠤ ᠪᠠᠶᠢᠨ᠎ᠠ︾ ᠭᠡᠵᠦ ᠪᠢᠴᠢᠵᠦ ᠪᠠᠶᠢᠭ᠎ᠠ ᠤᠯᠠᠭᠠᠨ ᠦᠩᠭᠡᠳᠦ ᠬᠦᠨᠳᠡᠯᠡᠨ ᠪᠢᠴᠢᠭᠡᠰᠦ ᠪᠠᠨ ᠳᠡᠯᠭᠡᠨ᠎ᠡ᠃      ᠸᠠᠩ ᠯᠢ ᠰᠢᠶᠠ ᠬᠠᠯᠠᠭᠤᠨ ᠮᠠᠨᠲᠤᠴᠢᠯᠠᠯ ᠬᠥᠷᠬᠡᠬᠦ ᠶᠢᠨ ᠬᠠᠮᠲᠤ᠂ ᠲᠡᠷᠡ᠄ ︽ᠶᠡᠷᠦ ᠶᠢᠨ ᠦᠶ᠎ᠡ ᠳᠤ᠂ ᠡᠮᠴᠢ ᠰᠤᠪᠢᠯᠠᠬᠴᠢ ᠪᠤᠯ ᠦᠬᠦᠯ ᠠᠴᠠ ᠠᠪᠤᠷᠠᠨ ᠰᠢᠷᠬᠠᠬᠳᠤᠬᠰᠠᠳ ᠢ ᠲᠤᠰᠠᠯᠠᠳᠠᠭ ᠡᠷᠡᠭᠦᠯ ᠮᠡᠨᠳᠤ ᠶᠢᠨ ᠡᠯᠴᠢ᠂ ᠡᠨᠡ ᠤᠳᠠᠭ᠎ᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠰᠡᠷᠭᠡᠶᠢᠯᠡᠨ ᠡᠵᠡᠮᠳᠡᠬᠦ ᠬᠤᠷᠢᠬᠯᠠᠯᠳᠠ ᠶᠢᠨ ᠳᠠᠶᠢᠯᠠᠯᠳᠤᠭᠠᠨ ᠳᠤ ᠲᠠ ᠨᠠᠷ ᠪᠠᠭ᠎ᠠ ᠭᠡᠷ ᠢᠶᠠᠨ ᠬᠠᠶᠠᠵᠤ᠂ ᠶᠡᠭᠡ ᠭᠡᠷ ᠢ ᠪᠤᠳᠤᠨ᠂ ᠰᠠᠯᠬᠢ ᠶᠢ ᠰᠦᠷᠦᠨ ᠬᠤᠰᠢᠭᠤᠴᠢᠯᠠᠵᠤ᠂ ᠠᠶᠤᠯ ᠲᠦᠭᠰᠢᠬᠦᠷᠶᠢ ᠠᠴᠠ ᠰᠦᠷᠳᠡᠰᠢ ᠦᠭᠡᠢ ᠠᠷᠠᠳ ᠲᠦᠮᠡᠨ ᠤ ᠪᠠᠶᠢᠯᠳᠤᠬᠴᠢ ᠪᠤᠯᠵᠤ᠂ ᠴᠠᠭ ᠮᠦᠴᠡ ᠲᠠᠢ ᠤᠷᠤᠯᠳᠤᠨ᠂ ᠡᠪᠡᠳᠴᠢᠨ ᠡᠮᠭᠡᠭ ᠲᠠᠢ ᠳᠡᠮᠡᠴᠡᠵᠤ᠂ ᠠᠷᠠᠳ ᠲᠦᠮᠡᠨ ᠤ ᠠᠮᠢ ᠨᠠᠰᠤᠨ ᠎ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠢ ᠬᠠᠮᠠᠭᠠᠯᠠᠬᠤ ᠶᠢᠨ ᠲᠦᠯᠦᠭᠡ ᠴᠢᠷᠮᠠᠶᠢᠯ᠎ᠠ᠂ ᠲᠠ ᠨᠠᠷ ᠪᠤᠯ ᠰᠢᠨ᠎ᠡ ᠴᠠᠭ ᠦᠶ᠎ᠡ ᠶᠢᠨ ᠬᠠᠮᠤᠭ ᠳᠤᠳᠤᠨᠤ ᠬᠦᠮᠦᠰ ᠮᠦᠨ᠃ ᠪᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠢ ᠲᠥᠯᠥᠭᠡᠯᠡᠵᠦ᠂ ᠪᠦᠬᠦ ᠬᠤᠲᠠ ᠶᠢᠨ ᠠᠷᠠᠳ ᠲᠦᠮᠡᠨ ᠪᠣᠯᠤᠨ ᠲᠠ ᠨᠠᠷ ᠢ ᠰᠠᠨᠠᠭᠠᠯᠵᠠᠵᠤ ᠪᠠᠶᠢᠭ᠎ᠠ ᠬᠥᠮᠦᠰ ᠢ ᠲᠦᠯᠦᠭᠡᠯᠡᠨ ᠣᠯᠠᠨ ᠢ ᠪᠣᠯᠭᠤᠭᠠᠨ ᠦᠵᠡᠵᠤ ᠪᠠᠶᠢᠨ᠎ᠠ᠂ ᠣᠯᠠᠨ ᠢᠶᠠᠷ ᠢᠶᠠᠨ ᠰᠠᠨᠠᠭ᠎ᠠ ᠠᠮᠤᠷ ᠠᠮᠠᠷᠠᠵᠤ᠂ ᠤᠯᠠᠨ ᠲᠦᠮᠡᠨ ᠤ ᠡᠷᠡᠭᠦᠯ ᠮᠡᠨᠳᠤ ᠶᠢᠨ ᠲᠦᠯᠦᠭᠡ ᠳᠠᠬᠢᠨ ᠪᠠᠶᠢᠯᠳᠤᠬᠤ ᠶᠢ ᠬᠦᠰᠡᠵᠦ ᠪᠠᠶᠢᠨ᠎ᠠ︾ ᠭᠡᠪᠡ᠃      ᠸᠠᠩ ᠯᠢ ᠰᠢᠶᠠ᠂ ᠣᠳᠣᠬᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠤ ᠪᠠᠶᠢᠨ᠎ᠠ᠂ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠳᠣᠤᠷ᠎ᠠ᠂ ᠪᠥᠬᠦ ᠬᠤᠲᠠ ᠶᠢᠨ ᠠᠷᠠᠳ ᠲᠦᠮᠡᠨ ᠤ ᠳᠡᠮᠵᠢᠯᠭᠡ᠂ ᠢᠯᠠᠩᠭᠤᠶ᠎ᠠ ᠪᠣᠶ ᠪᠥᠬᠦᠶ ᠡᠮᠴᠢ ᠰᠤᠪᠢᠯᠠᠭᠴᠢᠳ ᠤᠨ ᠬᠠᠮᠲᠤ ᠶᠢᠨ ᠴᠢᠷᠮᠠᠶᠢᠯᠭ᠎ᠠ ᠪᠠᠷ᠂ ᠡᠨᠡ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠲᠠᠶᠢᠨ᠂ ᠶᠡᠷᠦᠩᠬᠡᠶ ᠳᠠᠶᠢᠯᠠᠯᠳᠤᠭᠠᠨ᠂ ᠬᠤᠷᠢᠭᠯᠠᠯᠳᠠ ᠶᠢᠨ ᠳᠠᠶᠢᠯᠠᠯᠳᠤᠭᠠᠨ ᠳᠤ ᠯᠠᠪᠲᠠᠶ ᠢᠯᠠᠯᠲᠠ ᠣᠯᠵᠤ ᠴᠢᠳᠠᠨ᠎ᠠ ᠭᠡᠳᠡᠭ ᠢ ᠢᠲᠡᠭᠡᠵᠦ ᠪᠠᠶᠢᠨ᠎ᠠ ᠭᠡᠵᠡᠶ᠃      ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠲᠣᠭᠲᠠᠬᠰᠠᠨ ᠡᠮᠨᠡᠯᠭᠡ ᠶᠢᠨ ᠬᠤᠷᠢᠶ᠎ᠠ ᠪᠣᠯᠤᠭᠰᠠᠨ ᠤ ᠬᠤᠪᠢ ᠳᠤ᠂ ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠣᠨᠣᠰᠢᠯᠠᠭᠰᠠᠨ 7 ᠡᠪᠡᠳᠴᠢᠨ ᠤ ᠵᠢᠱᠢᠶ᠎ᠡ ᠶᠢ ᠪᠦᠬᠦᠨ ᠢ ᠥᠪᠥᠷ ᠮᠣᠩᠭᠤᠯ ᠤᠨ ᠳᠥᠷᠪᠡᠳᠦᠭᠡᠷ ᠡᠮᠨᠡᠯᠭᠡ ᠶᠢᠨ ᠬᠤᠷᠢᠶ᠎ᠠ ᠳᠤ ᠡᠮᠨᠡᠭᠦᠯᠵᠦ᠂ 2 ᠡᠪᠡᠳᠴᠢᠳᠡᠨ ᠨᠢ ᠨᠢᠭᠡᠨᠲᠡ ᠡᠳᠡᠭᠡᠷᠡᠵᠦ ᠡᠮᠨᠡᠯᠭᠡ ᠠᠴᠠ ᠭᠠᠷᠪᠠ᠃ ᠲᠣᠰ ᠡᠮᠨᠡᠯᠭᠡ ᠶᠢᠨ ᠬᠤᠷᠢᠶᠠᠨ ᠤ ᠲᠦᠷᠦᠭᠦᠤ ᠪᠦᠯᠦᠭ ᠤᠨ 45 ᠡᠮᠴᠢ ᠰᠤᠪᠢᠯᠠᠭᠴᠢ 14 ᠡᠳᠦᠷ ᠤᠨ ᠠᠮᠠᠷᠠᠯᠲᠠ ᠳᠤᠬᠢᠷᠠᠭᠤᠯᠤᠯᠳᠠ ᠪᠠᠨ ᠳᠠᠭᠤᠰᠴᠤ ᠨᠢᠭᠡᠨᠲᠡ ᠲᠥᠪᠯᠡᠷᠡᠭᠦᠯᠦᠨ ᠡᠭᠡᠯᠵᠢᠯᠡᠨ ᠠᠮᠠᠷᠠᠬᠤ ᠪᠠᠭᠤᠳᠠᠯ  ᠠᠴᠠ ᠠᠵᠢᠯ ᠤᠨ ᠪᠠᠶᠢᠷᠢᠨ ᠳᠠᠭᠠᠨ ᠪᠤᠴᠠᠪᠠ᠃ ᠲᠣᠰ ᠤᠳᠠᠭ᠎ᠠ ᠶᠢᠨ ᠡᠭᠡᠯᠵᠢᠯᠡᠨ ᠠᠮᠠᠷᠠᠵᠤ ᠪᠠᠶᠢᠭ᠎ᠠ ᠨᠢ ᠬᠤᠶᠠᠳᠤᠭᠠᠷ ᠪᠦᠯᠦᠭ ᠤᠨ 40 ᠨᠡᠷᠡᠰ ᠡᠮᠴᠢ ᠰᠤᠪᠢᠯᠠᠭᠴᠢ ᠪᠣᠯᠤᠨ᠎ᠠ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ ᠤᠨ 2 ᠰᠡᠳᠬᠢᠴᠡ ᠶᠢᠨ ᠡᠮᠴᠢ ᠪᠠᠭᠲᠠᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号